ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠲᠡᠶᠢᠰᠢ ᠬᠤᠷᠳᠤ ᠨᠡᠮᠡᠨ ᠤᠷᠤᠭᠰᠢᠯᠠᠪᠠ
ᠨᠡᠶᠢᠲᠡᠯᠡᠭᠰᠡᠨ ᠴᠠᠭ᠄
2024/12/31
                         - ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ ᠤ ᠠᠵᠢᠯ ᠤᠨ ᠠᠮᠵᠢᠯᠲᠠ ᠪᠦᠲᠦᠮᠵᠢ ᠶᠢᠨ ᠲᠤᠬᠠᠢ ᠬᠦᠦᠷᠨᠢᠯ              ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠢᠦᠢ ᠸᠧᠠ ᠵᠢᠩ ᠬᠤ᠋ ᠯᠤ᠋ ᠢᠦᠢ ᠴᠢᠶᠦ᠋ᠡᠭ ᠶᠤᠸᠠᠨ              ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠲᠤᠷᠰᠢ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠬᠥᠭᠵᠢᠯᠲᠡ ᠳᠤ ᠲᠡᠭᠷᠢ ᠭᠠᠵᠠᠷ ᠢ ᠳᠣᠩᠰᠣᠯᠭᠠᠮ᠎ᠠ ᠯᠤᠲᠤ ᠶᠡᠭᠡ ᠬᠤᠪᠢᠷᠠᠯᠲᠠ ᠭᠠᠷᠴᠤ᠂ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠲᠠᠪᠠᠯᠳᠠᠳᠤ ᠴᠢᠨᠠᠷᠲᠠᠢ ᠬᠥᠭᠵᠢᠯᠲᠡ ᠶᠢ ᠪᠡᠶᠡᠯᠡᠭᠦᠯᠪᠡ᠃ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠢ ᠪᠦᠭᠦ ᠨᠠᠮ ᠤᠨ ᠠᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠤᠯᠭᠠᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ ᠮᠠᠨ ᠤ ᠤᠯᠤᠰ ᠤᠨ ᠬᠥᠳᠡᠭᠡ ᠠᠵᠤ ᠠᠬᠤᠢ ᠶᠢᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠡᠭᠡ ᠳᠡᠭᠲᠡᠷ ᠲᠤ ᠭᠠᠷᠴᠤ᠂ ᠬᠥᠳᠡᠭᠡ ᠲᠣᠰᠬᠤᠨ ᠤ ᠠᠷᠠᠳ ᠤᠨ ᠠᠮᠢᠳᠤᠷᠠᠯ ᠢᠯᠡᠳᠲᠡ ᠰᠠᠶᠢᠵᠢᠷᠠᠵᠤ᠂ ᠬᠥᠳᠡᠭᠡ ᠲᠣᠰᠬᠤᠨ ᠤ ᠳᠦᠷᠰᠦ ᠪᠠᠶᠢᠳᠠᠯ ᠰᠢᠨᠡᠳᠦᠨ ᠬᠤᠪᠢᠷᠠᠵᠠᠢ᠃ ᠬᠥᠳᠡᠭᠡ ᠠᠵᠤ ᠠᠬᠤᠢ ᠶᠢᠨ ᠲᠣᠮᠣ ᠤᠯᠤᠰ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠲᠡᠶᠢᠰᠢ ᠤᠷᠤᠭᠰᠢᠯᠠᠵᠤ ᠪᠠᠶᠢᠨ᠎ᠠ᠃              ᠠᠮᠤ ᠪᠤᠳᠠᠭ᠎ᠠ ᠪᠠ ᠴᠢᠬᠤᠯᠠ ᠬᠥᠳᠡᠭᠡ ᠠᠵᠤ ᠠᠬᠤᠢ ᠶᠢᠨ ᠪᠦᠲᠦᠭᠡᠭᠳᠡᠬᠦᠨ ᠤ ᠬᠠᠩᠭᠠᠯᠭ᠎ᠠ ᠭᠦᠢᠴᠡᠳ ᠪᠣᠯᠪᠠ              ᠨᠠᠮᠤᠷ ᠤᠨ ᠬᠡᠭᠡᠷ᠎ᠡ ᠲᠠᠯ᠎ᠠ ᠳᠤ᠂ ᠡᠯᠪᠡᠭ ᠬᠤᠷᠢᠶᠠᠯᠲᠠ ᠶᠢᠨ ᠠᠭᠤᠷ ᠠᠮᠢᠰᠬᠤᠯ ᠥᠳᠬᠡᠷᠡᠨ᠎ᠡ᠃ ᠬᠠᠷᠠᠮᠥ᠋ᠷᠡᠨ ᠮᠤᠵᠢ ᠶᠢᠨ ᠵᠠᠮᠰᠣ ᠬᠤᠳᠠ ᠶᠢᠨ ᠬᠤᠸᠠᠴᠤᠸᠠᠨ ᠰᠢᠶᠠᠨ ᠤ ᠶᠤᠸᠠᠢ ᠯᠠᠢ ᠪᠠᠯᠭᠠᠰᠤᠨ ᠤ ᠱᠤᠸᠠᠩ ᠰᠢᠩ ᠲᠣᠰᠬᠤᠨ ᠤ ᠲᠠᠷᠢᠶᠠᠨ ᠭᠠᠵᠠᠷ ᠲᠤ ᠪᠢᠴᠢᠯ ᠴᠠᠭ ᠠᠭᠤᠷ ᠤᠨ ᠦᠷᠳᠡᠭᠡ᠂ ᠡᠪᠡᠳᠴᠢᠨ ᠬᠤᠷᠣᠬᠠᠢ ᠶᠢᠨ ᠬᠥᠨᠥᠭᠡᠯ ᠢ ᠬᠢᠨᠠᠨ ᠬᠡᠮᠵᠢᠬᠦ ᠬᠡᠮᠵᠢᠭᠦᠷᠯᠢᠭ ᠵᠡᠷᠭᠡ ᠲᠥᠬᠦᠭᠡᠷᠦᠮᠵᠢ ᠤᠭᠰᠠᠷᠠᠵᠤ᠂ ᠠᠯᠳᠠᠨ ᠰᠢᠷᠭᠠᠯ ᠲᠤᠲᠤᠷᠭ᠎ᠠ ᠰᠠᠯᠬᠢᠨ ᠤ ᠠᠶ᠎ᠠ ᠪᠠᠷ ᠨᠠᠶᠢᠭᠤᠨ᠎ᠠ᠃              ︽20 ᠭᠠᠷᠤᠢ ᠡᠳᠦᠷ ᠤᠨ ᠳᠠᠷᠠᠭ᠎ᠠ ᠰᠠᠶ᠋ᠢ ᠬᠠᠳᠤᠵᠤ ᠬᠤᠷᠢᠶᠠᠵᠤ ᠪᠣᠯᠣᠨ᠎ᠠ᠂ ᠵᠢᠱᠢᠯᠲᠡ ᠪᠠᠷ ᠾᠧᠺᠲ᠋ᠠᠷ ᠪᠦᠷᠢ ᠶᠢᠨ ᠤᠨᠠᠯᠲᠠ 9 ᠲᠣᠨ ᠠᠴᠠ ᠳᠠᠪᠠᠭᠤ ᠪᠣᠯᠣᠨ᠎ᠠ︾ ᠭᠡᠵᠦ ᠬᠤᠸᠠᠴᠤᠸᠠᠨ ᠰᠢᠶᠠᠨ ᠤ ᠢᠦᠢ ᠴᠧᠩ ᠣᠲᠣ ᠦᠶ᠎ᠡ ᠶᠢᠨ ᠲᠠᠷᠢᠶᠠᠯᠠᠩ ᠤᠨ ᠮᠠᠰᠢᠨ ᠤ ᠲᠤᠰᠬᠠᠢ ᠠᠵᠢᠯ ᠤᠨ ᠬᠤᠷᠰᠢᠶ᠎ᠠ ᠶᠢᠨ ᠬᠡᠷᠡᠭ ᠡᠷᠭᠢᠯᠡᠭᠴᠢᠳ ᠤᠨ ᠳᠠᠷᠤᠭ᠎ᠠ ᠯᠢ ᠢᠦᠢ ᠴᠧᠩ ᠰᠤᠷᠪᠤᠯᠵᠢᠯᠠᠬᠴᠢ ᠳᠤ ᠶᠠᠷᠢᠪᠠ᠂ ᠡᠮᠦᠨᠡᠬᠢ ᠬᠤᠭᠤᠴᠠᠭᠠᠨ ᠳᠤ ᠳᠣᠣᠷ᠎ᠠ ᠳᠤᠯᠠᠭᠠᠨ ᠣᠯᠠᠨ ᠪᠣᠷᠣᠭᠠᠨ ᠲᠠᠢ ᠴᠠᠭ ᠠᠭᠤᠷ ᠲᠣᠬᠢᠶᠠᠯᠳᠤᠭᠰᠠᠨ ᠪᠤᠯᠪᠠᠴᠤ ᠲᠠᠷᠢᠶᠠᠨ ᠭᠠᠵᠠᠷ ᠲᠠᠬᠢ ᠴᠠᠭ ᠲᠤᠬᠠᠢ ᠶᠢᠨ ᠬᠠᠮᠢᠶᠠᠷᠤᠯᠲᠠ ᠶᠢ ᠰᠠᠶᠢᠨ ᠬᠢᠭᠰᠡᠨ ᠢᠶᠠᠷ ᠡᠨᠡ ᠵᠢᠯ ᠤᠨ ᠲᠤᠲᠤᠷᠭ᠎ᠠ ᠶᠢᠨ ᠤᠷᠭᠤᠴᠠ ᠨᠡᠯᠢᠶᠡᠳ ᠰᠠᠶᠢᠨ ᠪᠠᠶᠢᠨ᠎ᠠ ᠭᠡᠵᠦ ᠬᠡᠯᠡᠪᠡ᠃              ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢ᠂ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠦᠷᠭᠦᠯᠵᠢᠯᠡᠨ ᠳᠡᠭᠡᠭᠰᠢᠯᠡᠵᠦ᠂ ᠮᠠᠨ ᠤ ᠤᠯᠤᠰ ᠤᠨ ᠠᠮᠤ ᠪᠤᠳᠠᠭᠠᠨ ᠤ ᠦᠢᠯᠡᠳᠪᠦᠷᠢᠯᠡᠯ ᠲᠠᠪᠠᠯᠳᠠᠳᠤ ᠮᠠᠶ᠋ᠢᠭ ᠤᠨ ᠬᠥᠭᠵᠢᠯᠲᠡ ᠶᠢ ᠪᠡᠶᠡᠯᠡᠭᠦᠯᠪᠡ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠡᠬᠢᠨ ᠤ ᠦᠶ᠎ᠡ ᠳᠤ᠂ ᠮᠠᠨ ᠤ ᠤᠯᠤᠰ ᠤᠨ ᠠᠮᠤ ᠪᠤᠳᠠᠭᠠᠨ ᠤ ᠵᠢᠯ ᠤᠨ ᠤᠨᠠᠯᠲᠠ ᠵᠥᠪᠭᠡᠨ 2000 ᠭᠠᠷᠤᠢ ᠳ᠋ᠦᠩᠰᠢᠭᠤᠷ ᠵᠢᠩ ᠪᠠᠶᠢᠵᠤ᠂ 1962 ᠣᠨ ᠳᠤ 3000 ᠳ᠋ᠦᠩᠰᠢᠭᠤᠷ ᠵᠢᠩ ᠠᠴᠠ ᠳᠡᠭᠡᠭᠰᠢ ᠳᠤ ᠲᠣᠭᠲᠠᠪᠤᠷᠢᠵᠢᠪᠠ᠃ ᠬᠤᠷᠢᠶᠠᠯᠲᠠ ᠲᠠᠢ ᠨᠢ ᠬᠤᠯᠪᠣᠭᠳᠠᠭᠤᠯᠤᠨ ᠡᠷᠦᠭᠡ ᠳᠤ ᠳᠠᠭᠠᠭᠠᠴᠢᠯᠠᠭᠤᠯᠬᠤ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ ᠬᠡᠷᠡᠭᠵᠢᠭᠦᠯᠬᠦ ᠶᠢ ᠳᠠᠭᠠᠯᠳᠤᠨ᠂ ᠲᠦᠭ ᠲᠦᠮᠡᠨ ᠲᠠᠷᠢᠶᠠᠴᠢᠳ ᠤᠨ ᠦᠢᠯᠡᠳᠪᠦᠷᠢᠯᠡᠯ ᠤᠨ ᠢᠳᠡᠪᠬᠢᠵᠢᠯ ᠢ ᠲᠤᠶᠢᠯ ᠤᠨ ᠶᠡᠭᠡ ᠪᠠᠷ ᠬᠥᠭᠵᠢᠭᠡᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠦᠴᠦᠨ ᠢ ᠴᠢᠯᠦᠭᠡᠯᠡᠨ᠂ ᠠᠮᠤ ᠪᠤᠳᠠᠭᠠᠨ ᠤ ᠤᠨᠠᠯᠲᠠ ᠵᠠᠯᠭᠠᠭ᠎ᠠ ᠪᠠᠷ ᠰᠢᠨ᠎ᠡ ᠳᠡᠭᠲᠡᠷ ᠲᠤ ᠭᠠᠷᠪᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠤᠯᠤᠰ ᠠᠮᠤ ᠪᠤᠳᠠᠭᠠᠨ ᠤ ᠠᠮᠤᠷ ᠲᠦᠪᠰᠢᠨ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠪᠠ ︽ᠬᠤᠯᠢᠰᠢᠨ ᠢᠳᠡᠭᠡᠨ︾ ᠢ ᠬᠤᠳᠠ ᠶᠢᠨ ᠳᠠᠷᠤᠭ᠎ᠠ ᠬᠠᠷᠢᠭᠤᠴᠠᠬᠤ ᠳᠦᠷᠢᠮ ᠢ ᠬᠡᠷᠡᠭᠵᠢᠭᠦᠯᠵᠦ᠂ ᠲᠠᠷᠢᠶᠠᠨ ᠭᠠᠵᠠᠷ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠪᠠᠲᠤᠯᠠᠵᠤ᠂ ᠮᠡᠷᠭᠡᠵᠢᠯ ᠢᠶᠠᠷ ᠠᠮᠤ ᠪᠤᠳᠠᠭᠠᠨ ᠤ ᠤᠨᠠᠯᠳᠠ ᠶᠢ ᠨᠡᠮᠡᠭᠳᠡᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠲᠣᠭᠲᠠᠭᠤᠨ ᠢᠶᠠᠷ ᠴᠢᠩᠭᠠᠳᠬᠠᠪᠠ᠃              ᠮᠠᠨ ᠤ ᠤᠯᠤᠰ ᠤᠨ ᠠᠮᠤ ᠪᠤᠳᠠᠭᠠᠨ ᠤ ᠤᠨᠠᠯᠲᠠ 9 ᠵᠢᠯ ᠳᠠᠷᠠᠭᠠᠯᠠᠨ 1.3 ᠲᠦᠮᠡᠨ ᠳ᠋ᠦᠩᠰᠢᠭᠤᠷ ᠵᠢᠩ ᠠᠴᠠ ᠳᠡᠭᠡᠭᠰᠢ ᠳᠤ ᠲᠣᠭᠲᠠᠪᠤᠷᠢᠵᠢᠪᠠ᠃ 2023 ᠣᠨ ᠳᠤ ᠠᠮᠤ ᠪᠤᠳᠠᠭᠠᠨ ᠤ ᠤᠨᠠᠯᠲᠠ 13908 ᠳ᠋ᠦᠩᠰᠢᠭᠤᠷ ᠵᠢᠩ ᠳᠤ ᠬᠦᠷᠴᠦ᠂ 1949 ᠣᠨ ᠤ ᠬᠢ ᠠᠴᠠ 1 ᠲᠦᠮᠡ ᠭᠠᠷᠤᠢ ᠳ᠋ᠦᠩᠰᠢᠭᠤᠷ ᠵᠢᠩ ᠨᠡᠮᠡᠭᠳᠡᠪᠡ ; ᠠᠮᠤ ᠪᠤᠳᠠᠭᠠᠨ ᠤ ᠲᠠᠯᠠᠪᠠᠶ ᠨᠢᠭᠡᠴᠢ ᠶᠢᠨ ᠤᠨᠠᠯᠲᠠ ᠶᠡᠭᠡ ᠪᠠᠷ ᠳᠡᠭᠡᠭᠰᠢᠯᠡᠵᠦ᠂ 2023 ᠣᠨ ᠳᠤ ᠪᠦᠭᠦ ᠤᠯᠤᠰ ᠤᠨ ᠠᠮᠤ ᠪᠤᠳᠠᠭᠠᠨ ᠤ ᠲᠠᠯᠠᠪᠠᠶ ᠨᠢᠭᠡᠴᠢ ᠶᠢᠨ ᠤᠨᠠᠯᠲᠠ ᠮᠦ ᠪᠦᠷᠢ 389.7 ᠺᠢᠯᠣᠭ᠍ᠷᠠᠮ ᠪᠣᠯᠵᠤ᠂ 1949 ᠣᠨ ᠤ ᠬᠢ ᠠᠴᠠ 321.1 ᠺᠢᠯᠣᠭ᠍ᠷᠠᠮ ᠨᠡᠮᠡᠭᠳᠡᠪᠡ᠃              ᠴᠠᠳᠲᠠᠯ᠎ᠠ ᠢᠳᠡᠬᠦ ᠪᠠᠷ ᠪᠠᠷᠠᠬᠤ ᠦᠭᠡᠢ ᠪᠠᠰᠠ ᠰᠠᠶᠢᠨ ᠢᠳᠡᠬᠦ ᠬᠡᠷᠡᠭᠲᠡᠢ᠃ ︽ᠠᠮᠤ ᠪᠤᠳᠠᠭ᠎ᠠ︾᠂ ︽ᠬᠤᠯᠢᠰᠢᠨ ᠢᠳᠡᠭᠡᠨ︾ ᠤ ᠬᠠᠩᠭᠠᠯᠭ᠎ᠠ ᠶᠢᠨ ᠴᠢᠳᠠᠪᠤᠷᠢ ᠲᠣᠭᠲᠠᠭᠤᠨ ᠢᠶᠠᠷ ᠳᠡᠭᠡᠭᠰᠢᠯᠡᠵᠦ᠂ ᠲᠥᠷᠥᠯ ᠵᠦᠢᠯ ᠨᠢ ᠨᠠᠩ ᠪᠠᠶᠠᠯᠢᠭᠵᠢᠪᠠ᠃              ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠡᠬᠢᠨ ᠤ ᠦᠶ᠎ᠡ ᠳᠤ᠂ ᠮᠠᠨ ᠤ ᠤᠯᠤᠰ ᠤᠨ ᠮᠠᠯ ᠤᠨ ᠠᠰᠢᠭ ᠰᠢᠮ᠎ᠡ ᠶᠢᠨ ᠬᠠᠩᠭᠠᠯᠭ᠎ᠠ ᠶᠡᠷᠦᠩᠬᠡᠢ ᠳᠡᠭᠡᠨ ᠬᠦᠷᠦᠯᠴᠡᠬᠦ ᠦᠭᠡᠢ ᠪᠠᠶᠢᠪᠠ᠃ ᠥᠭᠡᠷᠡᠴᠢᠯᠡᠯᠲᠡ ᠨᠡᠭᠡᠭᠡᠯᠲᠡ ᠬᠢᠭᠰᠡᠨ ᠤ ᠳᠠᠷᠠᠭ᠎ᠠ᠂ ᠮᠠᠯ ᠤᠨ ᠠᠰᠢᠭ ᠰᠢᠮ᠎ᠡ ᠶᠢᠨ ᠭᠠᠷᠤᠯᠲᠠ ᠲᠠᠰᠤᠷᠠᠯᠲᠠ ᠦᠭᠡᠢ ᠨᠡᠮᠡᠭᠳᠡᠪᠡ᠃ ᠣᠶᠢᠷ᠎ᠠ ᠶᠢᠨ ᠵᠢᠯ ᠠᠴᠠ᠂ ᠮᠠᠯ ᠠᠵᠤ ᠠᠬᠤᠢ ᠶᠢᠨ ᠣᠳᠣᠬᠢᠴᠢᠯᠠᠯᠲᠠ᠂ ᠬᠡᠪᠴᠢᠶᠡᠵᠢᠯ ᠤᠨ ᠠᠬᠢᠴᠠ ᠲᠦᠷᠭᠡᠳᠴᠦ᠂ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠳᠠᠬᠢᠨᠲᠠ ᠰᠢᠨ᠎ᠡ ᠲᠡᠮᠳᠡᠭᠯᠡᠯ ᠢ ᠡᠭᠦᠳᠴᠦ᠂ 2023 ᠣᠨ ᠳᠤ ᠮᠢᠬ᠎ᠠ ᠥᠨᠳᠡᠭᠡ ᠰᠦ ᠶᠢᠨ ᠭᠠᠷᠤᠯᠲᠠ 1.75 ᠳ᠋ᠦᠩᠰᠢᠭᠤᠷ ᠲᠣᠨ ᠢ ᠳᠠᠪᠠᠪᠠ᠃ ᠮᠢᠬᠠᠨ ᠤ ᠵᠦᠢᠯ ᠵᠢᠭᠦᠷᠲᠡᠨ ᠤ ᠥᠨᠳᠡᠭᠡ ᠶᠢᠨ ᠭᠠᠷᠤᠯᠲᠠ ᠣᠯᠠᠨ ᠵᠢᠯ ᠳᠡᠯᠡᠬᠡᠢ ᠶᠢᠨ ᠲᠡᠷᠢᠭᠦᠨ ᠳᠤ ᠣᠷᠣᠵᠤ᠂ ᠰᠦ ᠶᠢᠨ ᠵᠦᠢᠯ ᠤᠨ ᠭᠠᠷᠤᠯᠲᠠ ᠳᠡᠯᠡᠬᠡᠢ ᠶᠢᠨ ᠡᠮᠦᠨ᠎ᠡ ᠡᠩᠨᠡᠭᠡᠨ ᠳᠤ ᠣᠷᠣᠪᠠ᠃ ᠮᠠᠨ ᠤ ᠤᠯᠤᠰ ᠤᠨ ᠤᠰᠤᠨ ᠭᠠᠷᠤᠯᠲᠠ ᠶᠢᠨ ᠶᠡᠷᠦᠩᠬᠡᠢ ᠬᠡᠮᠵᠢᠶ᠎ᠡ ᠪᠦᠭᠦ ᠳᠡᠯᠡᠬᠡᠢ ᠶᠢᠨ 40 % ᠰᠢᠬᠠᠮ ᠢ ᠡᠵᠡᠯᠡᠵᠦ᠂ ᠬᠥᠮᠥᠨ ᠳᠤᠮᠳᠠᠴᠢ ᠨᠣᠭᠳᠠᠬᠤ ᠤᠰᠤᠨ ᠭᠠᠷᠤᠯᠲᠠ ᠶᠢᠨ ᠬᠡᠮᠵᠢᠶ᠎ᠡ 50.48 ᠺᠢᠯᠣᠭ᠍ᠷᠠᠮ ᠳᠤ ᠬᠦᠷᠴᠡᠢ᠃              ᠠᠵᠢᠯᠯᠠᠵᠤ ᠠᠮᠢᠳᠤᠷᠠᠬᠤ ᠳᠤ ᠲᠣᠬᠢᠲᠠᠢ ᠡᠶ᠎ᠡ ᠵᠣᠬᠢᠴᠠᠩᠭᠤᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠲᠦᠷᠭᠡᠳᠬᠡᠨ ᠪᠦᠲᠦᠭᠡᠨ ᠪᠠᠶᠢᠭᠤᠯᠪᠠ              ᠬᠥᠳᠡᠭᠡ ᠲᠣᠰᠬᠤᠨ ᠪᠣᠯ ᠥᠷᠭᠡᠨ ᠣᠯᠠᠨ ᠲᠠᠷᠢᠶᠠᠴᠢᠨ ᠲᠦᠮᠡᠨ ᠤ ᠭᠡᠷ ᠣᠷᠣᠨ ᠮᠥᠨ᠃ ᠬᠥᠳᠡᠭᠡ ᠲᠣᠰᠬᠤᠨ ᠢ ᠰᠠᠶᠢᠨ ᠰᠠᠶᠢᠬᠠᠨ ᠪᠦᠲᠦᠭᠡᠨ ᠪᠠᠶᠢᠭᠤᠯᠪᠠᠯ ᠲᠠᠷᠢᠶᠠᠴᠢᠨ ᠲᠦᠮᠡᠨ ᠰᠠᠶ᠋ᠢ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠲᠠᠢ ᠪᠣᠯᠵᠤ ᠴᠢᠳᠠᠨ᠎ᠠ᠃              ᠬᠤᠨᠠᠨ ᠮᠤᠵᠢ ᠶᠢᠨ ᠶᠤᠸᠠᠢ ᠶᠠᠩ ᠬᠤᠳᠠ ᠶᠢᠨ ᠫᠢᠩ ᠵᠢᠶᠠᠩ ᠰᠢᠶᠠᠨ ᠤ ᠦ᠋ ᠱᠢ ᠪᠠᠯᠭᠠᠰᠤᠨ ᠤ ᠫᠦ᠋ ᠵᠦ ᠲᠣᠰᠬᠤᠨ ᠳᠤ ᠬᠦᠷᠬᠦ ᠳᠤ᠂ ᠠᠶᠢᠯ ᠤᠨ ᠬᠦᠷᠢᠶ᠎ᠡ ᠬᠠᠰᠢᠶ᠎ᠠ ᠨᠢ ᠴᠡᠪᠡᠷ ᠴᠡᠮᠴᠡᠭᠡᠷ ᠪᠠᠶᠢᠯ᠎ᠠ᠃ ᠲᠣᠰᠬᠤᠨ ᠤ ᠠᠷᠠᠳ ᠰᠧᠯᠧᠨ ᠡᠯᠪᠡᠭ ᠠᠭᠤᠯᠤᠭᠳᠠᠬᠤ ᠯᠢᠩᠬᠤ᠎ᠠ ᠶᠢᠨ ᠦᠨᠳᠦᠰᠦ ᠪᠣᠯᠣᠨ ᠠᠮᠤ ᠪᠤᠳᠠᠭ᠎ᠠ ᠲᠠᠷᠢᠵᠤ᠂ ᠯᠤᠤᠪᠠᠩ ᠪᠤᠯᠪᠠᠰᠤᠷᠠᠭᠤᠯᠬᠤ ᠠᠵᠤ ᠦᠢᠯᠡᠰ ᠢ ᠬᠥᠭᠵᠢᠭᠦᠯᠵᠦ᠂ ᠲᠠᠷᠢᠶᠠᠴᠢᠨ ᠠᠶᠢᠯ ᠤᠨ ᠵᠢᠭᠤᠯᠴᠢᠯᠠᠯ ᠢ ᠡᠷᠭᠢᠯᠡᠵᠦ ᠪᠠᠶᠢᠪᠠ᠃              ︽ᠥᠩᠭᠡᠷᠡᠭᠰᠡᠨ ᠳᠤ ᠲᠤᠰᠬᠤᠨ ᠳᠠᠭᠠᠨ ᠨᠢᠭᠡ ᠯᠡ ᠰᠢᠪᠠᠷ ᠵᠠᠮ ᠲᠠᠢ᠂ ᠲᠣᠰᠬᠤᠨ ᠤ ᠠᠷᠠᠳ ᠰᠢᠪᠠᠷ ᠪᠠᠶᠢᠰᠢᠩ ᠪᠤᠶᠤ ᠤᠯᠠᠯᠵᠢ ᠶᠢᠨ ᠭᠡᠷ ᠲᠤ ᠰᠠᠭᠤᠵᠤ᠂ ᠦᠮᠡᠬᠡᠢ ᠤᠰᠤᠨ ᠰᠤᠪᠠᠭ ᠪᠣᠯᠣᠨ ᠬᠤᠭ ᠨᠣᠪᠰᠢ ᠶᠢ ᠴᠤ ᠴᠡᠪᠡᠷᠯᠡᠬᠦ ᠬᠥᠮᠥᠨ ᠦᠭᠡᠢ ᠪᠠᠶᠢᠪᠠ᠃ ᠬᠠᠷᠢᠨ ᠡᠨᠡ ᠬᠡᠳᠦᠨ ᠵᠢᠯ ᠳᠤ ᠲᠣᠰᠬᠤᠨ ᠤ ᠬᠤᠪᠢᠷᠠᠯᠲᠠ ᠡᠶᠢᠮᠦ ᠶᠡᠭᠡ ᠪᠣᠯᠣᠨ᠎ᠠ ᠭᠡᠵᠦ ᠪᠤᠳᠣᠵᠤ ᠣᠯᠣᠭᠰᠠᠨ ᠦᠭᠡᠢ︾᠃ 80 ᠨᠠᠰᠤᠲᠠᠢ ᠲᠣᠰᠬᠤᠨ ᠤ ᠠᠷᠠᠳ ᠯᠦ ᠺᠦᠩ ᠶᠦᠨ᠂ ᠣᠷᠴᠢᠨ ᠲᠣᠭᠤᠷᠢᠨ ᠰᠠᠶᠢᠵᠢᠷᠠᠵᠤ᠂ ᠲᠣᠰᠬᠤᠨ ᠤ ᠬᠥᠮᠥᠰ ᠤᠨ ᠤᠷᠮ᠎ᠠ ᠵᠣᠷᠢᠭ ᠤᠯᠠᠮ ᠬᠥᠭᠵᠢᠪᠡ ᠭᠡᠵᠦ ᠬᠡᠯᠡᠪᠡ᠃              ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠳᠠᠷᠠᠭ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠲᠠᠷᠢᠶᠠᠴᠢᠳ ᠢ ᠵᠣᠬᠢᠶᠠᠨ ᠪᠠᠶᠢᠭᠤᠯᠤᠨ ᠠᠭᠤᠯᠠ ᠤᠰᠤ ᠶᠢ ᠳᠠᠭᠢᠨ ᠴᠡᠭᠴᠡᠯᠡᠵᠦ᠂ ᠦᠢᠯᠡᠳᠪᠦᠷᠢᠯᠡᠯ ᠢ ᠬᠥᠭᠵᠢᠭᠦᠯᠦᠨ᠂ ᠬᠠᠲᠠᠭᠤᠵᠢᠯᠲᠠᠢ ᠬᠠᠶᠢᠨ ᠰᠦᠪᠡᠭᠴᠢᠯᠡᠯᠲᠡ ᠬᠢᠪᠡ᠃ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢ᠂ ᠲᠠᠷᠢᠶᠠᠴᠢᠳ ᠢ ᠤᠳᠤᠷᠢᠳᠤᠨ ᠡᠩ ᠲᠡᠷᠢᠭᠦᠨ ᠳᠤ ᠥᠭᠡᠷᠡᠴᠢᠯᠡᠯᠲᠡ ᠶᠢᠨ ᠬᠥᠰᠢᠭᠡ ᠶᠢ ᠨᠡᠭᠡᠭᠡᠵᠦ᠂ ᠬᠥᠳᠡᠭᠡ ᠲᠣᠰᠬᠤᠨ ᠤ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ ᠲᠠᠰᠤᠷᠠᠯᠲᠠ ᠦᠭᠡᠢ ᠴᠢᠯᠦᠭᠡᠯᠡᠨ ᠬᠥᠭᠵᠢᠭᠦᠯᠵᠦ᠂ ᠬᠥᠳᠡᠭᠡ ᠲᠣᠰᠬᠤᠨ ᠤ ᠪᠦᠭᠦ ᠲᠠᠯ᠎ᠠ ᠶᠢᠨ ᠳᠠᠪᠰᠢᠯᠲᠠ ᠶᠢ ᠠᠬᠢᠭᠤᠯᠪᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠬᠥᠳᠡᠭᠡ ᠲᠣᠰᠬᠤᠨ ᠤ ᠠᠷᠠᠳ ᠤᠨ ᠠᠮᠢᠳᠤᠷᠠᠯ ᠢᠯᠡᠳᠲᠡ ᠰᠠᠶᠢᠵᠢᠷᠠᠵᠤ ᠂ ᠬᠥᠳᠡᠭᠡ ᠲᠣᠰᠬᠤᠨ ᠤ ᠳᠦᠷᠰᠦ ᠪᠠᠶᠢᠳᠠᠯ ᠰᠢᠨᠡᠳᠦᠨ ᠬᠤᠪᠢᠷᠠᠪᠠ᠃              ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ᠂ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ᠂ ᠰᠣᠶᠣᠯ ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠢ ᠶᠢ ᠬᠥᠭᠵᠢᠭᠦᠯᠦᠨ ᠮᠠᠨᠳᠤᠭᠤᠯᠬᠤ᠂ ᠵᠣᠬᠢᠶᠠᠨ ᠪᠠᠶᠢᠭᠤᠯᠤᠯᠲᠠ ᠶᠢ ᠬᠥᠭᠵᠢᠭᠦᠯᠦᠨ ᠮᠠᠨᠳᠤᠭᠤᠯᠬᠤ ᠁ ᠠᠯᠢ ᠤᠯᠠᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠨᠢ ᠬᠥᠳᠡᠭᠡ ᠲᠣᠰᠬᠤᠨ ᠳᠤ ᠰᠢᠨ᠎ᠡ ᠳᠦᠷᠰᠦ ᠪᠠᠶᠢᠳᠠᠯ ᠢᠯᠡᠷᠡᠬᠦ ᠶᠢ ᠠᠬᠢᠭᠤᠯᠪᠠ᠃              ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠦᠷᠭᠦᠯᠵᠢᠯᠡᠨ ᠳᠡᠭᠡᠭᠰᠢᠯᠡᠪᠡ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢ᠂ ᠮᠠᠨ ᠤ ᠤᠯᠤᠰ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠲᠦᠷᠭᠡᠳᠬᠡᠨ ᠠᠬᠢᠭᠤᠯᠵᠤ᠂ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠤᠨ᠂ ᠣᠷᠣᠨ ᠰᠠᠭᠤᠴᠠ᠂ ᠤᠤᠭᠤᠬᠤ ᠤᠰᠤᠨ ᠤ ᠠᠮᠤᠷ ᠲᠦᠪᠰᠢᠨ᠂ ᠵᠠᠮ ᠵᠡᠷᠭᠡ ᠪᠦᠲᠦᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠪᠠ᠃ ᠠᠷᠪᠠᠨ ᠵᠢᠯ ᠤᠨ ᠲᠤᠷᠰᠢ ᠬᠥᠳᠡᠭᠡ ᠲᠣᠰᠬᠤᠨ ᠤ ᠵᠠᠰᠠᠮᠠᠯ ᠵᠠᠮ ᠢ ᠨᠡᠶᠢᠲᠡ 250 ᠲᠦᠮᠡᠨ ᠺᠢᠯᠣᠮᠧᠲᠷ ᠰᠢᠨ᠎ᠡ ᠪᠠᠷ ᠵᠠᠰᠠᠬᠤ ᠪᠤᠶᠤ ᠥᠭᠡᠷᠡᠴᠢᠯᠡᠵᠦ᠂ ᠬᠥᠳᠡᠭᠡ ᠲᠣᠰᠬᠤᠨ ᠤ ᠲᠦᠭᠡᠭᠡᠯ ᠤᠰᠤ ᠶᠢ ᠲᠦᠭᠡᠮᠡᠯᠵᠢᠭᠦᠯᠦᠭᠰᠡᠨ ᠨᠣᠷᠮ᠎ᠠ ᠶᠢ 90% ᠳᠤ ᠬᠦᠷᠭᠡᠵᠦ᠂ ᠬᠡᠪᠴᠢᠶᠡᠵᠢᠭᠰᠡᠨ ᠤᠰᠤ ᠬᠠᠩᠭᠠᠬᠤ ᠢᠨᠵᠧᠨᠧᠷᠢᠩ ᠤᠨ ᠬᠥᠳᠡᠭᠡ ᠲᠣᠰᠬᠤᠨ ᠤ ᠬᠥᠮᠥᠨ ᠠᠮᠠ ᠶᠢ ᠬᠠᠮᠤᠷᠤᠭᠰᠠᠨ ᠬᠠᠷᠢᠴᠠᠯ 60% ᠳᠤ ᠬᠦᠷᠴᠡᠢ᠃              ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠨᠥᠬᠦᠴᠡᠯ ᠦᠷᠭᠦᠯᠵᠢᠯᠡᠨ ᠰᠠᠶᠢᠵᠢᠷᠠᠪᠠ᠃ ᠬᠥᠳᠡᠭᠡ ᠲᠣᠰᠬᠤᠨ ᠤ ᠠᠷᠢᠭᠤᠨ ᠴᠡᠪᠡᠷ ᠵᠣᠷᠯᠣᠩ ᠤᠨ ᠲᠦᠭᠡᠮᠡᠯᠵᠢᠭᠰᠡᠨ ᠨᠣᠷᠮ᠎ᠠ 75% ᠣᠷᠴᠢᠮ ᠳᠤ ᠬᠦᠷᠴᠦ᠂ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠵᠠᠰᠠᠭ ᠵᠠᠬᠢᠷᠭᠠᠨ ᠤ ᠲᠣᠰᠬᠤᠨ ᠤ ᠬᠠᠷᠢᠴᠠᠯ 90% ᠠᠴᠠ ᠳᠡᠭᠡᠭᠰᠢ ᠳᠤ ᠲᠣᠭᠲᠠᠪᠤᠷᠢᠵᠢᠵᠤ᠂ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ︵ᠬᠠᠮᠢᠶᠠᠷᠤᠨ ᠡᠵᠡᠮᠳᠡᠬᠦ︶ ᠨᠣᠷᠮ᠎ᠠ 45% ᠶᠢ ᠳᠠᠪᠠᠵᠠᠢ᠃              ᠬᠥᠳᠡᠭᠡ ᠲᠣᠰᠬᠤᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠦᠷᠭᠦᠯᠵᠢᠯᠡᠨ ᠳᠡᠭᠡᠭᠰᠢᠯᠡᠪᠡ᠃ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠬᠥᠭᠵᠢᠭᠦᠯᠦᠨ ᠳᠡᠭᠡᠭᠰᠢᠯᠡᠭᠦᠯᠭᠦ ᠠᠵᠢᠯᠯᠠᠭ᠎ᠠ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠢ ᠭᠤᠭᠴᠤᠭ᠎ᠠ ᠶᠢ ᠰᠠᠶᠢᠵᠢᠷᠠᠭᠤᠯᠬᠤ ᠪᠠ ᠴᠢᠳᠠᠪᠤᠷᠢ ᠶᠢ ᠳᠡᠭᠡᠭᠰᠢᠯᠡᠭᠦᠯᠭᠦ ᠲᠥᠷᠥᠯ ᠵᠦᠢᠯ ᠵᠡᠷᠭᠡ ᠶᠢ ᠭᠦᠨᠵᠡᠭᠡᠢ ᠬᠡᠷᠡᠭᠵᠢᠭᠦᠯᠪᠡ᠃ ᠡᠯ᠎ᠡ ᠭᠠᠵᠠᠷ ᠤᠨ ᠬᠢᠨ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠨᠡᠶᠢᠲᠡ 58 ᠲᠦᠮᠡ ᠭᠠᠷᠤᠢ ᠪᠠᠶᠢᠭᠤᠯᠵᠤ᠂ ᠬᠥᠳᠡᠭᠡ ᠲᠣᠰᠬᠤᠨ ᠤ ᠨᠠᠰᠤᠲᠠᠨ ᠢ ᠠᠰᠠᠷᠠᠬᠤ ᠬᠦᠷᠢᠶᠡᠯᠡᠩ ᠢ 1.6 ᠲᠦᠮᠡ ᠭᠠᠷᠤᠢ ᠪᠠᠶᠢᠭᠤᠯᠵᠤ᠂ ᠬᠥᠳᠡᠭᠡ ᠲᠣᠰᠬᠤᠨ ᠤ ᠨᠡᠶᠢᠭᠡᠮ ᠲᠣᠭᠤᠷᠢᠭ ᠤᠨ ᠬᠠᠷᠢᠯᠴᠠᠨ ᠬᠠᠪᠰᠤᠷᠤᠯᠴᠠᠬᠤ ᠴᠢᠨᠠᠷᠲᠠᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠬᠦᠭᠡᠷᠦᠮᠵᠢ ᠶᠢ 14 ᠲᠦᠮᠡ ᠭᠠᠷᠤᠢ ᠪᠠᠶᠢᠭᠤᠯᠪᠠ᠃              ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ ᠢ ᠥᠷᠭᠡᠳᠬᠡᠪᠡ              ᠭᠤᠸᠠᠩᠰᠢ ᠶᠢᠨ ᠭᠦᠢᠯᠢᠨ ᠬᠤᠲᠠ ᠶᠢᠨ ᠯᠦᠩ ᠱᠧᠩ ᠡᠯ᠎ᠡ ᠦᠨᠳᠦᠰᠦᠲᠡᠨ ᠤ ᠥᠪᠡᠷᠲᠡᠭᠡᠨ ᠵᠠᠰᠠᠬᠤ ᠰᠢᠶᠠᠨ ᠤ ᠯᠦᠩ ᠵᠢᠢ ᠪᠠᠯᠭᠠᠰᠤᠨ ᠤ ᠳ᠋ᠠ ᠵᠠᠢ ᠲᠣᠰᠬᠤᠨ ᠳᠤ ᠬᠦᠷᠬᠦ ᠳᠤ ᠳᠡᠭᠲᠡᠷ ᠳᠡᠭᠲᠡᠷ ᠱᠠᠲᠤᠨ ᠲᠠᠷᠢᠶ᠎ᠠ ᠠᠭᠤᠯᠠ ᠶᠢ ᠪᠦᠷᠬᠦᠨ ᠨᠣᠭᠤᠭᠠᠷᠠᠵᠤ᠂ ᠦᠨᠳᠦᠰᠦᠲᠡᠨ ᠤ ᠣᠨᠴᠠᠯᠢᠭ ᠢᠶᠠᠷ ᠪᠢᠯᠬᠠᠮ᠎ᠠ ᠡᠯᠭᠦᠮᠡᠯ ᠠᠰᠠᠷ ᠤᠳ ᠰᠦᠯᠵᠢᠯᠳᠦᠨ ᠲᠠᠷᠬᠠᠵᠤ᠂ ᠲᠣᠰᠬᠤᠨ ᠤ ᠠᠷᠠᠳ ᠪᠠ ᠵᠢᠭᠤᠯᠴᠢᠯᠠᠭᠴᠢ ᠪᠠᠶᠢᠨ ᠲᠠᠭᠢᠨ ᠵᠣᠷᠴᠢᠬᠤ ᠬᠠᠷᠠᠭᠳᠠᠨ᠎ᠠ᠃              ᠥᠨᠳᠥᠷ ᠠᠭᠤᠯᠠᠨ ᠳᠤ ᠬᠠᠯᠬᠠᠯᠠᠭᠳᠠᠭᠰᠠᠨ ᠠᠴᠠ ᠳ᠋ᠠ ᠵᠠᠢ ᠲᠣᠰᠬᠤᠨ ᠥᠩᠭᠡᠷᠡᠭᠰᠡᠨ ᠳᠤ ᠲᠤᠩ ᠶᠠᠳᠠᠭᠤ ᠬᠦᠴᠢᠷᠳᠡᠯᠲᠡᠢ ᠪᠠᠶᠢᠵᠠᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠦᠷᠢᠶ᠎ᠡ ᠬᠠᠩᠭᠢᠨᠠᠬᠤ ᠶᠢ ᠳᠠᠭᠠᠯᠳᠤᠨ᠂ ᠣᠯᠠᠨ ᠲᠠᠯ᠎ᠠ ᠶᠢᠨ ᠬᠠᠪᠰᠤᠷᠤᠯᠭ᠎ᠠ ᠳᠡᠮᠵᠢᠯᠭᠡ ᠳᠣᠣᠷ᠎ᠠ᠂ ᠰᠠᠭᠤᠷᠢ ᠲᠥᠬᠦᠭᠡᠷᠦᠮᠵᠢ ᠪᠠ ᠠᠵᠤ ᠦᠢᠯᠡᠰ ᠤᠨ ᠬᠥᠭᠵᠢᠯᠲᠡ ᠰᠠᠶᠢᠲᠠᠢ ᠪᠣᠯᠵᠤ᠂ ᠱᠠᠲᠤᠨ ᠲᠠᠷᠢᠶ᠎ᠠ ᠪᠠ ᠦᠨᠳᠦᠰᠦᠲᠡᠨ ᠤ ᠵᠠᠩ ᠤᠶᠢᠯᠡ  ᠪᠠᠷ ᠢᠶᠠᠨ ᠵᠢᠭᠤᠯᠴᠢᠯᠠᠯ ᠤᠨ ᠦᠢᠯᠡᠰ ᠢ ᠲᠠᠶᠢᠴᠢᠯᠠᠪᠠ᠃ ︽ᠵᠢᠯ ᠤᠨ ᠬᠥᠮᠥᠨ ᠳᠤᠮᠳᠠᠴᠢ ᠣᠷᠣᠯᠭ᠎ᠠ 2003 ᠣᠨ ᠳᠤ 700 ᠲᠥᠭᠦᠷᠢᠭ ᠬᠦᠷᠬᠦ ᠦᠭᠡᠢ ᠪᠠᠶᠢᠭᠰᠠᠨ ᠠᠴᠠ ᠪᠠᠨ ᠣᠲᠣ ᠪᠠᠷᠤᠭ 4 ᠲᠦᠮᠡᠨ ᠲᠥᠭᠦᠷᠢᠭ ᠪᠣᠯᠵᠤ᠂ ᠠᠮᠢᠳᠤᠷᠠᠯ ᠥᠭᠡᠳᠡᠯᠡᠨ ᠰᠠᠶᠢᠵᠢᠷᠠᠵᠤ ᠪᠠᠶᠢᠨ᠎ᠠ︾ ᠭᠡᠵᠦ ᠳ᠋ᠡ ᠵᠠᠢ ᠲᠣᠰᠬᠤᠨ ᠤ ᠨᠠᠮ ᠤᠨ ᠡᠭᠦᠷ ᠤᠨ ᠱᠦᠵᠢ ᠢᠦᠢ ᠴᠢᠶᠦ᠋ᠩ ᠲᠦᠩ ᠬᠡᠯᠡᠪᠡ᠃              ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠡᠬᠢᠨ ᠤ ᠦᠶ᠎ᠡ ᠳᠤ᠂ ᠠᠷᠠᠳ ᠤᠨ ᠠᠮᠢᠳᠤᠷᠠᠯ ᠲᠤᠶᠢᠯ ᠤᠨ ᠶᠠᠳᠠᠭᠤ ᠬᠦᠴᠢᠷᠳᠡᠯᠲᠡᠢ ᠪᠠᠶᠢᠳᠠᠯ ᠳᠤ ᠪᠠᠶᠢᠪᠠ᠃ ᠭᠠᠵᠠᠷ ᠰᠢᠷᠣᠢ ᠶᠢᠨ ᠥᠭᠡᠷᠡᠴᠢᠯᠡᠯᠲᠡ᠂ ᠨᠡᠶᠢᠭᠡᠮ ᠵᠢᠷᠤᠮ ᠤᠨ ᠦᠨᠳᠦᠰᠦᠨ ᠪᠠᠶᠢᠭᠤᠯᠤᠯ ᠢ ᠪᠠᠶᠢᠭᠤᠯᠤᠭᠰᠠᠨ ᠵᠡᠷᠭᠡ ᠨᠢ ᠶᠠᠳᠠᠭᠤ ᠬᠦᠴᠢᠷᠳᠡᠯ ᠤᠨ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠬᠦ ᠳᠤ ᠪᠠᠶᠢᠭᠤᠯᠤᠯ ᠤᠨ ᠰᠠᠭᠤᠷᠢ ᠶᠢ ᠲᠠᠯᠪᠢᠵᠤ ᠥᠭᠴᠡᠢ᠃ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢ᠂ ᠮᠠᠨ ᠤ ᠤᠯᠤᠰ ᠶᠡᠭᠡ ᠬᠡᠪᠴᠢᠶᠡᠨ ᠤ᠂ ᠲᠥᠯᠥᠪᠯᠡᠭᠡ ᠲᠠᠢ᠂ ᠵᠣᠬᠢᠶᠠᠨ ᠪᠠᠶᠢᠭᠤᠯᠤᠯᠲᠠ ᠲᠠᠢ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠶᠢ ᠬᠡᠷᠡᠭᠵᠢᠭᠦᠯᠦᠭᠡᠳ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠢ ᠬᠥᠮᠥᠨ ᠠᠮᠠ ᠶᠢ ᠶᠡᠭᠡ ᠪᠠᠷ ᠴᠥᠭᠡᠳᠬᠡᠪᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠤᠯᠤᠰ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠬᠦᠴᠦᠯᠡᠨ ᠪᠠᠬᠢᠵᠢᠭᠦᠯᠦᠨ ᠥᠷᠭᠡᠳᠬᠡᠵᠦ᠂ ᠬᠡᠪᠴᠢᠶᠡᠵᠢᠯ ᠤᠨ ᠴᠢᠨᠠᠷᠲᠠᠢ ᠲᠠᠭᠢᠨ ᠶᠠᠳᠠᠭᠤᠷᠠᠬᠤ ᠪᠠᠶᠢᠳᠠᠯ ᠦᠯᠦ ᠭᠠᠷᠬᠤ ᠬᠤᠷᠢᠭ᠎ᠠ ᠱᠤᠭᠤᠮ ᠢ ᠪᠠᠲᠤ ᠰᠠᠬᠢᠪᠠ᠃              2018 ᠣᠨ ᠠᠴᠠ ᠡᠬᠢᠯᠡᠨ ᠮᠠᠨ ᠤ ᠤᠯᠤᠰ ᠵᠢᠯ ᠪᠦᠷᠢ ᠶᠢᠨ ᠪᠢᠯᠢᠭ ᠤᠨ ᠤᠯᠠᠷᠢᠯ ᠤᠨ ᠨᠠᠮᠤᠷ ᠤᠨ ᠬᠤᠭᠤᠰ ᠢ ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠢᠶᠠᠷ ᠲᠣᠭᠲᠠᠭᠠᠪᠠ᠂ ᠡᠨᠡ ᠪᠣᠯ ᠤᠯᠤᠰ ᠤᠨ ᠲᠠᠯ᠎ᠠ ᠠᠴᠠ ᠲᠤᠰᠬᠠᠶᠢᠯᠠᠨ ᠲᠠᠷᠢᠶᠠᠴᠢᠳ ᠲᠤ ᠵᠣᠷᠢᠭᠤᠯᠤᠭᠰᠠᠨ ᠠᠩᠬᠠᠳᠠᠭᠴᠢ ᠪᠠᠶᠠᠷ ᠤᠨ ᠡᠳᠦᠷ ᠪᠣᠯᠣᠨ᠎ᠠ᠃              ᠣᠯᠠᠨ ᠵᠢᠯ ᠤᠨ ᠲᠤᠷᠰᠢ᠂ ᠡᠯ᠎ᠡ ᠭᠠᠵᠠᠷ ᠤᠨ ᠬᠢᠨ ︽ᠨᠤᠲᠤᠭ ᠤᠨ ᠣᠨᠴᠠ ᠭᠠᠷᠤᠯᠲᠠ︾ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠥᠳᠡᠭᠡ ᠲᠣᠰᠬᠤᠨ ᠤ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠭᠡᠯᠪᠡᠷᠢ ᠶᠢ ᠶᠡᠭᠡ ᠪᠠᠷ ᠪᠣᠶᠢᠵᠢᠭᠤᠯᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ ᠢ ᠲᠠᠰᠤᠷᠠᠯᠲᠠ ᠦᠭᠡᠢ ᠥᠷᠭᠡᠳᠬᠡᠪᠡ᠃ 2023 ᠣᠨ ᠳᠤ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠤᠯᠬᠤ ᠣᠷᠣᠯᠭ᠎ᠠ 21691 ᠲᠥᠭᠦᠷᠢᠭ ᠲᠤ ᠭᠦᠷᠪᠡ᠃              ᠵᠣᠭᠤᠰᠤᠨ ᠴᠦᠩᠬᠦ ᠪᠠᠨ ᠲᠦᠭᠳᠦᠶᠢᠯᠭᠡᠬᠦ ᠪᠠᠷ ᠪᠠᠷᠠᠬᠤ ᠦᠭᠡᠢ ᠤᠶᠤᠨ ᠰᠠᠨᠠᠭᠠᠨ ᠤ ᠰᠢᠮ᠎ᠡ ᠶᠢ ᠴᠤ ᠭᠦᠢᠴᠡᠳ ᠨᠥᠬᠦᠪᠦᠷᠢᠯᠡᠬᠦ ᠬᠡᠷᠡᠭᠲᠡᠢ᠃ ᠮᠠᠨ ᠤ ᠤᠯᠤᠰ ᠬᠥᠳᠡᠭᠡ ᠲᠣᠰᠬᠤᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠷᠠᠳᠢᠣ᠋ ᠨᠡᠪᠲᠡᠷᠡᠭᠦᠯᠭᠡ ᠲᠧᠯᠸᠢᠰ ᠢ ︽ᠭᠠᠴᠠᠭ᠎ᠠ ᠲᠤᠰᠬᠤᠨ ᠪᠦᠭᠦᠨ ᠳᠤ ᠨᠠᠪᠲᠠᠷᠡᠭᠦᠯᠵᠦ︾᠂ ᠬᠥᠳᠡᠭᠡ ᠲᠣᠰᠬᠤᠨ ᠳᠤ ᠺᠢᠨᠣ᠋ ᠲᠠᠯᠪᠢᠬᠤ ᠪᠠ ᠲᠠᠷᠢᠶᠠᠴᠢᠳ ᠤᠨ ᠨᠣᠮ ᠤᠨ ᠦᠷᠦᠭᠡ ᠶᠢᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠬᠥᠳᠡᠭᠡ ᠲᠣᠰᠬᠤᠨ ᠤ ᠤᠯᠠᠨ ᠲᠦᠮᠡᠨ ᠤ ᠡᠷᠡᠭᠦᠯ ᠥᠭᠡᠳᠡᠷᠬᠡᠭ ᠰᠣᠶᠣᠯ ᠤᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ ᠪᠠᠶᠢᠨ᠎ᠠ᠃              ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠭᠰᠠᠨ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠶᠣᠰᠣ ᠮᠣᠷᠠᠯ ᠢᠶᠠᠷ ᠵᠠᠰᠠᠬᠤ ᠶᠢ ᠤᠶᠠᠯᠳᠤᠭᠤᠯᠤᠭᠰᠠᠨ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠲᠠᠰᠤᠷᠠᠯᠲᠠ ᠦᠭᠡᠢ ᠲᠡᠭᠦᠯᠳᠡᠷᠵᠢᠪᠡ᠃ ᠬᠤᠪᠢ ᠬᠤᠷᠠᠮᠳᠤᠭᠤᠯᠬᠤ ᠳᠦᠷᠢᠮ᠂ ᠨᠠᠷᠢᠨ ᠲᠠᠩᠰᠠ ᠶᠢᠨ ᠳᠦᠷᠢᠮ ᠵᠡᠷᠭᠡ ᠪᠣᠳᠠᠲᠠᠢ ᠶᠢ ᠡᠷᠬᠢᠮᠯᠡᠭᠰᠡᠨ ᠲᠤᠰᠠᠲᠠᠢ ᠬᠥᠳᠡᠭᠡ ᠲᠣᠰᠬᠤᠨ ᠤ ᠵᠠᠰᠠᠯᠲᠠ ᠶᠢᠨ ᠠᠷᠭ᠎ᠠ ᠭᠡᠯᠪᠡᠷᠢ ᠶᠢ ᠳᠡᠯᠭᠡᠷᠡᠭᠦᠯᠵᠦ᠂ ᠬᠥᠳᠡᠭᠡ ᠲᠣᠰᠬᠤᠨ ᠤ ᠬᠡᠪ ᠵᠠᠩᠰᠢᠯ ᠢ ᠥᠭᠡᠷᠡᠴᠢᠯᠡᠬᠦ ᠶᠢ ᠦᠷᠭᠦᠯᠵᠢᠯᠡᠨ ᠠᠬᠢᠭᠤᠯᠪᠠ᠃ ᠣᠯᠠᠨ ᠰᠠᠯᠠᠭ᠎ᠠ ᠮᠥᠴᠢᠷ ᠬᠠᠮᠲᠤᠷᠠᠨ ᠪᠦᠭᠦ ᠤᠯᠤᠰ ᠤᠨ ᠬᠥᠳᠡᠭᠡ ᠲᠣᠰᠬᠤᠨ ᠤ ᠵᠠᠰᠠᠯᠲᠠ ᠶᠢᠨ ᠵᠢᠱᠢᠶ᠎ᠡ ᠦᠵᠡᠭᠦᠯᠭᠦ 293 ᠰᠢᠶᠠᠩ ᠪᠠᠯᠭᠠᠰᠤ ᠪᠠ ᠪᠦᠭᠦ ᠤᠯᠤᠰ ᠤᠨ ᠬᠥᠳᠡᠭᠡ ᠲᠣᠰᠬᠤᠨ ᠤ ᠵᠠᠰᠠᠯᠲᠠ ᠶᠢᠨ ᠵᠢᠱᠢᠶ᠎ᠡ ᠦᠵᠡᠭᠦᠯᠭᠦ 2968 ᠭᠠᠴᠠᠭ᠎ᠠ ᠲᠣᠰᠬᠤᠨ ᠢ ᠡᠭᠦᠳᠦᠨ ᠪᠠᠶᠢᠭᠤᠯᠪᠠ᠃ ᠠᠯᠢ ᠣᠯᠠᠨ ᠠᠷᠭ᠎ᠠ ᠬᠡᠮᠵᠢᠶ᠎ᠡ ᠨᠢ ᠲᠠᠷᠢᠶᠠᠴᠢᠨ ᠲᠦᠮᠡᠨ ᠤ ᠠᠮᠢᠳᠤᠷᠠᠯ ᠢ ᠨᠠᠩ ᠲᠠᠭᠠᠯᠠᠮᠵᠢᠲᠠᠢ᠂ ᠤᠷᠤᠭᠰᠢᠲᠠᠢ ᠪᠣᠯᠭᠠᠪᠠ᠃              ᠤᠯᠤᠰ ᠢᠶᠠᠨ ᠬᠦᠴᠦᠷᠬᠡᠭᠵᠢᠭᠦᠯᠬᠦ ᠳᠤ ᠡᠷᠬᠡᠪᠰᠢ ᠤᠷᠢᠳ ᠢᠶᠠᠷ ᠬᠥᠳᠡᠭᠡ ᠠᠵᠤ ᠠᠬᠤᠢ ᠶᠢ ᠬᠦᠴᠦᠷᠬᠡᠭᠵᠢᠭᠦᠯᠵᠦ᠂ ᠬᠥᠳᠡᠭᠡ ᠠᠵᠤ ᠠᠬᠤᠢ ᠬᠦᠴᠦᠷᠬᠡᠭᠵᠢᠪᠡᠯ ᠰᠠᠶ᠋ᠢ ᠤᠯᠤᠰ ᠬᠦᠴᠦᠷᠬᠡᠭᠵᠢᠵᠦ ᠴᠢᠳᠠᠨ᠎ᠠ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠴᠠ ᠬᠥᠳᠡᠭᠡ ᠠᠵᠤ ᠠᠬᠤᠢ ᠬᠥᠳᠡᠭᠡ ᠲᠣᠰᠬᠤᠨ ᠤ ᠥᠭᠡᠷᠡᠴᠢᠯᠡᠯᠲᠡ ᠬᠥᠭᠵᠢᠯᠲᠡ ᠶᠢᠨ ᠴᠢᠬᠤᠯᠠ ᠶᠡᠭᠡ ᠡᠭᠦᠷᠭᠡ ᠶᠢᠨ ᠲᠤᠬᠠᠢ ᠰᠢᠰᠲ᠋ᠧᠮ ᠲᠠᠢ ᠪᠠᠶᠢᠷᠢᠯᠠᠭᠤᠯᠤᠯᠲᠠ ᠬᠢᠪᠡ᠃ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ  ᠬᠢᠨ ᠬᠥᠳᠡᠭᠡ ᠠᠵᠤ ᠠᠬᠤᠢ ᠪᠠᠷ ᠤᠯᠤᠰ ᠢᠶᠠᠨ ᠬᠦᠴᠦᠷᠬᠡᠭᠵᠢᠭᠦᠯᠬᠦ ᠬᠠᠷᠠᠯᠲᠠ ᠶᠢ ᠵᠥᠪ ᠲᠣᠭᠲᠠᠭᠠᠵᠤ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠰᠢᠨ᠎ᠡ ᠠᠶᠠᠨ ᠳᠠᠭᠠᠨ ᠨᠡᠩ ᠢᠷᠠᠭᠤ ᠭᠠᠶᠢᠬᠠᠮᠰᠢᠭᠲᠤ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠡᠭᠡᠨ᠎ᠡ᠃                            
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号