| ᠠᠯᠠᠱᠠ ᠬᠤᠰᠢᠭᠤ ᠨᠠᠶᠢᠷᠠᠮᠳᠠᠯ ᠢᠶᠠᠷ ᠴᠢᠯᠤᠭᠡᠯᠡᠭᠳᠡᠭᠰᠡᠨ ᠤ ᠳᠠᠷᠠᠭ᠎ᠠ᠂ ᠠᠯᠠᠱᠠ ᠬᠤᠱᠤᠳ ᠬᠤᠰᠢᠭᠤᠨ ᠤ | ᠠᠷᠠᠳ ᠤᠨ ᠵᠠᠰᠠᠭ ᠤᠨ ᠤᠷᠳᠤᠨ ᠪᠠᠶᠢᠭᠤᠯᠤᠭᠳᠠᠵᠤ᠂ 1950 ᠤᠨ ᠳᠤ ᠨᠢᠩᠰᠢᠶᠠ ᠮᠤᠵᠢ ᠳᠤ ᠬᠠᠷᠢᠶᠠᠯᠠᠭᠳᠠᠵᠤ᠂ | ᠳᠤᠰ ᠵᠢᠯ ᠤᠨ 3 ᠰᠠᠷ᠎ᠠ ᠶᠢᠨ 31 ᠤ ᠡᠳᠤᠷ ᠳᠤᠮᠳᠠᠳᠤ ᠤᠯᠤᠰ ᠤᠨ ᠡᠪ ᠬᠠᠮᠳᠤ ᠨᠠᠮ ᠤᠨ ᠨᠢᠩᠰᠢᠶᠠ ᠮᠤᠵᠢ ᠶᠢᠨ | ᠬᠤᠷᠢᠶ᠎ᠠ ᠳᠤᠭᠳᠠᠭᠠᠯ ᠭᠠᠷᠭᠠᠵᠤ᠂ ᠠᠯᠠᠱᠠ ᠬᠤᠱᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ ᠠᠯᠠᠱᠠ | ᠬᠤᠱᠤᠳ ᠬᠤᠰᠢᠭᠤᠨ ᠤ ᠦᠪᠡᠷᠳᠡᠭᠡᠨ ᠵᠠᠰᠠᠬᠤ ᠠᠷᠠᠳ ᠤᠨ ᠵᠠᠰᠠᠭ ᠤᠨ ᠤᠷᠳᠤᠨ ᠭᠡᠵᠤ ᠬᠠᠯᠠᠭᠰᠠᠨ ᠪᠠᠶᠢᠪᠠ᠃ | 1951 ᠤᠨ ᠤ 8 ᠰᠠᠷ᠎ᠠ ᠶᠢᠨ 18 ᠤ ᠡᠳᠤᠷ ᠳᠦᠪ ᠬᠤᠷᠢᠶ᠎ᠠ ᠶᠢᠨ ᠳᠤᠳᠤᠭᠠᠳᠤ ᠶᠠᠪᠤᠳᠠᠯ ᠤᠨ ᠶᠠᠮᠤᠨ | ᠰᠶᠢᠳᠪᠤᠷᠢ ᠭᠠᠷᠭᠠᠵᠤ᠂ ᠠᠯᠠᠱᠠ ᠬᠤᠱᠤᠳ ᠬᠤᠰᠢᠭᠤᠨ ᠤ ᠦᠪᠡᠷᠳᠡᠭᠡᠨ ᠵᠠᠰᠠᠬᠤ ᠠᠷᠠᠳ ᠤᠨ ᠵᠠᠰᠠᠭ ᠤᠨ | ᠤᠷᠳᠤᠨ ᠢ ᠠᠯᠠᠱᠠ ᠬᠤᠰᠢᠭᠤᠨ ᠤ ᠦᠪᠡᠷᠳᠡᠭᠡᠨ ᠵᠠᠰᠠᠬᠤ ᠠᠷᠠᠳ ᠤᠨ ᠵᠠᠰᠠᠭ ᠤᠨ ᠤᠷᠳᠤᠨ ᠭᠡᠵᠤ ᠨᠡᠷᠡᠯᠡᠪᠡ᠃ | 1954 ᠤᠨ ᠳᠤ ᠨᠢᠩᠰᠢᠶᠠ ᠮᠤᠵᠢ ᠶᠢ ᠬᠠᠰᠤᠭᠰᠠᠨ ᠠᠴᠠ ᠭᠠᠨᠰᠤ ᠮᠤᠵᠢ ᠳᠤ ᠬᠠᠷᠢᠶᠠᠯᠠᠭᠤᠯᠵᠤ᠂ | ᠪᠠᠶᠠᠨᠬᠤᠳᠠ ᠶᠢᠨ ᠮᠤᠩᠭᠤᠯ ᠦᠪᠡᠷᠳᠡᠭᠡᠨ ᠵᠠᠰᠠᠬᠤ ᠵᠸᠤ ᠭᠡᠵᠤ ᠨᠠᠷᠠᠯᠠᠵᠠᠢ᠃ 1956 ᠤᠨ ᠤ 4 ᠰᠠᠷ᠎ᠠ ᠳᠤ ᠦᠪᠤᠷ | ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠠᠶᠠᠨᠨᠠᠭᠤᠷ ᠠᠶᠢᠮᠠᠭ ᠤᠨ ᠠᠷᠠᠳ ᠤᠨ ᠵᠦᠪᠯᠡᠯ ᠢ ᠪᠠᠶᠠᠨᠬᠤᠳᠠ ᠳᠤ | ᠪᠠᠶᠢᠭᠤᠯᠤᠭᠰᠠᠨ ᠢᠶᠠᠷ ᠦᠪᠤᠷ ᠮᠤᠩᠭᠤᠯ ᠳᠤ ᠬᠠᠷᠢᠶᠠᠯᠠᠭᠳᠠᠬᠤ ᠪᠤᠯᠵᠤ᠂ ᠪᠠᠶᠠᠨᠬᠤᠳᠠ ᠶᠢ ᠬᠤᠳᠠ ᠪᠤᠯᠭᠠᠨ | ᠪᠠᠶᠢᠭᠤᠯᠤᠭᠰᠠᠨ ᠤ ᠬᠠᠮᠳᠤ ᠪᠠᠶᠠᠨᠬᠤᠳᠠ ᠶᠢᠨ ᠮᠤᠩᠭᠤᠯ ᠦᠪᠡᠷᠳᠡᠭᠡᠨ ᠵᠠᠰᠠᠬᠤ ᠵᠸᠤ ᠶᠢ ᠠᠯᠠᠱᠠ ᠬᠤᠰᠢᠭᠤ ᠭᠡᠵᠤ᠂ | ᠪᠠᠶᠠᠨᠨᠠᠭᠤᠷ ᠠᠶᠢᠮᠠᠭ ᠲᠤ ᠠᠯᠠᠱᠠ ᠬᠤᠰᠢᠭᠤ᠂ ᠡᠵᠡᠨ᠎ᠡ ᠬᠤᠰᠢᠭᠤ᠂ ᠳ᠋ᠧᠩᠺᠸᠤ ᠰᠢᠶᠠᠨ ᠪᠤᠯᠤᠨ ᠪᠠᠶᠠᠨᠬᠤᠳᠠ | ᠬᠠᠷᠢᠶᠠᠯᠠᠭᠳᠠᠬᠤ ᠪᠤᠯᠵᠡᠢ᠃ 1958 ᠤᠨ ᠤ 7 ᠰᠠᠷ᠎ᠠ ᠳᠤ ᠪᠠᠶᠠᠨᠨᠠᠭᠤᠷ ᠠᠶᠢᠮᠠᠭ ᠤᠨ ᠠᠷᠠᠳ ᠤᠨ ᠵᠦᠪᠯᠡᠯ ᠪᠤᠯᠤᠨ | ᠪᠤᠷᠤᠳᠤᠬᠤᠢ ᠤᠷᠤᠨ ᠤ ᠵᠠᠰᠠᠭ ᠵᠠᠭᠢᠷᠭᠠᠨ ᠤ ᠤᠷᠤᠨ ᠨᠠᠶᠢᠯᠠᠵᠤ᠂ ᠪᠠᠶᠠᠨᠨᠠᠭᠤᠷ ᠠᠶᠢᠮᠠᠭ ᠤᠨ ᠵᠠᠭᠢᠷᠭ᠎ᠠ ᠶᠢ | ᠪᠠᠶᠢᠭᠤᠯᠤᠨ᠂ ᠠᠶᠢᠮᠠᠭ ᠳᠦᠪ ᠤᠳᠤ ᠶᠢᠨ ᠪᠠᠶᠠᠨᠨᠠᠭᠤᠷ ᠬᠤᠳᠠ ᠶᠢᠨ ᠪᠠᠶᠠᠨᠭᠤᠤᠯ ᠳᠤ ᠨᠡᠬᠦᠭᠰᠡᠨ ᠢᠶᠠᠷ | ᠪᠠᠶᠠᠨᠬᠤᠳᠠ ᠶᠢᠨ ᠬᠤᠳᠠ ᠶᠢᠨ ᠪᠠᠶᠢᠭᠤᠯᠤᠮᠵᠢ ᠶᠢ ᠬᠠᠰᠤᠵᠠᠢ᠃ | |