| ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠤᠨ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠸᠠᠩ ᠶᠢᠨ ᠪᠦᠦ᠄ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠬᠦᠷᠢᠶᠡᠨ ᠳᠠᠬᠢ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ | ᠲᠠᠯ᠎ᠠ ᠪᠠᠷ ᠭᠦᠨᠵᠡᠭᠡᠶᠢᠷᠡᠭᠦᠯᠵᠦ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠴᠢᠨᠠᠷ ᠰᠠᠶᠢᠲᠠᠢ ᠬᠥᠭᠵᠢᠯᠲᠡ | ᠶᠢ ᠶᠡᠭᠡ ᠪᠠᠷ ᠠᠬᠢᠭᠤᠯᠤᠨ᠎ᠠ | ᠥᠪᠥᠷ ᠮᠣᠩᠭᠤᠯ ᠤᠨ ᠡᠳᠦᠷ ᠤᠨ ᠰᠣᠨᠢᠨ ᠤ ᠰᠤᠷᠪᠤᠯᠵᠢᠯᠠᠬᠴᠢ ᠺᠠᠩ ᠯᠢ ᠨᠠ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ | ᠠᠴᠠ ᠪᠠᠶᠢᠯᠳᠤᠬᠤ ᠪᠣᠳᠣᠯᠭ᠎ᠠ ᠪᠠ ᠪᠦᠭᠦ ᠲᠠᠯ᠎ᠠ ᠶᠢᠨ ᠥᠨᠳᠥᠷᠴᠡ ᠠᠴᠠ ︽ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠪᠠᠶᠢᠭᠤᠯᠤᠯ ᠲᠣᠭᠲᠠᠴᠠ ᠶᠢ ᠪᠦᠷᠢᠨᠰᠢᠭᠦᠯᠬᠦ︾ ᠲᠤᠬᠠᠢ ᠠᠯᠢ ᠤᠯᠠᠨ ᠰᠢᠨ᠎ᠡ | ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠳᠤᠷᠠᠳᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠭᠦᠳᠡ ᠬᠤᠷᠠᠯ ᠠᠴᠠ ᠮᠠᠨ ᠤ ᠣᠷᠣᠨ ᠤ ᠡᠯ᠎ᠡ ᠬᠦᠷᠢᠶᠡᠨ | ᠳᠠᠬᠢ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠡᠭᠦᠷᠭᠡ ᠶᠢ | ᠤᠯᠠᠮ ᠨᠢᠭᠡ ᠠᠯᠬᠤᠮ ᠲᠣᠳᠣᠷᠬᠠᠶᠢᠯᠠᠪᠠ᠃ | ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠤᠨ | ᠬᠢᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ | ᠨᠠᠢᠮᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠬᠡᠷᠬᠢᠨ ᠰᠤᠷᠤᠯᠴᠠᠨ ᠤᠬᠠᠭᠤᠯᠵᠤ ᠲᠤᠭᠤᠰᠢᠯᠠᠭᠤᠯᠤᠨ᠂ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠬᠦᠷᠢᠶᠡᠨ ᠳᠠᠬᠢ ᠥᠭᠡᠷᠡᠴᠢᠯᠡᠯᠲᠡ ᠶᠢ ᠤᠯᠠᠮ ᠨᠢᠭᠡ ᠠᠯᠬᠤᠮ | ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠴᠢᠨᠠᠷ ᠰᠠᠶᠢᠲᠠᠢ | ᠬᠥᠭᠵᠢᠯᠲᠡ ᠶᠢ ᠶᠡᠭᠡ ᠪᠠᠷ ᠠᠬᠢᠭᠤᠯᠬᠤ ᠲᠤᠬᠠᠢ ᠣᠶᠢᠷ᠎ᠠ ᠳᠤ ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ᠂ ᠲᠢᠩᠬᠢᠮ ᠤᠨ ᠳᠠᠷᠤᠭ᠎ᠠ ᠸᠠᠩ ᠶᠢᠨ ᠪᠦᠦ ᠶᠢ ᠰᠤᠷᠪᠤᠯᠵᠢᠯᠠᠪᠠ᠃ | ᠥᠪᠥᠷ ᠮᠣᠩᠭᠤᠯ ᠤᠨ ᠡᠳᠦᠷ ᠤᠨ ᠰᠣᠨᠢᠨ᠄ ᠲᠥᠷᠥ ᠶᠢᠨ ᠪᠣᠳᠣᠯᠭ᠎ᠠ ᠶᠢᠨ ᠲᠤᠯᠭᠠᠭᠤᠷᠢᠯᠠᠬᠤ | ᠰᠢᠰᠲ᠋ᠧᠮ ᠢ ᠲᠡᠭᠦᠯᠳᠡᠷᠵᠢᠭᠦᠯᠬᠦ ᠪᠣᠯ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠪᠦᠲᠦᠮᠵᠢᠲᠡᠶ ᠲᠤᠯᠭᠠᠭᠤᠷᠢᠯᠠᠯ ᠮᠥᠨ᠂ ᠪᠠᠰᠠ ᠴᠤ ᠴᠢᠭᠯᠡᠯ ᠤᠨ ᠵᠢᠯᠣᠭᠤᠳᠤᠮᠵᠢ | ᠪᠤᠯᠬᠤ ᠶᠤᠮ᠃ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ | ᠲᠥᠷᠥ ᠶᠢᠨ ᠪᠣᠳᠣᠯᠭ᠎ᠠ ᠶᠢᠨ ᠲᠤᠯᠭᠠᠭᠤᠷᠢᠯᠠᠬᠤ ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠬᠦ ᠲᠠᠯ᠎ᠠ ᠪᠠᠷ | ᠶᠠᠮᠠᠷᠰᠢᠤ ᠰᠢᠨ᠎ᠡ ᠶᠢ ᠡᠭᠦᠳᠬᠦ ᠴᠢᠨᠠᠷᠲᠠᠢ ᠠᠵᠢᠯ ᠢ ᠥᠷᠨᠢᠭᠦᠯᠦᠭᠰᠡᠨ ᠪᠤᠶ︖ | ᠸᠠᠩ ᠶᠢᠨ ᠪᠦᠦ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ | ᠶᠢᠨ ᠲᠢᠩᠬᠢᠮ ᠤᠨ ᠬᠢᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ | ᠬᠤᠷᠠᠯ ᠤᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ | ᠬᠤᠭᠤᠴᠠᠭᠠᠨ ᠤ ᠨᠠᠢᠮᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠲᠤᠬᠠᠢ ᠠᠯᠢ ᠣᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠶᠢ | ᠭᠦᠨᠵᠡᠭᠡᠢ ᠰᠤᠷᠤᠯᠴᠠᠨ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠵᠠᠷᠴᠢᠮ ᠢ | ᠢᠮᠠᠭᠲᠠ ᠪᠠᠷᠢᠮᠲᠠᠯᠠᠵᠤ᠂ ᠥᠭᠡᠷᠡᠴᠢᠯᠡᠯᠲᠡ ᠪᠠᠷ ᠠᠵᠢᠯ ᠢᠶᠠᠨ ᠲᠥᠯᠥᠪᠯᠡᠨ᠂ ᠥᠭᠡᠷᠡᠴᠢᠯᠡᠯᠲᠡ ᠪᠠᠷ ᠬᠥᠭᠵᠢᠯᠲᠡ ᠶᠢ | ᠠᠬᠢᠭᠤᠯᠵᠤ᠂ ᠥᠪᠥᠷ ᠮᠣᠩᠭᠤᠯ ᠤᠨ ᠣᠨᠴᠠᠯᠢᠭ ᠳᠠᠪᠠᠭᠤᠯᠢᠭ ᠢ ᠢᠯᠡᠷᠡᠭᠦᠯᠦᠭᠰᠡᠨ ᠰᠢᠨ᠎ᠡ ᠭᠡᠯᠪᠡᠷᠢ ᠶᠢᠨ ᠠᠵᠤ | ᠦᠢᠯᠡᠳᠪᠦᠷᠢᠵᠢᠯᠲᠡ ᠶᠢ ᠠᠬᠢᠭᠤᠯᠬᠤ ᠲᠣᠭᠲᠠᠴᠠ ᠶᠢ ᠲᠦᠷᠭᠡᠳᠬᠡᠨ ᠲᠡᠭᠦᠯᠳᠡᠷᠵᠢᠭᠦᠯᠵᠦ᠂ ᠪᠦᠭᠦ ᠣᠷᠣᠨ ᠤ ︽ | ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ ᠳᠤ ᠣᠷᠣᠬᠤ︾ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ | ᠦᠵᠡᠭᠦᠯᠦᠭᠰᠡᠨ ᠪᠠᠶᠢᠨ᠎ᠠ᠃ ᠥᠭᠡᠷᠡᠴᠢᠯᠡᠯᠲᠡ ᠶᠢᠨ ᠰᠦᠪᠡᠭᠴᠢᠯᠡᠯᠳᠤ ᠴᠢᠨᠠᠷ᠂ ᠪᠦᠲᠦᠮᠵᠢᠲᠦ ᠴᠢᠨᠠᠷ ᠨᠢ ᠨᠠᠷᠢᠯᠢᠭ | ᠣᠨᠣᠴᠠᠲᠠᠢ ᠪᠥᠭᠡᠳ ᠪᠦᠲᠦᠮᠵᠢᠲᠡᠶ ᠲᠥᠷᠥ ᠶᠢᠨ ᠪᠣᠳᠣᠯᠭ᠎ᠠ ᠶᠢᠨ ᠲᠤᠯᠭᠠᠭᠤᠷᠢᠯᠠᠯ ᠢ ᠱᠠᠭᠠᠷᠳᠠᠨ᠎ᠠ᠃ ᠪᠢᠳᠡ ᠤᠳᠤ | ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠪᠠᠷ ᠭᠤᠣᠯ ᠰᠢᠵᠢᠮ ᠪᠤᠯᠭᠠᠬᠤ ᠶᠢ ᠪᠠᠷᠢᠮᠲᠠᠯᠠᠵᠤ᠂ | ᠲᠦᠷᠦ ᠶᠢᠨ ᠪᠣᠳᠣᠯᠭ᠎ᠠ ᠶᠢᠨ ᠲᠤᠯᠭᠠᠭᠤᠷᠢᠯᠠᠬᠤ ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠪᠡ᠃ | ᠡ᠊ᠩ ᠲᠡᠷᠢᠭᠦᠨ ᠳᠤ᠂ ᠥᠪᠥᠷ ᠮᠣᠩᠭᠤᠯ ᠤᠨ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ | ᠬᠥᠭᠵᠢᠯᠲᠡ ᠶᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ ᠵᠢᠴᠢ ᠢᠵᠢ ᠪᠦᠷᠢᠳᠦᠭᠰᠡᠨ ᠠᠵᠢᠯᠯᠠᠭᠠᠨ ᠤ ᠲᠥᠰᠥᠯ ᠢ | ᠨᠡᠶᠢᠲᠡᠯᠡᠵᠦ᠂ ︽1 + 7︾ ᠲᠥᠷᠥ ᠶᠢᠨ ᠪᠣᠳᠣᠯᠭ᠎ᠠ ᠶᠢᠨ ᠲᠤᠯᠭᠠᠭᠤᠷᠢᠯᠠᠬᠤ ᠰᠢᠰᠲ᠋ᠧᠮ ᠢ ᠪᠠᠶᠢᠭᠤᠯᠪᠠ᠃ | ᠭᠤᠣᠯᠳᠠᠯᠭ᠎ᠠ ᠲᠠᠢ ᠠᠵᠢᠯ ᠲᠥᠷᠥᠯ ᠤᠨ ᠲᠣᠭᠲᠠᠭᠤᠨ ᠢᠶᠠᠷ ᠨᠡᠮᠡᠭᠳᠡᠭᠦᠯᠬᠦ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠠᠬᠢᠭᠤᠯᠵᠤ᠂ ᠬᠤᠪᠣᠷ ᠰᠢᠷᠣᠢ᠂ ᠬᠡᠦᠷᠰᠢᠭᠦᠯᠬᠦ᠂ ᠲᠡᠮᠦᠷ ᠤᠨ | ᠬᠠᠶᠢᠯᠤᠰᠢ᠂ ᠯᠢᠲ᠋ᠢ ᠶᠢᠨ ᠠᠵᠤ ᠦᠢᠯᠡᠰ᠂ ᠬᠥᠩᠭᠡᠨᠴᠠᠭᠠᠨ ᠤ ᠠᠵᠤ ᠦᠢᠯᠡᠰ ᠵᠡᠷᠭᠡ ᠰᠢᠷᠢᠰ ᠲᠥᠷᠥ ᠶᠢᠨ | ᠪᠣᠳᠣᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠠᠵᠤ ᠦᠢᠯᠡᠰ ᠤᠨ ᠬᠥᠭᠵᠢᠯᠲᠡ ᠳᠠᠬᠢ ᠲᠥᠷᠥ ᠶᠢᠨ ᠪᠣᠳᠣᠯᠭ᠎ᠠ | ᠶᠢᠨ ᠰᠢᠰᠲ᠋ᠧᠮ ᠤᠨ ᠲᠤᠯᠭᠠᠭᠤᠷᠢᠯᠠᠬᠤ ᠴᠢᠨᠠᠷ ᠪᠠ ᠲᠣᠬᠢᠷᠠᠮᠵᠢᠲᠤ ᠴᠢᠨᠠᠷ ᠢ ᠲᠠᠰᠤᠷᠠᠯᠲᠠ ᠦᠭᠡᠢ ᠴᠢᠩᠭᠠᠷᠠᠭᠤᠯᠪᠠ᠃ | | ᠳᠠᠷᠠᠭᠠᠯᠠᠪᠠᠯ᠂ ᠤᠯᠠᠮᠵᠢᠯᠠᠯᠲᠤ᠂ ᠰᠢᠨ᠎ᠡ ᠪᠠᠷ ᠮᠠᠨᠳᠤᠭᠰᠠᠨ᠂ ᠢᠷᠡᠭᠡᠳᠦᠢ ᠶᠢᠨ ᠠᠵᠤ ᠦᠢᠯᠡᠰ ᠤᠨ ︽ | 5 + 5 + 6︾ ᠬᠠᠮᠵᠢᠯᠴᠠᠨ ᠬᠥᠭᠵᠢᠬᠦ ᠶᠢ ᠠᠬᠢᠭᠤᠯᠬᠤ ᠲᠣᠭᠲᠠᠴᠠ ᠶᠢ ᠪᠦᠷᠢᠨᠰᠢᠭᠦᠯᠪᠡ᠃ ᠤᠯᠠᠮᠵᠢᠯᠠᠯᠲᠤ | ᠠᠵᠤ ᠦᠢᠯᠡᠰ ᠢ ᠪᠠᠬᠢᠵᠢᠭᠦᠯᠦᠨ ᠳᠡᠭᠡᠭᠰᠢᠯᠡᠭᠦᠯᠵᠦ᠂ ᠲᠣᠮᠣ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠨ | ᠥᠭᠡᠷᠡᠴᠢᠯᠡᠬᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠡᠦᠷᠰᠢᠭᠦᠯᠬᠦ᠂ ᠲᠡᠮᠦᠷ ᠤᠨ ᠬᠠᠶᠢᠯᠤᠰᠢ ᠵᠡᠷᠭᠡ ᠠᠵᠢᠯ | ᠲᠥᠷᠥᠯ ᠢ ᠨᠡᠶᠢᠳᠬᠡᠵᠦ ᠳᠠᠭᠢᠨ ᠵᠣᠬᠢᠶᠠᠨ ᠪᠠᠶᠢᠭᠤᠯᠬᠤ ᠶᠢ ᠲᠦᠷᠭᠡᠳᠬᠡᠨ᠂ ᠡᠨᠧᠷᠭᠢ ᠶᠢᠨ ᠬᠡᠷᠡᠭᠴᠡᠭᠡ ᠶᠡᠬᠡᠲᠡᠢ | ᠲᠡᠷᠢᠭᠦᠨ ᠤ ᠠᠵᠤ ᠦᠢᠯᠡᠰ ᠢ ᠥᠨᠳᠥᠷ ᠪᠠᠷᠢᠮᠵᠢᠶ᠎ᠠ᠂ ᠥᠨᠳᠥᠷ ᠲᠦᠪᠰᠢᠨ ᠢᠶᠠᠷ ᠣᠷᠣᠭᠤᠯᠤᠨ ᠠᠪᠴᠢᠷᠠᠪᠠ᠃ | ᠰᠢᠨ᠎ᠡ ᠪᠠᠷ ᠮᠠᠨᠳᠤᠭᠰᠠᠨ ᠠᠵᠤ ᠦᠢᠯᠡᠰ ᠢ ᠲᠦᠷᠭᠡᠳᠬᠡᠨ ᠪᠤᠵᠠᠭᠠᠶᠢᠷᠠᠭᠤᠯᠵᠤ᠂ ᠪᠠᠶᠢᠩᠭᠤᠵᠢᠭᠰᠠᠨ ᠣᠨᠣᠪᠴᠢᠲᠠᠶ ᠪᠠᠷ | ᠠᠷᠠᠯᠵᠢᠶᠠᠴᠢᠨ ᠤᠷᠢᠬᠤ ᠪᠠ ᠴᠢᠬᠤᠯᠠ ᠶᠡᠭᠡ ᠲᠥᠷᠥᠯ ᠵᠦᠢᠯ ᠢ ᠠᠬᠢᠭᠤᠯᠤᠨ ᠵᠣᠬᠢᠴᠠᠭᠤᠯᠬᠤ ᠲᠣᠭᠲᠠᠴᠠ ᠶᠢ | ᠦᠷᠭᠦᠯᠵᠢᠯᠡᠨ ᠲᠡᠭᠦᠯᠳᠡᠷᠵᠢᠭᠦᠯᠵᠦ᠂ ᠦᠢᠯᠡᠳᠬᠦ ᠦᠢᠯᠡᠰ ᠤᠨ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ | ᠶᠢᠨ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠦᠨ᠂ ︽139︾ ᠲᠡᠷᠢᠭᠦᠨ ᠤ ᠦᠢᠯᠡᠳᠬᠦ ᠦᠢᠯᠡᠰ ᠤᠨ | ᠪᠦᠯᠦᠭᠵᠢᠯ ᠤᠨ ᠬᠡᠪᠴᠢᠶ᠎ᠡ ᠪᠠᠨ ᠥᠷᠭᠡᠳᠬᠡᠨ ᠲᠠᠰ ᠳᠡᠪᠰᠢᠬᠦ ᠶᠢ ᠠᠬᠢᠭᠤᠯᠪᠠ᠃ ᠢᠷᠡᠭᠡᠳᠦᠢ ᠶᠢᠨ ᠠᠵᠤ ᠦᠢᠯᠡᠰ ᠢ | ᠲᠥᠯᠥᠪᠯᠡᠨ ᠪᠠᠶᠢᠷᠢᠰᠢᠭᠤᠯᠵᠤ᠂ ᠢᠷᠡᠭᠡᠳᠦᠢ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠵᠢᠯᠤᠭᠤᠳᠬᠤ | ᠴᠢᠨᠠᠷᠲᠠᠢ ᠪᠢᠴᠢᠭ ᠮᠠᠲ᠋ᠧᠷᠢᠶᠠᠯ ᠢ ᠱᠠᠯᠠᠪᠳᠠᠨ ᠲᠣᠭᠲᠠᠭᠠᠵᠤ᠂ ᠳᠣᠣᠷ᠎ᠠ ᠠᠭᠠᠷ ᠤᠨ ᠠᠵᠤ ᠠᠬᠤᠢ ᠶᠢᠨ ᠪᠡᠷᠬᠡ ᠰᠡᠳᠦᠪ | ᠢ ᠰᠢᠢᠳᠪᠦᠷᠢᠯᠡᠬᠦ ᠠᠵᠢᠯ ᠢ ᠡᠬᠢᠯᠡᠭᠦᠯᠬᠦ ᠶᠢ ᠠᠬᠢᠭᠤᠯᠵᠠᠢ᠃ | ᠥᠪᠥᠷ ᠮᠣᠩᠭᠤᠯ ᠤᠨ ᠡᠳᠦᠷ ᠤᠨ ᠰᠣᠨᠢᠨ᠄ ᠰᠢᠨ᠎ᠡ ᠶᠢ ᠡᠭᠦᠳᠬᠦ ᠪᠣᠯ ᠬᠥᠭᠵᠢᠯᠲᠡ ᠶᠢ ᠬᠥᠲᠥᠯᠥᠨ | ᠳᠠᠭᠠᠭᠤᠯᠬᠤ ᠨᠢᠭᠡᠳᠦᠭᠡᠷ ᠬᠥᠳᠡᠯᠭᠡᠬᠦ ᠬᠦᠴᠦᠨ ᠮᠥᠨ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ | ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠮᠥᠨ᠃ ᠥᠪᠡᠷᠲᠡᠭᠡᠨ ᠵᠠᠰᠠᠬᠤ ᠣᠷᠣᠨ ᠤ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ ᠲᠠᠯ᠎ᠠ ᠪᠠᠷ ᠶᠠᠮᠠᠷᠰᠢᠤ ᠠᠵᠢᠯ ᠬᠢᠭᠰᠡᠨ ᠪᠤᠶ︖ | ᠸᠠᠩ ᠶᠢᠨ ᠪᠦᠦ᠄ ᠪᠢᠳᠡ ᠰᠢᠨ᠎ᠡ ᠶᠢ ᠡᠭᠦᠳᠬᠦ ᠬᠥᠭᠵᠢᠯᠲᠡ ᠪᠠᠷ ᠦᠨᠳᠦᠰᠦᠨ ᠬᠥᠳᠡᠯᠭᠡᠬᠦ ᠬᠦᠴᠦᠨ | ᠪᠤᠯᠭᠠᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠤᠨ | ᠪᠠᠶᠢᠭᠤᠯᠤᠯᠲᠠ ᠶᠢ ᠬᠦᠴᠦᠯᠡᠨ ᠴᠢᠩᠭᠠᠳᠬᠠᠪᠠ᠃ ᠠᠵᠤ ᠦᠢᠯᠡᠰ ᠤᠨ ᠬᠥᠭᠵᠢᠯᠲᠡ ᠶᠢᠨ ᠬᠤᠪᠢᠰᠤᠯᠲᠠ ᠳᠤᠮᠳᠠᠬᠢ | ᠰᠢᠨ᠎ᠡ ᠠᠰᠠᠭᠤᠳᠠᠯ᠂ ᠰᠢᠨ᠎ᠡ ᠥᠷᠢᠰᠦᠯᠳᠦᠭᠡᠨ᠂ ᠰᠢᠨ᠎ᠡ ᠬᠦᠴᠢᠷᠳᠡᠯ ᠤᠨ ᠡᠮᠦᠨ᠎ᠡ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠪᠠᠷ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠠᠬᠢᠭᠤᠯᠬᠤ | ᠦᠨᠳᠦᠰᠦᠨ ᠬᠥᠳᠡᠯᠭᠡᠬᠦ ᠬᠦᠴᠦᠨ ᠪᠤᠯᠭᠠᠬᠤ ᠶᠢ ᠪᠠᠷᠢᠮᠲᠠᠯᠠᠵᠤ᠂ ᠠᠵᠤ ᠦᠢᠯᠡᠰ ᠤᠨ ᠰᠢᠨ᠎ᠡ ᠶᠢ ᠡᠭᠦᠳᠬᠦ | ᠬᠥᠭᠵᠢᠯᠲᠡ ᠶᠢᠨ ᠰᠢᠨ᠎ᠡ ᠠᠮᠢ ᠠᠬᠤᠢ ᠶᠢ ᠴᠢᠷᠮᠠᠶᠢᠨ ᠪᠤᠢ ᠪᠣᠯᠭᠠᠪᠠ᠃ ᠥᠪᠡᠷᠲᠡᠭᠡᠨ ᠵᠠᠰᠠᠬᠤ ᠣᠷᠣᠨ ᠤ ᠰᠢᠨ᠎ᠡ | ᠮᠡᠷᠭᠡᠵᠢᠯ ᠤᠨ ᠠᠵᠤ ᠦᠢᠯᠡᠰᠵᠢᠯᠲᠡ ᠶᠢᠨ ᠬᠡᠷᠡᠭᠯᠡᠭᠡᠨ ᠤ ᠵᠢᠯᠤᠭᠤᠳᠬᠤ ᠭᠠᠷᠴᠠᠭ ᠢ ᠰᠤᠳᠤᠯᠤᠨ ᠲᠣᠭᠲᠠᠭᠠᠵᠤ᠂ | ᠰᠢᠨ᠎ᠡ ᠮᠠᠲ᠋ᠧᠷᠢᠶᠠᠯ᠂ ᠡᠯᠧᠺᠲᠷᠣᠨ ᠮᠡᠳᠡᠭᠡ ᠵᠠᠩᠭᠢ ᠦᠢᠯᠡᠳᠬᠦ ᠦᠢᠯᠡᠰ ᠵᠡᠷᠭᠡ ᠬᠦᠷᠢᠶᠡᠨ ᠳᠠᠬᠢ 58 ᠲᠡᠷᠢᠭᠦᠨ ᠤ | ᠮᠡᠷᠭᠡᠵᠢᠯ ᠤᠨ ᠴᠢᠭᠯᠡᠯ ᠢ ᠳᠤᠷᠠᠳᠤᠨ ᠭᠠᠷᠭᠠᠪᠠ᠃ ᠰᠢᠨ᠎ᠡ ᠶᠢ ᠡᠭᠦᠳᠬᠦ ᠲᠠᠪᠴᠠᠩ ᠤᠨ ᠲᠤᠯᠭᠠᠭᠤᠷᠢᠯᠠᠯ ᠢ | ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠲᠡᠰ ᠤᠨ ᠠᠵᠤ ᠠᠬᠤᠶᠢᠯᠠᠯ ᠤᠨ ᠮᠡᠷᠭᠡᠵᠢᠯ ᠤᠨ ᠲᠥᠪ ᠢ 259 | ᠂ ᠥᠪᠡᠷᠲᠡᠭᠡᠨ ᠵᠠᠰᠠᠬᠤ ᠣᠷᠣᠨ ᠤ ᠲᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠭᠦ ᠠᠵᠤ | ᠠᠬᠤᠶᠢᠯᠠᠯ ᠢ 36᠂ ᠥᠪᠡᠷᠲᠡᠭᠡᠨ ᠵᠠᠰᠠᠬᠤ ᠣᠷᠣᠨ ᠤ ᠲᠡᠰ ᠤᠨ ᠦᠢᠯᠡᠳᠬᠦ ᠦᠢᠯᠡᠰ ᠤᠨ ᠰᠢᠨ᠎ᠡ ᠶᠢ ᠡᠭᠦᠳᠬᠦ | ᠲᠥᠪ ᠢ 5 ᠡᠭᠦᠳᠦᠨ ᠪᠠᠶᠢᠭᠤᠯᠪᠠ᠃ ᠠᠩᠬᠠᠨ ᠤ ᠰᠠᠤᠷᠢ ᠢᠵᠢ ᠲᠣᠨᠣᠭᠯᠠᠯ᠂ ᠠᠩᠬᠠᠨ ᠤ ᠪᠦᠯᠦᠭ ᠤᠳᠠᠭ᠎ᠠ ᠶᠢᠨ | ᠮᠠᠲ᠋ᠧᠷᠢᠶᠠᠯ ᠪᠣᠶᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠮᠡᠷᠭᠡᠵᠢᠯ ᠤᠨ ᠲᠣᠨᠣᠭᠯᠠᠯ ᠤᠨ ᠠᠩᠬᠠᠨ ᠤ ᠰᠠᠤᠷᠢ | ᠢᠵᠢ ᠵᠢᠴᠢ ᠵᠠᠩᠭᠢᠯᠠᠭ᠎ᠠ ᠶᠢᠨ ᠰᠡᠯᠪᠢᠭ ᠲᠤᠨᠤᠭ ᠤᠨ 231 ᠲᠦᠷᠦᠯ ᠵᠦᠢᠯ᠂ ᠰᠢᠨ᠎ᠡ ᠮᠠᠲ᠋ᠧᠷᠢᠶᠠᠯ ᠤᠨ ᠠᠩᠬᠠᠨ ᠤ | ᠪᠦᠯᠦᠭ ᠤᠳᠠᠭ᠎ᠠ ᠶᠢᠨ 106 ᠲᠦᠷᠦᠯ ᠵᠦᠢᠯ ᠢ ᠬᠢᠨᠠᠨ ᠲᠣᠭᠲᠠᠭᠠᠪᠠ᠃ | ᠥᠪᠥᠷ ᠮᠣᠩᠭᠤᠯ ᠤᠨ ᠡᠳᠦᠷ ᠤᠨ ᠰᠣᠨᠢᠨ᠄ ᠦᠢᠯᠡᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠢ | ᠰᠢᠯᠢᠳᠡᠭᠵᠢᠭᠦᠯᠬᠦ ᠪᠣᠯ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠴᠢᠬᠤᠯᠠ ᠰᠠᠭᠤᠷᠢ ᠮᠥᠨ᠃ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠢᠩᠬᠢᠮ ᠦᠢᠯᠡᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠢ ᠰᠢᠯᠢᠳᠡᠭᠵᠢᠭᠦᠯᠬᠦ ᠪᠠᠶᠢᠭᠤᠯᠤᠯᠲᠠ ᠶᠢᠨ | ᠲᠠᠯ᠎ᠠ ᠪᠠᠷ ᠶᠠᠮᠠᠷᠰᠢᠤ ᠠᠵᠢᠯ ᠬᠢᠭᠰᠡᠨ ᠪᠤᠶ︖ | ᠸᠠᠩ ᠶᠢᠨ ᠪᠦᠦ᠄ ᠪᠢᠳᠡ ᠠᠵᠤ ᠠᠬᠤᠶᠢᠯᠠᠯ ᠢᠶᠠᠷ ᠭᠤᠣᠯ ᠪᠤᠯᠭᠠᠬᠤ ᠦᠨᠳᠦᠰᠦᠨ ᠴᠢᠭᠯᠡᠯ ᠢ | ᠪᠠᠷᠢᠮᠲᠠᠯᠠᠵᠤ᠂ ᠦᠢᠯᠡᠴᠢᠯᠡᠭᠡ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠬᠦᠴᠦᠯᠡᠨ ᠰᠢᠯᠢᠳᠡᠭᠵᠢᠭᠦᠯᠪᠡ᠃ | ᠴᠢᠨᠠᠷ ᠰᠠᠶᠢᠲᠠᠢ ᠥᠨᠳᠥᠷ ᠪᠦᠲᠦᠮᠵᠢᠲᠡᠢ ᠦᠢᠯᠡᠴᠢᠯᠡᠭᠡᠨ ᠤ ᠰᠢᠰᠲ᠋ᠧᠮ ᠪᠣᠯ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠢᠩᠬᠢᠮ ᠤᠨ ᠠᠵᠤ ᠠᠬᠤᠶᠢᠯᠠᠯ ᠢᠶᠠᠷ ᠭᠤᠣᠯ ᠪᠤᠯᠭᠠᠬᠰᠠᠨ ᠪᠣᠳᠠᠲᠤ ᠢᠯᠡᠷᠡᠯ ᠮᠥᠨ᠃ ᠠᠮᠢ | ᠠᠬᠤᠢ ᠶᠢ ᠰᠢᠯᠢᠳᠡᠭᠵᠢᠭᠦᠯᠬᠦ᠂ ᠢᠲᠡᠭᠡᠯ ᠵᠣᠷᠢᠭ ᠢ ᠬᠥᠪᠴᠢᠯᠡᠬᠦ ᠪᠠᠷ ᠤᠳᠤᠷᠢᠳᠤᠮᠵᠢ ᠪᠤᠯᠭᠠᠵᠤ᠂ ᠬᠦᠷᠢᠶᠡᠯᠡᠩ | ᠲᠣᠭᠤᠷᠢᠭ᠂ ᠠᠵᠤ ᠠᠬᠤᠶᠢᠯᠠᠯ ᠤᠨ ᠬᠥᠭᠵᠢᠯᠲᠡ ᠳᠤ ᠦᠢᠯᠡᠴᠢᠯᠡᠬᠦ ᠰᠢᠨ᠎ᠡ ᠲᠣᠭᠲᠠᠴᠠ ᠶᠢ ᠬᠦᠴᠦᠯᠡᠨ ᠪᠠᠶᠢᠭᠤᠯᠪᠠ | ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ | ᠶᠢ ᠭᠦᠨᠵᠡᠭᠡᠶᠢᠷᠡᠭᠦᠯᠵᠦ᠂ ᠥᠨᠳᠥᠷ ᠲᠦᠪᠰᠢᠨ ᠪᠦᠬᠦᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ | ᠡᠭᠦᠳᠦᠨ ᠪᠠᠶᠢᠭᠤᠯᠬᠤ ᠶᠢ ᠦᠷᠭᠦᠯᠵᠢᠯᠡᠨ ᠰᠠᠶᠢᠲᠤᠷ ᠠᠳᠬᠤᠵᠤ᠂ ᠬᠦᠷᠢᠶᠡᠯᠡᠩ ᠲᠣᠭᠤᠷᠢᠭ ᠤᠨ ᠴᠢᠳᠠᠮᠵᠢ ᠶᠢᠨ | ᠪᠠᠶᠢᠷᠢ ᠲᠣᠭᠲᠠᠭᠠᠯᠲᠠ ᠶᠢ ᠲᠣᠭᠲᠠᠭᠠᠬᠤ᠂ ᠬᠢᠨᠠᠨ ᠰᠢᠯᠭᠠᠵᠤ ᠦᠨᠡᠯᠡᠬᠦ᠂ ᠠᠵᠢᠯ ᠤᠨ ᠠᠮᠵᠢᠯᠲᠠ ᠪᠦᠲᠦᠮᠵᠢ ᠶᠢ | ᠱᠠᠩᠨᠠᠨ ᠬᠥᠬᠢᠭᠦᠯᠬᠦ ᠶᠢ ᠴᠢᠩᠭᠠᠷᠠᠭᠤᠯᠤᠨ᠂ ︽ᠬᠠᠮᠢᠶᠠᠷᠤᠯᠲᠠ ᠶᠢᠨ ᠵᠥᠪᠯᠡᠯ + ᠺᠤᠮᠫᠠᠨᠢ︾ ᠶᠢᠨ ᠵᠠᠭᠪᠤᠷ ᠢ | ᠢᠳᠡᠪᠬᠢᠲᠡᠢ ᠬᠡᠷᠡᠭᠵᠢᠭᠦᠯᠵᠦ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠶᠡᠷᠦᠩᠬᠡᠶᠢᠯᠡᠭᠰᠡᠨ ᠪᠣᠳᠠᠲᠤ | ᠬᠦᠴᠦᠨ ᠪᠠ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠳᠡᠭᠡᠭᠰᠢᠯᠡᠭᠦᠯᠪᠡ᠃ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠬᠥᠭᠵᠢᠯᠲᠡ ᠳᠤ ᠦᠢᠯᠡᠴᠢᠯᠡᠬᠦ ᠲᠣᠭᠲᠠᠴᠠ ᠶᠢ ᠪᠦᠷᠢᠨᠰᠢᠭᠦᠯᠵᠦ᠂ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠢᠨᠵᠧᠨᠧᠷᠢᠩ ᠪᠠ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ | ᠭᠦᠨᠵᠡᠭᠡᠢ ᠬᠡᠷᠡᠭᠵᠢᠭᠦᠯᠦᠨ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤᠮᠳᠠ ᠪᠠᠭ᠎ᠠ ᠠᠵᠤ ᠠᠬᠤᠶᠢᠯᠠᠯ ᠳᠤ | ᠥᠷᠢᠲᠦᠵᠦ ᠪᠠᠶᠢᠭ᠎ᠠ ᠵᠣᠭᠤᠰ ᠢ ᠲᠥᠯᠥᠵᠦ ᠰᠢᠢᠳᠪᠦᠷᠢᠯᠡᠬᠦ ᠠᠵᠢᠯ ᠤᠨ ᠲᠣᠭᠲᠠᠴᠠ ᠶᠢ ᠪᠠᠶᠢᠩᠭᠤᠵᠢᠭᠤᠯᠤᠨ | ᠨᠠᠶᠢᠳᠠᠪᠤᠷᠢᠵᠢᠭᠤᠯᠵᠤ᠂ ᠲᠤᠰᠬᠠᠢ ᠪᠡᠯᠡ ᠮᠥᠩᠭᠦ ᠶᠢᠨ ︽ᠠᠵᠤ ᠠᠬᠤᠶᠢᠯᠠᠯ ᠳᠤ ᠰᠢᠭᠤᠳ ᠠᠰᠢᠭ ᠬᠦᠷᠲᠡᠭᠡᠬᠦ︾ | ᠬᠠᠮᠤᠷᠬᠤ ᠬᠡᠪᠴᠢᠶ᠎ᠡ ᠶᠢ ᠯᠠᠪᠳᠠᠭᠤᠨ ᠢᠶᠠᠷ ᠥᠷᠭᠡᠳᠬᠡᠨ᠂ ᠵᠠᠰᠠᠭ ᠤᠨ ᠣᠷᠳᠣᠨ ᠮᠥᠩᠭᠦᠨ ᠭᠦᠢᠯᠭᠡᠭᠡᠨ ᠤ ᠠᠵᠤ | ᠠᠬᠤᠶᠢᠯᠠᠯ ᠢ ᠵᠣᠯᠭᠠᠭᠤᠯᠬᠤ᠂ ᠦᠢᠯᠡᠳᠪᠦᠷᠢᠯᠡᠯ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ᠂ ᠦᠢᠯᠡᠳᠪᠦᠷᠢᠯᠡᠯ ᠪᠠ | ᠵᠢᠭᠠᠨ ᠰᠤᠷᠭᠠᠯᠲᠠ ᠶᠢ ᠠᠭᠤᠰᠤᠯᠴᠠᠭᠤᠯᠬᠤ ᠵᠡᠷᠭᠡ ᠦᠢᠯᠡᠴᠢᠯᠡᠭᠡᠨ ᠤ ᠲᠣᠭᠲᠠᠴᠠ ᠶᠢ ᠭᠦᠨᠵᠡᠭᠡᠢ | ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠬᠥᠭᠵᠢᠯᠲᠡ ᠳᠤ ᠢᠲᠡᠭᠡᠯ ᠵᠣᠷᠢᠭ ᠣᠯᠭᠤᠵᠤ᠂ ᠬᠥᠳᠡᠯᠭᠡᠬᠦ ᠡᠨᠧᠷᠭᠢ | ᠶᠢ ᠨᠡᠮᠡᠭᠳᠡᠭᠦᠯᠪᠡ᠃ ᠡᠨᠡ ᠵᠢᠯ ᠤᠨ ᠲᠦᠷᠦᠭᠦᠦ ᠭᠤᠷᠪᠠᠨ ᠤᠯᠠᠷᠢᠯ ᠳᠤ᠂ ᠪᠦᠭᠦ ᠣᠷᠣᠨ ᠤ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 4004 ᠡᠷᠦᠭᠡ ᠳᠤ ᠬᠦᠷᠴᠦ᠂ ᠣᠨ ᠤ ᠵᠢᠱᠢᠭᠰᠡᠨ | ᠬᠠᠷᠠᠯᠲᠠ ᠪᠠᠨ ᠤᠷᠢᠳᠴᠢᠯᠠᠨ ᠪᠡᠶᠡᠯᠡᠭᠦᠯᠵᠦ᠂ ᠵᠢᠯ ᠤᠨ ᠡᠬᠢᠨ ᠤ ᠬᠢ ᠠᠴᠠ 225 ᠡᠷᠦᠭᠡ ᠨᠡᠮᠡᠭᠳᠡᠪᠡ᠃ | ᠥᠪᠥᠷ ᠮᠣᠩᠭᠤᠯ ᠤᠨ ᠡᠳᠦᠷ ᠤᠨ ᠰᠣᠨᠢᠨ᠄ ᠠᠵᠢᠯ ᠲᠥᠷᠥᠯ ᠤᠨ ᠵᠠᠰᠠᠯᠲᠠ ᠶᠢᠨ ᠰᠢᠰᠲ᠋ᠧᠮ ᠢ | ᠪᠦᠷᠢᠨᠰᠢᠭᠦᠯᠬᠦ ᠪᠣᠯ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠴᠢᠬᠤᠯᠠ ᠠᠷᠭ᠎ᠠ ᠵᠠᠮ ᠮᠥᠨ᠃ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠢᠩᠬᠢᠮ ᠤᠨ ᠬᠢᠨ ᠠᠵᠢᠯ ᠲᠥᠷᠥᠯ ᠤᠨ ᠵᠠᠰᠠᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ | ᠪᠦᠷᠢᠨᠰᠢᠭᠦᠯᠬᠦ ᠲᠠᠯ᠎ᠠ ᠪᠠᠷ ᠶᠠᠮᠠᠷᠰᠢᠤ ᠠᠵᠢᠯ ᠬᠢᠭᠰᠡᠨ ᠪᠤᠶ︖ ᠶᠠᠮᠠᠷᠰᠢᠤ ᠦᠷ᠎ᠡ ᠪᠦᠲᠦᠮᠵᠢ ᠣᠯᠣᠭᠰᠠᠨ ᠪᠤᠶ︖ | ᠸᠠᠩ ᠶᠢᠨ ᠪᠦᠦ᠄ ᠪᠢᠳᠡ ᠰᠢᠰᠲ᠋ᠧᠮ ᠤᠨ ᠦᠵᠡᠯᠲᠡ ᠪᠠᠷ ᠦᠨᠳᠦᠰᠦᠨ ᠠᠷᠭ᠎ᠠ ᠪᠤᠯᠭᠠᠬᠤ ᠶᠢ | ᠪᠠᠷᠢᠮᠲᠠᠯᠠᠵᠤ᠂ ᠠᠵᠢᠯ ᠲᠥᠷᠥᠯ ᠤᠨ ᠵᠠᠰᠠᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠪᠦᠷᠢᠨᠰᠢᠭᠦᠯᠪᠡ᠃ | ᠣᠶᠤᠨᠴᠢᠯᠠᠭᠰᠠᠨ ᠥᠭᠡᠷᠡᠴᠢᠯᠡᠯᠲᠡ ᠪᠠ ᠲᠣᠭᠠᠴᠢᠯᠠᠭᠰᠠᠨ ᠲᠡᠶᠢᠰᠢ ᠭᠡᠯᠪᠡᠷᠢ ᠪᠠᠨ ᠬᠤᠪᠢᠷᠠᠭᠤᠯᠬᠤ᠂ ᠪᠣᠬᠢᠷᠳᠤᠯ | ᠦᠭᠡᠢ ᠪᠠᠭ᠎ᠠ ᠨᠡᠭᠦᠷᠡᠰᠦᠲᠥ᠋ᠷᠥᠭᠴᠢᠲᠦ ᠵᠡᠷᠭᠡ ᠶᠢ ᠪᠦᠬᠦᠯᠢ ᠴᠣᠭᠴᠠ ᠪᠠᠷ ᠬᠠᠮᠵᠢᠯᠴᠠᠨ ᠠᠬᠢᠭᠤᠯᠬᠤ ᠳᠤᠮᠳᠠ | ᠡᠷᠬᠡᠪᠰᠢ ᠨᠢᠭᠡᠳᠦᠯᠲᠡᠢ ᠰᠢᠰᠲ᠋ᠧᠮ ᠤᠨ ᠦᠵᠡᠯᠲᠡ ᠶᠢ ᠪᠠᠷᠢᠮᠲᠠᠯᠠᠬᠤ ᠴᠢᠬᠤᠯᠠᠲᠠᠢ᠃ | ᠨᠢᠭᠡ ᠳᠤ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠲᠣᠭᠠᠴᠢᠯᠠᠭᠰᠠᠨ ᠲᠡᠶᠢᠰᠢ | ᠭᠡᠯᠪᠡᠷᠢ ᠪᠠᠨ ᠬᠤᠪᠢᠷᠠᠭᠤᠯᠬᠤ ᠠᠵᠢᠯᠯᠠᠭᠠᠨ ᠤ ᠲᠥᠰᠥᠯ ᠢ ᠰᠤᠳᠤᠯᠤᠨ ᠲᠣᠭᠲᠠᠭᠠᠵᠤ᠂ ᠤᠯᠤᠰ ᠤᠨ ᠢᠨᠲ᠋ᠧᠷ | ᠰᠦᠯᠵᠢᠶᠡᠨ ᠤ ᠰᠢᠭᠤᠳ ᠬᠠᠷᠢᠯᠴᠠᠬᠤ ᠭᠤᠣᠯᠯᠠᠭᠴᠢ ᠴᠡᠭ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ | ᠲᠠᠪᠴᠠᠩ ᠵᠢᠴᠢ ᠢᠯᠡᠷᠬᠡᠶᠢᠯᠡᠯ ᠲᠡᠮᠳᠡᠭ ᠢ ᠵᠠᠳᠠᠯᠬᠤ ᠬᠤᠶᠠᠳᠤᠭᠠᠷ ᠳᠡᠰ ᠤᠨ ᠵᠠᠩᠭᠢᠯᠠᠭ᠎ᠠ ᠶᠢᠨ ᠴᠡᠭ ᠤᠨ | ᠪᠠᠶᠢᠭᠤᠯᠤᠯᠲᠠ ᠵᠡᠷᠭᠡ ᠶᠢ ᠴᠢᠩᠭᠠᠳᠬᠠᠪᠠ; ᠥᠪᠡᠷᠲᠡᠭᠡᠨ ᠵᠠᠰᠠᠬᠤ ᠣᠷᠣᠨ ᠤ ᠦᠢᠯᠡᠳᠬᠦ ᠦᠢᠯᠡᠰ ᠤᠨ | ᠲᠣᠭᠠᠴᠢᠯᠠᠭᠰᠠᠨ ᠲᠡᠶᠢᠰᠢ ᠭᠡᠯᠪᠡᠷᠢ ᠪᠠᠨ ᠬᠤᠪᠢᠷᠠᠭᠤᠯᠬᠤ ᠲᠤᠷᠰᠢᠯᠲᠠ ᠶᠢ ᠥᠷᠨᠢᠭᠦᠯᠵᠦ᠂ ᠴᠡᠭ ᠱᠤᠭᠤᠮ ᠪᠦᠭᠦ | ᠲᠠᠯ᠎ᠠ ᠪᠠᠷ ᠪᠦᠭᠦ ᠣᠷᠣᠨ ᠤ ᠲᠣᠭᠠᠴᠢᠯᠠᠭᠰᠠᠨ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠪᠠ᠃ ᠪᠦᠭᠦ | ᠣᠷᠣᠨ ᠳᠤ 92 ᠲᠣᠭᠠᠴᠢᠯᠠᠭᠰᠠᠨ ᠦᠢᠯᠡᠳᠪᠦᠷᠢ ᠶᠢᠨ ᠲᠠᠰᠤᠭ ︵ᠣᠶᠤᠨᠴᠢ ᠦᠢᠯᠡᠳᠪᠦᠷᠢ︶ ᠤᠨ ᠪᠠᠶᠢᠭᠤᠯᠤᠯᠲᠠ | ᠶᠢ ᠳᠡᠮᠵᠢᠵᠦ᠂ ᠪᠦᠭᠦ ᠠᠵᠢᠯ ᠲᠥᠷᠥᠯ ᠤᠨ ᠠᠵᠤ ᠦᠢᠯᠡᠳᠪᠦᠷᠢᠵᠢᠯᠲᠡ ᠬᠢᠭᠡᠳ ᠮᠡᠳᠡᠭᠡ ᠵᠠᠩᠭᠢᠵᠢᠯᠲᠠ ᠶᠢ | ᠠᠭᠤᠰᠤᠯᠴᠠᠭᠤᠯᠤᠨ ᠬᠥᠭᠵᠢᠭᠦᠯᠬᠦ ᠲᠦᠪᠰᠢᠨ 55.4 ᠳᠤ ᠭᠦᠷᠪᠡ᠃ | ᠬᠤᠶᠠᠷ ᠲᠤ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠪᠣᠬᠢᠷᠳᠤᠯ ᠦᠭᠡᠢ | ᠬᠥᠭᠵᠢᠯᠲᠡ ᠶᠢᠨ ᠠᠵᠢᠯᠯᠠᠭᠠᠨ ᠤ ᠲᠥᠰᠥᠯ ᠢ ᠰᠤᠳᠤᠯᠤᠨ ᠲᠣᠭᠲᠠᠭᠠᠵᠤ᠂ ᠲᠡᠮᠦᠷᠯᠢᠭ ᠬᠠᠶᠢᠯᠤᠭᠤᠯᠬᠤ᠂ ᠪᠣᠯᠣᠳ | ᠬᠠᠶᠢᠯᠤᠭᠤᠯᠬᠤ᠂ ᠲᠡᠮᠦᠷ ᠤᠨ ᠬᠠᠶᠢᠯᠤᠰᠢ᠂ ᠴᠠᠭᠢᠯᠤᠭᠤᠷ ᠴᠢᠯᠠᠭᠤ᠂ ᠬᠡᠦᠷᠡᠰᠦ ᠵᠡᠷᠭᠡ ᠬᠢᠵᠠᠭᠠᠷᠯᠠᠬᠤ ᠲᠥᠷᠥᠯ ᠤᠨ | ᠦᠢᠯᠡᠳᠪᠦᠷᠢᠯᠡᠬᠦ ᠴᠢᠳᠠᠪᠤᠷᠢ ᠶᠢ ᠡᠮᠬᠢ ᠵᠢᠷᠤᠮ ᠲᠠᠢ ᠪᠠᠷ ᠵᠣᠭᠰᠤᠭᠠᠬᠤ ᠪᠠᠷ ᠳᠠᠮᠵᠢᠭᠤᠯᠤᠨ᠂ ᠪᠠᠷᠢᠮᠵᠢᠶᠠᠲᠤ | ᠨᠡᠭᠦᠷᠡᠰᠦ ᠶᠢ 700 ᠭᠠᠷᠤᠢ ᠲᠦᠮᠡᠨ ᠲᠣᠨ ᠠᠷᠪᠢᠯᠠᠨ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ | ᠭᠠᠳᠠᠭᠰᠢᠯᠠᠭᠤᠯᠤᠯᠲᠠ ᠶᠢ 1800 ᠭᠠᠷᠤᠢ ᠲᠦᠮᠡᠨ ᠲᠣᠨ ᠪᠠᠭᠠᠰᠬᠠᠪᠠ᠃ ᠠᠵᠤ ᠠᠬᠤᠶᠢᠯᠠᠯ ᠤᠨ ᠲᠡᠷᠢᠭᠦᠨ ᠤ | ᠮᠡᠷᠭᠡᠵᠢᠯ ᠢ ᠬᠡᠷᠡᠭᠯᠡᠨ ᠡᠨᠧᠷᠭᠢ ᠠᠷᠪᠢᠯᠠᠵᠤ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠬᠢᠬᠦ ᠶᠢ ᠳᠡᠮᠵᠢᠵᠦ᠂ | ᠱᠦᠢᠨᠢ᠂ ᠸᠠᠭᠠᠷ ᠱᠠᠭᠠᠵᠠᠩ᠂ ᠮᠧᠲ᠋ᠢᠯ ᠠᠯᠺᠤᠣᠯ᠂ ᠣᠯᠠᠨ ᠲᠠᠯᠠᠰᠲᠤ ᠴᠠᠬᠢᠭᠤᠷ᠂ ᠵᠡᠰ᠂ ᠲᠤᠭᠤᠯᠭ᠎ᠠ᠂ ᠮᠠᠭᠨᠢ | ᠵᠡᠷᠭᠡ 15 ᠦᠢᠯᠡᠳᠬᠦᠨ ᠤ ᠡᠨᠧᠷᠭᠢ ᠶᠢᠨ ᠬᠤᠷᠣᠭᠳᠠᠭᠤᠯᠤᠯ ᠤᠨ ᠭᠦᠢᠴᠡᠳᠬᠡᠬᠦ ᠲᠤᠭ᠎ᠠ ᠶᠢ ᠤᠯᠤᠰ ᠤᠨ ᠡᠨᠧᠷᠭᠢ | ᠶᠢᠨ ᠬᠤᠷᠣᠭᠳᠠᠭᠤᠯᠤᠯ ᠤᠨ ᠬᠢᠵᠠᠭᠠᠷ ᠲᠤᠭ᠎ᠠ ᠶᠢᠨ ᠪᠠᠷᠢᠮᠵᠢᠶ᠎ᠠ ᠶᠢᠨ ᠲᠡᠷᠢᠭᠦᠨ ᠤ ᠥᠷᠲᠡᠭ ᠲᠤ ᠬᠦᠷᠭᠡᠵᠦ᠂ | ᠭᠤᠣᠯᠳᠠᠯᠭ᠎ᠠ ᠲᠠᠢ ᠠᠵᠢᠯ ᠲᠥᠷᠥᠯ ᠤᠨ ᠡᠨᠧᠷᠭᠢ ᠶᠢᠨ ᠠᠰᠢᠭᠯᠠᠮᠵᠢ ᠶᠢᠨ ᠲᠦᠪᠰᠢᠨ ᠢ ᠢᠯᠡᠳᠲᠡ ᠳᠡᠭᠡᠭᠰᠢᠯᠡᠭᠦᠯᠪᠡ | ᠃ | ᠲᠠᠷᠠᠭᠠᠴᠢ ᠪᠠᠷ᠂ ᠪᠢᠳᠡ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠬᠠᠷᠢᠭᠤᠴᠠᠯᠭ᠎ᠠ ᠪᠠᠨ | ᠨᠠᠩ ᠴᠢᠩᠭᠠᠳᠬᠠᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠲᠠᠯ᠎ᠠ ᠪᠠᠷ ᠬᠦᠴᠦᠯᠡᠨ᠂ | ᠠᠵᠤ ᠦᠢᠯᠡᠰ ᠤᠨ ᠤᠶᠠᠨ ᠬᠠᠲᠠᠨ ᠴᠢᠨᠠᠷ ᠢ ᠳᠡᠭᠡᠭᠰᠢᠯᠡᠭᠦᠯᠭᠦ ᠲᠠᠯ᠎ᠠ ᠪᠠᠷ ᠬᠦᠴᠦᠯᠡᠵᠦ᠂ ᠰᠢᠨ᠎ᠡ ᠭᠡᠯᠪᠡᠷᠢ ᠶᠢᠨ | ᠠᠵᠤ ᠦᠢᠯᠡᠳᠪᠦᠷᠢᠵᠢᠯᠲᠡ ᠶᠢ ᠲᠦᠷᠭᠡᠳᠬᠡᠨ ᠠᠬᠢᠭᠤᠯᠬᠤ ᠲᠠᠯ᠎ᠠ ᠪᠠᠷ ᠪᠣᠳᠠᠲᠤ ᠦᠷ᠎ᠡ ᠪᠦᠲᠦᠮᠵᠢ ᠣᠯᠵᠤ᠂ | ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠲᠡᠷᠡ ᠶᠣᠰᠣᠭᠠᠷ | ᠨᠢ ᠪᠡᠶᠡᠯᠡᠭᠦᠯᠦᠨ᠂ ᠭᠦᠨ ᠳᠠᠪᠬᠤᠷᠭ᠎ᠠ ᠶᠢᠨ ᠥᠭᠡᠷᠡᠴᠢᠯᠡᠯᠲᠡ ᠪᠠᠷ ᠪᠦᠭᠦ ᠣᠷᠣᠨ ᠤ ᠠᠵᠤ ᠦᠢᠯᠡᠳᠪᠦᠷᠢ ᠪᠠ | ᠮᠡᠳᠡᠭᠡ ᠵᠠᠩᠭᠢᠵᠢᠯᠲᠠ ᠶᠢᠨ ᠬᠦᠷᠢᠶᠡᠨ ᠳᠠᠬᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ | ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠦᠢᠯᠡᠳᠦᠯᠭᠡ ᠶᠢᠨ ᠪᠦᠭᠦ ᠣᠷᠣᠨ ᠤ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠰᠢᠰᠲ᠋ᠧᠮ ᠳᠤ ᠭᠦᠨᠵᠡᠭᠡᠶᠢᠷᠡᠨ ᠪᠣᠳᠠᠲᠠᠶᠢᠵᠢᠵᠤ ᠪᠣᠳᠠᠲᠠᠢ ᠦᠷ᠎ᠡ | ᠪᠦᠲᠦᠮᠵᠢ ᠣᠯᠬᠤ ᠶᠢ ᠠᠬᠢᠭᠤᠯᠤᠨ᠎ᠠ᠃ | | | |