ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ 2025 ᠣᠨ ᠤ ᠳᠤᠮᠳᠠᠳᠤ ᠤᠯᠤᠰ ᠤᠨ ᠠᠵᠤ ᠠᠬᠤᠢ ᠶᠢᠨ ᠬᠦᠴᠦᠯᠡᠬᠦ ᠴᠡᠭ ᠢ ᠬᠠᠷᠠᠬᠤᠢ
ᠨᠡᠶᠢᠲᠡᠯᠡᠭᠰᠡᠨ ᠴᠠᠭ᠄
2024/12/31
                                         ᠰᠢᠨᠬᠤᠸᠠ ᠬᠤᠷᠢᠶ᠎ᠠ ᠶᠢᠨ ᠰᠣᠷᠪᠤᠯᠵᠢᠯᠠᠭ᠎ᠠ          ᠲᠥᠪ ᠤᠨ ᠠᠵᠤ ᠠᠬᠤᠢ ᠶᠢᠨ ᠠᠵᠢᠯ ᠤᠨ ᠬᠤᠷᠠᠯ 12 ᠰᠠᠷ᠎ᠠ ᠶᠢᠨ 11 ᠠᠴᠠ 12 ᠤᠨ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠪᠠ᠃ ᠶᠡᠷᠦᠩᠬᠡᠢ ᠱᠦᠵᠢ ᠰᠢ ᠶᠢᠨ ᠫᠢᠩ ᠬᠤᠷᠠᠯ ᠳᠤ ᠣᠷᠣᠯᠴᠠᠬᠰᠠᠨ ᠪᠥᠭᠡᠳ ᠴᠢᠬᠤᠯᠠ ᠶᠠᠷᠢᠶ᠎ᠠ ᠲᠠᠯᠪᠢᠵᠤ᠂ 2024 ᠣᠨ ᠤ ᠠᠵᠤ ᠠᠬᠤᠢ ᠶᠢᠨ ᠠᠵᠢᠯ ᠢ ᠳ᠋ᠦᠩᠨᠡᠨ᠂ ᠣᠳᠣᠬᠠᠨ ᠤ ᠠᠵᠤ ᠠᠬᠤᠢ ᠶᠢᠨ ᠪᠠᠶᠢᠳᠠᠯ ᠢ ᠵᠠᠳᠠᠯᠵᠤ᠂ 2025 ᠣᠨ ᠤ ᠠᠵᠤ ᠠᠬᠤᠢ ᠶᠢᠨ ᠠᠵᠢᠯ ᠢ ᠪᠠᠶᠢᠷᠢᠯᠠᠭᠤᠯᠵᠤ᠂ ᠳᠤᠮᠳᠠᠳᠤ ᠤᠯᠤᠰ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠵᠠᠯᠠᠭᠤᠷ ᠢ ᠡᠵᠡᠮᠳᠡᠨ ᠴᠢᠭᠯᠡᠯ ᠢ ᠲᠣᠭᠲᠠᠭᠠᠵᠤ ᠥᠭᠪᠡ᠃          ᠢᠲᠡᠭᠡᠯ ᠵᠣᠷᠢᠭ ᠢᠶᠠᠨ ᠪᠠᠲᠤᠳᠬᠠᠵᠤ ᠠᠵᠤ ᠠᠬᠤᠢ ᠶᠢᠨ ᠠᠵᠢᠯ ᠤᠨ ᠲᠤᠬᠠᠢ ᠵᠢᠮ᠎ᠡ ᠶᠣᠰᠣᠴᠢ ᠴᠢᠨᠠᠷᠲᠠᠢ ᠲᠠᠨᠢᠯᠲᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠦᠨ᠎ᠡ          ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠃           ︽ᠠᠵᠤ ᠠᠬᠤᠢ ᠶᠢᠨ ᠡᠷᠭᠢᠯᠲᠡ  ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠲᠣᠭᠲᠠᠭᠤᠨ ᠤ ᠳᠤᠮᠳᠠ ᠤᠷᠤᠭᠰᠢᠯᠠᠨ ᠳᠡᠪᠰᠢᠵᠦ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠤᠨ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠤᠳᠠᠯ ᠦᠭᠡᠢ ᠤᠷᠤᠭᠰᠢᠲᠠᠢ ᠪᠡᠶᠡᠯᠡᠭᠳᠡᠬᠦ ᠪᠣᠯᠣᠨ᠎ᠠ︾᠃ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠡᠨᠡ ᠵᠢᠯ ᠤᠨ ᠠᠵᠤ ᠠᠬᠤᠢ ᠶᠢᠨ ᠡᠷᠭᠢᠯᠲᠡ ᠶᠢᠨ ᠪᠠᠶᠢᠳᠠᠯ ᠢ ᠢᠩᠭᠢᠵᠦ ᠳ᠋ᠦᠩᠨᠡᠵᠡᠢ᠃          ᠬᠤᠷᠠᠯ ᠠᠴᠠ᠂ ᠪᠢᠳᠡ ᠦᠢᠯᠡᠳᠦᠯᠭᠡ ᠶᠢᠨ ᠳᠤᠮᠳᠠ ᠠᠵᠤ ᠠᠬᠤᠢ ᠶᠢᠨ ᠠᠵᠢᠯ ᠤᠨ ᠲᠤᠬᠠᠢ ᠵᠢᠮ᠎ᠡ ᠶᠣᠰᠣᠴᠢ ᠴᠢᠨᠠᠷᠲᠠᠢ ᠲᠠᠨᠢᠯᠲᠠ ᠪᠠᠨ ᠲᠠᠰᠣᠷᠠᠯᠳᠠ ᠦᠭᠡᠢ ᠭᠦᠨᠵᠡᠭᠡᠶᠢᠷᠡᠭᠦᠯᠪᠡ᠄           ︽ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠪᠣᠯ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠶᠢᠨ ᠦᠨᠳᠦᠰᠦᠨ ᠪᠠᠲᠤᠯᠠᠭ᠎ᠠ ᠮᠥᠨ︾ ;           ︽ᠡᠷᠬᠡᠪᠰᠢ ᠪᠦᠲᠦᠮᠵᠢᠲᠡᠢ ᠵᠠᠬ᠎ᠠ ᠳᠡᠯᠭᠡᠭᠦᠷ ᠪᠣᠯᠣᠨ ᠵᠢᠳᠬᠦᠯ ᠴᠢᠷᠮᠠᠶᠢᠯᠭ᠎ᠠ ᠲᠠᠢ ᠵᠠᠰᠠᠭ ᠤᠨ ᠣᠷᠳᠣᠨ ᠤ ᠬᠠᠷᠢᠴᠠᠭ᠎ᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ︾ ;           ︽ᠡᠷᠬᠡᠪᠰᠢ ᠶᠡᠷᠦᠩᠬᠡᠢ ᠬᠠᠩᠭᠠᠯᠭ᠎ᠠ ᠪᠣᠯᠣᠨ ᠶᠡᠷᠦᠩᠬᠡᠢ ᠬᠡᠷᠡᠭᠴᠡᠭᠡ ᠶᠢᠨ ᠬᠠᠷᠢᠴᠠᠭ᠎ᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ︾ ;           ︽ᠡᠷᠬᠡᠪᠰᠢ ᠰᠢᠨ᠎ᠡ ᠬᠥᠳᠡᠯᠭᠡᠬᠦ ᠡᠨᠧᠷᠭᠢ ᠶᠢ ᠪᠣᠶᠢᠵᠢᠭᠤᠯᠬᠤ ᠪᠠ ᠬᠠᠭᠤᠴᠢᠨ ᠬᠥᠳᠡᠯᠭᠡᠬᠦ ᠡᠨᠧᠷᠭᠢ ᠶᠢ ᠰᠢᠨᠡᠳᠬᠡᠬᠦ ᠶᠢᠨ ᠬᠠᠷᠢᠴᠠᠭ᠎ᠠ ᠶᠢ  ᠰᠠᠶᠢᠲᠤᠷ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ︾ ;           ︽ᠡᠷᠬᠡᠪᠰᠢ ᠨᠡᠮᠡᠭᠳᠡᠯ ᠢ ᠰᠢᠯᠢᠳᠡᠭᠵᠢᠭᠦᠯᠬᠦ ᠪᠠ ᠨᠥᠭᠡᠴᠡ ᠶᠢ ᠠᠮᠢᠳᠤᠯᠢᠭᠵᠢᠭᠤᠯᠬᠤ ᠶᠢᠨ ᠬᠠᠷᠢᠴᠠᠭ᠎ᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ︾ ;           ︽ᠡᠷᠬᠡᠪᠰᠢ ᠶᠠᠰᠤ ᠴᠢᠨᠠᠷ ᠢ ᠳᠡᠭᠡᠭᠰᠢᠯᠡᠭᠦᠯᠭᠦ ᠪᠠ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠬᠤ ᠶᠢᠨ ᠬᠠᠷᠢᠴᠠᠭ᠎ᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ︾ ᠭᠡᠵᠦ ᠦᠵᠡᠪᠡ᠃          ᠬᠤᠷᠠᠯ ᠠᠴᠠ ᠳᠤᠷᠠᠳᠤᠭᠰᠠᠨ ︽ᠦᠨᠳᠦᠰᠦᠨ ᠪᠠᠲᠤᠯᠠᠭ᠎ᠠ︾᠂ ︽ᠲᠠᠪᠤ ᠶᠢ ᠨᠢᠭᠡᠳᠦᠯᠲᠡᠢ ᠲᠥᠯᠥᠪᠵᠢᠭᠦᠯᠬᠦ︾ ᠨᠢ ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭ᠎ᠠ ᠶᠢ ᠤᠯᠠᠮ ᠨᠢᠭᠡ ᠠᠯᠬᠤᠮ ᠪᠠᠶᠠᠯᠢᠭᠵᠢᠭᠤᠯᠤᠨ ᠬᠥᠭᠵᠢᠭᠦᠯᠵᠦ᠂ ᠢᠷᠡᠬᠦ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠵᠠᠢ᠃          ᠨᠠᠩ ᠢᠳᠡᠪᠬᠢᠲᠡᠢ ᠦᠷ᠎ᠡ ᠪᠦᠲᠦᠮᠵᠢ ᠲᠠᠢ ᠬᠤᠷᠸ᠎ᠠ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ          ᠬᠤᠷᠠᠯ ᠠᠴᠠ᠂ ᠢᠷᠡᠬᠦ ᠵᠢᠯ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ᠂ ᠤᠷᠤᠭᠰᠢᠯᠠᠨ ᠲᠠᠪᠰᠢᠬᠤ ᠪᠠᠷ ᠲᠣᠭᠲᠠᠭᠤᠨ ᠢ ᠠᠬᠢᠭᠤᠯᠬᠤ ᠶᠢ ᠪᠠᠷᠢᠮᠲᠠᠯᠠᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠤᠷᠢᠳ ᠢᠶᠠᠷ ᠰᠢᠨ᠎ᠡ ᠶᠢ ᠪᠠᠶᠢᠭᠤᠯᠵᠤ ᠳᠠᠷᠠᠭ᠎ᠠ ᠨᠢ ᠬᠠᠭᠤᠴᠢᠨ ᠢ ᠡᠪᠳᠡᠵᠦ᠂ ᠰᠢᠰᠲ᠋ᠧᠮᠵᠢᠭᠦᠯᠦᠨ ᠬᠤᠷᠠᠭᠤᠯᠵᠤ᠂ ᠬᠠᠮᠵᠢᠯᠴᠠᠨ ᠠᠵᠢᠯᠯᠠᠵᠤ᠂ ᠲᠦᠷᠦ ᠶᠢᠨ ᠪᠣᠳᠣᠯᠭ᠎ᠠ ᠶᠢᠨ ᠪᠠᠭᠠᠵᠢ ᠶᠢᠨ ᠬᠠᠶᠢᠷᠴᠠᠭ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠤᠷᠸ᠎ᠠ ᠡᠵᠡᠮᠳᠡᠯ ᠲᠣᠬᠢᠷᠠᠭᠤᠯᠭ᠎ᠠ ᠶᠢᠨ ᠪᠠᠷᠠᠯᠠᠯᠲᠤ ᠴᠢᠨᠠᠷ᠂ ᠬᠠᠨᠳᠤᠯᠭᠠᠲᠤ ᠴᠢᠨᠠᠷ᠂ ᠪᠦᠲᠦᠮᠵᠢᠲᠦ ᠴᠢᠨᠠᠷ ᠢ ᠳᠡᠭᠡᠭᠰᠢᠯᠡᠭᠦᠯᠭᠦ ᠬᠡᠷᠡᠭᠲᠡᠢ ᠭᠡᠵᠦ ᠱᠠᠭᠠᠷᠳᠠᠪᠠ᠃          ᠳᠤᠮᠳᠠᠳᠤ ᠤᠯᠤᠰ ᠤᠨ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠰᠤᠳᠤᠯᠤᠭᠴᠢ ᠱᠢ ᠶᠢᠩ ᠬᠤᠸᠠ᠂ ᠢᠷᠡᠬᠦ ᠵᠢᠯ ᠤᠨ ᠨᠡᠯᠢᠶᠡᠳ ᠪᠤᠳᠤᠯᠢᠶᠠᠨᠲᠠᠢ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠳᠤ ᠴᠢᠭᠯᠡᠭᠦᠯᠦᠨ᠂ ᠬᠤᠷᠠᠯ ᠠᠴᠠ ᠬᠤᠷᠸ᠎ᠠ ᠲᠥᠷᠥ ᠶᠢᠨ ᠪᠣᠳᠣᠯᠭ᠎ᠠ ᠨᠢ ᠨᠠᠩ ᠢᠳᠡᠪᠬᠢᠲᠡᠢ ᠦᠷ᠎ᠡ ᠪᠦᠲᠦᠮᠵᠢ ᠲᠠᠢ ᠪᠤᠯᠬᠤ ᠳᠣᠬᠢᠶ᠎ᠠ ᠶᠢ ᠳᠠᠮᠵᠢᠭᠤᠯᠵᠤ᠂ ᠡᠯ᠎ᠡ ᠲᠠᠯ᠎ᠠ ᠶᠢᠨ ᠬᠢᠨ ᠤ ᠬᠥᠭᠵᠢᠯᠲᠡ ᠶᠢᠨ ᠢᠲᠡᠭᠡᠯ ᠵᠣᠷᠢᠭ ᠢ ᠤᠯᠠᠮ ᠨᠢᠭᠡ ᠠᠯᠬᠤᠮ ᠪᠠᠲᠤᠳᠬᠠᠨ᠂ ᠵᠠᠬ᠎ᠠ ᠳᠡᠯᠭᠡᠭᠦᠷ ᠤᠨ ᠵᠢᠱᠢᠯᠲᠡ ᠶᠢ ᠲᠣᠭᠲᠠᠪᠤᠷᠢᠵᠢᠭᠤᠯᠵᠤ᠂ ᠬᠦᠴᠢᠷᠳᠡᠯ ᠪᠠ ᠥᠷᠢᠰᠦᠯᠳᠦᠭᠡᠨ ᠢ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠠᠷᠭᠠᠴᠠᠭᠠᠬᠤ ᠳᠤ ᠠᠰᠢᠭᠲᠠᠢ ᠪᠠᠶᠢᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠨ᠂ ︽ᠠᠷᠪᠠᠨ ᠲᠠᠪᠤᠳᠤᠭᠠᠷ ᠲᠠᠪᠤᠨ ᠵᠢᠯ︾  ᠤᠨ ᠲᠥᠯᠦᠪᠵᠢᠭᠦᠯᠭᠡ ᠶᠢᠨ ᠰᠠᠶᠢᠨ ᠰᠠᠶᠢᠬᠠᠨ ᠡᠭᠢᠯᠡᠯᠲᠡ ᠶᠢ ᠪᠡᠶᠡᠯᠡᠭᠦᠯᠬᠦ ᠳᠤ ᠪᠠᠲᠤ ᠰᠠᠭᠤᠷᠢ ᠶᠢ ᠲᠠᠯᠪᠢᠬᠤ ᠳᠤ ᠠᠰᠢᠭᠲᠠᠢ ᠶᠤᠮ ᠭᠡᠵᠦ ᠢᠯᠡᠳᠬᠡᠪᠡ᠃          ᠬᠤᠷᠠᠯ ᠠᠴᠠ᠂ ᠲᠦᠷᠦ ᠶᠢᠨ ᠪᠣᠳᠣᠯᠭ᠎ᠠ ᠶᠢᠨ ︽ᠬᠠᠮ ᠠᠷᠭ᠎ᠠ ᠬᠡᠮᠵᠢᠶ᠎ᠡ︾ ᠶᠢ ᠰᠠᠶᠢᠲᠤᠷ ᠬᠡᠷᠡᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠳᠤᠮᠳᠠᠳᠤ ᠤᠯᠤᠰ ᠤᠨ ᠭᠠᠶᠢᠯᠢ ᠶᠢᠨ ᠶᠠᠪᠤᠳᠠᠯ ᠤᠨ ᠨᠡᠶᠢᠭᠡᠮᠯᠢᠭ ᠤᠨ ᠪᠠᠶᠢᠩᠭᠤ ᠶᠢᠨ ᠬᠡᠷᠡᠭ ᠡᠷᠭᠢᠯᠡᠭᠴᠢ᠂ ᠡᠷᠳᠡᠮ ᠰᠢᠨᠵᠢᠯᠡᠭᠡᠨ ᠤ ᠵᠥᠪᠯᠡᠯ ᠤᠨ ᠭᠡᠰᠢᠭᠦᠨ ᠯᠥᠸᠧ ᡁᠢ ᠾᠧᠩ᠂ ᠣᠳᠣᠬᠠᠨ ᠳᠤ ᠬᠤᠷᠸ᠎ᠠ ᠠᠵᠤ ᠠᠬᠤᠢ ᠶᠢᠨ ᠵᠠᠰᠠᠯᠲᠠ ᠶᠢᠨ ᠪᠤᠳᠤᠯᠢᠶᠠᠨᠲᠤ ᠴᠢᠨᠠᠷ ᠳᠡᠭᠡᠭᠰᠢᠯᠡᠵᠦ ᠪᠠᠶᠢᠨ᠎ᠠ᠂ ᠡᠷᠬᠡᠪᠰᠢ ᠰᠢᠰᠲ᠋ᠧᠮ ᠤᠨ ᠰᠡᠳᠬᠢᠬᠦᠢ ᠪᠣᠯᠣᠨ ᠠᠷᠭ᠎ᠠ ᠬᠡᠮᠵᠢᠶ᠎ᠡ ᠪᠠᠷ ᠲᠥᠷᠥ ᠶᠢᠨ ᠪᠣᠳᠣᠯᠭ᠎ᠠ ᠶᠢ ᠨᠢᠭᠡᠳᠦᠯᠲᠡᠢ ᠲᠥᠯᠥᠪᠵᠢᠭᠦᠯᠬᠦ ᠪᠠ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠶᠢᠨ ᠲᠣᠭᠤᠷᠢᠨ ᠳᠤ ᠬᠠᠨᠳᠤᠰᠢ ᠨᠢ ᠨᠢᠭᠡᠳᠦᠯᠲᠡᠢ ᠬᠤᠷᠸ᠎ᠠ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠡᠯ᠎ᠡ ᠲᠠᠯ᠎ᠠ ᠶᠢᠨ ᠬᠢᠨ ᠤ ᠴᠢᠨᠠᠷ ᠰᠠᠶᠢᠲᠠᠢ ᠬᠥᠭᠵᠢᠯᠲᠡ ᠶᠢ ᠬᠠᠮᠲᠤ ᠪᠠᠷ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ ᠭᠡᠵᠦ ᠢᠯᠡᠳᠬᠡᠪᠡ᠃          ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠪᠦᠭᠦ ᠲᠠᠯ᠎ᠠ ᠪᠠᠷ ᠥᠷᠭᠡᠳᠬᠡᠨ᠎ᠡ          ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠣᠯ ᠭᠠᠳᠠᠭᠠᠳᠤ ᠣᠷᠴᠢᠨ ᠤ ᠴᠣᠬᠢᠯᠲᠠ ᠶᠢ ᠠᠷᠭᠠᠴᠠᠭᠠᠬᠤ᠂ ᠠᠵᠤ ᠠᠬᠤᠢ ᠶᠢᠨ ᠡᠷᠭᠢᠯᠲᠡ ᠶᠢ ᠲᠣᠭᠲᠠᠪᠤᠷᠢᠵᠢᠭᠤᠯᠬᠤ ᠪᠦᠲᠦᠮᠵᠢᠲᠡᠢ ᠠᠷᠭ᠎ᠠ ᠵᠠᠮ ᠪᠤᠯᠬᠤ ᠮᠥᠷᠲᠡᠭᠡᠨ ᠪᠠᠰᠠ ᠴᠤ ᠬᠥᠭᠵᠢᠯᠲᠡ ᠶᠢᠨ ᠰᠠᠨᠠᠭᠠᠴᠢᠯᠠᠭᠠᠲᠤ ᠴᠢᠨᠠᠷ ᠢ ᠨᠡᠮᠡᠭᠳᠡᠭᠦᠯᠬᠦ ᠤᠷᠳᠤ ᠬᠤᠭᠤᠴᠠᠭᠠᠨ ᠤ ᠠᠷᠭ᠎ᠠ ᠪᠣᠳᠣᠯᠭ᠎ᠠ ᠮᠥᠨ᠃ ᠬᠤᠷᠠᠯ ᠠᠴᠠ ︽ᠬᠡᠷᠡᠭᠯᠡᠭᠡ ᠶᠢ ᠶᠡᠭᠡ ᠪᠠᠷ ᠬᠥᠭᠵᠢᠭᠡᠵᠦ᠂ ᠪᠡᠯᠡ ᠣᠷᠣᠭᠤᠯᠤᠯᠲᠠ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠪᠦᠭᠦ ᠲᠠᠯ᠎ᠠ ᠪᠠᠷ ᠥᠷᠭᠡᠳᠬᠡᠬᠦ︾ ᠶᠢ ᠢᠷᠡᠬᠦ ᠵᠢᠯ ᠤᠨ 9 ᠵᠦᠢᠯ ᠤᠨ ᠭᠤᠣᠯᠳᠠᠯᠭ᠎ᠠ ᠲᠠᠢ ᠡᠭᠦᠷᠭᠡ ᠶᠢᠨ ᠲᠡᠷᠢᠭᠦᠨ ᠳᠤ ᠲᠠᠯᠪᠢᠪᠠ᠃           ︽ᠣᠳᠣᠬᠠᠨ ᠳᠤ ᠤᠯᠤᠰ ᠤᠨ ᠳᠣᠲᠣᠭᠠᠳᠤ ᠶᠢᠨ ᠬᠡᠷᠡᠭᠴᠡᠭᠡ ᠬᠦᠷᠦᠯᠴᠡᠬᠦ ᠦᠭᠡᠢ ᠪᠠᠶᠢᠬᠤ ᠥᠷᠢᠰᠦᠯᠳᠦᠭᠡᠨ ᠮᠥᠨ ᠬᠦ ᠨᠡᠯᠢᠶᠡᠳ ᠶᠡᠭᠡ ᠪᠠᠶᠢᠨ᠎ᠠ᠃ ᠰᠠᠭᠤᠭᠠᠯᠢ ᠠᠷᠠᠳ ᠤᠨ ᠣᠷᠣᠯᠭ᠎ᠠ ᠶᠢ ᠰᠠᠶᠢᠵᠢᠷᠠᠭᠤᠯᠬᠤ᠂ ᠬᠡᠷᠡᠭᠯᠡᠭᠡ ᠶᠢᠨ ᠴᠢᠳᠠᠪᠤᠷᠢ ᠶᠢ ᠳᠡᠭᠡᠭᠰᠢᠯᠡᠭᠦᠯᠭᠦ ᠶᠢ ᠴᠢᠬᠤᠯᠠᠴᠢᠯᠠᠬᠤ ᠶᠢᠨ ᠤᠯᠠᠮ ᠠᠴᠠ ᠬᠡᠷᠡᠭᠯᠡᠭᠡ ᠶᠢ ᠬᠥᠭᠵᠢᠭᠡᠵᠦ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠥᠷᠭᠡᠳᠬᠡᠬᠦ ᠴᠢᠬᠤᠯᠠᠲᠠᠢ︾ ᠭᠡᠵᠦ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠥᠭᠵᠢᠯᠲᠡ ᠶᠢᠨ ᠰᠤᠳᠤᠯᠭᠠᠨ ᠤ ᠲᠥᠪ ᠤᠨ ᠬᠤᠷᠸ᠎ᠠ ᠠᠵᠤ ᠠᠬᠤᠢ ᠶᠢᠨ ᠰᠤᠳᠤᠯᠭᠠᠨ ᠤ ᠬᠡᠯᠲᠡᠰ ᠤᠨ ᠬᠤᠶᠠᠳᠤᠭᠠᠷ ᠰᠤᠳᠤᠯᠭᠠᠨ ᠤ ᠲᠠᠰᠤᠭ ᠤᠨ ᠡᠷᠭᠢᠯᠡᠭᠴᠢ ᠯᠢ ᠴᠧᠩ ᠵᠢᠶᠠᠨ ᠬᠡᠯᠡᠪᠡ᠃           ︽ᠳᠤᠮᠳᠠ ᠳᠣᠣᠷ᠎ᠠ ᠣᠷᠣᠯᠭ᠎ᠠ ᠲᠠᠢ ᠬᠥᠮᠥᠰ ᠤᠨ ᠣᠷᠣᠯᠭ᠎ᠠ ᠶᠢ ᠨᠡᠮᠡᠭᠳᠡᠭᠦᠯᠵᠦ ᠳᠠᠷᠤᠭᠠᠰᠤ ᠶᠢ ᠬᠥᠩᠭᠡᠷᠡᠭᠦᠯᠬᠦ ᠶᠢ ᠠᠬᠢᠭᠤᠯᠤᠨ᠎ᠠ︾᠂ ︽ᠠᠵᠢᠯ ᠠᠴᠠ ᠪᠠᠨ ᠠᠮᠠᠷᠠᠭᠰᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠵᠣᠬᠢᠰᠲᠠᠢ ᠪᠠᠷ ᠳᠡᠭᠡᠭᠰᠢᠯᠡᠭᠦᠯᠦᠨ᠎ᠡ︾᠂ ︽︿ᠬᠤᠶᠠᠷ ᠢ ᠰᠢᠨᠡᠳᠬᠡᠬᠦ﹀ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠬᠡᠪᠴᠢᠶ᠎ᠡ ᠶᠢ ᠬᠦᠴᠦᠯᠡᠨ ᠥᠷᠭᠡᠳᠬᠡᠨ᠎ᠡ︾᠂ ︽ᠠᠩᠬ᠎ᠠ ᠲᠠᠷᠬᠠᠭᠠᠬᠤ ᠠᠵᠤ ᠠᠬᠤᠢ᠂ ᠮᠥᠰᠥ ᠴᠠᠰᠤᠨ ᠤ ᠠᠵᠤ ᠠᠬᠤᠢ᠂ ᠪᠤᠭᠤᠷᠤᠯᠴᠤᠳ ᠤᠨ ᠠᠵᠤ ᠠᠬᠤᠢ ᠶᠢ ᠢᠳᠡᠪᠬᠢᠲᠡᠢ ᠬᠥᠭᠵᠢᠭᠦᠯᠦᠨ᠎ᠡ︾ ᠁ ᠬᠡᠷᠡᠭᠯᠡᠭᠡ ᠶᠢ ᠶᠡᠭᠡ ᠪᠠᠷ ᠬᠥᠭᠵᠢᠭᠡᠬᠦ ᠶᠢᠨ ᠲᠣᠭᠤᠷᠢᠨ ᠳᠤ᠂ ᠬᠤᠷᠠᠯ ᠠᠴᠠ ᠰᠢᠷᠢᠰ ᠪᠠᠶᠢᠷᠢᠯᠠᠭᠤᠯᠤᠯᠲᠠ ᠬᠢᠵᠡᠢ᠃          ᠪᠡᠯᠡ ᠣᠷᠣᠭᠤᠯᠤᠯᠲᠠ ᠪᠣᠯ ᠣᠳᠣᠬᠠᠨ ᠤ ᠬᠡᠷᠡᠭᠴᠡᠭᠡ ᠮᠥᠨ ᠪᠥᠭᠡᠳ ᠪᠠᠰᠠ ᠴᠤ ᠢᠷᠡᠭᠡᠳᠦᠢ ᠶᠢᠨ ᠬᠠᠩᠭᠠᠯᠭ᠎ᠠ ᠮᠥᠨ᠃ᠳᠡᠭᠡᠷ᠎ᠡ ᠠᠴᠠ ᠳᠣᠷᠣᠭᠰᠢ ᠵᠣᠬᠢᠶᠠᠨ ᠪᠠᠶᠢᠭᠤᠯᠵᠤ ᠵᠣᠬᠢᠴᠠᠭᠤᠯᠬᠤ ᠪᠠᠨ ᠴᠢᠩᠭᠠᠳᠬᠠᠵᠤ᠂ ︽ᠬᠤᠶᠠᠷ ᠴᠢᠬᠤᠯᠠ︾ ᠲᠥᠷᠥᠯ ᠵᠦᠢᠯ ᠢ ᠨᠠᠩ ᠬᠦᠴᠦᠲᠡᠢ ᠳᠡᠮᠵᠢᠬᠦ ᠭᠡᠷᠡᠭᠲᠡᠶ;ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢ ᠵᠣᠬᠢᠰᠲᠠᠢ ᠪᠠᠷ ᠨᠡᠮᠡᠭᠳᠡᠭᠦᠯᠬᠦ ᠭᠡᠷᠡᠭᠲᠡᠢ;ᠬᠤᠲᠠ ᠶᠢᠨ ᠰᠢᠨᠡᠴᠢᠯᠡᠯᠲᠡ ᠶᠢ ᠶᠡᠭᠡ ᠪᠠᠷ ᠬᠡᠷᠡᠭᠵᠢᠭᠦᠯᠬᠦ ᠬᠡᠷᠡᠭᠲᠡᠢ ᠁ ᠬᠤᠷᠠᠯ ᠠᠴᠠ ᠰᠢᠷᠢᠰ ᠪᠠᠶᠢᠷᠢᠯᠠᠭᠤᠯᠤᠯᠲᠠ ᠬᠢᠪᠡ᠃          ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ ᠬᠥᠲᠥᠯᠥᠨ ᠳᠠᠭᠠᠭᠤᠯᠤᠨ᠎ᠠ          ᠬᠤᠷᠠᠯ ᠠᠴᠠ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ ᠬᠥᠲᠥᠯᠥᠨ ᠳᠠᠭᠠᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠬᠡᠷᠡᠭᠲᠡᠢ︾ ᠭᠡᠵᠦ ᠴᠢᠬᠤᠯᠠᠴᠢᠯᠠᠭᠰᠠᠨ ᠨᠢ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠬᠥᠭᠵᠢᠯᠲᠡ ᠶᠢᠨ ᠢᠯᠡ ᠲᠣᠳᠣ ᠳᠣᠬᠢᠶ᠎ᠠ ᠶᠢ ᠳᠠᠮᠵᠢᠭᠤᠯᠪᠠ᠃          ᠰᠠᠭᠤᠷᠢ ᠰᠤᠳᠤᠯᠭᠠᠨ ᠪᠠ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯ ᠢ ᠴᠢᠩᠭᠠᠳᠬᠠᠵᠤ᠂ ᠴᠢᠬᠤᠯᠠ ᠶᠡᠭᠡ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠲᠦᠷᠦᠯ ᠵᠦᠢᠯ ᠢ ᠤᠷᠢᠳᠴᠢᠯᠠᠨ ᠪᠠᠶᠢᠷᠢᠰᠢᠭᠤᠯᠤᠨ᠂ ᠰᠢᠨ᠎ᠡ ᠮᠡᠷᠭᠡᠵᠢᠯ ᠰᠢᠨ᠎ᠡ ᠦᠢᠯᠡᠳᠬᠦᠨ ᠰᠢᠨ᠎ᠡ ᠪᠠᠶᠢᠳᠠᠯ ᠤᠨ ᠶᠡᠭᠡ ᠬᠡᠪᠴᠢᠶᠡᠨ ᠤ ᠬᠡᠷᠡᠭᠯᠡᠭᠡᠨ ᠤ ᠵᠢᠱᠢᠶ᠎ᠡ ᠦᠵᠡᠭᠦᠯᠭᠦ ᠠᠵᠢᠯᠯᠠᠭ᠎ᠠ ᠶᠢ ᠥᠷᠨᠢᠭᠦᠯᠦᠨ᠎ᠡ;︽ᠵᠣᠬᠢᠶᠠᠮᠠᠯ ᠣᠶᠤᠨ ᠴᠢᠳᠠᠪᠤᠷᠢ +︾ ᠠᠵᠢᠯᠯᠠᠭ᠎ᠠ ᠶᠢ ᠥᠷᠨᠢᠭᠦᠯᠵᠦ᠂ ᠢᠷᠡᠭᠡᠳᠦᠢ ᠶᠢᠨ ᠠᠵᠤ ᠦᠢᠯᠡᠰ ᠢ ᠪᠤᠶᠢᠵᠢᠭᠤᠯᠤᠨ᠎ᠠ;ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠦᠴᠦᠨ ᠤ ᠪᠠᠶᠢᠭᠤᠯᠤᠯᠲᠠ ᠶᠢ ᠴᠢᠩᠭᠠᠳᠬᠠᠨ᠎ᠠ ᠁ ᠬᠤᠷᠠᠯ ᠠᠴᠠ ᠤᠯᠠᠨ ᠲᠠᠯ᠎ᠠ ᠠᠴᠠ ᠪᠣᠳᠠᠲᠠᠢ ᠪᠠᠶᠢᠷᠢᠯᠠᠭᠤᠯᠤᠯᠲᠠ ᠬᠢᠪᠡ᠃          ᠬᠤᠷᠠᠯ ᠠᠴᠠ᠂ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠬᠠᠷᠰᠢᠯᠠᠵᠤ ᠪᠠᠶᠢᠭ᠎ᠠ ᠪᠣᠭᠤᠮᠢ ᠪᠠ ᠬᠦᠯᠢᠶᠡᠰᠦᠯᠡᠯ ᠳᠤ ᠴᠢᠭᠯᠡᠭᠦᠯᠵᠦ᠂ ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢᠨ ᠲᠣᠭᠲᠠᠭᠤᠨ ᠢᠶᠠᠷ ᠦᠷᠭᠦᠯᠵᠢᠯᠡᠨ ᠰᠣᠯᠢᠭᠳᠠᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃          ᠥᠭᠡᠷᠡᠴᠢᠯᠡᠯᠲᠡ ᠨᠡᠭᠡᠭᠡᠯᠲᠡ ᠪᠠᠷ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠴᠢᠩᠭᠠᠳᠬᠠᠨ᠎ᠠ           ︽ᠠᠷᠠᠳ ᠤᠨ ᠡᠵᠡᠩᠨᠡᠯᠲᠡ ᠶᠢᠨ ᠠᠵᠤ ᠠᠬᠤᠢ ᠶᠢ ᠠᠬᠢᠭᠤᠯᠬᠤ ᠬᠠᠤᠯᠢ ᠶᠢ ᠨᠡᠶᠢᠲᠡᠯᠡᠬᠦ︾᠂ ︽ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠲᠤᠰᠬᠠᠢ ᠠᠵᠢᠯᠯᠠᠭ᠎ᠠ ᠶᠢ ᠥᠷᠨᠢᠭᠦᠯᠬᠦ︾᠂ ︽ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢᠨ ᠵᠢᠯᠣᠭᠤᠳᠤᠮᠵᠢ ᠶᠢ ᠲᠣᠭᠲᠠᠭᠠᠬᠤ︾᠂ ︽ᠲᠠᠪᠴᠠᠩ ᠤᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ︾᠂ ︽ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ︾᠂ ︽ᠬᠥᠷᠥᠩᠭᠡ ᠶᠢᠨ ᠵᠠᠬ᠎ᠠ ᠳᠡᠯᠭᠡᠭᠦᠷ ᠤᠨ ᠪᠡᠯᠡ ᠣᠷᠣᠭᠤᠯᠤᠯᠲᠠ ᠪᠡᠯᠡ ᠬᠤᠷᠠᠮᠳᠤᠭᠤᠯᠭ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ︾ ᠁ ᠬᠤᠷᠠᠯ ᠠᠴᠠ᠂ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠪᠡᠯᠭᠡ ᠲᠡᠮᠳᠡᠭ ᠤᠨ ᠴᠢᠨᠠᠷᠲᠠᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠳᠤᠷᠠᠳᠪᠠ᠃          ᠬᠤᠳᠠᠯᠳᠤᠭᠠᠨ ᠤ ᠶᠠᠪᠤᠳᠠᠯ ᠤᠨ ᠶᠠᠮᠤᠨ ᠤ ᠣᠯᠠᠨ ᠤᠯᠤᠰ ᠤᠨ ᠠᠷᠠᠯᠵᠢᠶ᠎ᠠ ᠠᠵᠤ ᠠᠬᠤᠢ ᠶᠢᠨ ᠬᠠᠮᠲᠤᠷᠠᠯᠴᠠᠭᠠᠨ ᠤ ᠰᠤᠳᠤᠯᠭᠠᠨ ᠤ ᠬᠦᠷᠢᠶᠡᠯᠡᠩ ᠤᠨ ᠳᠡᠳ᠋ ᠳᠠᠷᠤᠭ᠎ᠠ ᠼᠦᠢ ᠸᠧᠢ ᠵᠢᠶᠧ᠂ ᠬᠤᠷᠠᠯ ᠤᠨ ᠰᠢᠷᠢᠰ ᠴᠢᠬᠤᠯᠠ ᠪᠠᠶᠢᠷᠢᠯᠠᠭᠤᠯᠤᠯᠲᠠ ᠨᠢ ᠣᠳᠣᠬᠠᠨ ᠤ ᠠᠵᠤ ᠠᠬᠤᠢ ᠶᠢᠨ ᠭᠤᠣᠯᠳᠠᠯᠭ᠎ᠠ ᠲᠠᠢ ᠬᠦᠷᠢᠶᠡᠨ ᠳᠠᠬᠢ ᠵᠠᠩᠭᠢᠯᠠᠭ᠎ᠠ ᠶᠢᠨ ᠭᠤᠭᠴᠤᠭ᠎ᠠ᠂ ᠭᠦᠨ ᠳᠠᠪᠬᠤᠷᠭ᠎ᠠ ᠶᠢᠨ ᠵᠥᠷᠢᠴᠡᠯ ᠪᠠ ᠲᠤᠯᠭᠠᠮ ᠴᠢᠨᠠᠷᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠲᠦᠭᠵᠢᠷᠡᠯ ᠢ ᠬᠦᠴᠦᠯᠡᠨ ᠨᠠᠪᠲᠠᠷᠡᠭᠦᠯᠵᠦ᠂ ᠳᠤᠲᠠᠭᠤᠳᠠᠯ ᠢ ᠨᠥᠬᠦᠪᠦᠷᠢᠯᠡᠨ᠂ ᠵᠢᠱᠢᠵᠦ ᠪᠤᠯᠬᠤ ᠪᠠᠶᠢᠭᠤᠯᠤᠯ ᠤᠨ ᠲᠣᠬᠢᠷᠠᠭᠤᠯᠤᠯᠲᠠ ᠶᠢ ᠪᠦᠷᠢᠯᠳᠦᠭᠦᠯᠬᠦ ᠨᠢ ᠪᠤᠰᠤᠳ ᠬᠦᠷᠢᠶᠡᠨ ᠳᠠᠬᠢ ᠥᠭᠡᠷᠡᠴᠢᠯᠡᠯᠲᠡ ᠶᠢ ᠬᠥᠲᠥᠯᠥᠨ ᠳᠠᠭᠠᠭᠤᠯᠬᠤ ᠪᠠ ᠳᠠᠶᠢᠴᠢᠯᠠᠵᠤ᠂ ᠭᠦᠨ ᠳᠠᠪᠬᠤᠷᠭ᠎ᠠ ᠶᠢᠨ ᠪᠠᠶᠢᠭᠤᠯᠤᠯ ᠲᠣᠭᠲᠠᠴᠠ ᠶᠢᠨ ᠬᠠᠷᠰᠢ ᠰᠠᠭᠠᠳ ᠢ ᠠᠷᠢᠯᠭᠠᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠬᠦ ᠳᠤ ᠠᠰᠢᠭᠲᠠᠢ ᠶᠤᠮ ᠭᠡᠵᠦ ᠢᠯᠡᠳᠬᠡᠪᠡ᠃          ᠬᠤᠷᠠᠯ ᠠᠴᠠ ᠪᠠᠰᠠ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠵᠦ᠂ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠤᠨ᠂ ᠭᠠᠳᠠᠭᠠᠳᠤ ᠪᠡᠯᠡ ᠶᠢ ᠲᠣᠭᠲᠠᠪᠤᠷᠢᠵᠢᠭᠤᠯᠵᠤ᠂ ︽ᠪᠡᠶ᠎ᠡ ᠪᠠᠨ ᠳᠠᠭᠠᠭᠠᠵᠤ ᠨᠡᠭᠡᠭᠡᠯᠲᠡ ᠬᠢᠬᠦ ᠪᠠ ᠭᠠᠭᠴᠠ ᠲᠠᠯ᠎ᠠ ᠶᠢᠨ ᠨᠡᠭᠡᠭᠡᠯᠲᠡ ᠶᠢ ᠡᠮᠬᠢ ᠵᠢᠷᠤᠮ ᠲᠠᠢ ᠥᠷᠭᠡᠳᠬᠡᠬᠦ︾᠂ ︽ᠦᠢᠯᠡᠴᠢᠯᠡᠭᠡᠨ ᠤ ᠠᠷᠠᠯᠵᠢᠶ᠎ᠠ᠂ ᠪᠣᠬᠢᠷᠳᠤᠯ ᠦᠭᠡᠢ ᠠᠷᠠᠯᠵᠢᠶ᠎ᠠ᠂ ᠲᠣᠭᠠᠴᠢᠯᠠᠭᠰᠠᠨ ᠠᠷᠠᠯᠵᠢᠶ᠎ᠠ ᠶᠢ ᠢᠳᠡᠪᠬᠢᠲᠡᠢ ᠬᠥᠭᠵᠢᠭᠦᠯᠬᠦ︾᠂ ︽︿ᠳᠤᠮᠳᠠᠳᠤ ᠤᠯᠤᠰ ᠲᠤ ᠪᠡᠯᠡ ᠣᠷᠣᠭᠤᠯᠬᠤ﹀ ᠲᠦᠷᠦᠯ ᠲᠡᠮᠳᠡᠭ ᠢ ᠦᠷᠭᠦᠯᠵᠢᠯᠡᠨ ᠡᠭᠦᠳᠬᠦ ︾᠂ ︽ᠦᠢᠯᠡᠴᠢᠯᠡᠭᠡᠨ ᠤ ᠦᠢᠯᠡᠰ ᠤᠨ ᠨᠡᠭᠡᠭᠡᠯᠲᠡ ᠶᠢ ᠯᠠᠪᠳᠠᠭᠤᠨ ᠢᠶᠠᠷ ᠠᠬᠢᠭᠤᠯᠬᠤ︾ ᠵᠡᠷᠭᠡ ᠪᠣᠳᠠᠲᠠᠢ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃          ᠬᠤᠷᠠᠯ ᠠᠴᠠ᠂ ᠣᠷᠣᠨ ᠪᠦᠰᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠣᠷᠣᠨ ᠪᠦᠰᠡ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠴᠢᠩᠭᠠᠷᠠᠭᠤᠯᠬᠤ ᠬᠡᠷᠡᠭᠲᠡᠢ ᠭᠡᠵᠦ ᠳᠤᠷᠠᠳᠪᠠ᠃          ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠡᠷᠴᠢᠮ ᠢ ᠴᠢᠩᠭᠠᠷᠠᠭᠤᠯᠤᠨ᠎ᠠ           ︽ᠰᠢᠨ᠎ᠡ ᠭᠡᠯᠪᠡᠷᠢ ᠶᠢᠨ ᠬᠤᠳᠠ ᠪᠠᠯᠭᠠᠰᠤᠵᠢᠯᠲᠠ ᠪᠣᠯᠣᠨ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ︾᠂ ︽ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠪᠣᠬᠢᠷᠳᠤᠯ ᠢ ᠪᠠᠭᠠᠰᠬᠠᠬᠤ ᠨᠣᠭᠤᠭᠠᠷᠠᠭᠤᠯᠤᠯᠲᠠ ᠶᠢ ᠥᠷᠭᠡᠳᠬᠡᠬᠦ ᠨᠡᠮᠡᠭᠳᠡᠯ ᠢ ᠬᠠᠮᠵᠢᠯᠴᠠᠨ ᠠᠬᠢᠭᠤᠯᠬᠤ︾᠂ ︽ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠡᠷᠴᠢᠮ ᠢ ᠴᠢᠩᠭᠠᠷᠠᠭᠤᠯᠬᠤ︾ ᠁ ᠬᠤᠷᠠᠯ ᠤᠨ ᠤᠯᠠᠨ ᠵᠦᠢᠯ ᠤᠨ ᠪᠠᠶᠢᠷᠢᠯᠠᠭᠤᠯᠤᠯᠲᠠ ᠨᠢ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠪᠡ᠃          ᠬᠤᠷᠠᠯ ᠠᠴᠠ ︽ᠠᠮᠤ ᠪᠤᠳᠠᠭᠠᠨ ᠤ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠪᠦᠷᠢᠨᠰᠢᠭᠦᠯᠬᠦ︾᠂ ︽ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ  ︾᠂ ︽ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ︾᠂ ︽ᠭᠤᠣᠯᠳᠠᠯᠭ᠎ᠠ ᠲᠠᠢ ᠬᠥᠮᠥᠰ ᠤᠨ ᠠᠵᠢᠯ ᠣᠯᠭᠤᠯᠲᠠ ᠶᠢ ᠠᠬᠢᠭᠤᠯᠬᠤ︾᠂ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢ ᠠᠬᠢᠭᠤᠯᠬᠤ︾᠂ ︽ᠡᠮ ᠡᠮᠨᠡᠯᠭᠡ ᠡᠷᠡᠭᠦᠯ ᠬᠠᠮᠠᠭᠠᠯᠠᠯ ᠤᠨ ᠰᠠᠭᠤᠷᠢ ᠶᠢ ᠪᠠᠬᠢᠵᠢᠭᠦᠯᠬᠦ ᠢᠨᠵᠧᠨᠧᠷᠢᠩ ᠢ ᠬᠡᠷᠡᠭᠵᠢᠭᠦᠯᠬᠦ︾ ᠵᠡᠷᠭᠡ ᠶᠢ ᠲᠣᠳᠣᠷᠬᠠᠶᠢᠯᠠᠪᠠ᠃          ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠤ ᠬᠥᠭᠵᠢᠯᠲᠡ ᠪᠣᠯᠣᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠴᠢᠬᠤᠯᠠᠲᠠᠢ ᠶᠤᠮ᠃  ᠬᠤᠷᠠᠯ ᠠᠴᠠ᠂ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ ᠡᠭᠦᠰᠬᠦ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃           ︽ᠭᠡᠷ ᠭᠠᠵᠠᠷ ᠤᠨ ᠬᠥᠷᠥᠩᠭᠡ ᠪᠣᠯ ᠠᠶᠤᠯ ᠲᠦᠭᠰᠢᠭᠦᠷᠢ ᠶᠢ ᠠᠷᠢᠯᠭᠠᠬᠤ ᠴᠢᠬᠤᠯᠠᠲᠠᠢ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠨᠢᠭᠡ ᠮᠥᠨ᠂ ᠣᠶᠢᠷ᠎ᠠ ᠶᠢᠨ ᠬᠤᠭᠤᠴᠠᠭᠠᠨ ᠳᠤ ᠲᠥᠷᠥ ᠶᠢᠨ ᠪᠣᠳᠣᠯᠭ᠎ᠠ ᠶᠢᠨ ᠦᠷ᠎ᠡ ᠪᠦᠲᠦᠮᠵᠢ ᠠᠩᠬ᠎ᠠ ᠠᠯᠬᠤᠮ ᠢᠯᠡᠷᠡᠵᠦ ᠪᠠᠶᠢᠨ᠎ᠠ︾᠃ ᠳᠤᠮᠳᠠᠳᠤ ᠤᠯᠤᠰ ᠤᠨ ᠬᠤᠷᠸ᠎ᠠ ᠠᠵᠤ ᠠᠬᠤᠢ ᠶᠢᠨ ᠰᠤᠳᠤᠯᠭᠠᠨ ᠤ ᠬᠦᠷᠢᠶᠡᠯᠡᠩ ᠤᠨ ᠰᠤᠳᠤᠯᠤᠭᠴᠢ ᠯᠢᠦ ᠯᠢᠨ᠂ ᠠᠵᠢᠯ ᠲᠥᠷᠥᠯ ᠢ ᠰᠡᠷᠭᠦᠭᠡᠨ ᠬᠥᠭᠵᠢᠭᠦᠯᠬᠦ ᠵᠠᠩᠭᠢᠯᠠᠭ᠎ᠠ ᠶᠢᠨ ᠦᠶ᠎ᠡ ᠳᠤ᠂ ᠬᠤᠷᠠᠯ ᠠᠴᠠ ︽ᠭᠡᠷ ᠭᠠᠵᠠᠷ ᠤᠨ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠵᠤ ᠲᠣᠭᠲᠠᠪᠤᠷᠢᠵᠢᠬᠤ ᠶᠢ ᠦᠷᠭᠦᠯᠵᠢᠯᠡᠨ ᠬᠦᠴᠦᠲᠡᠢ ᠠᠬᠢᠭᠤᠯᠬᠤ︾᠂ ︽ᠬᠤᠲᠠ ᠶᠢᠨ ᠳᠤᠮᠳᠠᠬᠢ ᠲᠣᠰᠬᠤᠨ ᠪᠠ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠶᠢ ᠬᠦᠴᠦᠯᠡᠨ ᠬᠡᠷᠡᠭᠵᠢᠭᠦᠯᠬᠦ︾᠂ ︽ᠨᠥᠭᠡᠴᠡ ᠭᠠᠵᠠᠷ ᠰᠢᠷᠣᠢ ᠪᠣᠯᠣᠨ ᠬᠤᠳᠠᠯᠳᠤᠭ᠎ᠠ ᠪᠠ ᠠᠯᠪᠠᠨ ᠳᠤ ᠬᠡᠷᠡᠭᠯᠡᠬᠦ ᠭᠡᠷ ᠭᠠᠵᠠᠷ ᠤᠨ ᠬᠥᠷᠥᠩᠭᠡ ᠶᠢ ᠠᠮᠢᠳᠤᠯᠢᠭᠵᠢᠭᠤᠯᠬᠤ︾ ᠵᠡᠷᠭᠡ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠬᠠᠩᠭᠠᠯᠭ᠎ᠠ ᠬᠡᠷᠡᠭᠴᠡᠭᠡ ᠶᠢᠨ ᠬᠤᠶᠠᠷ ᠦᠵᠦᠭᠦᠷ ᠠᠴᠠ ᠦᠷᠭᠦᠯᠵᠢᠯᠡᠨ ᠬᠦᠴᠦᠯᠡᠬᠦ ᠲᠥᠷᠥ ᠶᠢᠨ ᠪᠣᠳᠣᠯᠭ᠎ᠠ ᠶᠢᠨ ᠰᠡᠳᠬᠢᠮᠵᠢ ᠶᠢ ᠪᠠᠷᠢᠮᠲᠠᠯᠠᠭᠰᠠᠨ ᠨᠢ ᠣᠳᠣᠬᠠᠨ ᠤ ᠰᠠᠶᠢᠵᠢᠷᠠᠬᠤ ᠬᠠᠨᠳᠤᠰᠢ ᠶᠢ ᠦᠷᠭᠦᠯᠵᠢᠯᠡᠭᠦᠯᠤᠨ᠂ ᠲᠥᠷᠥ ᠶᠢᠨ ᠪᠣᠳᠣᠯᠭ᠎ᠠ ᠶᠢᠨ ᠠᠰᠢᠭᠲᠠᠢ ᠪᠠᠶᠢᠳᠠᠯ ᠢ ᠤᠯᠠᠮ ᠨᠢᠭᠡ ᠠᠯᠬᠤᠮ ᠵᠠᠬ᠎ᠠ ᠳᠡᠯᠭᠡᠭᠦᠷ ᠤᠨ ᠢᠲᠡᠭᠡᠯ ᠵᠣᠷᠢᠭ ᠪᠠ ᠬᠥᠭᠵᠢᠯᠲᠡ ᠶᠢᠨ ᠦᠷ᠎ᠡ ᠠᠰᠢᠭ ᠪᠣᠯᠭᠠᠨ ᠬᠤᠪᠢᠷᠠᠭᠤᠯᠬᠤ ᠳᠤ ᠠᠰᠢᠭᠲᠠᠢ ᠶᠤᠮ ᠭᠡᠵᠦ ᠢᠯᠡᠳᠬᠡᠪᠡ᠃          ᠢᠷᠡᠬᠦ ᠵᠢᠯ ᠤᠨ ᠠᠵᠤ ᠠᠬᠤᠢ ᠶᠢᠨ ᠠᠵᠢᠯ ᠤᠨ ᠦᠨᠳᠦᠰᠦᠨ ᠪᠣᠳᠣᠯᠭ᠎ᠠ ᠴᠢᠭᠯᠡᠯᠲᠡ ᠶᠢ ᠨᠢᠭᠡᠨᠲᠡ ᠲᠣᠭᠲᠠᠭᠠᠪᠠ᠂ ᠵᠠᠩᠭᠢᠯᠠᠭ᠎ᠠ ᠨᠢ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠳᠤ ᠪᠤᠢ᠃ ᠬᠤᠷᠠᠯ ᠠᠴᠠ ᠠᠵᠤ ᠠᠬᠤᠢ ᠶᠢᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠠᠵᠢᠯᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠢᠲᠡᠭᠡᠯ ᠵᠣᠷᠢᠭ ᠢᠶᠠᠨ ᠨᠡᠮᠡᠭᠳᠡᠭᠦᠯᠵᠦ᠂ ᠬᠦᠴᠢᠷ ᠢ ᠰᠥᠷᠦᠨ ᠤᠷᠤᠭᠰᠢᠯᠠᠵᠤ᠂ ᠬᠦᠴᠦᠯᠡᠨ ᠴᠢᠷᠮᠠᠶᠢᠵᠤ ᠵᠢᠳᠬᠦᠯ ᠴᠢᠷᠮᠠᠶᠢᠯᠭ᠎ᠠ ᠭᠠᠷᠭᠠᠵᠤ᠂ ᠨᠠᠮ ᠤᠨ ᠲᠥᠪ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃                        
 
ᠢᠷᠡᠯᠲᠡ᠄ ᠰᠢᠨᠬᠤᠸᠠ ᠬᠤᠷᠢᠶ᠎ᠠ ᠶᠢᠨ ᠪᠡᠭᠡᠵᠢᠩ ᠤᠨ ᠴᠠᠭᠢᠯᠭᠠᠨ ᠮᠡᠳᠡᠭᠡ ᠠᠴᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号