| ● ᠵᠧᠩ ᠶᠠᠨ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠨᠢ ᠡᠴᠦᠰ ᠤᠨ | ᠡᠴᠦᠰ ᠲᠡᠭᠡᠨ ᠨᠡᠩ ᠥᠨᠳᠥᠷ ᠲᠦᠪᠰᠢᠨ ᠪᠦᠬᠦᠢ ᠠᠷᠠᠳ ᠤᠨ ᠠᠮᠢᠳᠤᠷᠠᠯ ᠤᠨ ᠠᠵᠠ ᠵᠢᠷᠭᠠᠯ ᠤᠨ ᠲᠥᠯᠥᠭᠡ ᠶᠤᠮ᠃ | ᠬᠥᠮᠥᠨ ᠪᠣᠯᠭᠠᠨ ᠪᠦᠷ ᠠᠰᠢᠭ ᠭᠦᠷᠲᠡᠭᠴᠢ᠂ ᠬᠥᠮᠥᠨ ᠪᠣᠯᠭᠠᠨ ᠪᠠᠰᠠ ᠣᠷᠣᠯᠴᠠᠭᠴᠢ ᠪᠤᠯᠬᠤ ᠶᠣᠰᠣᠲᠠᠢ᠃ | ᠥᠭᠡᠷᠡᠴᠢᠯᠡᠯᠲᠡ ᠭᠡᠭᠴᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠳᠠᠪᠠᠯᠭᠠᠨ ᠢ ᠵᠦᠰᠦᠨ | ᠤᠷᠤᠭᠰᠢᠯᠠᠬᠤ ᠶᠠᠪᠤᠳᠠᠯ ᠮᠥᠨ᠃ ᠡᠷᠲᠡ ᠦᠶ᠎ᠡ ᠶᠢᠨ ︽ᠭᠤᠷᠪᠠᠨ ᠪᠤᠯᠬᠤ ᠦᠭᠡᠢ ᠬᠤᠶᠠᠷ ᠲᠤ ᠠᠰᠢᠭᠲᠠᠢ | ᠪᠠᠶᠢᠯᠭᠠᠬᠤ︾᠂ ᠮᠠᠯ ᠪᠡᠯᠴᠢᠭᠡᠷ ᠤᠨ ᠬᠤᠣᠰ ᠳᠠᠭᠠᠭᠠᠴᠢᠯᠠᠯᠲᠠ᠂ ᠤᠳᠤ ᠶᠢᠨ ᠨᠤᠲᠤᠭ ᠪᠡᠯᠴᠢᠭᠡᠷ ᠤᠨ ᠠᠮᠢ ᠠᠬᠤᠢ | ᠶᠢᠨ ᠬᠠᠮᠠᠭᠠᠯᠠᠯᠲᠠ ᠶᠢᠨ ᠨᠥᠬᠦᠪᠦᠷᠢ ᠪᠠ ᠱᠠᠩᠨᠠᠯ᠂ ᠬᠥᠳᠡᠭᠡ ᠲᠣᠰᠬᠤᠨ ᠤ ︽ᠭᠤᠷᠪᠠ ᠶᠢ ᠬᠤᠪᠢᠷᠠᠭᠤᠯᠬᠤ︾᠂ ︽ | ᠲᠠᠪᠤ ᠶᠢ ᠲᠤᠶᠢᠯᠪᠤᠷᠢᠲᠠᠢ ᠪᠠᠶᠢᠴᠠᠭᠠᠬᠤ︾᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ | ᠬᠦᠴᠦᠨ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ | ᠲᠤᠰᠢᠶᠠᠯ ᠬᠠᠷᠢᠭᠤᠴᠠᠯᠭ᠎ᠠ ᠪᠠᠨ ᠪᠠᠶᠢᠩᠭᠤ ᠭᠦᠢᠴᠡᠳᠬᠡᠬᠦ᠂ ᠠᠷᠪᠠᠨ ᠶᠡᠭᠡ ᠬᠢᠨᠠᠯᠲᠠ ᠲᠠᠯᠪᠢᠯᠲᠠ ᠶᠢ | ᠨᠡᠪᠲᠡᠷᠡᠯᠴᠡᠭᠦᠯᠦᠨ ᠵᠣᠬᠢᠴᠠᠭᠤᠯᠬᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠭᠠᠷᠠᠭ ᠤᠨ ᠰᠡᠭᠦᠯᠴᠢ ᠪᠠᠷ ︽ᠡᠭᠦᠳᠡ | ᠪᠠᠨ ᠳᠠᠷᠤᠬᠤ ᠦᠭᠡᠢ︾᠂ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠁ ᠵᠡᠷᠭᠡ ᠠᠯᠢ ᠤᠯᠠᠨ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠭᠰᠡᠨ ᠠᠷᠭ᠎ᠠ ᠬᠡᠮᠵᠢᠶ᠎ᠡ ᠶᠢ ᠴᠥᠮ ᠪᠦᠭᠦ ᠣᠷᠣᠨ ᠤ ᠳᠡᠭᠡᠷ᠎ᠡ ᠳᠣᠣᠷ᠎ᠠ | ᠱᠠᠲᠤ ᠪᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠭᠠᠷ ᠬᠤᠯᠪᠣᠯᠴᠠᠨ ᠠᠵᠢᠯᠯᠠᠵᠤ ᠪᠦᠲᠦᠭᠡᠭᠰᠡᠨ | ᠶᠤᠮ᠂ ᠪᠠᠰᠠ ᠤᠯᠠᠨ ᠳᠤ ᠦᠨᠡᠨ ᠪᠣᠳᠠᠲᠠᠢ ᠠᠰᠢᠭ ᠢ ᠮᠡᠳᠡᠷᠡᠭᠦᠯᠪᠡ᠃ ᠶᠠᠭ ᠶᠡᠷᠦᠩᠬᠡᠢ ᠱᠦᠵᠢ ᠰᠢ ᠶᠢᠨ ᠫᠢᠩ ᠤᠨ | ᠵᠢᠭᠠᠵᠤ ᠭᠠᠷᠭᠠᠭᠰᠠᠨᠴᠢᠯᠠᠨ᠂ ︽ᠠᠷᠠᠳ ᠲᠦᠮᠡᠨ ᠤ ᠲᠥᠯᠥᠭᠡ ᠥᠭᠡᠷᠡᠴᠢᠯᠡᠯᠲᠡ ᠬᠢᠪᠡᠯ ᠥᠭᠡᠷᠡᠴᠢᠯᠡᠯᠲᠡ ᠰᠠᠶ᠋ᠢ | ᠠᠴᠢ ᠬᠤᠯᠪᠣᠭᠳᠠᠯ ᠲᠠᠢ ᠶᠤᠮ︔ ᠠᠷᠠᠳ ᠲᠦᠮᠡᠨ ᠳᠤ ᠲᠦᠰᠢᠭᠯᠡᠨ ᠥᠭᠡᠷᠡᠴᠢᠯᠡᠯᠲᠡ ᠬᠢᠪᠡᠯ ᠥᠭᠡᠷᠡᠴᠢᠯᠡᠯᠲᠡ ᠰᠠᠶ᠋ᠢ | ᠬᠥᠳᠡᠯᠭᠡᠬᠦ ᠬᠦᠴᠦᠨ ᠲᠠᠢ ᠪᠣᠯᠣᠨ᠎ᠠ︾᠃ | ᠰᠢᠨ᠎ᠡ ᠠᠶᠠᠨ ᠳᠤ᠂ ᠥᠪᠥᠷ ᠮᠣᠩᠭᠤᠯ ︽ᠬᠤᠶᠠᠷ ᠶᠡᠭᠡᠶᠠᠪᠤᠳᠠᠯ ᠢ ᠰᠠᠶᠢᠲᠤᠷ ᠬᠢᠵᠦ᠂ ᠰᠢᠨ᠎ᠡ ᠵᠠᠮ | ᠨᠡᠭᠡᠭᠡᠵᠦ ᠳᠤᠮᠳᠠ ᠲᠦᠪᠰᠢᠨ ᠳᠤ ᠣᠷᠣᠬᠤ︾ ᠥᠨᠳᠥᠷ ᠠᠰᠠᠷ ᠢ ᠴᠣᠭᠴᠠᠯᠠᠬᠤ ᠳᠤ᠂ ᠦᠨᠳᠦᠰᠦᠲᠡᠨ ᠨᠦᠭᠦᠳ ᠤᠨ | 2400 ᠲᠦᠮᠡᠨ ᠠᠷᠠᠳ ᠲᠦᠮᠡᠨ ᠤ ᠳᠤᠰᠤᠯ ᠨᠡᠮᠡᠭᠦᠷᠢ ᠠᠴᠠ ᠰᠠᠯᠵᠤ ᠴᠢᠳᠠᠬᠤ ᠦᠭᠡᠢ ᠶᠤᠮ᠃ ᠤᠯᠠᠨ ᠤ | ᠬᠦᠴᠦᠨ ᠢ ᠬᠤᠷᠠᠮᠳᠤᠭᠤᠯᠵᠤ ᠤᠯᠠᠨ ᠤ ᠤᠶᠤᠨ ᠤᠬᠠᠭᠠᠨ ᠢ ᠲᠥᠪᠯᠡᠷᠡᠭᠦᠯᠪᠡᠯ ᠢᠯᠠᠬᠤ ᠦᠭᠡᠢ ᠪᠦᠲᠦᠬᠦ ᠦᠭᠡᠢ | ᠶᠣᠰᠣ ᠭᠡᠵᠦ ᠦᠭᠡᠢ ᠶᠤᠮ᠃ ᠨᠠᠮ ᠤᠨ ᠭᠡᠰᠢᠭᠦᠨ ᠺᠠᠳ᠋ᠷ ᠨᠠᠳᠠ ᠠᠴᠠ ᠥᠭᠡᠷ᠎ᠡ ᠬᠡᠨ ᠪᠠᠶᠢᠬᠤᠪ ᠬᠡᠮᠡᠨ ᠲᠦᠷᠦᠭᠦᠯᠡᠨ | ᠠᠵᠢᠯᠯᠠᠬᠤ ᠪᠣᠯ ᠵᠠᠪᠠᠯ ᠭᠦᠢᠴᠡᠳᠬᠡᠬᠦ ᠬᠠᠷᠢᠭᠤᠴᠠᠯᠭ᠎ᠠ ᠮᠥᠨ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠳᠣᠲᠣᠷ | ᠲᠠᠮᠢᠷ ᠢᠶᠠᠨ ᠬᠠᠲᠠᠭᠤᠵᠢᠯᠲᠠᠢ ᠪᠤᠯᠪᠠᠰᠤᠷᠠᠭᠤᠯᠵᠤ᠂ ᠰᠢᠨ᠎ᠡ ᠶᠢ ᠡᠭᠦᠳᠴᠦ ᠦᠢᠯᠡᠰ ᠪᠣᠰᠬᠠᠬᠤ ᠪᠣᠯ ᠬᠥᠭᠵᠢᠯᠲᠡ ᠶᠢᠨ | ᠬᠡᠷᠡᠭᠴᠡᠭᠡ ᠮᠥᠨ᠂ ᠤᠯᠠᠨ ᠲᠦᠮᠡᠨ ᠨᠠᠮ ᠢᠶᠠᠨ ᠡᠷᠡᠰ ᠲᠠᠭᠠᠵᠤ᠂ ᠡᠵᠡᠨ ᠬᠥᠮᠥᠨ ᠪᠤᠯᠬᠤ ᠪᠠᠷ ᠴᠢᠷᠮᠠᠶᠢᠬᠤ ᠪᠣᠯ | ᠪᠠᠶᠢᠪᠠᠰᠤ ᠵᠣᠬᠢᠬᠤ ᠠᠵᠢᠯᠯᠠᠭ᠎ᠠ ᠮᠥᠨ᠃ ᠥᠭᠡᠷᠡᠴᠢᠯᠡᠯᠲᠡ ᠳᠤ ᠭᠠᠳᠠᠨᠠᠬᠢ ᠬᠥᠮᠥᠨ ᠪᠠ ᠬᠥᠨᠳᠡᠯᠡᠨ ᠠᠴᠠ ᠬᠠᠷᠠᠭᠴᠢ | ᠭᠡᠵᠦ ᠪᠠᠶᠢᠬᠤ ᠦᠭᠡᠢ ᠶᠤᠮ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠬᠤ ᠠᠵᠢᠯ ᠤᠨ ᠭᠤᠣᠯ ᠱᠤᠭᠤᠮ ᠢ ᠪᠦᠭᠦ ᠲᠠᠯ᠎ᠠ ᠪᠠᠷ ᠲᠤᠭᠤᠰᠢᠯᠠᠭᠤᠯᠤᠨ᠂ ᠬᠥᠮᠥᠨ ᠪᠦᠭᠦᠨ ᠠᠵᠢᠯ | ᠬᠢᠵᠦ ᠦᠢᠯᠡᠰ ᠪᠣᠰᠬᠠᠵᠤ᠂ ᠠᠶᠢᠯ ᠪᠣᠯᠭᠠᠨ ᠰᠠᠬᠢᠨ ᠪᠠᠷᠠᠯᠠᠵᠤ ᠬᠠᠷᠢᠯᠴᠠᠨ ᠬᠠᠪᠰᠤᠷᠴᠤ᠂ ᠤᠯᠠᠨ ᠢᠶᠠᠷ ᠢᠶᠠᠨ ᠬᠠᠮᠲᠤ | ᠪᠠᠷ ᠠᠵᠢᠯᠯᠠᠵᠤ ᠬᠠᠮᠲᠤ ᠪᠠᠷ ᠤᠷᠤᠭᠰᠢᠯᠠᠪᠠᠯ ᠳᠠᠪᠠᠵᠤ ᠳᠡᠶᠢᠯᠭᠦ ᠦᠭᠡᠢ ᠰᠡᠳᠦᠪ ᠭᠡᠵᠦ ᠪᠠᠶᠢᠬᠤ ᠦᠭᠡᠢ᠂ ᠳᠠᠪᠠᠵᠤ | ᠳᠡᠶᠢᠯᠭᠦ ᠦᠭᠡᠢ ᠪᠣᠭᠤᠮᠲᠠ ᠭᠡᠵᠦ ᠪᠠᠶᠢᠬᠤ ᠦᠭᠡᠢ ᠶᠤᠮ᠃ | ᠴᠢᠷᠮᠠᠶᠢᠯᠭ᠎ᠠ ᠬᠥᠮᠥᠨ ᠢ ᠭᠤᠮᠣᠳᠠᠭᠠᠬᠤ ᠦᠭᠡᠢ ᠭᠡᠳᠡᠭ᠃ ᠥᠪᠥᠷ ᠮᠣᠩᠭᠤᠯ ᠳᠤ ᠠᠵᠢᠯᠯᠠᠵᠤ | ᠠᠮᠢᠳᠤᠷᠠᠵᠤ ᠪᠠᠶᠢᠭ᠎ᠠ ᠬᠥᠮᠥᠨ ᠪᠦᠭᠦᠨ ᠴᠥᠮ ᠬᠠᠷᠢᠭᠤᠴᠠᠯᠭ᠎ᠠ ᠪᠠᠨ ᠡᠭᠦᠷᠭᠡᠯᠡᠵᠦ᠂ ᠪᠡᠶ᠎ᠡ ᠪᠠᠷ ᠢᠶᠠᠨ ᠣᠷᠣᠯᠴᠠᠨ᠂ | ᠺᠠᠳ᠋ᠷ ᠵᠣᠷᠢᠭᠲᠠᠢ ᠴᠢᠷᠮᠠᠶᠢᠵᠤ᠂ ᠣᠷᠣᠨ ᠨᠤᠲᠤᠭ ᠵᠣᠷᠢᠭᠲᠠᠢ ᠰᠢᠪᠲᠤᠯᠤᠨ᠂ ᠠᠵᠤ ᠠᠬᠤᠶᠢᠯᠠᠯ ᠵᠣᠷᠢᠭᠲᠠᠢ ᠬᠢᠵᠦ᠂ | ᠤᠯᠠᠨ ᠲᠦᠮᠡᠨ ᠵᠣᠷᠢᠭᠲᠠᠢ ᠡᠭᠦᠳᠴᠦ᠂ ︽ᠬᠦᠴᠢᠷ ᠠᠴᠠ ᠠᠶᠤᠬᠤ ᠦᠭᠡᠢ᠂ ᠴᠤᠴᠠᠯᠲᠠ ᠦᠭᠡᠢ ᠲᠡᠮᠡᠦᠯᠵᠦ᠂ | ᠵᠣᠷᠢᠭᠰᠠᠨ ᠳᠠᠭᠠᠨ ᠵᠠᠪᠠᠯ ᠬᠦᠷᠬᠦ︾ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠪᠠᠯ ᠤᠮᠠᠷᠠᠲᠤ | ᠬᠢᠯᠢ ᠶᠢᠨ ᠡᠬᠡ ᠭᠠᠵᠠᠷ ᠲᠤ ᠥᠭᠡᠷᠡᠴᠢᠯᠡᠯᠲᠡ ᠶᠢᠨ ᠬᠠᠮᠤᠭ ᠬᠦᠴᠦᠷᠬᠡᠭ ᠳᠠᠭᠤᠨ ᠭᠠᠵᠠᠷ ᠪᠣᠯᠭᠠᠨ ᠳᠤ | ᠴᠤᠤᠷᠢᠶᠠᠲᠤᠨ᠂ ᠥᠭᠡᠷᠡᠴᠢᠯᠡᠯᠲᠡ ᠶᠢᠨ ᠰᠢᠨ᠎ᠡ ᠳᠦᠷᠰᠦ ᠪᠠᠶᠢᠳᠠᠯ ᠲᠠᠰᠤᠷᠠᠯᠳᠠ ᠦᠭᠡᠢ ᠢᠯᠡᠷᠡᠬᠦ ᠨᠢ ᠯᠠᠪᠲᠠᠢ ᠶᠤᠮ᠃ | | | | |