ᠵᠠᠪᠠᠯ ᠢᠯᠠᠬᠤ ᠢᠲᠡᠭᠡᠯ ᠵᠣᠷᠢᠭ ᠢᠶᠠᠨ ᠪᠠᠲᠤᠳᠬᠠᠵᠤ ᠡᠯ᠎ᠡ ᠲᠠᠯ᠎ᠠ ᠶᠢᠨ ᠢᠳᠡᠪᠬᠢ ᠬᠦᠴᠦᠨ ᠵᠦᠢᠯ ᠢ ᠬᠥᠭᠵᠢᠯᠲᠡ ᠶᠢᠨ ᠪᠣᠳᠠᠲᠤ ᠠᠮᠵᠢᠯᠲᠠ ᠪᠦᠲᠦᠮᠵᠢ ᠪᠣᠯᠭᠠᠨ ᠬᠤᠪᠢᠷᠠᠭᠤᠯᠰᠤᠭᠠᠢ
ᠨᠡᠶᠢᠲᠡᠯᠡᠭᠰᠡᠨ ᠴᠠᠭ᠄
2024/12/31
                        - ᠲᠥᠪ ᠤᠨ ᠠᠵᠤ  ᠠᠬᠤᠢ ᠶᠢᠨ  ᠠᠵᠢᠯ ᠤᠨ ᠬᠤᠷᠠᠯ ᠤᠨ  ᠵᠣᠷᠢᠭ                                  ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠬᠠᠢ ᠥᠭᠦᠯᠡᠬᠦ ᠨᠢ                     ᠠᠷᠠᠳ ᠤᠨ ᠡᠳᠦᠷ ᠤᠨ ᠰᠣᠨᠢᠨ ᠤ ᠰᠢᠭᠦᠮᠵᠢᠯᠡᠭᠴᠢ           12 ᠰᠠᠷ᠎ᠠ ᠶᠢᠨ 11 - 12 ᠤᠨ ᠡᠳᠦᠷ ᠪᠤᠯᠲᠠᠯ᠎ᠠ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠪᠡᠭᠡᠵᠢᠩ ᠳᠤ ᠬᠤᠷᠠᠯᠳᠤᠪᠠ᠃ ᠶᠡᠷᠦᠩᠬᠡᠢ ᠱᠦᠵᠢ ᠰᠢ ᠶᠢᠨ ᠫᠢᠩ ᠬᠤᠷᠠᠯ ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠨ᠂ ᠢᠷᠡᠬᠦ ᠵᠢᠯ ᠤᠨ ᠠᠵᠤ ᠠᠬᠤᠢ ᠶᠢᠨ ᠠᠵᠢᠯ ᠳᠤ ᠰᠢᠰᠲ᠋ᠧᠮ ᠲᠠᠢ ᠪᠠᠶᠢᠷᠢᠯᠠᠭᠤᠯᠤᠯᠲᠠ ᠬᠢᠵᠦ᠂ ᠪᠢᠳᠡᠨ ᠤ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ ᠴᠢᠬᠤᠯᠠ ᠵᠢᠷᠤᠮᠯᠠᠯ ᠬᠠᠩᠭᠠᠪᠠ᠃     ᠨᠢᠭᠡ ᠵᠢᠯ ᠤᠨ ᠲᠤᠷᠰᠢ᠂ ᠮᠠᠨ ᠤ ᠬᠥᠭᠵᠢᠯᠲᠡ ᠶᠢᠨ ᠶᠠᠪᠤᠴᠠ ᠮᠠᠰᠢ ᠶᠡᠷᠦ ᠪᠤᠰᠤ ᠶᠢᠨ ᠪᠠᠶᠢᠵᠤ᠂ ᠭᠠᠳᠠᠭᠠᠳᠤ ᠣᠷᠴᠢᠨ ᠤ ᠳᠠᠷᠤᠯᠲᠠ ᠶᠡᠭᠡᠳᠤᠨ᠂ ᠳᠣᠲᠣᠭᠠᠳᠤ ᠶᠢᠨ ᠬᠦᠴᠢᠷᠳᠡᠯ ᠨᠡᠮᠡᠭᠳᠡᠵᠦ ᠪᠠᠶᠢᠭ᠎ᠠ ᠨᠠᠷᠢᠨ ᠪᠤᠳᠤᠯᠢᠶᠠᠨᠲᠠᠢ ᠬᠦᠨᠳᠦ ᠨᠣᠴᠢᠲᠠᠢ ᠪᠠᠶᠢᠳᠠᠯ ᠤᠨ ᠡᠮᠦᠨ᠎ᠡ᠂ ᠮᠠᠨ ᠤ ᠤᠯᠤᠰ ᠤᠨ ᠠᠵᠤ ᠠᠬᠤᠢ ᠶᠢᠨ ᠡᠷᠭᠢᠯᠲᠡ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠵᠤ᠂ ᠣᠯᠣᠭᠰᠠᠨ ᠠᠮᠵᠢᠯᠲᠠ ᠪᠦᠳᠦᠮᠵᠢ ᠭᠢᠯᠪᠠᠷ ᠪᠤᠰᠤ ᠪᠠᠷ ᠢᠷᠡᠭᠰᠡᠨ ᠪᠥᠭᠡᠳ ᠬᠥᠮᠥᠰ ᠤᠨ ᠤᠷᠮ᠎ᠠ ᠵᠣᠷᠢᠭ ᠢ ᠬᠥᠭᠵᠢᠭᠡᠭᠰᠡᠨ  ᠶᠤᠮ᠃     ᠬᠤᠷᠠᠮᠠᠯ ᠴᠠᠭᠢᠯᠭᠠᠨ ᠬᠡᠯᠬᠢᠶ᠎ᠡ᠂ ᠵᠣᠬᠢᠶᠠᠮᠠᠯ ᠤᠶᠤᠨ ᠴᠢᠳᠠᠪᠤᠷᠢ᠂ ᠺᠸᠠᠨ᠋ᠲ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠯ᠎ᠠ ᠪᠠᠷ ᠴᠢᠬᠤᠯᠠ ᠠᠬᠢᠴᠠ ᠲᠠᠢ ᠪᠣᠯᠤᠭᠰᠠᠨ ᠠᠴᠠ ᠤᠯᠠᠮᠵᠢᠯᠠᠯᠲᠤ ᠠᠵᠤ ᠦᠢᠯᠡᠰ ᠤᠨ ᠣᠶᠤᠨᠴᠢᠯᠠᠭᠰᠠᠨ ᠥᠭᠡᠷᠡᠴᠢᠯᠡᠯᠲᠡ ᠪᠠ ᠲᠣᠭᠠᠴᠢᠯᠠᠯᠲᠠ ᠲᠡᠶᠢᠰᠢ ᠭᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠦᠷᠭᠦᠯᠵᠢᠯᠡᠨ ᠠᠬᠢᠭᠤᠯᠬᠤ ᠭᠦᠷᠲᠡᠯ᠎ᠡ᠂ ᠲᠠᠭᠢᠭᠠᠳ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠢᠯ ᠤᠨ ᠦᠢᠯᠡᠳᠪᠦᠷᠢᠯᠡᠯ ᠤᠨ ᠬᠡᠮᠵᠢᠶ᠎ᠡ ᠠᠩᠬ᠎ᠠ ᠤᠳᠠᠭ᠎ᠠ 1000 ᠲᠦᠮᠡ ᠶᠢ ᠳᠠᠪᠠᠵᠤ᠂ ᠠᠮᠤ ᠪᠤᠳᠠᠭᠠᠨ ᠤ ᠤᠨᠠᠯᠳᠠ ᠠᠩᠬ᠎ᠠ ᠤᠳᠠᠭ᠎ᠠ 1.4 ᠲᠦᠮᠡᠨ ᠳ᠋ᠦᠩᠰᠢᠭᠤᠷ ᠵᠢᠩ ᠢ ᠳᠠᠪᠠᠭᠰᠠᠨ ᠭᠦᠷᠲᠡᠯ᠎ᠡ ᠁ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠲᠤᠯᠭᠠᠭᠤᠷᠢᠯᠠᠯ ᠬᠠᠩᠭᠠᠵᠤ᠂ ᠪᠦᠭᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠤᠷᠤᠭᠰᠢᠲᠠᠢ ᠪᠡᠶᠡᠯᠡᠭᠳᠡᠬᠦ ᠪᠣᠯᠣᠨ᠎ᠠ᠃ ᠪᠦᠭᠦ ᠪᠥᠮᠪᠥᠷᠴᠡᠭ ᠢ ᠪᠠᠷᠠᠯᠠᠬᠤᠶ᠎ᠠ᠂ ᠮᠠᠨ ᠤ ᠤᠯᠤᠰ ᠮᠥᠨ ᠬᠦ  ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠤᠨ ᠴᠢᠬᠤᠯᠠ ᠬᠥᠳᠡᠯᠭᠡᠭᠦᠷ ᠪᠣᠯᠵᠤ᠂ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠳᠤ ᠨᠡᠩ ᠤᠯᠠᠨ ᠬᠥᠳᠡᠯᠭᠡᠬᠦ ᠬᠦᠴᠦᠨ ᠪᠠ ᠲᠣᠭᠲᠠᠪᠤᠷᠢᠲᠤ ᠴᠢᠨᠠᠷ ᠨᠡᠮᠡᠷᠢᠯᠡᠵᠦ ᠪᠠᠶᠢᠨ᠎ᠠ᠃       ᠢᠯᠠᠩᠭᠤᠶ᠎ᠠ ᠬᠤᠶᠠᠳᠤᠭᠠᠷ ᠭᠤᠷᠪᠠᠳᠤᠭᠠᠷ ᠤᠯᠠᠷᠢᠯ ᠳᠤ ᠠᠵᠤ ᠠᠬᠤᠢ ᠮᠠᠭᠤᠲᠠᠬᠤ ᠳᠠᠷᠤᠯᠲᠠ ᠨᠡᠮᠡᠭᠳᠡᠵᠦ᠂ ᠭᠤᠣᠯ ᠪᠤᠯᠬᠤ ᠠᠵᠤ ᠠᠬᠤᠢ ᠶᠢᠨ ᠵᠢᠭᠠᠯᠲᠠ ᠲᠤᠭ᠎ᠠ ᠶᠢᠨ ᠨᠡᠮᠡᠭᠳᠡᠯ ᠤᠨ ᠬᠤᠷᠳᠤᠴᠠ ᠪᠠᠭᠤᠷᠠᠭᠰᠠᠨ ᠪᠠᠶᠢᠳᠠᠯ ᠤᠨ ᠡᠮᠦᠨ᠎ᠡ᠂ 9 ᠰᠠᠷ᠎ᠠ ᠶᠢᠨ 26 ᠤ ᠡᠳᠦᠷ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶᠠᠨ ᠤ ᠬᠤᠷᠠᠯ ᠠᠴᠠ ᠠᠯᠢ ᠣᠯᠠᠨ ᠨᠡᠮᠡᠭᠳᠡᠯ ᠤᠨ ᠲᠥᠷᠥ ᠶᠢᠨ ᠪᠣᠳᠣᠯᠭ᠎ᠠ ᠶᠢ ᠡᠷᠡᠰ ᠰᠢᠭᠤᠷᠬᠠᠢ ᠪᠠᠷ ᠪᠠᠶᠢᠷᠢᠯᠠᠭᠤᠯᠵᠤ᠂ ᠨᠡᠶᠢᠭᠡᠮ ᠤᠨ ᠢᠲᠡᠭᠡᠯ ᠵᠣᠷᠢᠭ ᠢ ᠪᠦᠲᠦᠮᠵᠢᠲᠡᠶ ᠪᠠᠳᠠᠷᠠᠭᠤᠯᠤᠨ᠂ ᠠᠵᠤ ᠠᠬᠤᠢ ᠶᠢ ᠢᠯᠡᠳᠲᠡ ᠳᠡᠭᠡᠭᠰᠢᠯᠡᠭᠦᠯᠦᠭᠰᠡᠨ ᠨᠢ ᠪᠦᠭᠦ ᠵᠢᠯ ᠤᠨ ᠬᠠᠷᠠᠯᠲᠠ ᠶᠢᠨ ᠪᠡᠶᠡᠯᠡᠭᠳᠡᠬᠦ ᠶᠢ ᠠᠬᠢᠭᠤᠯᠤᠭᠰᠠᠨ ᠮᠥᠷᠲᠡᠭᠡᠨ ᠢᠷᠡᠬᠦ ᠵᠢᠯ ᠤᠨ ᠠᠵᠤ ᠠᠬᠤᠢ ᠶᠢᠨ ᠬᠥᠭᠵᠢᠯᠲᠡ ᠳᠤ ᠴᠦ ᠰᠠᠶᠢᠨ ᠰᠠᠶᠢᠬᠠᠨ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃ ᠡᠨᠡ ᠨᠢ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠰᠤᠳᠤᠯᠤᠨ ᠮᠠᠭᠠᠳᠯᠠᠯᠲᠠ ᠨᠢ ᠵᠥᠪ ᠣᠨᠣᠪᠴᠢᠲᠠᠢ᠂ ᠰᠢᠢᠳᠪᠦᠷᠢᠲᠦ ᠪᠣᠳᠣᠯᠭ᠎ᠠ ᠨᠢ ᠡᠷᠡᠰ ᠰᠢᠭᠤᠷᠬᠠᠢ᠂ ᠪᠠᠶᠢᠷᠢᠯᠠᠭᠤᠯᠤᠯᠲᠠ ᠨᠢ ᠴᠢᠩᠭ᠎ᠠ ᠬᠦᠴᠦᠲᠡᠢ᠂ ᠠᠷᠭ᠎ᠠ ᠬᠡᠮᠵᠢᠶ᠎ᠡ ᠨᠢ ᠪᠦᠲᠦᠮᠵᠢᠲᠡᠢ ᠪᠠᠶᠢᠬᠤ ᠶᠢ ᠭᠦᠢᠴᠡᠳ ᠭᠡᠷᠡᠴᠢᠯᠡᠵᠦ᠂ ᠮᠠᠨ ᠤ ᠨᠠᠮ ᠤᠨ ᠪᠠᠶᠢᠳᠠᠯ ᠤᠨ ᠬᠤᠪᠢᠷᠠᠯᠲᠠ ᠶᠢ ᠦᠨᠳᠦᠰᠦᠯᠡᠨ ᠴᠠᠭ ᠲᠤᠬᠠᠢ ᠳᠤᠨᠢ ᠰᠢᠨᠵᠢᠯᠡᠬᠦ ᠤᠬᠠᠭᠠᠨᠴᠢ ᠪᠥᠭᠡᠳ ᠤᠨᠢᠨ ᠳᠡᠭᠡᠷ᠎ᠡ ᠨᠢ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠨᠡᠩ ᠢᠯᠡᠭᠦᠦ ᠴᠢᠬᠤᠯᠠᠴᠢᠯᠠᠨ᠂ ᠲᠦᠷᠦ ᠶᠢᠨ ᠪᠣᠳᠣᠯᠭ᠎ᠠ ᠶᠢᠨ ᠬᠠᠮᠵᠢᠯᠴᠠᠨ ᠬᠤᠯᠪᠣᠯᠳᠤᠨ ᠬᠥᠳᠡᠯᠦᠯᠴᠡᠬᠦ ᠶᠢ ᠨᠡᠩ ᠢᠯᠡᠭᠦᠦ ᠴᠢᠬᠤᠯᠠᠴᠢᠯᠠᠵᠤ᠂ ᠲᠦᠷᠦ ᠶᠢᠨ ᠪᠣᠳᠣᠯᠭ᠎ᠠ ᠶᠢᠨ ︽ᠬᠠᠮ ᠠᠷᠭ᠎ᠠ ᠬᠡᠮᠵᠢᠶ᠎ᠡ︾ ᠪᠦᠷᠢᠯᠳᠦᠭᠦᠯᠵᠦ ᠲᠥᠪᠯᠡᠷᠡᠭᠦᠯᠦᠨ ᠬᠦᠴᠦᠯᠡᠵᠦ ᠪᠠᠶᠢᠬᠤ ᠶᠢ ᠬᠠᠷᠠᠭᠤᠯᠵᠤ ᠪᠠᠶᠢᠨ᠎ᠠ᠃ ᠲᠡᠦᠬᠡ ᠶᠢᠨ ᠠᠬᠢᠴᠠ ᠠᠴᠠ ᠦᠵᠡᠪᠡᠯ᠂ ᠡᠨᠡ ᠤᠳᠠᠭ᠎ᠠ ᠶᠢᠨ ᠬᠤᠷᠠᠯ ᠨᠢ ᠬᠥᠰᠢᠶ᠎ᠡ ᠲᠡᠮᠳᠡᠭ ᠤᠨ ᠠᠴᠢ ᠬᠤᠯᠪᠣᠭᠳᠠᠯ ᠲᠠᠢ ᠶᠤᠮ᠃      ︽ᠪᠠᠷᠠᠭᠠᠨ ᠡᠭᠦᠯᠡᠰ ᠬᠤᠶᠢᠯᠠᠷᠠᠨ ᠥᠩᠭᠡᠷᠡᠪᠡᠴᠦ ᠯᠠᠪᠳᠠᠭᠤᠨ ᠲᠠᠯᠪᠢᠭᠤ ᠪᠠᠶᠢᠮᠤᠢ︾᠃ ᠨᠢᠭᠡ ᠵᠢᠯ ᠤᠨ ᠲᠤᠷᠰᠢᠬᠢ ᠬᠥᠭᠵᠢᠯᠲᠡ ᠶᠢᠨ ᠠᠮᠵᠢᠯᠲᠠ ᠪᠦᠲᠦᠮᠵᠢ ᠨᠢ ᠨᠠᠮ ᠤᠨ ᠲᠥᠪ ᠬᠤᠷᠢᠶ᠎ᠠ ᠶᠢᠨ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠭᠦᠢᠴᠡᠳ ᠢᠯᠡᠷᠡᠭᠦᠯᠵᠦ᠂ ᠨᠠᠮ ᠤᠨ ᠲᠥᠪ ᠬᠤᠷᠢᠶ᠎ᠠ ᠶᠢᠨ ᠨᠠᠷᠢᠨ ᠪᠤᠳᠤᠯᠢᠶᠠᠨᠲᠠᠢ ᠬᠤᠪᠢᠷᠠᠯᠲᠠ ᠶᠡᠬᠡᠲᠡᠢ ᠪᠠᠶᠢᠳᠠᠯ ᠳᠣᠣᠷ᠎ᠠ ᠠᠵᠤ ᠠᠬᠤᠢ ᠶᠢᠨ ᠠᠵᠢᠯ ᠢ ᠡᠵᠡᠮᠳᠡᠬᠦ ᠤᠶᠤᠨ ᠤᠬᠠᠭᠠᠨ ᠪᠠ ᠴᠢᠳᠠᠪᠤᠷᠢ ᠶᠢ ᠭᠦᠢᠴᠡᠳ ᠢᠯᠡᠷᠡᠭᠦᠯᠵᠡᠢ᠃ ᠡᠨᠡ ᠤᠳᠠᠭ᠎ᠠ ᠶᠢᠨ ᠬᠤᠷᠠᠯ ᠳᠤ᠄ ︽ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠪᠣᠯ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠶᠢᠨ ᠦᠨᠳᠦᠰᠦᠨ ᠪᠠᠲᠤᠯᠠᠭ᠎ᠠ ᠮᠥᠨ᠂ ᠵᠠᠩᠭᠢᠯᠠᠭ᠎ᠠ ᠶᠢᠨ ᠴᠠᠭ ᠮᠥᠴᠡ᠂ ᠴᠢᠬᠤᠯᠠ ᠭᠤᠭᠴᠤᠭ᠎ᠠ ᠳᠤ᠂ ᠨᠠᠮ ᠤᠨ ᠲᠥᠪ ᠬᠤᠷᠢᠶ᠎ᠠ ᠴᠠᠭ ᠲᠤᠬᠠᠢ ᠳᠤᠨᠢ ᠪᠠᠶᠢᠳᠠᠯ ᠢ ᠰᠤᠳᠤᠯᠤᠨ ᠮᠠᠭᠠᠳᠯᠠᠵᠤ᠂ ᠰᠢᠢᠳᠪᠦᠷᠢ ᠪᠠᠶᠢᠷᠢᠯᠠᠭᠤᠯᠤᠯᠲᠠ ᠬᠢᠵᠦ᠂ ᠮᠠᠨ ᠤ ᠤᠯᠤᠰ ᠤᠨ ᠠᠵᠤ ᠠᠬᠤᠢ ᠶᠢᠨ ᠬᠥᠯᠭᠡ ᠣᠩᠭᠤᠴᠠ ᠶᠢᠨ ᠰᠠᠯᠬᠢ ᠬᠥᠯᠭᠡᠯᠡᠨ ᠳᠠᠪᠠᠯᠭᠠᠨ ᠢ ᠵᠦᠰᠦᠨ ᠯᠠᠪᠳᠠᠭᠤᠨ ᠢᠶᠠᠷ ᠬᠤᠯᠠ ᠠᠶᠠᠯᠠᠬᠤ ᠶᠢ ᠪᠠᠲᠤᠯᠠᠭᠰᠠᠨ ᠪᠠᠶᠢᠨ᠎ᠠ︾ ᠭᠡᠵᠦ ᠵᠢᠭᠠᠵᠤ ᠭᠠᠷᠭᠠᠪᠠ᠃ ᠡᠨᠡ ᠪᠣᠯ ᠰᠢᠨ᠎ᠡ ᠴᠠᠭ ᠦᠶ᠎ᠡ ᠠᠴᠠ ᠨᠠᠭᠠᠰᠢᠬᠢ ᠨᠠᠮ ᠤᠨ ᠠᠵᠤ ᠠᠬᠤᠢ ᠶᠢᠨ ᠠᠵᠢᠯ ᠢ ᠤᠳᠤᠷᠢᠳᠤᠭᠰᠠᠨ ᠦᠢᠯᠡᠳᠦᠯᠭᠡ ᠶᠢᠨ ᠲᠤᠬᠠᠢ ᠰᠣᠳᠣ ᠮᠡᠷᠭᠡᠨ ᠬᠤᠷᠢᠶᠠᠩᠭᠤᠶᠢᠯᠠᠯ ᠮᠥᠨ᠂ ᠪᠦᠭᠦ ᠤᠯᠤᠰ ᠤᠨ ᠳᠡᠭᠡᠷ᠎ᠡ ᠳᠣᠣᠷ᠎ᠠ ᠱᠠᠲᠤ ᠶᠢᠨ ᠳᠡᠭᠡᠳᠦ ᠬᠡᠮᠵᠢᠶᠡᠨ ᠤ ᠬᠠᠮᠲᠤ ᠶᠢᠨ ᠲᠠᠨᠢᠯᠲᠠ ᠮᠥᠨ᠃     ᠡᠨᠡ ᠤᠳᠠᠭ᠎ᠠ ᠶᠢᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠶᠡᠭᠡ ᠬᠡᠮᠵᠢᠶᠡᠨ ᠤ ᠲᠦᠷᠦ ᠶᠢᠨ ᠪᠣᠳᠣᠯᠭ᠎ᠠ ᠶᠢᠨ ᠰᠠᠶᠢᠨ ᠲᠠᠯ᠎ᠠ ᠶᠢ ᠢᠯᠡᠷᠡᠭᠦᠯᠦᠨ᠂ ᠨᠡᠶᠢᠭᠡᠮ ᠤᠨ ᠵᠢᠱᠢᠯᠲᠡ ᠶᠢ ᠬᠦᠴᠦᠲᠡᠢ ᠲᠣᠭᠲᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠢᠲᠡᠭᠡᠯ ᠵᠣᠷᠢᠭ ᠢ ᠨᠡᠮᠡᠭᠳᠡᠭᠦᠯᠪᠡ᠃ ᠡᠳ᠋ ᠤᠨ ᠵᠠᠰᠠᠭ ᠤᠨ ᠨᠠᠩ ᠢᠳᠡᠪᠬᠢᠲᠡᠢ ᠲᠥᠷᠥ ᠶᠢᠨ ᠪᠣᠳᠣᠯᠭ᠎ᠠ ᠶᠢ ᠠᠩᠬ᠎ᠠ ᠤᠳᠠᠭ᠎ᠠ ᠳᠤᠷᠠᠳᠴᠤ᠂ ︽ᠬᠤᠶᠠᠷ ᠢ ᠴᠢᠬᠤᠯᠠ︾ ᠲᠥᠷᠥᠯ ᠵᠦᠢᠯ ᠪᠠ ︽ᠬᠤᠶᠠᠷ ᠰᠢᠨᠡᠳᠬᠡᠬᠦ︾ ᠲᠤᠬᠠᠢ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢ ᠦᠷᠭᠦᠯᠵᠢᠯᠡᠨ ᠳᠡᠮᠵᠢᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠬᠡᠷᠡᠭᠯᠡᠭᠡ ᠶᠢ ᠠᠬᠢᠭᠤᠯᠬᠤ᠂ ᠰᠡᠯᠭᠦᠬᠦ ᠬᠦᠴᠦᠨ ᠢ ᠨᠡᠮᠡᠭᠳᠡᠭᠦᠯᠬᠦ ᠶᠢ ᠨᠠᠩ ᠴᠢᠬᠤᠯᠠᠴᠢᠯᠠᠵᠤ ᠪᠠᠶᠢᠭᠰᠠᠨ ᠠᠴᠠ ᠠᠷᠪᠠᠨ ᠳᠥᠷᠪᠡᠨ ᠵᠢᠯ ᠤᠨ ᠲᠤᠷᠰᠢ ᠠᠩᠬ᠎ᠠ ᠤᠳᠠᠭ᠎ᠠ ᠵᠣᠬᠢᠰᠲᠠᠢ ᠰᠤᠯᠠ ᠴᠢᠯᠦᠭᠡᠲᠡᠢ ᠵᠣᠭᠤᠰᠤᠨ ᠤ ᠲᠥᠷᠥ ᠶᠢᠨ ᠪᠣᠳᠣᠯᠭ᠎ᠠ ᠪᠣᠯᠭᠠᠨ ᠬᠤᠪᠢᠷᠠᠭᠤᠯᠵᠤ᠂ ᠪᠣᠳᠠᠲᠤ ᠴᠣᠭᠴᠠ ᠶᠢᠨ ᠠᠵᠤ ᠠᠬᠤᠢ ᠶᠢ ᠳᠡᠮᠵᠢᠬᠦ ᠪᠦᠬᠦᠯᠢ ᠴᠣᠭᠴᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠪᠡ;ᠭᠡᠷᠡᠭᠯᠡᠭᠡ ᠶᠢ ᠶᠡᠭᠡ ᠪᠠᠷ ᠬᠥᠭᠵᠢᠭᠡᠬᠦ᠂ ᠳᠤᠮᠳᠠ ᠳᠣᠣᠷ᠎ᠠ ᠣᠷᠣᠯᠭ᠎ᠠ ᠲᠠᠢ ᠬᠥᠮᠥᠰ ᠤᠨ ᠣᠷᠣᠯᠭ᠎ᠠ ᠶᠢ ᠨᠡᠮᠡᠭᠳᠡᠭᠦᠯᠦᠨ ᠳᠠᠷᠤᠭᠠᠰᠤ ᠶᠢ ᠬᠥᠩᠭᠡᠷᠡᠭᠦᠯᠬᠦ ᠶᠢ ᠠᠬᠢᠭᠤᠯᠬᠤ᠂ ᠨᠡᠶᠢᠭᠡᠮ ᠤᠨ ᠬᠥᠷᠥᠩᠭᠡ ᠶᠢ ᠨᠠᠩ ᠶᠡᠭᠡ ᠡᠷᠴᠢᠮ ᠢᠶᠠᠷ ᠲᠠᠲᠠᠵᠤ ᠦᠢᠯᠡᠰ ᠪᠣᠰᠬᠠᠵᠤ ᠪᠡᠯᠡ ᠣᠷᠣᠭᠤᠯᠬᠤ ᠳᠤ ᠣᠷᠣᠯᠴᠠᠭᠤᠯᠬᠤ ᠠᠴᠠ ᠳᠤᠮᠳᠠ ᠣᠷᠳᠣ ᠬᠤᠭᠤᠴᠠᠭᠠᠨ ᠤ ᠪᠡᠯᠡ ᠮᠥᠩᠭᠦ ᠶᠢᠨ ᠵᠠᠬ᠎ᠠ ᠳᠡᠯᠭᠡᠭᠦᠷ ᠲᠤ ᠣᠷᠣᠬᠤ ᠬᠤᠷᠢᠭ᠎ᠠ ᠲᠦᠭᠵᠢᠷᠡᠯ ᠢ ᠨᠡᠪᠲᠡᠷᠡᠭᠦᠯᠬᠦ ᠭᠦᠷᠲᠡᠯ᠎ᠡ᠂ ᠤᠶᠠᠨ ᠴᠢᠨᠠᠷᠲᠠᠢ ᠪᠠ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠶᠢᠨ ᠳᠠᠯᠳᠠ ᠬᠦᠴᠦᠨ ᠢ ᠭᠦᠢᠴᠡᠳ ᠪᠠᠳᠠᠷᠠᠭᠤᠯᠵᠤ ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠣᠯᠳᠠᠯᠭ᠎ᠠ ᠲᠠᠢ ᠠᠵᠢᠯ ᠲᠥᠷᠥᠯ᠂ ᠬᠤᠲᠠ ᠬᠥᠳᠡᠭᠡ ᠶᠢᠨ ᠦᠨᠳᠦᠰᠦᠨ ᠱᠠᠲᠤ ᠪᠠ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠠᠵᠢᠯ ᠣᠯᠭᠤᠯᠲᠠ ᠶᠢ ᠳᠡᠮᠵᠢᠬᠦ ᠲᠥᠯᠥᠪᠯᠡᠭᠡ ᠶᠢ ᠬᠡᠷᠡᠭᠵᠢᠭᠦᠯᠬᠦ ᠭᠦᠷᠲᠡᠯ᠎ᠡ ᠁ ᠲᠥᠷᠥ ᠶᠢᠨ ᠪᠣᠳᠣᠯᠭ᠎ᠠ ᠶᠢᠨ ᠬᠠᠨᠳᠤᠰᠢ ᠭᠡᠰᠡᠨ ᠦᠭᠡᠢ᠂ ᠭᠤᠣᠯᠳᠠᠯᠭ᠎ᠠ ᠲᠠᠢ ᠡᠭᠦᠷᠭᠡ ᠭᠡᠰᠡᠨ ᠦᠭᠡᠢ᠂ ᠢᠷᠡᠬᠦ ᠵᠢᠯ ᠤᠨ ᠠᠵᠤ ᠠᠬᠤᠢ ᠶᠢᠨ ᠠᠵᠢᠯ ᠤᠨ ᠥᠷᠲᠡᠭ ᠤᠨ ᠭᠤᠣᠯ ᠵᠣᠷᠢᠯᠲᠠ ᠶᠢ ᠴᠥᠮ ᠮᠠᠰᠢ ᠲᠣᠳᠣᠷᠬᠠᠢ ᠪᠤᠯᠭᠠᠬᠰᠠᠨ ᠨᠢ ᠳᠠᠷᠤᠢ ᠠᠵᠤ ᠠᠬᠤᠢ ᠶᠢᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠵᠤ᠂ ᠠᠷᠠᠳ ᠤᠨ ᠠᠮᠢᠳᠤᠷᠠᠯ ᠤᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠭᠦ ᠶᠢᠨ ᠲᠥᠯᠥᠭᠡ ᠶᠤᠮ᠃     ᠲᠥᠷᠥ ᠶᠢᠨ ᠪᠣᠳᠣᠯᠭ᠎ᠠ ᠶᠢᠨ ᠬᠠᠨᠳᠤᠰᠢ ᠠᠴᠠ ᠦᠵᠡᠪᠡᠯ᠂ ᠵᠣᠬᠢᠰᠲᠠᠢ ᠰᠤᠯᠠ ᠪᠠᠶᠢᠯᠭᠠᠬᠤ ᠵᠣᠭᠤᠰᠤᠨ ᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠠᠪᠤᠳᠠᠯ ᠳᠡᠭᠡᠳᠦ ᠬᠡᠮᠵᠢᠶ᠎ᠡ ᠪᠠᠷ ᠬᠥᠮᠥᠰ ᠤᠨ ᠠᠩᠬᠠᠷᠤᠯ ᠢ ᠲᠠᠲᠠᠵᠤ ᠪᠠᠶᠢᠨ᠎ᠠ᠃ ᠵᠣᠭᠤᠰᠤᠨ ᠤ ᠲᠦᠷᠦ ᠶᠢᠨ ᠪᠣᠳᠣᠯᠭ᠎ᠠ ᠶᠢᠨ ᠦᠨᠳᠦᠰᠦᠨ ᠭᠦᠭ ᠠᠶᠠᠰ ︽ᠯᠠᠪᠳᠠᠭᠤᠨ ᠲᠣᠭᠲᠠᠭᠤᠨ︾ ᠪᠠᠶᠢᠭᠰᠠᠨ ᠢ ︽ᠵᠣᠬᠢᠰᠲᠠᠢ ᠰᠤᠯᠠ  ᠪᠠᠶᠢᠯᠭᠠᠬᠤ︾ ᠪᠣᠯᠭᠠᠨ ᠲᠣᠬᠢᠷᠠᠭᠤᠯᠤᠨ᠎ᠠ᠂ ᠡᠨᠡ ᠪᠣᠯ ᠠᠷᠪᠠᠨ ᠲᠦᠷᠪᠡᠨ ᠵᠢᠯ ᠤᠨ ᠲᠤᠷᠰᠢᠬᠢ ᠠᠩᠬ᠎ᠠ ᠤᠳᠠᠭ᠎ᠠ᠂ ᠢᠳᠡᠪᠬᠢᠲᠡᠢ ᠲᠣᠳᠣᠷᠬᠠᠢ ᠳᠣᠬᠢᠶ᠎ᠠ ᠶᠢ ᠤᠯᠠᠮ ᠨᠢᠭᠡ ᠠᠯᠬᠤᠮ ᠳᠠᠮᠵᠢᠭᠤᠯᠵᠤ ᠪᠠᠶᠢᠭ᠎ᠠ ᠶᠠᠪᠤᠳᠠᠯ ᠪᠣᠯᠣᠨ᠎ᠠ᠃ ︽ᠲᠣᠬᠢᠷᠠᠮᠵᠢᠲᠠᠢ ᠦᠶ᠎ᠡ ᠳᠤ ᠬᠠᠳᠠᠭᠠᠯᠠᠮᠵᠢ ᠶᠢᠨ ᠪᠡᠯᠡᠳᠬᠡᠯ ᠮᠥᠩᠭᠦ ᠶᠢᠨ ᠨᠣᠷᠮ᠎ᠠ ᠶᠢ ᠪᠠᠭᠤᠷᠠᠭᠤᠯᠬᠤ ᠬᠠᠳᠠᠭᠠᠯᠠᠮᠵᠢ ᠪᠣᠯᠣᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠬᠤ︾ ᠨᠢ ᠭᠦᠢᠯᠭᠡᠭᠡᠨ ᠤ ᠴᠢᠨᠠᠷ ᠢᠶᠠᠷ ᠭᠦᠢᠴᠡᠳ ᠪᠠᠶᠢᠬᠤ ᠶᠢ ᠪᠠᠲᠤᠯᠠᠵᠤ᠂ ᠨᠡᠶᠢᠭᠡᠮ ᠤᠨ ᠶᠡᠷᠦᠩᠬᠡᠶᠢᠯᠡᠭᠰᠡᠨ ᠪᠡᠯᠡ ᠬᠤᠷᠠᠮᠳᠤᠭᠤᠯᠬᠤ ᠥᠪᠡᠷ ᠤᠨ ᠥᠷᠲᠡᠭ ᠢ ᠪᠠᠭᠤᠷᠠᠭᠤᠯᠤᠨ᠂ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠳᠤ ᠬᠦᠴᠢᠷᠲᠡᠢ᠂ ᠪᠡᠯᠡ ᠬᠤᠷᠠᠮᠳᠤᠭᠤᠯᠬᠤ ᠳᠤ ᠦᠨᠡᠲᠡᠢ ᠪᠠᠶᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠢᠲᠡᠭᠡᠮᠵᠢᠲᠦ ᠵᠢᠭᠡᠯᠡᠯᠭᠡ ᠶᠢᠨ ᠨᠡᠮᠡᠭᠳᠡᠯ ᠢ ᠲᠦᠷᠭᠡᠳᠬᠡᠨ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢᠨ ᠥᠷᠭᠡᠳᠬᠦ ᠶᠢ ᠳᠡᠮᠵᠢᠬᠦ ᠶᠢᠨ ᠲᠥᠯᠥᠭᠡ ᠶᠤᠮ᠃ ᠮᠥᠩᠭᠦᠨ ᠭᠦᠢᠯᠭᠡᠭᠡᠨ ᠤ ᠪᠠᠭᠠᠵᠢ ᠶᠢᠨ ᠲᠠᠯ᠎ᠠ ᠪᠠᠷ ᠰᠢᠨ᠎ᠡ ᠶᠢ ᠡᠭᠦᠳᠬᠦ ᠨᠢ ᠲᠥᠪ ᠪᠠᠩᠬᠢ ᠶᠢᠨ ᠬᠤᠷᠸ᠎ᠠ ᠲᠠᠯ᠎ᠠ ᠶᠢᠨ ᠬᠢᠨᠠᠭᠤᠷ ᠪᠣᠯᠭᠤᠮᠵᠢᠲᠠᠢ ᠪᠠᠶᠢᠬᠤ ᠪᠠ ᠮᠥᠩᠭᠦᠨ ᠭᠦᠢᠯᠭᠡᠭᠡ ᠶᠢ ᠲᠣᠭᠲᠠᠭᠤᠨ ᠪᠠᠶᠢᠯᠭᠠᠬᠤ ᠴᠢᠳᠠᠮᠵᠢ ᠶᠢ ᠴᠢᠩᠭᠠᠷᠠᠭᠤᠯᠵᠤ᠂ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠲᠣᠭᠲᠠᠭᠤᠨ ᠪᠠᠶᠢᠳᠠᠯ ᠢ ᠨᠡᠩ ᠰᠠᠶᠢᠲᠤᠷ ᠬᠠᠮᠠᠭᠠᠯᠠᠬᠤ ᠪᠣᠯᠣᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠬᠤ ᠪᠠ ᠳᠡᠮᠵᠢᠵᠦ ︽ᠲᠠᠪᠤᠨ ᠶᠡᠭᠡ ᠠᠵᠢᠯ︾ ᠢ ᠰᠠᠶᠢᠲᠤᠷ ᠬᠢᠵᠦ᠂ ᠢᠯᠠᠩᠭᠤᠶ᠎ᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠪᠣᠬᠢᠷᠳᠤᠯ ᠦᠭᠡᠢ ᠬᠥᠭᠵᠢᠯᠲᠡ᠂ ᠬᠡᠷᠡᠭᠯᠡᠭᠡ ᠶᠢᠨ ᠮᠥᠩᠭᠦᠨ ᠭᠦᠢᠯᠭᠡᠭᠡ ᠵᠡᠷᠭᠡ ᠲᠠᠯ᠎ᠠ ᠪᠠᠷ ᠬᠢ ᠳᠡᠮᠵᠢᠯᠭᠡ ᠪᠠᠨ ᠨᠡᠮᠡᠭᠳᠡᠭᠦᠯᠬᠦ ᠨᠢ ᠬᠠᠨᠳᠤᠯᠭᠠᠲᠤ ᠴᠢᠨᠠᠷ᠂ ᠣᠨᠣᠪᠴᠢᠲᠤ ᠴᠢᠨᠠᠷ ᠢ ᠨᠠᠩ ᠰᠠᠶᠢᠨ ᠢᠯᠡᠷᠡᠭᠦᠯᠵᠦ ᠴᠢᠳᠠᠨ᠎ᠠ᠃     ᠭᠤᠣᠯᠳᠠᠯᠭ᠎ᠠ ᠲᠠᠢ ᠡᠭᠦᠷᠭᠡ ᠠᠴᠠ ᠦᠵᠡᠪᠡᠯ᠂ ︽ᠬᠡᠷᠡᠭᠯᠡᠭᠡ ᠶᠢ ᠶᠡᠭᠡ ᠪᠠᠷ ᠬᠥᠭᠵᠢᠭᠡᠬᠦ︾ ᠨᠢ ᠬᠡᠷᠡᠭᠯᠡᠭᠡ ᠶᠢᠨ ᠰᠠᠨᠠᠭᠠᠴᠢᠯᠠᠭᠠᠲᠤ ᠬᠦᠴᠦᠨ ᠤ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ ᠪᠠᠶᠢᠬᠤ ᠶᠢ ᠬᠠᠷᠠᠭᠤᠯᠵᠤ ᠪᠠᠶᠢᠨ᠎ᠠ᠃ ᠮᠠᠨ ᠤ ᠤᠯᠤᠰ ᠤᠨ ᠬᠡᠷᠡᠭᠯᠡᠭᠡ ᠶᠢᠨ ᠣᠷᠣᠨ ᠵᠠᠢ ᠥᠷᠭᠡᠨ ᠠᠭᠤᠳᠠᠮ᠂ ᠲᠠᠯᠳᠠ ᠬᠦᠴᠦᠨ ᠯᠤᠲᠤ ᠶᠡᠭᠡ ᠶᠤᠮ᠃ ᠬᠡᠷᠡᠭᠯᠡᠭᠡ ᠶᠢ ᠬᠥᠭᠵᠢᠭᠡᠬᠦ ᠲᠤᠰᠬᠠᠢ ᠠᠵᠢᠯᠯᠠᠭ᠎ᠠ ᠶᠢ ᠬᠡᠷᠡᠭᠵᠢᠭᠦᠯᠬᠦ ᠪᠠᠷ ᠳᠠᠮᠵᠢᠨ᠂ ︽ᠬᠤᠶᠠᠷ ᠢ ᠰᠢᠨᠡᠳᠬᠡᠬᠦ︾ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ᠂ ᠣᠯᠠᠨ ᠡᠰᠢᠵᠢᠭᠰᠡᠨ ᠬᠡᠷᠡᠭᠯᠡᠭᠡ ᠶᠢᠨ ᠦᠵᠡᠭᠳᠡᠯ ᠪᠠᠶᠢᠳᠠᠯ ᠤᠨ ᠰᠢᠨ᠎ᠡ ᠶᠢ ᠡᠭᠦᠳᠬᠦ᠂ ᠰᠣᠶᠣᠯ ᠵᠢᠭᠤᠯᠴᠢᠯᠠᠯ ᠵᠡᠷᠭᠡ ᠦᠢᠯᠡᠴᠢᠯᠡᠭᠡᠨ ᠤ ᠬᠡᠷᠡᠭᠯᠡᠭᠡ ᠶᠢ ᠥᠷᠭᠡᠳᠬᠡᠬᠦ ᠪᠠᠷ ᠳᠠᠮᠵᠢᠨ᠂ ᠮᠠᠨ ᠤ ᠤᠯᠤᠰ ᠤᠨ ᠬᠡᠷᠡᠭᠯᠡᠭᠡ ᠶᠢᠨ ᠳᠠᠯᠳᠠ ᠬᠦᠴᠦᠨ ᠢ ᠤᠯᠠᠮ ᠨᠢᠭᠡ ᠠᠯᠬᠤᠮ ᠪᠠᠳᠠᠷᠠᠭᠤᠯᠬᠤ ᠪᠣᠯᠣᠨ᠎ᠠ᠃ ᠵᠢᠱᠢᠶᠡᠯᠡᠪᠡᠯ ᠮᠠᠨ ᠤ ᠤᠯᠤᠰ ᠤᠨ 60 ᠨᠠᠰᠤᠨ ᠠᠴᠠ ᠳᠡᠭᠡᠭᠰᠢᠬᠢ ᠬᠥᠮᠥᠨ ᠠᠮᠠ 3 ᠳ᠋ᠦᠩᠰᠢᠭᠤᠷ ᠰᠢᠬᠠᠮ ᠪᠠᠶᠢᠵᠤ᠂ ᠠᠵᠢᠯ ᠠᠴᠠ ᠪᠠᠨ ᠠᠮᠠᠷᠠᠭᠰᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠵᠣᠬᠢᠰᠲᠠᠢ ᠪᠠᠷ ᠳᠡᠭᠡᠭᠰᠢᠯᠡᠭᠦᠯᠵᠦ᠂ ᠨᠠᠰᠤᠵᠢᠯᠳᠠ ᠳᠤ ᠲᠣᠬᠢᠷᠠᠬᠤ ᠨᠠᠩ ᠣᠯᠠᠨ ᠦᠢᠯᠡᠳᠬᠦᠨ ᠤ ᠦᠢᠯᠡᠴᠢᠯᠡᠭᠡ ᠬᠠᠩᠭᠠᠵᠤ᠂ ᠪᠤᠭᠤᠷᠤᠯᠴᠤᠳ ᠤᠨ ᠠᠵᠤ ᠠᠬᠤᠢ ᠶᠢ ᠬᠥᠭᠵᠢᠭᠦᠯᠬᠦ ᠨᠢ ᠨᠠᠰᠤᠲᠠᠶᠢᠴᠤᠳ ᠤᠨ ᠠᠮᠢᠳᠤᠷᠠᠯ ᠤᠨ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠭᠦ ᠪᠣᠯᠣᠨ᠎ᠠ᠂ ᠡᠨᠡ ᠪᠣᠯ ᠠᠵᠤ ᠠᠬᠤᠢ ᠶᠢᠨ ᠬᠥᠭᠵᠢᠯᠲᠡ ᠶᠢᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠴᠢᠬᠤᠯᠠ ᠲᠠᠯ᠎ᠠ ᠮᠥᠨ᠃     ᠢᠷᠡᠬᠦ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠣᠯᠣᠨ᠎ᠠ᠂ ᠢᠷᠡᠬᠦ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠪᠢᠳᠡ ᠦᠵᠡᠯ ᠰᠠᠨᠠᠭ᠎ᠠ ᠪᠣᠯᠣᠨ ᠦᠢᠯᠡ  ᠠᠵᠢᠯᠯᠠᠭ᠎ᠠ ᠪᠠᠨ ᠶᠡᠷᠦᠩᠬᠡᠢ  ᠱᠦᠵᠢ ᠰᠢ  ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠨᠢᠭᠡᠳᠬᠡᠵᠦ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠢᠯᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠢᠲᠡᠭᠡᠯ ᠵᠣᠷᠢᠭ ᠢᠶᠠᠨ ᠬᠥᠪᠴᠢᠯᠡᠨ᠂ ᠬᠦᠴᠢᠷ ᠢ ᠰᠥᠷᠦᠨ ᠤᠷᠤᠭᠰᠢᠯᠠᠵᠤ᠂ ᠬᠦᠴᠦᠯᠡᠨ ᠴᠢᠷᠮᠠᠶᠢᠵᠤ ᠵᠢᠳᠬᠦᠯ ᠴᠢᠷᠮᠠᠶᠢᠯᠭ᠎ᠠ ᠭᠠᠷᠭᠠᠵᠤ᠂ ᠡᠯ᠎ᠡ ᠲᠠᠯ᠎ᠠ ᠶᠢᠨ ᠢᠳᠡᠪᠬᠢ ᠬᠦᠴᠦᠨ ᠢ ᠬᠥᠭᠵᠢᠯᠲᠡ ᠶᠢᠨ ᠪᠣᠳᠠᠲᠤ ᠠᠮᠵᠢᠯᠲᠠ ᠪᠦᠲᠦᠮᠵᠢ ᠪᠣᠯᠭᠠᠨ ᠬᠤᠪᠢᠷᠠᠭᠤᠯᠪᠠᠯ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠰᠠᠶᠢᠨ ᠰᠠᠶᠢᠬᠠᠨ ᠡᠭᠢᠯᠡᠯᠲᠡ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠳᠡᠶᠢᠯᠭᠦ ᠨᠢ ᠯᠠᠪᠲᠠᠢ ᠶᠤᠮ᠃    
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ ᠠᠴᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号