| - ᠶᠡᠷᠦᠩᠬᠡᠢ ᠱᠦᠵᠢ ᠰᠢ ᠶᠢᠨ ᠫᠢᠩ ᠤᠨ ᠳᠥᠷᠪᠡᠳᠦᠭᠡᠷ ᠤᠳᠠᠭ᠎ᠠ ᠶᠢᠨ ︽ᠨᠢᠭᠡ ᠪᠦᠰᠡ ᠨᠢᠭᠡ ᠵᠠᠮ | ︾ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ | ᠰᠤᠷᠤᠯᠴᠠᠨ ᠲᠤᠭᠤᠰᠢᠯᠠᠭᠤᠯᠬᠤ ᠲᠤᠬᠠᠢ ᠥᠭᠦᠯᠡᠬᠦ ᠨᠢ | ᠠᠷᠠᠳ ᠤᠨ ᠡᠳᠦᠷ ᠤᠨ ᠰᠣᠨᠢᠨ ᠤ ᠰᠢᠭᠦᠮᠵᠢᠯᠡᠭᠴᠢ | ᠬᠥᠭᠵᠢᠯᠲᠡ ᠶᠢ ᠬᠥᠭᠡᠭᠡᠴᠡᠯᠳᠦᠵᠦ᠂ ᠬᠠᠮᠲᠤ ᠪᠠᠷ ᠠᠰᠢᠭ ᠭᠦᠷᠳᠡᠭᠦ ᠶᠢ ᠡᠷᠬᠢᠮᠯᠡᠵᠦ᠂ ᠬᠦᠰᠡᠯ | ᠡᠷᠡᠮᠡᠯᠵᠡᠯ ᠢ ᠳᠠᠮᠵᠢᠭᠤᠯᠪᠠ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠨᠢ | ᠲᠡᠦᠬᠡ ᠶᠢᠨ ᠵᠥᠪ ᠲᠠᠯ᠎ᠠ ᠳᠤ ᠵᠣᠭᠰᠣᠵᠤ᠂ ᠴᠠᠭ ᠦᠶ᠎ᠡ ᠶᠢᠨ ᠲᠠᠪᠰᠢᠯᠳᠠ ᠶᠢᠨ ᠯᠣᠭᠢᠭ ᠲᠠᠢ ᠨᠡᠶᠢᠴᠡᠵᠦ ᠪᠠᠶᠢᠨ᠎ᠠ᠃ | | 12 ᠰᠠᠷ᠎ᠠ ᠶᠢᠨ 2 ᠤᠨ ᠡᠳᠦᠷ ᠬᠤᠷᠠᠯᠳᠤᠭᠰᠠᠨ ᠳᠥᠷᠪᠡᠳᠦᠭᠡᠷ ᠤᠳᠠᠭ᠎ᠠ ᠶᠢᠨ ︽ᠨᠢᠭᠡ ᠪᠦᠰᠡ | ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠶᠠᠷᠢᠯᠴᠠᠬᠤ ᠬᠤᠷᠠᠯ ᠳᠡᠭᠡᠷ᠎ᠡ᠂ ᠶᠡᠷᠦᠩᠬᠡᠢ ᠱᠦᠵᠢ | ᠰᠢ ᠶᠢᠨ ᠫᠢᠩ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠪᠠᠶᠢᠯᠳᠤᠬᠤ | ᠪᠣᠳᠣᠯᠭ᠎ᠠ ᠶᠢᠨ ᠪᠦᠭᠦ ᠲᠠᠯ᠎ᠠ ᠪᠠ ᠳᠡᠯᠡᠬᠡᠢ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢ | ᠨᠢᠭᠡᠳᠦᠯᠲᠡᠢ ᠲᠥᠯᠥᠪᠵᠢᠭᠦᠯᠬᠦ ᠥᠨᠳᠥᠷᠴᠡ ᠠᠴᠠ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ | ᠪᠠᠶᠢᠭᠤᠯᠬᠤ ᠲᠠᠯ᠎ᠠ ᠪᠠᠷ ᠣᠯᠣᠭᠰᠠᠨ ᠴᠢᠬᠤᠯᠠ ᠶᠡᠭᠡ ᠠᠮᠵᠢᠯᠲᠠ ᠶᠢ ᠭᠦᠢᠴᠡᠳ ᠨᠤᠲᠠᠯᠠᠵᠤ᠂ ᠣᠳᠣᠬᠠᠨ ᠤ ᠪᠠ | ᠬᠤᠶᠢᠰᠢᠳᠠ ᠶᠢᠨ ᠨᠢᠭᠡ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠪᠦᠭᠦ ᠲᠠᠯ᠎ᠠ ᠶᠢᠨ ᠪᠠᠶᠢᠷᠢᠯᠠᠭᠤᠯᠤᠯᠲᠠ ᠬᠢᠵᠦ᠂ ︽ᠪᠢᠳᠡ | ᠪᠠᠶᠢᠯᠳᠤᠬᠤ ᠪᠣᠳᠣᠯᠭ᠎ᠠ ᠶᠢᠨ ᠢᠲᠡᠭᠡᠯ ᠢᠶᠠᠨ ᠪᠠᠲᠤᠳᠬᠠᠵᠤ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ | ᠪᠠᠲᠤᠯᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ︿ᠨᠢᠭᠡ ᠪᠦᠰᠡ ᠨᠢᠭᠡ | ᠵᠠᠮ﹀ ᠢ ᠬᠠᠮᠲᠤ ᠪᠠᠷ ᠪᠦᠲᠦᠭᠡᠨ ᠪᠠᠶᠢᠭᠤᠯᠬᠤ ᠨᠠᠩ ᠭᠡᠭᠡᠨ ᠰᠠᠷᠠᠭᠤᠯ ᠢᠷᠡᠭᠡᠳᠦᠢ ᠶᠢ ᠨᠡᠭᠡᠭᠡᠬᠦ ᠬᠡᠷᠡᠭᠲᠡᠢ︾ ᠭᠡᠵᠦ | ᠴᠢᠬᠤᠯᠠᠴᠢᠯᠠᠪᠠ᠃ | 2013 ᠣᠨ ᠳᠤ ᠡᠭᠦᠳᠦᠯᠲᠡ ᠶᠢᠨ ᠴᠢᠨᠠᠷᠲᠠᠢ ᠪᠠᠷ ︽ᠨᠢᠭᠡ ᠪᠦᠰᠡ ᠨᠢᠭᠡ ᠵᠠᠮ︾ ᠢ ᠬᠠᠮᠲᠤ ᠪᠠᠷ | ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠶᠢ ᠳᠤᠷᠠᠳᠤᠭᠰᠠᠨ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ | ᠤᠷᠢᠳ ᠬᠤᠵᠢᠳ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠪᠠᠶᠢᠯᠳᠤᠬᠤ | ᠪᠣᠳᠣᠯᠭ᠎ᠠ ᠶᠢᠨ ᠪᠠᠶᠢᠷᠢ ᠲᠣᠭᠲᠠᠭᠠᠯᠲᠠ᠂ ᠵᠠᠷᠴᠢᠮ ᠣᠶᠢᠯᠠᠭᠠᠭᠳᠠᠬᠤᠨ᠂ ᠬᠠᠷᠠᠯᠲᠠ ᠡᠭᠦᠷᠭᠡ᠂ ᠠᠷᠭ᠎ᠠ ᠵᠠᠮ | ᠵᠡᠷᠭᠡ ᠶᠢᠨ ᠲᠤᠬᠠᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ | ᠪᠦᠲᠦᠭᠡᠨ ᠪᠠᠶᠢᠭᠤᠯᠬᠤ ᠶᠢ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠬᠤ ᠶᠢ ᠬᠥᠲᠥᠯᠥᠨ ᠳᠠᠭᠠᠭᠤᠯᠪᠠ᠃ 11 | ᠵᠢᠯ ᠤᠨ ᠲᠤᠷᠰᠢ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠡᠶ᠎ᠡ ᠨᠠᠶᠢᠷᠲᠠᠢ | ᠬᠠᠮᠲᠤᠷᠠᠯᠴᠠᠬᠤ᠂ ᠨᠡᠭᠡᠭᠡᠯᠲᠡᠲᠡᠢ ᠪᠠᠭᠲᠠᠭᠠᠮᠵᠢᠲᠠᠢ ᠪᠠᠶᠢᠬᠤ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢ ᠪᠤᠯᠭᠠᠬᠤ᠂ | ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠲᠣᠷᠭᠠᠨ ᠵᠠᠮ ᠤᠨ ᠵᠣᠷᠢᠭ ᠰᠠᠨᠠᠭ᠎ᠠ ᠶᠢ ᠢᠮᠠᠭᠲᠠ | ᠪᠠᠷᠢᠮᠲᠠᠯᠠᠵᠤ᠂ ᠬᠠᠮᠲᠤ ᠪᠠᠷ ᠵᠥᠪᠳᠡᠯᠴᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ ᠵᠠᠷᠴᠢᠮ ᠢ ᠢᠮᠠᠭᠲᠠ | ᠪᠠᠷᠢᠮᠲᠠᠯᠠᠵᠤ᠂ ᠬᠠᠮᠲᠤᠷᠠᠯᠴᠠᠭᠠᠨ ᠤ ᠬᠦᠷᠢᠶ᠎ᠡ ᠲᠠᠰᠤᠷᠠᠯᠲᠠ ᠦᠭᠡᠢ ᠥᠷᠭᠡᠵᠢᠵᠦ᠂ ᠬᠠᠮᠲᠤᠷᠠᠯᠴᠠᠭᠠᠨ ᠤ ᠬᠡᠪᠴᠢᠶ᠎ᠡ | ᠲᠠᠰᠤᠷᠠᠯᠲᠠ ᠦᠭᠡᠢ ᠶᠡᠬᠡᠰᠴᠦ᠂ ᠬᠠᠮᠲᠤᠷᠠᠯᠴᠠᠭᠠᠨ ᠤ ᠲᠠᠰ ᠳᠠᠪᠬᠤᠷᠭ᠎ᠠ ᠲᠠᠰᠤᠷᠠᠯᠲᠠ ᠦᠭᠡᠢ ᠳᠡᠭᠡᠭᠰᠢᠯᠡᠵᠦ᠂ | ᠳᠡᠯᠡᠬᠡᠢ ᠳᠠᠬᠢ ᠤᠷᠢᠶᠠᠯᠠᠬᠤ ᠬᠦᠴᠦᠨ᠂ ᠨᠥᠯᠥᠭᠡᠯᠡᠬᠦ ᠬᠦᠴᠦᠨ᠂ ᠨᠢᠭᠲᠠᠷᠠᠯ ᠤᠨ ᠬᠦᠴᠦᠨ ᠲᠠᠰᠤᠷᠠᠯᠲᠠ ᠦᠭᠡᠢ | ᠴᠢᠩᠭᠠᠷᠠᠪᠠ᠃ ᠮᠠᠨ ᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠬᠢᠭᠰᠡᠨ ᠤ ᠳᠠᠷᠠᠭᠠᠬᠢ ᠠᠩᠬᠠᠳᠠᠭᠴᠢ ᠪᠦᠭᠦ | ᠪᠥᠮᠪᠥᠷᠴᠡᠭ ᠤᠨ ᠴᠢᠨᠠᠷᠲᠠᠢ᠂ ᠶᠡᠭᠡ ᠬᠡᠪᠴᠢᠶᠡᠨ ᠤ᠂ ᠪᠦᠭᠦ ᠲᠠᠯ᠎ᠠ ᠶᠢᠨ ᠣᠯᠠᠨ ᠤᠯᠤᠰ ᠤᠨ ᠠᠵᠤ ᠠᠬᠤᠢ ᠶᠢᠨ | ᠬᠠᠮᠲᠤᠷᠠᠯᠴᠠᠭᠠᠨ ᠤ ᠰᠠᠨᠠᠭᠠᠴᠢᠯᠠᠭ᠎ᠠ ᠪᠣᠯᠤᠭᠰᠠᠨ ᠤ ᠬᠤᠪᠢ ᠳᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ | ᠪᠦᠲᠦᠭᠡᠨ ᠪᠠᠶᠢᠭᠤᠯᠬᠤ ᠨᠢ ᠨᠢᠭᠡᠨᠲᠡ ᠪᠦᠭᠦ ᠪᠥᠮᠪᠥᠷᠴᠡᠭ ᠤᠨ ᠬᠡᠮᠵᠢᠶ᠎ᠡ ᠪᠠᠷ ᠬᠠᠮᠤᠭ ᠤᠨ ᠶᠡᠭᠡ᠂ ᠬᠡᠪᠴᠢᠶ᠎ᠡ ᠪᠠᠷ | ᠬᠠᠮᠤᠭ ᠤᠨ ᠥᠷᠭᠡᠨ᠂ ᠨᠥᠯᠥᠭᠡ ᠪᠠᠷ ᠬᠠᠮᠤᠭ ᠤᠨ ᠭᠦᠨ ᠣᠯᠠᠨ ᠤᠯᠤᠰ ᠤᠨ ᠠᠵᠤ ᠠᠬᠤᠢ ᠶᠢᠨ | ᠬᠠᠮᠲᠤᠷᠠᠯᠴᠠᠭᠠᠨ ᠤ ᠲᠠᠪᠴᠠᠩ ᠪᠣᠯᠵᠤ᠂ ᠬᠠᠮᠲᠤ ᠪᠠᠷ ᠪᠦᠲᠦᠭᠡᠨ ᠪᠠᠶᠢᠭᠤᠯᠤᠭᠰᠠᠨ ᠤᠯᠤᠰ ᠯᠤᠭ᠎ᠠ ᠶᠢᠨ ᠨᠥᠬᠦᠷᠯᠡᠯ ᠢ | ᠵᠤᠵᠠᠭᠠᠳᠬᠠᠬᠤ᠂ ᠬᠠᠮᠲᠤ ᠪᠠᠷ ᠪᠦᠲᠦᠭᠡᠨ ᠪᠠᠶᠢᠭᠤᠯᠤᠭᠰᠠᠨ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ | ᠠᠬᠢᠭᠤᠯᠬᠤ ᠳᠤ ᠳᠤᠮᠳᠠᠳᠤ ᠤᠯᠤᠰ ᠤᠨ ᠬᠤᠪᠢ ᠨᠡᠮᠡᠷᠢ ᠶᠢ ᠦᠵᠡᠭᠦᠯᠪᠡ᠃ | ᠠᠷᠪᠠᠨ ᠨᠢᠭᠡᠨ ᠵᠢᠯ ᠤᠨ ᠰᠢᠷᠭᠠᠭᠤ ᠴᠢᠷᠮᠠᠶᠢᠯᠭ᠎ᠠ ᠪᠠᠷ᠂ ︽ᠨᠢᠭᠡ ᠪᠦᠰᠡ ᠨᠢᠭᠡ ᠵᠠᠮ︾ ᠢ | ᠬᠠᠮᠲᠤ ᠪᠠᠷ ᠪᠦᠲᠦᠭᠡᠨ ᠪᠠᠶᠢᠭᠤᠯᠬᠤ ᠨᠢ ᠳᠤᠮᠳᠠᠳᠤ ᠤᠯᠤᠰ ᠤᠨ ᠣᠨᠴᠠᠯᠢᠭ ᠪᠦᠬᠦᠢ ᠲᠣᠮᠣ ᠤᠯᠤᠰ ᠤᠨ ᠭᠠᠳᠠᠭᠠᠳᠤ | ᠬᠠᠷᠢᠯᠴᠠᠭ᠎ᠠ ᠶᠢ ᠠᠬᠢᠭᠤᠯᠬᠤ ᠳᠤ ᠴᠢᠬᠤᠯᠠ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠬᠠᠩᠭᠠᠵᠤ᠂ ᠥᠨᠳᠥᠷ | ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠬᠦ ᠳᠤ ᠴᠢᠬᠤᠯᠠ ᠪᠠᠶᠢᠯᠳᠤᠬᠤ ᠪᠣᠳᠣᠯᠭ᠎ᠠ ᠶᠢᠨ | ᠵᠢᠯᠣᠭᠤᠳᠤᠮᠵᠢ ᠬᠠᠩᠭᠠᠪᠠ᠃ ᠪᠢᠳᠡ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠪᠠᠷ | ᠦᠢᠯᠡᠳᠦᠯᠭᠡ ᠶᠢᠨ ᠲᠠᠪᠴᠠᠩ ᠪᠤᠯᠭᠠᠵᠤ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠪᠠᠶᠢᠭᠤᠯᠬᠤ ᠶᠢ ᠠᠬᠢᠭᠤᠯᠵᠤ᠂ ᠤᠯᠠᠨ ᠤᠯᠤᠰ ᠪᠣᠯᠣᠨ ᠭᠠᠵᠠᠷ ᠣᠷᠣᠨ ᠯᠤᠭ᠎ᠠ ᠬᠤᠶᠠᠷ ᠲᠠᠯ᠎ᠠ ᠵᠢᠴᠢ ᠣᠷᠣᠨ | ᠪᠦᠰᠡ ᠶᠢᠨ ᠴᠢᠨᠠᠷᠲᠠᠢ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ᠬᠥᠮᠥᠨ ᠲᠥᠷᠥᠯᠬᠢᠲᠡᠨ ᠤ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠣᠶᠢᠯᠠᠭᠠᠭᠳᠠᠬᠤᠨ ᠢ ᠬᠥᠮᠥᠰ ᠤᠨ ᠰᠡᠳᠬᠢᠯ ᠳᠤ ᠭᠦᠨ | ᠬᠠᠳᠠᠩᠰᠢᠭᠤᠯᠪᠠ᠃ 150 ᠭᠠᠷᠤᠢ ᠤᠯᠤᠰ᠂ 30 ᠭᠠᠷᠤᠢ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠲᠠᠢ ︽ | ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ | ᠭᠠᠷ ᠤᠨ ᠥᠰᠥᠭ ᠵᠢᠷᠤᠵᠤ᠂ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠲᠣᠣᠷ ᠢ ᠲᠠᠰᠤᠷᠠᠯᠲᠠ ᠦᠭᠡᠢ | ᠥᠷᠭᠡᠳᠬᠡᠪᠡ᠃ ᠣᠷᠣᠨ ᠪᠦᠰᠡ ᠶᠢᠨ ᠨᠡᠭᠡᠭᠡᠯᠲᠡ ᠶᠢ ᠭᠦᠨᠵᠡᠭᠡᠢ ᠠᠬᠢᠭᠤᠯᠵᠤ᠂ ᠣᠷᠣᠨ ᠪᠦᠰᠡ ᠶᠢᠨ | ᠨᠡᠭᠡᠭᠡᠯᠲᠡ ᠶᠢᠨ ᠪᠠᠶᠢᠷᠢᠰᠢᠯ ᠢ ᠬᠦᠴᠦᠯᠡᠨ ᠰᠢᠯᠢᠳᠡᠭᠵᠢᠭᠦᠯᠵᠦ᠂ ᠲᠠᠯᠠᠢ ᠳᠠᠭᠠᠤ ᠣᠷᠣᠨ ᠤ ᠨᠡᠭᠡᠭᠡᠯᠲᠡ ᠪᠣᠯᠣᠨ | ᠳᠣᠲᠣᠭᠠᠳᠤ ᠬᠠᠭᠤᠷᠠᠢ ᠬᠢᠯᠢ ᠳᠠᠭᠠᠤ ᠣᠷᠣᠨ ᠤ ᠨᠡᠭᠡᠭᠡᠯᠲᠡ ᠶᠢᠨ ᠬᠠᠷᠢᠯᠴᠠᠨ ᠠᠬᠢᠭᠤᠯᠵᠤ᠂ ᠬᠠᠮᠲᠤ ᠪᠠᠷ | ᠬᠥᠭᠵᠢᠬᠦ ᠶᠢ ᠪᠡᠶᠡᠯᠡᠭᠦᠯᠵᠦ᠂ ᠡᠬᠡ ᠬᠠᠭᠤᠷᠠᠢ ᠲᠠᠯᠠᠢ ᠲᠠᠩᠭᠢᠰ ᠳᠣᠲᠣᠭᠠᠳᠤ ᠭᠠᠳᠠᠭᠠᠳᠤ ᠬᠤᠯᠪᠣᠯᠳᠤᠨ | ᠬᠥᠳᠡᠯᠦᠯᠴᠡᠭᠰᠡᠨ᠂ ᠵᠡᠭᠦᠨᠰᠢ ᠪᠠᠷᠠᠭᠤᠨᠰᠢ ᠬᠤᠣᠰ ᠴᠢᠭᠯᠡᠯ ᠢᠶᠠᠷ ᠬᠠᠷᠢᠯᠴᠠᠨ ᠲᠤᠰᠠᠯᠠᠭᠰᠠᠨ ᠪᠦᠭᠦ ᠲᠠᠯ᠎ᠠ ᠶᠢᠨ | ᠨᠡᠭᠡᠭᠡᠯᠲᠡ ᠶᠢᠨ ᠪᠠᠶᠢᠷᠢᠰᠢᠯ ᠢ ᠪᠤᠢ ᠪᠣᠯᠭᠠᠪᠠ᠃ | 30 ᠤᠯᠤᠰ ᠪᠠ ᠭᠠᠵᠠᠷ ᠣᠷᠣᠨ ᠲᠠᠢ 23 ᠴᠢᠯᠦᠭᠡᠲᠦ ᠠᠷᠠᠯᠵᠢᠶᠠᠨ ᠤ ᠬᠡᠯᠡᠯᠴᠡᠭᠡᠷ ᠲᠤ ᠭᠠᠷ ᠤᠨ | ᠦᠰᠦᠭ ᠵᠢᠷᠤᠵᠤ᠂ ᠪᠦᠭᠦ ᠪᠥᠮᠪᠥᠷᠴᠡᠭ ᠲᠤ ᠬᠠᠨᠳᠤᠭᠤᠯᠤᠭᠰᠠᠨ ᠥᠨᠳᠥᠷ ᠪᠠᠷᠢᠮᠵᠢᠶᠠᠲᠤ ᠴᠢᠯᠦᠭᠡᠲᠦ ᠠᠷᠠᠯᠵᠢᠶᠠᠨ ᠤ | ᠣᠷᠣᠨ ᠤ ᠲᠣᠣᠷ ᠢ ᠲᠣᠭᠲᠠᠭᠤᠨ ᠢᠶᠠᠷ ᠥᠷᠭᠡᠳᠬᠡᠬᠦ ᠭᠦᠷᠲᠡᠯ᠎ᠡ᠂ ᠭᠠᠳᠠᠭᠠᠳᠤ ᠪᠡᠯᠡ ᠶᠢᠨ ᠣᠷᠣᠬᠤ ᠶᠢ | ᠵᠥᠪᠰᠢᠶᠡᠷᠡᠬᠦ ᠨᠠᠵᠠᠭᠠᠢ ᠲᠠᠯ᠎ᠠ ᠶᠢᠨ ᠨᠠᠷᠢᠨ ᠳᠠᠩᠰᠠ ᠶᠢ ᠦᠷᠭᠦᠯᠵᠢᠯᠡᠨ ᠪᠠᠭᠠᠰᠬᠠᠬᠤ ᠠᠴᠠ ᠠᠪᠤᠭᠠᠳ ᠳᠤᠮᠳᠠᠳᠤ | ᠤᠯᠤᠰ ᠲᠠᠢ ᠬᠠᠷᠢᠯᠴᠠᠭ᠎ᠠ ᠪᠠᠶᠢᠭᠤᠯᠤᠭᠰᠠᠨ ᠬᠠᠮᠤᠭ ᠤᠨ ᠬᠥᠭᠵᠢᠭᠡᠳᠦᠢ ᠤᠯᠤᠰ ᠤᠳ ᠲᠤ 100% ᠶᠢᠨ | ᠭᠠᠶᠢᠯᠢ ᠶᠢᠨ ᠲᠦᠷᠦᠯ ᠤᠨ ᠦᠢᠯᠡᠳᠬᠦᠨ ᠠᠴᠠ ᠪᠣᠭᠤᠮᠲᠠ ᠶᠢᠨ ᠭᠠᠶᠢᠯᠢ ᠠᠪᠬᠤ ᠦᠭᠡᠢ ᠬᠠᠷᠠᠭᠠᠯᠵᠠᠯ ᠣᠯᠭᠤᠭᠰᠠᠨ | ᠭᠦᠷᠲᠡᠯ᠎ᠡ ᠁ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠪᠠᠷ ᠳᠠᠮᠵᠢᠭᠤᠯᠤᠨ᠂ | ᠮᠠᠨ ᠤ ᠤᠯᠤᠰ ᠤᠨ ᠭᠠᠳᠠᠭᠠᠳᠤ ᠨᠡᠭᠡᠭᠡᠯᠲᠡ ᠶᠢᠨ ᠲᠣᠮᠣ ᠡᠭᠦᠳᠡ ᠶᠠᠪᠤᠬᠤ ᠳᠤᠳᠤᠮ ᠨᠡᠭᠡᠭᠡᠭᠳᠡᠵᠦ᠂ ᠨᠡᠭᠡᠭᠡᠯᠲᠡᠲᠤ | ᠬᠥᠭᠵᠢᠯᠲᠡ ᠲᠠᠰᠤᠷᠠᠯᠲᠠ ᠦᠭᠡᠢ ᠰᠢᠨ᠎ᠡ ᠣᠷᠣᠨ ᠵᠠᠢ ᠶᠢ ᠨᠡᠭᠡᠭᠡᠵᠡᠢ᠃ | ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠨᠢ ᠳᠤᠮᠳᠠᠳᠤ ᠤᠯᠤᠰ ᠠᠴᠠ | ᠢᠷᠡᠯᠲᠡ ᠲᠠᠢ ᠪᠠᠶᠢᠵᠤ᠂ ᠦᠷ᠎ᠡ ᠪᠦᠲᠦᠭᠡᠯ ᠪᠣᠯᠣᠨ ᠠᠵᠠ ᠲᠣᠭᠢᠶᠠᠯ ᠨᠢ ᠳᠡᠯᠡᠬᠡᠢ ᠳ᠋ᠠᠬᠢᠨ ᠳᠤ ᠬᠠᠷᠢᠶᠠᠯᠠᠭᠳᠠᠨ᠎ᠠ᠃ | 11 ᠵᠢᠯ ᠤᠨ ᠲᠤᠷᠰᠢ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠨᠢ ᠪᠦᠭᠦ | ᠪᠥᠮᠪᠥᠷᠴᠡᠭ ᠤᠨ ᠬᠠᠮᠲᠤ ᠶᠢᠨ ᠬᠥᠭᠵᠢᠯ ᠴᠡᠴᠡᠭᠯᠡᠯ ᠢ ᠠᠬᠢᠭᠤᠯᠬᠤ ᠳᠤ ᠠᠯᠤᠰ ᠢᠷᠡᠭᠡᠳᠦᠢ ᠭᠡᠭᠡᠨ ᠰᠠᠷᠠᠭᠤᠯ | ᠬᠥᠮᠥᠨ ᠤ ᠶᠢᠷᠲᠢᠨᠴᠦ ᠶᠢᠨ ᠵᠥᠪ ᠵᠠᠮ ᠢ ᠨᠡᠭᠡᠭᠡᠵᠦ᠂ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ | ᠬᠤᠪᠢᠰᠤᠯᠲᠠ ᠶᠢ ᠠᠬᠢᠭᠤᠯᠬᠤ ᠳᠤ ᠵᠥᠪ ᠣᠨᠣᠪᠴᠢᠲᠠᠢ ᠤᠷᠤᠭᠰᠢᠯᠠᠯᠲᠠ ᠶᠢᠨ ᠴᠢᠭᠯᠡᠯ ᠢ ᠬᠥᠲᠥᠯᠥᠨ ᠳᠠᠭᠠᠭᠤᠯᠵᠠᠢ᠃ | ᠪᠢᠳᠡ ᠬᠤᠯᠪᠣᠯᠳᠤᠨ ᠨᠡᠪᠲᠡᠷᠡᠯᠴᠡᠬᠦ ᠪᠠᠷ ᠭᠤᠣᠯ ᠰᠢᠵᠢᠮ ᠪᠤᠯᠭᠠᠵᠤ᠂ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠢ | ᠲᠦᠷᠦᠯ ᠵᠦᠢᠯ ᠪᠣᠯᠣᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ︽ᠵᠢᠵᠢᠭ ᠠᠳᠠᠯ᠎ᠠ ᠭᠤᠶᠢᠳᠠ︾ ᠲᠦᠷᠦᠯ | ᠵᠦᠢᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠠᠮᠲᠤ ᠪᠠᠷ ᠪᠦᠲᠦᠭᠡᠨ ᠪᠠᠶᠢᠭᠤᠯᠤᠭᠰᠠᠨ | ᠤᠯᠤᠰ ᠤᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭᠠᠨ ᠤ ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠭᠦᠯᠵᠦ | ᠂ ᠬᠠᠮᠲᠤ ᠪᠠᠷ ᠪᠦᠲᠦᠭᠡᠨ ᠪᠠᠶᠢᠭᠤᠯᠤᠭᠰᠠᠨ ᠤᠯᠤᠰ ᠠᠷᠠᠳ ᠤᠨ ᠠᠮᠢᠳᠤᠷᠠᠯ ᠤᠨ ᠵᠣᠯ ᠵᠢᠷᠭᠠᠯ ᠢ | ᠰᠠᠶᠢᠵᠢᠷᠠᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ᠃ ᠵᠠᠺᠠᠷᠲ᠋ᠠ - ᠪᠠᠨᠳᠦ᠋ᠩ ᠲᠦᠷᠭᠡᠨ ᠤ ᠲᠡᠮᠦᠷ ᠵᠠᠮ ᠨᠢ | ᠵᠡᠭᠦᠨ ᠡᠮᠦᠨᠡᠲᠦ ᠠᠽᠢᠶ᠎ᠠ ᠶᠢ ᠲᠦᠷᠭᠡᠨ ᠤ ᠲᠡᠮᠦᠷ ᠵᠠᠮ ᠲᠠᠢ ᠪᠤᠯᠭᠠᠵᠤ᠂ ᠳᠤᠮᠳᠠᠳᠤ ᠯᠠᠤᠰ ᠤᠨ ᠲᠡᠮᠦᠷ ᠵᠠᠮ ᠨᠢ | ᠯᠠᠤᠰ ᠤᠨ ︽ᠡᠬᠡ ᠬᠠᠭᠤᠷᠠᠢ ᠶᠢᠨ ᠪᠢᠲᠡᠭᠦᠮᠵᠢᠲᠦ ᠤᠯᠤᠰ︾ ᠠᠴᠠ ︽ᠡᠬᠡ ᠬᠠᠭᠤᠷᠠᠢ ᠶᠢᠨ ᠨᠡᠪᠲᠡᠷᠡᠯᠴᠡᠬᠦ ᠤᠯᠤᠰ︾ | ᠪᠤᠯᠬᠤ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠵᠦ᠂ ᠴᠢᠶᠠᠨᠺᠠᠢ ᠭᠠᠷᠠᠮ ᠨᠢ ᠡᠮᠦᠨᠡᠲᠦ ᠠᠮᠧᠷᠢᠺᠠ ᠶᠢᠨ ᠠᠩᠬᠠᠳᠠᠭᠴᠢ | ᠣᠶᠤᠨᠲᠤ ᠭᠠᠷᠠᠮ ᠪᠠ ᠪᠣᠬᠢᠷᠳᠤᠯ ᠦᠭᠡᠢ ᠭᠠᠷᠠᠮ ᠪᠣᠯᠵᠤ᠂ ᠮᠤᠮᠪᠠᠰᠠ - ᠨᠠᠶᠢᠷᠤᠪᠢ ᠲᠡᠮᠦᠷ ᠵᠠᠮ ᠤᠨ ᠪᠦᠲᠦᠭᠡᠨ | ᠪᠠᠶᠢᠭᠤᠯᠤᠯᠲᠠ ᠨᠢ ᠺᠧᠨᠢᠶᠠ ᠳᠤ 5 ᠲᠦᠮᠡ ᠰᠢᠬᠠᠮ ᠠᠵᠢᠯ ᠤᠨ ᠪᠠᠶᠢᠷᠢ ᠬᠠᠩᠭᠠᠵᠠᠢ ᠁ ᠡᠨᠡ ᠬᠦ ᠡᠯ᠎ᠡ | ᠤᠯᠤᠰ ᠲᠤ ᠪᠤᠶᠠᠨ ᠦᠢᠯᠡᠳᠬᠦ᠂ ᠳᠡᠯᠡᠬᠡᠢ ᠳ᠋ᠠᠬᠢᠨ ᠳᠤ ᠠᠰᠢᠭ ᠬᠦᠷᠲᠡᠭᠡᠬᠦ ︽ᠵᠣᠯ ᠵᠢᠷᠭᠠᠯ ᠤᠨ ᠵᠠᠮ︾ ᠶᠠᠪᠤᠬᠤ | ᠳᠤᠳᠤᠮ ᠥᠷᠭᠡᠵᠢᠵᠦ ᠪᠠᠶᠢᠨ᠎ᠠ᠃ ᠪᠢᠳᠡ ᠬᠡᠬᠦᠳᠡᠭ ᠴᠡᠭᠡᠵᠢᠨ ᠳᠡᠭᠡᠨ ᠳᠡᠯᠡᠬᠡᠢ ᠳ᠋ᠠᠬᠢᠨ ᠢ ᠪᠠᠭᠲᠠᠭᠠᠬᠤ | ᠶᠢᠷᠲᠢᠨᠴᠦ ᠶᠢᠨ ᠦᠵᠡᠯᠲᠡ ᠶᠢ ᠪᠠᠷᠢᠮᠲᠠᠯᠠᠵᠤ᠂ ᠡᠷᠬᠡ ᠲᠡᠭᠰᠢ ᠡᠮᠬᠢ ᠳᠢᠭᠯᠢᠮ ᠲᠠᠢ ᠳᠡᠯᠡᠬᠡᠢ ᠶᠢᠨ ᠤᠯᠠᠨ | ᠲᠤᠶᠢᠯᠵᠢᠯᠲᠡ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠠᠬᠢᠭᠤᠯᠵᠤ᠂ | ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠨᠡᠩ ᠲᠥᠪ ᠭᠤᠣᠯᠴᠢ ᠵᠦᠢ ᠵᠣᠬᠢᠰᠲᠠᠢ ᠴᠢᠭᠯᠡᠯ ᠢᠶᠠᠷ | ᠬᠥᠭᠵᠢᠬᠦ ᠶᠢ ᠬᠦᠴᠦᠲᠡᠢ ᠠᠬᠢᠭᠤᠯᠪᠠ᠃ | ᠥᠩᠭᠡᠷᠡᠭᠰᠡᠨ ᠢᠶᠠᠨ ᠳ᠋ᠦᠩᠨᠡᠬᠦ ᠨᠢ ᠢᠷᠡᠭᠡᠳᠦᠢ ᠵᠦᠭ ᠨᠡᠩ ᠰᠠᠶᠢᠲᠤᠷ ᠤᠷᠤᠭᠰᠢᠯᠠᠬᠤ ᠶᠢᠨ ᠲᠥᠯᠥᠭᠡ | ᠶᠤᠮ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠪᠣᠯ ᠳᠤᠮᠳᠠᠳᠤ ᠤᠯᠤᠰ ᠤᠨ | ᠳᠡᠯᠡᠬᠡᠢ ᠳ᠋ᠠᠬᠢᠨ ᠯᠤᠭ᠎ᠠ ᠠᠵᠠ ᠲᠣᠭᠢᠶᠠᠯ ᠢ ᠬᠠᠮᠲᠤ ᠪᠠᠷ ᠡᠳ᠋ᠯᠡᠬᠦ᠂ ᠬᠥᠭᠵᠢᠯᠲᠡ ᠶᠢ ᠬᠠᠮᠲᠤ ᠪᠠᠷ ᠡᠷᠢᠯᠬᠢᠯᠡᠬᠦ | ᠰᠠᠷᠠᠭᠤᠯ ᠳᠠᠷᠳᠠᠩ ᠵᠠᠮ ᠮᠥᠨ᠂ ᠬᠠᠮᠲᠤ ᠪᠠᠷ ᠴᠡᠴᠡᠭᠯᠡᠨ ᠬᠥᠭᠵᠢᠬᠦ ᠠᠵᠠ ᠲᠣᠭᠢᠶᠠᠯ ᠤᠨ ᠵᠠᠮ ᠮᠥᠨ᠂ ᠡᠯ᠎ᠡ | ᠤᠯᠤᠰ ᠤᠨ ᠬᠠᠮᠲᠤ ᠪᠠᠷ ᠬᠥᠭᠵᠢᠬᠦ ᠲᠣᠮᠣ ᠲᠠᠪᠴᠠᠩ ᠮᠥᠨ᠂ ᠡᠯ᠎ᠡ ᠤᠯᠤᠰ ᠤᠨ ᠶᠠᠪᠤᠯᠴᠠᠭ᠎ᠠ ᠶᠢᠨ ᠰᠢᠨ᠎ᠡ ᠵᠠᠮ ᠢ | ᠨᠡᠭᠡᠭᠡᠵᠦ᠂ ᠤᠯᠠᠨ ᠤᠯᠤᠰ ᠤᠨ ᠬᠠᠮᠲᠤᠷᠠᠯᠴᠠᠭᠠᠨ ᠤ ᠰᠢᠨ᠎ᠡ ᠪᠣᠷᠣ ᠲᠥᠯᠥᠪ ᠢ ᠴᠣᠭᠴᠠᠯᠠᠵᠤ᠂ ᠬᠥᠮᠥᠨ | ᠲᠥᠷᠥᠯᠬᠢᠲᠡᠨ ᠤ ᠬᠠᠮᠲᠤ ᠪᠠᠷ ᠬᠥᠭᠵᠢᠬᠦ ᠬᠠᠮᠤᠭ ᠤᠨ ᠶᠡᠭᠡ ᠶᠡᠷᠦᠩᠬᠡᠢ ᠬᠤᠷᠢᠶᠠᠭᠴᠢ ᠲᠤᠭ᠎ᠠ ᠶᠢ ᠬᠤᠷᠠᠮᠳᠤᠭᠤᠯᠵᠤ | ᠪᠠᠶᠢᠬᠤ ᠶᠢ ᠦᠢᠯᠡᠳᠦᠯᠭᠡ ᠭᠦᠢᠴᠡᠳ ᠭᠡᠷᠡᠴᠢᠯᠡᠵᠡᠢ᠃ ᠡᠨᠡ ᠬᠦ ᠰᠠᠨᠠᠭᠠᠴᠢᠯᠠᠭ᠎ᠠ ᠨᠢ ᠴᠠᠭ ᠤᠨ ᠤᠷᠤᠰᠬᠠᠯ ᠢ ᠲᠠᠭᠠᠵᠦ | ᠂ ᠠᠷᠠᠳ ᠤᠨ ᠰᠡᠳᠬᠢᠯ ᠢ ᠣᠯᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠳᠡᠯᠡᠬᠡᠢ ᠳ᠋ᠠᠬᠢᠨ ᠳᠤ | ᠠᠰᠢᠭᠲᠠᠢ ᠪᠠᠶᠢᠵᠤ᠂ ᠬᠦᠴᠦᠷᠬᠡᠭ ᠶᠡᠭᠡ ᠤᠶᠠᠨ ᠬᠠᠳᠠᠨ ᠴᠢᠨᠠᠷ᠂ ᠥᠷᠨᠢᠭᠦᠨ ᠪᠠᠳᠠᠷᠠᠩᠭᠤᠢ ᠠᠮᠢᠵᠢᠷᠠᠯ ᠤᠨ ᠬᠦᠴᠦᠨ | ᠪᠠ ᠥᠷᠭᠡᠨ ᠠᠭᠤᠳᠠᠮ ᠬᠥᠭᠵᠢᠯᠲᠡ ᠶᠢᠨ ᠢᠷᠡᠭᠡᠳᠦᠢ ᠲᠠᠢ ᠶᠤᠮ᠃ | ᠲᠡᠦᠬᠡ ᠶᠢᠨ ᠶᠡᠷᠦᠩᠬᠡᠢ ᠬᠠᠨᠳᠤᠰᠢ ᠶᠢ ᠳᠠᠭᠠᠵᠤ᠂ ᠬᠥᠮᠥᠨ ᠤ ᠶᠢᠷᠲᠢᠨᠴᠦ ᠶᠢᠨ ᠵᠥᠪ ᠵᠠᠮ ᠢᠶᠠᠷ | ᠠᠯᠤᠰ ᠢ ᠵᠣᠷᠢᠨ ᠤᠷᠤᠭᠰᠢᠯᠠᠨ᠎ᠠ᠃ ᠣᠳᠣᠬᠠᠨ ᠤ ᠳᠡᠯᠡᠬᠡᠢ ᠶᠢᠷᠲᠢᠨᠴᠦ ᠣᠷᠤᠭ᠎ᠠ ᠪᠤᠰᠬᠠᠭ᠎ᠠ ᠪᠠᠶᠢᠵᠤ᠂ ᠵᠠᠭᠤᠨ | ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠰᠦᠨ ᠤᠯᠠᠷᠢᠵᠤ᠂ ᠬᠥᠮᠥᠨ ᠲᠥᠷᠥᠯᠬᠢᠲᠡᠨ ᠤ ᠨᠡᠶᠢᠭᠡᠮ | ᠳᠠᠭᠢᠨ ᠨᠢᠭᠡ ᠤᠳᠠᠭ᠎ᠠ ᠲᠡᠦᠬᠡ ᠶᠢᠨ ᠲᠣᠨᠣᠯᠵᠢᠨ ᠵᠠᠮ ᠳᠡᠭᠡᠷ᠎ᠡ ᠵᠣᠭᠰᠣᠪᠠ᠃ ︽ᠴᠠᠭ ᠪᠠ ᠪᠠᠶᠢᠳᠠᠯ ᠪᠢᠳᠡᠨ ᠤ | ᠲᠠᠯ᠎ᠠ ᠳᠤ ᠪᠠᠶᠢᠬᠤ︾ ᠪᠠᠶᠢᠯᠳᠤᠬᠤ ᠪᠣᠳᠣᠯᠭ᠎ᠠ ᠶᠢᠨ ᠢᠲᠡᠭᠡᠯ ᠢᠶᠠᠨ ᠪᠠᠲᠤᠳᠬᠠᠵᠤ᠂ ︽ᠪᠠᠷᠠᠭᠠᠨ ᠡᠭᠦᠯᠡᠰ | ᠬᠤᠶᠢᠯᠠᠷᠠᠨ ᠥᠩᠭᠡᠷᠡᠪᠡᠴᠦ ᠲᠠᠶᠢᠪᠤᠭᠤ ᠬᠡᠪ ᠢᠶᠠᠷ ᠰᠡᠬᠦᠶᠢᠨᠡᠮ︾ ᠭᠡᠬᠦ ᠪᠠᠶᠢᠯᠳᠤᠬᠤ ᠪᠣᠳᠣᠯᠭ᠎ᠠ ᠶᠢᠨ ᠲᠣᠭᠲᠠᠯ | ᠬᠦᠴᠦᠨ ᠢ ᠪᠠᠲᠤᠯᠠᠵᠤ᠂ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠠᠶᠢᠭᠤᠯᠬᠤ ᠶᠢ ᠡᠷᠡᠰ | ᠭᠤᠶᠢᠪᠢᠰᠢ ᠦᠭᠡᠢ ᠠᠬᠢᠭᠤᠯᠪᠠᠯ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠬᠤ ᠬᠥᠭᠵᠢᠯᠲᠡ ᠶᠢᠨ ᠣᠷᠣᠨ | ᠵᠠᠢ ᠶᠢ ᠳᠠᠰᠤᠷᠠᠯᠳᠠ ᠦᠭᠡᠢ ᠥᠷᠭᠡᠳᠬᠡᠵᠦ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠪᠠᠶᠢᠭᠤᠯᠬᠤ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠨᠢ ᠯᠠᠪᠲᠠᠢ᠃ | ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 3 ᠤ ᠡᠳᠦᠷ ᠤᠨ ᠴᠠᠭᠢᠯᠭᠠᠨ ᠮᠡᠳᠡᠭᠡ | | |