ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠ ᠠᠯᠳᠠᠰᠢ ᠶᠢ ᠠᠭᠤᠴᠢᠯᠠᠨ ᠵᠠᠯᠠᠷᠠᠭᠤᠯᠬᠤ ᠳᠦᠷᠢᠮ
ᠨᠡᠶᠢᠲᠡᠯᠡᠭᠰᠡᠨ ᠴᠠᠭ᠄
2024/12/31
     ᠠᠯᠠᠱᠠ ᠵᠡᠭᠦᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ             ᠨᠢᠭᠡᠳᠦᠭᠡᠷ ᠪᠦᠯᠦᠭ ᠶᠡᠷᠦᠩᠬᠡᠢ ᠳᠦᠷᠢᠮ       ᠨᠢᠭᠡᠳᠦᠭᠡᠷ ᠵᠦᠢᠯ ᠪᠦᠭᠦ ᠬᠠᠤᠯᠢ ᠬᠡᠷᠡᠭᠵᠢᠭᠦᠯᠬᠦ ᠠᠵᠢᠯᠲᠠᠨ ᠤ ᠲᠤᠭ᠎ᠠ ᠪᠦᠷᠢᠳᠬᠡᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤᠮᠳᠠᠬᠢ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠭᠦᠢᠴᠡᠳ ᠳᠠᠶᠢᠴᠢᠯᠠᠨ ᠬᠠᠮᠠᠭᠠᠯᠠᠵᠤ᠂ ᠠᠯᠳᠠᠭ᠎ᠠ ᠶᠢ ᠨᠢ ᠠᠭᠤᠴᠢᠯᠠᠨ ᠠᠯᠳᠠᠭ᠎ᠠ ᠶᠢ ᠨᠢ ᠵᠠᠯᠠᠷᠠᠭᠤᠯᠬᠤ ᠳᠡᠰ ᠳᠠᠷᠠᠭᠠᠯᠠᠯ ᠪᠠ ᠱᠠᠭᠠᠷᠳᠠᠯᠭ᠎ᠠ ᠶᠢ ᠤᠯᠠᠮ ᠵᠢᠷᠤᠮᠵᠢᠭᠤᠯᠵᠤ᠂ ᠠᠯᠳᠠᠰᠢ ᠶᠢ ᠨᠢ ᠠᠭᠤᠴᠢᠯᠠᠨ ᠠᠯᠳᠠᠭ᠎ᠠ ᠶᠢ ᠨᠢ ᠵᠠᠯᠠᠷᠠᠭᠤᠯᠬᠤ ᠲᠣᠭᠲᠠᠴᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠲᠦᠯᠬᠢᠨ ᠠᠬᠢᠭᠤᠯᠬᠤ ᠶᠢᠨ ᠲᠤᠰᠠᠳᠠ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠮᠠᠨ ᠤ ᠲᠠᠯ᠎ᠠ ᠶᠢᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠤᠰ ᠬᠡᠷᠡᠭᠵᠢᠭᠦᠯᠬᠦ ᠠᠷᠭ᠎ᠠ ᠶᠢ ᠲᠣᠭᠲᠠᠭᠠᠪᠠ᠃       ᠬᠤᠶᠠᠳᠤᠭᠠᠷ ᠵᠦᠢᠯ ᠲᠤᠰ ᠠᠷᠭ᠎ᠠ ᠪᠣᠯ ᠠᠯᠠᠱᠠ ᠵᠡᠭᠦᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠪᠦᠭᠦ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠳᠤ ᠲᠣᠬᠢᠷᠠᠨ᠎ᠠ᠃       ᠭᠤᠷᠪᠠᠳᠤᠭᠠᠷ ᠵᠦᠢᠯ ᠠᠯᠳᠠᠰᠢ ᠶᠢ ᠠᠭᠤᠴᠢᠯᠠᠨ ᠵᠠᠯᠠᠷᠠᠭᠤᠯᠬᠤ ᠳᠤ ᠡᠭᠦᠷᠭᠡ ᠬᠠᠷᠢᠭᠤᠴᠠᠯᠭ᠎ᠠ ᠶᠢ ᠬᠠᠤᠯᠢ ᠪᠠᠷ ᠲᠣᠭᠲᠠᠭᠠᠬᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠣᠯ ᠬᠠᠷᠢᠭᠤᠴᠠᠯᠭ᠎ᠠ ᠨᠡᠬᠡᠮᠵᠢᠯᠡᠬᠦ᠂ ᠬᠠᠷᠢᠭᠤᠴᠠᠯᠭ᠎ᠠ ᠪᠠᠨ ᠠᠯᠳᠠᠭᠰᠠᠨ ᠪᠣᠯ ᠬᠠᠷᠢᠭᠤᠴᠠᠯᠭ᠎ᠠ ᠨᠡᠬᠡᠮᠵᠢᠯᠡᠬᠦ᠂ ᠠᠯᠳᠠᠰᠢ ᠶᠢ ᠨᠢ ᠪᠠᠭᠠᠰᠬᠠᠬᠤ᠂ ᠠᠯᠳᠠᠰᠢ ᠪᠠᠶᠢᠪᠠᠯ ᠵᠠᠪᠠᠯ ᠵᠠᠯᠠᠷᠠᠭᠤᠯᠬᠤ᠂ ᠲᠥᠪ ᠭᠤᠣᠯᠴᠢ ᠪᠠᠶᠢᠬᠤ ᠵᠠᠷᠴᠢᠮ ᠢ ᠪᠠᠷᠢᠮᠲᠠᠯᠠᠵᠤ᠂ ᠪᠣᠳᠠᠲᠤ ᠶᠠᠪᠤᠳᠠᠯ ᠨᠢ ᠲᠣᠳᠣᠷᠬᠠᠢ᠂ ᠭᠡᠷᠡᠴᠢ ᠪᠠᠷᠢᠮᠲᠠ ᠨᠢ ᠦᠨᠡᠨ ᠪᠣᠳᠠᠲᠠᠢ᠂ ᠵᠢᠷᠤᠮ ᠨᠢ ᠬᠠᠤᠯᠢ ᠳᠤ ᠨᠡᠶᠢᠴᠡᠭᠰᠡᠨ᠂ ᠴᠢᠨᠠᠷ ᠲᠣᠭᠲᠠᠭᠠᠭᠰᠠᠨ ᠨᠢ ᠣᠨᠣᠪᠴᠢᠲᠠᠢ᠂ ᠰᠢᠢᠳᠪᠦᠷᠢᠯᠡᠭᠰᠡᠨ ᠨᠢ ᠲᠣᠬᠢᠷᠠᠮᠵᠢᠲᠠᠢ ᠪᠠᠶᠢᠬᠤ ᠬᠡᠷᠡᠭᠲᠡᠢ᠃       ᠳᠥᠷᠪᠡᠳᠦᠭᠡᠷ ᠵᠦᠢᠯ ᠬᠠᠤᠯᠢ ᠬᠡᠷᠡᠭᠵᠢᠭᠦᠯᠬᠦ ᠠᠵᠢᠯᠲᠠᠨ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠣᠯᠣᠨ ᠡᠷᠭᠢᠯᠡᠭᠰᠡᠨ ᠠᠵᠢᠯ ᠤᠨ ᠱᠠᠭᠠᠷᠳᠠᠯᠭ᠎ᠠ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠬᠦ ᠶᠠᠪᠤᠴᠠ ᠳᠤ᠂ ᠬᠠᠤᠯᠢ ᠴᠠᠭᠠᠵᠠ ᠶᠢᠨ ᠲᠣᠭᠲᠠᠭᠠᠯ᠂ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ᠂ ᠡᠷᠭᠢᠯᠡᠭᠰᠡᠨ ᠠᠵᠢᠯ ᠤᠨ ᠱᠠᠭᠠᠷᠳᠠᠯᠭ᠎ᠠ ᠪᠠᠶᠢᠬᠤ ᠦᠭᠡᠢ ᠪᠤᠶᠤ ᠪᠤᠰᠤᠳᠴᠢ ᠬᠦᠴᠦᠨ ᠵᠦᠢᠯ᠂ ᠲᠥᠰᠥᠭᠡᠯᠡᠬᠦᠶ᠎ᠡ ᠪᠡᠷᠬᠡ ᠬᠦᠴᠦᠨ ᠵᠦᠢᠯ ᠠᠴᠠ ᠪᠣᠯᠵᠤ ᠵᠣᠬᠢᠬᠤ ᠬᠤᠬᠢᠷᠠᠯ ᠪᠤᠶᠤ ᠮᠠᠭᠤ ᠨᠥᠯᠥᠭᠡ ᠭᠠᠷᠭᠠᠭᠰᠠᠨ ᠮᠥᠷᠲᠡᠭᠡᠨ ᠴᠠᠭ ᠲᠤᠬᠠᠢ ᠳᠤᠨᠢ ᠵᠠᠯᠠᠷᠠᠭᠤᠯᠤᠨ ᠵᠠᠯᠠᠷᠠᠭᠤᠯᠵᠤ᠂ ᠬᠤᠯᠪᠣᠭᠳᠠᠯ ᠪᠦᠬᠦᠢ ᠲᠣᠭᠲᠠᠭᠠᠯ ᠪᠣᠯᠣᠨ ᠳᠡᠰ ᠳᠠᠷᠠᠭᠠᠯᠠᠯ ᠤᠨ ᠶᠣᠰᠣᠭᠠᠷ ᠠᠯᠳᠠᠰᠢ ᠪᠠᠨ ᠮᠡᠳᠡᠷᠡᠵᠦ ᠠᠭᠤᠴᠢᠯᠠᠬᠤ ᠬᠡᠷᠡᠭᠲᠡᠢ᠃       ᠬᠤᠶᠠᠳᠤᠭᠠᠷ ᠪᠦᠯᠦᠭ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ       ᠲᠠᠪᠤᠳᠤᠭᠠᠷ ᠵᠦᠢᠯ ᠬᠠᠤᠯᠢ ᠬᠡᠷᠡᠭᠵᠢᠭᠦᠯᠬᠦ ᠠᠵᠢᠯᠲᠠᠳ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ᠂ ᠬᠠᠤᠯᠢ ᠪᠠᠷ ᠲᠣᠭᠲᠠᠭᠠᠭᠰᠠᠨ ᠳᠡᠰ ᠳᠠᠷᠠᠭᠠᠯᠠᠯ ᠤᠨ ᠶᠣᠰᠣᠭᠠᠷ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠵᠢᠴᠢ ᠲᠡᠭᠦᠨ ᠯᠦᠭᠡ ᠬᠠᠷᠢᠯᠴᠠᠨ ᠵᠣᠬᠢᠴᠠᠭᠰᠠᠨ ᠵᠠᠰᠠᠭ ᠵᠠᠬᠢᠷᠭᠠᠨ ᠤ ᠠᠯᠪᠠᠳᠠᠯᠭ᠎ᠠ ᠪᠣᠯᠣᠨ ᠵᠠᠰᠠᠭ ᠵᠠᠬᠢᠷᠭᠠᠨ ᠤ ᠪᠠᠶᠢᠴᠠᠭᠠᠯᠲᠠ ᠶᠢᠨ ᠡᠭᠦᠷᠭᠡ ᠬᠠᠷᠢᠭᠤᠴᠠᠯᠭ᠎ᠠ ᠶᠢ ᠴᠢᠩᠭ᠎ᠠ ᠭᠦᠢᠴᠡᠳᠬᠡᠬᠦ ᠬᠡᠷᠡᠭᠲᠡᠢ᠃       ᠵᠢᠷᠭᠤᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠠᠰᠤᠭ ᠨᠢ ᠡᠷᠬᠡ ᠬᠠᠷᠢᠭᠤᠴᠠᠯᠭ᠎ᠠ ᠶᠢᠨ ᠨᠠᠷᠢᠨ ᠪᠦᠷᠢᠳᠬᠡᠯ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠷᠢᠨ ᠪᠦᠷᠢᠳᠬᠡᠯ ᠤᠨ ᠱᠠᠭᠠᠷᠳᠠᠯᠭ᠎ᠠ ᠶᠣᠰᠣᠭᠠᠷ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ ᠴᠢᠩᠭ᠎ᠠ ᠭᠦᠢᠴᠡᠳᠬᠡᠨ᠎ᠡ᠃       ᠳᠣᠯᠣᠳᠤᠭᠠᠷ ᠵᠦᠢᠯ ᠬᠠᠤᠯᠢ ᠬᠡᠷᠡᠭᠵᠢᠭᠦᠯᠬᠦ ᠠᠵᠢᠯᠲᠠᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ᠂ ᠵᠠᠰᠠᠭ ᠵᠠᠬᠢᠷᠭᠠᠨ ᠤ ᠠᠯᠪᠠᠲᠠᠨ ᠵᠡᠷᠭᠡ ᠬᠠᠤᠯᠢ ᠬᠡᠷᠡᠭᠵᠢᠭᠦᠯᠬᠦ ᠠᠵᠢᠯ ᠤᠨ ᠳᠤᠮᠳᠠ ᠬᠠᠤᠯᠢ ᠶᠣᠰᠣᠭᠠᠷ ᠪᠠᠶᠢᠴᠠᠭᠠᠯᠲᠠ ᠬᠢᠵᠦ ᠭᠡᠷᠡᠴᠢ ᠠᠪᠴᠤ᠂ ᠪᠦᠷᠢᠨ ᠪᠦᠲᠦᠨ ᠭᠡᠷᠡᠴᠢ ᠪᠠᠷᠢᠮᠲᠠ ᠶᠢᠨ ᠬᠡᠯᠬᠢᠶ᠎ᠡ ᠶᠢ ᠪᠤᠢ ᠪᠣᠯᠭᠠᠨ᠂ ᠬᠡᠷᠡᠭ ᠢ ᠴᠢᠩᠭ᠎ᠠ ᠬᠢᠨᠠᠨ ᠪᠠᠶᠢᠴᠠᠭᠠᠬᠤ ᠪᠠᠷ ᠳᠠᠮᠵᠢᠨ ᠬᠠᠤᠯᠢ ᠶᠣᠰᠣᠭᠠᠷ ᠵᠣᠬᠢᠰᠲᠠᠢ ᠬᠠᠤᠯᠢ ᠬᠡᠷᠡᠭᠵᠢᠭᠦᠯᠬᠦ ᠲᠣᠭᠲᠠᠭᠠᠯ ᠭᠠᠷᠭᠠᠬᠤ ᠬᠡᠷᠡᠭᠲᠡᠢ᠃       ᠨᠠᠢᠮᠠᠳᠤᠭᠠᠷ ᠵᠦᠢᠯ ᠬᠠᠤᠯᠢ ᠬᠡᠷᠡᠭᠵᠢᠭᠦᠯᠬᠦ ᠠᠵᠢᠯᠲᠠᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠵᠠᠰᠠᠭ ᠵᠠᠬᠢᠷᠭᠠᠨ ᠤ ᠲᠠᠰᠤᠯᠤᠯᠲᠠ ᠶᠢᠨ ᠦᠨᠳᠦᠰᠦᠨ ᠪᠠᠷᠢᠮᠵᠢᠶ᠎ᠠ᠂ ᠬᠠᠤᠯᠢ ᠬᠡᠷᠡᠭᠵᠢᠭᠦᠯᠬᠦ ᠪᠦᠭᠦ ᠶᠠᠪᠤᠴᠠ ᠶᠢ ᠲᠡᠮᠳᠡᠭᠯᠡᠬᠦ ᠳᠦᠷᠢᠮ᠂ ᠬᠠᠤᠯᠢ ᠬᠡᠷᠡᠭᠵᠢᠭᠦᠯᠦᠯᠲᠡ ᠶᠢ ᠢᠯᠡ ᠨᠡᠶᠢᠲᠡᠯᠡᠬᠦ ᠳᠦᠷᠢᠮ᠂ ᠬᠠᠤᠯᠢ ᠬᠡᠷᠡᠭᠵᠢᠭᠦᠯᠬᠦ ᠴᠢᠬᠤᠯᠠ ᠶᠡᠭᠡ ᠲᠣᠭᠲᠠᠭᠠᠯ ᠤᠨ ᠬᠠᠤᠯᠢ ᠳᠦᠷᠢᠮ ᠢ ᠬᠢᠨᠠᠨ ᠬᠠᠷᠭᠤᠭᠤᠯᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠤᠯᠢ ᠴᠠᠭᠠᠵᠠ ᠳᠤ ᠲᠣᠭᠲᠠᠭᠠᠭᠰᠠᠨ ᠳᠡᠰ ᠳᠠᠷᠠᠭᠠᠯᠠᠯ᠂ ᠠᠷᠭ᠎ᠠ ᠮᠠᠶ᠋ᠢᠭ᠂ ᠴᠠᠭ ᠬᠤᠭᠤᠴᠠᠭ᠎ᠠ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠵᠠᠰᠠᠭ ᠵᠠᠬᠢᠷᠭᠠᠨ ᠢᠶᠠᠷ ᠰᠢᠢᠳᠭᠡᠨ ᠲᠣᠷᠭᠠᠬᠤ᠂ ᠵᠠᠰᠠᠭ ᠵᠠᠬᠢᠷᠭᠠᠨ ᠢᠶᠠᠷ ᠠᠯᠪᠠᠳᠠᠬᠤ ᠵᠡᠷᠭᠡ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠢ᠃       ᠶᠢᠰᠦᠳᠦᠭᠡᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ᠂ ᠳᠣᠣᠷᠠᠬᠢ ᠪᠠᠶᠢᠳᠠᠯ ᠳᠤ ᠨᠡᠶᠢᠴᠡᠪᠡᠯ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠢᠶᠠᠷ ᠮᠠᠭᠠᠳᠯᠠᠨ ᠲᠣᠭᠲᠠᠭᠠᠬᠤ ᠬᠡᠷᠡᠭᠲᠡᠢ᠄       ︵ᠨᠢᠭᠡ︶ ᠬᠠᠤᠯᠢ ᠳᠤ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ᠂ ᠬᠠᠤᠯᠢ ᠳᠤ ᠲᠣᠭᠲᠠᠭᠠᠭᠰᠠᠨ ᠳᠡᠰ ᠳᠠᠷᠠᠭᠠᠯᠠᠯ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠪᠠᠨ ᠨᠢᠭᠡᠨᠲᠡ ᠭᠦᠢᠴᠡᠳᠬᠡᠭᠰᠡᠨ︔       ︵ᠬᠤᠶᠠᠷ︶ ᠵᠠᠰᠠᠭ ᠵᠠᠬᠢᠷᠭᠠᠨ ᠤ ᠬᠠᠷᠢᠴᠠᠩᠭᠤᠢ ᠬᠥᠮᠥᠨ ᠭᠡᠷᠡᠴᠢ ᠪᠠᠷᠢᠮᠲᠠ ᠶᠢ ᠨᠢᠭᠤᠨ ᠳᠠᠯᠳᠠᠯᠠᠭᠰᠠᠨ᠂ ᠬᠠᠭᠤᠷᠮᠠᠭᠯᠠᠨ ᠵᠣᠬᠢᠶᠠᠭᠰᠠᠨ᠂ ᠤᠰᠠᠳᠬᠠᠨ ᠰᠦᠢᠳᠬᠡᠭᠰᠡᠨ ᠪᠤᠶᠤ ᠬᠤᠳᠠᠯ ᠬᠠᠭᠤᠷᠮᠠᠭ ᠮᠠᠲ᠋ᠧᠷᠢᠶᠠᠯ ᠬᠠᠩᠭᠠᠭᠰᠠᠨ ᠠᠴᠠ ᠪᠣᠯᠵᠤ ᠬᠠᠤᠯᠢ ᠶᠢ ᠠᠯᠳᠠᠰᠢ ᠬᠡᠷᠡᠭᠵᠢᠭᠦᠯᠬᠦ ᠲᠣᠭᠲᠠᠭᠠᠯ ᠭᠠᠷᠭᠠᠭᠰᠠᠨ ᠪᠤᠶᠤ ᠬᠡᠷᠡᠭ ᠤᠨ ᠪᠠᠶᠢᠴᠠᠭᠠᠯᠲᠠ ᠠᠴᠠ ᠵᠠᠶᠢᠯᠠᠭᠰᠠᠨ ᠠᠴᠠ ᠪᠣᠯᠵᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠴᠠᠭ ᠲᠤᠬᠠᠢ ᠳᠤᠨᠢ ᠭᠠᠷᠭᠠᠵᠤ ᠳᠡᠶᠢᠯᠭᠦ ᠦᠭᠡᠢ ᠪᠣᠯᠤᠭᠰᠠᠨ︔       ︵ᠭᠤᠷᠪᠠ︶ ᠤᠷᠢᠳᠴᠢᠯᠠᠨ ᠮᠡᠳᠡᠵᠦ ᠳᠡᠶᠢᠯᠭᠦ ᠦᠭᠡᠢ᠂ ᠵᠠᠶᠢᠯᠠᠰᠬᠢᠵᠦ ᠳᠡᠶᠢᠯᠭᠦ ᠦᠭᠡᠢ ᠪᠤᠶᠤ ᠢᠯᠠᠨ ᠳᠠᠪᠠᠵᠤ ᠳᠡᠶᠢᠯᠭᠦ ᠦᠭᠡᠢ ᠵᠡᠷᠭᠡ ᠳᠠᠪᠠᠭᠳᠠᠰᠢ ᠦᠭᠡᠢ ᠬᠦᠴᠦᠨ ᠵᠦᠢᠯ ᠠᠴᠠ ᠪᠣᠯᠵᠤ᠂ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠵᠢᠴᠢ ᠬᠠᠤᠯᠢ ᠬᠡᠷᠡᠭᠵᠢᠭᠦᠯᠬᠦ ᠠᠵᠢᠯᠲᠠᠨ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠵᠦ ᠴᠢᠳᠠᠬᠤ ᠦᠭᠡᠢ ᠪᠣᠯᠤᠭᠰᠠᠨ︔       ︵ᠳᠥᠷᠪᠡ︶ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠠᠯᠳᠠᠰᠢ ᠪᠤᠶᠤ ᠵᠦᠢ ᠵᠣᠬᠢᠰ ᠦᠭᠡᠢ ᠵᠠᠰᠠᠭ ᠵᠠᠬᠢᠷᠭᠠᠨ ᠤ ᠠᠵᠢᠯᠯᠠᠭ᠎ᠠ ᠠᠴᠠ ᠪᠣᠯᠵᠤ ᠠᠯᠳᠠᠰᠢ᠃ ᠮᠠᠭᠠᠳᠯᠠᠨ ᠲᠣᠭᠲᠠᠭᠠᠭᠰᠠᠨ ᠪᠤᠶᠤ ᠰᠢᠢᠳᠪᠦᠷᠢᠯᠡᠭᠰᠡᠨ︔       ︵ᠲᠠᠪᠤ︶ ᠪᠠᠷᠢᠮᠵᠢᠶ᠎ᠠ ᠨᠢ ᠳᠤᠲᠠᠭᠤ ᠪᠣᠯᠤᠭᠰᠠᠨ ᠪᠤᠶᠤ ᠣᠳᠣ ᠪᠠᠶᠢᠭ᠎ᠠ ᠰᠢᠨᠵᠢᠯᠡᠬᠦ ᠤᠬᠠᠭᠠᠨ ᠮᠡᠷᠭᠡᠵᠢᠯ ᠤᠨ ᠬᠢᠷᠢ ᠬᠡᠮᠵᠢᠶᠡᠨ ᠤ ᠬᠢᠵᠠᠭᠠᠷᠯᠠᠯ ᠠᠴᠠ ᠪᠣᠯᠵᠤ ᠣᠷᠣᠰᠢᠵᠤ ᠪᠠᠶᠢᠭ᠎ᠠ ᠠᠰᠠᠭᠤᠳᠠᠯ ᠢ ᠣᠯᠵᠤ ᠮᠡᠳᠡᠵᠦ ᠳᠡᠶᠢᠯᠭᠦ ᠦᠭᠡᠢ ᠠᠴᠠ ᠪᠣᠯᠵᠤ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠬᠠᠤᠯᠢ ᠪᠠᠷ ᠲᠣᠭᠲᠠᠭᠠᠭᠰᠠᠨ ᠴᠢᠨᠠᠷ ᠲᠠᠢ ᠪᠤᠯᠭᠠᠬᠤ ᠦᠭᠡᠢ ᠪᠣᠯᠤᠭᠰᠠᠨ︔       ︵ᠵᠢᠷᠭᠤᠭ᠎ᠠ︶ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠭᠰᠡᠨ ᠪᠠ ᠵᠠᠷᠯᠢᠭᠳᠠᠨ ᠵᠠᠯᠠᠷᠠᠭᠤᠯᠤᠭᠤᠯᠬᠤ ᠪᠥᠭᠡᠳ ᠴᠡᠭᠴᠡᠯᠡᠨ ᠥᠭᠡᠷᠡᠴᠢᠯᠡᠬᠦ ᠬᠤᠭᠤᠴᠠᠭᠠᠨ ᠳᠤ ᠴᠡᠭᠴᠡᠯᠡᠨ ᠥᠭᠡᠷᠡᠴᠢᠯᠡᠬᠦ ᠱᠠᠭᠠᠷᠳᠠᠯᠭ᠎ᠠ ᠶᠢ ᠭᠦᠢᠴᠡᠳᠬᠡᠬᠦ ᠦᠭᠡᠢ ᠠᠴᠠ ᠪᠣᠯᠵᠤ ᠠᠳᠡᠯ ᠭᠠᠷᠤᠭᠰᠠᠨ︔       ︵ᠳᠣᠯᠤᠭ᠎ᠠ︶ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠢᠭᠡᠨᠲᠡ ᠬᠠᠤᠯᠢ ᠶᠣᠰᠣᠭᠠᠷ ᠪᠠᠶᠢᠴᠠᠭᠠᠭᠰᠠᠨ ᠪᠠ ᠵᠠᠷᠯᠢᠭᠳᠠᠨ ᠵᠠᠯᠠᠷᠠᠭᠤᠯᠵᠤ᠂ ᠬᠠᠤᠯᠢ ᠴᠠᠭᠠᠵᠠ ᠶᠢᠨ ᠳᠡᠰ ᠳᠠᠷᠠᠭᠠᠯᠠᠯ ᠢᠶᠠᠷ ᠭᠦᠢᠴᠡᠳᠬᠡᠭᠰᠡᠨ ᠪᠤᠶᠤ ᠰᠢᠯᠵᠢᠭᠦᠯᠦᠨ ᠬᠦᠷᠭᠡᠬᠦ ᠶᠠᠪᠤᠴᠠ ᠳᠤ ᠠᠳᠡᠯ ᠭᠠᠷᠤᠭᠰᠠᠨ︔       ︵ᠨᠠᠢᠮᠠ︶ ᠬᠠᠤᠯᠢ ᠶᠣᠰᠣᠭᠠᠷ ᠬᠠᠷᠢᠭᠤᠴᠠᠯᠭ᠎ᠠ ᠪᠠᠨ ᠭᠦᠢᠴᠡᠳᠬᠡᠭᠰᠡᠨ ᠬᠠᠷᠢᠭᠤᠴᠠᠯᠭ᠎ᠠ ᠨᠡᠬᠡᠮᠵᠢᠯᠡᠬᠦ ᠦᠭᠡᠢ ᠪᠤᠰᠤᠳ ᠪᠠᠶᠢᠳᠠᠯ᠃       ᠭᠤᠷᠪᠠᠳᠤᠭᠠᠷ ᠪᠦᠯᠦᠭ ᠠᠯᠳᠠᠰᠢ ᠶᠢ ᠪᠠᠭᠲᠠᠭᠠᠬᠤ ᠪᠠ ᠵᠠᠯᠠᠷᠠᠭᠤᠯᠬᠤ       ᠠᠷᠪᠠᠳᠤᠭᠠᠷ ᠵᠦᠢᠯ ᠠᠯᠳᠠᠰᠢ ᠶᠢ ᠠᠭᠤᠴᠢᠯᠠᠨ ᠵᠠᠯᠠᠷᠠᠭᠤᠯᠬᠤ ᠳᠤ ︽ᠭᠤᠷᠪᠠ ᠶᠢ ᠢᠯᠭᠠᠬᠤ︾᠎ ᠶᠢ ᠪᠠᠷᠢᠮᠲᠠᠯᠠᠵᠤ᠂ ᠪᠤᠰᠤᠳᠴᠢ ᠪᠥᠭᠡᠳ ᠲᠥᠪ ᠭᠤᠣᠯᠴᠢ ᠪᠠᠷ ᠦᠨᠡᠯᠡᠬᠦ ᠬᠡᠷᠡᠭᠲᠡᠢ᠃ ᠬᠠᠤᠯᠢ ᠬᠡᠷᠡᠭᠵᠢᠭᠦᠯᠬᠦ ᠠᠵᠢᠯᠲᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡᠨ ᠎ ᠳᠤᠨᠢ ᠨᠡᠶᠢᠴᠡᠭᠰᠡᠨ ᠪᠠᠶᠢᠪᠠᠯ᠂ ᠬᠥᠩᠭᠡᠨ ᠢᠶᠠᠷ ᠰᠢᠢᠳᠪᠦᠷᠢᠯᠡᠬᠦ᠂ ᠬᠥᠩᠭᠡᠷᠡᠭᠦᠯᠦᠨ ᠰᠢᠢᠳᠪᠦᠷᠢᠯᠡᠬᠦ ᠪᠤᠶᠤ ᠬᠠᠷᠢᠭᠤᠴᠠᠯᠭ᠎ᠠ ᠬᠡᠯᠲᠦᠷᠢᠭᠦᠯᠬᠦ ᠬᠡᠷᠡᠭᠲᠡᠢ᠄       ︵ᠨᠢᠭᠡ︶ ᠳᠡᠭᠡᠳᠦ ᠱᠠᠲᠤᠨ ᠤ ᠵᠢᠭᠠᠪᠤᠷᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠬᠡᠷᠡᠭᠵᠢᠭᠦᠯᠵᠦ᠂ ᠬᠥᠭᠵᠢᠯᠲᠡ ᠶᠢ ᠲᠦᠯᠬᠢᠨ ᠠᠬᠢᠭᠤᠯᠬᠤ᠂ ᠪᠡᠷᠬᠡ ᠰᠡᠳᠦᠪ ᠢ ᠰᠢᠢᠳᠪᠦᠷᠢᠯᠡᠨ᠂ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠰᠢᠢᠳᠪᠦᠷᠢᠯᠡᠬᠦ ᠶᠢᠨ ᠲᠥᠯᠥᠭᠡ ᠵᠣᠷᠢᠭᠲᠠᠢ ᠪᠠᠷ ᠬᠠᠶᠢᠨ ᠰᠦᠪᠡᠭᠴᠢᠯᠡᠵᠦ᠂ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠨ ᠬᠡᠷᠡᠭᠵᠢᠭᠦᠯᠦᠭᠡᠳ ᠠᠯᠳᠠᠰᠢ ᠭᠠᠷᠭᠠᠭᠰᠠᠨ︔       ︵ᠬᠤᠶᠠᠷ︶ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠶᠢ ᠠᠬᠢᠭᠤᠯᠬᠤ ᠳᠤᠮᠳᠠ᠂ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠨ᠂ ᠬᠡᠪ ᠤᠨ ᠵᠤᠷᠰᠢᠯ ᠢ ᠳᠠᠪᠠᠵᠤ᠂ ᠬᠠᠶᠢᠨ ᠰᠦᠪᠡᠭᠴᠢᠯᠡᠬᠦ ᠴᠢᠨᠠᠷᠲᠠᠢ ᠠᠯᠳᠠᠰᠢ ᠭᠠᠷᠭᠠᠭᠰᠠᠨ ᠪᠤᠶᠤ ᠵᠢᠱᠢᠭᠰᠡᠨ ᠦᠷ᠎ᠡ ᠳ᠋ᠦᠩ ᠳᠤ ᠦᠯᠦ ᠭᠦᠷᠦᠭᠰᠡᠨ︔       ︵ᠭᠤᠷᠪᠠ︶ ᠪᠦᠲᠦᠭᠡᠯᠴᠢ ᠴᠢᠨᠠᠷᠲᠠᠢ ᠪᠠᠷ ᠠᠵᠢᠯ ᠢᠶᠠᠨ ᠥᠷᠨᠢᠭᠦᠯᠬᠦ ᠳᠤᠮᠳᠠ᠂ ᠤᠯᠤᠰ ᠤᠨ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠬᠢᠷᠠᠭᠤᠯᠤᠯᠲᠠ᠂ ᠳᠡᠭᠡᠳᠦ ᠱᠠᠲᠤᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠤ ᠬᠤᠪᠢᠷᠠᠯᠲᠠ ᠭᠠᠷᠤᠭᠰᠠᠨ ᠪᠤᠶᠤ ᠲᠥᠷᠥ ᠶᠢᠨ ᠪᠣᠳᠣᠯᠭ᠎ᠠ ᠶᠢᠨ ᠵᠠᠭᠠᠭ ᠨᠢ ᠲᠣᠳᠣᠷᠬᠠᠢ ᠦᠭᠡᠢ᠂ ᠪᠤᠰᠤᠳᠴᠢ ᠨᠥᠬᠦᠴᠡᠯ ᠤᠨ ᠬᠢᠵᠠᠭᠠᠷᠯᠠᠯ ᠢ ᠬᠦᠯᠢᠶᠡᠭᠰᠡᠨ ᠠᠴᠠ ᠪᠣᠯᠵᠤ ᠠᠯᠳᠠᠰᠢ ᠭᠠᠷᠭᠠᠭᠰᠠᠨ ᠪᠤᠶᠤ ᠵᠥᠷᠢᠶ᠎ᠡ ᠭᠠᠷᠤᠭᠰᠠᠨ︔       ︵ᠳᠥᠷᠪᠡ︶ ᠬᠠᠤᠯᠢ ᠬᠡᠷᠡᠭᠵᠢᠭᠦᠯᠬᠦ ᠶᠠᠪᠤᠴᠠ ᠳᠤ᠂ ᠬᠠᠤᠯᠢ ᠬᠡᠷᠡᠭᠵᠢᠭᠦᠯᠬᠦ ᠠᠶᠤᠯ ᠲᠦᠭᠰᠢᠭᠦᠷᠢ ᠶᠢ ᠰᠡᠷᠭᠡᠶᠢᠯᠡᠬᠦ ᠶᠢᠨ ᠲᠥᠯᠥᠭᠡ᠂ ᠴᠠᠭ ᠲᠤᠬᠠᠢ ᠳᠤᠨᠢ ᠡᠷᠡᠰ ᠰᠢᠭᠤᠷᠬᠠᠢ᠂ ᠡᠰᠡᠷᠭᠦᠴᠡᠰᠢ ᠦᠭᠡᠢ ᠬᠦᠴᠦᠨ ᠪᠤᠶᠤ ᠤᠷᠢᠳᠴᠢᠯᠠᠨ ᠮᠡᠳᠡᠵᠦ ᠦᠯᠦ ᠴᠢᠳᠠᠬᠤ ᠰᠢᠯᠲᠠᠭᠠᠨ ᠠᠴᠠ ᠪᠣᠯᠵᠤ ᠠᠯᠳᠠᠰᠢ ᠭᠠᠷᠭᠠᠭᠰᠠᠨ ᠪᠤᠶᠤ ᠠᠳᠡᠭᠦᠥ ᠭᠠᠷᠭᠠᠭᠰᠠᠨ︔       ︵ᠲᠠᠪᠤ︶ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠥᠷᠨᠢᠭᠦᠯᠬᠦ ᠳᠤᠮᠳᠠ ᠬᠠᠤᠯᠢ ᠬᠡᠷᠡᠭᠵᠢᠭᠦᠯᠬᠦ ᠡᠲᠡᠭᠡᠳ ᠪᠠᠶᠢᠳᠠᠯ ᠢᠶᠠᠨ ᠵᠣᠷᠢᠭᠤᠳᠠ ᠨᠢᠭᠤᠨ ᠳᠠᠯᠳᠠᠯᠠᠭᠰᠠᠨ ᠪᠤᠶᠤ ᠦᠨᠡᠨ ᠪᠣᠳᠠᠲᠠᠢ ᠪᠠᠷ ᠲᠤᠰᠬᠠᠭᠰᠠᠨ ᠦᠭᠡᠢ ᠠᠴᠠ ᠪᠣᠯᠵᠤ ᠨᠢᠭᠤᠭᠳᠠᠮᠠᠯ ᠠᠰᠠᠭᠤᠳᠠᠯ ᠢ ᠴᠠᠭ ᠲᠤᠬᠠᠢ ᠳᠤᠨᠢ ᠣᠯᠵᠤ ᠮᠡᠳᠡᠭᠰᠡᠨ ᠦᠭᠡᠢ︔       ︵ᠵᠢᠷᠭᠤᠭ᠎ᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠬᠠᠤᠯᠢ ᠶᠣᠰᠣᠭᠠᠷ ᠥᠷᠨᠢᠭᠦᠯᠬᠦ ᠳᠤᠮᠳᠠ ᠂ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠬᠠᠷᠢᠴᠠᠩᠭᠤᠢ ᠬᠥᠮᠥᠨ ᠤ ᠪᠡᠶᠡᠴᠢ ᠲᠠᠯ᠎ᠠ ᠠᠴᠠ ᠵᠣᠷᠢᠭᠤᠳᠠ ᠬᠠᠤᠯᠢ ᠠᠴᠠ ᠵᠥᠷᠢᠴᠡᠨ᠂ ᠬᠠᠤᠯᠢ ᠬᠡᠷᠡᠭᠵᠢᠭᠦᠯᠬᠦ ᠠᠵᠢᠯᠲᠠᠨ ᠨᠢᠭᠡᠨᠲᠡ ᠬᠠᠤᠯᠢ ᠪᠠᠷ ᠲᠣᠭᠲᠠᠭᠠᠭᠰᠠᠨ ᠠᠷᠭ᠎ᠠ ᠬᠡᠮᠵᠢᠶ᠎ᠡ ᠠᠪᠤᠭᠰᠠᠨ ᠪᠤᠯᠪᠠᠴᠤ ᠮᠥᠨ ᠬᠦ ᠠᠳᠡᠯ ᠭᠠᠷᠭᠠᠭᠰᠠᠨ︔       ︵ᠳᠣᠯᠤᠭ᠎ᠠ︶ ᠬᠠᠤᠯᠢ ᠬᠡᠷᠡᠭᠵᠢᠭᠦᠯᠬᠦ ᠵᠥᠷᠢᠴᠡᠯ ᠢ ᠰᠢᠢᠳᠪᠦᠷᠢᠯᠡᠬᠦ ᠶᠠᠪᠤᠴᠠ ᠳᠤ ᠬᠠᠷᠰᠢ ᠰᠠᠭᠠᠳ ᠢ ᠵᠣᠷᠢᠭᠲᠠᠢ ᠪᠠᠷ ᠠᠷᠢᠯᠭᠠᠵᠤ᠂ ᠤᠤᠯ ᠤᠨ ᠠᠰᠢᠭ ᠲᠤᠰᠠ ᠳᠤ ᠬᠠᠯᠳᠠᠵᠤ᠂ ᠠᠯᠳᠠᠰᠢ ᠭᠠᠷᠭᠠᠭᠰᠠᠨ ᠪᠤᠶᠤ ᠵᠥᠷᠢᠶ᠎ᠡ ᠭᠠᠷᠭᠠᠭᠰᠠᠨ︔       ︵ᠨᠠᠢᠮᠠ︶ ᠬᠠᠷᠢᠭᠤᠴᠠᠯᠭ᠎ᠠ ᠠᠴᠠ ᠬᠡᠯᠲᠦᠷᠢᠭᠦᠯᠵᠦ ᠪᠤᠯᠬᠤ ᠪᠤᠰᠤᠳ ᠪᠠᠶᠢᠳᠠᠯ᠃       ᠳᠡᠭᠡᠷ᠎ᠡ ᠳᠤᠷᠠᠳᠤᠭᠰᠠᠨ ᠪᠠᠶᠢᠳᠠᠯ ᠤᠨ ᠨᠢᠭᠡ ᠨᠢ ᠪᠠᠶᠢᠬᠤ ᠶᠢᠨ ᠬᠠᠮᠲᠤ ᠳᠣᠣᠷᠠᠬᠢ ᠨᠥᠬᠦᠴᠡᠯ ᠳᠤ ᠨᠡᠶᠢᠴᠡᠭᠰᠡᠨ ᠪᠠᠶᠢᠪᠠᠯ᠂ ᠬᠠᠮᠢᠶ᠎ᠠ ᠪᠦᠬᠦᠢ ᠬᠠᠤᠯᠢ ᠬᠡᠷᠡᠭᠵᠢᠭᠦᠯᠬᠦ ᠪᠠᠶᠢᠭᠤᠯᠤᠮᠵᠢ ᠵᠢᠴᠢ ᠬᠠᠤᠯᠢ ᠬᠡᠷᠡᠭᠵᠢᠭᠦᠯᠬᠦ ᠠᠵᠢᠯᠲᠠᠳ ᠤᠨ ᠬᠠᠷᠢᠭᠤᠴᠠᠯᠭ᠎ᠠ ᠶᠢ ᠬᠡᠯᠲᠦᠷᠢᠭᠦᠯᠵᠦ ᠪᠣᠯᠣᠨ᠎ᠠ᠄       ︵ᠨᠢᠭᠡ︶ ᠬᠠᠤᠯᠢ ᠳᠤ ᠲᠣᠳᠣᠷᠬᠠᠢ ᠵᠠᠷᠯᠢᠭᠳᠠᠨ ᠴᠠᠭᠠᠵᠠᠯᠠᠭᠰᠠᠨ ᠦᠭᠡᠢ ᠪᠠᠶᠢᠬᠤ︔       ︵ᠬᠤᠶᠠᠷ︶ ᠬᠦᠨᠳᠦ ᠶᠡᠭᠡ ᠬᠤᠬᠢᠷᠠᠯ ᠪᠠ ᠬᠦᠨᠳᠦ ᠨᠣᠴᠢᠲᠠᠢ ᠮᠠᠭᠤ ᠨᠥᠯᠥᠭᠡ ᠭᠠᠷᠭᠠᠭᠰᠠᠨ ᠦᠭᠡᠢ︔      ︵ᠭᠤᠷᠪᠠ︶ ᠢᠳᠡᠪᠬᠢ ᠰᠠᠨᠠᠭᠠᠴᠢᠯᠠᠭ᠎ᠠ ᠲᠠᠢ ᠪᠠᠷ ᠮᠠᠭᠤ ᠨᠥᠯᠥᠭᠡ ᠶᠢ ᠠᠷᠢᠯᠭᠠᠵᠤ᠂ ᠬᠤᠬᠢᠷᠠᠯ ᠢ ᠡᠭᠡᠭᠦᠯᠦᠭᠰᠡᠨ᠃       ᠠᠷᠪᠠᠨ ᠨᠢᠭᠡᠳᠦᠭᠡᠷ ᠵᠦᠢᠯ ᠬᠠᠤᠯᠢ ᠬᠡᠷᠡᠭᠵᠢᠭᠦᠯᠬᠦ ᠠᠵᠢᠯᠲᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡᠨ ᠳᠤᠨᠢ ᠨᠡᠶᠢᠴᠡᠭᠰᠡᠨ ᠪᠠᠶᠢᠪᠠᠯ ᠬᠠᠷᠢᠭᠤᠴᠠᠯᠭ᠎ᠠ ᠶᠢ ᠨᠢ ᠬᠥᠩᠭᠡᠷᠡᠭᠦᠯᠬᠦ ᠪᠤᠶᠤ ᠬᠥᠩᠭᠡᠷᠡᠭᠦᠯᠵᠦ ᠪᠣᠯᠣᠨ᠎ᠠ᠄       ︵ᠨᠢᠭᠡ︶ ᠰᠠᠨᠠᠭᠠᠴᠢᠯᠠᠭ᠎ᠠ ᠠᠴᠠ ᠪᠠᠨ ᠠᠷᠭ᠎ᠠ ᠬᠡᠮᠵᠢᠶ᠎ᠡ ᠠᠪᠴᠤ ᠪᠠᠶᠢᠭᠠᠳ ᠬᠤᠬᠢᠷᠠᠯ ᠠᠴᠠ ᠪᠦᠲᠦᠮᠵᠢᠲᠡᠢ ᠵᠠᠶᠢᠯᠠᠭᠰᠠᠨ ᠪᠤᠶᠤ ᠨᠥᠯᠥᠭᠡ ᠠᠴᠠ ᠡᠭᠡᠭᠦᠯᠦᠨ ᠠᠪᠤᠭᠰᠠᠨ︔       ︵ᠬᠤᠶᠠᠷ︶ ᠬᠠᠷᠢᠭᠤᠴᠠᠯᠭ᠎ᠠ ᠠᠰᠠᠭᠤᠵᠤ ᠪᠠᠶᠢᠴᠠᠭᠠᠬᠤ ᠶᠢ ᠢᠳᠡᠪᠬᠢᠲᠡᠢ ᠬᠠᠮᠵᠢᠯᠴᠠᠬᠤ ᠶᠢᠨ ᠬᠠᠮᠲᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠭᠰᠡᠨ︔       ︵ᠭᠤᠷᠪᠠ︶ ᠬᠠᠤᠯᠢ ᠶᠣᠰᠣᠭᠠᠷ ᠬᠠᠷᠢᠭᠤᠴᠠᠯᠭ᠎ᠠ ᠶᠢ ᠨᠢ ᠬᠥᠩᠭᠡᠷᠡᠭᠦᠯᠵᠦ᠂ ᠬᠥᠩᠭᠡᠷᠡᠭᠦᠯᠵᠦ ᠪᠤᠯᠬᠤ ᠪᠤᠰᠤᠳ ᠬᠠᠷᠢᠭᠤᠴᠠᠯᠭ᠎ᠠ ᠨᠡᠬᠡᠮᠵᠢᠯᠡᠵᠦ ᠪᠤᠯᠬᠤ᠃       ᠠᠷᠪᠠᠨ ᠬᠤᠶᠠᠳᠤᠭᠠᠷ ᠵᠦᠢᠯ ᠬᠠᠤᠯᠢ ᠬᠡᠷᠡᠭᠵᠢᠭᠦᠯᠬᠦ ᠠᠵᠢᠯᠲᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠬᠠᠤᠯᠢ ᠪᠠᠷ ᠲᠣᠭᠲᠠᠭᠠᠭᠰᠠᠨ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠵᠦ᠂ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠢ ᠠᠴᠠ ᠪᠣᠯᠵᠤ ᠠᠷᠠᠳ ᠢᠷᠭᠡᠨ᠂ ᠬᠠᠤᠯᠢ ᠶᠢᠨ ᠡᠷᠬᠡᠲᠡᠨ ᠪᠣᠯᠣᠨ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠲᠤ ᠬᠤᠬᠢᠷᠠᠯ ᠤᠴᠠᠷᠠᠭᠤᠯᠵᠤ᠂ ᠮᠠᠭᠤ ᠦᠷ᠎ᠡ ᠤᠷᠰᠢᠭ ᠭᠠᠷᠭᠠᠭᠰᠠᠨ ᠪᠣᠯ ᠠᠯᠳᠠᠰᠢ ᠶᠢ ᠬᠦᠯᠢᠶᠡᠬᠦ ᠦᠭᠡᠢ᠃       ᠠᠷᠪᠠᠨ ᠭᠤᠷᠪᠠᠳᠤᠭᠠᠷ ᠵᠦᠢᠯ ᠠᠭᠤᠴᠢᠯᠠᠬᠤ ᠨᠢ ᠬᠠᠷᠢᠭᠤᠴᠠᠯᠭ᠎ᠠ ᠠᠴᠠ ᠬᠡᠯᠲᠦᠷᠢᠭᠦᠯᠬᠦ ᠶᠢ ᠮᠠᠭᠠᠳᠯᠠᠨ ᠲᠣᠭᠲᠠᠭᠠᠬᠤ ᠠᠵᠢᠯ ᠢ ᠡᠬᠢᠯᠡᠭᠦᠯᠬᠦ ᠪᠠ ᠶᠠᠪᠤᠭᠳᠠᠭᠤᠯᠬᠤ ᠳᠠᠭᠠᠨ᠂ ᠪᠣᠳᠠᠲᠠᠢ ᠪᠠᠷ ᠪᠡᠶᠡᠴᠢ ᠲᠠᠯ᠎ᠠ᠂ ᠪᠤᠰᠤᠳᠴᠢ ᠨᠥᠬᠦᠴᠡᠯ᠂ ᠳᠡᠰ ᠳᠠᠷᠠᠭᠠᠯᠠᠯ ᠤᠨ ᠠᠷᠭ᠎ᠠ᠂ ᠰᠢᠨᠵᠢ ᠴᠢᠨᠠᠷ ᠤᠨ ᠬᠡᠮᠵᠢᠶ᠎ᠡ᠂ ᠦᠷ᠎ᠡ ᠳ᠋ᠦᠩ ᠤᠨ ᠨᠥᠯᠥᠭᠡ ᠵᠢᠴᠢ ᠬᠤᠬᠢᠷᠠᠯ ᠢ ᠡᠭᠡᠭᠦᠯᠦᠭᠰᠡᠨ ᠵᠡᠷᠭᠡ ᠪᠠᠶᠢᠳᠠᠯ ᠲᠠᠢ ᠤᠶᠠᠯᠳᠤᠭᠤᠯᠤᠨ ᠶᠡᠷᠦᠩᠬᠡᠶᠢᠯᠡᠨ ᠵᠠᠳᠠᠯᠤᠨ ᠰᠤᠳᠤᠯᠵᠤ᠂ ᠲᠥᠷᠥ ᠶᠢᠨ ᠪᠣᠳᠣᠯᠭ᠎ᠠ ᠶᠢᠨ ᠵᠠᠭᠠᠭ ᠢ ᠣᠨᠣᠪᠴᠢᠲᠠᠢ ᠡᠵᠡᠮᠰᠢᠵᠦ᠂ ᠮᠠᠭᠠᠳᠯᠠᠨ ᠲᠣᠭᠲᠠᠭᠠᠭᠰᠠᠨ ᠳ᠋ᠦᠩᠨᠡᠯᠲᠡ ᠶᠢ ᠴᠠᠭ ᠲᠤᠬᠠᠢ ᠳᠤᠨᠢ ᠭᠠᠷᠭᠠᠨ᠎ᠠ᠃ ᠠᠭᠤᠴᠢᠯᠠᠪᠠᠯ ᠵᠣᠬᠢᠬᠤ ᠵᠣᠷᠢᠭᠲᠠᠢ ᠠᠯᠳᠠᠰᠢ᠂ ᠠᠭᠤᠴᠢᠯᠠᠬᠤ ᠦᠭᠡᠢ ᠶᠢ ᠨᠢ ᠣᠬᠲᠣ ᠬᠦᠯᠢᠶᠡᠬᠦ ᠦᠭᠡᠢ᠃ ᠬᠤᠪᠢ ᠬᠥᠮᠥᠨ ᠪᠠᠰᠠ ᠪᠠᠶᠢᠭᠤᠯᠭ᠎ᠠ ᠨᠢᠭᠡᠴᠢ ᠳᠤ ᠰᠢᠭᠤᠳ ᠠᠯᠳᠠᠰᠢ ᠶᠢ ᠨᠢ ᠮᠠᠭᠠᠳᠯᠠᠨ ᠲᠣᠭᠲᠠᠭᠠᠯᠭᠠᠬᠤ ᠭᠤᠶᠤᠴᠢᠯᠠᠯ ᠭᠠᠷᠭᠠᠵᠤ ᠪᠣᠯᠣᠨ᠎ᠠ᠃ ᠨᠢᠭᠡᠴᠢ ᠪᠠᠶᠢᠴᠠᠭᠠᠨ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠠᠯᠳᠠᠰᠢ ᠪᠤᠶᠤ ᠡᠰᠡᠬᠦ ᠶᠢᠨ ᠲᠤᠬᠠᠢ ᠦᠨᠡᠮᠰᠢᠭᠰᠡᠨ ᠳ᠋ᠦᠩᠨᠡᠯᠲᠡ ᠶᠢ ᠴᠠᠭ ᠲᠤᠬᠠᠢ ᠎ ᠳᠤᠨᠢ ᠭᠠᠷᠭᠠᠬᠤ ᠬᠡᠷᠡᠭᠲᠡᠢ᠃ ᠠᠯᠳᠠᠰᠢ ᠠᠭᠤᠯᠭ᠎ᠠ ᠶᠢ ᠨᠢ ᠲᠣᠭᠲᠠᠭᠠᠭᠰᠠᠨ ᠤ ᠳᠠᠷᠠᠭ᠎ᠠ᠂ 7 ᠡᠳᠦᠷ ᠤᠨ ᠳᠣᠲᠣᠷ᠎ᠠ ᠬᠠᠮᠢᠶ᠎ᠠ ᠪᠦᠬᠦᠢ ᠨᠢᠭᠡᠴᠢ ᠵᠢᠴᠢ ᠲᠤᠬᠠᠶᠢᠲᠠᠢ ᠬᠥᠮᠥᠨ ᠳᠤ ᠮᠡᠳᠡᠭᠳᠡᠵᠦ᠂ ᠶᠡᠷᠦᠩᠬᠡᠢ ᠳᠡᠭᠡᠨ ᠵᠣᠬᠢᠬᠤ ᠬᠡᠪᠴᠢᠶᠡᠨ ᠳᠣᠲᠣᠷ᠎ᠠ ᠢᠯᠡ ᠪᠤᠯᠭᠠᠬᠤ ᠬᠡᠷᠡᠭᠲᠡᠢ᠃       ᠠᠷᠪᠠᠨ ᠳᠥᠷᠪᠡᠳᠦᠭᠡᠷ ᠵᠦᠢᠯ ᠰᠤᠳᠤᠯᠤᠯᠲᠠ ᠪᠠᠷ ᠳᠠᠮᠵᠢᠨ ᠲᠣᠭᠲᠠᠭᠠᠭᠰᠠᠨ ᠪᠣᠯᠬᠤᠷ ᠬᠠᠤᠯᠢ ᠬᠡᠷᠡᠭᠵᠢᠭᠦᠯᠦᠭᠴᠢ ᠳᠤ ᠠᠯᠳᠠᠰᠢ ᠣᠶᠢᠯᠠᠭᠠᠯᠲᠠ ᠥᠭᠭᠦᠭᠰᠡᠨ ᠪᠠᠶᠢᠪᠠᠯ᠂ ᠲᠡᠭᠦᠨ ᠢ ᠬᠠᠤᠯᠢ ᠬᠡᠷᠡᠭᠵᠢᠭᠦᠯᠦᠯᠲᠡ ᠶᠢᠨ ᠠᠯᠳᠠᠰᠢ ᠮᠠᠭᠠᠳᠯᠠᠯᠲᠠ ᠬᠢᠬᠦ ᠦᠭᠡᠢ᠃       ᠠᠷᠪᠠᠨ ᠲᠠᠪᠤᠳᠤᠭᠠᠷ ᠵᠦᠢᠯ ᠠᠯᠳᠠᠰᠢ ᠪᠠᠶᠢᠪᠠᠯ ᠵᠠᠪᠠᠯ ᠵᠠᠯᠠᠷᠠᠭᠤᠯᠬᠤ᠂ ᠠᠯᠳᠠᠰᠢ ᠪᠠᠶᠢᠪᠠᠯ ᠵᠠᠪᠠᠯ ᠵᠠᠯᠠᠷᠠᠭᠤᠯᠬᠤ ᠶᠢ ᠪᠠᠷᠢᠮᠲᠠᠯᠠᠵᠤ᠂ ᠬᠠᠷᠢᠭᠤᠴᠠᠯᠭ᠎ᠠ ᠬᠡᠯᠡᠯᠴᠡᠬᠦ ᠪᠠᠶᠢᠭᠤᠯᠤᠮᠵᠢ ᠠᠴᠠ ᠠᠯᠳᠠᠰᠢ ᠪᠠᠶᠢᠪᠠᠯ ᠬᠠᠷᠢᠭᠤᠴᠠᠯᠭ᠎ᠠ ᠠᠴᠠ ᠬᠡᠯᠲᠦᠷᠢᠭᠦᠯᠬᠦ ᠲᠣᠭᠲᠠᠭᠠᠯ ᠭᠠᠷᠭᠠᠬᠤ ᠶᠢᠨ ᠬᠠᠮᠲᠤ ᠠᠯᠳᠠᠭ᠎ᠠ ᠵᠠᠯᠠᠷᠠᠭᠤᠯᠬᠤ ᠳᠡᠰ ᠳᠠᠷᠠᠭᠠᠯᠠᠯ ᠢᠶᠠᠨ ᠴᠠᠭ ᠲᠤᠬᠠᠢ ᠳᠤᠨᠢ ᠡᠬᠢᠯᠡᠭᠦᠯᠬᠦ ᠬᠡᠷᠡᠭᠲᠡᠢ᠃       ᠠᠷᠪᠠᠨ ᠵᠢᠷᠭᠤᠳᠤᠭᠠᠷ ᠵᠦᠢᠯ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠢ᠂ ᠬᠠᠷᠢᠭᠤᠴᠠᠯᠭ᠎ᠠ ᠠᠴᠠ ᠭᠡᠯᠲᠦᠷᠢᠭᠦᠯᠦᠭᠳᠡᠭᠰᠡᠳ ᠲᠤ ᠠᠯᠳᠠᠭ᠎ᠠ ᠵᠠᠯᠠᠷᠠᠭᠤᠯᠬᠤ ᠤᠴᠢᠷ ᠰᠢᠯᠲᠠᠭᠠᠨ ᠢᠶᠠᠨ ᠲᠣᠳᠣᠷᠬᠠᠶᠢᠯᠠᠵᠤ᠂ ᠠᠯᠳᠠᠭ᠎ᠠ ᠵᠠᠯᠠᠷᠠᠭᠤᠯᠬᠤ ᠵᠦᠢᠯ ᠢ ᠲᠣᠳᠣᠷᠬᠠᠢ ᠪᠤᠯᠭᠠᠵᠤ᠂ ᠠᠯᠳᠠᠭ᠎ᠠ ᠵᠠᠯᠠᠷᠠᠭᠤᠯᠬᠤ ᠱᠠᠭᠠᠷᠳᠠᠯᠭ᠎ᠠ ᠪᠤᠶᠤ ᠰᠠᠨᠠᠭᠤᠯᠭ᠎ᠠ ᠳᠤᠷᠠᠳᠴᠤ᠂ ᠵᠠᠷᠯᠢᠭᠳᠠᠵᠤ ᠪᠠᠶᠢᠭᠠᠳ ᠠᠰᠠᠭᠤᠳᠠᠯ ᠢ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ᠂ ᠠᠵᠢᠯ ᠢᠶᠠᠨ ᠰᠠᠶᠢᠵᠢᠷᠠᠭᠤᠯᠬᠤ ᠬᠡᠷᠡᠭᠲᠡᠢ᠃ ᠵᠠᠯᠠᠷᠠᠭᠤᠯᠭᠠᠬᠰᠠᠳ ᠵᠠᠯᠠᠷᠠᠭᠤᠯᠤᠯᠲᠠ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠣᠨᠴᠠᠭᠠᠢ ᠪᠠᠶᠢᠳᠠᠯ ᠠᠴᠠ ᠪᠣᠯᠵᠤ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠳᠤ ᠬᠦᠴᠢᠷᠲᠡᠢ ᠪᠠᠶᠢᠪᠠᠯ᠂ ᠴᠡᠭᠴᠡᠯᠡᠨ ᠰᠠᠶᠢᠵᠢᠷᠠᠭᠤᠯᠬᠤ ᠬᠤᠭᠤᠴᠠᠭ᠎ᠠ ᠶᠢ ᠵᠣᠬᠢᠬᠤ ᠬᠡᠮᠵᠢᠶ᠎ᠡ ᠪᠠᠷ ᠤᠷᠲᠤᠳᠬᠠᠬᠤ ᠪᠠᠷ ᠭᠤᠶᠤᠴᠢᠯᠠᠵᠤ ᠪᠣᠯᠣᠨ᠎ᠠ᠃       ᠠᠷᠪᠠᠨ ᠳᠣᠯᠣᠳᠤᠭᠠᠷ ᠵᠦᠢᠯ ᠵᠣᠬᠢᠰᠲᠠᠢ ᠠᠷᠭ᠎ᠠ ᠮᠠᠶ᠋ᠢᠭ ᠠᠪᠴᠤ᠂ ᠠᠯᠳᠠᠭ᠎ᠠ ᠵᠠᠯᠠᠷᠠᠭᠤᠯᠤᠭᠰᠠᠨ ᠡᠲᠡᠭᠡᠳ ᠤᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠮᠥᠷᠳᠡᠨ ᠣᠶᠢᠯᠠᠭᠠᠬᠤ ᠬᠡᠷᠡᠭᠲᠡᠢ᠃ ᠠᠳᠠᠯᠢ ᠲᠥᠷᠥᠯ ᠤᠨ ᠠᠰᠠᠭᠤᠳᠠᠯ ᠣᠯᠠᠨᠲᠠ ᠭᠠᠷᠤᠭᠰᠠᠨ ᠪᠤᠶᠤ ᠠᠳᠠᠯᠢ ᠨᠢᠭᠡᠨ ᠬᠦᠷᠢᠶᠡᠨ ᠳᠤ ᠲᠥᠪᠯᠡᠷᠡᠵᠦ ᠭᠠᠷᠤᠭᠰᠠᠨ ᠠᠮᠠᠷᠬᠠᠨ ᠠᠯᠳᠠᠰᠢ ᠪᠠᠶᠢᠳᠠᠯ ᠳᠤ ᠴᠢᠭᠯᠡᠭᠦᠯᠦᠨ ᠰᠤᠳᠤᠯᠤᠨ ᠵᠠᠳᠠᠯᠵᠤ᠂ ᠠᠮᠠᠷᠬᠠᠨ ᠪᠤᠷᠤᠭᠤᠳᠠᠬᠤ ᠲᠦᠭᠰᠢᠭᠦᠷᠢ ᠶᠢᠨ ᠴᠡᠭ ᠪᠠ ᠠᠰᠠᠭᠤᠳᠠᠯ ᠤᠨ ᠵᠠᠩᠭᠢᠯᠠᠭ᠎ᠠ ᠶᠢ ᠡᠷᠢᠵᠦ ᠣᠯᠬᠤ ᠶᠢᠨ ᠬᠠᠮᠲᠤ ᠰᠡᠷᠡᠮᠵᠢᠯᠡᠭᠦᠯᠦᠨ ᠰᠠᠨᠠᠭᠤᠯᠵᠤ᠂ ᠠᠳᠠᠯᠢᠪᠲᠤᠷ ᠠᠯᠳᠠᠭ᠎ᠠ ᠪᠠ ᠠᠰᠠᠭᠤᠳᠠᠯ ᠳᠠᠭᠢᠨ ᠳᠠᠪᠲᠠᠨ ᠭᠠᠷᠬᠤ ᠶᠢ ᠰᠡᠷᠭᠡᠶᠢᠯᠡᠬᠦ ᠬᠡᠷᠡᠭᠲᠡᠢ᠃       ᠠᠷᠪᠠᠨ ᠨᠠᠢᠮᠠᠳᠤᠭᠠᠷ ᠵᠦᠢᠯ ᠵᠠᠬᠢᠳᠠᠯ ᠰᠤᠷᠪᠤᠯᠵᠢᠯᠠᠯ ᠤᠨ ᠢᠯᠡᠴᠢᠯᠡᠨ ᠮᠡᠳᠡᠭᠦᠯᠬᠦ ᠳᠤ ᠵᠥᠪ ᠢᠶᠠᠷ ᠬᠠᠨᠳᠤᠵᠤ᠂ ᠵᠠᠬᠢᠳᠠᠯ ᠰᠤᠷᠪᠤᠯᠵᠢᠯᠠᠯ ᠤᠨ ᠢᠯᠡᠴᠢᠯᠡᠨ ᠮᠡᠳᠡᠭᠦᠯᠬᠦ ᠶᠠᠪᠤᠴᠠ ᠳᠤ ᠪᠠᠶᠢᠴᠠᠭᠠᠭᠰᠠᠨ ᠨᠢ ᠦᠨᠡᠨ ᠪᠣᠳᠠᠲᠠᠢ ᠪᠤᠰᠤ᠂ ᠪᠠᠶᠢᠴᠠᠭᠠᠭᠰᠠᠨ ᠪᠣᠳᠠᠲᠠᠢ ᠪᠠᠷᠢᠮᠲᠠ ᠦᠭᠡᠢ ᠪᠤᠶᠤ ᠦᠨᠡᠮᠰᠢᠭᠦᠯᠦᠭᠡᠳ ᠬᠠᠷᠢᠭᠤᠴᠠᠯᠭ᠎ᠠ ᠠᠴᠠ ᠬᠡᠯᠲᠦᠷᠢᠭᠦᠯᠬᠦ ᠪᠠᠶᠢᠳᠠᠯ ᠎ ᠨᠢ ᠦᠨᠡᠨ ᠨᠡᠷ᠎ᠡ ᠪᠠᠷ ᠢᠯᠡᠴᠢᠯᠡᠨ ᠮᠡᠳᠡᠭᠦᠯᠦᠭᠰᠡᠨ ᠪᠣᠯ ᠲᠣᠭᠲᠠᠭᠠᠯ ᠶᠣᠰᠣᠭᠠᠷ ᠢᠯᠡᠴᠢᠯᠡᠨ ᠮᠡᠳᠡᠭᠦᠯᠦᠭᠴᠢ ᠳᠤ ᠦᠷ᠎ᠡ ᠳ᠋ᠦᠩ ᠢ ᠨᠢ ᠬᠠᠷᠢᠭᠤ ᠲᠤᠰᠬᠠᠬᠤ ᠬᠡᠷᠡᠭᠲᠡᠢ︔ ᠨᠡᠷ᠎ᠡ ᠪᠤᠷᠤᠭᠤᠯᠠᠭᠰᠠᠨ ᠢᠯᠡᠴᠢᠯᠡᠨ ᠮᠡᠳᠡᠭᠦᠯᠦᠭᠰᠡᠨ ᠪᠠᠶᠢᠪᠠᠯ ᠵᠣᠬᠢᠬᠤ ᠬᠡᠮᠵᠢᠶᠡᠨ ᠳᠤ ᠪᠠᠶᠢᠳᠠᠯ ᠢ ᠲᠣᠳᠣᠷᠬᠠᠶᠢᠯᠠᠵᠤ᠃ ᠪᠠᠶᠢᠴᠠᠭᠠᠨ ᠪᠠᠶᠢᠴᠠᠭᠠᠬᠤ ᠪᠠᠷ ᠳᠠᠮᠵᠢᠨ ᠮᠠᠭᠤ ᠰᠠᠨᠠᠭ᠎ᠠ ᠲᠠᠢ ᠪᠠᠷ ᠰᠢᠷᠬᠠᠲᠤᠭᠰᠠᠨ᠂ ᠭᠦᠳᠬᠡᠨ ᠭᠦᠵᠢᠷᠯᠡᠭᠰᠡᠨ ᠵᠢᠴᠢ ᠮᠠᠭᠤ ᠰᠠᠨᠠᠭ᠎ᠠ ᠲᠠᠢ ᠪᠠᠷ ᠤᠬᠠᠭᠠᠯᠠᠭᠰᠠᠨ ᠪᠠ ᠭᠦᠳᠬᠡᠭᠰᠡᠨ ᠬᠠᠤᠯᠢ ᠬᠡᠷᠡᠭᠵᠢᠭᠦᠯᠬᠦ ᠠᠵᠢᠯᠲᠠᠨ ᠢ ᠴᠠᠭ ᠲᠤᠬᠠᠢ ᠳᠤᠨᠢ ᠵᠣᠬᠢᠰᠲᠠᠢ ᠠᠷᠭ᠎ᠠ ᠮᠠᠶ᠋ᠢᠭ ᠢᠶᠠᠷ ᠳᠠᠮᠵᠢᠭᠤᠯᠤᠨ ᠵᠣᠬᠢᠬᠤ ᠬᠡᠪᠴᠢᠶᠡᠨ ᠳᠤ ᠲᠡᠳᠡᠨ ᠤ ᠵᠥᠪ ᠨᠡᠷ᠎ᠡ ᠶᠢ ᠲᠣᠳᠣᠷᠬᠠᠶᠢᠯᠠᠨ ᠥᠭᠴᠦ᠂ ᠡᠰᠡᠷᠭᠦ ᠲᠠᠯ᠎ᠠ ᠶᠢᠨ ᠨᠥᠯᠥᠭᠡ ᠶᠢ ᠨᠢ ᠠᠷᠢᠯᠭᠠᠵᠤ᠂ ᠬᠠᠷᠢᠭᠤᠴᠠᠯᠭ᠎ᠠ ᠡᠭᠦᠷᠭᠡᠯᠡᠵᠦ᠂ ᠠᠵᠢᠯ ᠬᠢᠵᠦ ᠠᠳᠠᠯ ᠦᠢᠯᠡᠰ ᠪᠣᠰᠬᠠᠬᠤ ᠺᠠᠲᠷᠴᠤᠳ ᠤᠨ ᠲᠦᠰᠢᠭ ᠲᠤᠯᠭᠠᠭᠤᠷᠢ ᠬᠦᠴᠦᠨ ᠪᠣᠯᠭᠠᠨ᠎ᠠ᠃       ᠠᠷᠪᠠ ᠶᠢᠰᠦᠳᠦᠭᠡᠷ ᠵᠦᠢᠯ ᠲᠤᠰ ᠳᠦᠷᠢᠮ ᠢ ᠬᠡᠪᠯᠡᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃            
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号