| | ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ | ᠬᠤᠷᠢᠶ᠎ᠠ ᠶᠢᠨ ᠳᠡᠳ᠋ ᠱᠦᠵᠢ ᠲᠢᠩᠬᠢᠮ ᠤᠨ ᠪᠠᠶᠢᠩᠭᠤ ᠶᠢᠨ ᠳᠡᠳ᠋ ᠳᠠᠷᠤᠭ᠎ᠠ ᠯᠢᠦ ᠬᠤᠩ᠄ ᠥᠭᠡᠷᠡᠴᠢᠯᠡᠯᠲᠡ ᠬᠢᠵᠦ | ᠴᠠᠭᠳᠠᠭ᠎ᠠ ᠶᠢ ᠬᠦᠴᠦᠷᠬᠡᠭᠵᠢᠭᠦᠯᠬᠦ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ ᠪᠦᠭᠦ ᠣᠷᠣᠨ ᠤ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠶᠢᠨ ᠰᠢᠨ᠎ᠡ ᠴᠢᠨᠠᠷ ᠤᠨ ᠲᠠᠶᠢᠴᠢᠨ ᠬᠦᠴᠦᠨ ᠢ ᠳᠡᠭᠡᠭᠰᠢᠯᠡᠭᠦᠯᠦᠨ᠎ᠡ | ᠥᠪᠥᠷ ᠮᠣᠩᠭᠤᠯ ᠤᠨ ᠡᠳᠦᠷ ᠤᠨ ᠰᠣᠨᠢᠨ ᠤ ᠰᠤᠷᠪᠤᠯᠵᠢᠯᠠᠬᠴᠢ ᠰᠢᠤᠸᠠᠢ ᠰᠢᠶᠣᠣ ᠹᠠᠩ | ᠡᠨᠡ ᠵᠢᠯ ᠠᠴᠠ ᠨᠠᠭᠠᠰᠢ ᠪᠦᠭᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠠᠮ ᠤᠨ | ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ᠂ ᠪᠦᠭᠦ ᠤᠯᠤᠰ ᠤᠨ | ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠭᠦᠳᠡ ᠬᠤᠷᠠᠯ ᠪᠠ ᠪᠦᠭᠦ ᠣᠷᠣᠨ ᠤ ᠳᠣᠲᠣᠭᠠᠳᠤ ᠶᠢ | ᠬᠠᠮᠠᠭᠠᠯᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠢᠨ᠎ᠡ ᠶᠢ ᠡᠭᠦᠳᠬᠦ ᠪᠠᠷ | ᠬᠥᠭᠵᠢᠯᠲᠡ ᠶᠢᠨ ᠬᠥᠳᠡᠯᠭᠡᠭᠦᠷ ᠪᠤᠯᠭᠠᠬᠤ ᠶᠢ ᠪᠠᠷᠢᠮᠲᠠᠯᠠᠨ᠂ ᠳᠣᠲᠣᠭᠠᠳᠤ ᠶᠢ ᠬᠠᠮᠠᠭᠠᠯᠠᠬᠤ ᠥᠭᠡᠷᠡᠴᠢᠯᠡᠯᠲᠡ ᠶᠢ ᠪᠦᠭᠦ | ᠲᠠᠯ᠎ᠠ ᠪᠠᠷ ᠭᠦᠨᠵᠡᠭᠡᠶᠢᠷᠡᠭᠦᠯᠬᠦ ᠡᠯ᠎ᠡ ᠵᠦᠢᠯ ᠤᠨ ᠡᠭᠦᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ | ᠳᠣᠲᠣᠭᠠᠳᠤ ᠶᠢ ᠬᠠᠮᠠᠭᠠᠯᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠪᠠ᠃ | ᠣᠶᠢᠷ᠎ᠠ ᠳᠤ ᠥᠪᠥᠷ ᠮᠣᠩᠭᠤᠯ ᠤᠨ ᠡᠳᠦᠷ ᠤᠨ ᠰᠣᠨᠢᠨ ᠤ ᠰᠤᠷᠪᠤᠯᠵᠢᠯᠠᠬᠴᠢ ᠪᠦᠭᠦ ᠣᠷᠣᠨ ᠤ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠢᠨ᠎ᠡ ᠴᠢᠨᠠᠷ ᠤᠨ ᠳᠠᠶᠢᠴᠢᠨ ᠬᠦᠴᠦᠨ ᠢ ᠬᠡᠷᠬᠢᠨ ᠲᠦᠷᠭᠡᠳᠬᠡᠨ | ᠳᠡᠭᠡᠭᠰᠢᠯᠡᠭᠦᠯᠭᠦ ᠶᠢᠨ ᠲᠣᠭᠤᠷᠢᠨ ᠳᠤ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ | ᠨᠠᠮ ᠤᠨ ᠬᠤᠷᠢᠶ᠎ᠠ ᠶᠢᠨ ᠳᠡᠳ᠋ ᠱᠦᠵᠢ᠂ ᠲᠢᠩᠬᠢᠮ ᠤᠨ ᠪᠠᠶᠢᠩᠭᠤ ᠶᠢᠨ ᠳᠡᠳ᠋ ᠳᠠᠷᠤᠭ᠎ᠠ ᠯᠢᠦ ᠬᠤᠩ ᠢ | ᠰᠤᠷᠪᠤᠯᠵᠢᠯᠠᠪᠠ᠃ | ᠥᠪᠥᠷ ᠮᠣᠩᠭᠤᠯ ᠤᠨ ᠡᠳᠦᠷ ᠤᠨ ᠰᠣᠨᠢᠨ᠄ ᠨᠠᠮ ᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ︽ᠲᠣᠭᠲᠠᠭᠠᠯ︾ ᠳᠤ ︽ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠲᠣᠭᠤᠷᠢᠨ ᠳᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ | ᠭᠦᠨᠵᠡᠭᠡᠶᠢᠷᠡᠭᠦᠯᠦᠨ᠎ᠡ︾ ᠭᠡᠵᠦ ᠳᠤᠷᠠᠳᠤᠨ ᠭᠠᠷᠭᠠᠪᠠ᠂ ᠲᠡᠭᠡᠪᠡᠯ ᠲᠠ ᠪᠦᠭᠦ ᠣᠷᠣᠨ ᠤ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠭᠰᠡᠨ ᠭᠤᠣᠯ ᠦᠷ᠎ᠡ ᠪᠦᠲᠦᠮᠵᠢ ᠶᠢᠨ ᠲᠤᠬᠠᠢ | ᠶᠠᠷᠢᠭᠠᠳ ᠥᠭᠭᠦᠨ᠎ᠡ ᠤᠤ︖ | ᠯᠢᠦ ᠬᠤᠩ᠄ ᠥᠭᠡᠷᠡᠴᠢᠯᠡᠯᠲᠡ ᠪᠣᠯ ᠴᠠᠭᠳᠠᠭ᠎ᠠ ᠶᠢ ᠬᠦᠴᠦᠷᠬᠡᠭᠵᠢᠭᠦᠯᠬᠦ ᠵᠠᠩᠭᠢᠯᠠᠭ᠎ᠠ ᠶᠢᠨ ᠠᠷᠭ᠎ᠠ | ᠮᠥᠨ᠂ ᠪᠠᠰᠠ ᠴᠤ ᠳᠣᠲᠣᠭᠠᠳᠤ ᠶᠢ ᠬᠠᠮᠠᠭᠠᠯᠠᠬᠤ ᠠᠵᠢᠯ ᠤᠨ ᠣᠳᠣᠬᠢᠴᠢᠯᠠᠯᠲᠠ ᠶᠢ ᠠᠬᠢᠭᠤᠯᠬᠤ ᠳᠤ ᠵᠠᠪᠠᠯ ᠶᠠᠪᠤᠬᠤ | ᠵᠠᠮ ᠮᠥᠨ᠃ ᠣᠶᠢᠷ᠎ᠠ ᠶᠢᠨ ᠵᠢᠯ ᠳᠤ ᠪᠦᠭᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ | ᠥᠭᠡᠷᠡᠴᠢᠯᠡᠯᠲᠡ ᠪᠠᠷ ᠴᠠᠭᠳᠠᠭ᠎ᠠ ᠶᠢ ᠬᠦᠴᠦᠷᠬᠡᠭᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ | ᠴᠠᠭᠳᠠᠭ᠎ᠠ ᠶᠢ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠳᠣᠲᠣᠭᠠᠳᠤ ᠶᠢ | ᠬᠠᠮᠠᠭᠠᠯᠠᠬᠤ ᠠᠵᠢᠯ ᠤᠨ ᠬᠥᠭᠵᠢᠯᠲᠡ ᠶᠢᠨ ᠳᠠᠯᠳᠠ ᠬᠦᠴᠦᠨ ᠢ ᠲᠤᠶᠢᠯ ᠤᠨ ᠶᠡᠭᠡ ᠪᠠᠷ ᠪᠠᠳᠠᠷᠠᠭᠤᠯᠪᠠ᠃ | ᠪᠠᠶᠢᠭᠤᠯᠭ᠎ᠠ ᠶᠢ ᠨᠠᠷᠢᠯᠢᠭᠵᠢᠭᠤᠯᠬᠤ᠂ ᠴᠠᠭᠳᠠᠭᠠᠨ ᠤ ᠲᠥᠷᠥᠯ ᠢ ᠰᠢᠯᠢᠳᠡᠭᠵᠢᠭᠦᠯᠬᠦ᠂ ᠦᠨᠳᠦᠰᠦᠨ ᠱᠠᠲᠤ ᠶᠢ | ᠬᠦᠴᠦᠷᠬᠡᠭᠵᠢᠭᠦᠯᠬᠦ᠂ ᠰᠠᠭᠤᠷᠢ ᠶᠢ ᠪᠠᠬᠢᠵᠢᠭᠦᠯᠬᠦ ᠪᠠ ᠦᠨᠳᠦᠰᠦᠨ ᠱᠠᠲᠤ ᠶᠢ ᠶᠡᠭᠡ ᠪᠠᠷ ᠠᠳᠬᠤᠬᠤ᠂ ᠰᠠᠭᠤᠷᠢ ᠶᠢ | ᠶᠡᠭᠡ ᠪᠠᠷ ᠠᠳᠬᠤᠬᠤ ᠶᠢ ᠪᠠᠷᠢᠮᠲᠠᠯᠠᠵᠤ᠂ ︽ᠮᠤᠵᠢ ᠶᠢᠨ ᠱᠠᠲᠤ ᠭᠤᠣᠯ ᠬᠠᠷᠢᠭᠤᠴᠠᠯᠭ᠎ᠠ ᠡᠭᠦᠷᠭᠡᠯᠡᠬᠦ᠂ ᠬᠤᠲᠠ | ᠰᠢᠶᠠᠨ ᠭᠤᠣᠯᠯᠠᠨ ᠪᠠᠶᠢᠯᠳᠤᠬᠤ᠂ ᠲᠣᠮᠢᠯᠠᠭᠰᠠᠨ ᠰᠠᠯᠪᠤᠷᠢ ᠭᠤᠣᠯᠯᠠᠨ ᠰᠡᠷᠭᠡᠶᠢᠯᠡᠬᠦ︾ ᠡᠭᠦᠷᠭᠡ ᠴᠢᠳᠠᠪᠬᠢ ᠶᠢᠨ | ᠪᠠᠶᠢᠷᠢ ᠲᠣᠭᠲᠠᠭᠠᠯᠲᠠ ᠶᠣᠰᠣᠭᠠᠷ ᠲᠣᠮᠣ ᠰᠠᠯᠠᠭ᠎ᠠ ᠮᠥᠴᠢᠷ᠂ ᠲᠣᠮᠣ ᠴᠠᠭᠳᠠᠭᠠᠨ ᠤ ᠲᠥᠷᠥᠯ ᠤᠨ ᠳᠦᠷᠢᠮ ᠤᠨ | ᠥᠭᠡᠷᠡᠴᠢᠯᠡᠯᠲᠡ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠠᠬᠢᠭᠤᠯᠵᠤ᠂ ᠪᠠᠶᠢᠭᠤᠯᠤᠮᠵᠢ ᠶᠢᠨ ᠣᠷᠣᠨ | ᠲᠤᠭ᠎ᠠ ᠶᠢᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠡᠭᠦᠷᠭᠡ ᠴᠢᠳᠠᠪᠬᠢ | ᠰᠢᠨᠵᠢᠯᠡᠬᠦ ᠤᠬᠠᠭᠠᠨᠴᠢ᠂ ᠠᠵᠢᠯ ᠡᠷᠬᠡ ᠲᠣᠳᠣᠷᠬᠠᠢ᠂ ᠵᠢᠯᠣᠭᠤᠳᠤᠯᠭ᠎ᠠ ᠤᠷᠤᠭᠰᠢᠲᠠᠢ᠂ ᠠᠵᠢᠯᠯᠠᠭᠠᠨ ᠥᠨᠳᠥᠷ | ᠪᠦᠲᠦᠮᠵᠢᠲᠡᠶ ᠴᠠᠭᠳᠠᠭᠠᠨ ᠤ ᠶᠠᠪᠤᠳᠠᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠠᠯᠬᠤᠮ ᠠᠯᠬᠤᠮ ᠢᠶᠠᠷ | ᠪᠦᠷᠢᠯᠳᠦᠭᠦᠯᠪᠡ᠃ ︽ᠵᠢᠷᠭᠤᠭ᠎ᠠ ᠶᠢ ᠰᠡᠷᠭᠡᠶᠢᠯᠡᠵᠦ ᠲᠠᠪᠤ ᠶᠢ ᠡᠵᠡᠮᠳᠡᠵᠦ ᠳᠥᠷᠪᠡ ᠶᠢ ᠠᠬᠢᠭᠤᠯᠬᠤ︾ ᠰᠠᠭᠤᠷᠢ ᠶᠢ | ᠪᠠᠬᠢᠵᠢᠭᠦᠯᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠲᠣᠮᠢᠯᠠᠭᠰᠠᠨ ᠰᠠᠯᠪᠤᠷᠢ ᠶᠢ ᠪᠦᠷ ᠳᠡᠳ᠋ ᠰᠠᠯᠠᠭᠠᠨ ᠲᠠᠰ | ᠢᠶᠠᠷ ᠵᠢᠷᠤᠮᠵᠢᠭᠤᠯᠤᠨ ᠲᠣᠬᠢᠷᠠᠭᠤᠯᠵᠤ᠂ ︽ᠨᠢᠭᠡ ᠲᠠᠰᠤᠭ ᠬᠤᠶᠠᠷ ᠠᠩᠭᠢ︾ ᠶᠢᠨ ᠥᠭᠡᠷᠡᠴᠢᠯᠡᠯᠲᠡ ᠶᠢ ᠠᠯᠬᠤᠮ | ᠠᠯᠬᠤᠮ ᠢᠶᠠᠷ ᠨᠠᠶᠢᠳᠠᠪᠤᠷᠢᠵᠢᠭᠤᠯᠪᠠ᠃ ︽ᠴᠢᠮᠡᠭᠡ ᠬᠤᠯᠪᠤᠭ᠎ᠠ ᠵᠢᠭᠠᠨ ᠵᠢᠯᠣᠭᠤᠳᠤᠯᠭ᠎ᠠ ᠠᠵᠢᠯᠯᠠᠭ᠎ᠠ︾ ᠶᠢ ᠨᠢᠭᠡ | ᠴᠣᠭᠴᠠᠵᠢᠭᠤᠯᠤᠭᠰᠠᠨ ᠪᠣᠳᠠᠲᠤ ᠪᠠᠶᠢᠯᠳᠤᠭᠠᠨ ᠤ ᠲᠣᠭᠲᠠᠴᠠ ᠶᠢᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ | ᠦᠨᠳᠦᠰᠦᠨ ᠬᠠᠮᠢᠶᠠᠷᠤᠯᠲᠠ ᠡᠵᠡᠮᠳᠡᠯ᠂ ᠨᠡᠶᠢᠭᠡᠮ ᠤᠨ ᠲᠠᠯ᠎ᠠ ᠶᠢᠨ ᠴᠠᠭᠳᠠᠨ ᠰᠡᠷᠭᠡᠶᠢᠯᠡᠵᠦ ᠬᠠᠮᠢᠶᠠᠷᠤᠨ ᠡᠵᠡᠮᠳᠡᠬᠦ᠂ | ᠦᠢᠯᠡᠴᠢᠯᠡᠭᠡᠨ ᠤ ᠠᠵᠢᠯᠯᠠᠭᠠᠨ ᠤ ᠲᠣᠭᠲᠠᠴᠠ ᠶᠢ ᠪᠦᠭᠦ ᠲᠠᠯ᠎ᠠ ᠪᠠᠷ ᠲᠠᠰ ᠳᠡᠪᠰᠢᠭᠦᠯᠬᠦ ᠶᠢ ᠳᠠᠶᠢᠴᠢᠯᠠᠪᠠ᠃ | ᠥᠪᠥᠷ ᠮᠣᠩᠭᠤᠯ ᠤᠨ ᠡᠳᠦᠷ ᠤᠨ ᠰᠣᠨᠢᠨ᠄ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠢᠨ᠎ᠡ | ᠴᠢᠨᠠᠷ ᠤᠨ ᠳᠠᠶᠢᠴᠢᠨ ᠬᠦᠴᠦᠨ ᠢ ᠲᠦᠷᠭᠡᠨ ᠳᠡᠭᠡᠭᠰᠢᠯᠡᠭᠦᠯᠭᠦ ᠪᠣᠯ ᠳᠣᠲᠣᠭᠠᠳᠤ ᠶᠢ ᠬᠠᠮᠠᠭᠠᠯᠠᠬᠤ ᠠᠵᠢᠯ ᠤᠨ | ᠣᠳᠣᠬᠢᠴᠢᠯᠠᠯᠲᠠ ᠶᠢ ᠠᠬᠢᠭᠤᠯᠬᠤ ᠪᠣᠳᠠᠲᠤ ᠬᠡᠷᠡᠭᠴᠡᠭᠡ ᠮᠥᠨ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ | ᠰᠢᠨ᠎ᠡ ᠴᠢᠨᠠᠷ ᠤᠨ ᠳᠠᠶᠢᠴᠢᠨ ᠬᠦᠴᠦᠨ ᠤ ᠲᠤᠬᠠᠢ ᠲᠠᠨᠢᠯᠲᠠ ᠪᠠᠨ ᠶᠠᠷᠢᠭᠠᠳ ᠥᠭᠭᠦᠨ᠎ᠡ ᠤᠤ︖ | ᠯᠢᠦ ᠬᠤᠩ᠄ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ | ᠪᠦᠭᠦᠳᠡ ᠬᠤᠷᠠᠯ ᠠᠴᠠ ︽ᠬᠠᠮᠵᠢᠯᠴᠠᠭᠰᠠᠨ ᠥᠨᠳᠥᠷ ᠪᠦᠲᠦᠮᠵᠢᠲᠡᠶ ᠴᠠᠭᠳᠠᠭᠠᠨ ᠤ ᠶᠠᠪᠤᠳᠠᠯ ᠤᠨ ᠪᠠᠶᠢᠭᠤᠯᠤᠮᠵᠢ | ᠲᠣᠭᠲᠠᠴᠠ ᠶᠢ ᠪᠠᠶᠢᠭᠤᠯᠬᠤ︾ ᠲᠤᠬᠠᠢ ᠪᠠᠶᠢᠷᠢᠯᠠᠭᠤᠯᠤᠯᠲᠠ ᠬᠢᠵᠡᠢ᠂ 2024 ᠣᠨ ᠤ ᠪᠦᠭᠦ ᠤᠯᠤᠰ ᠤᠨ | ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠠᠴᠠ ᠰᠢᠨ᠎ᠡ ᠴᠢᠨᠠᠷ ᠤᠨ ᠳᠠᠶᠢᠴᠢᠨ ᠬᠦᠴᠦᠨ ᠢ ᠲᠦᠷᠭᠡᠨ | ᠪᠦᠷᠢᠯᠳᠦᠭᠦᠯᠬᠦ ᠪᠠ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠂ ᠡᠨᠡ ᠨᠢ ᠮᠠᠨ ᠤ ᠡᠯ᠎ᠡ ᠵᠦᠢᠯ ᠤᠨ | ᠠᠵᠢᠯ ᠳᠤ ᠴᠢᠬᠤᠯᠠ ᠵᠢᠷᠤᠮᠯᠠᠯ ᠬᠠᠩᠭᠠᠭᠰᠠᠨ ᠪᠠᠶᠢᠨ᠎ᠠ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠢᠨ᠎ᠡ | ᠴᠢᠨᠠᠷ ᠤᠨ ᠳᠠᠶᠢᠴᠢᠨ ᠬᠦᠴᠦᠨ ᠭᠡᠳᠡᠭ ᠨᠢ ᠨᠠᠮ ᠤᠨ ᠬᠠᠷᠢᠴᠠᠯᠠᠰᠢ ᠦᠭᠡᠢ ᠤᠳᠤᠷᠢᠳᠤᠯᠭ᠎ᠠ ᠳᠣᠣᠷ᠎ᠠ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠤᠳᠤᠷᠢᠳᠤᠮᠵᠢ ᠪᠠ ᠬᠥᠳᠡᠯᠭᠡᠭᠦᠷ ᠪᠤᠯᠭᠠᠵᠤ᠂ | ᠤᠯᠠᠮᠵᠢᠯᠠᠯᠲᠤ ᠴᠠᠭᠳᠠᠭᠠᠨ ᠤ ᠶᠠᠪᠤᠳᠠᠯ ᠤᠨ ᠠᠵᠢᠯᠯᠠᠭᠠᠨ ᠤ ᠵᠠᠭᠪᠤᠷ᠂ ᠳᠠᠶᠢᠴᠢᠨ ᠬᠦᠴᠦᠨ ᠢ ᠪᠦᠷᠢᠯᠳᠦᠭᠦᠯᠬᠦ ᠠᠷᠭ᠎ᠠ | ᠵᠠᠮ ᠢ ᠰᠢᠨᠡᠴᠢᠯᠡᠨ ᠲᠠᠰ ᠳᠡᠪᠰᠢᠭᠦᠯᠵᠦ᠂ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ᠂ ᠥᠨᠳᠥᠷ | ᠪᠦᠲᠦᠮᠵᠢᠲᠡᠶ᠂ ᠴᠢᠨᠠᠷ ᠰᠠᠶᠢᠲᠠᠢ ᠪᠠᠷ ᠣᠨᠴᠠᠯᠢᠭ ᠪᠤᠯᠭᠠᠬᠰᠠᠨ᠂ ᠳᠣᠲᠣᠭᠠᠳᠤ ᠶᠢ ᠬᠠᠮᠠᠭᠠᠯᠠᠬᠤ ᠠᠵᠢᠯ ᠤᠨ | ᠣᠳᠣᠬᠢᠴᠢᠯᠠᠬᠤ ᠬᠥᠭᠵᠢᠯᠲᠡ ᠶᠢᠨ ᠴᠢᠭᠯᠡᠯ ᠳᠤ ᠨᠡᠶᠢᠴᠡᠭᠰᠡᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ | ᠲᠡᠷᠢᠭᠦᠨ ᠤ ᠳᠠᠶᠢᠴᠢᠨ ᠬᠦᠴᠦᠨ ᠢ ᠵᠢᠭᠠᠵᠤ ᠪᠠᠶᠢᠨ᠎ᠠ᠃ ᠡᠭᠦᠨ ᠳᠤ᠂ ︽ᠰᠢᠨ᠎ᠡ︾ ᠪᠣᠯ ᠠᠵᠢᠯ ᠤᠨ ᠭᠠᠷᠤᠭ᠎ᠠ᠂ ︽ | ᠴᠢᠨᠠᠷ︾ ᠪᠣᠯ ᠬᠠᠷᠠᠯᠲᠠ ᠬᠥᠭᠡᠭᠡᠴᠡᠯᠳᠦᠯ᠂ ︽ᠰᠢᠨ᠎ᠡ ᠪᠠᠷ ᠴᠢᠨᠠᠷ ᠢ ᠠᠬᠢᠭᠤᠯᠬᠤ︾ ᠪᠣᠯ ᠭᠤᠣᠯ ᠠᠭᠤᠯᠭ᠎ᠠ᠂ ︽ | ᠲᠠᠶᠢᠴᠢᠨ ᠬᠦᠴᠦᠨ︾ ᠪᠣᠯ ᠵᠠᠩᠭᠢᠯᠠᠭ᠎ᠠ ᠶᠢᠨ ᠲᠤᠰᠤᠯᠲᠠ ᠪᠣᠯᠣᠨ᠎ᠠ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ | ᠡᠷᠬᠡᠪᠰᠢ ᠴᠠᠭᠳᠠᠭᠠᠨ ᠤ ᠶᠠᠪᠤᠳᠠᠯ ᠤᠨ ᠣᠶᠢᠯᠠᠭᠠᠭᠳᠠᠬᠤᠨ ᠤ ᠪᠦᠬᠦᠯᠢ ᠴᠣᠭᠴᠠ ᠶᠢᠨ ᠰᠢᠨᠡᠴᠢᠯᠡᠯᠲᠡ ᠶᠢ | ᠠᠬᠢᠭᠤᠯᠬᠤ ᠪᠠᠷ ᠳᠠᠮᠵᠢᠨ ᠰᠢᠨ᠎ᠡ ᠴᠢᠨᠠᠷ ᠤᠨ ᠳᠠᠶᠢᠴᠢᠨ ᠬᠦᠴᠦᠨ ᠤ ᠪᠤᠶ ᠪᠤᠯᠬᠤ ᠲᠠᠨᠢᠯᠲᠠ ᠶᠢᠨ ᠬᠠᠷᠰᠢ ᠰᠠᠭᠠᠳ ᠢ | ᠠᠷᠢᠯᠭᠠᠬᠤ ᠭᠡᠷᠡᠭᠲᠡᠢ;ᠡᠷᠭᠡᠪᠰᠢ ︽ᠲᠤᠰᠬᠠᠢ ᠮᠡᠷᠭᠡᠵᠢᠯ + ᠲᠣᠭᠲᠠᠴᠠ + ᠲᠣᠮᠣ ᠳ᠋ᠠᠶᠢᠲ᠋ᠠ︾ ᠶᠢᠨ ᠰᠢᠨ᠎ᠡ | ᠭᠡᠯᠪᠡᠷᠢ ᠶᠢᠨ ᠴᠠᠭᠳᠠᠭᠠᠨ ᠤ ᠶᠠᠪᠤᠳᠠᠯ ᠤᠨ ᠠᠵᠢᠯᠯᠠᠭᠠᠨ ᠤ ᠵᠠᠭᠪᠤᠷ ᠢ ᠪᠠᠶᠢᠭᠤᠯᠤᠨ ᠲᠡᠭᠦᠯᠳᠡᠷᠵᠢᠭᠦᠯᠬᠦ ᠪᠠᠷ ᠳᠠᠮᠵᠢᠨ | ᠰᠢᠨ᠎ᠡ ᠴᠢᠨᠠᠷ ᠤᠨ ᠳᠠᠶᠢᠴᠢᠨ ᠬᠦᠴᠦᠨ ᠳᠤ ᠰᠢᠨᠵᠢᠯᠡᠬᠦ ᠤᠬᠠᠭᠠᠨᠴᠢ ᠰᠢᠰᠲ᠋ᠧᠮ ᠤᠨ ᠪᠦᠲᠦᠴᠡ ᠶᠢ ᠪᠤᠶ ᠪᠤᠯᠭᠠᠵᠤ | ᠥᠭᠬᠦ ᠭᠡᠷᠡᠭᠲᠡᠢ; ᠡᠷᠬᠡᠪᠰᠢ ᠣᠶᠤᠨᠲᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠲᠠ ᠶᠢ ᠪᠦᠭᠦ ᠲᠠᠯ᠎ᠠ ᠪᠠᠷ ᠲᠠᠰ | ᠳᠡᠪᠰᠢᠭᠦᠯᠬᠦ ᠶᠢ ᠠᠬᠢᠭᠤᠯᠬᠤ ᠪᠠᠷ ᠳᠡᠮᠵᠢᠨ ᠰᠢᠨ᠎ᠡ ᠴᠢᠨᠠᠷ ᠤᠨ ᠳᠠᠶᠢᠴᠢᠨ ᠬᠦᠴᠦᠨ ᠳᠤ ᠲᠡᠷᠢᠭᠦᠨ ᠤ ᠠᠷᠭ᠎ᠠ | ᠪᠠᠷᠢᠯ ᠤᠨ ᠲᠤᠯᠭᠠᠭᠤᠷᠢᠯᠠᠯ ᠬᠠᠩᠭᠠᠬᠤ ᠭᠡᠷᠡᠭᠲᠡᠢ; ᠡᠷᠬᠡᠪᠰᠢ ᠴᠠᠭᠳᠠᠭᠠᠨ ᠤ ᠶᠠᠪᠤᠳᠠᠯ ᠤᠨ ᠬᠦᠴᠦᠨ ᠵᠦᠢᠯ ᠤᠨ | ᠡᠬᠢ ᠪᠠᠶᠠᠯᠢᠭ ᠤᠨ ᠰᠢᠨᠵᠢᠯᠡᠬᠦ ᠤᠬᠠᠭᠠᠨᠴᠢ ᠲᠣᠬᠢᠷᠠᠭᠤᠯᠤᠯᠲᠠ ᠶᠢ ᠠᠬᠢᠭᠤᠯᠬᠤ ᠪᠠᠷ ᠳᠠᠮᠵᠢᠨ ᠰᠢᠨ᠎ᠡ ᠴᠢᠨᠠᠷ ᠤᠨ | ᠳᠠᠶᠢᠴᠢᠨ ᠬᠦᠴᠦᠨ ᠢ ᠬᠥᠭᠵᠢᠭᠦᠯᠬᠦ ᠳᠤ ᠬᠦᠴᠦᠲᠡᠢ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ | ᠃ | ᠥᠪᠥᠷ ᠮᠣᠩᠭᠤᠯ ᠤᠨ ᠡᠳᠦᠷ ᠤᠨ ᠰᠣᠨᠢᠨ᠄ ︽ᠲᠤᠰᠬᠠᠢ ᠮᠡᠷᠭᠡᠵᠢᠯ + ᠲᠣᠭᠲᠠᠴᠠ + ᠲᠣᠮᠣ | ᠳ᠋ᠠᠶᠢᠲ᠋ᠠ︾ ᠶᠢᠨ ᠴᠠᠭᠳᠠᠭᠠᠨ ᠤ ᠶᠠᠪᠤᠳᠠᠯ ᠤᠨ ᠰᠢᠨ᠎ᠡ ᠭᠡᠯᠪᠡᠷᠢ ᠶᠢᠨ ᠠᠵᠢᠯᠯᠠᠭᠠᠨ ᠤ ᠵᠠᠭᠪᠤᠷ ᠢ ᠪᠠᠶᠢᠭᠤᠯᠤᠨ | ᠲᠡᠭᠦᠯᠳᠡᠷᠵᠢᠭᠦᠯᠬᠦ ᠪᠣᠯ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠢᠨ᠎ᠡ ᠭᠡᠯᠪᠡᠷᠢ ᠶᠢᠨ ᠳᠠᠶᠢᠴᠢᠨ ᠬᠦᠴᠦᠨ ᠢ | ᠳᠡᠭᠡᠭᠰᠢᠯᠡᠭᠦᠯᠭᠦ ᠵᠠᠩᠭᠢᠯᠠᠭ᠎ᠠ ᠶᠢᠨ ᠴᠢᠨᠠᠷᠲᠠᠢ ᠡᠭᠦᠷᠭᠡ ᠪᠣᠯᠣᠨ᠎ᠠ᠂ ᠮᠠᠨ ᠤ ᠣᠷᠣᠨ ᠤ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠶᠢᠨ ᠪᠣᠳᠠᠲᠠᠢ ᠠᠬᠢᠭᠤᠯᠬᠤ ᠠᠷᠭ᠎ᠠ ᠬᠡᠮᠵᠢᠶ᠎ᠡ ᠶᠢ ᠶᠠᠷᠢᠭᠠᠳ ᠥᠭᠭᠦᠨ᠎ᠡ ᠦᠦ︖ | ᠯᠢᠦ ᠬᠤᠩ᠄ ᠪᠦᠭᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠥᠪᠡᠷᠲᠡᠭᠡᠨ ᠵᠠᠰᠠᠬᠤ | ᠣᠷᠣᠨ ᠤ ︽ᠪᠠᠶᠢᠭᠤᠯᠤᠯ ᠲᠣᠭᠲᠠᠴᠠ ᠶᠢ ᠰᠢᠯᠤᠭᠤᠳᠬᠠᠬᠤ ᠪᠠ ᠪᠦᠷᠢᠨᠰᠢᠭᠦᠯᠬᠦ ᠪᠣᠯ ᠳᠠᠷᠤᠢ ᠦᠢᠯᠡᠳᠪᠦᠷᠢᠯᠡᠯ ᠤᠨ | ᠬᠦᠴᠦᠨ ᠢ ᠴᠢᠯᠦᠭᠡᠯᠡᠨ ᠬᠥᠭᠵᠢᠭᠦᠯᠬᠦ ᠶᠠᠪᠤᠳᠠᠯ ᠮᠥᠨ︾ ᠭᠡᠬᠦ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ | ︽ᠲᠤᠰᠬᠠᠢ ᠮᠡᠷᠭᠡᠵᠢᠯ + ᠲᠣᠭᠲᠠᠴᠠ + ᠲᠣᠮᠣ ᠳ᠋ᠠᠶᠢᠲ᠋ᠠ︾ ᠶᠢᠨ ᠰᠢᠨ᠎ᠡ ᠭᠡᠯᠪᠡᠷᠢ ᠶᠢᠨ ᠴᠠᠭᠳᠠᠭᠠᠨ ᠤ | ᠶᠠᠪᠤᠳᠠᠯ ᠤᠨ ᠠᠵᠢᠯᠯᠠᠭᠠᠨ ᠤ ᠵᠠᠭᠪᠤᠷ ᠢ ᠲᠦᠷᠭᠡᠨ ᠪᠠᠶᠢᠭᠤᠯᠤᠨ᠎ᠠ᠃ ᠨᠢᠭᠡ ᠳᠤ᠂ ︽ᠲᠤᠰᠬᠠᠢ ᠮᠡᠷᠭᠡᠵᠢᠯ︾ ᠤᠨ | ᠠᠭᠤᠯᠤᠭᠳᠠᠬᠤᠨ ᠢ ᠭᠦᠨᠵᠡᠭᠡᠢ ᠣᠶᠢᠯᠠᠭᠠᠵᠤ᠂ ︽ᠲᠤᠰᠬᠠᠢ ᠴᠠᠭᠳᠠᠭᠠᠨ ᠤ ᠲᠥᠷᠥᠯ ᠢ ᠪᠤᠢ ᠪᠤᠯᠭᠠᠬᠤ︾ ᠪᠠᠷ | ᠴᠠᠭᠳᠠᠭᠠᠨ ᠤ ᠬᠦᠴᠦᠨ ᠢ ᠰᠢᠯᠢᠳᠡᠭᠵᠢᠭᠦᠯᠦᠨ ᠳᠠᠭᠢᠨ ᠵᠣᠬᠢᠶᠠᠨ ᠪᠠᠶᠢᠭᠤᠯᠤᠨ᠎ᠠ᠃ ᠪᠠᠶᠢᠭᠤᠯᠤᠮᠵᠢ ᠶᠢᠨ ᠣᠷᠣᠨ | ᠲᠤᠭ᠎ᠠ ᠶᠢᠨ ᠬᠠᠮᠢᠶᠠᠷᠤᠯᠲᠠ ᠶᠢᠨ ᠥᠭᠡᠷᠡᠴᠢᠯᠡᠯᠲᠡ ᠪᠠᠷ ᠠᠵᠠ ᠲᠣᠭᠢᠶᠠᠯ ᠪᠤᠯᠭᠠᠵᠤ᠂ ᠠᠵᠢᠯᠲᠠᠨ ᠪᠠ ᠬᠦᠴᠦᠨ ᠢ | ᠰᠢᠯᠢᠳᠡᠭᠵᠢᠭᠦᠯᠦᠨ ᠳᠠᠭᠢᠨ ᠵᠣᠬᠢᠶᠠᠨ ᠪᠠᠶᠢᠭᠤᠯᠵᠤ᠂ ︽ᠣᠯᠠᠨ ᠲᠥᠪ ᠲᠠᠢ᠂ ᠨᠢᠭᠡ ᠴᠣᠭᠴᠠᠵᠢᠭᠤᠯᠤᠭᠰᠠᠨ︾ | ᠵᠠᠭᠪᠤᠷ ᠢ ᠪᠠᠶᠢᠭᠤᠯᠤᠨ᠂ ᠭᠤᠷᠪᠠᠨ ᠱᠠᠲᠤᠨ ᠤ ᠲᠤᠷᠰᠢᠨ ᠪᠠᠶᠢᠴᠠᠭᠠᠬᠤ ᠲᠥᠪ ᠢ ᠲᠦᠷᠭᠡᠨ ᠪᠠᠶᠢᠭᠤᠯᠵᠤ᠂ ᠬᠠᠷ᠎ᠠ | ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ᠰᠦᠯᠵᠢᠶᠡᠨ ᠳᠡᠭᠡᠷᠡᠬᠢ ᠲᠡᠮᠡᠴᠡᠯ᠂ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ᠂ ᠴᠠᠭᠢᠯᠭᠠᠨ ᠬᠤᠯᠪᠣᠭᠠᠨ ᠤ ᠮᠡᠬᠡᠯᠡᠯ ᠳᠤ ᠴᠣᠬᠢᠯᠲᠠ ᠥᠭᠬᠦ ᠵᠡᠷᠭᠡ ᠳᠤ ᠭᠤᠣᠯ | ᠬᠦᠴᠦᠨ ᠢᠶᠠᠨ ᠲᠥᠪᠯᠡᠷᠡᠭᠦᠯᠵᠦ᠂ ᠲᠤᠰᠬᠠᠢ ᠮᠡᠷᠭᠡᠵᠢᠯ ᠤᠨ ᠳᠠᠪᠠᠭᠤᠯᠢᠭ ᠢ ᠤᠯᠠᠮ ᠨᠢᠭᠡ ᠠᠯᠬᠤᠮ ᠪᠠᠳᠠᠷᠠᠭᠤᠯᠤᠨ᠎ᠠ᠃ | ᠬᠤᠶᠠᠷ ᠲᠤ᠂ ︽ᠲᠣᠭᠲᠠᠴᠠ︾ ᠶᠢᠨ ᠠᠭᠤᠯᠤᠭᠳᠠᠬᠤᠨ ᠢ ᠭᠦᠨᠵᠡᠭᠡᠢ ᠣᠶᠢᠯᠠᠭᠠᠵᠤ᠂ ︽ᠲᠣᠭᠲᠠᠴᠠ ᠶᠢ | ᠰᠢᠯᠢᠳᠡᠭᠵᠢᠭᠦᠯᠬᠦ︾ ᠪᠠᠷ ᠶᠠᠰᠤ ᠴᠢᠨᠠᠷ ᠦᠷ᠎ᠡ ᠪᠦᠲᠦᠮᠵᠢ ᠶᠢ ᠲᠠᠰ ᠳᠡᠪᠰᠢᠭᠦᠯᠦᠨ᠎ᠡ᠃ ︽1 + 5 + N︾ | ᠣᠲᠣ ᠦᠶ᠎ᠡ ᠶᠢᠨ ᠴᠠᠭᠳᠠᠭᠠᠨ ᠤ ᠶᠠᠪᠤᠳᠠᠯ ᠤᠨ ᠲᠣᠭᠲᠠᠴᠠ ᠶᠢᠨ ᠰᠢᠰᠲ᠋ᠧᠮ ᠢ ᠭᠦᠨᠵᠡᠭᠡᠢ ᠪᠠᠶᠢᠭᠤᠯᠵᠤ᠂ ︽ᠴᠢᠮᠡᠭᠡ | ᠬᠤᠯᠪᠤᠭ᠎ᠠ ᠵᠢᠭᠠᠨ ᠵᠢᠯᠣᠭᠤᠳᠤᠯᠭ᠎ᠠ ᠠᠵᠢᠯᠯᠠᠭ᠎ᠠ︾ ᠶᠢᠨ ᠪᠦᠭᠦ ᠴᠠᠭᠳᠠᠭᠠᠨ ᠤ ᠶᠠᠪᠤᠳᠠᠯ ᠤᠨ ︽ᠶᠡᠭᠡ ᠪᠢᠲᠡᠭᠦᠦ | ᠴᠠᠭᠠᠷᠢᠭ︾᠂ ᠴᠠᠭᠳᠠᠭᠠᠨ ᠤ ᠲᠥᠷᠥᠯ ᠵᠦᠢᠯ ᠤᠨ ︽ᠪᠠᠭ᠎ᠠ ᠪᠢᠲᠡᠭᠦᠦ ᠴᠠᠭᠠᠷᠢᠭ︾᠂ ᠨᠠᠮ ᠵᠠᠰᠠᠭ ᠴᠡᠷᠢᠭ ︽ᠶᠡᠭᠡ | ᠬᠤᠯᠪᠤᠭᠠᠯᠠᠨ ᠬᠥᠳᠡᠯᠦᠯᠴᠡᠬᠦ︾ ᠪᠠᠶᠢᠷᠢᠰᠢᠯ ᠢ ᠲᠦᠷᠭᠡᠨ ᠢᠶᠠᠷ ᠪᠠᠶᠢᠭᠤᠯᠤᠨ ᠲᠡᠭᠦᠯᠳᠡᠷᠵᠢᠭᠦᠯᠵᠦ᠂ ︽ᠰᠠᠭᠤᠷᠢ | ᠬᠠᠮᠢᠶᠠᠷᠤᠨ ᠡᠵᠡᠮᠳᠡᠬᠦ ᠲᠥᠪ + ᠡᠭᠦᠷᠭᠡ ᠶᠢᠨ ᠪᠠᠷᠢᠮᠵᠢᠶ᠎ᠠ + ᠨᠡᠶᠢᠭᠡᠮ ᠲᠣᠭᠤᠷᠢᠭ ᠤᠨ ᠴᠠᠭᠳᠠᠭᠠᠨ ᠤ ᠶᠠᠪᠤᠳᠠᠯ ᠤᠨ | ᠲᠠᠪᠴᠠᠩ︾ ᠤᠨ ᠰᠢᠨ᠎ᠡ ᠭᠡᠯᠪᠡᠷᠢ ᠶᠢᠨ ᠨᠡᠶᠢᠭᠡᠮ ᠲᠣᠭᠤᠷᠢᠭ ᠤᠨ ᠴᠠᠭᠳᠠᠭᠠᠨ ᠤ ᠶᠠᠪᠤᠳᠠᠯ ᠤᠨ ᠲᠣᠭᠲᠠᠴᠠ ᠶᠢᠨ | ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠭᠤᠷᠪᠠ ᠳᠤ᠂ ︽ᠲᠣᠮᠣ ᠳ᠋ᠠᠶᠢᠲ᠋ᠠ︾ ᠶᠢᠨ | ᠠᠭᠤᠯᠤᠭᠳᠠᠬᠤᠨ ᠢ ᠭᠦᠨᠵᠡᠭᠡᠢ ᠣᠶᠢᠯᠠᠭᠠᠵᠤ᠂ ︽ᠲᠣᠮᠣ ᠳ᠋ᠠᠶᠢᠲ᠋ᠠ ᠶᠢ ᠪᠣᠳᠠᠲᠠᠶᠢᠵᠢᠭᠤᠯᠬᠤ ᠳᠤ ᠡᠨᠧᠷᠭᠢ ᠣᠯᠭᠤᠬᠤ︾ | ᠪᠠᠷ ᠡᠬᠢ ᠪᠠᠶᠠᠯᠢᠭ ᠢ ᠨᠠᠷᠢᠯᠢᠭ ᠣᠨᠣᠴᠠᠲᠠᠢ ᠬᠠᠩᠭᠠᠨ᠎ᠠ᠃ ᠲᠣᠮᠣ ᠳ᠋ᠠᠶᠢᠲ᠋ᠠ ᠶᠢᠨ ᠪᠣᠳᠠᠲᠤ ᠪᠠᠶᠢᠯᠳᠤᠭᠠᠨ ᠤ ᠲᠥᠪ᠂ | ︽ᠥᠪᠥᠷ ᠮᠣᠩᠭᠤᠯ ᠤᠨ ᠴᠠᠭᠳᠠᠭ᠎ᠠ ᠶᠢᠨ 965110 ᠬᠠᠮᠲᠤᠷᠠᠭᠰᠠᠨ ᠪᠠᠶᠢᠯᠳᠤᠭᠠᠨ ᠤ ᠲᠥᠪ︾᠂ ᠰᠦᠯᠵᠢᠶᠡᠨ ᠤ | ᠬᠠᠮᠲᠤᠷᠠᠭᠰᠠᠨ ᠪᠠᠶᠢᠯᠳᠤᠭᠠᠨ ᠤ ᠪᠣᠯᠪᠠᠰᠤᠷᠠᠯ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠶᠡᠭᠡ ᠪᠠᠷ | ᠠᠬᠢᠭᠤᠯᠵᠤ᠂ ᠬᠠᠷᠪᠢᠨ ᠤ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠲᠠᠢ ᠬᠠᠮᠲᠤᠷᠠᠨ ᠮᠠᠨ ᠤ ᠣᠷᠣᠨ ᠳᠤ | ᠮᠤᠵᠢ ᠶᠢᠨ ᠲᠠᠰ ᠤᠨ ᠲᠣᠮᠣ ᠳ᠋ᠠᠶᠢᠲ᠋ᠠ ᠶᠢᠨ ᠲᠤᠷᠰᠢᠯᠲᠠ ᠶᠢᠨ ᠲᠠᠰᠤᠭ ᠪᠠᠶᠢᠭᠤᠯᠬᠤ ᠵᠡᠷᠭᠡ ᠠᠰᠢᠭᠲᠠᠢ ᠨᠥᠬᠦᠴᠡᠯ ᠢ | ᠰᠠᠶᠢᠲᠤᠷ ᠬᠡᠷᠡᠭᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠴᠠᠭᠳᠠᠭ᠎ᠠ ᠶᠢ ᠮᠠᠨᠳᠤᠭᠤᠯᠬᠤ ᠭᠤᠷᠪᠠᠨ | ᠵᠢᠯ ᠤᠨ ᠠᠵᠢᠯᠯᠠᠭᠠᠨ ᠤ ᠲᠥᠯᠥᠪᠯᠡᠭᠡ ᠶᠢ ᠰᠠᠶᠢᠲᠤᠷ ᠨᠠᠶᠢᠳᠠᠪᠤᠷᠢᠵᠢᠭᠤᠯᠵᠤ᠂ ︽ᠤᠮᠠᠷᠠᠲᠤ ᠬᠢᠯᠢ ᠶᠢᠨ ᠡᠭᠦᠯᠡᠨ | ᠲᠠᠪᠴᠠᠩ · ᠣᠶᠤᠨᠲᠤ ᠳᠣᠲᠣᠭᠠᠳᠤ ᠶᠢ ᠬᠠᠮᠠᠭᠠᠯᠠᠬᠤ︾ ᠭᠤᠷᠪᠠᠳᠤᠭᠠᠷ ᠬᠤᠭᠤᠴᠠᠭᠠᠨ ᠤ ᠰᠢᠰᠲ᠋ᠧᠮ ᠤᠨ | ᠲᠠᠪᠴᠠᠩ ᠤᠨ ᠪᠠᠶᠢᠷᠢᠰᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠪᠦᠭᠦ ᠣᠷᠣᠨ ᠤ | ᠳᠣᠲᠣᠭᠠᠳᠤ ᠶᠢ ᠬᠠᠮᠠᠭᠠᠯᠠᠬᠤ ᠲᠣᠮᠣ ᠳ᠋ᠠᠶᠢᠲ᠋ᠠ ᠶᠢᠨ ᠬᠡᠷᠡᠭᠯᠡᠭᠡᠨ ᠤ ᠰᠢᠨ᠎ᠡ ᠠᠮᠢ ᠠᠬᠤᠢ ᠶᠢ ᠪᠠᠶᠢᠭᠤᠯᠤᠨ᠎ᠠ᠃ | ᠥᠪᠥᠷ ᠮᠣᠩᠭᠤᠯ ᠤᠨ ᠡᠳᠦᠷ ᠤᠨ ᠰᠣᠨᠢᠨ᠄ ᠪᠦᠭᠦ ᠣᠷᠣᠨ ᠤ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠶᠢᠨ ᠰᠢᠨ᠎ᠡ ᠭᠡᠯᠪᠡᠷᠢ ᠶᠢᠨ ᠳᠠᠶᠢᠴᠢᠨ ᠬᠦᠴᠦᠨ ᠢ ᠲᠦᠷᠭᠡᠳᠬᠡᠨ ᠳᠡᠭᠡᠭᠰᠢᠯᠡᠭᠦᠯᠭᠦ ᠰᠡᠳᠬᠢᠴᠡ ᠮᠠᠰᠢ | ᠲᠣᠳᠣᠷᠬᠠᠢ ᠪᠠᠶᠢᠨ᠎ᠠ᠂ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠠᠷᠭ᠎ᠠ ᠬᠡᠮᠵᠢᠶ᠎ᠡ ᠶᠢᠨ ᠲᠤᠬᠠᠢ ᠶᠠᠷᠢᠭᠠᠳ | ᠥᠭᠭᠦᠨ᠎ᠡ ᠤᠤ︖ | ᠯᠢᠦ ᠬᠤᠩ᠄ ᠥᠨᠳᠥᠷ ᠲᠤ ᠵᠣᠭᠰᠣᠨ ᠠᠯᠤᠰ ᠢ ᠪᠠᠷᠠᠯᠠᠬᠤ ᠶᠢ ᠪᠠᠷᠢᠮᠲᠠᠯᠠᠵᠤ᠂ ᠤᠬᠠᠮᠰᠠᠷ ᠠᠴᠠ ᠪᠠᠨ | ᠪᠦᠭᠦ ᠣᠷᠣᠨ ᠤ ᠳᠣᠲᠣᠭᠠᠳᠤ ᠶᠢ ᠬᠠᠮᠠᠭᠠᠯᠠᠬᠤ ᠠᠵᠢᠯ ᠢ ᠪᠦᠭᠦ ᠤᠯᠤᠰ ᠤᠨ ᠶᠡᠭᠡ ᠲᠠᠯ᠎ᠠ ᠳᠤ ᠲᠠᠯᠪᠢᠨ ᠲᠥᠯᠥᠪᠯᠡᠵᠦ | ᠂ ᠪᠠᠶᠢᠷᠢ ᠲᠣᠭᠲᠠᠭᠠᠯᠲᠠ ᠪᠠᠨ ᠣᠨᠣᠪᠴᠢᠲᠠᠶ ᠣᠯᠵᠤ᠂ ᠴᠢᠭᠯᠡᠯ ᠢᠶᠠᠨ ᠲᠣᠳᠣᠷᠬᠠᠶᠢᠯᠠᠨ᠂ ᠳᠠᠪᠠᠭᠤᠯᠢᠭ ᠢᠶᠠᠨ | ᠪᠠᠳᠠᠷᠠᠭᠤᠯᠵᠤ ᠳᠤᠲᠠᠭᠤᠳᠠᠯ ᠢᠶᠠᠨ ᠲᠡᠪᠴᠢᠵᠦ᠂ ᠳᠠᠪᠠᠭᠤᠯᠢᠭ ᠢᠶᠠᠨ ᠠᠰᠢᠭᠯᠠᠨ ᠳᠤᠲᠠᠭᠤᠳᠠᠯ ᠢᠶᠠᠨ ᠨᠥᠬᠦᠪᠦᠷᠢᠯᠡᠨ᠎ᠡ | ᠃ ᠦᠨᠡᠨ ᠬᠦ ᠠᠳᠬᠤᠨ ᠪᠣᠳᠠᠲᠠᠢ ᠠᠵᠢᠯᠯᠠᠬᠤ ᠶᠢ ᠪᠠᠷᠢᠮᠲᠠᠯᠠᠵᠤ᠂ ᠬᠠᠷᠢᠭᠤᠴᠠᠯᠭ᠎ᠠ ᠪᠠᠨ ᠮᠡᠳᠡᠵᠤ ᠬᠠᠷᠢᠭᠤᠴᠠᠯᠭ᠎ᠠ ᠶᠢ | ᠲᠣᠳᠣᠷᠬᠠᠶᠢᠯᠠᠨ᠂ ᠬᠠᠷᠢᠭᠤᠴᠠᠯᠭ᠎ᠠ ᠪᠠᠨ ᠰᠠᠬᠢᠵᠤ ᠬᠠᠷᠢᠭᠤᠴᠠᠯᠭ᠎ᠠ ᠪᠠᠨ ᠭᠦᠢᠴᠡᠳᠬᠡᠨ᠂ ᠲᠣᠭᠠᠴᠢᠯᠠᠭᠰᠠᠨ ᠲᠤᠷᠰᠢᠨ | ᠪᠠᠶᠢᠴᠠᠭᠠᠯᠲᠠ ᠶᠢᠨ ᠰᠢᠨ᠎ᠡ ᠬᠡᠪ ᠵᠠᠭᠪᠤᠷ᠂ ᠲᠣᠮᠣ ᠳ᠋ᠠᠶᠢᠲ᠋ᠠ ᠶᠢᠨ ᠪᠣᠳᠠᠲᠤ ᠪᠠᠶᠢᠯᠳᠤᠭᠠᠨ ᠤ ᠲᠥᠪ᠂ ︽ᠵᠣᠬᠢᠶᠠᠮᠠᠯ | ᠤᠶᠤᠨ ᠴᠢᠳᠠᠪᠤᠷᠢ + ᠤᠯᠠᠨ ᠨᠡᠶᠢᠲᠡ ᠶᠢᠨ ᠠᠮᠤᠷ ᠲᠦᠪᠰᠢᠨ︾ ᠵᠡᠷᠭᠡ ᠵᠠᠩᠭᠢᠯᠠᠭ᠎ᠠ ᠶᠢᠨ ᠡᠭᠦᠷᠭᠡ ᠶᠢᠨ ᠲᠠᠯ᠎ᠠ ᠪᠠᠷ | ᠨᠡᠩ ᠶᠡᠭᠡ ᠠᠯᠬᠤᠮ ᠢ ᠠᠯᠬᠤᠵᠤ᠂ ᠡᠯ᠎ᠡ ᠵᠦᠢᠯ ᠤᠨ ᠠᠵᠢᠯ ᠢ ᠦᠨᠡᠨ ᠬᠦ ᠴᠢᠩᠭ᠎ᠠ ᠠᠳᠬᠤᠵᠤ ᠦᠷ᠎ᠡ ᠪᠦᠲᠦᠮᠵᠢ | ᠭᠠᠷᠭᠠᠨ᠎ᠠ᠃ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠤᠤᠭᠠᠯ | ᠡᠭᠦᠳᠦᠯᠲᠡ ᠶᠢ ᠭᠦᠨᠳᠦᠳᠭᠡᠵᠦ᠂ ᠪᠦᠭᠦ ᠴᠠᠭᠳᠠᠭ᠎ᠠ ᠶᠢᠨ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠲᠡᠷᠢᠭᠦᠨ ᠤ | ᠬᠢ ᠪᠤᠯᠬᠤ ᠪᠠᠷ ᠴᠢᠷᠮᠠᠶᠢᠬᠤ ᠤᠬᠠᠮᠰᠠᠷ ᠢ ᠴᠢᠩᠭᠠᠳᠬᠠᠨ᠂ ᠰᠠᠭᠤᠷᠢ ᠠᠵᠢᠯ ᠢ ᠯᠠᠪᠳᠠᠭᠤᠨ ᠪᠠᠲᠤᠲᠠᠢ ᠰᠠᠶᠢᠲᠤᠷ | ᠬᠢᠵᠦ᠂ ᠳᠤᠲᠠᠭᠤᠳᠠᠯ ᠢᠶᠠᠨ ᠬᠦᠴᠦᠯᠡᠨ ᠨᠥᠬᠦᠪᠦᠷᠢᠯᠡᠵᠦ᠂ ᠣᠨᠴᠠᠯᠢᠭᠲᠤ ᠠᠵᠢᠯ ᠳᠤ ᠲᠠᠰᠤᠷᠠᠯᠲᠠ ᠦᠭᠡᠢ ᠰᠢᠨ᠎ᠡ ᠶᠢ | ᠡᠭᠦᠳᠦᠨ᠂ ᠪᠦᠭᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠢᠨ᠎ᠡ ᠶᠢ ᠡᠭᠦᠳᠴᠦ ᠦᠢᠯᠡᠰ | ᠪᠣᠰᠬᠠᠬᠤ᠂ ᠲᠦᠷᠭᠡᠨ ᠬᠥᠭᠵᠢᠬᠦ ᠰᠠᠶᠢᠨ ᠰᠠᠶᠢᠬᠠᠨ ᠪᠠᠶᠢᠳᠠᠯ ᠢ ᠬᠠᠮᠲᠤ ᠪᠠᠷ ᠡᠭᠦᠳᠦᠨ᠎ᠡ᠃ | |