ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ᠄ ᠴᠢᠨᠠᠷ ᠰᠠᠶᠢᠲᠠᠢ ᠥᠨᠳᠥᠷ ᠪᠦᠲᠦᠮᠵᠢᠲᠡᠢ | ᠪᠠᠷ ᠪᠠᠶᠢᠴᠠᠭᠠᠬᠤ ᠠᠵᠢᠯ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠥᠭᠡᠷᠡᠴᠢᠯᠡᠯᠲᠡ ᠶᠢ ᠤᠯᠠᠮ ᠨᠢᠭᠡ | ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠦᠢᠯᠡᠴᠢᠯᠡᠨ᠎ᠡ | ᠥᠪᠥᠷ ᠮᠣᠩᠭᠤᠯ ᠤᠨ ᠡᠳᠦᠷ ᠤᠨ ᠰᠣᠨᠢᠨ ᠤ ᠰᠤᠷᠪᠤᠯᠵᠢᠯᠠᠬᠴᠢ ᠬᠤᠤ ᠵᠢᠶᠠ ᠯᠢ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ | ᠠᠴᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠠᠢ ᠨᠢᠭᠲᠠ ᠤᠶᠠᠯᠳᠤᠭᠤᠯᠤᠨ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠡᠷᠡᠭᠲᠡᠢ ᠭᠡᠵᠦ ᠳᠤᠷᠠᠳᠤᠨ | ᠭᠠᠷᠭᠠᠵᠠᠢ᠃ ᠪᠦᠭᠦ ᠣᠷᠣᠨ ᠤ ᠪᠠᠶᠢᠴᠠᠭᠠᠬᠤ ᠪᠠᠶᠢᠭᠤᠯᠭ᠎ᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ | ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠴᠢᠬᠤᠯᠠ ᠶᠡᠭᠡ | ᠤᠯᠤᠰ ᠲᠥᠷᠥ ᠶᠢᠨ ᠡᠭᠦᠷᠭᠡ ᠪᠤᠯᠭᠠᠵᠤ᠂ ᠤᠯᠤᠰ ᠲᠥᠷᠥ ᠶᠢᠨ ᠲᠠᠯ᠎ᠠ ᠠᠴᠠ ᠪᠣᠳᠣᠯᠬᠢᠯᠠᠬᠤ᠂ ᠬᠠᠤᠯᠢ ᠪᠠᠷ ᠵᠠᠰᠠᠬᠤ | ᠲᠠᠯ᠎ᠠ ᠪᠠᠷ ᠬᠦᠴᠦᠯᠡᠬᠦ ᠶᠢ ᠪᠠᠷᠢᠮᠲᠠᠯᠠᠨ᠂ ᠪᠠᠶᠢᠴᠠᠭᠠᠬᠤ ᠠᠵᠢᠯ ᠤᠨ ᠲᠤᠰᠢᠶᠠᠯ ᠬᠠᠷᠢᠭᠤᠴᠠᠯᠭ᠎ᠠ ᠪᠠᠨ ᠪᠦᠭᠦ ᠲᠠᠯ᠎ᠠ ᠪᠠᠷ | ᠭᠦᠢᠴᠡᠳᠬᠡᠵᠦ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠤᠬᠠᠮᠰᠠᠷ ᠠᠴᠠ ᠪᠠᠨ | ᠠᠭᠤᠰᠤᠯᠴᠠᠵᠤ᠂ ᠨᠠᠩ ᠴᠢᠨᠠᠷ ᠰᠠᠶᠢᠲᠠᠢ ᠥᠨᠳᠥᠷ ᠪᠦᠲᠦᠮᠵᠢᠲᠡᠢ ᠬᠠᠤᠯᠢ ᠴᠠᠭᠠᠵᠠ ᠶᠢᠨ ᠬᠢᠨᠠᠯᠲᠠ ᠪᠠᠷ ᠥᠪᠥᠷ | ᠮᠣᠩᠭᠤᠯ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠳᠤ ᠬᠠᠤᠯᠢ ᠪᠠᠷ ᠵᠠᠰᠠᠬᠤ ᠬᠦᠴᠦᠲᠡᠢ ᠪᠠᠲᠤᠯᠠᠭ᠎ᠠ | ᠬᠠᠩᠭᠠᠬᠤ ᠪᠠᠷ ᠴᠢᠷᠮᠠᠶᠢᠪᠠ᠃ | ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠬᠡᠷᠬᠢᠨ ᠭᠦᠨᠵᠡᠭᠡᠢ | ᠦᠢᠯᠡᠳᠦᠯᠭᠡᠵᠢᠭᠦᠯᠵᠦ᠂ ᠨᠡᠩ ᠤᠬᠠᠮᠰᠠᠷ ᠠᠴᠠ ᠪᠠᠨ ᠶᠡᠭᠡ ᠲᠠᠯ᠎ᠠ ᠳᠤ ᠦᠢᠯᠡᠴᠢᠯᠡᠨ᠂ ᠠᠷᠠᠳ ᠤᠨ ᠲᠥᠯᠥᠭᠡ | ᠬᠠᠤᠯᠢ ᠪᠠᠷᠢᠵᠤ᠂ ᠬᠠᠤᠯᠢ ᠪᠠᠷ ᠵᠠᠰᠠᠬᠤ ᠳᠤ ᠬᠠᠷᠢᠭᠤᠴᠠᠯᠭ᠎ᠠ ᠡᠭᠦᠷᠭᠡᠯᠡᠵᠦ᠂ ᠡᠯ᠎ᠡ ᠵᠦᠢᠯ ᠤᠨ ᠥᠭᠡᠷᠡᠴᠢᠯᠡᠯᠲᠡ ᠶᠢᠨ | ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ | ᠲᠤᠬᠠᠢ᠂ ᠣᠶᠢᠷ᠎ᠠ ᠶᠢᠨ ᠡᠳᠦᠷ ᠥᠪᠥᠷ ᠮᠣᠩᠭᠤᠯ ᠤᠨ ᠡᠳᠦᠷ ᠤᠨ ᠰᠣᠨᠢᠨ ᠤ ᠰᠤᠷᠪᠤᠯᠵᠢᠯᠠᠬᠴᠢ ᠥᠪᠡᠷᠲᠡᠭᠡᠨ | ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ ᠢ ᠰᠤᠷᠪᠤᠯᠵᠢᠯᠠᠪᠠ᠃ | ᠥᠪᠥᠷ ᠮᠣᠩᠭᠤᠯ ᠤᠨ ᠡᠳᠦᠷ ᠤᠨ ᠰᠣᠨᠢᠨ᠄ ᠬᠥᠭᠵᠢᠭᠦᠯᠬᠦ ᠪᠣᠯ ᠲᠡᠷᠢᠭᠦᠨ ᠴᠢᠬᠤᠯᠠ ᠡᠭᠦᠷᠭᠡ᠂ | ᠲᠣᠭᠲᠠᠭᠤᠨ ᠪᠠᠶᠢᠯᠭᠠᠬᠤ ᠪᠣᠯ ᠲᠡᠷᠢᠭᠦᠨ ᠬᠠᠷᠢᠭᠤᠴᠠᠯᠭ᠎ᠠ ᠪᠣᠯᠣᠨ᠎ᠠ᠃ ᠲᠡᠭᠡᠪᠡᠯ ᠪᠦᠭᠦ ᠣᠷᠣᠨ ᠤ ᠪᠠᠶᠢᠴᠠᠭᠠᠬᠤ | ᠪᠠᠶᠢᠭᠤᠯᠭ᠎ᠠ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠥᠪᠡᠷᠲᠡᠭᠡᠨ | ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠳᠤ ᠦᠢᠯᠡᠴᠢᠯᠡᠬᠦ ᠲᠠᠯ᠎ᠠ ᠪᠠᠷ ᠶᠠᠮᠠᠷ ᠶᠠᠮᠠᠷ ᠠᠷᠭ᠎ᠠ | ᠬᠡᠮᠵᠢᠶ᠎ᠡ ᠠᠪᠤᠭᠰᠠᠨ ᠪᠤᠶ︖ | ᠯᠢ ᠶᠦᠩ ᠵᠢᠶᠦ᠋ᠨ᠄ ᠪᠢᠳᠡ ᠬᠥᠭᠵᠢᠯᠲᠡ ᠪᠠ ᠠᠮᠤᠷ ᠲᠦᠪᠰᠢᠨ ᠳᠤ ᠦᠢᠯᠡᠴᠢᠯᠡᠬᠦ ᠶᠢ ᠪᠠᠶᠢᠴᠠᠭᠠᠬᠤ | ᠠᠵᠢᠯ ᠤᠨ ᠭᠤᠣᠯ ᠡᠭᠦᠷᠭᠡ ᠪᠤᠯᠭᠠᠬᠤ ᠶᠢ ᠪᠠᠷᠢᠮᠲᠠᠯᠠᠵᠤ᠂ ᠰᠠᠨᠠᠭᠠᠴᠢᠯᠠᠭ᠎ᠠ ᠠᠴᠠ ᠪᠠᠨ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠨ᠂ ᠥᠪᠡᠷᠲᠡᠭᠡᠨ ᠵᠠᠰᠠᠬᠤ ᠣᠷᠣᠨ ᠤ ᠥᠨᠳᠥᠷ ᠲᠦᠪᠰᠢᠨ ᠪᠦᠬᠦᠢ ᠠᠮᠤᠷ | ᠲᠦᠪᠰᠢᠨ᠂ ᠴᠢᠨᠠᠷ ᠰᠠᠶᠢᠲᠠᠢ ᠬᠥᠭᠵᠢᠯᠲᠡ ᠳᠤ ᠪᠦᠭᠦ ᠬᠦᠴᠦᠨ ᠢᠶᠠᠷ ᠢᠶᠠᠨ ᠦᠢᠯᠡᠴᠢᠯᠡᠪᠡ᠃ ᠠᠭᠤᠯᠠ ᠬᠠᠶᠢᠷᠬᠠᠨ | ᠤᠢ ᠰᠢᠭᠤᠢ᠂ ᠭᠤᠣᠯ ᠮᠥᠷᠡᠨ ᠨᠠᠭᠤᠷ ᠴᠦᠭᠦᠷᠦᠮ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ | ᠲᠣᠭᠤᠷᠢᠨ ᠳᠤ ︽ᠠᠮᠢ ᠠᠬᠤᠢ ᠶᠢᠨ ᠪᠠᠶᠢᠴᠠᠭᠠᠬᠤ ᠠᠵᠢᠯ ᠤᠨ ᠭᠤᠷᠪᠠᠨ ᠶᠡᠭᠡ ᠬᠠᠮᠵᠢᠯᠴᠠᠭᠠᠨ ᠤ ᠨᠢᠭᠡᠳᠦᠯᠲᠡᠢ | ᠠᠵᠢᠯᠯᠠᠭ᠎ᠠ︾ ᠶᠢ ᠥᠷᠨᠢᠭᠦᠯᠵᠦ᠂ ᠣᠷᠣᠨ ᠪᠦᠰᠡ ᠶᠢᠨ ᠬᠢᠵᠠᠭᠠᠷᠯᠠᠯ ᠢ ᠡᠪᠳᠡᠨ᠂ ᠡᠯ᠎ᠡ ᠲᠠᠯ᠎ᠠ ᠶᠢᠨ ᠬᠦᠴᠦᠨ ᠲᠠᠢ | ᠬᠠᠮᠵᠢᠯᠴᠠᠨ᠂ ᠠᠮᠢ ᠠᠬᠤᠢ ᠶᠢᠨ ᠬᠠᠮᠠᠭᠠᠯᠠᠯᠲᠠ ᠶᠢᠨ ᠬᠠᠮᠵᠢᠯᠴᠠᠨ ᠬᠠᠮᠲᠤ ᠪᠠᠷ ᠵᠠᠰᠠᠬᠤ ᠰᠢᠨ᠎ᠡ ᠪᠠᠶᠢᠷᠢᠰᠢᠯ ᠢ | ᠪᠠᠶᠢᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠪᠠ ᠠᠮᠢ ᠠᠬᠤᠢ ᠶᠢᠨ ᠥᠨᠳᠥᠷ ᠲᠦᠪᠰᠢᠨ ᠪᠦᠬᠦᠢ | ᠬᠠᠮᠠᠭᠠᠯᠠᠯᠲᠠ ᠳᠤ ︽ᠪᠠᠶᠢᠴᠠᠭᠠᠬᠤ ᠠᠵᠢᠯ ᠤᠨ ᠲᠥᠰᠥᠯ︾ ᠢ ᠬᠠᠩᠭᠠᠪᠠ᠃ ᠬᠤᠯᠪᠣᠭᠳᠠᠯ ᠪᠦᠬᠦᠢ ᠪᠠᠶᠢᠴᠠᠭᠠᠬᠤ | ᠬᠤᠷᠢᠶ᠎ᠠ ᠬᠠᠲᠤᠨ ᠭᠤᠣᠯ᠂ ᠤᠯᠠᠭᠠᠨᠰᠤᠬᠠᠢ ᠶᠢᠨ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠢ | ᠶᠡᠷᠦᠩᠬᠡᠶᠢᠯᠡᠨ ᠵᠠᠰᠠᠬᠤ ᠵᠢᠴᠢ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠢ ᠵᠠᠰᠠᠬᠤ ᠲᠤᠰᠬᠠᠢ | ᠲᠦᠷᠦᠯ ᠤᠨ ᠬᠢᠨᠠᠯᠲᠠ ᠶᠢ ᠬᠤᠯᠪᠤᠭᠠᠯᠠᠨ ᠥᠷᠨᠢᠭᠦᠯᠵᠦ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ | ᠠᠮᠤᠷ ᠲᠦᠪᠰᠢᠨ ᠢ ᠪᠦᠭᠦ ᠬᠦᠴᠦᠨ ᠢᠶᠠᠷ ᠢᠶᠠᠨ ᠬᠠᠮᠠᠭᠠᠯᠠᠪᠠ᠃ ᠲᠥᠪ ᠤᠨ ᠬᠠᠤᠯᠢ ᠴᠠᠭᠠᠵᠠ ᠶᠢᠨ ᠪᠠᠶᠢᠭᠤᠯᠤᠯ ᠤᠨ | ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠬᠤᠶᠠᠷ ᠱᠠᠲᠤᠨ ᠤ ᠲᠡᠮᠦᠷ ᠵᠠᠮ ᠤᠨ | ᠲᠡᠭᠡᠭᠡᠪᠦᠷᠢ ᠶᠢᠨ ᠪᠠᠶᠢᠴᠠᠭᠠᠬᠤ ᠬᠤᠷᠢᠶ᠎ᠠ ᠶᠢᠨ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠠᠯᠤᠰᠯᠠᠨ ᠬᠡᠰᠡᠭ | ᠣᠷᠴᠢᠨ ᠲᠣᠭᠤᠷᠢᠨ ᠤ ᠡᠬᠢ ᠪᠠᠶᠠᠯᠢᠭ ᠤᠨ ᠬᠡᠷᠡᠭ ᠢ ᠲᠥᠪᠯᠡᠷᠡᠭᠦᠯᠦᠨ ᠬᠠᠷᠢᠶᠠᠯᠠᠬᠤ ᠥᠭᠡᠷᠡᠴᠢᠯᠡᠯᠲᠡ ᠶᠢ | ᠡᠬᠢᠯᠡᠭᠦᠯᠵᠦ᠂ ᠬᠡᠰᠡᠭ ᠣᠷᠴᠢᠨ ᠲᠣᠭᠤᠷᠢᠨ ᠤ ᠡᠬᠢ ᠪᠠᠶᠠᠯᠢᠭ ᠤᠨ ᠡᠷᠡᠭᠦᠦ ᠶᠢᠨ ᠬᠡᠷᠡᠭ ᠵᠢᠴᠢ ᠬᠤᠯᠪᠣᠭᠳᠠᠯ ᠪᠦᠬᠦᠢ | ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠬᠡᠷᠡᠭ ᠢ ᠲᠥᠪᠯᠡᠷᠡᠭᠦᠯᠦᠨ ᠬᠠᠷᠢᠶᠠᠯᠠᠬᠤ ᠶᠢ ᠬᠡᠷᠡᠭᠵᠢᠭᠦᠯᠵᠦ᠂ ᠲᠡᠮᠦᠷ | ᠵᠠᠮ ᠤᠨ ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶ᠎ᠠ ᠪᠠ ᠣᠷᠣᠨ ᠨᠤᠲᠤᠭ ᠤᠨ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ᠂ ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶ᠎ᠠ ᠵᠡᠷᠭᠡ ᠣᠷᠴᠢᠨ ᠲᠣᠭᠤᠷᠢᠨ ᠤ ᠡᠬᠢ ᠪᠠᠶᠠᠯᠢᠭ ᠤᠨ | ᠬᠡᠷᠡᠭ ᠢ ᠰᠢᠢᠳᠪᠦᠷᠢᠯᠡᠬᠦ ᠬᠠᠮᠵᠢᠯᠴᠠᠬᠤ ᠲᠣᠭᠲᠠᠴᠠ ᠶᠢ ᠲᠡᠭᠦᠯᠳᠡᠷᠵᠢᠭᠦᠯᠵᠦ᠂ ᠣᠷᠴᠢᠨ ᠲᠣᠭᠤᠷᠢᠨ ᠤ ᠡᠬᠢ | ᠪᠠᠶᠠᠯᠢᠭ ᠤᠨ ᠬᠠᠤᠯᠢ ᠴᠠᠭᠠᠵᠠ ᠶᠢᠨ ᠬᠠᠮᠠᠭᠠᠯᠠᠯᠲᠠ ᠶᠢᠨ ᠰᠢᠨ᠎ᠡ ᠵᠠᠭᠪᠤᠷ ᠢ ᠪᠤᠢ ᠪᠣᠯᠭᠠᠪᠠ᠃ ︽ᠨᠢᠭᠡ ᠪᠦᠰᠡ ᠨᠢᠭᠡ | ᠵᠠᠮ︾ ᠳᠠᠭᠠᠤ ᠶᠢᠨ ᠮᠤᠵᠢ ᠣᠷᠣᠨ ᠤ ᠪᠠᠶᠢᠴᠠᠭᠠᠬᠤ ᠪᠠᠶᠢᠭᠤᠯᠭ᠎ᠠ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ | ᠂ ᠤᠷᠤᠰ ᠮᠣᠩᠭᠤᠯ ᠯᠤᠭ᠎ᠠ ᠶᠢᠨ ᠬᠠᠤᠯᠢ ᠴᠠᠭᠠᠵᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠨᠢᠭᠲᠠᠷᠠᠭᠤᠯᠵᠤ᠂ ︽ | ᠬᠢᠯᠢ ᠳᠠᠭᠠᠤ ᠪᠣᠭᠤᠮᠲᠠ ᠶᠢᠨ ᠪᠠᠶᠢᠴᠠᠭᠠᠬᠤ ᠠᠵᠢᠯ ᠤᠨ ᠨᠢᠭᠡᠳᠦᠯᠲᠡᠢ ᠠᠵᠢᠯᠯᠠᠭ᠎ᠠ︾ ᠶᠢ ᠭᠦᠨᠵᠡᠭᠡᠢ ᠥᠷᠨᠢᠭᠦᠯᠵᠦ᠂ | 19 ᠵᠦᠢᠯ ᠤᠨ ᠠᠷᠭ᠎ᠠ ᠬᠡᠮᠵᠢᠶ᠎ᠡ ᠶᠢ ᠨᠡᠶᠢᠲᠡᠯᠡᠨ ᠪᠣᠭᠤᠮᠲᠠ ᠶᠢᠨ ᠴᠢᠨᠠᠷ ᠰᠠᠶᠢᠲᠠᠢ ᠬᠥᠭᠵᠢᠯᠲᠡ ᠳᠤ | ᠦᠢᠯᠡᠴᠢᠯᠡᠭᠦᠯᠵᠦ᠂ 23 ᠬᠢᠯᠢ ᠳᠠᠭᠠᠤ ᠪᠣᠭᠤᠮᠲᠠ ᠶᠢᠨ ᠪᠠᠶᠢᠴᠠᠭᠠᠬᠤ ᠬᠤᠷᠢᠶ᠎ᠠ ᠶᠢ ᠵᠣᠬᠢᠶᠠᠨ ᠪᠠᠶᠢᠭᠤᠯᠵᠤ ᠶᠠᠯᠠᠲᠤ | ᠠᠵᠢᠯᠯᠠᠭ᠎ᠠ ᠳᠤ ᠴᠣᠬᠢᠯᠲᠠ ᠥᠭᠬᠦ᠂ ᠠᠮᠢ ᠠᠬᠤᠢ ᠶᠢ ᠬᠠᠮᠠᠭᠠᠯᠠᠬᠤ᠂ ᠠᠵᠤ ᠠᠬᠤᠶᠢᠯᠠᠯ ᠳᠤ ᠦᠢᠯᠡᠴᠢᠯᠡᠬᠦ ᠵᠡᠷᠭᠡ | ᠲᠠᠯ᠎ᠠ ᠪᠠᠷ ᠬᠠᠤᠯᠢ ᠪᠠᠷ ᠵᠠᠰᠠᠬᠤ ᠬᠠᠮᠲᠤᠷᠠᠯ ᠬᠦᠴᠦᠨ ᠢ ᠪᠤᠢ ᠪᠤᠯᠭᠠᠵᠤ᠂ ᠤᠮᠠᠷᠠᠰᠢ ᠨᠡᠭᠡᠭᠡᠯᠲᠡ ᠬᠢᠬᠦ ᠴᠢᠬᠤᠯᠠ | ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠪᠡ᠃ ᠥᠮᠴᠢᠯᠡᠯ ᠤᠨ ᠡᠷᠬᠡ ᠶᠢᠨ ᠬᠠᠤᠯᠢ | ᠬᠡᠷᠡᠭᠵᠢᠭᠦᠯᠬᠦ ᠬᠠᠤᠯᠢ ᠴᠠᠭᠠᠵᠠ ᠶᠢᠨ ᠬᠠᠮᠠᠭᠠᠯᠠᠯᠲᠠ ᠶᠢᠨ ᠡᠷᠴᠢᠮ ᠢ ᠴᠢᠩᠭᠠᠷᠠᠭᠤᠯᠤᠨ᠂ ︽ᠪᠠᠶᠢᠴᠠᠭᠠᠬᠤ ᠠᠵᠢᠯ ᠢᠶᠠᠷ | ᠠᠵᠤ ᠠᠬᠤᠶᠢᠯᠠᠯ ᠢ ᠬᠠᠮᠠᠭᠠᠯᠠᠬᠤ︾ ᠲᠤᠰᠬᠠᠢ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠪᠠᠶᠢᠴᠠᠭᠠᠨ ᠪᠢᠲᠡᠭᠦᠮᠵᠢᠯᠡᠬᠦ | ᠂ ᠳᠠᠷᠤᠵᠤ ᠠᠪᠬᠤ᠂ ᠴᠡᠪᠳᠡᠭᠯᠡᠭᠦ ᠠᠰᠠᠭᠤᠳᠠᠯ ᠤᠨ ᠲᠤᠬᠠᠢ ᠲᠤᠰᠬᠠᠢ ᠪᠠᠶᠢᠴᠠᠭᠠᠯᠲᠠ ᠶᠢ ᠥᠷᠨᠢᠭᠦᠯᠵᠦ᠂ ᠠᠵᠤ | ᠠᠬᠤᠶᠢᠯᠠᠯ ᠳᠤ ᠬᠤᠯᠪᠣᠭᠳᠠᠭᠰᠠᠨ ︽ᠡᠯᠭᠦᠭᠡ ᠬᠡᠷᠡᠭ︾ ᠢ ᠢᠯᠭᠠᠷᠠᠭᠤᠯᠤᠨ ᠲᠢᠭᠯᠡᠭᠦ ᠠᠵᠢᠯ ᠢ 5 ᠵᠢᠯ ᠳᠠᠷᠠᠭᠠᠯᠠᠨ | ᠥᠷᠨᠢᠭᠦᠯᠦᠨ᠂ ᠡᠷᠡᠭᠦᠦ ᠶᠢᠨ ᠬᠡᠷᠡᠭ ᠤᠨ ᠠᠷᠭ᠎ᠠ ᠪᠠᠷᠢᠯ ᠢᠶᠠᠷ ᠠᠵᠤ ᠠᠬᠤᠢ ᠶᠢᠨ ᠵᠢᠭᠤᠷᠠᠯᠳᠤᠭᠠᠨ ᠳᠤ ᠭᠠᠷ | ᠲᠦᠷᠢᠭᠰᠡᠨ ᠪᠠᠶᠢᠳᠠᠯ ᠢ ᠬᠢᠨᠠᠨ ᠵᠠᠯᠠᠷᠠᠭᠤᠯᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠬᠡᠷᠡᠭᠵᠢᠭᠦᠯᠦᠯᠲᠡ ᠳᠤ | ᠬᠢᠨᠠᠯᠲᠠ ᠲᠠᠯᠪᠢᠬᠤ ᠡᠷᠴᠢᠮ ᠢ ᠴᠢᠩᠭᠠᠷᠠᠭᠤᠯᠤᠨ᠂ ᠡᠷᠬᠡ ᠲᠡᠭᠰᠢ ᠪᠠᠷ ᠬᠠᠮᠠᠭᠠᠯᠠᠬᠤ ᠶᠢ ᠪᠣᠳᠠᠲᠠᠶᠢᠵᠢᠭᠤᠯᠪᠠ᠃ | ᠮᠡᠳᠡᠯᠭᠡ ᠶᠢᠨ ᠦᠮᠴᠢᠯᠡᠯ ᠤᠨ ᠡᠷᠬᠡ ᠶᠢᠨ ᠪᠠᠶᠢᠴᠠᠭᠠᠬᠤ ᠠᠵᠢᠯ ᠢᠶᠠᠷ ︽ᠥᠪᠥᠷ ᠮᠣᠩᠭᠤᠯ ᠤᠨ ᠲᠦᠷᠦᠯ ᠲᠡᠮᠳᠡᠭ︾ | ᠢ ᠬᠠᠮᠠᠭᠠᠯᠠᠬᠤ ᠲᠤᠰᠬᠠᠢ ᠵᠦᠢᠯ ᠤᠨ ᠬᠢᠨᠠᠯᠲᠠ ᠶᠢ ᠭᠦᠨᠵᠡᠭᠡᠶᠢᠷᠡᠭᠦᠯᠦᠨ᠂ 18 ᠵᠦᠢᠯ ᠤᠨ ᠪᠣᠳᠠᠲᠠᠢ ᠠᠷᠭ᠎ᠠ | ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ | ᠬᠠᠮᠠᠭᠠᠯᠠᠪᠠ᠃ ︽ᠪᠠᠶᠢᠴᠠᠭᠠᠬᠤ ᠠᠵᠢᠯ ᠢᠶᠠᠷ ᠦᠨᠡᠨᠴᠢ ᠢᠲᠡᠭᠡᠮᠵᠢ ᠶᠢ ᠬᠠᠮᠠᠭᠠᠯᠠᠬᠤ︾ ᠲᠤᠰᠬᠠᠢ ᠠᠵᠢᠯᠯᠠᠭ᠎ᠠ ᠶᠢ | ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠴᠢᠩᠭ᠎ᠠ | ᠵᠠᠯᠬᠠᠭᠠᠨ ᠰᠢᠢᠳᠬᠡᠵᠦ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠵᠡᠷᠭᠡ ᠰᠠᠯᠠᠭ᠎ᠠ | ᠮᠥᠴᠢᠷ ᠲᠠᠢ ᠬᠠᠮᠲᠤᠷᠠᠨ ︽ᠬᠤᠳᠠᠯ ᠬᠠᠭᠤᠷᠮᠠᠭ ᠵᠠᠷᠭᠤ ᠶᠢ ᠵᠠᠯᠬᠠᠭᠠᠨ ᠰᠢᠢᠳᠬᠡᠵᠦ᠂ ᠤᠮᠠᠷᠠᠲᠤ ᠬᠢᠯᠢ ᠶᠢᠨ ᠬᠠᠤᠯᠢ | ᠴᠠᠭᠠᠵᠠ ᠶᠢᠨ ᠣᠯᠠᠨ ᠨᠡᠶᠢᠲᠡ ᠶᠢᠨ ᠢᠲᠡᠭᠡᠮᠵᠢ ᠶᠢ ᠬᠠᠮᠲᠤ ᠪᠠᠷ ᠪᠠᠶᠢᠭᠤᠯᠬᠤ︾ ᠲᠤᠰᠬᠠᠢ ᠠᠵᠢᠯᠯᠠᠭ᠎ᠠ ᠶᠢ | ᠥᠷᠨᠢᠭᠦᠯᠵᠦ᠂ ᠦᠨᠡᠨᠴᠢ ᠢᠲᠡᠭᠡᠮᠵᠢ ᠶᠢᠨ ᠤᠮᠠᠷᠠᠲᠤ ᠬᠢᠯᠢ ᠶᠢᠨ ᠪᠦᠲᠦᠭᠡᠨ ᠪᠠᠶᠢᠭᠤᠯᠤᠯᠲᠠ ᠶᠢ ᠬᠠᠮᠲᠤ ᠪᠠᠷ | ᠠᠬᠢᠭᠤᠯᠪᠠ᠃ | ᠥᠪᠥᠷ ᠮᠣᠩᠭᠤᠯ ᠤᠨ ᠡᠳᠦᠷ ᠤᠨ ᠰᠣᠨᠢᠨ᠄ ᠨᠠᠮ ᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ︽ᠲᠣᠭᠲᠠᠭᠠᠯ︾ ᠳᠤ᠂ ᠬᠥᠭᠵᠢᠯᠲᠡ ᠶᠢᠨ ᠳᠤᠮᠳᠠ ᠠᠷᠠᠳ | ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠪᠣᠯ ᠲᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠴᠢᠬᠤᠯᠠ ᠶᠡᠭᠡ ᠡᠭᠦᠷᠭᠡ ᠪᠣᠯᠣᠨ᠎ᠠ ᠭᠡᠵᠦ ᠳᠤᠷᠠᠳᠤᠨ ᠭᠠᠷᠭᠠᠵᠠᠢ᠃ ᠪᠦᠭᠦ ᠣᠷᠣᠨ ᠤ ᠠᠷᠠᠳ ᠤᠨ ᠪᠠᠶᠢᠴᠠᠭᠠᠬᠤ | ᠪᠠᠶᠢᠭᠤᠯᠭ᠎ᠠ ᠬᠡᠷᠬᠢᠨ ᠴᠢᠨᠠᠷ ᠰᠠᠶᠢᠲᠠᠢ ᠥᠨᠳᠥᠷ ᠪᠦᠳᠦᠮᠵᠢᠲᠠᠢ ᠪᠠᠷ ᠪᠠᠶᠢᠴᠠᠭᠠᠬᠤ ᠠᠵᠢᠯ ᠤᠨ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠪᠠᠷ ᠠᠷᠠᠳ ᠲᠦᠮᠡᠨ ᠤ ᠲᠥᠯᠥᠭᠡ ᠬᠠᠤᠯᠢ ᠶᠠᠪᠤᠭᠤᠯᠤᠨ᠂ ᠠᠷᠠᠳ ᠲᠦᠮᠡᠨ ᠢ | ᠰᠡᠳᠬᠢᠯ ᠬᠠᠨᠤᠮᠵᠢᠳᠠᠢ ᠪᠤᠯᠭᠠᠬᠰᠠᠨ ᠪᠤᠢ︖ | ᠯᠢ ᠶᠦᠩ ᠵᠢᠶᠦ᠋ᠨ᠄ ᠪᠢᠳᠡ ᠢᠮᠠᠭᠲᠠ ᠠᠷᠠᠳ ᠲᠦᠮᠡᠨ ᠤ ᠲᠥᠯᠥᠭᠡ ᠬᠠᠤᠯᠢ ᠶᠠᠪᠤᠭᠤᠯᠬᠤ᠂ ᠠᠷᠠᠳ | ᠲᠦᠮᠡᠨ ᠤ ᠠᠰᠢᠭ ᠲᠤᠰᠠ ᠶᠢ ᠪᠠᠶᠢᠴᠠᠭᠠᠬᠤ ᠠᠵᠢᠯ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠵᠣᠷᠢᠯᠲᠠ ᠪᠠ | ᠬᠠᠷᠠᠯᠲᠠ ᠪᠤᠯᠭᠠᠵᠤ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ | ᠬᠢᠭᠡᠳ ᠪᠠᠶᠢᠴᠠᠭᠠᠬᠤ ᠠᠵᠢᠯ ᠢ ᠣᠷᠭᠠᠨᠢᠭ ᠢᠶᠠᠷ ᠤᠶᠠᠯᠳᠤᠭᠤᠯᠵᠤ᠂ ᠴᠢᠨᠠᠷ ᠰᠠᠶᠢᠲᠠᠢ ᠥᠨᠳᠥᠷ ᠪᠦᠳᠦᠮᠵᠢ ᠲᠠᠢ ᠪᠠᠷ | ᠪᠠᠶᠢᠴᠠᠭᠠᠬᠤ ᠠᠵᠢᠯ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠣᠳᠠᠲᠠᠢ ᠪᠠᠷ ᠬᠢᠪᠡ᠃ ︽ᠪᠠᠶᠢᠴᠠᠭᠠᠬᠤ | ᠠᠵᠢᠯ ᠢᠶᠠᠷ ᠠᠷᠠᠳ ᠤᠨ ᠠᠮᠢᠳᠤᠷᠠᠯ ᠢ ᠬᠠᠮᠠᠭᠠᠯᠠᠬᠤ︾ ᠲᠤᠰᠬᠠᠢ ᠠᠵᠢᠯᠯᠠᠭ᠎ᠠ ᠶᠢ ᠯᠠᠪᠳᠠᠭᠤᠨ ᠪᠠᠲᠤᠲᠠᠢ | ᠥᠷᠨᠢᠭᠦᠯᠵᠦ᠂ ᠪᠦᠭᠦ ᠣᠷᠣᠨ ᠳᠤ ᠠᠷᠠᠳ ᠤᠨ ᠠᠮᠢᠳᠤᠷᠠᠯ ᠲᠠᠢ ᠬᠤᠯᠪᠣᠭᠳᠠᠭᠰᠠᠨ ᠲᠣᠪᠣᠶᠢᠮ᠎ᠠ ᠠᠰᠠᠭᠤᠳᠠᠯ ᠤᠨ | ᠬᠡᠷᠡᠭ ᠢ 5929 ᠬᠤᠪᠢ ᠰᠢᠢᠳᠪᠦᠷᠢᠯᠡᠨ᠂ ︽ᠵᠢᠵᠢᠭ ᠶᠠᠪᠤᠳᠠᠯ︾ ᠢ ᠪᠠᠰᠤᠮᠵᠢᠯᠠᠬᠤ ᠦᠭᠡᠢ᠂ ︽ᠵᠢᠵᠢᠭ ᠬᠡᠷᠡᠭ︾ | ᠢ ᠬᠥᠩᠭᠡᠪᠴᠢᠯᠡᠨ ᠬᠢᠬᠦ ᠦᠭᠡᠢ ᠪᠠᠶᠢᠬᠤ ᠶᠢ ᠪᠡᠶᠡᠯᠡᠭᠦᠯᠪᠡ᠃ ᠤᠯᠠᠨ ᠲᠦᠮᠡᠨ ᠤ ᠳᠡᠷᠭᠡᠳᠡᠬᠢ ᠠᠮᠤᠷ ᠲᠦᠪᠰᠢᠨ ᠢ | ᠬᠠᠮᠠᠭᠠᠯᠠᠨ᠂ ︽ᠪᠠᠶᠢᠴᠠᠭᠠᠬᠤ ᠠᠵᠢᠯ ᠢᠶᠠᠷ ᠶᠠᠰᠤ ᠴᠢᠨᠠᠷ ᠤᠨ ᠠᠮᠤᠷ ᠲᠦᠪᠰᠢᠨ ᠢ ᠬᠠᠮᠠᠭᠠᠯᠠᠬᠤ 2024︾ | ᠲᠤᠰᠬᠠᠢ ᠠᠵᠢᠯᠯᠠᠭ᠎ᠠ ᠶᠢ ᠥᠷᠨᠢᠭᠦᠯᠦᠨ᠂ ᠬᠠᠭᠤᠷᠮᠠᠭ ᠮᠠᠭᠤ ᠪᠠᠷᠠᠭ᠎ᠠ ᠲᠠᠸᠠᠷ ᠢ ᠦᠢᠯᠡᠳᠪᠦᠷᠢᠯᠡᠨ ᠪᠣᠷᠣᠯᠠᠭᠤᠯᠬᠤ | ᠶᠠᠯᠠᠲᠤ ᠠᠵᠢᠯᠯᠠᠭ᠎ᠠ ᠶᠢ ᠴᠢᠩᠭ᠎ᠠ ᠰᠢᠢᠳᠬᠡᠵᠡᠢ᠃ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠤᠯᠢ ᠪᠠᠷ ᠵᠠᠰᠠᠬᠤ ᠶᠢ | ᠠᠬᠢᠭᠤᠯᠤᠨ᠂ ᠪᠠᠶᠢᠴᠠᠭᠠᠬᠤ ᠠᠵᠢᠯ ᠲᠠᠢ ᠬᠤᠯᠪᠣᠭᠳᠠᠭᠰᠠᠨ ᠵᠠᠬᠢᠳᠠᠯ ᠰᠤᠷᠪᠤᠯᠵᠢᠯᠠᠯ ᠤᠨ ᠵᠥᠷᠢᠴᠡᠯ ᠢ ᠡᠬᠢ | ᠰᠤᠷᠪᠤᠯᠵᠢ ᠠᠴᠠ ᠨᠢ ᠵᠠᠰᠠᠬᠤ ᠶᠢ ᠭᠦᠨᠵᠡᠭᠡᠶᠢᠷᠡᠭᠦᠯᠦᠨ᠂ ︽ᠬᠡᠷᠪᠡ ᠪᠢ ᠵᠠᠭᠠᠯᠳᠤᠵᠤ ᠪᠠᠶᠢᠭᠰᠠᠨ ᠪᠣᠯ︾ ᠭᠡᠬᠦ | ᠣᠶᠢᠯᠠᠭᠠᠭᠳᠠᠬᠤᠨ ᠢᠶᠠᠷ ᠤᠯᠠᠨ ᠲᠦᠮᠡᠨ ᠤ ᠵᠠᠬᠢᠳᠠᠯ ᠰᠤᠷᠪᠤᠯᠵᠢᠯᠠᠯ ᠤᠨ ᠬᠡᠷᠡᠭ ᠨᠢᠭᠡᠪᠦᠷᠢ ᠳᠤ ᠬᠠᠷᠢᠭᠤᠯᠲᠠ ᠥᠭᠬᠦ | ᠶᠢ ᠪᠣᠳᠠᠲᠠᠶᠢᠵᠢᠭᠤᠯᠵᠤ᠂ ᠭᠤᠷᠪᠠᠨ ᠱᠠᠲᠤᠨ ᠤ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠪᠡᠶ᠎ᠡ ᠪᠠᠷ ᠢᠶᠠᠨ | ᠳᠠᠭᠠᠭᠤᠯᠤᠨ ᠵᠠᠬᠢᠳᠠᠯ ᠰᠤᠷᠪᠤᠯᠵᠢᠯᠠᠯ ᠢ ᠭᠥᠯᠢᠶᠡᠨ ᠠᠪᠬᠤ᠂ ᠬᠡᠷᠡᠭ ᠢ ᠬᠠᠷᠢᠭᠤᠴᠠᠨ ᠵᠠᠬᠢᠳᠠᠯ ᠰᠤᠷᠪᠤᠯᠵᠢᠯᠠᠯ ᠢ | ᠰᠢᠢᠳᠪᠦᠷᠢᠯᠡᠵᠦ᠂ ᠵᠠᠬᠢᠳᠠᠯ ᠰᠤᠷᠪᠤᠯᠵᠢᠯᠠᠯ ᠤᠨ ᠵᠥᠷᠢᠴᠡᠯ ᠢ ᠦᠨᠡᠨ ᠬᠦ ᠰᠢᠢᠳᠪᠦᠷᠢᠯᠡᠬᠦ ᠶᠢ ᠠᠬᠢᠭᠤᠯᠵᠠᠢ᠃ ᠬᠠᠤᠯᠢ | ᠴᠠᠭᠠᠵᠠ ᠶᠢᠨ ᠠᠪᠤᠷᠠᠨ ᠲᠤᠰᠠᠯᠠᠯᠲᠠ ᠶᠢᠨ ᠠᠷᠠᠳ ᠤᠨ ᠠᠮᠢᠳᠤᠷᠠᠯ ᠢ ᠪᠠᠲᠤᠯᠠᠬᠤ ᠴᠢᠬᠤᠯᠠ ᠦᠢᠯᠡᠳᠦᠯ ᠢ | ᠪᠠᠳᠠᠷᠠᠭᠤᠯᠤᠨ᠂ ︽ᠪᠠᠶᠢᠴᠠᠭᠠᠬᠤ ᠠᠵᠢᠯ + ᠠᠵᠤ ᠠᠬᠤᠶᠢᠯᠠᠯ + N︾ ᠠᠪᠤᠷᠠᠨ ᠲᠤᠰᠠᠯᠠᠬᠤ ᠵᠠᠭᠪᠤᠷ ᠢ | ᠭᠦᠨᠵᠡᠭᠡᠶᠢᠷᠡᠭᠦᠯᠦᠨ᠂ ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ ᠶᠢᠨ ᠲᠦᠪᠰᠢᠨ ᠢ ᠳᠡᠭᠡᠭᠰᠢᠯᠡᠭᠦᠯᠦᠨ᠂ ᠶᠠᠳᠠᠭᠤ | ᠬᠦᠴᠢᠷᠳᠡᠯᠲᠡᠢ ᠤᠯᠠᠨ ᠲᠦᠮᠡᠨ ᠳᠤ ᠦᠨᠡᠨ ᠪᠣᠳᠠᠲᠠᠢ ᠬᠠᠤᠯᠢ ᠴᠠᠭᠠᠵᠠ ᠶᠢᠨ ᠬᠠᠯᠠᠭᠤᠨ ᠳᠤᠯᠠᠭᠠᠨ ᠢ ᠮᠡᠳᠡᠷᠡᠭᠦᠯᠵᠡᠢ | ᠃ ᠨᠠᠰᠤᠨ ᠳᠤ ᠦᠯᠦ ᠭᠦᠷᠦᠭᠰᠡᠳ ᠤᠨ ᠶᠠᠯᠠᠲᠤ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠬᠦ ᠪᠠ ᠵᠠᠰᠠᠬᠤ ᠶᠢ | ᠴᠢᠩᠭᠠᠷᠠᠭᠤᠯᠤᠨ᠂ ︽ᠵᠠᠯᠬᠠᠭᠠᠨ ᠵᠠᠰᠠᠬᠤ ᠨᠢ ᠪᠠᠰᠠ ᠴᠦ ᠤᠷᠢᠳᠴᠢᠯᠠᠨ ᠰᠡᠷᠭᠡᠶᠢᠯᠡᠵᠦ ᠪᠠᠶᠢᠭ᠎ᠠ ᠶᠠᠪᠤᠳᠠᠯ ᠮᠥᠨ︾ | ᠭᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠰᠢᠨᠵᠢ ᠴᠢᠨᠠᠷ ᠨᠢ ᠬᠠᠷ᠎ᠠ ᠬᠤᠣᠷᠲᠠᠢ ᠶᠠᠯ᠎ᠠ ᠬᠢᠭᠰᠡᠨ ᠨᠠᠰᠤᠨ ᠳᠤ ᠦᠯᠦ | ᠭᠦᠷᠦᠭᠰᠡᠳ ᠢ ᠬᠠᠤᠯᠢ ᠶᠣᠰᠣᠭᠠᠷ ᠪᠠᠷᠢᠪᠴᠢᠯᠠᠬᠤ᠂ ᠵᠠᠭᠠᠯᠳᠤᠬᠤ ᠶᠢ ᠵᠥᠪᠰᠢᠶᠡᠷᠡᠵᠦ᠂ ᠨᠠᠰᠤᠨ ᠳᠤ ᠦᠯᠦ | ᠭᠦᠷᠦᠭᠰᠡᠳ ᠢ ᠬᠤᠬᠢᠷᠠᠭᠤᠯᠤᠭᠰᠠᠨ ᠶᠠᠯᠠᠲᠤ ᠠᠵᠢᠯᠯᠠᠭ᠎ᠠ ᠶᠢ ᠴᠢᠩᠭ᠎ᠠ ᠰᠢᠢᠳᠬᠡᠨ᠂ ᠪᠦᠭᠦ ᠣᠷᠣᠨ ᠤ ᠠᠩᠬᠠᠳᠠᠭᠴᠢ | ᠲᠤᠰᠬᠠᠢ ᠰᠤᠷᠭᠠᠭᠤᠯᠢ ᠪᠠᠶᠢᠭᠤᠯᠬᠤ ᠶᠢ ᠠᠬᠢᠭᠤᠯᠤᠨ᠂ ᠨᠠᠰᠤᠨ ᠳᠤ ᠦᠯᠦ ᠭᠦᠷᠦᠭᠰᠡᠳ ᠤᠨ ᠠᠮᠤᠷ ᠲᠦᠪᠰᠢᠨ | ᠢᠶᠠᠷ ᠦᠰᠦᠨ ᠪᠣᠶᠢᠵᠢᠬᠤ ᠶᠢ ᠪᠦᠭᠦ ᠬᠦᠴᠦᠨ ᠢᠶᠠᠷ ᠬᠠᠮᠠᠭᠠᠯᠠᠪᠠ᠃ | ᠥᠪᠥᠷ ᠮᠣᠩᠭᠤᠯ ᠤᠨ ᠡᠳᠦᠷ ᠤᠨ ᠰᠣᠨᠢᠨ᠄ ᠶᠡᠷᠦᠩᠬᠡᠢ ᠱᠦᠵᠢ ᠰᠢ ᠶᠢᠨ ᠫᠢᠩ ᠬᠠᠤᠯᠢ ᠴᠠᠭᠠᠵᠠ | ᠶᠢᠨ ᠬᠡᠷᠡᠭ ᠪᠣᠯᠭᠠᠨ ᠠᠴᠠ ᠠᠷᠠᠳ ᠤᠯᠠᠨ ᠳᠤ ᠲᠥᠪ ᠭᠤᠤᠯᠴᠢ ᠰᠢᠳᠤᠷᠭᠤ ᠶᠣᠰᠣ ᠶᠢ ᠮᠡᠳᠡᠷᠡᠭᠦᠯᠬᠦ ᠪᠠᠷ | ᠴᠢᠷᠮᠠᠶᠢᠬᠤ ᠬᠡᠷᠡᠭᠲᠡᠢ ᠭᠡᠵᠦ ᠣᠯᠠᠨᠲᠠ ᠴᠢᠬᠤᠯᠠᠴᠢᠯᠠᠪᠠ᠃ ᠪᠦᠭᠦ ᠣᠷᠣᠨ ᠤ ᠠᠷᠠᠳ ᠤᠨ ᠪᠠᠶᠢᠴᠠᠭᠠᠬᠤ ᠪᠠᠶᠢᠭᠤᠯᠭ᠎ᠠ | ᠬᠡᠷᠬᠢᠨ ︽ᠴᠢᠨᠠᠷ ᠰᠠᠶᠢᠲᠠᠢ ᠥᠨᠳᠥᠷ ᠪᠦᠳᠦᠮᠵᠢᠲᠠᠢ ᠪᠠᠷ ᠬᠡᠷᠡᠭ ᠪᠣᠯᠭᠠᠨ ᠢ ᠰᠠᠶᠢᠲᠤᠷ ᠰᠢᠢᠳᠪᠦᠷᠢᠯᠡᠬᠦ︾ ᠶᠢ | ᠦᠷᠭᠦᠯᠵᠢᠯᠡᠨ ᠪᠣᠳᠠᠲᠠᠶᠢᠵᠢᠭᠤᠯᠵᠤ᠂ ᠠᠷᠠᠳ ᠤᠯᠠᠨ ᠳᠤ ᠲᠥᠪ ᠭᠤᠤᠯᠴᠢ ᠰᠢᠳᠤᠷᠭᠤ ᠶᠣᠰᠣ ᠶᠢ ᠮᠡᠳᠡᠷᠡᠵᠦ ᠪᠤᠯᠬᠤ | ᠂ ᠮᠡᠳᠡᠷᠡᠵᠦ ᠲᠡᠶᠢᠯᠭᠦ᠂ ᠮᠡᠳᠡᠷᠡᠵᠦ ᠴᠢᠳᠠᠬᠤ ᠪᠤᠯᠭᠠᠬᠰᠠᠨ ᠪᠤᠢ︖ | ᠯᠢ ᠶᠦᠩ ᠵᠢᠶᠦ᠋ᠨ᠄ ᠪᠢᠳᠡ ︽ᠴᠢᠨᠠᠷ ᠰᠠᠶᠢᠲᠠᠢ ᠥᠨᠳᠥᠷ ᠪᠦᠳᠦᠮᠵᠢ ᠲᠠᠢ ᠪᠠᠷ ᠬᠡᠷᠡᠭ ᠪᠣᠯᠭᠠᠨ ᠢ | ᠰᠠᠶᠢᠲᠤᠷ ᠰᠢᠢᠳᠪᠦᠷᠢᠯᠡᠬᠦ︾ ᠲᠤᠰᠢᠶᠠᠯ ᠢᠶᠠᠨ ᠭᠦᠢᠴᠡᠳᠬᠡᠬᠦ ᠬᠥᠭᠡᠭᠡᠴᠡᠯᠳᠦᠯ ᠢ ᠪᠠᠷᠢᠮᠲᠠᠯᠠᠵᠤ᠂ ︽ᠭᠤᠷᠪᠠᠨ | ᠴᠢᠳᠠᠮᠠᠭᠠᠢ︾ ᠪᠠᠶᠢᠬᠤ ᠣᠶᠢᠯᠠᠭᠠᠭᠳᠠᠬᠤᠨ ᠪᠠ ᠱᠠᠭᠠᠷᠳᠠᠯᠭ᠎ᠠ ᠶᠢ ᠪᠠᠶᠢᠴᠠᠭᠠᠬᠤ ᠠᠵᠢᠯ ᠤᠨ ᠲᠤᠰᠢᠶᠠᠯ ᠢᠶᠠᠨ | ᠭᠦᠢᠴᠡᠳᠬᠡᠬᠦ ᠪᠦᠭᠦᠶᠢᠯᠡ ᠶᠠᠪᠤᠴᠠ᠂ ᠡᠯ᠎ᠡ ᠭᠤᠭᠴᠤᠭ᠎ᠠ ᠳᠤ ᠭᠦᠷᠳᠡᠯ᠎ᠡ ᠲᠤᠭᠤᠰᠢᠯᠠᠭᠤᠯᠤᠨ᠂ ᠨᠡᠩ ᠢᠯᠡᠭᠦᠦ | ᠬᠦᠴᠦᠲᠡᠢ ᠬᠠᠤᠯᠢ ᠴᠠᠭᠠᠵᠠ ᠶᠢᠨ ᠬᠢᠨᠠᠯᠲᠠ ᠲᠠᠯᠪᠢᠯᠲᠠ ᠪᠠᠷ ᠴᠢᠩᠭ᠎ᠠ ᠬᠠᠤᠯᠢ ᠬᠡᠷᠡᠭᠵᠢᠭᠦᠯᠬᠦ ᠲᠥᠪ ᠭᠤᠤᠯᠴᠢ ᠪᠠᠷ | ᠬᠠᠤᠯᠢ ᠶᠠᠪᠤᠭᠤᠯᠬᠤ ᠶᠢ ᠠᠬᠢᠭᠤᠯᠤᠨ᠂ ᠠᠷᠠᠳ ᠤᠯᠠᠨ ᠳᠤ ᠲᠥᠪ ᠭᠤᠤᠯᠴᠢ ᠰᠢᠳᠤᠷᠭᠤ ᠶᠣᠰᠣ ᠶᠢ ᠮᠡᠳᠡᠷᠡᠵᠦ | ᠪᠤᠯᠬᠤ᠂ ᠮᠡᠳᠡᠷᠡᠵᠦ ᠲᠡᠶᠢᠯᠭᠦ᠂ ᠮᠡᠳᠡᠷᠡᠵᠦ ᠴᠢᠳᠠᠬᠤ ᠪᠤᠯᠭᠠᠬᠤ ᠪᠠᠷ ᠴᠢᠷᠮᠠᠶᠢᠪᠠ᠃ ᠬᠦᠴᠢᠷᠳᠡᠯ ᠲᠠᠢ ᠴᠡᠭ ᠲᠤ | ᠳᠠᠭᠠᠷᠢᠯᠲᠠ ᠬᠢᠵᠦ ᠡᠷᠡᠭᠦᠦ ᠶᠢᠨ ᠬᠡᠷᠡᠭ ᠤᠨ ᠪᠠᠶᠢᠴᠠᠭᠠᠬᠤ ᠠᠵᠢᠯ ᠢ ᠰᠢᠯᠢᠳᠡᠭᠵᠢᠭᠦᠯᠦᠨ᠂ ᠶᠠᠯ᠎ᠠ ᠦᠭᠡᠢ᠂ | ᠵᠠᠭᠠᠯᠳᠤᠯᠭ᠎ᠠ ᠪᠠᠨ ᠪᠤᠴᠠᠭᠠᠬᠤ ᠵᠡᠷᠭᠡ ᠭᠤᠣᠯᠳᠠᠯᠭ᠎ᠠ ᠲᠠᠢ ᠬᠡᠷᠡᠭ ᠲᠤ ᠡᠰᠡᠷᠭᠦ ᠴᠢᠭᠯᠡᠯ ᠢᠶᠠᠷ ᠬᠢᠨᠠᠨ ᠦᠵᠡᠬᠦ ᠪᠠ | ᠶᠠᠰᠤ ᠴᠢᠨᠠᠷ ᠢ ᠦᠨᠡᠯᠡᠨ ᠪᠠᠶᠢᠴᠠᠭᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠬᠠᠤᠯᠢ ᠶᠣᠰᠣᠭᠠᠷ ᠶᠠᠯᠠᠲᠤ | ᠠᠵᠢᠯᠯᠠᠭ᠎ᠠ ᠶᠢ ᠵᠠᠯᠬᠠᠭᠠᠨ ᠰᠢᠢᠳᠬᠡᠵᠦ᠂ ᠶᠠᠯ᠎ᠠ ᠦᠭᠡᠢ ᠬᠥᠮᠥᠨ ᠢ ᠬᠠᠮᠠᠭᠠᠯᠠᠪᠠ᠃ ᠪᠦᠭᠦ ᠣᠷᠣᠨ ᠤ 66 | ᠪᠠᠶᠢᠴᠠᠭᠠᠬᠤ ᠬᠤᠷᠢᠶ᠎ᠠ ᠨᠢ ᠡᠷᠡᠭᠦᠦ ᠶᠢᠨ ᠬᠡᠷᠡᠭ ᠤᠨ ᠪᠤᠳᠤᠯᠢᠶᠠᠨᠲᠠᠢ ᠪᠠ ᠲᠦᠭᠦᠮ ᠢ ᠲᠠᠷᠬᠠᠭᠠᠬᠤ ᠲᠤᠷᠰᠢᠯᠲᠠ ᠶᠢᠨ | ᠴᠡᠭ ᠢ ᠡᠬᠢᠯᠡᠭᠦᠯᠦᠨ᠂ 74 ᠬᠥᠩᠭᠡᠨ ᠶᠠᠯ᠎ᠠ ᠶᠢᠨ ᠬᠡᠷᠡᠭ ᠰᠢᠢᠳᠪᠦᠷᠢᠯᠡᠬᠦ ᠳᠤᠭᠤᠶᠢᠯᠠᠩ ᠪᠠᠶᠢᠭᠤᠯᠤᠨ᠂ ᠲᠥᠪ | ᠭᠤᠤᠯᠴᠢ ᠰᠢᠳᠤᠷᠭᠤ ᠶᠣᠰᠣ ᠶᠢ ᠨᠡᠩ ᠰᠠᠶᠢᠨ ᠨᠡᠩ ᠲᠦᠷᠭᠡᠨ ᠪᠡᠶᠡᠯᠡᠭᠦᠯᠵᠡᠢ᠃ ᠶᠠᠰᠤ ᠴᠢᠨᠠᠷ ᠢ ᠳᠡᠭᠡᠭᠰᠢᠯᠡᠭᠦᠯᠦᠨ | ᠦᠷ᠎ᠡ ᠪᠦᠳᠦᠮᠵᠢ ᠶᠢ ᠨᠡᠮᠡᠭᠳᠡᠭᠦᠯᠦᠨ ᠢᠷᠭᠡᠨ ᠤ ᠬᠡᠷᠡᠭ ᠤᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠢᠷᠭᠡᠨ ᠤ | ᠬᠡᠷᠡᠭ ᠤᠨ ᠦᠷ᠎ᠡ ᠪᠦᠳᠦᠮᠵᠢ ᠲᠠᠢ ᠪᠣᠯᠤᠭᠰᠠᠨ ᠲᠠᠰᠤᠯᠤᠯᠳᠠ ᠳᠤ ᠬᠢᠨᠠᠯᠲᠠ ᠲᠠᠯᠪᠢᠬᠤ ᠪᠣᠯᠣᠨ ᠢᠷᠭᠡᠨ ᠤ ᠬᠡᠷᠡᠭ | ᠤᠨ ᠬᠡᠷᠡᠭᠵᠢᠭᠦᠯᠬᠦ ᠠᠵᠢᠯ ᠳᠤ ᠬᠢᠨᠠᠯᠲᠠ ᠲᠠᠯᠪᠢᠬᠤ ᠶᠢ ᠤᠯᠠᠮ ᠴᠢᠩᠭᠠᠳᠬᠠᠵᠤ᠂ ᠬᠢᠨᠠᠯᠲᠠ ᠲᠠᠯᠪᠢᠯᠲᠠ ᠶᠢᠨ | ᠣᠨᠣᠴᠠᠲᠠᠢ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠵᠡᠢ᠃ ᠰᠠᠶᠢᠨ ᠰᠠᠶᠢᠬᠠᠨ ᠪᠠᠶᠢᠳᠠᠯ ᠢᠶᠠᠷ ᠵᠠᠰᠠᠭ ᠵᠠᠬᠢᠷᠭᠠᠨ | ᠤ ᠪᠠᠶᠢᠴᠠᠭᠠᠬᠤ ᠠᠵᠢᠯ ᠢ ᠭᠢᠯᠠᠯᠵᠠᠲᠠᠯ᠎ᠠ ᠬᠢᠬᠦ ᠶᠢ ᠪᠠᠬᠢᠵᠢᠭᠦᠯᠵᠦ᠂ ᠵᠠᠰᠠᠭ ᠵᠠᠬᠢᠷᠭᠠᠨ ᠤ ᠵᠠᠷᠭᠤ ᠳᠤ ᠬᠢᠨᠠᠯᠲᠠ | ᠲᠠᠯᠪᠢᠬᠤ ᠳᠤᠮᠳᠠ ᠵᠠᠰᠠᠭ ᠵᠠᠬᠢᠷᠭᠠᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠬᠢᠨᠠᠯᠲᠠ ᠲᠠᠯᠪᠢᠬᠤ ᠶᠢ | ᠯᠠᠪᠳᠠᠭᠤᠨ ᠪᠠᠲᠤᠲᠠᠢ ᠡᠮᠬᠢ ᠴᠡᠭᠴᠡᠲᠡᠢ ᠥᠷᠨᠢᠭᠦᠯᠦᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠭᠡᠳ ᠡᠷᠡᠭᠦᠦ | ᠶᠢᠨ ᠬᠡᠷᠡᠭ ᠤᠨ ᠬᠠᠤᠯᠢ ᠴᠠᠭᠠᠵᠠ ᠶᠢ ᠵᠣᠯᠭᠠᠭᠤᠯᠬᠤ ᠠᠵᠢᠯ ᠢ ᠴᠢᠩᠭᠠᠳᠬᠠᠬᠤ ᠰᠠᠨᠠᠯ ᠢ ᠪᠡᠶ᠎ᠡ ᠪᠠᠷ ᠢᠶᠠᠨ | ᠲᠦᠷᠦᠭᠦᠯᠡᠨ ᠲᠣᠭᠲᠠᠭᠠᠵᠤ᠂ ᠰᠣᠭᠲᠣᠭᠤ ᠪᠠᠷ ᠮᠠᠰᠢᠨ ᠲᠡᠷᠭᠡ ᠵᠢᠯᠤᠭᠤᠳᠬᠤ ᠶᠢ ᠰᠢᠢᠳᠬᠡᠬᠦ ᠲᠤᠬᠠᠢ ᠰᠢᠨ᠎ᠡ | ᠲᠣᠭᠲᠠᠭᠠᠯ ᠢ ᠬᠡᠷᠡᠭᠵᠢᠭᠦᠯᠦᠭᠰᠡᠨ ᠤ ᠲᠠᠷᠠᠭ᠎ᠠ ᠰᠣᠭᠲᠣᠭᠤ ᠪᠠᠷ ᠮᠠᠰᠢᠨ ᠲᠡᠷᠭᠡ ᠵᠢᠯᠤᠭᠤᠳᠴᠤ ᠠᠶᠤᠯᠲᠠᠢ ᠪᠠᠷ ᠮᠠᠰᠢᠨ | ᠲᠡᠷᠭᠡ ᠵᠢᠯᠣᠭᠤᠳᠤᠭᠰᠠᠨ ᠬᠥᠮᠥᠨ ᠳᠤ ︽ᠡᠷᠡᠭᠦᠦ ᠰᠢᠢᠳᠬᠡᠯ ᠥᠭᠬᠦ ᠦᠭᠡᠢ ᠲᠣᠷᠭᠠᠬᠤ ᠦᠭᠡᠢ︾᠂ ︽ᠲᠣᠷᠭᠠᠬᠤ | ᠳᠤ ᠲᠦᠷᠦᠯ ᠵᠦᠢᠯ ᠢ ᠣᠷᠬᠢᠭᠳᠠᠭᠤᠯᠬᠤ︾ ᠵᠡᠷᠭᠡ ᠠᠰᠠᠭᠤᠳᠠᠯ ᠳᠤ ᠲᠤᠰᠬᠠᠢ ᠵᠦᠢᠯ ᠤᠨ ᠵᠠᠰᠠᠯᠲᠠ ᠬᠢᠵᠦ᠂ | ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠪᠠᠶᠢᠴᠠᠭᠠᠬᠤ | ᠰᠠᠨᠠᠭᠤᠯᠭ᠎ᠠ ᠪᠠᠷ ᠴᠡᠭᠴᠡᠯᠡᠨ ᠵᠠᠰᠠᠬᠤ ᠶᠢ ᠱᠠᠯᠠᠪᠳᠠᠭᠤᠯᠬᠤ ᠶᠢ ᠳᠤᠷᠠᠳᠤᠨ ᠭᠠᠷᠭᠠᠪᠠ᠃ ᠨᠡᠶᠢᠳᠡ ᠶᠢᠨ ᠠᠰᠠᠷᠠᠮᠵᠢ | ᠶᠢᠨ ᠵᠠᠷᠭᠤ ᠶᠢᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠢ ᠨᠠᠷᠢᠯᠢᠭ ᠰᠠᠶᠢᠬᠠᠨ ᠬᠢᠵᠦ᠂ ᠠᠮᠢ ᠠᠬᠤᠢ ᠣᠷᠴᠢᠨ | ᠲᠣᠭᠤᠷᠢᠨ ᠤ ᠨᠡᠶᠢᠳᠡ ᠶᠢᠨ ᠠᠰᠠᠷᠠᠮᠵᠢ ᠶᠢᠨ ᠵᠠᠷᠭᠤ ᠶᠢᠨ ᠬᠡᠷᠡᠭ ᠰᠢᠢᠳᠪᠦᠷᠢᠯᠡᠬᠦ ᠡᠷᠴᠢᠮ ᠢ ᠶᠡᠬᠡᠰᠬᠡᠵᠦ᠂ ᠤᠯᠠᠨ | ᠨᠡᠶᠢᠳᠡ ᠶᠢᠨ ᠠᠰᠢᠭ ᠲᠤᠰᠠ ᠶᠢᠨ ᠰᠠᠶᠢᠨ ᠲᠥᠯᠥᠭᠡᠯᠡᠭᠴᠢ ᠪᠣᠯᠪᠠ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ | ᠠᠷᠠᠳ ᠤᠨ ᠪᠠᠶᠢᠴᠠᠭᠠᠬᠤ ᠬᠤᠷᠢᠶ᠎ᠠ ᠶᠢᠨ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠢ ᠪᠦᠭᠦ ᠲᠠᠯ᠎ᠠ ᠪᠠᠷ | ᠵᠥᠪ ᠤᠨᠤᠪᠴᠢᠳᠠᠢ ᠨᠠᠶᠢᠳᠠᠪᠤᠷᠢᠵᠢᠭᠤᠯᠬᠤ ᠲᠤᠬᠠᠢ ᠰᠠᠨᠠᠯ ᠤᠳ︾ ᠪᠠ ︽ᠠᠷᠠᠳ ᠤᠨ ᠪᠠᠶᠢᠴᠠᠭᠠᠬᠤ ᠬᠤᠷᠢᠶ᠎ᠠ ᠶᠢᠨ | ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠨᠡᠬᠡᠮᠵᠢᠯᠡᠬᠦ ᠳᠦᠷᠢᠮ ᠲᠣᠭᠲᠠᠭᠠᠯ︾ ᠢ ᠨᠢᠭᠡ ᠴᠣᠭᠴᠠ ᠪᠠᠷ | ᠲᠤᠭᠤᠰᠢᠯᠠᠭᠤᠯᠤᠨ᠂ ᠪᠠᠶᠢᠴᠠᠭᠠᠬᠤ ᠲᠤᠰᠢᠶᠠᠯᠲᠠᠨ ᠤ ᠲᠤᠰᠢᠶᠠᠯ ᠡᠷᠬᠡ ᠶᠢᠨ ᠨᠠᠷᠢᠨ ᠲᠠᠩᠰᠠ ᠶᠢ ᠬᠦᠴᠦᠯᠡᠨ | ᠵᠠᠰᠠᠪᠤᠷᠢ ᠣᠷᠣᠭᠤᠯᠵᠤ᠂ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ | ᠳᠦᠷᠢᠮ ᠢ ᠨᠠᠶᠢᠳᠠᠪᠤᠷᠢᠵᠢᠭᠤᠯᠬᠤ᠂ ᠬᠠᠷᠢᠭᠤᠴᠠᠯᠭ᠎ᠠ ᠨᠡᠬᠡᠮᠵᠢᠯᠡᠨ ᠵᠠᠯᠬᠠᠭᠠᠨ ᠴᠡᠭᠡᠷᠯᠡᠭᠦᠯᠬᠦ ᠵᠡᠷᠭᠡ ᠶᠢ ᠨᠠᠪᠲᠠᠷᠡᠭᠦᠯᠵᠦ᠂ | ᠳᠣᠲᠣᠭᠠᠳᠤ ᠭᠠᠳᠠᠭᠠᠳᠤ ᠶᠢᠨ ᠬᠢᠵᠠᠭᠠᠷᠯᠠᠨ ᠬᠢᠨᠠᠯᠲᠠ ᠲᠠᠯᠪᠢᠬᠤ ᠶᠢ ᠴᠢᠩᠭᠠᠳᠬᠠᠨ᠂ ᠪᠠᠶᠢᠴᠠᠭᠠᠬᠤ ᠡᠷᠬᠡ ᠶᠢᠨ | ᠬᠠᠤᠯᠢ ᠶᠣᠰᠣᠭᠠᠷ ᠵᠢᠷᠤᠮᠵᠢᠯ ᠲᠠᠢ ᠶᠠᠪᠤᠭᠳᠠᠬᠤ ᠶᠢ ᠪᠠᠲᠤᠯᠠᠪᠠ᠃ | |