ᠰᠦᠯᠵᠢᠶ᠎ᠡ ᠶᠢ ᠰᠠᠶᠢᠲᠤᠷ ᠠᠰᠢᠭᠯᠠᠨ ᠤᠯᠠᠨ ᠲᠦᠮᠡᠨ ᠤ ᠠᠵᠢᠯ ᠢ ᠬᠢᠬᠦ ᠶᠢᠨ ᠤᠴᠢᠷ
ᠨᠡᠶᠢᠲᠡᠯᠡᠭᠰᠡᠨ ᠴᠠᠭ᠄
2024/12/31
                       ●ᠬᠠᠨ ᠯᠢᠩ ᠯᠢᠩ              ᠢᠨᠲ᠋ᠧᠷ ᠰᠦᠯᠵᠢᠶ᠎ᠡ ᠨᠢᠭᠡᠨᠲᠡ ᠣᠳᠣᠬᠠᠨ ᠤ ᠦᠢᠯᠡᠳᠪᠦᠷᠢᠯᠡᠯ ᠠᠮᠢᠳᠤᠷᠠᠯ ᠤᠨ ᠡᠯ᠎ᠡ ᠲᠠᠯ᠎ᠠ ᠳᠤ ᠬᠤᠯᠪᠣᠭᠳᠠᠵᠤ᠂ ᠨᠠᠮ ᠵᠠᠰᠠᠭ ᠠᠴᠠ ᠤᠯᠠᠨ ᠲᠦᠮᠡᠨ ᠲᠠᠢ ᠨᠢᠭᠲᠠ ᠬᠠᠷᠢᠯᠴᠠᠬᠤ᠂ ᠤᠯᠠᠨ ᠲᠦᠮᠡᠨ ᠳᠤ ᠦᠢᠯᠡᠴᠢᠯᠡᠬᠦ ᠴᠢᠬᠤᠯᠠ ᠬᠥᠭᠦᠷᠭᠡ ᠬᠤᠯᠪᠣᠭᠠᠰᠤ ᠪᠣᠯᠤᠭᠰᠠᠨ ᠪᠠᠶᠢᠨ᠎ᠠ᠃ ᠰᠢᠨ᠎ᠡ ᠴᠠᠭ ᠦᠶ᠎ᠡ ᠶᠢᠨ ᠨᠠᠮ ᠤᠨ ᠭᠡᠰᠢᠭᠦᠨ ᠺᠠᠳ᠋ᠷᠴᠤᠳ ᠰᠦᠯᠵᠢᠶᠡᠨ ᠤ ᠮᠡᠳᠡᠭᠡ ᠵᠠᠩᠭᠢ ᠶᠢᠨ ᠴᠠᠭ ᠦᠶ᠎ᠡ ᠶᠢᠨ ᠬᠥᠭᠵᠢᠯᠲᠡ ᠶᠢᠨ ᠬᠠᠨᠳᠤᠰᠢ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠲᠤᠰ ᠪᠡᠶ᠎ᠡ ᠶᠢᠨ ᠰᠦᠯᠵᠢᠶᠡᠨ ᠤ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠦᠨ᠂ ᠰᠦᠯᠵᠢᠶ᠎ᠡ ᠶᠢ ᠣᠶᠢᠯᠠᠭᠠᠵᠤ ᠰᠦᠯᠵᠢᠶ᠎ᠡ ᠶᠢ ᠬᠡᠷᠡᠭᠯᠡᠬᠦ ᠳᠡᠭᠡᠨ ᠴᠢᠳᠠᠮᠠᠭᠠᠢ ᠪᠠᠶᠢᠵᠤ᠂ ᠢᠨᠲ᠋ᠧᠷ ᠰᠦᠯᠵᠢᠶᠡᠨ ᠤ ᠰᠡᠳᠬᠢᠬᠦᠢ ᠪᠠᠨ ᠴᠢᠩᠭᠠᠳᠬᠠᠬᠤ ᠶᠢ ᠲᠤᠯᠭᠠᠮ ᠱᠠᠭᠠᠷᠳᠠᠵᠤ ᠪᠤᠢ᠃              ᠶᠡᠷᠦᠩᠬᠡᠢ ᠱᠦᠵᠢ ᠰᠢ ᠶᠢᠨ ᠫᠢᠩ᠂ ᠢᠨᠲ᠋ᠧᠷ ᠰᠦᠯᠵᠢᠶᠡᠨ ᠤ ᠪᠣᠭᠤᠮᠲᠠ ᠶᠢ ᠳᠠᠪᠠᠵᠤ ᠳᠡᠶᠢᠯᠭᠦ ᠦᠭᠡᠢ ᠪᠣᠯ ᠤᠷᠲᠤ ᠬᠤᠭᠤᠴᠠᠭ᠎ᠠ ᠪᠠᠷ ᠲᠥᠷᠥ ᠪᠠᠷᠢᠬᠤ ᠪᠣᠭᠤᠮᠲᠠ ᠶᠢ ᠳᠠᠪᠠᠵᠤ ᠳᠡᠶᠢᠯᠭᠦ ᠦᠭᠡᠢ ᠶᠤᠮ ᠭᠡᠵᠦ ᠴᠢᠬᠤᠯᠠᠴᠢᠯᠠᠭᠰᠠᠨ ᠪᠢᠯᠡ᠃ ᠨᠠᠮ ᠤᠨ ᠭᠡᠰᠢᠭᠦᠨ ᠺᠠᠳ᠋ᠷᠴᠤᠳ ᠰᠢᠨ᠎ᠡ ᠮᠡᠷᠭᠡᠵᠢᠯ ᠢ ᠰᠤᠷᠤᠯᠴᠠᠬᠤ ᠳᠡᠭᠡᠷ᠎ᠡ ᠬᠦᠴᠦ ᠲᠠᠯᠪᠢᠵᠤ᠂ ᠢᠨᠲ᠋ᠧᠷ ᠰᠦᠯᠵᠢᠶᠡᠨ ᠤ ᠮᠡᠳᠡᠯᠭᠡ ᠶᠢ ᠡᠵᠡᠮᠰᠢᠨ᠂ ︽ᠰᠦᠯᠵᠢᠶᠡᠨ ᠤ ᠭᠡᠯᠡ ᠬᠡᠯᠡᠯᠭᠡ︾ ᠶᠢ ᠰᠠᠶᠢᠲᠤᠷ ᠰᠤᠷᠤᠯᠴᠠᠵᠦ᠂ ᠢᠨᠲ᠋ᠧᠷ ᠰᠦᠯᠵᠢᠶᠡᠨ ᠤ ᠳᠠᠪᠠᠭᠤᠯᠢᠭ ᠢ ᠠᠰᠢᠭᠯᠠᠭᠠᠳ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠤᠨᠢᠨ ᠳᠡᠭᠡᠷ᠎ᠡ ᠨᠢ ᠨᠡᠶᠢᠭᠡᠮ ᠤᠨ ᠵᠠᠰᠠᠯᠲᠠ ᠬᠢᠬᠦ᠂ ᠥᠨᠳᠥᠷ ᠪᠦᠲᠦᠮᠵᠢᠲᠡᠢ ᠪᠠᠷ ᠤᠯᠠᠨ ᠨᠡᠶᠢᠲᠡ ᠳᠤ ᠦᠢᠯᠡᠴᠢᠯᠡᠬᠦ ᠶᠢ ᠠᠬᠢᠭᠤᠯᠵᠤ ᠪᠤᠯᠬᠤ ᠮᠥᠷᠲᠡᠭᠡᠨ ᠰᠦᠯᠵᠢᠶᠡᠨ ᠢᠷᠭᠡᠳ ᠲᠠᠢ ᠨᠢᠭᠡ ᠲᠠᠪᠴᠠᠩ᠂ ᠨᠢᠭᠡ ᠰᠤᠪᠠᠭ᠂ ᠨᠢᠭᠡ ᠬᠡᠯᠡᠨ ᠤ ᠰᠢᠰᠲ᠋ᠧᠮ ᠳᠤ ᠨᠡᠪᠲᠡᠷᠡᠯᠴᠡᠵᠦ᠂ ᠤᠯᠠᠨ ᠲᠦᠮᠡᠨ ᠤ ᠠᠩᠬᠠᠷᠤᠯ ᠳᠤ ᠴᠠᠭ ᠲᠤᠬᠠᠢ ᠳᠤᠨᠢ ᠬᠠᠷᠢᠭᠤᠯᠲᠠ ᠥᠭᠪᠡᠯ ᠤᠯᠠᠨ ᠲᠦᠮᠡᠨ ᠲᠠᠢ ᠨᠡᠩ ᠤᠶᠢᠷᠠᠳᠴᠦ ᠳᠡᠶᠢᠯᠭᠦ ᠮᠥᠷᠲᠡᠭᠡᠨ ᠠᠵᠢᠯ ᠤᠨ ᠦᠷ᠎ᠡ ᠠᠰᠢᠭ ᠢ ᠪᠦᠳᠦᠮᠵᠢᠳᠡᠢ ᠳᠡᠭᠡᠭᠰᠢᠯᠡᠭᠦᠯᠵᠦ ᠴᠢᠳᠠᠨ᠎ᠠ᠃              ᠢᠨᠲ᠋ᠧᠷ ᠰᠦᠯᠵᠢᠶ᠎ᠡ ᠪᠣᠯ ᠮᠡᠳᠡᠭᠡ ᠵᠠᠩᠭᠢ ᠶᠢᠨ ᠬᠥᠭᠦᠷᠭᠡ ᠮᠥᠨ᠂ ᠮᠥᠨ ᠴᠢᠨᠠᠷ ᠳᠡᠭᠡᠷ᠎ᠡ ᠪᠠᠨ ᠪᠠᠰᠠ ᠴᠤ ᠬᠥᠮᠥᠨ ᠤ ᠬᠤᠭᠤᠷᠤᠨᠲᠤᠭᠢ ᠬᠤᠯᠪᠣᠭᠠᠰᠤ ᠮᠥᠨ᠃ ᠨᠠᠮ ᠤᠨ ᠭᠡᠰᠢᠭᠦᠨ ᠺᠠᠳ᠋ᠷᠴᠤᠳ ᠲᠦᠷᠦᠭᠦᠯᠡᠨ ᠢᠨᠲ᠋ᠧᠷ ᠰᠦᠯᠵᠢᠶᠡᠨ ᠤ ᠰᠡᠳᠬᠢᠬᠦᠢ ᠪᠠᠨ ᠴᠢᠩᠭᠠᠳᠬᠠᠵᠤ᠂ ᠢᠨᠲ᠋ᠧᠷ ᠰᠦᠯᠵᠢᠶᠡᠨ ᠤ ᠵᠢᠮ᠎ᠡ ᠶᠣᠰᠣ ᠶᠢ ᠡᠵᠡᠮᠳᠡᠵᠦ᠂ ᠰᠦᠯᠵᠢᠶᠡᠨ ᠳᠡᠭᠡᠷᠡᠬᠢ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠬᠤᠪᠢᠷᠠᠯᠲᠠ ᠶᠢ ᠢᠯᠡᠭᠦᠬᠡᠨ ᠠᠩᠬᠠᠷᠴᠤ᠂ ᠰᠣᠯᠢᠯᠴᠠᠭᠠᠨ ᠤ ᠠᠷᠭ᠎ᠠ ᠵᠠᠮ ᠢᠶᠠᠨ ᠥᠷᠭᠡᠳᠬᠡᠬᠦ ᠴᠢᠬᠤᠯᠠᠲᠠᠢ᠃ ᠨᠠᠮ ᠤᠨ ᠭᠡᠰᠢᠭᠦᠨ ᠺᠠᠳ᠋ᠷᠴᠤᠳ ᠰᠠᠨᠠᠭᠠᠴᠢᠯᠠᠭ᠎ᠠ  ᠠᠴᠠ ᠪᠠᠨ ᠰᠦᠯᠵᠢᠶᠡᠨ ᠳᠤ ᠭᠠᠷᠴᠤ᠂ ᠰᠦᠯᠵᠢᠶᠡᠨ ᠢᠷᠭᠡᠳ ᠲᠠᠢ ᠢᠳᠡᠪᠬᠢᠲᠡᠢ ᠪᠠᠷ ᠨᠡᠪᠲᠡᠷᠡᠯᠴᠡᠨ᠂ ᠰᠦᠯᠵᠢᠶᠡᠨ ᠢᠷᠭᠡᠳ ᠤᠨ ᠦᠵᠡᠯᠲᠡ᠂ ᠠᠷᠠᠳ ᠤᠨ ᠪᠠᠶᠢᠳᠠᠯ ᠤᠨ ᠲᠤᠰᠬᠠᠯ ᠵᠡᠷᠭᠡ ᠳᠤ ᠠᠩᠬᠠᠷᠤᠯ ᠲᠠᠯᠪᠢᠵᠤ᠂ ᠰᠦᠯᠵᠢᠶᠡᠨ ᠢᠷᠭᠡᠳ ᠤᠨ ᠪᠤᠳᠣᠯ ᠢ ᠣᠶᠢᠯᠠᠭᠠᠵᠤ ᠪᠤᠯᠲᠠᠭ᠃ ᠡᠭᠦᠨ ᠤ ᠤᠯᠠᠮ ᠠᠴᠠ ᠠᠷᠠᠳ ᠤᠨ ᠰᠠᠨᠠᠭ᠎ᠠ ᠪᠤᠳᠤᠯ ᠳᠤ ᠵᠥᠪ ᠢᠶᠠᠷ ᠬᠠᠨᠳᠤᠵᠤ᠂ ᠪᠦᠲᠦᠭᠡᠯᠴᠢ ᠴᠢᠨᠠᠷᠲᠠᠢ ᠰᠠᠨᠠᠯ ᠢ ᠴᠠᠭ ᠲᠤᠬᠠᠢ ᠳᠤᠨᠢ ᠰᠢᠩᠭᠡᠬᠡᠨ ᠠᠪᠴᠤ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠨ᠂ ᠪᠠᠶᠢᠳᠠᠯ ᠢ ᠣᠶᠢᠯᠠᠭᠠᠬᠤ ᠦᠭᠡᠢ ᠬᠥᠮᠥᠰ ᠲᠤ ᠴᠠᠭ ᠲᠤᠬᠠᠢ ᠳᠤᠨᠢ ᠤᠬᠠᠭᠤᠯᠵᠤ᠂ ᠪᠠᠯᠠᠷᠬᠠᠢ ᠲᠠᠨᠢᠯᠲᠠ ᠲᠠᠢ ᠳᠤᠨᠢ ᠴᠠᠭ ᠲᠤᠬᠠᠢ ᠳᠤᠨᠢ ᠲᠣᠳᠣᠷᠬᠠᠶᠢᠯᠠᠯᠲᠠ ᠬᠢᠵᠦ᠂ ᠭᠤᠮᠣᠳᠠᠯ ᠢ ᠨᠢ ᠴᠠᠭ ᠲᠤᠬᠠᠢ ᠳᠤᠨᠢ ᠠᠷᠢᠯᠭᠠᠨ᠂ ᠪᠤᠷᠤᠭᠤ ᠦᠵᠡᠯᠲᠡ ᠶᠢ ᠨᠢ ᠴᠠᠭ ᠲᠤᠬᠠᠢ ᠳᠤᠨᠢ ᠬᠥᠲᠥᠯᠥᠨ ᠵᠢᠯᠤᠭᠤᠳᠬᠤ ᠪᠠ ᠵᠠᠯᠠᠷᠠᠭᠤᠯᠬᠤ ᠨᠢ ᠳᠤᠩ ᠴᠢᠬᠤᠯᠠ᠃              ᠤᠳᠤᠷᠢᠳᠬᠤ ᠺᠠᠳ᠋ᠷᠴᠤᠳ ᠲᠤ ᠠᠪᠴᠤ ᠬᠡᠯᠡᠪᠡᠯ᠂ ᠰᠦᠯᠵᠢᠶ᠎ᠡ ᠶᠢ ᠬᠡᠷᠬᠢᠨ ᠰᠠᠶᠢᠲᠤᠷ ᠠᠰᠢᠭᠯᠠᠵᠤ᠂ ᠰᠦᠯᠵᠢᠶᠡᠨ ᠳᠡᠭᠡᠷ᠎ᠡ ᠪᠠ ᠪᠣᠳᠠᠲᠤ ᠴᠣᠭᠴᠠ ᠶᠢ ᠬᠠᠷᠢᠯᠴᠠᠨ ᠣᠷᠭᠠᠨᠢᠭ ᠢᠶᠠᠷ ᠠᠭᠤᠰᠤᠯᠴᠠᠭᠤᠯᠤᠨ᠂ ᠰᠦᠯᠵᠢᠶᠡᠨ ᠳᠡᠭᠡᠷ᠎ᠡ ᠲᠤᠰᠬᠠᠭᠰᠠᠨ ᠠᠰᠠᠭᠤᠳᠠᠯ ᠢ ᠴᠠᠭ ᠲᠤᠬᠠᠢ ᠳᠤᠨᠢ ᠰᠠᠶᠢᠲᠤᠷ ᠰᠢᠢᠳᠪᠦᠷᠢᠯᠡᠬᠦ ᠪᠣᠯ ᠵᠠᠩᠭᠢᠯᠠᠭ᠎ᠠ ᠪᠣᠯᠣᠨ᠎ᠠ᠃ ᠨᠠᠮ ᠤᠨ ᠭᠡᠰᠢᠭᠦᠨ ᠺᠠᠳ᠋ᠷᠴᠤᠳ ᠢᠨᠲ᠋ᠧᠷ ᠰᠦᠯᠵᠢᠶ᠎ᠡ ᠶᠢᠨ ᠢᠳᠡᠪᠬᠢ ᠦᠢᠯᠡᠳᠦᠯ ᠢ ᠪᠠᠳᠠᠷᠠᠭᠤᠯᠵᠤ᠂ ᠰᠠᠨᠠᠭᠠᠴᠢᠯᠠᠭ᠎ᠠ  ᠠᠴᠠ ᠪᠠᠨ ᠦᠭᠡ ᠬᠡᠯᠡᠵᠦ᠂ ᠢᠳᠡᠪᠬᠢ ᠬᠦᠴᠦᠨ ᠢ ᠳᠠᠮᠵᠢᠭᠤᠯᠬᠤ ᠬᠡᠷᠡᠭᠲᠡᠢ᠃ ᠢᠨᠲ᠋ᠧᠷ ᠰᠦᠯᠵᠢᠶ᠎ᠡ ᠶᠢ ᠰᠠᠶᠢᠲᠤᠷ ᠠᠰᠢᠭᠯᠠᠨ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠨ ᠬᠦᠴᠢᠷᠳᠡᠯ ᠢ ᠠᠷᠢᠯᠭᠠᠵᠤ᠂ ᠪᠣᠳᠠᠲᠠᠢ ᠠᠮᠵᠢᠯᠲᠠ ᠪᠠᠷ ᠠᠷᠠᠳ ᠤᠨ ᠰᠡᠳᠬᠢᠯ ᠢ ᠳᠤᠯᠠᠭᠠᠴᠠᠭᠤᠯᠤᠨ᠂ ᠠᠷᠠᠳ ᠲᠦᠮᠡᠨ ᠢ ᠵᠣᠯ ᠵᠢᠷᠭᠠᠯ ᠲᠠᠢ ᠠᠮᠢᠳᠤᠷᠠᠭᠤᠯᠬᠤ ᠡᠨᠡ ᠬᠦ ︽ᠤᠯᠤᠰ ᠤᠨ ᠶᠡᠭᠡ ᠶᠠᠪᠤᠳᠠᠯ︾ ᠢ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ᠂ ᠰᠤᠷᠭᠠᠨ ᠬᠥᠮᠦᠵᠢᠯ᠂ ᠣᠷᠴᠢᠨ ᠲᠣᠭᠤᠷᠢᠨ ᠤ ᠬᠠᠮᠠᠭᠠᠯᠠᠯᠲᠠ᠂ ᠠᠵᠢᠯ ᠣᠯᠭᠤᠯᠲᠠ᠂ ᠠᠮᠤᠷ ᠢ ᠬᠠᠮᠠᠭᠠᠯᠠᠬᠤ ᠵᠡᠷᠭᠡ ᠡᠯ᠎ᠡ ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠳᠡᠭᠡᠷ᠎ᠡ ᠨᠠᠶᠢᠳᠠᠪᠤᠷᠢᠵᠢᠭᠤᠯᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠨᠢᠳᠦᠨ ᠳᠤ ᠦᠵᠡᠭᠳᠡᠮ᠎ᠡ ᠭᠠᠷ ᠲᠤ ᠪᠠᠷᠢᠭᠳᠠᠮ᠎ᠠ ᠪᠣᠳᠠᠲᠤ ᠶᠠᠪᠤᠳᠠᠯ ᠪᠤᠯᠭᠠᠬᠤ ᠨᠢ ᠳᠠᠷᠤᠢ ᠨᠠᠮ ᠤᠨ ᠭᠡᠰᠢᠭᠦᠨ ᠺᠠᠳ᠋ᠷᠴᠤᠳ ᠤᠨ ᠬᠢᠪᠡᠰᠦ ᠵᠣᠬᠢᠰᠲᠠᠢ ᠵᠦᠢᠯ ᠶᠤᠮ᠃              ᠨᠠᠮ ᠤᠨ ᠭᠡᠰᠢᠭᠦᠨ ᠺᠠᠳ᠋ᠷᠴᠤᠳ ︽ᠰᠦᠯᠵᠢᠶ᠎ᠡ ᠶᠢ ᠣᠶᠢᠯᠠᠭᠠᠬᠤ ᠰᠦᠯᠵᠢᠶ᠎ᠡ ᠶᠢ ᠡᠵᠡᠮᠰᠢᠬᠦ ᠰᠦᠯᠵᠢᠶ᠎ᠡ ᠶᠢ ᠠᠰᠢᠭᠯᠠᠬᠤ︾ ᠶᠢ ᠨᠢᠭᠡ ᠵᠦᠢᠯ ᠤᠨ ᠦᠨᠳᠦᠰᠦᠨ ᠪᠣᠯᠪᠠᠰᠤᠷᠠᠯ ᠪᠠ ᠵᠠᠪᠠᠯ ᠰᠤᠷᠬᠤ ᠬᠢᠴᠢᠶᠡᠯ ᠪᠤᠯᠭᠠᠵᠤ᠂ ᠰᠦᠯᠵᠢᠶᠡᠨ ᠳᠡᠭᠡᠷᠡᠬᠢ ᠤᠯᠠᠨ ᠲᠦᠮᠡᠨᠴᠢ ᠱᠤᠭᠤᠮ ᠢᠶᠠᠷ ᠯᠠᠪᠳᠠᠭᠤᠨ ᠪᠠᠲᠤᠲᠠᠢ ᠵᠠᠮᠨᠠᠵᠤ᠂ ᠦᠷᠭᠦᠯᠵᠢ ᠰᠦᠯᠵᠢᠶᠡᠨ ᠢᠷᠭᠡᠳ ᠲᠠᠢ ᠬᠠᠮᠲᠤ ᠪᠠᠷ ︽ᠵᠥᠪᠳᠡᠯᠴᠡᠵᠦ︾᠂ ᠤᠯᠠᠨ ᠲᠦᠮᠡᠨ ᠳᠤ ᠨᠡᠩ ᠰᠠᠶᠢᠨ ᠦᠢᠯᠡᠴᠢᠯᠡᠨ᠂ ᠤᠯᠠᠨ ᠲᠦᠮᠡᠨ ᠤ ᠳᠡᠮᠵᠢᠯᠭᠡ ᠶᠢ ᠢᠯᠡᠭᠦᠬᠡᠨ ᠣᠯᠵᠤ᠂ ᠰᠢᠨ᠎ᠡ ᠠᠶᠠᠨ ᠳᠠᠭᠠᠨ ᠡᠷᠡᠯᠬᠡᠭᠯᠡᠨ ᠤᠷᠤᠭᠰᠢᠯᠠᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠪᠠᠷ ᠴᠢᠷᠮᠠᠶᠢᠶ᠎ᠠ᠃                            ᠥᠪᠥᠷ ᠮᠣᠩᠭᠤᠯ ᠤᠨ ᠡᠳᠦᠷ ᠤᠨ ᠰᠣᠨᠢᠨ ᠠᠴᠠ
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号