ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠬᠤᠷᠢᠶᠠᠨ ᠳᠠᠷᠤᠭ᠎ᠠ ᠶᠠᠩ ᠽᠥᠩ ᠷᠧᠨ᠄ ᠥᠭᠡᠷᠡᠴᠢᠯᠡᠯᠲᠡ ᠶᠢᠨ ᠡᠭᠦᠷᠭᠡ ᠶᠢᠨ | ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ ᠰᠢᠭᠦᠨ ᠲᠠᠰᠤᠯᠬᠤ ᠠᠵᠢᠯ ᠤᠨ ᠣᠳᠣᠬᠢᠴᠢᠯᠠᠯᠲᠠ ᠶᠢ | ᠠᠬᠢᠭᠤᠯᠤᠨ᠎ᠠ | ᠥᠪᠥᠷ ᠮᠣᠩᠭᠤᠯ ᠤᠨ ᠡᠳᠦᠷ ᠤᠨ ᠰᠣᠨᠢᠨ ᠤ ᠰᠤᠷᠪᠤᠯᠵᠢᠯᠠᠬᠴᠢ ᠸᠠᠩ ᠬᠤᠤ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ | ᠬᠤᠷᠠᠯ ᠠᠴᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠰᠢᠰᠲ᠋ᠧᠮ ᠢ | ᠲᠡᠭᠦᠯᠳᠡᠷᠵᠢᠭᠦᠯᠬᠦ ᠲᠤᠬᠠᠢ ᠴᠢᠬᠤᠯᠠ ᠶᠡᠭᠡ ᠰᠢᠨ᠎ᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠦ᠂ ︽ | ᠤᠯᠤᠰ ᠤᠨ ᠡᠯ᠎ᠡ ᠲᠠᠯ᠎ᠠ ᠶᠢᠨ ᠠᠵᠢᠯ ᠤᠨ ᠬᠠᠤᠯᠢᠵᠢᠯᠳᠠ ᠶᠢ ᠪᠦᠭᠦ ᠲᠠᠯ᠎ᠠ ᠪᠠᠷ ᠠᠬᠢᠭᠤᠯᠬᠤ︾ ᠶᠢ ᠴᠢᠬᠤᠯᠠᠴᠢᠯᠠᠵᠤ᠂ | ᠠᠷᠠᠳ ᠤᠨ ᠰᠢᠭᠦᠬᠦ ᠬᠤᠷᠢᠶ᠎ᠠ ᠳᠤ ᠨᠡᠩ ᠬᠦᠨᠳᠦ ᠡᠭᠦᠷᠭᠡ ᠬᠠᠷᠢᠭᠤᠴᠠᠯᠭ᠎ᠠ ᠣᠯᠭᠤᠵᠤ᠂ ᠨᠡᠩ ᠥᠨᠳᠥᠷ ᠠᠵᠢᠯ ᠤᠨ | ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ | ᠣᠶᠢᠷ᠎ᠠ ᠳᠤ ᠪᠦᠭᠦ ᠣᠷᠣᠨ ᠤ ᠡᠯ᠎ᠡ ᠱᠠᠲᠤᠨ ᠤ ᠰᠢᠭᠦᠬᠦ ᠬᠤᠷᠢᠶ᠎ᠠ ᠬᠡᠷᠬᠢᠨ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ | ᠬᠢᠬᠦ ᠳᠤ ᠠᠩᠬᠠᠷᠤᠯ ᠢᠶᠠᠨ ᠲᠥᠪᠯᠡᠷᠡᠭᠦᠯᠦᠨ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠵᠦ᠂ ᠰᠢᠭᠦᠨ | ᠲᠠᠰᠤᠯᠬᠤ ᠬᠡᠷᠡᠭᠵᠢᠭᠦᠯᠬᠦ ᠭᠤᠣᠯ ᠬᠠᠷᠢᠭᠤᠴᠠᠯᠭ᠎ᠠ ᠭᠤᠣᠯ ᠠᠵᠢᠯ ᠳᠤ ᠰᠠᠭᠤᠷᠢᠯᠠᠵᠤ᠂ ᠥᠭᠡᠷᠡᠴᠢᠯᠡᠯᠲᠡ ᠶᠢᠨ | ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂ ᠰᠢᠭᠦᠨ ᠲᠠᠰᠤᠯᠬᠤ ᠠᠵᠢᠯ ᠤᠨ | ᠣᠳᠣᠬᠢᠴᠢᠯᠠᠯᠲᠠ ᠪᠠᠷ ᠦᠨᠡᠨ ᠬᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ | ᠰᠢᠨ᠎ᠡ ᠬᠠᠭᠤᠳᠠᠰᠤ ᠶᠢ ᠪᠢᠴᠢᠭᠯᠡᠬᠦ ᠳᠤ ᠬᠦᠴᠦᠲᠡᠢ ᠬᠠᠤᠯᠢ ᠪᠠᠷᠢᠬᠤ ᠲᠤᠯᠭᠠᠭᠤᠷᠢᠯᠠᠯ ᠬᠠᠩᠭᠠᠬᠤ ᠶᠢᠨ ᠲᠣᠭᠤᠷᠢᠨ | ᠳᠤ ᠥᠪᠥᠷ ᠮᠣᠩᠭᠤᠯ ᠤᠨ ᠡᠳᠦᠷ ᠤᠨ ᠰᠣᠨᠢᠨ ᠤ ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠠᠷᠠᠳ ᠤᠨ | ᠥᠨᠳᠥᠷ ᠵᠡᠷᠭᠡ ᠶᠢᠨ ᠰᠢᠭᠦᠬᠦ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠷᠢᠶᠠᠨ | ᠳᠠᠷᠤᠭ᠎ᠠ ᠶᠠᠩ ᠽᠥᠩ ᠷᠧᠨ ᠢ ᠰᠤᠷᠪᠤᠯᠵᠢᠯᠠᠪᠠ᠃ | ᠥᠪᠥᠷ ᠮᠣᠩᠭᠤᠯ ᠤᠨ ᠡᠳᠦᠷ ᠤᠨ ᠰᠣᠨᠢᠨ᠄ ᠠᠷᠠᠳ ᠤᠨ ᠰᠢᠭᠦᠬᠦ ᠬᠤᠷᠢᠶ᠎ᠠ ᠪᠦᠭᠦᠳᠡ ᠬᠤᠷᠠᠯ ᠤᠨ | ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠳᠤ ᠦᠷᠭᠦᠯᠵᠢᠯᠡᠨ ᠭᠦᠨᠵᠡᠭᠡᠶᠢᠷᠡᠭᠦᠯᠵᠦ | ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠪᠠᠷ ᠭᠤᠣᠯᠳᠠᠯᠭ᠎ᠠ ᠪᠠᠨ ᠪᠤᠯᠭᠠᠬᠤ ᠬᠡᠷᠡᠭᠲᠡᠢ᠃ ᠲᠡᠭᠡᠪᠡᠯ ᠪᠦᠭᠦ | ᠣᠷᠣᠨ ᠤ ᠰᠢᠭᠦᠬᠦ ᠬᠤᠷᠢᠶ᠎ᠠ ᠬᠡᠷᠬᠢᠨ ᠭᠦᠨᠵᠡᠭᠡᠢ ᠬᠢᠵᠦ ᠪᠣᠳᠠᠲᠠᠢ ᠬᠢᠬᠦ ᠪᠠᠷ ᠲᠠᠮᠵᠢᠨ ᠶᠡᠭᠡ ᠲᠠᠯ᠎ᠠ ᠳᠤ ᠦᠢᠯᠡᠴᠢᠯᠡᠵᠦ | ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠭᠤᠣᠯ ᠠᠵᠢᠯ ᠢ ᠪᠠᠲᠤᠯᠠᠭᠰᠠᠨ ᠪᠤᠶ︖ | ᠶᠠᠩ ᠽᠥᠩ ᠷᠧᠨ᠄ ᠪᠦᠭᠦ ᠣᠷᠣᠨ ᠤ ᠰᠢᠭᠦᠬᠦ ᠬᠤᠷᠢᠶ᠎ᠠ ᠥᠪᠥᠷ ᠮᠣᠩᠭᠤᠯ ᠤᠨ ᠰᠢᠨ᠎ᠡ ᠵᠠᠮ ᠨᠡᠭᠡᠭᠡᠨ | ᠂ ᠳᠤᠮᠳᠠ ᠲᠦᠪᠰᠢᠨ ᠳᠤ ᠣᠷᠣᠬᠤ ᠰᠢᠨ᠎ᠡ ᠪᠠᠶᠢᠳᠠᠯ ᠰᠢᠨ᠎ᠡ ᠡᠭᠦᠷᠭᠡ ᠶᠢ ᠭᠦᠨᠵᠡᠭᠡᠢ ᠡᠵᠡᠮᠳᠡᠵᠦ᠂ ︽ | ᠬᠠᠮᠢᠶᠠᠷᠤᠯᠲᠠ ᠶᠢ ᠴᠢᠩᠭᠠᠳᠬᠠᠬᠤ᠂ ᠨᠠᠶᠢᠳᠠᠪᠤᠷᠢᠵᠢᠭᠤᠯᠤᠯᠲᠠ ᠶᠢ ᠠᠳᠬᠤᠬᠤ᠂ ᠶᠠᠰᠤ ᠴᠢᠨᠠᠷ ᠦᠷ᠎ᠡ ᠪᠦᠲᠦᠮᠵᠢ ᠶᠢ | ᠳᠡᠭᠡᠭᠰᠢᠯᠡᠭᠦᠯᠭᠦ᠂ ᠳᠡᠭᠡᠷ᠎ᠡ ᠲᠦᠪᠰᠢᠨ ᠳᠤ ᠣᠷᠣᠬᠤ︾ ᠬᠠᠷᠠᠯᠲᠠ ᠶᠢᠨ ᠪᠠᠶᠢᠷᠢ ᠲᠣᠭᠲᠠᠭᠠᠯᠲᠠ ᠶᠢ ᠴᠢᠩᠭ᠎ᠠ | ᠠᠩᠬᠠᠷᠴᠤ᠂ ᠬᠠᠤᠯᠢ ᠪᠠᠷᠢᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠪᠠᠷ | ᠲᠠᠮᠵᠢᠨ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠳᠤ ᠬᠦᠴᠦ ᠨᠡᠮᠡᠷᠢᠯᠡᠪᠡ᠃ | ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠭᠦᠨᠵᠡᠭᠡᠢ ᠲᠤᠭᠤᠰᠢᠯᠠᠭᠤᠯᠤᠨ᠂ ᠠᠭᠤᠴᠢᠯᠠᠬᠤ ᠪᠠ | ᠴᠢᠩᠭ᠎ᠠ ᠰᠢᠢᠳᠬᠡᠬᠦ ᠶᠢ ᠤᠶᠠᠯᠳᠤᠭᠤᠯᠬᠤ ᠡᠷᠡᠭᠦᠦ ᠶᠢᠨ ᠬᠡᠷᠡᠭ ᠤᠨ ᠲᠦᠷᠦ ᠶᠢᠨ ᠪᠣᠳᠣᠯᠭ᠎ᠠ ᠶᠢ ᠪᠦᠭᠦ ᠲᠠᠯ᠎ᠠ ᠪᠠᠷ | ᠣᠨᠣᠪᠴᠢᠲᠠᠢ ᠲᠤᠭᠤᠰᠢᠯᠠᠭᠤᠯᠵᠤ᠂ ᠵᠢᠯ ᠤᠨ ᠡᠬᠢᠨ ᠠᠴᠠ ᠨᠠᠭᠠᠰᠢ᠂ ᠨᠢᠭᠡᠳᠦᠭᠡᠷ ᠰᠢᠭᠦᠯᠲᠡ ᠶᠢᠨ ᠡᠷᠡᠭᠦᠦ ᠶᠢᠨ | ᠬᠡᠷᠡᠭ ᠢ 1.7 ᠲᠦᠮᠡᠨ ᠬᠤᠪᠢ 2.3 ᠲᠦᠮᠡᠨ ᠬᠥᠮᠥᠨ ᠢ ᠰᠢᠭᠦᠨ ᠳᠠᠭᠤᠰᠬᠠᠵᠤ᠂ ᠪᠦᠭᠦ ᠤᠯᠤᠰ ᠪᠦᠭᠦ | ᠣᠷᠣᠨ ᠳᠤ ᠬᠦᠨᠳᠦ ᠶᠡᠭᠡ ᠨᠥᠯᠥᠭᠡ ᠲᠠᠢ ᠨᠢᠭᠡ ᠪᠦᠯᠦᠭ ᠡᠷᠡᠭᠦᠦ ᠶᠢᠨ ᠬᠡᠷᠡᠭ ᠢ ᠬᠠᠤᠯᠢ ᠶᠣᠰᠣᠭᠠᠷ ᠰᠢᠭᠦᠪᠡ; | ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ ᠬᠠᠷ᠎ᠠ | ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ 23 ᠬᠡᠷᠡᠭ 466 ᠬᠥᠮᠥᠨ ᠢ ᠰᠢᠭᠦᠨ ᠳᠠᠭᠤᠰᠬᠠᠵᠤ᠂ | ᠤᠯᠤᠰ ᠤᠨ ᠠᠮᠤᠷ ᠲᠦᠪᠰᠢᠨ᠂ ᠨᠡᠶᠢᠭᠡᠮ ᠤᠨ ᠠᠮᠤᠷ ᠲᠣᠭᠲᠠᠭᠤᠨ᠂ ᠠᠷᠠᠳ ᠲᠦᠮᠡᠨ ᠤ ᠠᠮᠤᠷ ᠲᠣᠭᠲᠠᠭᠤᠨ ᠢ | ᠡᠷᠡᠰ ᠬᠠᠮᠠᠭᠠᠯᠠᠪᠠ᠃ ᠠᠮᠢ ᠠᠬᠤᠢ ᠣᠷᠴᠢᠨ ᠲᠣᠭᠤᠷᠢᠨ ᠤ ᠠᠮᠤᠷ ᠲᠦᠪᠰᠢᠨ ᠤ ᠬᠠᠤᠯᠢ ᠴᠠᠭᠠᠵᠠ ᠶᠢᠨ | ᠬᠠᠯᠬᠠᠪᠴᠢ ᠶᠢ ᠪᠠᠬᠢᠵᠢᠭᠦᠯᠦᠨ᠂ ᠣᠷᠴᠢᠨ ᠲᠣᠭᠤᠷᠢᠨ ᠡᠬᠢ ᠪᠠᠶᠠᠯᠢᠭ ᠤᠨ ᠬᠡᠷᠡᠭ ᠢ ᠲᠥᠪᠯᠡᠷᠡᠭᠦᠯᠦᠨ ᠬᠠᠮᠢᠶᠠᠷᠬᠤ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠤᠰᠬᠠᠶᠢᠵᠢᠭᠰᠠᠨ ᠰᠢᠭᠦᠨ ᠲᠠᠰᠤᠯᠤᠯᠲᠠ ᠪᠠᠷ ᠣᠷᠴᠢᠨ | ᠲᠣᠭᠤᠷᠢᠨ ᠤ ᠬᠠᠤᠯᠢ ᠴᠠᠭᠠᠵᠠ ᠶᠢᠨ ᠬᠠᠮᠠᠭᠠᠯᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠪᠡ;ᠣᠷᠴᠢᠨ ᠲᠣᠭᠤᠷᠢᠨ | ᠡᠬᠢ ᠪᠠᠶᠠᠯᠢᠭ ᠢ ᠡᠪᠳᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠢᠳᠬᠡᠵᠦ᠂ ᠣᠷᠴᠢᠨ | ᠲᠣᠭᠤᠷᠢᠨ ᠡᠬᠢ ᠪᠠᠶᠠᠯᠢᠭ ᠤᠨ ᠡᠯ᠎ᠡ ᠲᠦᠷᠦᠯ ᠤᠨ ᠬᠡᠷᠡᠭ ᠢ 9955 ᠬᠤᠪᠢ ᠰᠢᠭᠦᠨ ᠳᠠᠭᠤᠰᠬᠠᠪᠠ;ᠶᠠᠯᠠᠲᠤ | ᠠᠵᠢᠯᠯᠠᠭ᠎ᠠ ᠶᠢ ᠵᠠᠯᠬᠠᠭᠠᠨ ᠰᠢᠢᠳᠬᠡᠬᠦ ᠪᠠ ᠠᠮᠢ ᠠᠬᠤᠢ ᠶᠢ ᠵᠠᠰᠠᠨ ᠰᠡᠷᠭᠦᠭᠡᠬᠦ ᠶᠢ ᠵᠡᠷᠭᠡ ᠪᠠᠷ ᠴᠢᠬᠤᠯᠠᠴᠢᠯᠠᠬᠤ ᠶᠢ | ᠪᠠᠷᠢᠮᠲᠠᠯᠠᠵᠤ᠂ ᠠᠮᠢ ᠠᠬᠤᠢ ᠣᠷᠴᠢᠨ ᠲᠣᠭᠤᠷᠢᠨ ᠢ ᠵᠠᠰᠠᠨ ᠰᠡᠷᠭᠦᠭᠡᠬᠦ ᠠᠷᠭ᠎ᠠ ᠮᠠᠶ᠋ᠢᠭ ᠤᠨ ᠲᠠᠯ᠎ᠠ ᠪᠠᠷ ᠲᠤᠬᠠᠢ ᠶᠢᠨ | ᠭᠠᠵᠠᠷ ᠣᠷᠣᠨ ᠴᠠᠭ ᠲᠤᠬᠠᠢ ᠳᠤᠨᠢ ᠰᠢᠨ᠎ᠡ ᠶᠢ ᠡᠭᠦᠳᠴᠦ᠂ ︽ᠬᠠᠤᠯᠢ ᠴᠠᠭᠠᠵᠠ ᠶᠢᠨ ᠪᠠᠮᠪᠠᠢ︾ ᠪᠠᠷ ᠬᠥᠯᠥᠨ | ᠨᠠᠭᠤᠷ᠂ ᠤᠯᠠᠭᠠᠨᠰᠤᠬᠠᠢ᠂ ᠲᠠᠭ᠎ᠠ ᠶᠢᠨ ᠨᠠᠭᠤᠷ ᠪᠠ ︽ᠤᠮᠠᠷᠠᠲᠤ ᠶᠢᠨ ᠭᠤᠷᠪᠠᠨ ᠣᠷᠣᠨ ᠤ ᠬᠠᠯᠬᠠᠪᠴᠢ ᠤᠢ︾ | ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠡᠷᠡᠰ ᠬᠠᠮᠠᠭᠠᠯᠠᠪᠠ᠃ ᠴᠢᠨᠠᠷ ᠰᠠᠶᠢᠲᠠᠢ | ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢ | ᠳᠡᠭᠡᠭᠰᠢᠯᠡᠭᠦᠯᠭᠦ ᠣᠨ︾ ᠤ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠬᠡᠷᠡᠭᠵᠢᠭᠦᠯᠦᠯᠲᠡ ᠶᠢᠨ ᠪᠣᠭᠤᠮᠲᠠ | ᠰᠢᠪᠲᠤᠯᠬᠤ᠂ ᠬᠠᠤᠯᠢ ᠴᠠᠭᠠᠵᠠ ᠶᠢ ᠢᠯᠡ ᠪᠤᠯᠭᠠᠬᠤ᠂ ᠠᠵᠤ ᠠᠬᠤᠶᠢᠯᠠᠯ ᠳᠤ ᠬᠤᠯᠪᠣᠭᠳᠠᠭᠰᠠᠨ ᠦᠢᠯᠡᠴᠢᠯᠡᠭᠡ᠂ | ᠬᠤᠳᠠᠯ ᠬᠠᠭᠤᠷᠮᠠᠭ ᠵᠠᠷᠭᠤ ᠶᠢ ᠰᠡᠷᠭᠡᠶᠢᠯᠡᠬᠦ ᠵᠡᠷᠭᠡ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢ | ᠳᠡᠭᠡᠭᠰᠢᠯᠡᠭᠦᠯᠭᠦ ᠵᠠᠩᠭᠢᠯᠠᠭ᠎ᠠ ᠶᠢᠨ ᠴᠡᠭ ᠤᠨ ᠲᠣᠭᠤᠷᠢᠨ ᠳᠤ 24 ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ | ᠨᠠᠷᠢᠯᠢᠭᠵᠢᠭᠤᠯᠵᠤ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ ᠶᠢ | ᠠᠭᠢᠭᠤᠯᠵᠠᠢ; ᠡᠯ᠎ᠡ ᠱᠠᠲᠤᠨ ᠤ ᠰᠢᠭᠦᠬᠦ ᠬᠤᠷᠢᠶ᠎ᠠ ᠲᠤᠰ ᠲᠤᠰ ︽ᠮᠥᠩᠭᠦᠨ ᠭᠦᠢᠯᠭᠡᠭᠡᠨ ᠤ ᠰᠢᠭᠦᠨ | ᠲᠠᠰᠤᠯᠤᠯᠳᠠ ᠶᠢᠨ ᠴᠠᠭᠠᠨ ᠭᠠᠳᠠᠷᠲᠤ ᠪᠢᠴᠢᠭ︾ ᠢ ᠭᠠᠷᠭᠠᠨ ᠲᠠᠷᠬᠠᠭᠠᠵᠤ᠂ ᠮᠥᠩᠭᠦᠨ ᠭᠦᠢᠯᠭᠡᠭᠡᠨ ᠤ ᠠᠶᠤᠯ | ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠳᠤ ᠪᠦᠭᠦ ᠲᠠᠯ᠎ᠠ ᠤᠯᠠᠨ ᠬᠠᠷᠠᠭᠠᠰᠤ ᠠᠴᠠ ᠬᠦᠴᠦᠨ ᠨᠡᠮᠡᠷᠢᠯᠡᠪᠡ᠃ ︽ | ᠬᠤᠶᠠᠷ ᠡᠷᠡᠰ ᠭᠤᠶᠢᠪᠢᠰᠢ ᠦᠭᠡᠢ︾ ᠶᠢ ᠪᠠᠷᠢᠮᠲᠠᠯᠠᠨ ᠨᠠᠶᠢᠳᠠᠪᠤᠷᠢᠵᠢᠭᠤᠯᠵᠤ᠂ ︽︿ᠲᠥᠪ ᠭᠤᠤᠯᠴᠢ ᠬᠢᠭᠡᠳ | ᠦᠷ᠎ᠡ ᠪᠦᠲᠦᠮᠵᠢ﹀ ᠶᠢ ᠪᠣᠳᠠᠲᠠᠶᠢᠵᠢᠭᠤᠯᠵᠤ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ | ᠵᠢᠱᠢᠯᠲᠡ ᠶᠢᠨ ᠬᠠᠤᠯᠢ ᠪᠠᠷᠢᠬᠤ ᠲᠣᠭᠲᠠᠴᠠ︾ ᠶᠢ ᠨᠡᠶᠢᠲᠡᠯᠡᠵᠦ᠂ ᠬᠠᠤᠯᠢ ᠶᠣᠰᠣᠭᠠᠷ ᠡᠷᠬᠡ ᠲᠡᠭᠰᠢ ᠬᠠᠮᠠᠭᠠᠯᠠᠬᠤ | ᠵᠠᠷᠴᠢᠮ ᠢ ᠳᠦᠷᠢᠮ ᠤᠨ ᠪᠢᠴᠢᠭ ᠮᠠᠲ᠋ᠧᠷᠢᠶᠠᠯ ᠳᠤ ᠠᠭᠤᠰᠬᠠᠨ ᠣᠷᠣᠭᠤᠯᠵᠤ᠂ ᠪᠣᠳᠠᠲᠤ ᠬᠡᠷᠡᠭ ᠢ ᠰᠢᠢᠳᠪᠦᠷᠢᠯᠡᠬᠦ | ᠭᠦᠷᠲᠡᠯ᠎ᠡ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠳᠤ ᠴᠢᠨᠠᠷ ᠰᠠᠶᠢᠲᠠᠢ ᠬᠠᠤᠯᠢ ᠪᠠᠷ | ᠵᠠᠰᠠᠬᠤ ᠪᠠᠲᠤᠯᠠᠭ᠎ᠠ ᠬᠠᠩᠭᠠᠪᠠ᠃ ᠬᠡᠷᠡᠭ ᠢ ᠰᠢᠢᠳᠪᠦᠷᠢᠯᠡᠬᠦ ᠪᠣᠯ ᠳᠠᠷᠤᠢ ᠵᠠᠰᠠᠯᠲᠠ ᠮᠥᠨ ᠭᠡᠳᠡᠭ ᠢ ᠪᠠᠷᠢᠮᠲᠠᠯᠠᠵᠤ᠂ | ᠴᠢᠨᠠᠷ ᠰᠠᠶᠢᠲᠠᠢ ᠶᠡᠷᠦᠩᠬᠡᠶᠢᠯᠡᠭᠰᠡᠨ ᠲᠦᠷᠦᠯ ᠤᠨ ᠬᠠᠤᠯᠢ ᠪᠠᠷᠢᠬᠤ ᠰᠠᠨᠠᠭᠤᠯᠭ᠎ᠠ ᠶᠢ ᠲᠣᠭᠲᠠᠭᠠᠨ ᠲᠠᠷᠬᠠᠭᠠᠬᠤ ᠶᠢ | ᠴᠢᠩᠭᠠᠳᠬᠠᠵᠤ᠂ ᠬᠠᠤᠯᠢ ᠪᠠᠷᠢᠬᠤ ᠰᠠᠨᠠᠭᠤᠯᠭ᠎ᠠ ᠶᠢ ᠨᠡᠶᠢᠳᠡ 2124 ᠬᠤᠪᠢ ᠭᠠᠷᠭᠠᠵᠤ᠂ ᠬᠠᠤᠯᠢ ᠪᠠᠷᠢᠬᠤ ︽ | ᠰᠠᠶᠢᠨ ᠵᠣᠷ︾ ᠢᠶᠠᠷ ᠨᠡᠶᠢᠭᠡᠮ ᠤᠨ ︽ᠴᠢᠳᠠᠮᠠᠭᠠᠢ ᠵᠠᠰᠠᠯᠲᠠ︾ ᠶᠢ ᠦᠨᠡᠨ ᠬᠦ ᠠᠬᠢᠭᠤᠯᠪᠠ᠃ | ᠥᠪᠥᠷ ᠮᠣᠩᠭᠤᠯ ᠤᠨ ᠡᠳᠦᠷ ᠤᠨ ᠰᠣᠨᠢᠨ᠄ ᠠᠷᠠᠳ ᠣᠯᠠᠨ ᠪᠣᠯ ᠲᠥᠪ ᠭᠤᠤᠯᠴᠢ ᠰᠢᠳᠤᠷᠭᠤ | ᠶᠣᠰᠣ ᠶᠢ ᠮᠡᠳᠡᠷᠡᠬᠦ ᠪᠡᠶᠡᠴᠢ ᠴᠣᠭᠴᠠ ᠮᠥᠨ᠃ ᠪᠦᠭᠦ ᠣᠷᠣᠨ ᠤ ᠰᠢᠭᠦᠬᠦ ᠬᠤᠷᠢᠶ᠎ᠠ ᠰᠢᠭᠦᠨ ᠲᠠᠰᠤᠯᠬᠤ | ᠭᠦᠢᠴᠡᠳᠬᠡᠬᠦ ᠭᠤᠣᠯ ᠬᠠᠷᠢᠭᠤᠴᠠᠯᠭ᠎ᠠ ᠭᠤᠣᠯ ᠠᠵᠢᠯ ᠳᠤ ᠰᠠᠭᠤᠷᠢᠯᠠᠨ᠂ ᠠᠷᠠᠳ ᠣᠯᠠᠨ ᠤ ᠬᠦᠷᠲᠡᠮᠵᠢ ᠶᠢᠨ | ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠬᠦ ᠲᠠᠯ᠎ᠠ ᠪᠠᠷ ᠶᠠᠮᠠᠷ ᠶᠠᠮᠠᠷ | ᠪᠣᠳᠠᠲᠠᠢ ᠠᠷᠭ᠎ᠠ ᠬᠡᠮᠵᠢᠶ᠎ᠡ ᠠᠪᠤᠭᠰᠠᠨ ᠪᠤᠶ︖ | ᠶᠠᠩ ᠽᠥᠩ ᠷᠧᠨ᠄ ᠠᠷᠠᠳ ᠤᠯᠠᠨ ᠪᠣᠯ ᠲᠥᠪ ᠭᠤᠣᠯᠴᠢ ᠰᠢᠳᠤᠷᠭᠤ ᠶᠣᠰᠣ ᠶᠢ ᠮᠡᠳᠡᠷᠡᠬᠦ ᠪᠡᠶᠡᠴᠢ | ᠴᠣᠭᠴᠠ ᠮᠥᠨ ᠭᠡᠳᠡᠭ ᠢ ᠪᠢᠳᠡ ᠢᠮᠠᠭᠲᠠ ᠪᠠᠲᠤ ᠴᠡᠭᠡᠵᠢᠯᠡᠵᠦ᠂ ︽ᠪᠠᠶᠢᠷᠢ ᠰᠣᠯᠢᠵᠤ ᠪᠣᠳᠣᠯᠬᠢᠯᠠᠬᠤ︾ | ᠣᠶᠢᠯᠠᠭᠠᠭᠳᠠᠬᠤᠨ ᠢ ᠪᠠᠲᠤ ᠪᠤᠢ ᠪᠤᠯᠭᠠᠵᠤ᠂ ᠬᠠᠤᠯᠢ ᠴᠠᠭᠠᠵᠠ ᠶᠢᠨ ︽ᠰᠢᠯᠢᠳᠡᠭ︾ ᠢᠶᠠᠷ ᠤᠯᠠᠨ ᠲᠦᠮᠡᠨ ᠤ ︽ | ᠰᠠᠨᠠᠭᠠᠰᠢᠷᠠᠯ︾ ᠢ ᠬᠦᠴᠦᠯᠡᠨ ᠰᠢᠢᠳᠪᠦᠷᠢᠯᠡᠪᠡ᠃ ᠵᠢᠯ ᠤᠨ ᠡᠬᠢᠨ ᠠᠴᠠ ᠨᠠᠭᠠᠰᠢ᠂ ᠪᠦᠭᠦ ᠣᠷᠣᠨ ᠤ ᠰᠢᠭᠦᠬᠦ | ᠬᠤᠷᠢᠶ᠎ᠠ ᠰᠤᠷᠭᠠᠨ ᠬᠥᠮᠦᠵᠢᠯ᠂ ᠠᠵᠢᠯ ᠣᠯᠭᠤᠯᠲᠠ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ᠂ ᠣᠷᠣᠨ | ᠰᠠᠭᠤᠴᠠ ᠵᠡᠷᠭᠡ ᠠᠷᠠᠳ ᠤᠨ ᠠᠮᠢᠳᠤᠷᠠᠯ ᠳᠤ ᠬᠤᠯᠪᠣᠭᠳᠠᠭᠰᠠᠨ ᠬᠡᠷᠡᠭ ᠢ 12.42 ᠲᠦᠮᠡᠨ ᠬᠤᠪᠢ ᠰᠢᠭᠦᠨ | ᠳᠠᠭᠤᠰᠬᠠᠪᠠ; ︽ᠠᠰᠠᠷ ᠢ ᠲᠣᠭᠲᠠᠭᠰᠠᠨ ᠴᠠᠭ ᠲᠤ ᠲᠤᠰᠢᠶᠠᠬᠤ ᠶᠢ ᠪᠠᠲᠤᠯᠠᠬᠤ᠂ ᠠᠷᠠᠳ ᠤᠨ ᠠᠮᠢᠳᠤᠷᠠᠯ ᠢ | ᠪᠠᠲᠤᠯᠠᠬᠤ᠂ ᠲᠣᠭᠲᠠᠭᠤᠨ ᠪᠠᠶᠢᠳᠠᠯ ᠢ ᠪᠠᠲᠤᠯᠠᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ ᠭᠡᠷ ᠪᠠᠶᠢᠰᠢᠩ ᠤᠨ | ᠠᠷᠠᠯᠵᠢᠶ᠎ᠠ ᠶᠢᠨ ᠵᠢᠭᠤᠷᠠᠯᠳᠤᠭᠠᠨ ᠵᠡᠷᠭᠡ ᠬᠡᠷᠡᠭ ᠢ 1.01 ᠲᠦᠮᠡᠨ ᠬᠤᠪᠢ ᠰᠢᠭᠦᠨ ᠳᠠᠭᠤᠰᠬᠠᠵᠤ᠂ ᠠᠷᠠᠳ | ᠤᠯᠠᠨ ᠤ ︽ᠠᠮᠤᠭᠤᠯᠠᠩ ᠰᠠᠭᠤᠴᠠ ᠶᠢᠨ ᠬᠦᠰᠡᠯ ᠵᠡᠭᠦᠳᠦ︾ ᠶᠢ ᠦᠨᠡᠨ ᠬᠦ ᠰᠠᠬᠢᠨ ᠬᠠᠮᠠᠭᠠᠯᠠᠪᠠ᠃ ᠰᠢᠨ᠎ᠡ ᠴᠠᠭ | ᠦᠶ᠎ᠡ ᠶᠢᠨ ︽ᠹᠧᠩᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ︽ᠤᠮᠠᠷᠠᠲᠤ ᠬᠢᠯᠢ ᠶᠢᠨ | ᠹᠧᠩᠴᠢᠶᠣᠤ︾ ᠣᠯᠠᠨ ᠡᠰᠢᠵᠢᠭᠦᠯᠦᠨ ᠰᠢᠢᠳᠪᠦᠷᠢᠯᠡᠬᠦ ᠲᠦᠷᠦᠯ ᠲᠡᠮᠳᠡᠭ ᠢ ᠴᠣᠭᠴᠠᠯᠠᠨ᠂ ︽ᠲᠥᠯᠥᠭᠡᠯᠡᠭᠴᠢ᠂ | ᠭᠡᠰᠢᠭᠦᠨ + ᠰᠢᠭᠦᠬᠦ ᠬᠤᠷᠢᠶ᠎ᠠ︾ ᠶᠢᠨ ᠢᠷᠭᠡᠨ ᠤ ᠪᠠ ᠬᠤᠳᠠᠯᠳᠤᠭᠠᠨ ᠤ ᠶᠠᠪᠤᠳᠠᠯ ᠤᠨ ᠵᠢᠭᠤᠷᠠᠯᠳᠤᠭᠠᠨ ᠢ | ᠠᠷᠢᠯᠭᠠᠬᠤ ᠲᠣᠭᠲᠠᠴᠠ ᠶᠢ ᠭᠦᠨᠵᠡᠭᠡᠶᠢᠷᠡᠭᠦᠯᠵᠦ᠂ 1600 ᠠᠷᠠᠳ ᠤᠨ ᠲᠥᠯᠥᠭᠡᠯᠡᠭᠴᠢ ᠪᠠ 1609 ᠤᠯᠤᠰ | ᠲᠥᠷᠥ ᠶᠢᠨ ᠵᠥᠪᠯᠡᠯᠭᠡᠨ ᠤ ᠭᠡᠰᠢᠭᠦᠨ ᠵᠭᠠᠯᠳᠤᠬᠤ ᠠᠴᠠ ᠡᠮᠦᠨ᠎ᠡ ᠡᠶᠡᠳᠡᠭᠦᠯᠬᠦ ᠳᠤ ᠣᠷᠣᠯᠴᠠᠨ᠂ 2.24 ᠲᠦᠮᠡᠨ | ᠬᠤᠪᠢ ᠬᠡᠷᠡᠭ ᠢ ᠠᠮᠵᠢᠯᠲᠠ ᠲᠠᠢ ᠡᠶᠡᠳᠡᠭᠦᠯᠪᠡ; ︽ᠬᠠᠤᠯᠢ ᠴᠠᠭᠠᠵᠠ ᠶᠢᠨ ᠵᠥᠪᠯᠡᠯᠭᠡ ᠥᠭᠬᠦ ᠲᠡᠷᠢᠭᠦᠨ ᠲᠤᠰᠬᠠᠢ | ᠮᠡᠷᠭᠡᠵᠢᠯᠲᠡᠨ + ᠰᠢᠭᠦᠬᠦ ᠬᠤᠷᠢᠶ᠎ᠠ︾ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠲᠣᠭᠲᠠᠴᠠ ᠶᠢ | ᠪᠠᠶᠢᠭᠤᠯᠵᠤ᠂ ᠬᠠᠤᠯᠢ ᠴᠠᠭᠠᠵᠠ ᠶᠢᠨ ᠵᠥᠪᠯᠡᠯᠭᠡ ᠥᠭᠬᠦ ᠲᠡᠷᠢᠭᠦᠨ ᠲᠤᠰᠬᠠᠢ ᠮᠡᠷᠭᠡᠵᠢᠯᠲᠡᠨ ᠤ ᠥᠷᠲᠡᠭᠡ 115 ᠶᠢ | ᠪᠠᠶᠢᠭᠤᠯᠵᠤ᠂ ᠬᠠᠤᠯᠢ ᠴᠠᠭᠠᠵᠠ ᠶᠢᠨ ᠵᠥᠪᠯᠡᠯᠭᠡ ᠥᠭᠬᠦ 644 ᠲᠤᠰᠬᠠᠢ ᠮᠡᠷᠭᠡᠵᠢᠯᠲᠡᠨ 4459 ᠬᠡᠷᠡᠭ ᠢ | ᠡᠶᠡᠳᠡᠭᠦᠯᠬᠦ ᠳᠤ ᠣᠷᠣᠯᠴᠠᠵᠤ᠂ ᠵᠠᠬᠢᠳᠠᠯ ᠰᠤᠷᠪᠤᠯᠵᠢᠯᠠᠯ ᠤᠨ 148 ᠬᠡᠷᠡᠭ ᠢ ᠰᠢᠶᠳᠪᠦᠷᠢᠯᠡᠪᠡ; ᠪᠦᠭᠦ ᠣᠷᠣᠨ ᠤ | ᠰᠢᠭᠦᠬᠦ ᠬᠤᠷᠢᠶ᠎ᠠ ᠵᠠᠭᠠᠯᠳᠤᠬᠤ ᠠᠴᠠ ᠡᠮᠦᠨ᠎ᠡ ᠠᠮᠵᠢᠯᠲᠠ ᠲᠠᠢ ᠡᠶᠡᠳᠡᠭᠦᠯᠦᠭᠰᠡᠨ ᠬᠡᠷᠡᠭ 29.7 ᠲᠦᠮᠡᠨ ᠬᠤᠪᠢ | ᠪᠠᠶᠢᠵᠤ᠂ ᠵᠠᠭᠠᠯᠳᠤᠬᠤ ᠠᠴᠠ ᠡᠮᠦᠨ᠎ᠡ ᠠᠮᠵᠢᠯᠲᠠ ᠲᠠᠢ ᠡᠶᠡᠳᠡᠭᠦᠯᠦᠭᠰᠡᠨ ᠨᠣᠷᠮ᠎ᠠ 81.77% ᠳᠤ ᠬᠦᠷᠴᠦ᠂ | ᠵᠥᠷᠢᠴᠡᠯ ᠵᠢᠭᠤᠷᠠᠯᠳᠤᠭᠠᠨ ᠢ ᠵᠠᠷᠭᠤ ᠪᠤᠯᠬᠤ ᠠᠴᠠ ᠡᠮᠦᠨ᠎ᠡ ᠴᠢᠷᠮᠠᠶᠢᠨ ᠰᠢᠢᠳᠪᠦᠷᠢᠯᠡᠪᠡ᠃ ᠴᠥᠬᠦᠷᠡᠰᠢ ᠦᠭᠡᠢ | ᠤᠷᠤᠭᠰᠢᠯᠠᠬᠤ ᠡᠷᠡᠰ ᠵᠣᠷᠢᠭ ᠪᠠ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ︽ᠵᠠᠬᠢᠳᠠᠯ ᠰᠤᠷᠪᠤᠯᠵᠢᠯᠠᠯ ᠪᠠᠶᠢᠪᠠᠯ | ᠵᠠᠪᠠᠯ ᠬᠠᠷᠢᠭᠤ ᠥᠭᠬᠦ︾ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠠᠬᠢᠳᠠᠯ ᠰᠤᠷᠪᠤᠯᠵᠢᠯᠠᠯ ᠬᠢᠭᠰᠡᠳ ᠤᠨ | ᠬᠦᠰᠡᠯ ᠱᠠᠭᠠᠷᠳᠠᠯᠭ᠎ᠠ ᠶᠢ ᠴᠠᠭ ᠲᠤᠬᠠᠢ ᠳᠤᠨᠢ ᠰᠢᠢᠳᠪᠦᠷᠢᠯᠡᠨ ᠬᠠᠷᠢᠭᠤ ᠥᠭᠴᠦ᠂ ︽ᠵᠠᠬᠢᠳᠠᠯ ᠰᠤᠷᠪᠤᠯᠵᠢᠯᠠᠯ | ᠪᠠᠶᠢᠪᠠᠯ ᠵᠠᠪᠠᠯ ᠬᠠᠷᠢᠭᠤ ᠥᠭᠭᠦᠭᠰᠡᠨ︾ ᠨᠣᠷᠮ᠎ᠠ 98.32% ᠲᠤ ᠬᠦᠷᠴᠦ᠂ ᠳᠠᠭᠢᠨ ᠵᠠᠬᠢᠳᠠᠯ ᠰᠤᠷᠪᠤᠯᠵᠢᠯᠠᠯ | ᠬᠢᠬᠦ ᠶᠢ 10% ᠪᠠᠷ ᠪᠠᠭᠤᠷᠠᠭᠤᠯᠪᠠ; ᠤᠤᠯ ᠰᠢᠭᠦᠯᠲᠡ ᠶᠢᠨ ᠳᠠᠭᠠᠭᠠᠨ ᠠᠪᠴᠤ ᠰᠢᠢᠳᠪᠦᠷᠢᠯᠡᠭᠰᠡᠨ ᠰᠢᠭᠦᠬᠦ | ᠲᠤᠰᠢᠶᠠᠯᠲᠠᠨ ᠤ ᠵᠠᠬᠢᠳᠠᠯ ᠰᠤᠷᠪᠤᠯᠵᠢᠯᠠᠯ ᠢ ᠠᠩᠬ᠎ᠠ ᠰᠢᠢᠳᠪᠦᠷᠢᠯᠡᠬᠦ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠦᠭᠦ | ᠣᠷᠣᠨ ᠤ ᠰᠢᠭᠦᠬᠦ ᠬᠤᠷᠢᠶ᠎ᠠ ᠰᠢᠭᠦᠬᠦ ᠲᠤᠰᠢᠶᠠᠯᠲᠠᠨ ᠤ ᠵᠠᠬᠢᠳᠠᠯ ᠰᠤᠷᠪᠤᠯᠵᠢᠯᠠᠯ ᠢ ᠭᠥᠯᠢᠶᠡᠨ ᠠᠪᠴᠤ | ᠰᠢᠢᠳᠪᠦᠷᠢᠯᠡᠭᠰᠡᠨ ᠨᠢ 12836 ᠬᠤᠪᠢ ᠤᠳᠠᠭ᠎ᠠ ᠪᠠᠶᠢᠵᠤ᠂ 700 ᠭᠠᠷᠤᠢ ᠬᠤᠪᠢ ᠵᠠᠬᠢᠳᠠᠯ ᠰᠤᠷᠪᠤᠯᠵᠢᠯᠠᠯ ᠤᠨ | ᠵᠦᠢᠯᠡᠰ ᠢ ᠪᠦᠲᠦᠮᠵᠢᠲᠡᠢ ᠰᠢᠢᠳᠪᠦᠷᠢᠯᠡᠬᠦ ᠶᠢ ᠠᠬᠢᠭᠤᠯᠵᠤ᠂ ᠲᠥᠪ ᠤᠨ ᠵᠠᠬᠢᠳᠠᠯ ᠰᠤᠷᠪᠤᠯᠵᠢᠯᠠᠯ ᠤᠨ ᠬᠠᠮᠲᠤᠷᠠᠭᠰᠠᠨ | ᠬᠤᠷᠠᠯ ᠤᠨ ᠠᠯᠪᠠᠨ ᠭᠡᠷ ᠪᠠ ᠠᠷᠠᠳ ᠤᠨ ᠳᠡᠭᠡᠳᠦ ᠰᠢᠭᠦᠬᠦ ᠬᠤᠷᠢᠶ᠎ᠠ ᠠᠴᠠ ᠤᠬᠠᠭᠤᠯᠤᠨ ᠲᠠᠨᠢᠯᠴᠠᠭᠤᠯᠪᠡ; | ᠠᠷᠠᠳ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠲᠤᠰᠬᠠᠢ ᠮᠡᠷᠭᠡᠵᠢᠯᠲᠡᠨ ᠡᠷᠳᠡᠮᠲᠡᠨ᠂ | ᠬᠠᠤᠯᠢᠴᠢ᠂ ᠨᠡᠶᠢᠭᠡᠮ ᠲᠣᠭᠤᠷᠢᠭ ᠤᠨ ᠠᠵᠢᠯᠲᠠᠨ ᠵᠡᠷᠭᠡ ᠶᠢ ᠤᠷᠢᠵᠤ ᠲᠦᠪᠡᠭᠲᠡᠢ ᠬᠡᠷᠡᠭ ᠲᠤ ᠢᠯᠡ ᠪᠠᠷ ᠭᠡᠷᠡᠴᠢᠯᠡᠭᠡ | ᠰᠣᠨᠣᠰᠬᠠᠵᠤ᠂ ︽ᠬᠠᠤᠯᠢ ᠶᠢᠨ ᠵᠠᠩᠭᠢᠷᠠᠭ᠎ᠠ︾ ᠶᠢ ᠰᠢᠢᠳᠪᠦᠷᠢᠯᠡᠬᠦ ᠮᠥᠷᠲᠡᠭᠡᠨ ︽ᠰᠡᠳᠬᠢᠯ ᠤᠨ ᠵᠠᠩᠭᠢᠷᠠᠭ᠎ᠠ︾ ᠶᠢ | ᠨᠠᠩ ᠢᠯᠡᠭᠦᠦ ᠰᠢᠢᠳᠪᠦᠷᠢᠯᠡᠬᠦ ᠶᠢ ᠠᠬᠢᠭᠤᠯᠪᠠ᠃ | ᠥᠪᠥᠷ ᠮᠣᠩᠭᠤᠯ ᠤᠨ ᠡᠳᠦᠷ ᠤᠨ ᠰᠣᠨᠢᠨ᠄ ᠪᠦᠭᠦ ᠣᠷᠣᠨ ᠤ ᠰᠢᠭᠦᠬᠦ ᠬᠤᠷᠢᠶ᠎ᠠ ᠬᠡᠷᠬᠢᠨ ᠰᠢᠨᠵᠢᠯᠡᠬᠦ | ᠤᠬᠠᠭᠠᠨᠴᠢ ᠬᠠᠮᠢᠶᠠᠷᠤᠯᠲᠠ ᠪᠠᠷ ᠰᠢᠭᠦᠨ ᠲᠠᠰᠤᠯᠬᠤ ᠠᠵᠢᠯ ᠤᠨ ᠣᠳᠣᠬᠢᠴᠢᠯᠠᠯᠲᠠ ᠶᠢ ᠠᠬᠢᠭᠤᠯᠵᠤ᠂ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠳᠤ ᠦᠢᠯᠡᠴᠢᠯᠡᠵᠦ | ᠪᠠᠲᠤᠯᠠᠭᠰᠠᠨ ᠪᠤᠶ︖ | ᠶᠠᠩ ᠽᠥᠩ ᠷᠧᠨ᠄ ᠪᠢᠳᠡ ᠬᠠᠤᠯᠢ ᠪᠠᠷᠢᠬᠤ ᠬᠠᠷᠢᠭᠤᠴᠠᠯᠭ᠎ᠠ ᠶᠢᠨ ᠳᠦᠷᠢᠮ ᠢ ᠪᠦᠭᠦ ᠲᠠᠯ᠎ᠠ ᠪᠠᠷ | ᠣᠨᠣᠪᠴᠢᠲᠠᠶ ᠨᠠᠶᠢᠳᠠᠪᠤᠷᠢᠵᠢᠭᠤᠯᠵᠤ᠂ ︽ᠬᠢᠨᠠᠨ ᠦᠵᠡᠬᠦ︾ ᠳᠦᠷᠢᠮ ᠢ ᠨᠠᠷᠢᠯᠢᠭᠵᠢᠭᠤᠯᠤᠨ ᠨᠠᠶᠢᠳᠠᠪᠤᠷᠢᠵᠢᠭᠤᠯᠵᠤ᠂ | ᠬᠤᠷᠢᠶᠠᠨ ᠳᠠᠷᠤᠭ᠎ᠠ ᠲᠢᠩᠬᠢᠮ ᠤᠨ ᠳᠠᠷᠤᠭ᠎ᠠ ᠶᠢᠨ ᠰᠢᠭᠦᠨ ᠲᠠᠰᠤᠯᠤᠯᠲᠠ ᠳᠤ ᠬᠢᠨᠠᠯᠲᠠ ᠲᠠᠯᠪᠢᠵᠤ ᠬᠠᠮᠢᠶᠠᠷᠬᠤ | ᠲᠤᠰᠢᠶᠠᠯ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠢᠭᠦᠨ ᠲᠠᠰᠤᠯᠤᠯᠲᠠ ᠶᠢᠨ ᠴᠢᠨᠠᠷ ᠴᠢᠨᠰᠠᠭ᠎ᠠ ᠦᠷ᠎ᠡ | ᠪᠦᠲᠦᠮᠵᠢ ᠶᠢᠨ ᠤᠯᠠᠮ ᠨᠢᠭᠡ ᠠᠯᠬᠤᠮ ᠳᠡᠭᠡᠭᠰᠢᠯᠡᠬᠦ ᠶᠢ ᠠᠬᠢᠭᠤᠯᠪᠠ᠃ ᠬᠠᠤᠯᠢ ᠪᠠᠷᠢᠬᠤ ᠵᠢᠮ᠎ᠡ ᠶᠣᠰᠣᠨ ᠳᠤ | ᠨᠡᠶᠢᠴᠡᠭᠰᠡᠨ ᠰᠢᠭᠦᠨ ᠲᠠᠰᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠰᠢᠭᠦᠨ ᠲᠠᠰᠤᠯᠤᠯᠲᠠ ᠶᠢᠨ ᠲᠤᠭ᠎ᠠ | ᠪᠠᠷᠢᠮᠲᠠ ᠶᠢᠨ ᠵᠥᠪᠳᠡᠯᠴᠡᠭᠡᠨ ᠤ ᠬᠤᠷᠠᠯ ᠢ ᠬᠤᠶᠠᠷ ᠰᠠᠷ᠎ᠠ ᠪᠦᠷᠢ ᠳᠤ ᠨᠢᠭᠡ ᠤᠳᠠᠭ᠎ᠠ ᠬᠤᠷᠠᠯᠳᠤᠭᠤᠯᠵᠤ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠨ᠂ ᠲᠤᠭ᠎ᠠ ᠪᠠᠷᠢᠮᠲᠠ ᠪᠠᠷ ᠭᠠᠷᠳᠠᠴᠠ ᠪᠤᠯᠭᠠᠵᠤ᠂ ᠵᠥᠷᠢᠴᠡᠯ | ᠵᠢᠭᠤᠷᠠᠯᠳᠤᠭᠠᠨ ᠢ ᠬᠦᠴᠦ ᠪᠠᠨ ᠲᠥᠪᠯᠡᠷᠡᠭᠦᠯᠦᠨ ᠪᠣᠳᠠᠲᠠᠢ ᠨᠠᠮᠳᠠᠭᠤᠯᠵᠤ ᠰᠢᠭᠦᠨ ᠲᠠᠰᠤᠯᠤᠯᠲᠠ ᠶᠢᠨ ᠶᠠᠰᠤ | ᠴᠢᠨᠠᠷ ᠤᠨ ᠬᠠᠮᠢᠶᠠᠷᠤᠯᠲᠠ ᠶᠢ ᠴᠢᠩᠭᠠᠳᠬᠠᠪᠠ᠃ ᠠᠷᠠᠳ ᠤᠨ ᠳᠡᠭᠡᠳᠦ ᠰᠢᠭᠦᠬᠦ ᠬᠤᠷᠢᠶ᠎ᠠ ᠠᠴᠠ ᠲᠣᠭᠲᠠᠭᠠᠭᠰᠠᠨ | 18 ᠵᠦᠢᠯ ᠤᠨ ᠰᠢᠭᠦᠨ ᠲᠠᠰᠤᠯᠤᠯᠲᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠭᠦᠢᠴᠡᠳᠬᠡᠯ ᠲᠣᠭᠠᠨ ᠤ | ᠰᠢᠰᠲ᠋ᠧᠮ ᠳᠤ᠂ ᠵᠣᠬᠢᠰᠲᠠᠢ ᠬᠡᠪᠴᠢᠶᠡᠨ ᠳᠤ 14 ᠵᠦᠢᠯ ᠤᠨ ᠭᠦᠢᠴᠡᠳᠬᠡᠯ ᠲᠤᠭ᠎ᠠ ᠪᠠᠶᠢᠵᠤ᠂ ᠣᠳᠣᠬᠠᠨ ᠳᠤ ᠪᠦᠭᠦ | ᠣᠷᠣᠨ ᠤ ᠰᠢᠭᠦᠬᠦ ᠬᠤᠷᠢᠶ᠎ᠠ ᠶᠢᠨ 13 ᠵᠦᠢᠯ ᠨᠢ ᠵᠣᠬᠢᠰᠲᠠᠢ ᠬᠡᠪᠴᠢᠶᠡᠨ ᠳᠤ ᠣᠷᠣᠭᠰᠠᠨ ᠪᠤᠶᠤ ᠲᠡᠭᠦᠨ ᠠᠴᠠ | ᠳᠠᠪᠠᠵᠤ᠂ ᠪᠠᠷᠢᠮᠵᠢᠶ᠎ᠠ ᠳᠤ ᠭᠦᠷᠦᠭᠰᠡᠨ ᠨᠣᠷᠮ᠎ᠠ ᠨᠢ 94.4% ᠳᠤ ᠬᠦᠷᠴᠡᠢ᠃ ᠲᠣᠭᠠᠴᠢᠯᠠᠭᠰᠠᠨ ᠰᠢᠭᠦᠬᠦ | ᠬᠤᠷᠢᠶ᠎ᠠ ᠶᠢᠨ ᠳᠡᠰ ᠳᠡᠪᠰᠢᠬᠦ ᠶᠢ ᠠᠬᠢᠭᠤᠯᠵᠤ᠂ ᠪᠦᠭᠦ ᠣᠷᠣᠨ ᠤ ᠰᠢᠭᠦᠬᠦ ᠬᠤᠷᠢᠶ᠎ᠠ ᠶᠢᠨ ︽ᠨᠢᠭᠡ ᠰᠦᠯᠵᠢᠶ᠎ᠡ︾ | ᠶᠢᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠢ ᠪᠠᠶᠢᠷᠢᠯᠠᠭᠤᠯᠤᠨ ᠠᠬᠢᠭᠤᠯᠵᠤ᠂ 12 ᠰᠠᠷ᠎ᠠ ᠳᠤ | ᠪᠦᠭᠦ ᠣᠷᠣᠨ ᠤ ᠰᠢᠭᠦᠬᠦ ᠬᠤᠷᠢᠶ᠎ᠠ ᠳᠤ ᠠᠰᠢᠭᠯᠠᠯᠲᠠ ᠳᠤ ᠣᠷᠣᠭᠤᠯᠵᠤ᠂ ᠲᠣᠭᠠᠴᠢᠯᠠᠭᠰᠠᠨ ᠥᠭᠡᠷᠡᠴᠢᠯᠡᠯᠲᠡ ᠪᠠᠷ | ᠰᠢᠭᠦᠨ ᠲᠠᠰᠤᠯᠤᠯᠲᠠ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢᠨ ᠳᠡᠭᠡᠭᠰᠢᠯᠡᠯᠲᠡ ᠶᠢ ᠠᠬᠢᠭᠤᠯᠬᠤ ᠪᠠᠷ | ᠲᠥᠯᠥᠪᠯᠡᠵᠦ ᠪᠠᠶᠢᠨ᠎ᠠ᠃ ︽ᠬᠠᠤᠯᠢ ᠶᠢᠨ ᠬᠠᠷᠢᠭᠤᠯᠲᠠ ᠰᠦᠯᠵᠢᠶ᠎ᠡ︾᠂ ︽ᠬᠡᠷᠡᠭ ᠤᠨ ᠵᠢᠱᠢᠶ᠎ᠡ ᠶᠢᠨ ᠬᠥᠮᠥᠷᠭᠡ︾ | ᠶᠢ ᠭᠦᠢᠴᠡᠳ ᠬᠡᠷᠡᠭᠯᠡᠨ᠂ ᠰᠤᠷᠤᠯᠴᠠᠵᠤ ᠬᠡᠷᠡᠭᠯᠡᠭᠰᠡᠨ ᠦᠷ᠎ᠡ ᠪᠦᠲᠦᠭᠡᠯ ᠢᠶᠠᠨ ᠴᠢᠳᠠᠪᠤᠷᠢ ᠬᠡᠪ ᠴᠢᠨᠠᠷ ᠢᠶᠠᠨ | ᠴᠢᠩᠭᠠᠳᠬᠠᠬᠤ᠂ ᠲᠠᠰᠤᠯᠤᠨ ᠲᠣᠭᠲᠠᠭᠠᠬᠤ ᠪᠠᠷᠢᠮᠵᠢᠶ᠎ᠠ ᠪᠠᠨ ᠨᠢᠭᠡᠳᠬᠡᠬᠦ᠂ ᠰᠢᠭᠦᠨ ᠲᠠᠰᠤᠯᠤᠯᠲᠠ ᠶᠢᠨ ᠴᠢᠨᠠᠷ | ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠭᠦ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠤᠨ᠎ᠠ᠃ | ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ | ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ | ᠲᠡᠷᠡ ᠶᠣᠰᠣᠭᠠᠷ ᠨᠢ ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠡᠭᠦᠷᠭᠡᠲᠦ ᠪᠤᠳᠤᠯ ᠬᠠᠷᠢᠭᠤᠴᠠᠯᠭᠠᠲᠤ ᠰᠡᠳᠬᠢᠯᠭᠡ ᠲᠤᠯᠭᠠᠮ ᠰᠡᠳᠬᠢᠯᠭᠡ ᠪᠠᠨ ᠦᠨᠡᠨ ᠬᠦ | ᠴᠢᠩᠭᠠᠳᠬᠠᠵᠤ᠂ ᠡᠴᠦᠰ ᠲᠤᠨᠢ ᠲᠤᠯᠲᠠᠯ᠎ᠠ ᠬᠢᠬᠦ ᠵᠣᠷᠢᠭ ᠢᠶᠠᠨ ᠪᠠᠷᠢᠮᠲᠠᠯᠠᠨ᠂ ᠴᠤᠴᠠᠯᠲᠠ ᠦᠭᠡᠢ ᠴᠢᠷᠮᠠᠶᠢᠨ | ᠠᠮᠵᠢᠯᠲᠠ ᠪᠦᠲᠦᠮᠵᠢ ᠭᠠᠷᠭᠠᠬᠤ ᠪᠠᠷ ᠴᠢᠷᠮᠠᠶᠢᠵᠤ᠂ ᠦᠨᠡᠨᠴᠢ ᠰᠢᠳᠤᠷᠭᠤ ᠪᠠᠷ ᠬᠠᠤᠯᠢ ᠪᠠᠷᠢᠬᠤ ᠵᠢᠳᠬᠦᠯ | ᠴᠢᠷᠮᠠᠶᠢᠯᠭ᠎ᠠ ᠪᠠᠨ ᠢᠯᠡᠷᠡᠭᠦᠯᠦᠨ᠂ ᠰᠢᠭᠦᠨ ᠲᠠᠰᠤᠯᠬᠤ ᠠᠵᠢᠯ ᠤᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ᠂ | ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠰᠢᠨ᠎ᠡ ᠵᠠᠮ ᠨᠡᠭᠡᠭᠡᠵᠦ ᠳᠤᠮᠳᠠ | ᠲᠦᠪᠰᠢᠨ ᠳᠤ ᠳᠠᠪᠰᠢᠨ ᠣᠷᠣᠬᠤ ᠳᠤ ᠨᠠᠩ ᠶᠡᠭᠡ ᠬᠠᠤᠯᠢ ᠴᠠᠭᠠᠵᠠ ᠶᠢᠨ ᠬᠦᠴᠦᠨ ᠴᠢᠳᠠᠯ ᠢᠶᠠᠨ ᠡᠷᠭᠦᠨ᠎ᠡ᠃ | |