| - ᠶᠡᠷᠦᠩᠬᠡᠢ ᠱᠦᠵᠢ ᠰᠢ ᠶᠢᠨ ᠫᠢᠩ ᠤᠨ ᠳᠥᠷᠪᠡᠳᠦᠭᠡᠷ ᠤᠳᠠᠭ᠎ᠠ ᠶᠢᠨ ︽ᠨᠢᠭᠡ ᠪᠦᠰᠡ ᠨᠢᠭᠡ ᠵᠠᠮ︾ | ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠰᠤᠷᠤᠯᠴᠠᠨ | ᠲᠤᠭᠤᠰᠢᠯᠠᠭᠤᠯᠬᠤ ᠲᠤᠬᠠᠢ ᠥᠭᠦᠯᠡᠬᠦ ᠨᠢ | ᠠᠷᠠᠳ ᠤᠨ ᠡᠳᠦᠷ ᠤᠨ ᠰᠣᠨᠢᠨ ᠤ ᠰᠢᠭᠦᠮᠵᠢᠯᠡᠭᠴᠢ | | ︽ᠣᠳᠣᠬᠠᠨ ᠤ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠣᠯᠠᠨ ᠤᠯᠤᠰ ᠤᠨ ᠣᠷᠴᠢᠨ ᠨᠥᠬᠦᠴᠡᠯ | ᠳᠣᠣᠷ᠎ᠠ᠂ ︿ᠨᠢᠭᠡ ᠪᠦᠰᠡ ᠨᠢᠭᠡ ᠵᠠᠮ﹀ ᠢ ᠬᠠᠮᠲᠤ ᠪᠠᠷ ᠪᠦᠲᠦᠭᠡᠨ ᠪᠠᠶᠢᠭᠤᠯᠬᠤ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠠᠵᠠ ᠲᠣᠭᠢᠶᠠᠯ ᠪᠠ ᠥᠷᠢᠰᠦᠯᠳᠦᠭᠡᠨ ᠵᠡᠷᠭᠡ ᠪᠠᠷ ᠣᠷᠣᠰᠢᠵᠤ ᠪᠠᠶᠢᠬᠤ ᠪᠤᠯᠪᠠᠴᠤ ᠶᠡᠷᠦᠩᠬᠡᠢ ᠳᠡᠭᠡᠨ | ᠠᠵᠠ ᠲᠣᠭᠢᠶᠠᠯ ᠨᠢ ᠥᠷᠢᠰᠦᠯᠳᠦᠭᠡᠨ ᠠᠴᠠ ᠶᠡᠭᠡ ᠪᠠᠶᠢᠨ᠎ᠠ︾᠃ | ᠶᠡᠷᠦᠩᠬᠡᠢ ᠱᠦᠵᠢ ᠰᠢ ᠶᠢᠨ ᠫᠢᠩ ᠳᠥᠷᠪᠡᠳᠦᠭᠡᠷ ᠤᠳᠠᠭ᠎ᠠ ᠶᠢᠨ ︽ᠨᠢᠭᠡ ᠪᠦᠰᠡ ᠨᠢᠭᠡ ᠵᠠᠮ︾ ᠤᠨ | ᠪᠦᠲᠦᠭᠡᠨ ᠪᠠᠶᠢᠭᠤᠯᠤᠯᠲᠠ ᠶᠢᠨ ᠠᠵᠢᠯ ᠤᠨ ᠶᠠᠷᠢᠯᠴᠠᠬᠤ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠣᠯᠠᠨ | ᠤᠯᠤᠰ ᠤᠨ ᠪᠠᠶᠢᠷᠢᠰᠢᠯ ᠤᠨ ᠬᠤᠪᠢᠰᠤᠯᠲᠠ ᠪᠠ ᠪᠦᠭᠦ ᠪᠥᠮᠪᠥᠷᠴᠡᠭ ᠤᠨ ᠬᠥᠭᠵᠢᠯᠲᠡ ᠶᠢᠨ ᠶᠡᠷᠦᠩᠬᠡᠢ ᠬᠠᠨᠳᠤᠰᠢ ᠶᠢ | ᠭᠦᠨᠵᠡᠭᠡᠢ ᠨᠡᠪᠲᠡ ᠠᠵᠢᠭᠯᠠᠨ᠂ ᠣᠳᠣᠬᠠᠨ ᠳᠤ ᠲᠤᠯᠭᠠᠷᠠᠵᠤ ᠪᠠᠶᠢᠭ᠎ᠠ ᠠᠵᠠ ᠲᠣᠭᠢᠶᠠᠯ ᠪᠠ ᠥᠷᠢᠰᠦᠯᠳᠦᠭᠡᠨ ᠢ | ᠣᠨᠣᠪᠴᠢᠲᠠᠶ ᠡᠵᠡᠮᠳᠡᠵᠦ᠂ ᠰᠠᠶᠢᠲᠤᠷ ᠰᠢᠢᠳᠪᠦᠷᠢᠯᠡᠬᠦ ᠴᠢᠬᠤᠯᠠᠲᠠᠢ ᠴᠢᠬᠤᠯᠠ ᠶᠡᠭᠡ ᠠᠰᠠᠭᠤᠳᠠᠯ ᠤᠨ ᠲᠤᠬᠠᠢ | ᠭᠦᠨᠵᠡᠭᠡᠢ ᠲᠣᠳᠣᠷᠬᠠᠶᠢᠯᠠᠨ ᠥᠭᠦᠯᠡᠵᠦ᠂ ᠪᠢᠳᠡᠨ ᠤ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠦᠯᠳᠦᠭᠡᠨ ᠢ | ᠢᠯᠡᠨ ᠳᠠᠪᠠᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠶᠢ ᠠᠬᠢᠭᠤᠯᠬᠤ ᠳᠤ | ᠴᠢᠬᠤᠯᠠ ᠦᠵᠡᠯ ᠰᠠᠨᠠᠭᠠᠨ ᠤ ᠵᠢᠯᠣᠭᠤᠳᠤᠯᠭ᠎ᠠ ᠪᠠ ᠪᠠᠶᠢᠯᠳᠤᠬᠤ ᠪᠣᠳᠣᠯᠭ᠎ᠠ ᠶᠢᠨ ᠵᠢᠯᠣᠭᠤᠳᠤᠮᠵᠢ ᠬᠠᠩᠭᠠᠪᠠ᠃ | ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠨᠢ ᠠᠵᠤ ᠠᠬᠤᠢ ᠶᠢᠨ | ᠳᠡᠯᠡᠬᠡᠶᠢᠵᠢᠯᠲᠡ ᠶᠢᠨ ᠲᠡᠦᠬᠡ ᠶᠢᠨ ᠤᠷᠤᠰᠬᠠᠯ ᠳᠤ ᠵᠣᠬᠢᠴᠠᠵᠤ᠂ ᠡᠯ᠎ᠡ ᠤᠯᠤᠰ ᠢᠯᠠᠩᠭᠤᠶ᠎ᠠ ᠥᠷᠭᠡᠨ ᠤᠯᠠᠨ | ᠬᠥᠭᠵᠢᠵᠦ ᠪᠠᠶᠢᠭ᠎ᠠ ᠤᠯᠤᠰ ᠤᠨ ᠡᠩᠬᠡ ᠲᠠᠶᠢᠪᠤᠩ ᠢ ᠠᠬᠢᠭᠤᠯᠬᠤ᠂ ᠬᠥᠭᠵᠢᠯᠲᠡ ᠶᠢ ᠡᠷᠢᠯᠬᠢᠯᠡᠬᠦ ᠬᠦᠰᠡᠯ | ᠡᠷᠡᠮᠡᠯᠵᠡᠯ ᠳᠤ ᠵᠣᠬᠢᠴᠠᠵᠤ᠂ ᠬᠥᠮᠥᠨ ᠲᠥᠷᠥᠯᠬᠢᠲᠡᠨ ᠤ ᠬᠠᠮᠲᠤ ᠶᠢᠨ ᠬᠥᠭᠵᠢᠯᠲᠡ ᠶᠢᠨ ᠬᠠᠮᠤᠭ ᠶᠡᠭᠡ ᠶᠡᠷᠦᠩᠬᠡᠢ | ᠬᠤᠷᠢᠶᠠᠭᠴᠢ ᠲᠤᠭ᠎ᠠ ᠶᠢ ᠲᠥᠪᠯᠡᠷᠡᠭᠦᠯᠦᠨ᠂ ᠬᠥᠮᠥᠨ ᠤ ᠶᠢᠷᠲᠢᠨᠴᠦ ᠶᠢᠨ ᠵᠥᠪ ᠵᠠᠮ ᠢᠶᠠᠷ ᠵᠠᠮᠨᠠᠵᠤ᠂ ᠨᠢᠭᠡᠨᠲᠡ | ᠥᠷᠭᠡᠨ ᠬᠦᠷᠢᠶᠡᠯᠡᠯ ᠣᠯᠣᠭᠰᠠᠨ ᠪᠦᠭᠦ ᠪᠥᠮᠪᠥᠷᠴᠡᠭ ᠤᠨ ᠤᠯᠠᠨ ᠨᠡᠶᠢᠲᠡ ᠶᠢᠨ ᠦᠢᠯᠡᠳᠬᠦᠨ ᠪᠠ ᠤᠯᠠᠨ | ᠤᠯᠤᠰ ᠤᠨ ᠬᠠᠮᠲᠤᠷᠠᠯᠴᠠᠭᠠᠨ ᠤ ᠲᠠᠪᠴᠠᠩ ᠪᠣᠯᠵᠠᠢ᠃ ᠤᠷᠤᠭᠰᠢᠯᠠᠯᠲᠠ ᠶᠢᠨ ᠵᠠᠮ ᠳᠡᠭᠡᠷ᠎ᠡ᠂ ᠤᠷᠤᠭᠰᠢᠲᠠᠢ | ᠣᠷᠴᠢᠨ ᠪᠠᠶᠢᠬᠤ ᠪᠥᠭᠡᠳ ᠪᠠᠰᠠ ᠰᠥᠷᠭᠡᠦ ᠤᠷᠤᠰᠬᠠᠯ ᠪᠠᠶᠢᠨ᠎ᠠ᠃ ᠭᠠᠭᠴᠠ ᠬᠦ ᠪᠠᠶᠢᠯᠳᠤᠬᠤ ᠪᠣᠳᠣᠯᠭ᠎ᠠ ᠶᠢᠨ | ᠲᠣᠭᠲᠠᠯ ᠬᠦᠴᠦᠨ ᠢᠶᠠᠨ ᠪᠠᠲᠤᠯᠠᠵᠤ᠂ ᠬᠠᠷᠠᠯᠲᠠ ᠪᠠᠷ ᠤᠳᠤᠷᠢᠳᠤᠮᠵᠢ ᠪᠤᠯᠭᠠᠬᠤ᠂ ᠠᠵᠢᠯᠯᠠᠭ᠎ᠠ ᠪᠠᠷ ᠤᠳᠤᠷᠢᠳᠤᠮᠵᠢ | ᠪᠤᠯᠭᠠᠬᠤ ᠶᠢ ᠪᠠᠷᠢᠮᠲᠠᠯᠠᠨ᠂ ᠰᠢᠨᠲᠠᠷᠠᠰᠢ ᠦᠭᠡᠢ ᠴᠢᠷᠮᠠᠶᠢᠵᠤ᠂ ᠵᠢᠷᠤᠭ ᠲᠥᠰᠥᠪ ᠢ ᠡᠴᠦᠰ ᠲᠤᠨᠢ ᠲᠤᠯᠲᠠᠯ᠎ᠠ | ᠵᠢᠷᠤᠭᠯᠠᠵᠤ᠂ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠦᠯᠳᠦᠭᠡᠨ ᠢ ᠵᠣᠷᠢᠭᠲᠠᠢ ᠢᠯᠠᠨ ᠳᠠᠪᠠᠪᠠᠯ ᠰᠠᠶ᠋ᠢ ︽ᠨᠢᠭᠡ | ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠨᠡᠩ ᠭᠡᠭᠡᠨ ᠰᠠᠷᠠᠭᠤᠯ ᠢᠷᠡᠭᠡᠳᠦᠢ ᠶᠢ ᠨᠡᠭᠡᠭᠡᠵᠦ | ᠴᠢᠳᠠᠨ᠎ᠠ᠃ | ᠶᠡᠷᠦᠩᠬᠡᠢ ᠱᠦᠵᠢ ᠰᠢ ᠶᠢᠨ ᠫᠢᠩ᠂ ︽︿ᠨᠢᠭᠡ ᠪᠦᠰᠡ ᠨᠢᠭᠡ ᠵᠠᠮ﹀ ᠢ ᠬᠠᠮᠲᠤ ᠪᠠᠷ ᠪᠦᠲᠦᠭᠡᠨ | ᠪᠠᠶᠢᠭᠤᠯᠬᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠡᠷᠬᠡᠪᠰᠢ ᠡᠯ᠎ᠡ ᠵᠦᠢᠯ ᠤᠨ ᠠᠶᠤᠯ ᠲᠦᠭᠰᠢᠭᠦᠷᠢ | ᠥᠷᠢᠰᠦᠯᠳᠦᠭᠡᠨ ᠢ ᠵᠣᠬᠢᠰᠲᠠᠢ ᠠᠷᠭᠠᠴᠠᠭᠠᠵᠤ᠂ ᠭᠠᠵᠠᠷ ᠣᠷᠣᠨ ᠤ ᠮᠥᠷᠭᠦᠯᠳᠦᠭᠡᠨ ᠤ ᠨᠥᠯᠥᠭᠡ ᠶᠢ ᠪᠦᠲᠦᠮᠵᠢᠲᠡᠢ | ᠢᠯᠠᠨ ᠳᠠᠪᠠᠭ᠋ᠤ ᠬᠡᠷᠡᠭᠲᠡᠢ︾ ᠭᠡᠵᠦ ᠴᠢᠬᠤᠯᠠᠴᠢᠯᠠᠪᠠ᠃ | ᠣᠳᠣᠬᠠᠨ ᠳᠤ᠂ ᠳᠡᠯᠡᠬᠡᠢ ᠳ᠋ᠠᠬᠢᠨ ᠰᠢᠨ᠎ᠡ ᠣᠷᠤᠭ᠎ᠠ ᠪᠤᠰᠬᠠᠭ᠎ᠠ ᠬᠤᠪᠢᠰᠤᠯᠲᠠ ᠶᠢᠨ | ᠬᠤᠭᠤᠴᠠᠭᠠᠨ ᠳᠤ ᠣᠷᠣᠵᠤ᠂ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ ᠢᠯᠡᠳᠲᠡ ᠳᠡᠭᠡᠭᠰᠢᠯᠡᠨ᠂ ᠬᠡᠰᠡᠭ | ᠲᠠᠯ᠎ᠠ ᠶᠢᠨ ᠮᠥᠷᠭᠦᠯᠳᠦᠭᠡᠨ ᠪᠠ ᠣᠷᠤᠭ᠎ᠠ ᠪᠤᠰᠬᠠᠭ᠎ᠠ ᠪᠠᠶᠢᠳᠠᠯ ᠪᠠᠶᠢᠨ ᠲᠠᠭᠢᠨ ᠡᠭᠦᠰᠴᠦ᠂ ᠡ᠊ᠩᠭᠡ ᠲᠠᠶᠢᠪᠤᠩ ᠤᠨ | ᠤᠯᠠᠭᠠᠨ ᠲᠤᠭ᠎ᠠ᠂ ᠬᠥᠭᠵᠢᠯᠲᠡ ᠶᠢᠨ ᠤᠯᠠᠭᠠᠨ ᠲᠤᠭ᠎ᠠ᠂ ᠠᠮᠤᠷ ᠲᠦᠪᠰᠢᠨ ᠤ ᠤᠯᠠᠭᠠᠨ ᠲᠤᠭ᠎ᠠ᠂ ᠵᠠᠰᠠᠯᠲᠠ ᠶᠢᠨ | ᠤᠯᠠᠭᠠᠨ ᠲᠤᠭ᠎ᠠ ᠨᠡᠮᠡᠭᠳᠡᠭᠰᠡᠨ ᠠᠴᠠ ᠪᠢᠰᠢ ᠬᠠᠰᠤᠭᠳᠠᠭᠰᠠᠨ ᠦᠭᠡᠢ ᠪᠠᠶᠢᠵᠤ᠂ ᠲᠣᠭᠲᠠᠪᠤᠷᠢ ᠦᠭᠡᠢ᠂ ᠲᠣᠭᠲᠠᠭᠤᠨ | ᠪᠤᠰᠤ᠂ ᠲᠥᠰᠥᠭᠡᠯᠡᠬᠦᠶ᠎ᠡ ᠪᠡᠷᠬᠡ ᠡᠯᠧᠮᠧᠨ᠋ᠲ ᠨᠡᠮᠡᠭᠳᠡᠵᠦ ᠪᠠᠶᠢᠨ᠎ᠠ᠃ ᠡᠳᠦᠷ ᠢᠷᠡᠬᠦᠶ᠎ᠡ ᠪᠤᠳᠤᠯᠢᠶᠠᠨᠲᠠᠢ ᠪᠣᠯᠵᠤ | ᠪᠠᠶᠢᠭ᠎ᠠ ᠳᠡᠯᠡᠬᠡᠢ ᠶᠢᠨ ᠪᠠᠶᠢᠳᠠᠯ ᠳᠣᠣᠷ᠎ᠠ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ | ᠪᠠᠶᠢᠭᠤᠯᠬᠤ ᠶᠢ ᠠᠬᠢᠭᠤᠯᠬᠤ ᠶᠢᠨ ᠵᠠᠩᠭᠢᠯᠠᠭ᠎ᠠ ᠨᠢ ᠴᠢᠨᠠᠷ ᠰᠠᠶᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ | ᠠᠮᠤᠷ ᠲᠦᠪᠰᠢᠨ ᠢ ᠤᠶᠠᠯᠳᠤᠭᠤᠯᠬᠤ ᠶᠢ ᠪᠠᠷᠢᠮᠲᠠᠯᠠᠬᠤ ᠳᠤ ᠪᠤᠶ᠃ ᠠᠰᠢᠭ ᠬᠠᠷᠠᠨ ᠬᠤᠣᠷ ᠠᠴᠠ ᠵᠠᠶᠢᠯᠠᠵᠤ᠂ | ᠠᠶᠤᠯ ᠲᠦᠭᠰᠢᠭᠦᠷᠢ ᠶᠢ ᠠᠵᠠ ᠲᠣᠭᠢᠶᠠᠯ ᠪᠣᠯᠭᠠᠨ ᠬᠤᠪᠢᠷᠠᠭᠤᠯᠬᠤ ᠳᠠᠭᠠᠨ ᠴᠢᠳᠠᠮᠠᠭᠠᠢ ᠪᠠᠶᠢᠵᠤ᠂ ᠪᠡᠯᠡᠳᠬᠡᠯ | ᠠᠵᠢᠯ ᠢᠶᠠᠨ ᠤᠷᠢᠳᠴᠢᠯᠠᠨ ᠬᠢᠵᠦ ᠵᠠᠳᠠᠯᠤᠨ ᠰᠤᠳᠤᠯᠵᠤ ᠮᠠᠭᠠᠳᠯᠠᠬᠤ ᠪᠠᠨ ᠴᠢᠩᠭᠠᠳᠬᠠᠵᠤ᠂ ᠪᠠᠶᠢᠯᠳᠤᠬᠤ | ᠪᠣᠳᠣᠯᠭ᠎ᠠ ᠶᠢᠨ ᠴᠢᠳᠠᠪᠤᠷᠢ᠂ ᠲᠥᠯᠥᠪᠵᠢᠭᠦᠯᠦᠨ ᠲᠥᠯᠥᠪᠯᠡᠬᠦ ᠴᠢᠳᠠᠪᠤᠷᠢ᠂ ᠠᠷᠭᠠᠴᠠᠭᠠᠨ ᠰᠢᠢᠳᠪᠦᠷᠢᠯᠡᠬᠦ | ᠴᠢᠳᠠᠪᠤᠷᠢ ᠪᠠᠨ ᠳᠡᠭᠡᠭᠰᠢᠯᠡᠭᠦᠯᠦᠨ᠂ ᠬᠠᠮᠲᠤᠷᠠᠯᠴᠠᠭᠠᠨ ᠤ ᠦᠨᠳᠦᠰᠦᠨ ᠰᠠᠭᠤᠷᠢ ᠶᠢ ᠪᠠᠬᠢᠵᠢᠭᠦᠯᠵᠦ᠂ | ᠬᠠᠮᠲᠤᠷᠠᠯᠴᠠᠭᠠᠨ ᠤ ᠰᠢᠨ᠎ᠡ ᠣᠷᠣᠨ ᠵᠠᠢ ᠶᠢ ᠥᠷᠭᠡᠳᠬᠡᠬᠦ ᠬᠡᠷᠡᠭᠲᠡᠢ᠃ | ᠬᠠᠮᠲᠤ ᠪᠠᠷ ᠪᠦᠲᠦᠭᠡᠨ ᠪᠠᠶᠢᠭᠤᠯᠬᠤ ᠤᠯᠤᠰ ᠤᠳ ᠤᠨ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠬᠦ | ᠪᠠ ᠪᠢᠳᠡᠨ ᠳᠤ ᠠᠰᠢᠭᠲᠠᠢ ᠬᠠᠷᠢᠯᠴᠠᠭ᠎ᠠ ᠶᠢ ᠵᠥᠪ ᠰᠢᠢᠳᠪᠦᠷᠢᠯᠡᠬᠦ ᠪᠣᠯ ︽ᠨᠢᠭᠡ ᠪᠦᠰᠡ ᠨᠢᠭᠡ ᠵᠠᠮ︾ ᠢ | ᠬᠠᠮᠲᠤ ᠪᠠᠷ ᠪᠦᠲᠦᠭᠡᠨ ᠪᠠᠶᠢᠭᠤᠯᠬᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠳᠣᠲᠣᠭᠠᠳᠤ ᠱᠠᠭᠠᠷᠳᠠᠯᠭ᠎ᠠ | ᠮᠥᠨ᠂ ᠪᠠᠰᠠ ᠴᠤ ᠡᠷᠬᠡᠪᠰᠢ ᠢᠮᠠᠭᠲᠠ ᠪᠠᠲᠤ ᠡᠵᠡᠮᠳᠡᠬᠦ ᠴᠢᠬᠤᠯᠠ ᠵᠠᠷᠴᠢᠮ ᠪᠠ ᠤᠷᠤᠭᠰᠢᠯᠠᠬᠤ ᠴᠢᠭᠯᠡᠯ ᠮᠥᠨ᠃ | ᠴᠢᠳᠠᠯ ᠤᠨ ᠬᠢᠷᠢ ᠪᠠᠷ ᠢᠶᠠᠨ ᠴᠢᠷᠮᠠᠶᠢᠵᠤ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ᠂ ᠬᠠᠮᠲᠤᠷᠠᠯᠴᠠᠭᠠᠨ ᠤ | ᠨᠡᠶᠢᠯᠡᠯ ᠴᠡᠭ᠂ ᠠᠰᠢᠭ ᠲᠤᠰᠠ ᠶᠢᠨ ᠠᠭᠤᠯᠵᠠᠷ ᠴᠡᠭ ᠢ ᠣᠨᠣᠪᠴᠢᠲᠠᠢ ᠣᠯᠵᠤ᠂ ᠴᠢᠬᠤᠯᠠ ᠶᠡᠭᠡ ᠪᠡᠯᠭᠡ | ᠲᠡᠮᠳᠡᠭ ᠤᠨ ᠴᠢᠨᠠᠷᠲᠠᠢ ᠢᠨᠵᠧᠨᠧᠷᠢᠩ ᠪᠠ ︽ᠵᠢᠵᠢᠭ ᠠᠳᠠᠯ᠎ᠠ ᠭᠤᠶᠢᠳᠠ︾ ᠠᠷᠠᠳ ᠤᠨ ᠠᠮᠢᠳᠤᠷᠠᠯ ᠤᠨ ᠲᠦᠷᠦᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠠᠮᠲᠤ ᠪᠠᠷ ᠪᠦᠲᠦᠭᠡᠨ | ᠪᠠᠶᠢᠭᠤᠯᠬᠤ ᠤᠯᠤᠰ ᠤᠳ ᠤᠨ ᠠᠵᠤ ᠠᠬᠤᠢ ᠨᠡᠶᠢᠭᠡᠮ ᠤᠨ ᠬᠥᠭᠵᠢᠯᠲᠡ ᠪᠠ ᠠᠷᠠᠳ ᠤᠨ ᠠᠮᠢᠳᠤᠷᠠᠯ ᠤᠨ | ᠰᠠᠶᠢᠵᠢᠷᠠᠯᠲᠠ ᠳᠤ ᠬᠦᠴᠦᠨ ᠨᠡᠮᠡᠷᠢᠯᠡᠨ᠂ ᠬᠠᠮᠲᠤ ᠪᠠᠷ ᠪᠦᠲᠦᠭᠡᠨ ᠪᠠᠶᠢᠭᠤᠯᠬᠤ ᠤᠯᠤᠰ ᠤᠳ ᠤᠨ ᠠᠷᠠᠳ ᠲᠦᠮᠡᠨ ᠤ | ᠣᠷᠣᠯᠴᠠᠬᠰᠠᠨ ᠲᠥᠷᠥᠭᠳᠡᠯ᠂ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ ᠢ ᠳᠠᠰᠤᠷᠠᠯᠳᠠ ᠦᠭᠡᠢ | ᠨᠡᠮᠡᠭᠳᠡᠭᠦᠯᠬᠦ ᠬᠡᠷᠡᠭᠲᠡᠢ᠃ ᠪᠢᠳᠡᠨ ᠳᠤ ᠠᠰᠢᠭᠲᠠᠢ ᠪᠠᠶᠢᠬᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ | ᠭᠦᠷᠳᠡᠭᠦ ᠶᠢ ᠪᠠᠷᠢᠮᠲᠠᠯᠠᠵᠤ᠂ ᠬᠢᠬᠦ ᠵᠣᠬᠢᠰᠲᠠᠢ ᠪᠠᠨ ᠬᠢᠵᠦ ᠬᠢᠬᠦ ᠵᠣᠬᠢᠰ ᠦᠭᠡᠢ ᠪᠠᠨ ᠦᠯᠦ ᠬᠢᠵᠦ᠂ ︽ᠬᠤᠭᠤᠰᠤᠨ | ᠠᠮᠠ ᠬᠤᠳᠠᠯ ᠪᠠᠷᠢᠮᠲᠠ︾ ᠭᠠᠷᠭᠠᠬᠤ ᠦᠭᠡᠢ᠂ ᠶᠡᠭᠡ ᠶᠢ ᠰᠠᠨᠠᠬᠤ ᠦᠭᠡᠢ ᠪᠠᠶᠢᠵᠤ᠂ ᠤᠯᠤᠰ ᠲᠦᠷᠦ ᠶᠢᠨ ᠳᠠᠩᠰᠠ᠂ | ᠪᠠᠶᠢᠯᠳᠤᠬᠤ ᠪᠣᠳᠣᠯᠭ᠎ᠠ ᠶᠢᠨ ᠳᠠᠩᠰᠠ᠂ ᠶᠡᠭᠡ ᠲᠠᠯ᠎ᠠ ᠶᠢᠨ ᠳᠠᠩᠰᠠ᠂ ᠠᠯᠤᠰ ᠭᠡᠳᠤ ᠶᠢᠨ ᠳᠠᠩᠰᠠ᠂ ᠠᠵᠤ | ᠠᠬᠤᠢ ᠶᠢᠨ ᠳᠠᠩᠰᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠪᠤᠳᠤᠵᠤ᠂ ᠮᠠᠨ ᠤ ᠤᠯᠤᠰ ᠤᠨ ᠪᠠᠶᠢᠯᠳᠤᠬᠤ | ᠪᠣᠳᠣᠯᠭ᠎ᠠ ᠶᠢᠨ ᠠᠰᠢᠭ ᠲᠤᠰᠠ ᠶᠢ ᠪᠦᠲᠦᠮᠵᠢᠲᠡᠢ ᠬᠠᠮᠠᠭᠠᠯᠠᠬᠤ ᠬᠡᠷᠡᠭᠲᠡᠢ᠃ | ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠶᠢ ᠭᠦᠨᠵᠡᠭᠡᠢ | ᠠᠬᠢᠭᠤᠯᠬᠤ ᠶᠢ ᠳᠠᠭᠠᠯᠳᠤᠨ᠂ ᠮᠠᠨ ᠤ ᠤᠯᠤᠰ ᠤᠨ ᠭᠠᠳᠠᠭᠠᠳᠤ ᠳᠠᠬᠢ ᠡᠳ᠋ ᠬᠥᠷᠥᠩᠭᠡ ᠶᠠᠪᠤᠬᠤ ᠲᠤᠲᠤᠮ ᠨᠡᠮᠡᠭᠳᠡᠵᠦ | ᠪᠠᠶᠢᠨ᠎ᠠ᠃ ᠮᠠᠨ ᠤ ᠤᠯᠤᠰ ᠤᠨ ᠭᠠᠳᠠᠭᠠᠳᠤ ᠳᠠᠬᠢ ᠠᠰᠢᠭ ᠲᠤᠰᠠ ᠶᠢᠨ ᠠᠮᠤᠷ ᠲᠦᠪᠰᠢᠨ ᠢ ᠬᠡᠷᠬᠢᠨ ᠨᠡᠩ | ᠰᠠᠶᠢᠲᠤᠷ ᠪᠠᠲᠤᠯᠠᠬᠤ ᠪᠣᠯ ᠮᠠᠨ ᠤ ᠡᠮᠦᠨ᠎ᠡ ᠲᠠᠯᠪᠢᠭᠳᠠᠵᠤ ᠪᠠᠶᠢᠭ᠎ᠠ ᠴᠢᠬᠤᠯᠠ ᠶᠡᠭᠡ ᠰᠡᠳᠦᠪ ᠮᠥᠨ᠃ ᠨᠠᠮ ᠤᠨ | ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ︽ᠲᠣᠭᠲᠠᠭᠠᠯ︾ ᠨᠢ | ᠭᠠᠳᠠᠭᠠᠳᠤ ᠳᠤ ᠬᠤᠯᠪᠣᠭᠳᠠᠬᠤ ᠤᠯᠤᠰ ᠤᠨ ᠠᠮᠤᠷ ᠲᠦᠪᠰᠢᠨ ᠤ ᠲᠣᠭᠲᠠᠴᠠ ᠶᠢ ᠲᠡᠭᠦᠯᠳᠡᠷᠵᠢᠭᠦᠯᠬᠦ ᠶᠢᠨ | ᠲᠣᠭᠤᠷᠢᠨ ᠳᠤ ᠪᠠᠶᠢᠷᠢᠯᠠᠭᠤᠯᠤᠯᠲᠠ ᠬᠢᠵᠦ᠂ ︽ᠡᠷᠭᠢᠨ ᠲᠣᠭᠤᠷᠢᠨ ᠤ ᠠᠮᠤᠷ ᠲᠦᠪᠰᠢᠨ ᠤ ᠠᠵᠢᠯ ᠤᠨ | ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ︾᠂ ︽ᠭᠠᠳᠠᠭᠠᠳᠤ ᠳᠠᠬᠢ ᠠᠰᠢᠭ ᠲᠤᠰᠠ ᠪᠣᠯᠣᠨ | ᠪᠡᠯᠡ ᠣᠷᠣᠭᠤᠯᠤᠯᠲᠠ ᠶᠢᠨ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠭᠦ᠂ ᠰᠡᠷᠭᠡᠶᠢᠯᠡᠨ ᠡᠵᠡᠮᠳᠡᠬᠦ᠂ | ᠬᠠᠮᠠᠭᠠᠯᠠᠬᠤ ᠪᠠᠶᠢᠭᠤᠯᠤᠯ ᠲᠣᠭᠲᠠᠴᠠ ᠶᠢ ᠴᠢᠩᠭᠠᠳᠬᠠᠬᠤ᠂ ᠠᠮᠤᠷ ᠲᠦᠪᠰᠢᠨ ᠤ ᠬᠦᠷᠢᠶᠡᠨ ᠳᠠᠬᠢ ᠤᠯᠠᠨ | ᠤᠯᠤᠰ ᠤᠨ ᠬᠠᠤᠯᠢ ᠬᠡᠷᠡᠭᠵᠢᠭᠦᠯᠬᠦ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ︾ ᠵᠡᠷᠭᠡ ᠠᠯᠢ ᠤᠯᠠᠨ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠳᠤᠷᠠᠳᠴᠠᠢ᠃ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠤᠢ | ᠪᠤᠯᠭᠠᠵᠤ᠂ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠨ᠂ ᠡᠯ᠎ᠡ ᠲᠦᠷᠦᠯ ᠤᠨ ᠲᠣᠭᠲᠠᠴᠠ ᠪᠠ | ᠪᠡᠯᠡᠳᠬᠡᠯ ᠲᠥᠰᠥᠯ ᠢ ᠱᠠᠯᠠᠪᠳᠠᠨ ᠲᠡᠭᠦᠯᠳᠡᠷᠵᠢᠭᠦᠯᠵᠦ᠂ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ᠂ ᠬᠢᠨᠠᠨ | ᠬᠡᠮᠵᠢᠬᠦ᠂ ᠦᠨᠡᠯᠡᠨ ᠵᠢᠱᠢᠬᠦ᠂ ᠤᠷᠢᠳᠴᠢᠯᠠᠨ ᠰᠡᠷᠡᠮᠵᠢᠯᠡᠭᠦᠯᠭᠦ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠮᠠᠨ ᠤ | ᠤᠯᠤᠰ ᠤᠨ ᠠᠷᠠᠳ ᠢᠷᠭᠡᠨ᠂ ᠬᠠᠤᠯᠢ ᠶᠢᠨ ᠡᠷᠬᠡᠲᠡᠨ ᠤ ᠭᠠᠳᠠᠭᠠᠳᠤ ᠳᠠᠬᠢ ᠬᠠᠤᠯᠢ ᠶᠣᠰᠣᠨ ᠤ ᠡᠷᠬᠡ ᠠᠰᠢᠭ ᠢ | ᠪᠦᠲᠦᠮᠵᠢᠲᠡᠢ ᠬᠠᠮᠠᠭᠠᠯᠠᠨ᠂ ᠮᠠᠨ ᠤ ᠤᠯᠤᠰ ᠤᠨ ᠭᠠᠳᠠᠭᠠᠳᠤ ᠳᠠᠬᠢ ᠠᠰᠢᠭ ᠲᠤᠰᠠ ᠶᠢᠨ ᠠᠮᠤᠷ ᠲᠦᠪᠰᠢᠨ ᠢ | ᠦᠨᠡᠨ ᠬᠦ ᠪᠠᠲᠤᠯᠠᠬᠤ ᠬᠡᠷᠡᠭᠲᠡᠢ᠃ | ᠠᠵᠠ ᠲᠣᠭᠢᠶᠠᠯ ᠢ ᠡᠵᠡᠮᠳᠡᠵᠦ᠂ ᠡᠷᠡᠯᠬᠡᠭᠯᠡᠨ ᠤᠷᠤᠭᠰᠢᠯᠠᠬᠤ ᠭᠡᠷᠡᠭᠲᠡᠢ; ᠥᠷᠢᠰᠦᠯᠳᠦᠭᠡᠨ ᠢ | ᠢᠯᠠᠨ ᠳᠠᠪᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠶᠢ ᠤᠷᠢᠶᠠᠯᠠᠶ᠎ᠠ᠃ ᠤᠳᠤ᠂ ︽ᠨᠢᠭᠡ ᠪᠦᠰᠡ ᠨᠢᠭᠡ | ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠠᠵᠢᠯ ᠨᠢᠭᠡᠨᠲᠡ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ | ᠱᠠᠲᠤᠨ ᠳᠤ ᠣᠷᠣᠪᠠ᠂ ᠡᠨᠡ ᠪᠣᠯ ᠰᠢᠨ᠎ᠡ ᠠᠶᠠᠨ ᠳᠠᠬᠢ ᠳᠤᠮᠳᠠᠳᠤ ᠤᠯᠤᠰ ᠤᠨ ᠬᠥᠮᠥᠨ ᠲᠥᠷᠥᠯᠬᠢᠲᠡᠨ ᠤ ᠡ᠊ᠩᠭᠡ | ᠲᠠᠶᠢᠪᠤᠩ ᠪᠣᠯᠣᠨ ᠬᠥᠭᠵᠢᠯᠲᠡ ᠶᠢᠨ ᠦᠢᠯᠡᠰ ᠲᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠭᠦ ᠰᠢᠨ᠎ᠡ ᠭᠠᠷᠤᠭ᠎ᠠ | ᠪᠣᠯᠣᠨ᠎ᠠ᠃ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠪᠠᠶᠢᠯᠳᠤᠬᠤ ᠪᠣᠳᠣᠯᠭ᠎ᠠ ᠶᠢᠨ ᠠᠵᠠ | ᠲᠣᠭᠢᠶᠠᠯ ᠢ ᠠᠮᠵᠢᠵᠤ᠂ ᠪᠤᠤᠬᠢᠶ᠎ᠠ ᠳᠠᠮᠵᠢᠭᠤᠯᠤᠨ ᠠᠵᠢᠯᠯᠠᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ | ᠠᠳᠬᠤᠪᠠᠯ᠂ ᠯᠠᠪᠲᠠᠢ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠨᠡᠩ ᠴᠢᠨᠠᠷ ᠰᠠᠶᠢᠲᠠᠢ | ᠂ ᠨᠡᠩ ᠥᠨᠳᠥᠷ ᠲᠦᠪᠰᠢᠨ ᠪᠦᠬᠦᠢ ᠰᠢᠨ᠎ᠡ ᠬᠥᠭᠵᠢᠯᠲᠡ ᠶᠢ ᠪᠡᠶᠡᠯᠡᠭᠦᠯᠵᠦ᠂ ᠨᠡᠭᠡᠭᠡᠯᠲᠡᠲᠡᠢ ᠪᠠᠭᠲᠠᠭᠠᠮᠵᠢᠲᠠᠢ᠂ | ᠬᠤᠯᠪᠣᠯᠳᠤᠨ ᠨᠡᠪᠲᠡᠷᠡᠯᠴᠡᠭᠰᠡᠨ᠂ ᠬᠠᠮᠲᠤ ᠪᠠᠷ ᠬᠥᠭᠵᠢᠭᠰᠡᠨ ᠳᠡᠯᠡᠬᠡᠢ ᠶᠢᠷᠲᠢᠨᠴᠦ ᠶᠢ ᠪᠠᠶᠢᠭᠤᠯᠬᠤ ᠶᠢ ᠠᠬᠢᠭᠤᠯᠵᠤ | ᠴᠢᠳᠠᠨ᠎ᠠ᠃ | ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 4 ᠤ ᠴᠠᠭᠢᠯᠭᠠᠨ ᠮᠡᠳᠡᠭᠡ |