| ●ᠵᠧᠩ ᠶᠠᠨ | ᠦᠯᠢᠶᠡᠪᠦᠷᠢ ᠴᠢᠪᠬᠠᠳᠠᠰᠤ ᠬᠠᠷᠢᠯᠴᠠᠨ ᠵᠣᠬᠢᠴᠠᠵᠤ᠂ ᠬᠠᠷᠠᠩᠭ᠎ᠠ ᠬᠡᠩᠭᠡᠷᠭᠡ ᠠᠶᠢᠵᠠᠮ ᠨᠢᠭᠡᠳᠦᠮᠡᠨᠵᠢᠨ | ᠰᠠᠶ᠋ᠢ ᠢᠷᠠᠭᠤ ᠰᠠᠶᠢᠬᠠᠨ ᠨᠠᠶᠢᠷᠠᠯ ᠬᠥᠭᠵᠢᠮ ᠤᠨ ᠠᠶᠠᠰ ᠰᠣᠨᠣᠰᠳᠠᠨ᠎ᠠ᠃ ᠨᠢᠭᠡᠳᠦᠯᠲᠡᠢ ᠲᠥᠯᠥᠪᠵᠢᠭᠦᠯᠦᠨ ᠨᠡᠶᠢᠳᠡ | ᠳᠤᠨᠢ ᠬᠠᠷᠠᠭᠠᠯᠵᠠᠵᠤ᠂ ᠬᠠᠨᠳᠤᠰᠢ ᠶᠢ ᠨᠢ ᠨᠢᠭᠡᠳᠦᠯᠲᠡᠢ ᠪᠣᠯᠭᠠᠮᠠᠨᠵᠢᠨ ᠰᠠᠶ᠋ᠢ ᠥᠭᠡᠷᠡᠴᠢᠯᠡᠯᠲᠡ ᠶᠢᠨ ᠪᠦᠬᠦᠯᠢ | ᠴᠣᠭᠴᠠ ᠶᠢᠨ ᠦᠷ᠎ᠡ ᠪᠦᠲᠦᠮᠵᠢ ᠶᠢ ᠨᠡᠮᠡᠭᠳᠡᠭᠦᠯᠵᠦ ᠴᠢᠳᠠᠨ᠎ᠠ᠃ | ᠥᠭᠡᠷᠡᠴᠢᠯᠡᠯᠲᠡ ᠪᠣᠯ ᠰᠢᠰᠲ᠋ᠧᠮᠲᠦ ᠢᠨᠵᠧᠨᠧᠷᠢᠩ ᠮᠥᠨ᠃ ᠬᠡᠷᠪᠡ ᠪᠦᠭᠦ ᠲᠠᠯ᠎ᠠ ᠶᠢ ᠪᠣᠳᠣᠯᠬᠢᠯᠠᠬᠤ | ᠦᠭᠡᠢ ᠪᠣᠯ᠂ ᠠᠳᠠᠯᠢ ᠪᠤᠰᠤ ᠬᠦᠷᠢᠶᠡᠨ ᠳᠤ ᠨᠡᠶᠢᠲᠡᠯᠡᠭᠰᠡᠨ ᠲᠦᠷᠦ ᠶᠢᠨ ᠪᠣᠳᠣᠯᠭ᠎ᠠ᠂ ᠳᠦᠷᠢᠮ᠂ ᠠᠷᠭ᠎ᠠ ᠬᠡᠮᠵᠢᠶ᠎ᠡ | ᠶᠢ ᠲᠤᠰᠠᠭᠠᠷ ᠨᠢ ᠦᠵᠡᠬᠦ ᠳᠤ ᠠᠰᠠᠭᠤᠳᠠᠯ ᠦᠭᠡᠢ ᠰᠢᠭ ᠪᠤᠯᠪᠠᠴᠤ ᠬᠠᠮᠲᠤ ᠲᠠᠯᠪᠢᠵᠤ ᠦᠵᠡᠪᠡᠯ ᠬᠠᠷᠢᠯᠴᠠᠨ | ᠵᠣᠬᠢᠴᠠᠯᠳᠤᠬᠤ ᠦᠭᠡᠢ ᠴᠢᠨᠠᠭᠰᠢᠯᠠᠪᠠᠯ ᠵᠥᠷᠢᠴᠡᠯ ᠲᠠᠢ ᠵᠦᠢᠯ ᠪᠠᠶᠢᠵᠤ ᠮᠡᠳᠡᠨ᠎ᠡ᠃ ᠮᠣᠳᠣ ᠳᠠᠷᠢᠳᠠᠭ ᠨᠢ ᠵᠦᠪᠭᠡᠨ | ᠮᠣᠳᠣ ᠳᠠᠷᠢᠬᠤ ᠶᠠᠪᠤᠳᠠᠯ ᠢᠶᠠᠨ ᠯᠠ ᠬᠠᠮᠢᠶᠠᠷᠴᠤ᠂ ᠤᠰᠤ ᠠᠷᠪᠢᠯᠠᠬᠤ ᠨᠢ ᠵᠦᠪᠭᠡᠨ ᠤᠰᠤ ᠠᠷᠪᠢᠯᠠᠬᠤ | ᠶᠠᠪᠤᠳᠠᠯ ᠢᠶᠠᠨ ᠯᠠ ᠬᠠᠮᠢᠶᠠᠷᠤᠨ᠂ ᠲᠠᠷᠢᠶ᠎ᠠ ᠬᠠᠮᠠᠭᠠᠯᠠᠳᠠᠭ ᠨᠢ ᠵᠦᠪᠭᠡᠨ ᠲᠠᠷᠢᠶᠠᠨ ᠭᠠᠵᠠᠷ ᠤᠨ ᠶᠠᠪᠤᠳᠠᠯ ᠢᠶᠠᠨ ᠯᠠ | ᠬᠠᠮᠢᠶᠠᠷᠴᠤ᠂ ᠡᠯᠡᠰᠦ ᠵᠠᠰᠠᠳᠠᠭ ᠨᠢ ᠵᠦᠪᠭᠡᠨ ᠡᠯᠡᠰᠦ ᠵᠠᠰᠠᠬᠤ ᠶᠠᠪᠤᠳᠠᠯ ᠢᠶᠠᠨ ᠯᠠ ᠬᠠᠮᠢᠶᠠᠷᠤᠨ᠂ ᠣᠯᠠᠨ ᠢᠶᠠᠷ ᠢᠶᠠᠨ | ᠥᠪᠡᠷ ᠥᠪᠡᠷ ᠤᠨ ᠬᠤᠪᠢᠳᠠᠭᠰᠠᠨ ᠶᠠᠪᠤᠳᠠᠯ ᠠᠴᠠ ᠪᠠᠨ ᠪᠤᠰᠤᠳ ᠠᠮᠢ ᠠᠬᠤᠢ ᠶᠢᠨ ᠡᠯᠧᠮᠧᠨ᠋ᠲ ᠢ ᠪᠣᠳᠣᠯᠬᠢᠯᠠᠬᠤ | ᠦᠭᠡᠢ ᠪᠣᠯ ᠪᠦᠭᠦᠶᠢᠯᠡ ᠠᠮᠢ ᠠᠬᠤᠢ ᠶᠢᠨ ᠰᠢᠰᠲ᠋ᠧᠮ ᠢ ᠰᠠᠶᠢᠲᠤᠷ ᠵᠠᠰᠠᠵᠤ ᠴᠢᠳᠠᠬᠤ ᠦᠭᠡᠢ ᠶᠤᠮ᠃ ᠬᠥᠬᠡ | ᠬᠥᠬᠡᠭᠴᠢᠨ ᠤᠯᠠᠭᠠᠨ ᠤᠯᠠᠭᠴᠢᠨ ᠰᠠᠯᠠᠭ᠎ᠠ ᠮᠥᠴᠢᠷ ᠨᠢ ᠴᠥᠮ ᠠᠵᠤ ᠠᠬᠤᠶᠢᠯᠠᠯ ᠢ ᠳᠡᠮᠵᠢᠬᠦ ᠲᠥᠷᠥ ᠶᠢᠨ | ᠪᠣᠳᠣᠯᠭ᠎ᠠ ᠨᠡᠶᠢᠲᠡᠯᠡᠭᠰᠡᠨ ᠪᠤᠯᠪᠠᠴᠤ ᠬᠥᠬᠡ ᠨᠢ ᠪᠠᠷᠠᠭᠤᠨᠰᠢ᠂ ᠬᠥᠬᠡᠭᠴᠢᠨ ᠨᠢ ᠵᠡᠭᠦᠨᠰᠢ᠂ ᠤᠯᠠᠭᠠᠨ ᠨᠢ ᠡᠮᠦᠨᠡᠰᠢ᠂ | ᠤᠯᠠᠭᠴᠢᠨ ᠨᠢ ᠤᠮᠠᠷᠠᠰᠢ ᠭᠡᠵᠦ ᠱᠠᠭᠠᠷᠳᠠᠬᠤ ᠳᠤ ᠭᠦᠷᠪᠠᠯ ᠠᠵᠤ ᠠᠬᠤᠶᠢᠯᠠᠯ ᠨᠢ ᠶᠠᠭᠠᠬᠢᠬᠤ ᠪᠠᠨ ᠣᠯᠬᠤ ᠦᠭᠡᠢ | ᠪᠣᠯᠵᠤ᠂ ᠶᠠᠭᠠᠬᠢᠵᠤ ᠬᠢᠬᠦ ᠪᠠᠨ ᠮᠡᠳᠡᠬᠦ ᠦᠭᠡᠢ ᠪᠤᠯᠳᠠᠭ᠃ ᠥᠭᠡᠷᠡᠴᠢᠯᠡᠯᠲᠡ ᠬᠢᠬᠦ ᠳᠤ ᠭᠠᠭᠴᠠᠭᠠᠷ ᠢᠶᠠᠨ ᠲᠡᠮᠡᠴᠡᠵᠦ | ᠪᠤᠯᠬᠤ ᠦᠭᠡᠢ᠂ ᠬᠤᠪᠢ ᠬᠤᠪᠢᠨ ᠤ ᠪᠤᠳᠤᠬᠰᠠᠨ ᠢᠶᠠᠷ ᠢᠶᠠᠨ ᠬᠢᠵᠦ ᠪᠤᠯᠬᠤ ᠦᠭᠡᠢ᠂ ᠨᠡᠩ ᠴᠤ ᠰᠠᠭᠰᠤᠨ | ᠳᠣᠲᠣᠷᠠᠬᠢ ᠨᠠᠢᠮᠠᠯᠵᠢ ᠰᠢᠭ᠋ ᠨᠢᠭᠡ ᠨᠢᠭᠡᠨ ᠢᠶᠠᠨ ᠬᠠᠷᠰᠢᠯᠠᠵᠤ ᠰᠠᠭᠠᠲᠠᠭᠠᠵᠤ ᠪᠤᠯᠬᠤ ᠦᠭᠡᠢ᠃ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠳᠤ ᠭᠤᠣᠯᠳᠠᠯᠭ᠎ᠠ ᠨᠢ ︽ᠪᠦᠭᠦ | ᠲᠠᠯ᠎ᠠ︾ ᠳᠤ ᠪᠠᠶᠢᠵᠤ᠂ ᠵᠠᠩᠭᠢᠯᠠᠭ᠎ᠠ ᠨᠢ ︽ᠨᠢᠭᠡᠳᠦᠯᠲᠡᠢ︾ ᠳᠤ ᠪᠠᠶᠢᠨ᠎ᠠ᠃ ᠡᠷᠬᠡᠪᠰᠢ ᠰᠢᠰᠲ᠋ᠧᠮ ᠤᠨ | ᠦᠵᠡᠯᠲᠡ ᠪᠠᠨ ᠴᠢᠩᠭᠠᠳᠬᠠᠵᠤ᠂ ᠠᠵᠢᠯ ᠢᠶᠠᠨ ᠨᠢᠭᠡᠳᠦᠯᠲᠡᠢ ᠲᠥᠯᠥᠪᠵᠢᠭᠦᠯᠬᠦ ᠶᠢ ᠰᠠᠶᠢᠲᠤᠷ ᠠᠳᠬᠤᠨ᠂ ᠡᠯ᠎ᠡ | ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠵᠣᠬᠢᠴᠠᠭᠤᠯᠤᠨ ᠢᠵᠢ ᠪᠦᠷᠢᠳᠦᠭᠦᠯᠬᠦ᠂ ᠠᠳᠠᠯᠢ ᠴᠢᠭᠯᠡᠯ ᠢᠶᠠᠷ | ᠬᠦᠴᠦᠯᠡᠬᠦ ᠶᠢ ᠠᠬᠢᠭᠤᠯᠬᠤ ᠬᠡᠷᠡᠭᠲᠡᠢ᠃ ᠣᠯᠠᠨ ᠰᠠᠯᠠᠭ᠎ᠠ ᠮᠥᠴᠢᠷ ᠲᠤ ᠬᠤᠯᠪᠣᠭᠳᠠᠭᠰᠠᠨ ᠥᠭᠡᠷᠡᠴᠢᠯᠡᠯᠲᠡ ᠳᠤ | ᠬᠠᠷᠢᠭᠤᠴᠠᠯᠭ᠎ᠠ ᠶᠢ ᠬᠤᠯᠪᠤᠭᠠᠯᠠᠨ ᠡᠭᠦᠷᠭᠡᠯᠡᠬᠦ ᠶᠢ ᠴᠢᠩᠭᠠᠳᠬᠠᠨ᠂ ᠬᠦᠴᠦᠨ ᠢᠶᠠᠨ ᠬᠤᠪᠢᠶᠠᠷᠢᠯᠠᠨ ᠪᠣᠭᠤᠮᠲᠠ | ᠰᠠᠬᠢᠵᠤ᠂ ᠬᠠᠮᠲᠤ ᠶᠢᠨ ᠬᠠᠷᠠᠯᠲᠠ ᠵᠦᠭ ᠤᠷᠤᠭᠰᠢᠯᠠᠬᠤ ᠬᠡᠷᠡᠭᠲᠡᠢ᠃ ᠠᠳᠠᠯᠢ ᠨᠢᠭᠡᠨ ᠬᠦᠷᠢᠶ᠎ᠡ ᠠᠳᠠᠯᠢ ᠨᠢᠭᠡᠨ | ᠱᠤᠭᠤᠮ ᠳᠡᠭᠡᠷᠡᠬᠢ ᠥᠭᠡᠷᠡᠴᠢᠯᠡᠯᠲᠡ ᠳᠤ᠂ ᠵᠣᠯᠭᠠᠭᠤᠯᠤᠨ ᠢᠵᠢ ᠪᠦᠷᠢᠳᠦᠭᠦᠯᠬᠦ ᠶᠢ ᠰᠠᠶᠢᠲᠤᠷ ᠠᠳᠬᠤᠨ᠂ ᠨᠢᠭᠡ | ᠴᠣᠭᠴᠠᠵᠢᠭᠤᠯᠤᠨ ᠨᠠᠶᠢᠳᠠᠪᠤᠷᠢᠵᠢᠭᠤᠯᠵᠤ᠂ ᠭᠤᠣᠯᠳᠠᠯᠭ᠎ᠠ ᠪᠠᠨ ᠰᠤᠯᠠᠷᠠᠭᠤᠯᠬᠤ ᠦᠭᠡᠢ ᠪᠠᠶᠢᠬᠤ ᠶᠢ ᠪᠠᠲᠤᠯᠠᠬᠤ | ᠬᠡᠷᠡᠭᠲᠡᠢ᠃ ᠨᠢᠭᠡᠳᠦᠯᠲᠦ ᠴᠢᠨᠠᠷᠲᠠᠢ ᠦᠨᠡᠯᠡᠨ ᠵᠢᠱᠢᠯᠲᠡ ᠶᠢ ᠥᠭᠡᠷᠡᠴᠢᠯᠡᠯᠲᠡ ᠶᠢᠨ ᠪᠦᠭᠦ ᠶᠠᠪᠤᠴᠠ ᠡᠯ᠎ᠡ ᠲᠠᠯ᠎ᠠ ᠳᠤ | ᠲᠤᠭᠤᠰᠢᠯᠠᠭᠤᠯᠵᠤ᠂ ᠬᠥᠨᠳᠡᠯᠡᠨ ᠠᠴᠠ ᠭᠠᠵᠠᠷ ᠣᠷᠣᠨ ᠬᠤᠭᠤᠷᠣᠨᠳᠤ ᠪᠠᠨ ᠰᠠᠯᠠᠭ᠎ᠠ ᠮᠥᠴᠢᠷ ᠬᠤᠭᠤᠷᠣᠨᠳᠤ ᠪᠠᠨ | ᠨᠢᠭᠡᠳᠦᠯᠲᠡᠢ ᠪᠠᠶᠢᠬᠤ ᠶᠢ ᠪᠠᠲᠤᠯᠠᠨ᠂ ︽ᠲᠡᠮᠦᠷ ᠵᠠᠮ ᠤᠨ ᠴᠠᠭᠳᠠᠭ᠎ᠠ ᠥᠪᠡᠷ ᠥᠪᠡᠷ ᠤᠨ ᠬᠡᠰᠡᠭ ᠢᠶᠠᠨ ᠬᠠᠮᠢᠶᠠᠷᠬᠤ︾ | ᠶᠢ ᠰᠡᠷᠭᠡᠶᠢᠯᠡᠵᠦ᠂ ᠭᠤᠯᠳᠤ ᠪᠠᠷ ᠳᠡᠭᠡᠷ᠎ᠡ ᠳᠣᠣᠷ᠎ᠠ ᠱᠠᠲᠤ ᠪᠠᠷ ᠢᠶᠠᠨ ᠨᠢᠭᠡᠳᠦᠯᠲᠡᠢ ᠪᠠᠶᠢᠬᠤ ᠶᠢ ᠪᠠᠲᠤᠯᠠᠨ᠂ ᠣᠷᠣᠨ | ᠨᠤᠲᠤᠭ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠳᠡᠭᠡᠷ᠎ᠡ ᠱᠠᠲᠤ ᠲᠠᠢ ᠰᠠᠯᠤᠩᠭᠢᠷᠠᠬᠤ ᠶᠢ ᠰᠡᠷᠭᠡᠶᠢᠯᠡᠵᠦ᠂ | ᠴᠠᠭ ᠤᠨ ᠲᠠᠯ᠎ᠠ ᠪᠠᠷ ᠡᠮᠦᠨ᠎ᠡ ᠬᠤᠶᠢᠨᠠᠬᠢ ᠲᠥᠷᠥ ᠶᠢᠨ ᠪᠣᠳᠣᠯᠭ᠎ᠠ ᠶᠢᠨ ᠬᠠᠨᠳᠤᠰᠢ ᠨᠢᠭᠡᠳᠦᠯᠲᠡᠢ ᠪᠠᠶᠢᠬᠤ ᠶᠢ | ᠪᠠᠲᠤᠯᠠᠵᠤ᠂ ᠥᠷᠯᠥᠭᠡ ᠶᠢᠨ ᠵᠠᠷᠯᠢᠭ ᠢᠶᠠᠨ ᠦᠳᠡᠰᠢ ᠨᠢ ᠬᠤᠪᠢᠷᠠᠭᠤᠯᠬᠤ ᠠᠴᠠ ᠪᠣᠯᠵᠤ ᠥᠭᠡᠷᠡᠴᠢᠯᠡᠯᠲᠡ ᠶᠢᠨ | ᠦᠷ᠎ᠡ ᠪᠦᠳᠦᠮᠵᠢ ᠶᠢ ᠬᠠᠷᠰᠢᠯᠠᠬᠤ ᠠᠴᠠ ᠰᠡᠷᠭᠡᠶᠢᠯᠡᠬᠦ ᠬᠡᠷᠡᠭᠲᠡᠢ᠃ ᠢᠩᠭᠢᠪᠡᠯ ᠰᠠᠶ᠋ᠢ ᠬᠠᠨᠳᠤᠰᠢ ᠨᠢ ᠲᠣᠳᠣᠷᠬᠠᠢ | ᠪᠣᠯᠵᠤ᠂ ᠤᠴᠢᠷ ᠶᠠᠪᠤᠳᠠᠯ ᠤᠷᠤᠭᠰᠢᠲᠠᠢ ᠪᠣᠯᠵᠤ ᠴᠢᠳᠠᠨ᠎ᠠ᠃ | ︽ᠨᠢᠭᠡᠳᠦᠯᠲᠦ ᠴᠢᠨᠠᠷ︾ ᠢ ᠲᠤᠪᠤᠶᠢᠯᠭᠠᠵᠤ᠂ ︽ᠬᠠᠮ ᠠᠷᠭ᠎ᠠ ᠬᠡᠮᠵᠢᠶ᠎ᠡ︾ ᠶᠢ ᠰᠠᠶᠢᠲᠤᠷ | ᠬᠡᠷᠡᠭᠵᠢᠭᠦᠯᠦᠨ᠂ ︽ᠨᠢᠭᠡ ᠬᠥᠯᠭᠡ ᠰᠢᠲᠠᠷ᠎ᠠ︾ ᠶᠢ ᠰᠠᠶᠢᠲᠤᠷ ᠲᠠᠯᠪᠢᠵᠤ᠂ ︽ᠨᠢᠭᠡ ᠯᠡ ᠵᠠᠮ︾ ᠢᠶᠠᠷ ᠬᠠᠮᠲᠤ ᠪᠠᠷ | ᠵᠠᠮᠨᠠᠪᠠᠯ ᠥᠭᠡᠷᠡᠴᠢᠯᠡᠯᠲᠡ ᠯᠠᠪᠲᠠᠢ ᠢᠯᠠᠯᠲᠠ ᠣᠯᠵᠤ ᠴᠢᠳᠠᠨ᠎ᠠ᠃ | | | |