| | ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠵᠠᠢ | ᠶᠢᠩ ᠵᠢᠶᠦ᠋ᠨ᠄ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ | ᠬᠡᠷᠡᠭᠴᠡᠭᠡ ᠶᠢ ᠬᠠᠩᠭᠠᠨ᠎ᠠ | ᠥᠪᠥᠷ ᠮᠣᠩᠭᠤᠯ ᠤᠨ ᠡᠳᠦᠷ ᠤᠨ ᠰᠣᠨᠢᠨ ᠤ ᠰᠤᠷᠪᠤᠯᠵᠢᠯᠠᠬᠴᠢ ᠮᠧᠶ ᠭᠠᠩ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠴᠠ | ᠬᠢᠨᠠᠨ ᠵᠥᠪᠯᠡᠵᠦ ᠪᠠᠲᠤᠯᠠᠭᠰᠠᠨ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ | ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠳᠤ᠂ ᠬᠥᠭᠵᠢᠭᠦᠯᠬᠦ ᠳᠤᠮᠳᠠ ᠠᠷᠠᠳ ᠤᠨ ᠠᠮᠢᠳᠤᠷᠠᠯ ᠢ | ᠪᠠᠲᠤᠯᠠᠨ ᠰᠠᠶᠢᠵᠢᠷᠠᠭᠤᠯᠬᠤ ᠶᠠᠪᠤᠳᠠᠯ ᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠴᠢᠬᠤᠯᠠ ᠶᠡᠭᠡ | ᠡᠭᠦᠷᠭᠡ ᠪᠤᠯᠭᠠᠵᠤ᠂ ᠠᠵᠢᠯ ᠣᠯᠭᠤᠵᠤ ᠦᠢᠯᠡᠰ ᠪᠣᠰᠬᠠᠬᠤ᠂ ᠨᠡᠶᠢᠭᠡᠮ ᠤᠨ ᠪᠠᠲᠤᠯᠠᠭ᠎ᠠ ᠵᠡᠷᠭᠡ ᠲᠠᠯ᠎ᠠ ᠶᠢᠨ | ᠲᠣᠭᠤᠷᠢᠨ ᠳᠤ ᠠᠯᠢ ᠤᠯᠠᠨ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠠᠶᠢᠷᠢᠯᠠᠭᠤᠯᠵᠤ᠂ ᠠᠷᠠᠳ | ᠲᠦᠮᠡᠨ ᠢᠶᠠᠷ ᠭᠤᠣᠯ ᠪᠣᠯᠭᠠᠨ ᠥᠭᠡᠷᠡᠴᠢᠯᠡᠯᠲᠡ ᠶᠢ ᠠᠬᠢᠭᠤᠯᠬᠤ ᠦᠷᠲᠡᠭ ᠤᠨ ᠬᠠᠨᠳᠤᠰᠢ ᠶᠢ ᠭᠦᠢᠴᠡᠳ | ᠢᠯᠡᠷᠡᠭᠦᠯᠵᠡᠢ᠃ | ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠬᠢᠮ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠲᠤᠬᠠᠢ ᠠᠯᠢ ᠣᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠶᠢ | ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ | ᠬᠤᠭᠤᠴᠠᠭᠠᠨ ᠤ ᠬᠤᠷᠢᠶᠠᠨ ᠤ ᠨᠠᠢᠮᠠᠳᠤᠭᠠᠷ ᠪᠦᠭᠦᠳᠡ ᠬᠤᠷᠠᠯ ᠤᠨ ᠪᠠᠶᠢᠷᠢᠯᠠᠭᠤᠯᠤᠯᠲᠠ ᠶᠢ ᠪᠦᠭᠦ ᠲᠠᠯ᠎ᠠ ᠪᠠᠷ | ᠨᠠᠶᠢᠳᠠᠪᠤᠷᠢᠵᠢᠭᠤᠯᠤᠨ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠤ | ᠥᠭᠡᠷᠡᠴᠢᠯᠡᠯᠲᠡ ᠶᠢ ᠠᠬᠢᠭᠤᠯᠬᠤ ᠠᠵᠢᠯ ᠤᠨ ᠲᠥᠰᠥᠯ ᠢ ᠲᠡᠷᠡ ᠳᠠᠷᠤᠢ ᠳᠤᠨᠢ ᠲᠣᠭᠲᠠᠭᠠᠵᠤ᠂ ᠲᠦᠷᠦᠭᠦᠯᠡᠨ ᠬᠢᠬᠦ | ᠥᠭᠡᠷᠡᠴᠢᠯᠡᠯᠲᠡ ᠶᠢᠨ ᠡᠭᠦᠷᠭᠡ ᠶᠢᠨ 36 ᠵᠦᠢᠯ ᠤᠨ ᠪᠣᠳᠠᠲᠠᠢ ᠠᠷᠭ᠎ᠠ ᠬᠡᠮᠵᠢᠶ᠎ᠡ ᠶᠢ ᠭᠠᠵᠠᠷ ᠣᠷᠣᠨ ᠤ ᠪᠠᠶᠢᠳᠠᠯ | ᠳᠤᠨᠢ ᠲᠣᠬᠢᠷᠠᠭᠤᠯᠤᠨ ᠲᠥᠯᠥᠪᠵᠢᠭᠦᠯᠦᠨ ᠨᠠᠶᠢᠳᠠᠪᠤᠷᠢᠵᠢᠭᠤᠯᠵᠤ᠂ ᠳᠡᠭᠡᠷ᠎ᠡ ᠳᠣᠣᠷ᠎ᠠ ᠱᠠᠲᠤ ᠪᠠᠷ ᠢᠶᠠᠨ ᠬᠠᠮᠵᠢᠯᠴᠠᠬᠤ | ᠂ ᠳᠣᠲᠣᠭᠠᠳᠤ ᠭᠠᠳᠠᠭᠠᠳᠤ ᠪᠠᠷ ᠢᠶᠠᠨ ᠬᠠᠮᠵᠢᠯᠴᠠᠨ ᠥᠭᠡᠷᠡᠴᠢᠯᠡᠯᠲᠡ ᠶᠢᠨ ᠬᠠᠮᠲᠤᠷᠠᠯ ᠬᠦᠴᠦᠨ ᠢ ᠨᠢᠭᠲᠠᠷᠠᠭᠤᠯᠬᠤ ᠶᠢ | ᠴᠢᠬᠤᠯᠠᠴᠢᠯᠠᠨ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ | ᠪᠦᠲᠦᠮᠵᠢ ᠣᠯᠬᠤ ᠶᠢ ᠨᠠᠩ ᠬᠠᠨᠳᠤᠯᠭᠠᠲᠤ ᠴᠢᠨᠠᠷᠲᠠᠢ᠂ ᠨᠠᠩ ᠪᠦᠲᠦᠭᠡᠯᠴᠢ ᠴᠢᠨᠠᠷᠲᠠᠢ ᠪᠠᠷ ᠠᠬᠢᠭᠤᠯᠪᠠ᠃ | ᠣᠶᠢᠷ᠎ᠠ ᠳᠤ᠂ ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ | ᠳᠠᠷᠤᠭ᠎ᠠ ᠵᠠᠢ ᠶᠢᠩ ᠵᠢᠶᠦ᠋ᠨ ᠢ ᠰᠤᠷᠪᠤᠯᠵᠢᠯᠠᠪᠠ᠃ | ᠥᠪᠥᠷ ᠮᠣᠩᠭᠤᠯ ᠤᠨ ᠡᠳᠦᠷ ᠤᠨ ᠰᠣᠨᠢᠨ᠄ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ | ᠨᠢ ᠠᠷᠠᠳ ᠤᠨ ᠠᠮᠢᠳᠤᠷᠠᠯ ᠢ ᠲᠡᠷᠢᠭᠦᠨ ᠳᠤ ᠲᠠᠯᠪᠢᠳᠠᠭ᠃ ᠠᠷᠠᠳ ᠤᠨ ᠠᠮᠢᠳᠤᠷᠠᠯ ᠤᠨ ᠴᠢᠬᠤᠯᠠ ᠰᠠᠯᠠᠭ᠎ᠠ ᠮᠥᠴᠢᠷ | ᠪᠣᠯᠤᠭᠰᠠᠨ ᠤ ᠬᠤᠪᠢ ᠳᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠬᠦᠷᠢᠶᠡᠨ ᠳᠠᠬᠢ ᠥᠭᠡᠷᠡᠴᠢᠯᠡᠯᠲᠡ ᠶᠢ ᠠᠬᠢᠭᠤᠯᠬᠤ ᠶᠠᠪᠤᠴᠠ ᠳᠤ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ | ᠦᠷ᠎ᠡ ᠪᠦᠲᠦᠭᠡᠯ ᠢ ᠬᠡᠷᠬᠢᠨ ᠠᠷᠠᠳ ᠣᠯᠠᠨ ᠳᠤ ᠨᠠᠩ ᠣᠯᠠᠨ ᠨᠠᠩ ᠭᠤᠤᠯᠴᠢ ᠪᠠᠷ ᠬᠦᠷᠲᠡᠭᠡᠬᠦ ᠪᠤᠶ︖ | ᠵᠠᠢ ᠶᠢᠩ ᠵᠢᠶᠦ᠋ᠨ᠄ ᠥᠭᠡᠷᠡᠴᠢᠯᠡᠯᠲᠡ ᠶᠢᠨ ᠦᠨᠳᠦᠰᠦᠨ ᠵᠣᠷᠢᠯᠭ᠎ᠠ ᠨᠢ ᠠᠷᠠᠳ ᠲᠦᠮᠡᠨ ᠤ ᠡᠳᠦᠷ | ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠳᠠ ᠦᠭᠡᠢ ᠬᠠᠩᠭᠠᠬᠤ | ᠶᠠᠪᠤᠳᠠᠯ ᠪᠣᠯᠣᠨ᠎ᠠ᠂ ᠠᠷᠠᠳ ᠲᠦᠮᠡᠨ ᠤ ᠬᠠᠯᠠᠮᠵᠢᠯᠠᠵᠤ ᠪᠠᠶᠢᠭ᠎ᠠ᠂ ᠬᠦᠰᠡᠨ ᠡᠷᠡᠮᠡᠯᠵᠡᠵᠦ ᠪᠠᠶᠢᠭ᠎ᠠ ᠠᠰᠠᠭᠤᠳᠠᠯ ᠤᠨ | ᠲᠣᠭᠤᠷᠢᠨ ᠳᠤ ᠥᠭᠡᠷᠡᠴᠢᠯᠡᠯᠲᠡ ᠶᠢ ᠠᠬᠢᠭᠤᠯᠬᠤ ᠨᠢ ᠥᠭᠡᠷᠡᠴᠢᠯᠡᠯᠲᠡ ᠶᠢᠨ ᠵᠠᠩᠭᠢᠯᠠᠭ᠎ᠠ ᠶᠢ ᠠᠳᠬᠤᠭᠰᠠᠨ ᠶᠠᠪᠤᠳᠠᠯ | ᠪᠤᠯᠬᠤ ᠶᠤᠮ᠃ ᠪᠢᠳᠡ ᠨᠢᠭᠡ ᠰᠡᠳᠬᠢᠯ ᠢᠶᠠᠷ ᠠᠷᠠᠳ ᠲᠦᠮᠡᠨ ᠤ ᠲᠥᠯᠥᠭᠡ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠶᠢ ᠪᠠᠷᠢᠮᠲᠠᠯᠠᠵᠤ᠂ ᠣᠯᠠᠨ ᠲᠦᠮᠡᠨ ᠤ ᠬᠠᠯᠠᠮᠵᠢᠯᠠᠵᠤ ᠪᠠᠶᠢᠭ᠎ᠠ ᠠᠰᠠᠭᠤᠳᠠᠯ ᠢ ᠢᠮᠠᠭᠲᠠ ᠰᠠᠶᠢᠲᠤᠷ | ᠰᠢᠢᠳᠪᠦᠷᠢᠯᠡᠵᠦ᠂ 2023 ᠣᠨ ᠠᠴᠠ ᠡᠬᠢᠯᠡᠨ ᠳᠠᠷᠠᠭ᠎ᠠ ᠵᠢᠯ ᠤᠨ ᠪᠦᠭᠦ ᠣᠷᠣᠨ ᠤ ᠠᠵᠢᠯ ᠦᠢᠯᠡᠰ ᠤᠨ | ᠨᠢᠭᠡᠴᠢ ᠶᠢᠨ ᠢᠯᠡ ᠪᠠᠷ ᠤᠷᠢᠨ ᠡᠯᠰᠡᠬᠦ ᠰᠢᠯᠭᠠᠯᠲᠠ ᠶᠢ ᠤᠷᠢᠳᠴᠢᠯᠠᠨ ᠲᠤᠬᠠᠢ ᠶᠢᠨ ᠵᠢᠯ ᠳᠤᠨᠢ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠲᠡᠭᠦᠰᠬᠦ ᠰᠤᠷᠤᠬᠴᠢᠳ ᠤᠨ ᠰᠣᠩᠭᠤᠯᠲᠠ ᠶᠢ ᠨᠠᠩ ᠡᠷᠲᠡ᠂ ᠠᠵᠠ ᠲᠣᠭᠢᠶᠠᠯ ᠢ | ᠨᠠᠩ ᠣᠯᠠᠨ ᠪᠤᠯᠭᠠᠬᠰᠠᠨ ᠢᠶᠠᠷ ᠪᠠᠷᠠᠬᠤ ᠦᠭᠡᠢ᠂ ᠪᠠᠰᠠ ᠴᠢᠳᠠᠪᠤᠷᠢᠲᠠᠨ ᠤᠷᠢᠵᠤ ᠴᠢᠳᠠᠪᠤᠷᠢᠲᠠᠨ ᠴᠤᠭᠯᠠᠭᠤᠯᠬᠤ | ᠳᠤᠮᠳᠠ ᠠᠵᠠ ᠲᠣᠭᠢᠶᠠᠯ ᠢ ᠵᠠᠪᠳᠤᠨ ᠡᠵᠡᠮᠳᠡᠪᠡ᠃ ᠡᠨᠡ ᠵᠢᠯ ᠪᠦᠭᠦ ᠤᠯᠤᠰ ᠲᠤ 2025 ᠣᠨ ᠤ ᠲᠡᠭᠦᠰᠬᠦ | ᠣᠶᠤᠲᠠᠳ ᠲᠤ ᠬᠠᠨᠳᠤᠭᠤᠯᠤᠭᠰᠠᠨ ᠪᠦᠭᠦ ᠣᠷᠣᠨ ᠤ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠤᠷᠢᠨ ᠡᠯᠰᠡᠬᠦ | ᠠᠵᠢᠯ ᠢ ᠲᠦᠷᠦᠭᠦᠯᠡᠨ ᠡᠬᠢᠯᠡᠭᠦᠯᠵᠦ᠂ ᠬᠥᠮᠥᠨ ᠬᠡᠷᠡᠭᠯᠡᠬᠦ ᠨᠢᠭᠡᠴᠢ ᠶᠢᠨ 2025 ᠣᠨ ᠤ 12 ᠰᠠᠷ᠎ᠠ ᠶᠢᠨ | ᠰᠡᠭᠦᠯᠴᠢ ᠠᠴᠠ ᠡᠮᠦᠨ᠎ᠡ ᠠᠵᠢᠯ ᠠᠴᠠ ᠪᠠᠨ ᠠᠮᠠᠷᠠᠬᠤ ᠠᠵᠢᠯᠲᠠᠨ ᠠᠵᠢᠯᠴᠢᠨ ᠤ ᠣᠷᠣᠨ ᠲᠤᠭ᠎ᠠ ᠶᠢ ᠤᠷᠢᠳᠴᠢᠯᠠᠨ | ᠬᠡᠷᠡᠭᠯᠡᠬᠦ ᠶᠢ ᠵᠥᠪᠰᠢᠶᠡᠷᠡᠨ᠂ ᠨᠡᠶᠢᠭᠡᠮ ᠳᠡᠭᠡᠷ᠎ᠡ ᠠᠴᠠ 1.48 ᠲᠦᠮᠡᠨ ᠬᠥᠮᠥᠨ ᠢ ᠢᠯᠡ ᠪᠠᠷ ᠡᠯᠰᠡᠵᠦ᠂ ᠨᠡᠶᠢᠲᠡ | 28.3 ᠲᠦᠮᠡᠨ ᠰᠢᠯᠭᠠᠭᠤᠯᠤᠭᠴᠢ ᠨᠡᠷ᠎ᠡ ᠮᠡᠳᠡᠭᠦᠯᠵᠦ᠂ ᠡᠭᠦᠨ ᠳᠤ 3.8 ᠲᠦᠮᠡᠨ ᠰᠢᠯᠭᠠᠭᠤᠯᠤᠭᠴᠢ ᠣᠷᠣᠨ ᠤ | ᠭᠠᠳᠠᠨ᠎ᠠ ᠠᠴᠠ ᠢᠷᠡᠵᠦ᠂ ᠡᠯᠰᠡᠬᠦ ᠬᠥᠮᠥᠨ ᠤ ᠲᠤᠭ᠎ᠠ ᠪᠠ ᠨᠡᠷ᠎ᠡ ᠮᠡᠳᠡᠭᠦᠯᠦᠭᠰᠡᠨ ᠬᠥᠮᠥᠨ ᠤ ᠲᠤᠭ᠎ᠠ ᠲᠡᠦᠬᠡ ᠶᠢᠨ | ᠰᠢᠨ᠎ᠡ ᠲᠡᠮᠳᠡᠭᠯᠡᠯ ᠢ ᠡᠭᠦᠳᠪᠡ᠃ ᠡᠮᠦᠨᠡᠬᠢ ᠬᠤᠭᠤᠴᠠᠭᠠᠨ ᠤ ᠲᠤᠷᠰᠢᠯᠲᠠ ᠶᠢᠨ ᠴᠡᠭ ᠤᠨ ᠰᠠᠭᠤᠷᠢᠨ ᠳᠡᠭᠡᠷ᠎ᠡ᠂ | ᠬᠠᠮᠲᠤ ᠶᠢᠨ ᠠᠵᠤ ᠠᠬᠤᠢ ᠠᠴᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠳᠤ | ᠨᠥᠬᠦᠪᠦᠷᠢ ᠥᠭᠬᠦ ᠠᠵᠢᠯ ᠢ ᠪᠦᠭᠦ ᠲᠠᠯ᠎ᠠ ᠪᠠᠷ ᠶᠠᠪᠤᠭᠳᠠᠭᠤᠯᠵᠤ᠂ ᠪᠦᠭᠦ ᠣᠷᠣᠨ ᠤ 23 ᠬᠤᠰᠢᠭᠤ ᠰᠢᠶᠠᠨ | ︵ᠬᠤᠲᠠ᠂ ᠲᠣᠭᠤᠷᠢᠭ︶ 105 ᠲᠣᠰᠬᠤᠨ ᠤ ᠬᠠᠮᠲᠤ ᠨᠡᠶᠢᠳᠡ ᠠᠴᠠ 35.9 ᠲᠦᠮᠡᠨ ᠲᠥᠭᠦᠷᠢᠭ ᠨᠥᠬᠦᠪᠦᠷᠢ | ᠥᠭᠴᠦ᠂ ᠬᠠᠮᠲᠤ ᠨᠡᠶᠢᠲᠡ ᠠᠴᠠ ᠰᠦᠢᠳᠬᠡᠯ ᠭᠠᠷᠭᠠᠬᠤ ᠶᠢ ᠪᠡᠶᠡᠯᠡᠭᠦᠯᠵᠦ᠂ ᠣᠯᠠᠨ ᠲᠦᠮᠡᠨ ᠳᠤ ᠪᠣᠳᠠᠲᠤ ᠠᠰᠢᠭ | ᠬᠦᠷᠲᠡᠭᠡᠪᠡ᠃ ᠭᠦᠭᠡᠬᠤᠲᠠ᠂ ᠪᠤᠭᠤᠲᠤ ᠬᠤᠲᠠ᠂ ᠬᠢᠩᠭᠠᠨ ᠠᠶᠢᠮᠠᠭ᠂ ᠦᠬᠠᠢ ᠬᠤᠲᠠ᠂ ᠤᠯᠠᠭᠠᠨᠴᠠᠪ ᠬᠤᠲᠠ | ᠵᠡᠷᠭᠡ 5 ᠠᠶᠢᠮᠠᠭ ᠬᠤᠲᠠ ᠳᠤ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠮᠤᠵᠢ ᠠᠯᠤᠰᠯᠠᠨ ᠣᠨᠳᠣᠣ | ᠭᠠᠵᠠᠷ ᠡᠮᠨᠡᠭᠦᠯᠦᠭᠰᠡᠨ ᠵᠠᠷᠤᠳᠠᠯ ᠢ ᠰᠢᠭᠤᠳ ᠲᠡᠰᠦᠯᠦᠨ ᠪᠤᠳᠤᠬᠤ ᠲᠤᠷᠰᠢᠯᠲᠠ ᠶᠢᠨ ᠴᠡᠭ ᠢ ᠥᠷᠨᠢᠭᠦᠯᠬᠦ ᠪᠠᠷ | ᠲᠣᠭᠲᠠᠵᠤ᠂ ᠠᠵᠢᠯ ᠠᠴᠠ ᠪᠣᠯᠵᠤ ᠭᠡᠮᠲᠦᠭᠰᠡᠨ ᠠᠵᠢᠯᠲᠠᠨ ᠠᠵᠢᠯᠴᠢᠨ ᠤ ︽ᠡᠪᠡᠳᠴᠢᠨ ᠦᠵᠡᠭᠦᠯᠭᠦ ᠳᠤ ᠣᠷᠣᠯᠠᠨ | ᠲᠥᠯᠥᠬᠦ ᠪᠡᠯᠡ ᠮᠥᠩᠭᠦ ᠨᠢ ᠥᠨᠳᠥᠷ᠂ ᠲᠠᠩᠰᠠ ᠲᠠᠶᠢᠯᠬᠤ ᠳᠤ ᠨᠠᠭᠠᠰᠢ ᠴᠠᠭᠠᠰᠢ ᠭᠦᠶᠦᠬᠦ︾ ᠬᠦᠴᠢᠷ | ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃ ᠪᠢᠳᠡ ᠥᠭᠡᠷᠡᠴᠢᠯᠡᠯᠲᠡ ᠶᠢᠨ ᠬᠠᠨᠳᠤᠰᠢ ᠶᠢ ᠬᠥᠭᠵᠢᠯᠲᠡ ᠶᠢᠨ | ᠬᠡᠷᠡᠭᠴᠡᠭᠡ᠂ ᠠᠷᠠᠳ ᠤᠨ ᠠᠮᠢᠳᠤᠷᠠᠯ ᠤᠨ ᠪᠠᠴᠢᠮ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠬᠤ ᠶᠢ ᠪᠠᠷᠢᠮᠲᠠᠯᠠᠵᠤ᠂ | ᠴᠢᠨᠠᠷ ᠰᠠᠶᠢᠲᠠᠢ ᠠᠵᠢᠯ ᠣᠯᠭᠤᠯᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠤᠯᠠᠮ ᠨᠢᠭᠡ | ᠠᠯᠬᠤᠮ ᠪᠠᠶᠢᠭᠤᠯᠤᠨ᠂ ᠰᠢᠨ᠎ᠡ ᠠᠵᠢᠯ ᠣᠯᠭᠤᠯᠲᠠ ᠶᠢᠨ ᠭᠡᠯᠪᠡᠷᠢ ᠶᠢᠨ ᠬᠥᠳᠡᠯᠮᠦᠷᠢᠴᠢᠳ ᠤᠨ ᠭᠦᠳᠡᠯᠮᠦᠷᠢ ᠶᠢᠨ | ᠪᠠᠲᠤᠯᠠᠭ᠎ᠠ ᠶᠢᠨ ᠡᠷᠬᠡ ᠠᠰᠢᠭ ᠢ ᠬᠠᠮᠠᠭᠠᠯᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ | ᠠᠮᠢᠳᠤᠯᠢᠭ ᠢᠶᠠᠷ ᠠᠵᠢᠯ ᠣᠯᠣᠭᠰᠠᠳ᠂ ᠬᠥᠯᠥᠰᠦᠨ ᠮᠠᠯᠴᠢᠨ ᠲᠠᠷᠢᠶᠠᠴᠢᠨ᠂ ᠰᠢᠨ᠎ᠡ ᠠᠵᠢᠯ ᠣᠯᠭᠤᠯᠲᠠ ᠶᠢᠨ | ᠭᠡᠯᠪᠡᠷᠢ ᠶᠢᠨ ᠠᠵᠢᠯ ᠣᠯᠣᠭᠰᠠᠳ ᠤᠨ ᠨᠡᠶᠢᠭᠡᠮ ᠤᠨ ᠳᠠᠭᠠᠳᠬᠠᠯ ᠳᠤ ᠣᠷᠤᠯᠴᠠᠬᠤ ᠶᠢ ᠠᠬᠢᠭᠤᠯᠤᠨ᠂ | ᠥᠭᠡᠷᠡᠴᠢᠯᠡᠯᠲᠡ ᠶᠢᠨ ᠦᠷ᠎ᠡ ᠪᠦᠲᠦᠮᠵᠢ ᠶᠢ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠪᠣᠳᠠᠲᠤ | ᠦᠢᠯᠡᠳᠦᠯᠭᠡ ᠪᠣᠯᠭᠠᠨ ᠬᠤᠪᠢᠷᠠᠭᠤᠯᠬᠤ ᠶᠢ ᠲᠦᠷᠭᠡᠳᠬᠡᠨ᠎ᠡ᠃ | ᠥᠪᠥᠷ ᠮᠣᠩᠭᠤᠯ ᠤᠨ ᠡᠳᠦᠷ ᠤᠨ ᠰᠣᠨᠢᠨ᠄ ᠥᠭᠡᠷᠡᠴᠢᠯᠡᠯᠲᠡ ᠪᠣᠯ ᠠᠰᠠᠭᠤᠳᠠᠯ ᠤᠨ ᠭᠡᠳᠡᠷᠭᠦ | ᠰᠢᠬᠠᠯᠲᠠ ᠠᠴᠠ ᠡᠭᠦᠰᠦᠭᠰᠡᠨ ᠪᠥᠭᠡᠳ ᠪᠠᠰᠠ ᠠᠰᠠᠭᠤᠳᠠᠯ ᠢ ᠲᠠᠰᠤᠷᠠᠯᠲᠠ ᠦᠭᠡᠢ ᠰᠢᠢᠳᠪᠦᠷᠢᠯᠡᠬᠦ ᠳᠤᠮᠳᠠ | ᠭᠦᠨᠵᠡᠭᠡᠶᠢᠷᠡᠳᠡᠭ᠃ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ | ᠬᠡᠷᠬᠢᠨ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠲᠣᠪᠤᠶᠢᠯᠭᠠᠨ ᠥᠭᠡᠷᠡᠴᠢᠯᠡᠯᠲᠡ ᠶᠢ ᠠᠬᠢᠭᠤᠯᠤᠭᠰᠠᠨ ᠪᠤᠶ︖ | | ᠵᠠᠢ ᠶᠢᠩ ᠵᠢᠶᠦ᠋ᠨ᠄ ᠠᠰᠠᠭᠤᠳᠠᠯ ᠪᠣᠯ ᠥᠭᠡᠷᠡᠴᠢᠯᠡᠯᠲᠡ ᠶᠢᠨ ︽ᠬᠥᠳᠡᠯᠭᠡᠬᠦ ᠬᠦᠴᠦᠨ︾ ᠮᠥᠨ᠂ | ᠥᠭᠡᠷᠡᠴᠢᠯᠡᠯᠲᠡ ᠪᠣᠯ ᠰᠡᠳᠦᠪ ᠵᠠᠳᠠᠯᠬᠤ ︽ᠠᠯᠲᠠᠨ ᠲᠦᠯᠬᠢᠭᠦᠷ︾ ᠮᠥᠨ᠃ ᠪᠢᠳᠡ ᠠᠰᠠᠭᠤᠳᠠᠯ ᠢ | ᠢᠯᠡᠷᠡᠭᠦᠯᠬᠦ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠳᠤᠮᠳᠠ ᠠᠵᠢᠯ ᠤᠨ ᠪᠠᠶᠢᠳᠠᠯ ᠢ ᠨᠡᠭᠡᠭᠡᠬᠦ ᠶᠢ ᠪᠠᠷᠢᠮᠲᠠᠯᠠᠵᠤ᠂ | 2022 ᠣᠨ ᠠᠴᠠ ᠡᠬᠢᠯᠡᠨ ᠰᠠᠭᠤᠷᠢ ᠮᠥᠩᠭᠦ ᠶᠢᠨ ᠪᠡᠯᠡ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠬᠤ᠂ | ᠴᠠᠯᠢᠩ ᠥᠷᠢᠲᠦᠬᠦ ᠠᠰᠠᠭᠤᠳᠠᠯ ᠢ ᠦᠨᠳᠦᠰᠦᠨ ᠠᠴᠠ ᠨᠢ ᠵᠠᠰᠠᠬᠤ ᠶᠢ ᠬᠦᠴᠦᠲᠡᠢ ᠠᠳᠬᠤᠬᠤ᠂ ᠬᠥᠮᠥᠨ ᠤ | ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠢᠯᠭᠠᠷᠠᠭᠤᠯᠤᠨ ᠴᠡᠭᠴᠡᠯᠡᠬᠦ᠂ ᠤᠷ᠎ᠠ | ᠴᠢᠳᠠᠪᠤᠷᠢ ᠶᠢᠨ ᠪᠣᠯᠪᠠᠰᠤᠷᠠᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠭᠦ ᠵᠡᠷᠭᠡ ᠲᠠᠯ᠎ᠠ ᠶᠢᠨ | ᠲᠣᠭᠤᠷᠢᠨ ᠳᠤ ᠨᠡᠶᠢᠲᠡ 35 ᠲᠤᠰᠬᠠᠢ ᠴᠡᠭᠴᠡᠯᠡᠨ ᠵᠠᠰᠠᠯᠲᠠ ᠶᠢ ᠥᠷᠨᠢᠭᠦᠯᠦᠨ᠂ ᠠᠰᠠᠭᠤᠳᠠᠯ ᠲᠠᠢ ᠪᠡᠯᠡ | ᠮᠥᠩᠭᠦ ᠶᠢ ᠴᠠᠭ ᠲᠤᠬᠠᠢ ᠳᠤᠨᠢ ᠨᠡᠬᠡᠮᠵᠢᠯᠡᠨ ᠠᠪᠴᠢᠷᠠᠵᠤ᠂ ᠠᠶᠤᠯ ᠲᠦᠭᠰᠢᠭᠦᠷᠢ ᠶᠢᠨ ᠳᠠᠯᠳᠠ ᠭᠡᠮ ᠢ ᠪᠦᠲᠦᠮᠵᠢᠲᠡᠶ | ᠠᠷᠢᠯᠭᠠᠪᠠ᠃ ᠡᠨᠡ ᠵᠢᠯ᠂ ᠨᠡᠶᠢᠭᠡᠮ ᠤᠨ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠦᠨᠳᠦᠰᠦᠨ ᠱᠠᠲᠤᠨ ᠤ | ᠭᠠᠷᠲᠠᠨ ᠭᠦᠢᠴᠡᠳᠬᠡᠬᠦ ᠬᠦᠴᠦᠨ ᠬᠦᠷᠦᠯᠴᠡᠬᠦ ᠦᠭᠡᠢ᠂ ᠭᠠᠷᠲᠠᠨ ᠭᠦᠢᠴᠡᠳᠬᠡᠬᠦ ᠡᠷᠬᠡ ᠶᠢᠨ ᠬᠡᠪᠴᠢᠶ᠎ᠡ ᠬᠠᠷᠢᠯᠴᠠᠨ | ᠬᠠᠷᠰᠢᠯᠳᠤᠬᠤ᠂ ᠭᠠᠷᠲᠠᠨ ᠭᠦᠢᠴᠡᠳᠬᠡᠬᠦ ᠰᠡᠷᠭᠡᠶᠢᠯᠡᠨ ᠡᠵᠡᠮᠳᠡᠬᠦ ᠰᠢᠰᠲ᠋ᠧᠮ ᠪᠦᠷᠢᠨ ᠪᠤᠰᠤ ᠵᠡᠷᠭᠡ ᠠᠰᠠᠭᠤᠳᠠᠯ ᠳᠤ | ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠤᠨ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠭᠠᠷᠲᠠᠨ | ᠭᠦᠢᠴᠡᠳᠬᠡᠬᠦ ︽ᠬᠠᠮᠲᠤ ᠳᠤᠨᠢ ᠬᠢᠨᠠᠵᠤ ᠨᠢᠭᠡᠳᠦᠯᠲᠡᠢ ᠭᠦᠢᠴᠡᠳᠬᠡᠬᠦ︾ ᠥᠭᠡᠷᠡᠴᠢᠯᠡᠯᠲᠡ ᠶᠢ ᠪᠦᠭᠦ ᠤᠯᠤᠰ ᠲᠤ | ᠲᠦᠷᠦᠭᠦᠯᠡᠨ ᠬᠡᠷᠡᠭᠵᠢᠭᠦᠯᠵᠦ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ | ᠳᠠᠭᠠᠳᠬᠠᠯ᠂ ᠠᠵᠢᠯ ᠠᠯᠳᠠᠯᠲᠠ ᠶᠢᠨ ᠳᠠᠭᠠᠳᠬᠠᠯ ᠵᠡᠷᠭᠡ 3 ᠳᠠᠭᠠᠳᠬᠠᠯ ᠤᠨ ᠲᠥᠷᠥᠯ ᠤᠨ 48 ᠵᠦᠢᠯ ᠤᠨ | ᠲᠤᠬᠠᠶᠢᠯᠠᠭᠰᠠᠨ ᠠᠵᠢᠯ ᠤᠨ ᠳᠤᠮᠳᠠᠴᠢ ᠬᠢᠨᠠᠨ ᠬᠠᠷᠭᠤᠭᠤᠯᠬᠤ ᠴᠠᠭ ᠤᠨ ᠬᠢᠵᠠᠭᠠᠷ ᠢ ᠥᠩᠭᠡᠷᠡᠭᠰᠡᠨ ᠤ ᠬᠢ ᠠᠴᠠ1. | 8 ᠠᠵᠢᠯ ᠤᠨ ᠡᠳᠦᠷ ᠪᠠᠭᠠᠰᠬᠠᠵᠤ᠂ ᠦᠨᠳᠦᠰᠦᠨ ᠱᠠᠲᠤᠨ ᠤ ᠭᠠᠷᠲᠠᠨ ᠭᠦᠢᠴᠡᠳᠬᠡᠬᠦ ᠪᠠᠶᠢᠭᠤᠯᠤᠮᠵᠢ ᠶᠢᠨ ᠬᠢᠨᠠᠨ | ᠬᠠᠷᠭᠤᠭᠤᠯᠬᠤ ᠠᠵᠢᠯ ᠤᠨ ᠪᠠᠶᠢᠷᠢ ᠶᠢᠨ ᠲᠤᠭ᠎ᠠ ᠬᠡᠮᠵᠢᠶ᠎ᠡ ᠶᠢ 50% ᠪᠠᠷ ᠪᠠᠭᠠᠰᠬᠠᠨ᠂ ︽ᠰᠤᠭᠤᠴᠢᠨ ᠬᠢᠨᠠᠬᠤ︾ | ᠠᠷᠭ᠎ᠠ ᠮᠠᠶ᠋ᠢᠭ ᠢᠶᠠᠷ ᠳᠠᠮᠵᠢᠨ ᠰᠠᠭᠤᠷᠢ ᠮᠥᠩᠭᠦ ᠶᠢᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠴᠢᠳᠠᠪᠤᠷᠢ ᠪᠠ | ᠲᠤᠬᠠᠶᠢᠯᠠᠭᠰᠠᠨ ᠠᠵᠢᠯ ᠤᠨ ᠭᠠᠷᠲᠠᠨ ᠭᠦᠢᠴᠡᠳᠬᠡᠬᠦ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠡᠢ᠃ | ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠲᠦᠭᠰᠢᠭᠦᠷᠢ ᠳᠤ | ᠠᠩᠬᠠᠷᠤᠯ ᠢᠶᠠᠨ ᠲᠥᠪᠯᠡᠷᠡᠭᠦᠯᠵᠦ᠂ ︽ᠰᠦᠢᠳᠬᠡᠯ ᠲᠤᠰᠢᠶᠠᠬᠤ ᠶᠢ ᠳᠣᠷᠣᠭᠰᠢ ᠪᠠᠭᠤᠯᠭᠠᠬᠤ ᠦᠭᠡᠢ᠂ ᠨᠥᠬᠦᠪᠦᠷᠢ ᠶᠢ | ᠳᠣᠷᠣᠭᠰᠢᠯᠠᠭᠤᠯᠬᠤ ᠦᠭᠡᠢ᠂ ᠪᠡᠯᠡ ᠮᠥᠩᠭᠦ ᠶᠢ ᠴᠠᠭ ᠲᠤᠬᠠᠢ ᠳᠤᠨᠢ ᠴᠡᠪᠡᠷᠯᠡᠬᠦ︾ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠠᠶᠢᠮᠠᠭ | ᠬᠤᠲᠠ ᠶᠢᠨ ᠱᠠᠲᠤᠨ ᠤ ᠬᠠᠮᠢᠶᠠᠷᠤᠯᠲᠠ ᠶᠢᠨ ᠵᠠᠭᠪᠤᠷ ᠢ ᠰᠦᠪᠡᠭᠴᠢᠯᠡᠨ ᠪᠦᠷᠢᠯᠳᠦᠭᠦᠯᠵᠦ᠂ ᠣᠯᠠᠨ ᠲᠦᠮᠡᠨ ᠤ | ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠪᠠᠲᠤ ᠰᠠᠬᠢᠪᠠ᠃ ᠪᠢᠳᠠ ᠠᠰᠠᠭᠤᠳᠠᠯ ᠳᠤ ᠴᠢᠭᠯᠡᠭᠦᠯᠦᠨ ᠬᠢᠬᠦ ᠶᠢ | ᠪᠠᠷᠢᠮᠲᠠᠯᠠᠵᠤ᠂ ᠠᠰᠠᠭᠤᠳᠠᠯ ᠳᠤ ᠴᠢᠭᠯᠡᠭᠦᠯᠦᠨ ᠰᠠᠶᠢᠵᠢᠷᠠᠭᠤᠯᠵᠤ᠂ ᠪᠦᠲᠦᠴᠡ ᠶᠢᠨ ᠴᠢᠨᠠᠷᠲᠠᠢ ᠠᠵᠢᠯ | ᠣᠯᠭᠤᠯᠲᠠ ᠶᠢᠨ ᠵᠥᠷᠢᠴᠡᠯ ᠢ ᠬᠦᠴᠦᠯᠡᠨ ᠰᠢᠢᠳᠪᠦᠷᠢᠯᠡᠵᠦ᠂ ᠨᠡᠶᠢᠭᠡᠮ ᠤᠨ ᠪᠠᠲᠤᠯᠠᠭ᠎ᠠ ᠶᠢᠨ ᠳᠦᠷᠢᠮ ᠤᠨ ᠲᠥᠪ | ᠭᠤᠣᠯᠴᠢ ᠴᠢᠨᠠᠷ ᠬᠥᠳᠡᠯᠦᠩᠭᠦᠢ ᠴᠢᠨᠠᠷ ᠦᠷᠭᠦᠯᠵᠢᠯᠡᠬᠦᠶᠢᠴᠡ ᠴᠢᠨᠠᠷ ᠢ ᠬᠠᠮᠠᠭᠠᠯᠠᠨ᠂ ᠰᠢᠨ᠎ᠡ ᠮᠠᠶ᠋ᠢᠭ ᠤᠨ ᠡᠶ᠎ᠡ | ᠵᠣᠬᠢᠴᠠᠩᠭᠤᠢ ᠭᠦᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠵᠤ᠂ ᠵᠥᠷᠢᠴᠡᠯ ᠠᠰᠠᠭᠤᠳᠠᠯ ᠲᠠᠢ ᠠᠰ ᠲᠤᠯᠤᠨ ᠠᠪᠤᠨ | ᠬᠠᠷᠢᠭᠤᠴᠠᠬᠤ ᠳᠤᠮᠳᠠ ︽ᠥᠭᠡᠷᠡᠴᠢᠯᠡᠯᠲᠡ ᠶᠢᠨ ᠳᠠᠶᠢᠯᠠᠯᠳᠤᠭᠠᠨ︾ ᠢ ᠰᠠᠶᠢᠲᠤᠷ ᠬᠢᠵᠦ ᠢᠯᠠᠯᠲᠠ ᠣᠯᠣᠨ᠎ᠠ᠃ | ᠥᠪᠥᠷ ᠮᠣᠩᠭᠤᠯ ᠤᠨ ᠡᠳᠦᠷ ᠤᠨ ᠰᠣᠨᠢᠨ᠄ ᠥᠭᠡᠷᠡᠴᠢᠯᠡᠯᠲᠡ ᠬᠢᠬᠦ ᠪᠠ ᠬᠠᠤᠯᠢ ᠪᠠᠷ ᠵᠠᠰᠠᠬᠤ ᠶᠢ | ᠨᠢᠭᠡᠳᠬᠡᠬᠦ ᠪᠣᠯ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠴᠢᠬᠤᠯᠠ | ᠵᠠᠷᠴᠢᠮ ᠮᠥᠨ᠃ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠠᠤᠯᠢ ᠪᠠᠷ ᠵᠠᠰᠠᠬᠤ | ᠪᠠᠶᠢᠭᠤᠯᠤᠯᠲᠠ ᠶᠢᠨ ᠲᠠᠯ᠎ᠠ ᠪᠠᠷ ᠬᠢ ᠠᠷᠭ᠎ᠠ ᠬᠢᠳᠡᠯ ᠪᠠ ᠦᠷ᠎ᠡ ᠪᠦᠲᠦᠮᠵᠢ ᠶᠢ ᠶᠠᠷᠢᠭᠠᠳ ᠥᠭᠭᠦᠨ᠎ᠡ ᠦᠦ︖ | ᠵᠠᠢ ᠶᠢᠩ ᠵᠢᠶᠦ᠋ᠨ᠄ ᠪᠢᠳᠡ ᠬᠠᠤᠯᠢ ᠪᠠᠷ ᠵᠠᠰᠠᠬᠤ ᠠᠷᠭ᠎ᠠ ᠪᠠᠷᠢᠯ ᠢ ᠬᠡᠷᠡᠭᠯᠡᠨ ᠥᠭᠡᠷᠡᠴᠢᠯᠡᠯᠲᠡ ᠶᠢ | ᠪᠠᠲᠤᠯᠠᠬᠤ ᠶᠢ ᠪᠠᠷᠢᠮᠲᠠᠯᠠᠵᠤ᠂ ᠨᠢᠳᠤᠨᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠴᠢᠳᠠᠪᠤᠷᠢᠲᠠᠨ ᠤ ᠬᠥᠭᠵᠢᠯᠲᠡ ᠶᠢ ᠠᠬᠢᠭᠤᠯᠬᠤ ᠳᠦᠷᠢᠮ︾ ᠢ ᠨᠡᠶᠢᠲᠡᠯᠡᠬᠦ ᠶᠢ ᠠᠬᠢᠭᠤᠯᠵᠤ᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢ ᠠᠬᠢᠭᠤᠯᠬᠤ ᠳᠦᠷᠢᠮ︾ ᠳᠤ ᠵᠠᠰᠠᠪᠤᠷᠢ | ᠣᠷᠣᠭᠤᠯᠤᠭᠰᠠᠨ ᠤ ᠰᠠᠭᠤᠷᠢᠨ ᠳᠡᠭᠡᠷ᠎ᠡ᠂ ᠡᠨᠡ ᠵᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠳᠤ ᠬᠠᠮᠵᠢᠯᠴᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠵᠢᠯ ᠠᠯᠳᠠᠯᠲᠠ ᠶᠢᠨ ᠳᠠᠭᠠᠳᠬᠠᠯ ᠤᠨ ᠬᠡᠷᠡᠭᠵᠢᠭᠦᠯᠬᠦ ᠠᠷᠭ᠎ᠠ︾ ᠳᠤ ᠵᠠᠰᠠᠪᠤᠷᠢ ᠣᠷᠣᠭᠤᠯᠬᠤ ᠶᠢᠨ ᠬᠠᠮᠲᠤ | ᠤᠷᠤᠭᠰᠢᠲᠠᠢ ᠬᠡᠷᠡᠭᠵᠢᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠯᠥᠰᠦᠨ | ᠲᠠᠷᠢᠶᠠᠴᠢᠨ ᠤ ᠴᠠᠯᠢᠩ ᠥᠭᠬᠦ ᠶᠢ ᠪᠠᠲᠤᠯᠠᠬᠤ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ︿ᠪᠦᠷᠢᠨ ᠴᠢᠳᠠᠮᠵᠢᠲᠤ ᠺᠠᠷᠲ﹀ ᠤᠨ ᠳᠦᠷᠢᠮ︾ ᠤᠨ ᠬᠠᠤᠯᠢ | ᠲᠣᠭᠲᠠᠭᠠᠬᠤ ᠪᠠᠶᠢᠴᠠᠭᠠᠨ ᠰᠤᠳᠤᠯᠤᠯᠲᠠ ᠶᠢ ᠬᠠᠮᠵᠢᠯᠴᠠᠨ ᠥᠷᠨᠢᠭᠦᠯᠵᠦ᠂ ᠬᠥᠮᠥᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠤᠨ ᠬᠠᠤᠯᠢ ᠪᠠᠷ ᠵᠠᠰᠠᠬᠤ ᠲᠦᠪᠰᠢᠨ ᠢ ᠬᠦᠴᠦᠯᠡᠨ ᠳᠡᠭᠡᠭᠰᠢᠯᠡᠭᠦᠯᠪᠡ᠃ | ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ᠂ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ | ᠶᠠᠪᠤᠳᠠᠯ ᠤᠨ ᠬᠠᠮᠢᠶᠠᠷᠤᠯᠲᠠ᠂ ᠭᠦᠳᠡᠯᠮᠦᠷᠢ ᠬᠦᠴᠦ ᠬᠡᠷᠡᠭᠯᠡᠬᠦ᠂ ᠨᠡᠶᠢᠭᠡᠮ ᠤᠨ ᠳᠠᠭᠠᠳᠬᠠᠯ ᠤᠨ ᠬᠠᠷᠠᠭᠠᠯᠵᠠᠯ | ᠭᠤᠶᠤᠴᠢᠯᠠᠨ ᠠᠪᠬᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠪᠠ ᠵᠡᠷᠭᠡ ᠳᠡᠰ ᠤᠨ ᠦᠨᠡᠯᠡᠯᠲᠡ | ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠵᠡᠷᠭᠡ 6 ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ | ᠲᠤᠰᠬᠠᠢ ᠠᠵᠢᠯᠯᠠᠭ᠎ᠠ ᠶᠢ ᠪᠠᠶᠢᠷᠢᠯᠠᠭᠤᠯᠤᠨ ᠬᠡᠷᠡᠭᠵᠢᠭᠦᠯᠵᠦ᠂ 152 ᠣᠯᠠᠨ ᠨᠡᠶᠢᠲᠡ ᠶᠢᠨ ᠦᠨᠳᠦᠰᠦᠨ | ᠦᠢᠯᠡᠴᠢᠯᠡᠭᠡᠨ ᠤ ᠵᠦᠢᠯᠡᠰ ᠤᠨ ᠪᠠᠷᠢᠮᠵᠢᠶ᠎ᠠ ᠶᠢ ᠲᠣᠭᠲᠠᠭᠠᠨ᠂ ᠬᠠᠮᠲᠤᠷᠠᠨ ᠵᠠᠯᠬᠠᠭᠠᠨ ᠴᠡᠭᠡᠷᠯᠡᠭᠦᠯᠬᠦ ᠢᠲᠡᠭᠡᠮᠵᠢ ᠪᠠᠨ | ᠠᠯᠳᠠᠭᠰᠠᠨ 19 ᠠᠵᠤ ᠠᠬᠤᠶᠢᠯᠠᠯ᠂ ᠢᠲᠡᠭᠡᠮᠵᠢ ᠪᠠᠨ ᠠᠯᠳᠠᠭᠰᠠᠨ ᠲᠣᠪᠣᠶᠢᠮ᠎ᠠ ᠠᠰᠠᠭᠤᠳᠠᠯ ᠲᠠᠢ 10 ᠨᠡᠶᠢᠲᠡᠯᠢᠭ | ᠬᠡᠷᠡᠭ ᠤᠨ ᠵᠢᠱᠢᠶ᠎ᠡ ᠶᠢ ᠨᠡᠶᠢᠲᠡᠯᠡᠵᠦ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠬᠦᠷᠢᠶᠡᠨ ᠳᠠᠬᠢ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠲᠠᠰᠤᠷᠠᠯᠲᠠ ᠦᠭᠡᠢ | ᠰᠢᠯᠢᠳᠡᠭᠵᠢᠭᠦᠯᠪᠡ᠃ ᠪᠢᠳᠡ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠬᠦᠷᠢᠶᠡᠨ ᠳᠠᠬᠢ ᠴᠢᠬᠤᠯᠠ ᠶᠡᠭᠡ ᠥᠭᠡᠷᠡᠴᠢᠯᠡᠯᠲᠡ ᠶᠢᠨ ᠡᠭᠦᠷᠭᠡ ᠪᠠ ᠭᠤᠣᠯᠳᠠᠯᠭ᠎ᠠ ᠲᠠᠢ ᠠᠵᠢᠯ ᠤᠨ | ᠨᠠᠶᠢᠳᠠᠪᠤᠷᠢᠵᠢᠭᠤᠯᠤᠯᠲᠠ ᠳᠤ ᠦᠢᠯᠡᠴᠢᠯᠡᠬᠦ ᠪᠠ ᠪᠠᠲᠤᠯᠠᠭ᠎ᠠ ᠬᠠᠩᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ | ᠠᠵᠢᠯ ᠶᠠᠪᠤᠳᠠᠯ ᠭᠦᠢᠴᠡᠳᠬᠡᠬᠦ ᠳᠤ ᠬᠠᠤᠯᠢ ᠶᠢ ᠵᠢᠷᠤᠮᠯᠠᠬᠤ᠂ ᠤᠴᠢᠷ ᠶᠠᠪᠤᠳᠠᠯ ᠲᠤᠯᠭᠠᠷᠠᠪᠠᠯ ᠬᠠᠤᠯᠢ ᠶᠢ ᠡᠷᠢᠬᠦ᠂ | ᠠᠰᠠᠭᠤᠳᠠᠯ ᠢ ᠰᠢᠢᠳᠪᠦᠷᠢᠯᠡᠬᠦ ᠳᠤ ᠬᠠᠤᠯᠢ ᠶᠢ ᠬᠡᠷᠡᠭᠯᠡᠬᠦ᠂ ᠵᠥᠷᠢᠴᠡᠯ ᠢ ᠰᠢᠢᠳᠪᠦᠷᠢᠯᠡᠬᠦ ᠳᠤ ᠬᠠᠤᠯᠢ ᠳᠤ | ᠲᠦᠰᠢᠭᠯᠡᠬᠦ ᠶᠢ ᠪᠡᠶᠡᠯᠡᠭᠦᠯᠵᠦ᠂ ᠬᠠᠤᠯᠢ ᠪᠠᠷ ᠵᠠᠰᠠᠬᠤ ᠵᠠᠮ ᠳᠤ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠴᠢᠷᠮᠠᠶᠢᠨ ᠠᠬᠢᠭᠤᠯᠤᠨ᠎ᠠ᠃ | |