| ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠵᠢᠦᠢ ᠱᠣ᠋ ᠸᠧᠨ᠄ ᠡᠳ᠋ ᠤᠨ ᠵᠠᠰᠠᠭ ᠤᠨ ᠪᠠᠶᠢᠭᠤᠯᠤᠯ ᠤᠨ | ᠥᠭᠡᠷᠡᠴᠢᠯᠡᠯᠲᠡ ᠪᠠᠷ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠨ᠎ᠡ | ᠥᠪᠥᠷ ᠮᠣᠩᠭᠤᠯ ᠤᠨ ᠡᠳᠦᠷ ᠤᠨ ᠰᠣᠨᠢᠨ ᠤ ᠰᠤᠷᠪᠤᠯᠵᠢᠯᠠᠬᠴᠢ ᠶᠠᠩ ᠸᠧᠢ | | ᠬᠥᠭᠵᠢᠯᠲᠡ ᠬᠡᠵᠢᠶᠡᠳᠡ ᠵᠣᠭᠰᠣᠰᠢ ᠦᠭᠡᠢ᠂ ᠥᠭᠡᠷᠡᠴᠢᠯᠡᠯᠲᠡ ᠡᠭᠦᠷᠢᠳᠡ ᠶᠠᠪᠤᠭᠳᠠᠨ᠎ᠠ᠃ ᠨᠠᠮ ᠤᠨ | ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠴᠠ ᠬᠤᠷᠸ᠎ᠠ ᠠᠵᠤ | ᠠᠬᠤᠢ ᠶᠢᠨ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠬᠦ ᠥᠨᠳᠥᠷᠴᠡ ᠠᠴᠠ ᠡᠳ᠋ ᠤᠨ ᠵᠠᠰᠠᠭ ᠭᠠᠶᠢᠯᠢ᠂ ᠮᠥᠩᠭᠦᠨ | ᠭᠦᠢᠯᠭᠡᠭᠡ ᠵᠡᠷᠭᠡ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ | ᠲᠤᠬᠠᠢ ᠠᠯᠢ ᠤᠯᠠᠨ ᠰᠢᠨ᠎ᠡ ᠪᠠᠶᠢᠷᠢᠯᠠᠭᠤᠯᠤᠯᠲᠠ ᠬᠢᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠭᠦᠳᠡ ᠬᠤᠷᠠᠯ ᠠᠴᠠ ᠥᠪᠥᠷ ᠮᠣᠩᠭᠤᠯ ᠤᠨ ᠬᠤᠯᠪᠣᠭᠳᠠᠯ | ᠪᠦᠬᠦᠢ ᠡᠭᠦᠷᠭᠡ ᠶᠢ ᠤᠯᠠᠮ ᠨᠢᠭᠡ ᠠᠯᠬᠤᠮ ᠲᠣᠳᠣᠷᠬᠠᠶᠢᠯᠠᠪᠠ᠃ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠬᠤᠷᠠᠯ ᠤᠨ ᠵᠣᠷᠢᠭ ᠰᠠᠨᠠᠭ᠎ᠠ ᠶᠢ | ᠬᠡᠷᠬᠢᠨ ᠰᠤᠷᠤᠯᠴᠠᠨ ᠲᠤᠭᠤᠰᠢᠯᠠᠭᠤᠯᠵᠤ᠂ ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠭᠰᠡᠨ ᠦᠷ᠎ᠡ | ᠪᠦᠲᠦᠮᠵᠢ ᠶᠢ ᠳᠡᠭᠡᠭᠰᠢᠯᠡᠭᠦᠯᠦᠨ᠂ ᠥᠭᠡᠷᠡᠴᠢᠯᠡᠯᠲᠡ ᠠᠴᠠ ᠬᠥᠳᠡᠯᠭᠡᠬᠦ ᠬᠦᠴᠦᠨ ᠣᠯᠵᠤ᠂ ᠥᠪᠥᠷ ᠮᠣᠩᠭᠤᠯ ᠤᠨ | ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠲᠤᠬᠠᠢ ᠣᠶᠢᠷ᠎ᠠ ᠳᠤ ᠰᠤᠷᠪᠤᠯᠵᠢᠯᠠᠬᠴᠢ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ | ᠳᠠᠷᠤᠭ᠎ᠠ ᠵᠢᠦᠢ ᠱᠣ᠋ ᠸᠧᠨ ᠢ ᠰᠤᠷᠪᠤᠯᠵᠢᠯᠠᠪᠠ᠃ | ᠥᠪᠥᠷ ᠮᠣᠩᠭᠤᠯ ᠤᠨ ᠡᠳᠦᠷ ᠤᠨ ᠰᠣᠨᠢᠨ᠄ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ | ᠪᠠᠭᠤᠯᠭᠠᠵᠤ᠂ ᠦᠢᠯᠡᠴᠢᠯᠡᠭᠡ ᠶᠢ ᠰᠢᠯᠢᠳᠡᠭᠵᠢᠭᠦᠯᠬᠦ ᠪᠣᠯ ᠥᠭᠡᠷᠡᠴᠢᠯᠡᠯᠲᠡ ᠶᠢ ᠠᠬᠢᠭᠤᠯᠬᠤ ᠴᠢᠬᠤᠯᠠ ᠠᠷᠭ᠎ᠠ ᠪᠠᠷᠢᠯ | ᠮᠥᠨ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠢᠨ ᠳᠡᠭᠡᠷ᠎ᠡ ᠳᠤᠷᠠᠳᠤᠭᠰᠠᠨ | ᠲᠠᠯ᠎ᠠ ᠪᠠᠷ ᠠᠵᠢᠯ ᠢᠶᠠᠨ ᠬᠡᠷᠬᠢᠨ ᠰᠢᠨ᠎ᠡ ᠶᠢ ᠡᠭᠦᠳᠬᠦ ᠴᠢᠨᠠᠷᠲᠠᠢ ᠪᠠᠷ ᠥᠷᠨᠢᠭᠦᠯᠦᠭᠰᠡᠨ ᠪᠤᠶ︖ | ᠵᠢᠦᠢ ᠱᠣ᠋ ᠸᠧᠨ᠄ ᠪᠢᠳᠡ ᠠᠵᠢᠯ ᠶᠠᠪᠤᠳᠠᠯ ᠤᠨ ᠡᠷᠬᠡ ᠪᠠ ᠡᠳ᠋ ᠤᠨ ᠵᠠᠰᠠᠭ ᠤᠨ ᠡᠷᠬᠡ ᠶᠢ ᠨᠢᠭᠡᠳᠬᠡᠬᠦ | ᠪᠣᠯᠣᠨ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠪᠠᠭᠠᠰᠬᠠᠬᠤ᠂ ᠦᠷ᠎ᠡ ᠳ᠋ᠦᠩ ᠤᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠬᠤ᠂ ᠲᠠᠰ ᠳᠠᠷᠠᠭᠠᠯᠠᠯ ᠢ ᠳᠥᠭᠦᠮᠴᠢᠯᠡᠬᠦ᠂ ᠦᠷ᠎ᠡ ᠪᠦᠲᠦᠮᠵᠢ ᠶᠢ ᠳᠡᠭᠡᠭᠰᠢᠯᠡᠭᠦᠯᠭᠦ ᠵᠢᠴᠢ ︽ᠡᠬᠢ | ᠠᠳᠠᠭ ᠢ ᠰᠠᠶᠢᠲᠤᠷ ᠬᠠᠮᠢᠶᠠᠷᠴᠤ᠂ ᠶᠠᠪᠤᠴᠠ ᠶᠢ ᠴᠢᠯᠦᠭᠡᠲᠡᠢ ᠲᠠᠯᠪᠢᠬᠤ︾᠂ ︽ᠬᠡᠨ ᠭᠤᠣᠯᠯᠠᠨ ᠬᠠᠮᠢᠶᠠᠷᠪᠠᠯ᠂ ᠬᠡᠨ | ᠬᠤᠪᠢᠶᠠᠷᠢᠯᠠᠵᠤ᠂ ᠬᠡᠨ ᠬᠠᠷᠢᠭᠤᠴᠠᠬᠤ︾ ᠵᠠᠷᠴᠢᠮ ᠶᠣᠰᠣᠭᠠᠷ ᠡᠳ᠋ ᠤᠨ ᠵᠠᠰᠠᠭ ᠤᠨ ᠬᠦᠷᠢᠶᠡᠨ ᠳᠠᠬᠢ ᠵᠠᠰᠠᠭ ᠢ | ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ︽ᠬᠠᠲᠠᠭᠤ ᠠᠷᠭ᠎ᠠ ᠬᠡᠮᠵᠢᠶ᠎ᠡ︾ ᠶᠢ ᠭᠠᠷᠭᠠᠪᠠ᠃ ᠲᠤᠰᠬᠠᠢ ᠪᠡᠯᠡ | ᠮᠥᠩᠭᠦ ᠶᠢᠨ ᠬᠠᠮᠢᠶᠠᠷᠤᠯᠲᠠ ᠶᠢᠨ ᠲᠠᠯ᠎ᠠ ᠪᠠᠷ ᠡᠷᠬᠡ ᠶᠢ ᠳᠣᠷᠣᠭᠰᠢ ᠪᠠᠭᠤᠯᠭᠠᠵᠤ᠂ ᠲᠤᠰᠬᠠᠢ ᠪᠡᠯᠡ ᠮᠥᠩᠭᠦ ᠶᠢᠨ | ᠲᠥᠷᠥᠯ ᠵᠦᠢᠯ ᠤᠨ ᠭᠤᠶᠤᠴᠢᠯᠠᠨ ᠮᠡᠳᠡᠭᠦᠯᠬᠦ᠂ ᠬᠢᠨᠠᠨ ᠬᠠᠷᠭᠤᠭᠤᠯᠬᠤ ᠪᠠ ᠪᠡᠯᠡ ᠮᠥᠩᠭᠦ ᠶᠢ ᠬᠤᠪᠢᠶᠠᠷᠢᠯᠠᠬᠤ ᠵᠡᠷᠭᠡ | ᠡᠷᠬᠡ ᠶᠢ ᠳᠣᠷᠣᠭᠰᠢ ᠪᠠᠭᠤᠯᠭᠠᠵᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠥᠭᠴᠦ᠂ ᠡᠳ᠋ ᠤᠨ ᠵᠠᠰᠠᠭ ᠤᠨ | ᠰᠠᠯᠠᠭ᠎ᠠ ᠮᠥᠴᠢᠷ ᠤᠨ ᠬᠢᠨ ᠭᠤᠣᠯᠳᠠᠭᠤ ᠠᠵᠢᠯ ᠤᠨ ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠪᠠ ᠡᠳ᠋ ᠤᠨ | ᠶᠠᠪᠤᠳᠠᠯ ᠨᠢᠭᠲᠠᠯᠠᠨ ᠪᠣᠳᠣᠯᠲᠠ ᠳᠤ ᠬᠢᠨᠠᠯᠲᠠ ᠲᠠᠯᠪᠢᠬᠤ ᠲᠠᠯ᠎ᠠ ᠪᠠᠷ ᠦᠢᠯᠡᠳᠦᠯ ᠢᠶᠠᠨ ᠪᠠᠳᠠᠷᠠᠭᠤᠯᠪᠠ; | ᠲᠥᠰᠥᠪ ᠤᠨ ᠲᠣᠬᠢᠷᠠᠭᠤᠯᠤᠯᠲᠠ᠂ ᠲᠤᠰᠬᠠᠢ ᠵᠢᠭᠡᠯᠡᠯᠭᠡ ᠶᠢᠨ ᠲᠡᠮᠳᠡᠭᠲᠦ ᠶᠢᠨ ᠬᠤᠪᠢᠶᠠᠷᠢᠯᠠᠯᠲᠠ᠂ ᠡᠳ᠋ | ᠬᠥᠷᠥᠩᠭᠡ ᠶᠢᠨ ᠬᠢᠨᠠᠨ ᠵᠥᠪᠰᠢᠶᠡᠷᠡᠯ ᠤᠨ ᠲᠠᠯ᠎ᠠ ᠪᠠᠷ ᠡᠷᠬᠡ ᠶᠢ ᠳᠣᠷᠣᠭᠰᠢ ᠪᠠᠭᠤᠯᠭᠠᠵᠤ᠂ ᠰᠠᠯᠠᠭ᠎ᠠ ᠮᠥᠴᠢᠷ ᠪᠠ | ᠣᠷᠣᠨ ᠨᠤᠲᠤᠭ ᠤᠨ ᠡᠵᠡᠨ ᠮᠡᠳᠡᠬᠦ ᠡᠷᠬᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠣᠭᠤᠷᠢᠨ ᠪᠠᠶᠢᠴᠠᠭᠠᠬᠤ | ᠂ ᠱᠠᠯᠠᠪᠳᠠᠭᠤᠯᠤᠨ ᠪᠠᠶᠢᠴᠠᠭᠠᠬᠤ᠂ ᠬᠢᠨᠠᠨ ᠪᠤᠳᠤᠬᠤ ᠵᠢᠴᠢ ᠡᠳ᠋ ᠤᠨ ᠶᠠᠪᠤᠳᠠᠯ ᠨᠢᠭᠲᠠᠯᠠᠨ ᠪᠣᠳᠣᠯᠲᠠ ᠳᠤ ᠬᠢᠨᠠᠯᠲᠠ | ᠲᠠᠯᠪᠢᠵᠤ ᠵᠢᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠳᠤᠮᠳᠠᠬᠢ ᠰᠠᠯᠠᠭ᠎ᠠ ᠮᠥᠴᠢᠷ ᠤᠨ | ᠡᠭᠦᠷᠭᠡᠯᠡᠬᠦ ᠬᠠᠷᠢᠭᠤᠴᠠᠯᠭ᠎ᠠ ᠶᠢ ᠲᠣᠳᠣᠷᠬᠠᠶᠢᠯᠠᠪᠠ;ᠡᠳ᠋ ᠤᠨ ᠵᠠᠰᠠᠭ ᠤᠨ ᠵᠣᠭᠤᠰ ᠰᠠᠯᠭᠠᠨ ᠥᠭᠬᠦ ᠶᠢ ᠬᠢᠨᠠᠨ | ᠬᠠᠷᠭᠤᠭᠤᠯᠬᠤ ᠶᠠᠪᠤᠴᠠ ᠶᠢ ᠳᠥᠭᠦᠮᠴᠢᠯᠡᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠡᠯᠡ ᠮᠥᠩᠭᠦ ᠳᠠᠬᠢ | ᠬᠢᠨᠠᠯᠲᠠ ᠡᠵᠡᠮᠳᠡᠯ ᠬᠠᠮᠢᠶᠠᠷᠤᠯᠲᠠ ᠶᠢ ᠠᠭᠤᠵᠢᠭᠤ ᠲᠠᠯᠪᠢᠪᠠ; ᠵᠠᠰᠠᠭ ᠤᠨ ᠣᠷᠳᠣᠨ ᠤ ᠬᠤᠳᠠᠯᠳᠤᠨ ᠠᠪᠬᠤ | ᠬᠠᠮᠢᠶᠠᠷᠤᠯᠲᠠ ᠶᠢ ᠰᠢᠯᠢᠳᠡᠭᠵᠢᠭᠦᠯᠬᠦ ᠲᠠᠯ᠎ᠠ ᠪᠠᠷ᠂ ᠠᠵᠤ ᠠᠬᠤᠶᠢᠯᠠᠯ ᠳᠤ ᠬᠤᠯᠪᠣᠭᠳᠠᠭᠰᠠᠨ ᠵᠦᠢᠯᠡᠰ᠂ ᠣᠷᠣᠯᠠᠨ | ᠭᠦᠢᠴᠡᠳᠬᠡᠬᠦ ᠪᠠᠶᠢᠭᠤᠯᠤᠮᠵᠢ ᠶᠢᠨ ᠵᠦᠢᠯᠡᠰ᠂ ᠬᠢᠨᠠᠨ ᠲᠣᠭᠲᠠᠭᠠᠬᠤ ᠲᠤᠰᠬᠠᠢ ᠮᠡᠷᠭᠡᠵᠢᠯᠲᠡᠨ ᠤ ᠵᠦᠢᠯᠡᠰ ᠪᠠ | ᠲᠥᠰᠥᠪ ᠤᠨ ᠨᠢᠭᠡᠴᠢ ᠶᠢᠨ ᠵᠦᠢᠯᠡᠰ ᠢ ︽ᠨᠢᠭᠡ ᠤᠳᠠᠭ᠎ᠠ ᠳᠤ ᠭᠦᠢᠴᠡᠳᠬᠡᠬᠦ︾ ᠦᠢᠯᠡᠴᠢᠯᠡᠭᠡ ᠶᠢ ᠬᠡᠷᠡᠭᠵᠢᠭᠦᠯᠪᠡ᠃ | | ᠥᠪᠥᠷ ᠮᠣᠩᠭᠤᠯ ᠤᠨ ᠡᠳᠦᠷ ᠤᠨ ᠰᠣᠨᠢᠨ᠄ ᠲᠥᠰᠥᠪ ᠤᠨ ᠳᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠪᠣᠯ ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ | ᠣᠳᠣᠬᠢᠴᠢᠯᠠᠯᠲᠠ ᠶᠢ ᠠᠬᠢᠭᠤᠯᠬᠤ ᠴᠢᠬᠤᠯᠠ ᠲᠤᠯᠭᠠᠭᠤᠷᠢᠯᠠᠯ ᠮᠥᠨ᠃ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠲᠢᠩᠬᠢᠮ ᠲᠥᠰᠥᠪ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠠᠯ᠎ᠠ ᠪᠠᠷ ᠶᠠᠮᠠᠷ ᠶᠠᠮᠠᠷ | ᠠᠵᠢᠯ ᠬᠢᠭᠰᠡᠨ ᠪᠤᠶ︖ | ᠵᠢᠦᠢ ᠱᠤ᠋ ᠸᠧᠨ᠄ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ | ᠪᠦᠭᠦᠳᠡ ᠬᠤᠷᠠᠯ ᠤᠨ ᠱᠠᠭᠠᠷᠳᠠᠯᠭ᠎ᠠ ᠶᠣᠰᠣᠭᠠᠷ᠂ ᠮᠠᠨ ᠤ ᠣᠷᠣᠨ ᠤ ᠡᠳ᠋ ᠤᠨ ᠵᠠᠰᠠᠭ ᠤᠨ ᠪᠣᠳᠠᠲᠤ ᠪᠠᠶᠢᠳᠠᠯ ᠢ | ᠭᠦᠢᠴᠡᠳ ᠪᠣᠳᠣᠯᠬᠢᠯᠠᠵᠤ᠂ ᠪᠢᠳᠡ ᠭᠤᠷᠪᠠᠨ ᠵᠢᠯ ︵ 2025-2027 ᠣᠨ︶ ᠬᠤᠪᠢᠶᠠᠵᠤ ᠲᠡᠭ ᠰᠠᠭᠤᠷᠢᠨ | ᠲᠥᠰᠥᠪ ᠤᠨ ᠥᠭᠡᠷᠡᠴᠢᠯᠡᠯᠲᠡ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠠᠬᠢᠭᠤᠯᠪᠠ᠃ ᠰᠠᠭᠤᠷᠢ ᠲᠤᠭ᠎ᠠ ᠶᠢ | ᠡᠪᠳᠡᠪᠡ - ᠪᠤᠶ ᠪᠦᠬᠦᠢ ᠲᠥᠰᠥᠪ ᠤᠨ ᠵᠠᠷᠤᠯᠭ᠎ᠠ ᠨᠢ ᠴᠥᠮ ᠲᠡᠭ ᠢᠶᠠᠷ ᠰᠠᠭᠤᠷᠢ ᠴᠡᠭ ᠪᠤᠯᠭᠠᠵᠤ᠂ ᠡᠯ᠎ᠡ ᠵᠦᠢᠯ ᠤᠨ | ᠵᠠᠷᠤᠯᠭ᠎ᠠ ᠶᠢᠨ ᠲᠣᠬᠢᠷᠠᠭᠤᠯᠤᠯᠲᠠ ᠶᠢᠨ ᠴᠢᠬᠤᠯᠠ ᠴᠢᠨᠠᠷ᠂ ᠬᠡᠪᠴᠢᠶ᠎ᠡ ᠶᠢᠨ ᠵᠦᠢ ᠵᠣᠬᠢᠰᠲᠤ ᠴᠢᠨᠠᠷ ᠢ ᠦᠨᠡᠯᠡᠨ | ᠨᠤᠲᠠᠯᠠᠪᠠ᠃ ᠣᠲᠣ ᠶᠢᠨ ᠪᠠᠶᠢᠭ᠎ᠠ ᠲᠤᠰᠬᠠᠢ ᠪᠡᠯᠡ ᠮᠥᠩᠭᠦ ᠶᠢ ᠪᠦᠭᠦ ᠲᠠᠯ᠎ᠠ ᠪᠠᠷ ᠢᠯᠭᠠᠷᠠᠭᠤᠯᠤᠨ ᠨᠡᠶᠢᠳᠬᠡᠵᠦ᠂ | ᠦᠨᠡᠯᠡᠭᠰᠡᠨ ᠦᠷ᠎ᠡ ᠳ᠋ᠦᠩ ᠢ ᠲᠤᠰᠬᠠᠢ ᠪᠡᠯᠡ ᠮᠥᠩᠭᠦ ᠶᠢ ᠦᠯᠡᠳᠡᠭᠡᠬᠦ᠂ ᠬᠦᠴᠦᠨ ᠦᠭᠡᠢ ᠪᠤᠯᠭᠠᠬᠤ ᠪᠤᠶᠤ | ᠬᠡᠪᠴᠢᠶ᠎ᠡ ᠳᠤ ᠲᠣᠬᠢᠷᠠᠭᠤᠯᠤᠯᠲᠠ ᠬᠢᠬᠦ ᠶᠢᠨ ᠴᠢᠬᠤᠯᠠ ᠦᠨᠳᠦᠰᠦᠯᠡᠯ ᠪᠣᠯᠭᠠᠪᠠ᠃ ᠠᠷᠭ᠎ᠠ ᠭᠡᠯᠪᠡᠷᠢ ᠪᠠᠨ | ᠬᠤᠪᠢᠷᠠᠭᠤᠯᠪᠠ - ᠣᠯᠠᠨ ᠨᠡᠶᠢᠲᠡ ᠶᠢᠨ ᠦᠢᠯᠡᠴᠢᠯᠡᠭᠡ᠂ ᠠᠵᠤ ᠦᠢᠯᠡᠰ ᠤᠨ ᠳᠡᠮᠵᠢᠯᠭᠡ᠂ ᠭᠤᠣᠯᠳᠠᠯᠭ᠎ᠠ ᠲᠠᠢ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠵᠡᠷᠭᠡ ᠭᠤᠷᠪᠠᠨ ᠲᠥᠷᠥᠯ ᠤᠨ ᠪᠠᠲᠤᠯᠠᠭ᠎ᠠ ᠶᠢᠨ ᠵᠦᠢᠯᠡᠰ ᠤᠨ ᠨᠠᠷᠢᠨ | ᠲᠠᠩᠰᠠ ᠶᠢ ᠪᠠᠶᠢᠭᠤᠯᠵᠤ᠂ ᠬᠦᠨᠳᠦ ᠬᠥᠩᠭᠡᠨ ᠠᠯᠭᠤᠷ ᠪᠠᠴᠢᠮ ᠢᠶᠠᠷ ᠲᠥᠷᠥᠯ ᠵᠦᠢᠯ ᠢ ᠵᠢᠭᠰᠠᠭᠠᠵᠤ᠂ ︽ᠪᠠᠲᠤᠯᠠᠬᠤ | ᠶᠣᠰᠣᠲᠠᠢ ᠶᠢ ᠨᠢ ᠡᠷᠬᠡᠪᠰᠢ ᠪᠠᠲᠤᠯᠠᠬᠤ᠂ ᠠᠷᠪᠢᠯᠠᠪᠠᠯ ᠵᠣᠬᠢᠬᠤ ᠶᠢ ᠨᠢ ᠠᠯᠢ ᠴᠢᠳᠠᠬᠤ ᠪᠠᠷ ᠠᠷᠪᠢᠯᠠᠬᠤ᠂ ᠦᠷ᠎ᠡ | ᠪᠦᠲᠦᠮᠵᠢ ᠶᠢ ᠡᠷᠭᠢᠮᠯᠡᠭᠦ︾ ᠪᠡᠯᠡ ᠮᠥᠩᠭᠦ ᠲᠣᠬᠢᠷᠠᠭᠤᠯᠬᠤ ᠲᠣᠭᠲᠠᠴᠠ ᠶᠢ ᠪᠠᠶᠢᠭᠤᠯᠵᠤ᠂ ᠨᠠᠩ ᠣᠯᠠᠨ ᠪᠡᠯᠡ | ᠮᠥᠩᠭᠦ ᠰᠤᠯᠠᠯᠠᠵᠤ᠂ ᠦᠨᠳᠦᠰᠦᠨ ᠱᠠᠲᠤᠨ ᠤ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠤᠯᠠᠮ ᠨᠢᠭᠡ | ᠠᠯᠬᠤᠮ ᠪᠠᠲᠤ ᠰᠠᠬᠢᠵᠤ᠂ ᠥᠷᠢ ᠥᠭᠴᠡᠭᠡ ᠶᠢ ᠠᠷᠢᠯᠭᠠᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠴᠢᠨᠠᠷ ᠰᠠᠶᠢᠲᠠᠢ | ᠬᠥᠭᠵᠢᠯᠲᠡ ᠶᠢ ᠳᠡᠮᠵᠢᠪᠡ᠃ ᠠᠮᠵᠢᠯᠲᠠ ᠪᠦᠲᠦᠮᠵᠢ ᠶᠢ ᠳᠡᠭᠡᠭᠰᠢᠯᠡᠭᠦᠯᠪᠡ - ᠦᠨᠡᠯᠡᠭᠰᠡᠨ ᠦᠷ᠎ᠡ ᠳ᠋ᠦᠩ ᠢ | ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢᠨ ᠲᠣᠬᠢᠷᠠᠭᠤᠯᠤᠯᠲᠠ ᠯᠤᠭ᠎ᠠ ᠬᠤᠯᠪᠣᠭᠳᠠᠭᠤᠯᠬᠤ ᠲᠣᠭᠲᠠᠴᠠ ᠶᠢ | ᠪᠠᠶᠢᠭᠤᠯᠵᠤ᠂ ᠲᠥᠰᠥᠪ ᠤᠨ ᠠᠮᠵᠢᠯᠲᠠ ᠪᠦᠲᠦᠮᠵᠢ ᠶᠢ ᠪᠦᠭᠦ ᠶᠠᠪᠤᠴᠠ ᠪᠠᠷ ᠬᠠᠮᠢᠶᠠᠷᠬᠤ ᠶᠢ ᠴᠢᠩᠭᠠᠷᠠᠭᠤᠯᠪᠠ᠃ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠰᠥᠪ ᠤᠨ ᠠᠮᠵᠢᠯᠲᠠ ᠪᠦᠲᠦᠮᠵᠢ ᠶᠢᠨ | ᠬᠠᠮᠢᠶᠠᠷᠤᠯᠲᠠ ᠶᠢᠨ ᠳᠦᠷᠢᠮ︾ ᠢ ᠡᠨᠡ ᠵᠢᠯ ᠤᠨ 11 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠵᠦ᠂ | ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠭᠦ ᠲᠠᠯ᠎ᠠ ᠪᠠᠷ ᠬᠡᠷᠡᠭᠵᠢᠭᠦᠯᠬᠦ ᠳᠤ ᠬᠠᠤᠯᠢ ᠪᠠᠷ | ᠵᠠᠰᠠᠬᠤ ᠪᠠᠲᠤᠯᠠᠭ᠎ᠠ ᠬᠠᠩᠭᠠᠪᠠ᠃ | ᠥᠪᠥᠷ ᠮᠣᠩᠭᠤᠯ ᠤᠨ ᠡᠳᠦᠷ ᠤᠨ ᠰᠣᠨᠢᠨ᠄ ᠠᠵᠢᠯ ᠶᠠᠪᠤᠳᠠᠯ ᠤᠨ ᠡᠷᠬᠡ ᠪᠣᠯᠣᠨ ᠵᠠᠷᠤᠯᠭ᠎ᠠ ᠶᠢᠨ | ᠬᠠᠷᠢᠭᠤᠴᠠᠯᠭ᠎ᠠ ᠶᠢ ᠬᠠᠷᠢᠯᠴᠠᠨ ᠵᠣᠬᠢᠴᠠᠭᠤᠯᠬᠤ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠬᠦ ᠪᠣᠯ ᠲᠥᠰᠥᠪ ᠤᠨ | ᠳᠦᠷᠢᠮ ᠤᠨ ᠥᠭᠡᠷᠡᠴᠢᠯᠡᠯᠲᠡ ᠶᠢᠨ ᠴᠢᠬᠤᠯᠠ ᠭᠤᠭᠴᠤᠭ᠎ᠠ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠲᠢᠩᠬᠢᠮ ᠠᠴᠠ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ | ᠠᠵᠢᠯ ᠶᠠᠪᠤᠳᠠᠯ ᠤᠨ ᠡᠷᠬᠡ ᠪᠣᠯᠣᠨ ᠵᠠᠷᠤᠯᠭ᠎ᠠ ᠶᠢᠨ ᠬᠠᠷᠢᠭᠤᠴᠠᠯᠭ᠎ᠠ ᠶᠢ ᠰᠢᠯᠤᠭᠤᠳᠬᠠᠬᠤ ᠲᠠᠯ᠎ᠠ ᠪᠠᠷ ᠬᠡᠷᠬᠢᠨ | ᠰᠢᠨ᠎ᠡ ᠶᠢ ᠡᠭᠦᠳᠬᠦ ᠴᠢᠨᠠᠷᠲᠠᠢ ᠪᠠᠷ ᠠᠵᠢᠯ ᠢᠶᠠᠨ ᠥᠷᠨᠢᠭᠦᠯᠬᠦ ᠪᠤᠶ︖ | ᠵᠢᠦᠢ ᠱᠤ᠋ ᠸᠧᠨ᠄ ᠡᠷᠬᠡ ᠬᠠᠷᠢᠭᠤᠴᠠᠯᠭ᠎ᠠ ᠶᠢ ᠠᠳᠠᠯᠢ ᠲᠡᠭᠰᠢ ᠪᠠᠶᠢᠯᠭᠠᠬᠤ ᠶᠢ ᠪᠠᠷᠢᠮᠲᠠᠯᠠᠵᠤ᠂ ᠪᠢᠳᠡ | ︽ᠥᠪᠡᠷᠲᠡᠭᠡᠨ ᠵᠠᠰᠠᠬᠤ ᠣᠷᠣᠨ ᠠᠴᠠ ᠳᠣᠷᠣᠭᠰᠢᠬᠢ ᠡᠳ᠋ ᠤᠨ ᠵᠠᠰᠠᠭ ᠤᠨ ᠪᠠᠶᠢᠭᠤᠯᠤᠯ ᠤᠨ ᠥᠭᠡᠷᠡᠴᠢᠯᠡᠯᠲᠡ ᠶᠢ | ᠤᠯᠠᠮ ᠨᠢᠭᠡ ᠠᠯᠬᠤᠮ ᠠᠬᠢᠭᠤᠯᠬᠤ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠵᠤ᠂ ᠥᠪᠡᠷᠲᠡᠭᠡᠨ ᠵᠠᠰᠠᠬᠤ | ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ | ᠬᠠᠷᠢᠭᠤᠴᠠᠯᠭ᠎ᠠ ᠶᠢᠨ ᠬᠠᠷᠢᠴᠠᠭ᠎ᠠ ᠶᠢ ᠤᠯᠠᠮ ᠨᠢᠭᠡ ᠠᠯᠬᠤᠮ ᠰᠢᠯᠤᠭᠤᠳᠬᠠᠨ᠂ ᠥᠪᠡᠷᠲᠡᠭᠡᠨ ᠵᠠᠰᠠᠬᠤ ᠣᠷᠣᠨ ᠠᠴᠠ | ᠳᠣᠷᠣᠭᠰᠢᠬᠢ ᠡᠳ᠋ ᠤᠨ ᠵᠠᠰᠠᠭ ᠤᠨ ᠪᠠᠶᠢᠭᠤᠯᠤᠯ ᠢ ᠲᠦᠷᠭᠡᠳᠬᠡᠨ ᠲᠡᠭᠦᠯᠳᠡᠷᠵᠢᠭᠦᠯᠦᠨ᠎ᠡ᠃ ︽ᠵᠠᠷᠤᠯᠭ᠎ᠠ ᠶᠢᠨ | ᠳᠡᠭᠡᠭᠰᠢ ᠰᠢᠯᠵᠢᠭᠦ︾ ᠶᠢ ᠪᠠᠷᠢᠮᠲᠠᠯᠠᠵᠤ᠂ ᠡᠷᠬᠡ ᠬᠠᠷᠢᠭᠤᠴᠠᠯᠭ᠎ᠠ ᠲᠣᠳᠣᠷᠬᠠᠢ ᠥᠪᠡᠷᠲᠡᠭᠡᠨ ᠵᠠᠰᠠᠬᠤ ᠣᠷᠣᠨ ᠠᠴᠠ | ᠳᠣᠭᠤᠭᠰᠢᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ | ᠬᠤᠪᠢᠶᠠᠷᠢᠯᠠᠬᠤ ᠰᠢᠰᠲ᠋ᠧᠮ ᠢ ᠪᠠᠶᠢᠭᠤᠯᠤᠨ᠎ᠠ; ︽ᠡᠳ᠋ ᠤᠨ ᠬᠦᠴᠦᠨ ᠢ ᠦᠨᠳᠦᠰᠦᠨ ᠱᠠᠲᠤᠨ ᠳᠤ ᠪᠠᠭᠤᠯᠭᠠᠬᠤ︾ | ᠶᠢ ᠪᠠᠷᠢᠮᠲᠠᠯᠠᠨ᠂ ᠡᠳ᠋ ᠤᠨ ᠬᠦᠴᠦᠨ ᠢ ᠵᠣᠬᠢᠴᠠᠭᠤᠯᠤᠭᠰᠠᠨ ᠥᠪᠡᠷᠲᠡᠭᠡᠨ ᠵᠠᠰᠠᠬᠤ ᠣᠷᠣᠨ ᠠᠴᠠ ᠳᠣᠷᠣᠭᠰᠢᠬᠢ | ᠵᠠᠰᠠᠭ ᠤᠨ ᠣᠷᠳᠣᠨ ᠤ ᠬᠤᠭᠤᠷᠣᠨᠳᠣᠭᠢ ᠣᠷᠣᠯᠭ᠎ᠠ ᠶᠢᠨ ᠬᠤᠪᠢᠶᠠᠷᠢᠯᠠᠯ ᠤᠨ ᠰᠢᠰᠲ᠋ᠧᠮ ᠢ ᠪᠠᠶᠢᠭᠤᠯᠤᠨ᠎ᠠ; | ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠣᠷᠣᠨ ᠪᠦᠰᠡ ᠲᠡᠩᠴᠡᠭᠦᠷᠢᠲᠡᠢ ᠪᠠᠶᠢᠬᠤ | ᠥᠪᠡᠷᠲᠡᠭᠡᠨ ᠵᠠᠰᠠᠬᠤ ᠣᠷᠣᠨ ᠠᠴᠠ ᠳᠣᠷᠣᠭᠰᠢᠬᠢ ᠰᠢᠯᠵᠢᠭᠦᠯᠵᠦ ᠥᠭᠬᠦ ᠳᠦᠷᠢᠮ ᠤᠨ ᠰᠢᠰᠲ᠋ᠧᠮ ᠢ ᠪᠠᠶᠢᠭᠤᠯᠤᠨ᠎ᠠ; | ᠨᠢᠭᠡᠳᠦᠯᠲᠡᠢ ᠵᠢᠷᠤᠮᠵᠢᠭᠤᠯᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠪᠥᠭᠡᠳ ᠵᠢᠷᠤᠮᠵᠢᠬᠰᠠᠨ ᠥᠪᠡᠷᠲᠡᠭᠡᠨ | ᠵᠠᠰᠠᠬᠤ ᠣᠷᠣᠨ ᠠᠴᠠ ᠳᠣᠷᠣᠭᠰᠢᠬᠢ ᠡᠳ᠋ ᠤᠨ ᠵᠠᠰᠠᠭ ᠤᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠴᠢᠨᠠᠷ | ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃ | ᠥᠪᠥᠷ ᠮᠣᠩᠭᠤᠯ ᠤᠨ ᠡᠳᠦᠷ ᠤᠨ ᠰᠣᠨᠢᠨ᠄ ᠡᠳ᠋ ᠤᠨ ᠵᠠᠰᠠᠭ ᠤᠨ ᠵᠠᠰᠠᠯᠲᠠ ᠶᠢᠨ ᠴᠢᠳᠠᠪᠤᠷᠢ ᠶᠢ | ᠳᠡᠭᠡᠭᠰᠢᠯᠡᠭᠦᠯᠭᠦ ᠪᠣᠯ ᠴᠢᠨᠠᠷ ᠰᠠᠶᠢᠲᠠᠢ ᠬᠥᠭᠵᠢᠯᠲᠡ ᠶᠢᠨ ᠦᠷ᠎ᠡ ᠪᠦᠲᠦᠮᠵᠢ ᠳᠤ ᠬᠤᠯᠪᠣᠭᠳᠠᠬᠤ ᠪᠡᠷᠬᠡ | ᠬᠠᠲᠠᠭᠤᠵᠢᠯᠲᠠᠢ ᠡᠭᠦᠷᠭᠡ ᠮᠥᠨ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠡᠳ᠋ ᠤᠨ | ᠵᠠᠰᠠᠭ ᠤᠨ ᠵᠠᠰᠠᠯᠲᠠ ᠶᠢᠨ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠭᠦ ᠲᠠᠯ᠎ᠠ ᠪᠠᠷ ᠬᠡᠷᠬᠢᠨ ᠰᠠᠨᠠᠭᠠᠴᠢᠯᠠᠭ᠎ᠠ | ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠭᠰᠠᠨ ᠪᠤᠶ︖ | ᠵᠢᠦᠢ ᠱᠤ᠋ ᠸᠧᠨ᠄ ᠡ᠊ᠩ ᠲᠡᠷᠢᠭᠦᠨ ᠳᠤ᠂ ︽ᠠᠷᠪᠢᠯᠠᠵᠤ ᠠᠮᠢᠳᠤᠷᠠᠬᠤ︾ ᠱᠠᠭᠠᠷᠳᠠᠯᠭ᠎ᠠ ᠶᠢ | ᠨᠠᠶᠢᠳᠠᠪᠤᠷᠢᠵᠢᠭᠤᠯᠪᠠ᠃ ᠪᠠᠴᠢᠮ ᠪᠤᠰᠤ᠂ ᠵᠠᠪᠠᠯ ᠵᠠᠷᠤᠬᠤ ᠴᠢᠬᠤᠯᠠᠲᠠᠢ ᠪᠤᠰᠤ ᠵᠠᠷᠤᠯᠭ᠎ᠠ ᠶᠢ ᠦᠷᠭᠦᠯᠵᠢᠯᠡᠨ | ᠪᠠᠭᠠᠰᠬᠠᠵᠤ᠂ ᠮᠠᠨ ᠤ ᠨᠠᠶᠢᠷᠠᠭᠤᠯᠤᠨ ᠵᠣᠬᠢᠶᠠᠭᠰᠠᠨ 2021-2024 ᠣᠨ ᠤ ᠡᠬᠢᠨ ᠤ ᠵᠢᠯ ᠤᠨ ᠲᠥᠰᠥᠪ ᠤᠨ | ᠵᠠᠷᠤᠯᠭ᠎ᠠ ᠶᠢ ᠲᠣᠰ ᠲᠣᠰ 55.5 ᠳ᠋ᠦᠩᠰᠢᠭᠤᠷ ᠲᠥᠭᠦᠷᠢᠭ᠂ 29.5 ᠳ᠋ᠦᠩᠰᠢᠭᠤᠷ ᠲᠥᠭᠦᠷᠢᠭ᠂ 53 | ᠳ᠋ᠦᠩᠰᠢᠭᠤᠷ ᠲᠥᠭᠦᠷᠢᠭ᠂ 138.4 ᠳ᠋ᠦᠩᠰᠢᠭᠤᠷ ᠲᠥᠭᠦᠷᠢᠭ ᠬᠠᠰᠤᠵᠤ᠂ ᠡᠳ᠋ ᠤᠨ ᠬᠦᠴᠦᠨ ᠢ ᠲᠥᠪᠯᠡᠷᠡᠭᠦᠯᠦᠨ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠲᠣᠭᠲᠠᠭᠠᠭᠰᠠᠨ ᠭᠤᠣᠯᠳᠠᠯᠭ᠎ᠠ ᠲᠠᠢ ᠲᠥᠷᠥᠯ ᠵᠦᠢᠯ ᠳᠤ ᠬᠡᠷᠡᠭᠯᠡᠪᠡ᠃ ︽ | ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠠᠷᠪᠢᠯᠠᠵᠤ ᠠᠮᠢᠳᠤᠷᠠᠬᠤ ᠶᠢ ᠦᠨᠡᠯᠡᠬᠦ ᠠᠷᠭ᠎ᠠ︾ ᠶᠢ | ᠳᠠᠷᠤᠮᠠᠯᠯᠠᠨ ᠲᠠᠷᠬᠠᠭᠠᠵᠤ᠂ ᠨᠠᠮ ᠵᠠᠰᠠᠭ ᠤᠨ ᠪᠠᠶᠢᠭᠤᠯᠭ᠎ᠠ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ | ᠨᠠᠶᠢᠳᠠᠪᠤᠷᠢᠵᠢᠭᠤᠯᠬᠤ ᠶᠢ ᠠᠬᠢᠭᠤᠯᠪᠠ᠃ | ᠳᠠᠷᠠᠭᠠᠯᠠᠪᠠᠯ᠂ ᠪᠡᠯᠡ ᠮᠥᠩᠭᠦ ᠶᠢᠨ ᠵᠠᠷᠤᠯᠭ᠎ᠠ ᠶᠢᠨ ᠲᠥᠷᠥ ᠶᠢᠨ ᠪᠣᠳᠣᠯᠭ᠎ᠠ ᠶᠢ ᠪᠦᠭᠦ ᠲᠠᠯ᠎ᠠ ᠪᠠᠷ | ᠢᠯᠭᠠᠷᠠᠭᠤᠯᠤᠨ ᠨᠡᠶᠢᠳᠬᠡᠪᠡ᠃ ᠲᠤᠰ ᠱᠠᠲᠤᠨ ᠤ ᠨᠡᠶᠢᠲᠡᠯᠡᠭᠰᠡᠨ ᠤᠷᠲᠤ ᠬᠤᠭᠤᠴᠠᠭ᠎ᠠ ᠪᠠᠷ ᠦᠷᠭᠦᠯᠵᠢᠯᠡᠵᠦ᠂ | ᠦᠷ᠎ᠡ ᠠᠰᠢᠭ ᠢᠶᠠᠷ ᠥᠨᠳᠥᠷ ᠪᠢᠰᠢ᠂ ᠰᠣᠯᠪᠢᠴᠠᠨ ᠳᠠᠪᠬᠤᠷᠳᠠᠵᠤ ᠪᠠᠶᠢᠭ᠎ᠠ ᠵᠠᠷᠤᠯᠭ᠎ᠠ ᠶᠢᠨ ᠲᠥᠷᠥ ᠶᠢᠨ | ᠪᠣᠳᠣᠯᠭ᠎ᠠ ᠶᠢ ᠢᠯᠭᠠᠷᠠᠭᠤᠯᠵᠤ᠂ ᠲᠤᠰᠬᠠᠢ ᠵᠦᠢᠯ ᠢᠶᠠᠷ ᠰᠢᠯᠵᠢᠭᠦᠯᠵᠦ ᠥᠭᠬᠦ ᠶᠢᠨ ᠰᠢᠨ᠎ᠡ ᠪᠠᠷ ᠨᠡᠮᠡᠭᠳᠡᠭᠰᠡᠨ ᠲᠥᠷᠥᠯ | ᠵᠦᠢᠯ ᠪᠣᠯᠣᠨ ᠪᠡᠯᠡ ᠮᠥᠩᠭᠦ ᠶᠢᠨ ᠬᠡᠪᠴᠢᠶ᠎ᠡ ᠶᠢ ᠵᠦᠢ ᠵᠣᠬᠢᠰᠲᠠᠢ ᠬᠢᠵᠠᠭᠠᠷᠯᠠᠨ᠂ ᠲᠤᠰᠬᠠᠢ ᠵᠦᠢᠯ ᠢᠶᠠᠷ | ᠰᠢᠯᠵᠢᠭᠦᠯᠵᠦ ᠥᠭᠬᠦ ᠶᠢ ᠪᠠᠭᠠᠰᠬᠠᠵᠤ᠂ ᠡ᠊ᠩ ᠤᠨ ᠴᠢᠨᠠᠷᠲᠠᠢ ᠰᠢᠯᠵᠢᠭᠦᠯᠦᠨ ᠥᠭᠬᠦ ᠶᠢ ᠨᠡᠮᠡᠭᠳᠡᠭᠦᠯᠦᠨ᠂ ᠣᠷᠣᠨ | ᠨᠤᠲᠤᠭ ᠤᠨ ᠡᠵᠡᠨ ᠮᠡᠳᠡᠬᠦ ᠡᠷᠬᠡ ᠶᠢ ᠠᠯᠬᠤᠮ ᠠᠯᠬᠤᠮ ᠢᠶᠠᠷ ᠨᠡᠮᠡᠭᠳᠡᠭᠦᠯᠪᠡ᠃ | ᠭᠤᠷᠪᠠ ᠳᠤ᠂ ᠡᠳ᠋ ᠤᠨ ᠵᠠᠰᠠᠭ ᠠᠴᠠ ᠠᠷᠠᠳ ᠲᠤ ᠠᠰᠢᠭ ᠬᠦᠷᠲᠡᠭᠡᠵᠦ ᠲᠠᠷᠢᠶᠠᠴᠢᠳ ᠲᠤ ᠠᠰᠢᠭ | ᠬᠦᠷᠲᠡᠭᠡᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠰᠢᠭᠤᠳ ᠬᠦᠷᠬᠦ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠪᠡ᠃ ᠣᠳᠣᠬᠠᠨ ᠪᠤᠯᠲᠠᠯ᠎ᠠ᠂ ᠡᠨᠡ ᠵᠢᠯ ᠥᠪᠡᠷᠲᠡᠭᠡᠨ ᠵᠠᠰᠠᠬᠤ ᠣᠷᠣᠨ ︽ᠪᠦᠷᠢᠨ ᠴᠢᠳᠠᠮᠵᠢᠲᠤ | ᠺᠠᠷᠲ︾ ᠢᠶᠠᠷ ᠳᠠᠮᠵᠢᠭᠤᠯᠤᠨ ᠠᠷᠠᠳ ᠲᠤ ᠠᠰᠢᠭ ᠬᠦᠷᠲᠡᠭᠡᠬᠦ ᠨᠥᠬᠦᠪᠦᠷᠢ ᠶᠢ ᠨᠡᠶᠢᠲᠡ 339.45 ᠳ᠋ᠦᠩᠰᠢᠭᠤᠷ | ᠲᠥᠭᠦᠷᠢᠭ ᠲᠠᠷᠬᠠᠭᠠᠵᠤ᠂ 4598.46 ᠲᠦᠮᠡᠨ ᠬᠥᠮᠥᠨ ᠤᠳᠠᠭ᠎ᠠ ᠳᠤ ᠠᠰᠢᠭ ᠬᠦᠷᠲᠡᠭᠡᠵᠦ ︵ 5 ᠵᠦᠢᠯ ᠤᠨ | ᠪᠡᠯᠡ ᠮᠥᠩᠭᠦ ᠶᠢ ᠠᠶᠢᠮᠠᠭ ᠬᠤᠲᠠ ᠶᠢᠨ ᠱᠠᠲᠤᠨ ᠤ ᠡᠳ᠋ ᠤᠨ ᠵᠠᠰᠠᠭ ᠠᠴᠠ ᠲᠡᠰ ᠥᠰᠬᠡᠵᠦ ᠲᠠᠷᠬᠠᠭᠠᠪᠠ︶᠂ 9. | 41 ᠳ᠋ᠦᠩᠰᠢᠭᠤᠷ ᠲᠥᠭᠦᠷᠢᠭ ᠤᠨ ᠲᠥᠷᠥᠯ ᠵᠦᠢᠯ ᠤᠨ ᠪᠡᠯᠡ ᠮᠥᠩᠭᠦ ᠶᠢ ᠥᠪᠡᠷᠲᠡᠭᠡᠨ ᠵᠠᠰᠠᠬᠤ ᠣᠷᠣᠨ ᠤ ᠲᠣᠰ | ᠱᠠᠲᠤᠨ ᠠᠴᠠ 972 ᠠᠵᠤ ᠠᠬᠤᠶᠢᠯᠠᠯ ︵ 1221 ᠲᠥᠷᠥᠯ ᠵᠦᠢᠯ ᠤᠨ ᠬᠥᠭᠵᠢᠯᠲᠡ ᠶᠢ ᠳᠡᠮᠵᠢᠪᠡ︶ ᠳᠤ | ᠰᠢᠭᠤᠳ ᠣᠯᠭᠤᠪᠠ᠃ ᠡᠨᠡ ᠵᠢᠯ ᠪᠢᠳᠡ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ ᠲᠤᠶᠢᠯᠪᠤᠷᠢᠲᠠᠢ | ᠪᠠᠶᠢᠴᠠᠭᠠᠬᠤ ᠣᠨ ᠤ ᠲᠤᠰᠬᠠᠢ ᠠᠵᠢᠯᠯᠠᠭ᠎ᠠ ᠶᠢ ᠬᠡᠷᠡᠭᠵᠢᠭᠦᠯᠵᠦ᠂ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠢ᠂ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠲᠥᠰᠥᠪ ᠤᠨ ᠪᠡᠯᠡ ᠮᠥᠩᠭᠦ᠂ ᠵᠢᠭᠡᠯᠡᠯᠭᠡ ᠶᠢᠨ ᠲᠡᠮᠳᠡᠭᠲᠦ ᠶᠢᠨ | ᠪᠡᠯᠡ ᠮᠥᠩᠭᠦ ᠶᠢ ᠬᠡᠷᠡᠭᠯᠡᠭᠡᠳ ᠪᠤᠶ ᠪᠣᠯᠤᠭᠰᠠᠨ ᠡᠳ᠋ ᠬᠥᠷᠥᠩᠭᠡ ᠶᠢ ᠪᠦᠭᠦ ᠲᠠᠯ᠎ᠠ ᠪᠠᠷ ᠪᠠᠶᠢᠴᠠᠭᠠᠨ ᠣᠶᠢᠯᠠᠭᠠᠵᠤ᠂ | ᠡᠬᠡ ᠲᠠᠩᠰᠠ ᠪᠠᠶᠢᠭᠤᠯᠤᠨ᠂ ᠰᠤᠯᠠ ᠲᠠᠯᠪᠢᠭᠳᠠᠵᠤ ᠪᠠᠶᠢᠭ᠎ᠠ ᠡᠳ᠋ ᠬᠥᠷᠥᠩᠭᠡ ᠶᠢ ᠲᠥᠷᠥᠯ ᠬᠤᠪᠢᠶᠠᠨ | ᠠᠮᠢᠳᠤᠯᠢᠭᠵᠢᠭᠤᠯᠤᠨ ᠰᠢᠢᠳᠪᠦᠷᠢᠯᠡᠪᠡ; ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠶᠢᠨ | ᠵᠠᠶᠢᠯᠠᠰᠢ ᠦᠭᠡᠢ ᠴᠢᠨᠠᠷ ᠤᠨ ᠨᠤᠲᠠᠯᠠᠯᠲᠠ ᠶᠢ ᠴᠢᠩᠭᠠᠳᠬᠠᠵᠤ᠂ ᠳᠦᠷᠢᠮ ᠤᠨ ᠲᠠᠯ᠎ᠠ ᠠᠴᠠ ᠪᠣᠯᠣᠮᠵᠢᠲᠤ ᠴᠢᠨᠠᠷ ᠤᠨ | ᠰᠤᠳᠤᠯᠭᠠᠨ᠂ ᠲᠥᠰᠥᠪ ᠢ ᠨᠠᠶᠢᠷᠠᠭᠤᠯᠤᠨ ᠵᠣᠬᠢᠶᠠᠬᠤ᠂ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ | ᠵᠡᠷᠭᠡ ᠶᠢ ᠵᠢᠷᠤᠮᠵᠢᠭᠤᠯᠪᠠ᠃ | ᠥᠪᠥᠷ ᠮᠣᠩᠭᠤᠯ ᠤᠨ ᠡᠳᠦᠷ ᠤᠨ ᠰᠣᠨᠢᠨ᠄ ᠰᠤᠷᠲᠠᠯ ᠤᠨ ᠪᠠᠶᠢᠭᠤᠯᠤᠯᠲᠠ ᠬᠡᠵᠢᠶᠡᠳᠡ ᠵᠣᠭᠰᠣᠰᠢ | ᠦᠭᠡᠢ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠬᠡᠷᠬᠢᠨ ᠰᠤᠷᠲᠠᠯ ᠤᠨ ᠪᠠᠶᠢᠭᠤᠯᠤᠯᠲᠠ ᠶᠢ | ᠰᠠᠶᠢᠲᠤᠷ ᠠᠳᠬᠤᠬᠤ ᠪᠠᠷ ᠳᠠᠮᠵᠢᠭᠤᠯᠤᠨ ᠡᠳ᠋ ᠤᠨ ᠵᠠᠰᠠᠭ ᠤᠨ ᠥᠭᠡᠷᠡᠴᠢᠯᠡᠯᠲᠡ ᠬᠥᠭᠵᠢᠯᠲᠡ ᠶᠢ ᠬᠠᠮᠠᠭᠠᠯᠠᠭᠰᠠᠨ | ᠪᠤᠶ︖ | ᠵᠢᠦᠢ ᠱᠦ ᠸᠧᠨ᠄ ᠡ᠊ᠩ ᠲᠡᠷᠢᠭᠦᠨ ᠳᠤ᠂ ᠦᠢᠯᠡᠴᠢᠯᠡᠭᠡᠨ ᠤ ᠤᠬᠠᠮᠰᠠᠷ ᠢᠶᠠᠨ ᠪᠦᠭᠦ ᠲᠠᠯ᠎ᠠ ᠪᠠᠷ | ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠲᠥᠰᠥᠪ ᠤᠨ ᠰᠠᠯᠠᠭ᠎ᠠ ᠮᠥᠴᠢᠷ ᠲᠤ ᠭᠦᠨᠵᠡᠭᠡᠶᠢᠷᠡᠨ ᠪᠠᠶᠢᠳᠠᠯ ᠢ | ᠶᠠᠷᠢᠬᠤ᠂ ᠲᠥᠷᠥ ᠶᠢᠨ ᠪᠣᠳᠣᠯᠭ᠎ᠠ ᠶᠢ ᠶᠠᠷᠢᠬᠤ᠂ ᠬᠦᠰᠡᠯ ᠱᠠᠭᠠᠷᠳᠠᠯᠭ᠎ᠠ ᠶᠢ ᠠᠰᠠᠭᠤᠬᠤ᠂ ᠬᠠᠮᠵᠢᠯᠴᠠᠭ᠎ᠠ ᠶᠢ | ᠰᠦᠪᠡᠭᠴᠢᠯᠡᠬᠦ᠂ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠬᠤ ᠶᠢ ᠪᠠᠲᠤᠯᠠᠪᠡ; ᠲᠥᠯᠥᠭᠡᠯᠡᠭᠴᠢ | ᠭᠡᠰᠢᠭᠦᠳ ᠲᠠᠢ ᠬᠠᠷᠢᠯᠴᠠᠵᠤ ᠰᠤᠷᠪᠤᠯᠵᠢᠯᠠᠬᠤ ᠪᠠᠶᠢᠩᠭᠤᠵᠢᠭᠰᠠᠨ ᠲᠣᠭᠲᠠᠴᠠ ᠶᠢ ᠪᠠᠶᠢᠭᠤᠯᠵᠤ᠂ ᠡᠨᠡ ᠵᠢᠯ ᠤᠷᠢᠳ | ᠬᠤᠵᠢᠳ 10 ᠠᠶᠢᠮᠠᠭ ᠬᠤᠳᠠ ᠳᠤ ᠬᠦᠷᠴᠦ ᠲᠥᠯᠥᠭᠡᠯᠡᠭᠴᠢ ᠭᠡᠰᠢᠭᠦᠳ ᠲᠠᠢ ᠶᠠᠷᠢᠯᠴᠠᠨ ᠰᠠᠨᠠᠯ ᠢᠶᠠᠨ ᠰᠣᠯᠢᠯᠴᠠᠵᠤ | ᠂ ᠰᠠᠨᠠᠭᠠᠴᠢᠯᠠᠭ᠎ᠠ ᠠᠴᠠ ᠪᠠᠨ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠪᠡ᠃ | | ᠳᠠᠷᠠᠭ᠎ᠠ ᠨᠢ᠂ ᠲᠡᠷᠢᠭᠦᠨ ᠤ ᠬᠢ ᠪᠤᠯᠬᠤ ᠪᠠᠷ ᠴᠢᠷᠮᠠᠶᠢᠵᠤ ᠰᠢᠯᠢᠳᠡᠭ ᠢ ᠡᠭᠦᠳᠬᠦ ᠲᠣᠭᠲᠠᠴᠠ ᠶᠢ | ᠪᠦᠷᠢᠨᠰᠢᠭᠦᠯᠵᠦ᠂ ᠭᠤᠣᠯᠳᠠᠯᠭ᠎ᠠ ᠲᠠᠢ ᠠᠵᠢᠯ ᠤᠨ ᠪᠦᠭᠦ ᠤᠯᠤᠰ ᠤᠨ ᠡᠳ᠋ ᠤᠨ ᠵᠠᠰᠠᠭ ᠤᠨ ᠰᠢᠰᠲ᠋ᠧᠮ ᠳᠤ | ᠲᠡᠷᠢᠭᠦᠨ ᠤ ᠬᠢ ᠪᠤᠯᠬᠤ ᠪᠠᠷ ᠲᠡᠮᠡᠴᠡᠨ᠂ ᠲᠡᠷᠢᠭᠦᠨ ᠵᠡᠷᠭᠡ ᠶᠢ ᠡᠭᠦᠳᠬᠦ ᠶᠢ ᠲᠦᠷᠭᠡᠳᠬᠡᠨ ᠠᠬᠢᠭᠤᠯᠪᠠ᠃ 10 | ᠰᠠᠷ᠎ᠠ ᠶᠢᠨ ᠰᠡᠭᠦᠯᠴᠢ ᠪᠤᠯᠲᠠᠯ᠎ᠠ ᠮᠠᠨ ᠤ ᠣᠷᠣᠨ ᠡᠨᠡ ᠵᠢᠯ ᠲᠥᠪ ᠤᠨ ᠡ᠊ᠩ ᠤᠨ ᠣᠯᠠᠨ ᠨᠡᠶᠢᠲᠡ ᠶᠢᠨ ᠲᠥᠰᠥᠪ ᠤᠨ | ᠰᠢᠯᠵᠢᠭᠦᠯᠦᠨ ᠥᠭᠬᠦ ᠪᠡᠯᠡ ᠮᠥᠩᠭᠦ ᠶᠢ ᠨᠡᠶᠢᠲᠡ 3247.79 ᠳ᠋ᠦᠩᠰᠢᠭᠤᠷ ᠲᠥᠭᠦᠷᠢᠭ ᠴᠢᠷᠮᠠᠶᠢᠨ ᠣᠯᠵᠤ᠂ | ᠲᠥᠪ ᠤᠨ ᠥᠷᠢᠰᠦᠯᠳᠦᠭᠡᠨ ᠤ ᠴᠢᠨᠠᠷᠲᠠᠢ 13 ᠲᠥᠷᠥᠯ ᠵᠦᠢᠯ ᠢ ᠮᠠᠨ ᠤ ᠣᠷᠣᠨ ᠳᠤ ᠨᠠᠶᠢᠳᠠᠪᠤᠷᠢᠵᠢᠭᠤᠯᠪᠠ᠃ | ᠡᠭᠦᠨ ᠤ ᠬᠠᠮᠲᠤ ᠪᠢᠳᠡ ᠪᠠᠰᠠ ᠰᠤᠷᠲᠠᠯ ᠤᠨ ᠠᠰᠠᠭᠤᠳᠠᠯ ᠢ ᠶᠡᠭᠡ ᠪᠠᠷ ᠪᠠᠶᠢᠴᠠᠭᠠᠨ ᠥᠭᠡᠷᠡᠴᠢᠯᠡᠬᠦ | ᠠᠵᠢᠯᠯᠠᠭ᠎ᠠ ᠶᠢ ᠥᠷᠨᠢᠭᠦᠯᠵᠦ᠂ ︽︿ᠬᠡᠪ ᠪᠣᠯᠪᠠᠰᠤᠷᠠᠯ ᠢ ᠴᠢᠩᠭᠠᠳᠬᠠᠬᠤ᠂ ᠰᠤᠷᠲᠠᠯ ᠢ ᠰᠠᠶᠢᠵᠢᠷᠠᠭᠤᠯᠬᠤ᠂ | ᠲᠣᠭᠲᠠᠴᠠ ᠶᠢ ᠪᠠᠶᠢᠭᠤᠯᠬᠤ᠂ ᠦᠷ᠎ᠡ ᠪᠦᠲᠦᠮᠵᠢ ᠶᠢ ᠳᠡᠭᠡᠭᠰᠢᠯᠡᠭᠦᠯᠭᠦ﹀ ᠲᠤᠰᠬᠠᠢ ᠠᠵᠢᠯᠯᠠᠭᠠᠨ ᠤ ᠲᠥᠰᠥᠯ︾ ᠢ | ᠳᠠᠷᠤᠮᠠᠯᠯᠠᠨ ᠲᠠᠷᠬᠠᠭᠠᠵᠤ᠂ ᠠᠰᠠᠭᠤᠳᠠᠯ ᠢ ᠪᠦᠭᠦ ᠲᠠᠯ᠎ᠠ ᠪᠠᠷ ᠪᠠᠶᠢᠴᠠᠭᠠᠨ ᠳᠡᠯᠭᠡᠵᠦ᠂ ᠰᠤᠷᠲᠠᠯ ᠢ ᠤᠯᠠᠮ ᠨᠢᠭᠡ | ᠠᠯᠬᠤᠮ ᠰᠠᠶᠢᠵᠢᠷᠠᠭᠤᠯᠤᠨ᠂ ᠲᠣᠭᠲᠠᠴᠠ ᠶᠢ ᠪᠦᠷᠢᠨᠰᠢᠭᠦᠯᠵᠦ᠂ ᠦᠷ᠎ᠡ ᠠᠰᠢᠭ ᠢ ᠳᠡᠭᠡᠭᠰᠢᠯᠡᠭᠦᠯᠪᠡ᠃ ᠪᠦᠭᠦ | ᠣᠷᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠬᠢᠨ ᠠᠯᠳᠠᠭ᠎ᠠ ᠪᠤᠷᠤᠭᠤ ᠪᠠᠨ ᠵᠠᠯᠠᠷᠠᠭᠤᠯᠤᠨ᠂ | ᠲᠣᠭᠲᠠᠴᠠ ᠪᠠᠨ ᠰᠠᠶᠢᠵᠢᠷᠠᠭᠤᠯᠵᠤ᠂ ᠪᠠᠶᠢᠷᠢᠰᠢᠭᠤᠯᠤᠯᠲᠠ ᠪᠠᠨ ᠥᠭᠡᠷᠡᠴᠢᠯᠡᠨ᠂ ᠰᠤᠷᠲᠠᠯ ᠢᠶᠠᠨ ᠰᠠᠶᠢᠵᠢᠷᠠᠭᠤᠯᠬᠤ ᠶᠢ | ᠨᠢᠭᠡ ᠴᠣᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠥᠪᠥᠷ ᠮᠣᠩᠭᠤᠯ ᠤᠨ ᠡᠳ᠋ ᠤᠨ ᠵᠠᠰᠠᠭ ᠤᠨ | ᠥᠭᠡᠷᠡᠴᠢᠯᠡᠯᠲᠡ ᠶᠢᠨ ᠲᠦᠷᠦᠯ ᠲᠡᠮᠳᠡᠭ ᠢ ᠭᠢᠯᠠᠯᠵᠠᠭᠤᠯᠵᠤ᠂ ᠪᠦᠭᠦ ᠣᠷᠣᠨ ᠤ ᠴᠢᠨᠠᠷ ᠰᠠᠶᠢᠲᠠᠢ ᠬᠥᠭᠵᠢᠯᠲᠡ ᠳᠤ | ᠦᠢᠯᠡᠴᠢᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃ | | |