| | | | 2024 ᠣᠨ ᠤ 8 ᠰᠠᠷ᠎ᠠ ᠶᠢᠨ 1 ᠤ ᠡᠳᠦᠷ | | ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠳᠦᠷᠢᠮ ᠪᠣᠯ ᠨᠡᠶᠢᠭᠡᠮ ᠵᠢᠷᠤᠮ ᠤᠨ ᠵᠠᠬ᠎ᠠ | ᠳᠡᠯᠭᠡᠭᠦᠷ ᠤᠨ ᠠᠵᠤ ᠠᠬᠤᠢ ᠶᠢᠨ ᠰᠠᠭᠤᠷᠢ ᠳᠦᠷᠢᠮ ᠤᠨ ᠨᠢᠭᠡ ᠮᠥᠨ᠂ ᠦᠷ᠎ᠡ ᠪᠦᠲᠦᠮᠵᠢᠲᠡᠢ ᠵᠠᠬ᠎ᠠ ᠳᠡᠯᠭᠡᠭᠦᠷ ᠪᠠ | ᠦᠷ᠎ᠡ ᠪᠦᠲᠦᠮᠵᠢᠲᠡᠢ ᠵᠠᠰᠠᠭ ᠤᠨ ᠣᠷᠳᠣᠨ ᠤ ᠨᠡᠩ ᠰᠠᠶᠢᠨ ᠤᠶᠠᠯᠳᠤᠯ ᠢ ᠠᠬᠢᠭᠤᠯᠬᠤ ᠶᠢᠨ ᠵᠠᠩᠭᠢᠯᠠᠭ᠎ᠠ ᠮᠥᠨ᠃ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠳᠦᠷᠢᠮ ᠢ | ᠲᠡᠭᠦᠯᠳᠡᠷᠵᠢᠭᠦᠯᠦᠨ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠬᠤᠷᠢᠭ᠎ᠠ ᠰᠠᠭᠠᠳ ᠢ ᠭᠦᠨᠵᠡᠭᠡᠢ ᠡᠪᠳᠡᠵᠦ᠂ | ᠨᠡᠭᠡᠭᠡᠯᠲᠡ ᠲᠠᠢ ᠪᠥᠭᠡᠳ ᠢᠯᠡ ᠲᠣᠳᠣ᠂ ᠵᠢᠷᠤᠮᠵᠢᠯ ᠲᠠᠢ ᠪᠥᠭᠡᠳ ᠡᠮᠬᠢ ᠵᠢᠷᠤᠮ ᠲᠠᠢ᠂ ᠡᠷᠬᠡ ᠲᠡᠭᠰᠢ ᠪᠠᠷ | ᠥᠷᠢᠰᠦᠯᠳᠦᠬᠦ᠂ ᠡᠷᠬᠡ ᠬᠠᠷᠢᠭᠤᠴᠠᠯᠭ᠎ᠠ ᠲᠣᠳᠣᠷᠬᠠᠢ᠂ ᠬᠢᠨᠠᠯᠲᠠ ᠬᠠᠮᠢᠶᠠᠷᠤᠯᠲᠠ ᠬᠦᠴᠦᠨ ᠲᠠᠢ ᠵᠠᠬ᠎ᠠ ᠳᠡᠯᠭᠡᠭᠦᠷ ᠲᠤ | ᠣᠷᠣᠬᠤ ᠶᠢ ᠵᠥᠪᠰᠢᠶᠡᠷᠡᠬᠦ ᠳᠦᠷᠢᠮ ᠤᠨ ᠰᠢᠰᠲ᠋ᠧᠮ ᠢ ᠴᠣᠭᠴᠠᠯᠠᠨ ᠪᠠᠶᠢᠭᠤᠯᠬᠤ ᠶᠢᠨ ᠲᠤᠰᠠᠳᠠ᠂ ᠨᠠᠮ ᠤᠨ ᠲᠥᠪ | ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ ᠰᠠᠨᠠᠯ ᠢ | ᠳᠤᠷᠠᠳᠪᠠ᠃ | ᠨᠢᠭᠡ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠨᠠᠵᠠᠭᠠᠢ ᠲᠠᠯ᠎ᠠ ᠶᠢᠨ ᠨᠠᠷᠢᠨ ᠳᠠᠩᠰᠠ ᠶᠢᠨ | ᠬᠠᠮᠢᠶᠠᠷᠤᠯᠲᠠ ᠶᠢᠨ ᠵᠠᠭᠪᠤᠷ ᠢ ᠲᠡᠭᠦᠯᠳᠡᠷᠵᠢᠭᠦᠯᠦᠨ᠎ᠡ᠃ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ | ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠲᠣᠭᠲᠠᠭᠠᠯ᠂ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠳᠤ | ᠲᠣᠭᠲᠠᠭᠠᠭᠰᠠᠨ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠬᠠᠮᠢᠶᠠᠷᠤᠯᠲᠠ ᠶᠢᠨ ᠠᠷᠭ᠎ᠠ ᠬᠡᠮᠵᠢᠶ᠎ᠡ᠂ ᠮᠤᠵᠢ᠂ | ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠵᠠᠰᠠᠭ ᠤᠨ ᠣᠷᠳᠣᠨ ᠤ ᠳᠦᠷᠢᠮ ᠲᠣᠭᠲᠠᠭᠠᠯ ᠳᠤ | ᠬᠠᠤᠯᠢ ᠶᠣᠰᠣᠭᠠᠷ ᠲᠣᠭᠲᠠᠭᠠᠭᠰᠠᠨ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠲᠦᠷ ᠴᠠᠭ ᠤᠨ ᠴᠢᠨᠠᠷᠲᠠᠢ | ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠴᠥᠮ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠪᠦᠭᠦ ᠤᠯᠤᠰ ᠤᠨ | ᠨᠢᠭᠡᠳᠦᠯᠲᠡᠢ ᠨᠠᠵᠠᠭᠠᠢ ᠲᠠᠯ᠎ᠠ ᠶᠢᠨ ᠨᠠᠷᠢᠨ ᠳᠠᠩᠰᠠ ᠳᠤ ᠣᠷᠣᠭᠤᠯᠤᠨ᠎ᠠ᠃ ᠱᠠᠭᠠᠷᠳᠠᠯᠭ᠎ᠠ ᠶᠣᠰᠣᠭᠠᠷ ᠨᠠᠶᠢᠷᠠᠭᠤᠯᠤᠨ | ᠵᠣᠬᠢᠶᠠᠭᠰᠠᠨ ᠡᠯ᠎ᠡ ᠲᠦᠷᠦᠯ ᠤᠨ ᠪᠦᠭᠦ ᠤᠯᠤᠰ ᠤᠨ ᠳᠡᠰ ᠳᠠᠪᠬᠤᠷᠭ᠎ᠠ ᠶᠢᠨ ᠣᠷᠣᠬᠤ ᠶᠢ ᠵᠥᠪᠰᠢᠶᠡᠷᠡᠬᠦ | ᠲᠥᠷᠥᠯ ᠤᠨ ᠨᠠᠷᠢᠨ ᠳᠠᠩᠰᠠ ᠶᠢᠨ ᠭᠠᠷᠴᠠᠭ ᠪᠠ ᠠᠵᠤ ᠦᠢᠯᠡᠰ ᠤᠨ ᠲᠥᠷᠥ ᠶᠢᠨ ᠪᠣᠳᠣᠯᠭ᠎ᠠ᠂ ᠪᠡᠯᠡ | ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ᠂ ᠣᠷᠴᠢᠨ ᠲᠣᠭᠤᠷᠢᠨ ᠤ ᠲᠥᠷᠥ ᠶᠢᠨ ᠪᠣᠳᠣᠯᠭ᠎ᠠ᠂ ᠤᠯᠤᠰ ᠤᠨ | ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠵᠡᠷᠭᠡ ᠵᠠᠬ᠎ᠠ ᠳᠡᠯᠭᠡᠭᠦᠷ ᠲᠤ ᠣᠷᠣᠬᠤ ᠶᠢ | ᠵᠥᠪᠰᠢᠶᠡᠷᠡᠬᠦ ᠳᠤ ᠬᠤᠯᠪᠣᠭᠳᠠᠭᠰᠠᠨ ᠵᠦᠢᠯᠡᠰ ᠢ ᠪᠦᠭᠦᠨ ᠢ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ | ᠨᠠᠵᠠᠭᠠᠢ ᠲᠠᠯ᠎ᠠ ᠶᠢᠨ ᠨᠠᠷᠢᠨ ᠳᠠᠩᠰᠠ ᠶᠢᠨ ᠬᠠᠮᠢᠶᠠᠷᠤᠯᠲᠠ ᠳᠤ ᠣᠷᠣᠭᠤᠯᠵᠤ᠂ ᠡᠯ᠎ᠡ ᠲᠥᠷᠥᠯ ᠤᠨ ᠡᠵᠡᠩᠨᠡᠯᠲᠡ ᠶᠢᠨ | ᠭᠤᠣᠯ ᠴᠣᠭᠴᠠ ᠨᠢ ᠨᠠᠷᠢᠨ ᠳᠠᠩᠰᠠ ᠠᠴᠠ ᠭᠠᠳᠠᠨᠠᠬᠢ ᠬᠦᠷᠢᠶ᠎ᠡ ᠴᠠᠷᠠᠭ᠎ᠠ ᠳᠤ ᠬᠠᠤᠯᠢ ᠶᠣᠰᠣᠭᠠᠷ ᠡᠷᠬᠡ ᠲᠡᠭᠰᠢ ᠪᠠᠷ | ᠣᠷᠣᠵᠤ ᠪᠣᠯᠣᠨ᠎ᠠ᠃ ᠨᠠᠷᠢᠨ ᠳᠠᠩᠰᠠ ᠠᠴᠠ ᠭᠠᠳᠠᠨ᠎ᠠ ᠲᠣᠭᠲᠠᠭᠠᠯ ᠠᠴᠠ ᠵᠥᠷᠢᠴᠡᠨ ᠣᠷᠣᠬᠤ ᠵᠥᠪᠰᠢᠶᠡᠷᠡᠯ | ᠭᠠᠷᠭᠠᠬᠤ᠂ ᠲᠣᠭᠲᠠᠭᠠᠯ ᠠᠴᠠ ᠵᠥᠷᠢᠴᠡᠨ ᠣᠷᠣᠬᠤ ᠵᠥᠪᠰᠢᠶᠡᠷᠡᠯ ᠤᠨ ᠨᠥᠬᠦᠴᠡᠯ ᠨᠡᠮᠡᠬᠦ᠂ ᠵᠠᠬ᠎ᠠ ᠳᠡᠯᠭᠡᠭᠦᠷ ᠲᠤ | ᠣᠷᠣᠬᠤ ᠵᠥᠪᠰᠢᠶᠡᠷᠡᠯ ᠤᠨ ᠰᠢᠨᠵᠢ ᠴᠢᠨᠠᠷ ᠲᠠᠢ ᠨᠠᠵᠠᠭᠠᠢ ᠲᠠᠯ᠎ᠠ ᠶᠢᠨ ᠨᠠᠷᠢᠨ ᠳᠠᠩᠰᠠ ᠶᠢ ᠥᠪᠡᠰᠦᠪᠡᠨ | ᠲᠣᠭᠲᠠᠭᠠᠬᠤ᠂ ᠡᠰᠡᠬᠦᠯ᠎ᠡ ᠣᠨᠴᠠ ᠵᠥᠪᠰᠢᠶᠡᠷᠡᠭᠰᠡᠨ ᠡᠵᠡᠩᠨᠡᠯᠲᠡ᠂ ᠵᠢᠭᠠᠨ ᠲᠣᠭᠲᠠᠭᠠᠭᠰᠠᠨ ᠡᠵᠡᠩᠨᠡᠯᠲᠡ᠂ | ᠪᠠᠶᠢᠴᠠᠭᠠᠨ ᠰᠢᠨᠵᠢᠵᠦ ᠭᠡᠷᠡᠴᠢᠯᠡᠬᠦ ᠵᠡᠷᠭᠡ ᠶᠢ ᠬᠡᠷᠡᠭᠵᠢᠭᠦᠯᠬᠦ ᠶᠠᠪᠤᠴᠠ ᠳᠤ ᠲᠣᠭᠲᠠᠭᠠᠯ ᠠᠴᠠ ᠵᠥᠷᠢᠴᠡᠬᠦ ᠶᠢ | ᠵᠥᠪᠰᠢᠶᠡᠷᠡᠬᠦ ᠬᠠᠷᠰᠢ ᠰᠠᠭᠠᠳ ᠭᠠᠷᠭᠠᠬᠤ ᠶᠢ ᠴᠢᠩᠭ᠎ᠠ ᠴᠠᠭᠠᠵᠠᠯᠠᠨ᠎ᠠ᠃ ᠵᠠᠬ᠎ᠠ ᠳᠡᠯᠭᠡᠭᠦᠷ ᠲᠤ ᠣᠷᠣᠬᠤ ᠶᠢ | ᠵᠥᠪᠰᠢᠶᠡᠷᠡᠬᠦ ᠨᠠᠵᠠᠭᠠᠢ ᠲᠠᠯ᠎ᠠ ᠶᠢᠨ ᠨᠠᠷᠢᠨ ᠳᠠᠩᠰᠠ ᠳᠤ ᠬᠥᠳᠡᠯᠦᠩᠭᠦᠢ ᠲᠣᠬᠢᠷᠠᠭᠤᠯᠤᠯᠲᠠ ᠬᠢᠬᠦ ᠶᠢ ᠬᠡᠷᠡᠭᠵᠢᠭᠦᠯᠵᠦ᠂ | ᠨᠠᠷᠢᠨ ᠳᠠᠩᠰᠠ ᠶᠢᠨ ᠵᠦᠢᠯᠡᠰ ᠤᠨ ᠠᠭᠤᠯᠭ᠎ᠠ᠂ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠵᠡᠷᠭᠡ ᠶᠢ ᠨᠡᠶᠢᠭᠡᠮ ᠳᠤ | ᠪᠦᠭᠦ ᠲᠠᠯ᠎ᠠ ᠪᠠᠷ ᠢᠯᠡ ᠪᠣᠯᠭᠠᠨ᠎ᠠ᠃ | ᠬᠤᠶᠠᠷ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠳᠦᠷᠢᠮ ᠢ ᠰᠢᠨᠵᠢᠯᠡᠬᠦ ᠤᠬᠠᠭᠠᠨᠴᠢ ᠪᠠᠷ | ᠲᠣᠭᠲᠠᠭᠠᠨ᠎ᠠ᠃ ᠠᠭᠤᠵᠢᠭᠤ ᠣᠷᠣᠭᠤᠯᠵᠤ ᠴᠢᠩᠭ᠎ᠠ ᠬᠠᠮᠢᠶᠠᠷᠬᠤ ᠶᠢ ᠬᠡᠷᠡᠭᠵᠢᠭᠦᠯᠵᠦ᠂ ᠭᠦᠢᠴᠡᠳ ᠥᠷᠢᠰᠦᠯᠳᠦᠬᠦ | ᠬᠦᠷᠢᠶᠡᠨ ᠳᠤ ᠣᠷᠣᠬᠤ ᠵᠥᠪᠰᠢᠶᠡᠷᠡᠯ ᠢ ᠴᠢᠯᠦᠭᠡᠲᠡᠢ ᠪᠤᠯᠭᠠᠵᠤ᠂ ᠡᠵᠡᠩᠨᠡᠯᠲᠡ ᠶᠢᠨ ᠭᠤᠣᠯ ᠴᠣᠭᠴᠠ ᠶᠢᠨ ᠣᠷᠣᠬᠤ | ᠵᠥᠪᠰᠢᠶᠡᠷᠡᠯ ᠤᠨ ᠬᠢᠵᠠᠭᠠᠷᠯᠠᠯ ᠢ ᠶᠡᠭᠡ ᠪᠠᠷ ᠪᠠᠭᠠᠰᠬᠠᠨ᠎ᠠ᠃ ᠤᠯᠤᠰ ᠤᠨ ᠠᠮᠤᠷ ᠲᠦᠪᠰᠢᠨ᠂ ᠤᠯᠤᠰ ᠠᠷᠠᠳ ᠤᠨ | ᠠᠵᠤ ᠠᠬᠤᠢ ᠶᠢᠨ ᠠᠮᠢᠨ ᠰᠤᠳᠠᠰᠤ ᠪᠣᠯᠣᠨ ᠴᠢᠬᠤᠯᠠ ᠶᠡᠭᠡ ᠦᠢᠯᠡᠳᠪᠦᠷᠢᠯᠡᠯ ᠤᠨ ᠬᠦᠴᠦᠨ ᠤ ᠪᠠᠶᠢᠷᠢᠰᠢᠭᠤᠯᠤᠯᠲᠠ᠂ | ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠡᠬᠢ ᠪᠠᠶᠠᠯᠢᠭ ᠤᠨ ᠨᠡᠭᠡᠭᠡᠯᠲᠡ᠂ ᠴᠢᠬᠤᠯᠠ ᠶᠡᠭᠡ ᠣᠯᠠᠨ ᠨᠡᠶᠢᠲᠡ ᠶᠢᠨ | ᠠᠰᠢᠭ ᠲᠤᠰᠠ ᠳᠤ ᠬᠤᠯᠪᠣᠭᠳᠠᠬᠤ ᠬᠦᠷᠢᠶᠡᠨ ᠳᠤ ᠨᠡᠶᠢᠭᠡᠮ ᠤᠨ ᠦᠷ᠎ᠡ ᠠᠰᠢᠭ ᠪᠣᠯᠣᠨ ᠠᠵᠤ ᠠᠬᠤᠢ ᠶᠢᠨ ᠦᠷ᠎ᠡ | ᠠᠰᠢᠭ ᠢ ᠬᠠᠮᠲᠤ ᠳᠤᠨᠢ ᠬᠠᠷᠠᠭᠠᠯᠵᠠᠵᠤ᠂ ᠣᠷᠣᠬᠤ ᠵᠥᠪᠰᠢᠶᠡᠷᠡᠯ ᠤᠨ ᠬᠠᠮᠢᠶᠠᠷᠤᠯᠲᠠ ᠶᠢ ᠬᠠᠤᠯᠢ ᠶᠣᠰᠣᠭᠠᠷ | ᠬᠡᠷᠡᠭᠵᠢᠭᠦᠯᠦᠨ᠎ᠡ᠃ ᠡᠵᠡᠩᠨᠡᠯᠲᠡ ᠨᠢ ᠠᠶᠠᠨᠳᠠᠭᠠᠨ ᠭᠠᠭᠴᠠᠭᠠᠷ ᠡᠵᠡᠮᠰᠢᠬᠦ ᠭᠤᠭᠴᠤᠭ᠎ᠠ ᠶᠢᠨ ᠲᠤᠬᠠᠶᠢᠯᠠᠭᠰᠠᠨ | ᠠᠵᠢᠯ ᠤᠨ ᠠᠵᠤ ᠠᠬᠤᠶᠢᠯᠠᠯ ᠤᠨ ᠭᠠᠭᠴᠠᠭᠠᠷ ᠡᠵᠡᠮᠰᠢᠬᠦ ᠴᠢᠨᠠᠷᠲᠠᠢ ᠲᠤᠬᠠᠶᠢᠯᠠᠭᠰᠠᠨ ᠠᠵᠢᠯ ᠪᠠ ᠥᠷᠢᠰᠦᠯᠳᠦᠭᠡᠨ ᠤ | ᠴᠢᠨᠠᠷᠲᠠᠢ ᠲᠤᠬᠠᠶᠢᠯᠠᠭᠰᠠᠨ ᠠᠵᠢᠯ ᠥᠷᠨᠢᠭᠦᠯᠬᠦ ᠬᠦᠷᠢᠶ᠎ᠡ ᠬᠡᠪᠴᠢᠶ᠎ᠡ ᠳᠤ ᠬᠢᠨᠠᠯᠲᠠ ᠬᠠᠮᠢᠶᠠᠷᠤᠯᠲᠠ ᠬᠢᠵᠦ᠂ | ᠬᠤᠯᠪᠣᠭᠳᠠᠯ ᠪᠦᠬᠦᠢ ᠠᠵᠤ ᠠᠬᠤᠶᠢᠯᠠᠯ ᠤᠨ ᠭᠠᠭᠴᠠᠭᠠᠷ ᠡᠵᠡᠮᠰᠢᠬᠦ ᠳᠠᠪᠠᠭᠤᠯᠢᠭ ᠢᠶᠠᠨ ᠠᠰᠢᠭᠯᠠᠨ ᠡᠬᠢᠨ ᠤ ᠪᠠ | ᠡᠴᠦᠰ ᠤᠨ ᠬᠡᠯᠬᠢᠶᠡᠨ ᠤ ᠥᠷᠢᠰᠦᠯᠳᠦᠭᠡᠨ ᠤ ᠴᠢᠨᠠᠷᠲᠠᠢ ᠭᠤᠭᠴᠤᠭ᠎ᠠ ᠲᠡᠶᠢᠰᠢ ᠤᠷᠲᠤᠳᠬᠠᠬᠤ ᠪᠤᠶᠤ ᠡᠬᠢᠨ ᠤ ᠪᠠ | ᠡᠴᠦᠰ ᠤᠨ ᠥᠷᠢᠰᠦᠯᠳᠦᠭᠡᠨ ᠤ ᠴᠢᠨᠠᠷᠲᠠᠢ ᠭᠤᠭᠴᠤᠭ᠎ᠠ ᠶᠢᠨ ᠵᠠᠬ᠎ᠠ ᠳᠡᠯᠭᠡᠭᠦᠷ ᠤᠨ ᠥᠷᠢᠰᠦᠯᠳᠦᠭᠡᠨ ᠢ ᠰᠡᠷᠭᠡᠶᠢᠯᠡᠨ | ᠬᠤᠷᠢᠭᠯᠠᠬᠤ ᠪᠠ ᠠᠷᠢᠯᠭᠠᠨ᠎ᠠ᠃ ᠮᠥᠩᠭᠦᠨ ᠭᠦᠢᠯᠭᠡᠭᠡᠨ ᠤ ᠠᠵᠢᠯ ᠲᠥᠷᠥᠯ ᠤᠨ ᠣᠷᠣᠬᠤ ᠵᠥᠪᠰᠢᠶᠡᠷᠡᠯ ᠤᠨ | ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠰᠢᠨ᠎ᠡ ᠡᠵᠡᠩᠨᠡᠯᠲᠡ ᠶᠢᠨ ᠭᠡᠯᠪᠡᠷᠢ ᠰᠢᠨ᠎ᠡ ᠬᠦᠷᠢᠶ᠎ᠡ ᠴᠠᠷᠠᠭ᠎ᠠ ᠶᠢᠨ | ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠰᠢᠰᠲ᠋ᠧᠮ ᠢ ᠪᠠᠷᠠᠯᠠᠯᠳᠤ ᠴᠢᠨᠠᠷᠲᠠᠢ ᠪᠠᠷ ᠪᠠᠶᠢᠷᠢᠯᠠᠭᠤᠯᠵᠤ᠂ ᠰᠢᠨ᠎ᠡ | ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ ᠨᠡᠩ ᠰᠠᠶᠢᠲᠤᠷ ᠠᠬᠢᠭᠤᠯᠤᠨ᠎ᠠ᠃ | ᠭᠤᠷᠪᠠ᠂ ᠵᠠᠬ᠎ᠠ ᠳᠡᠯᠭᠡᠭᠦᠷ ᠲᠤ ᠣᠷᠣᠬᠤ ᠶᠢ ᠴᠠᠭᠠᠵᠠᠯᠠᠬᠤ ᠪᠠ ᠣᠷᠣᠬᠤ ᠶᠢ ᠵᠥᠪᠰᠢᠶᠡᠷᠡᠬᠦ | ᠵᠦᠢᠯᠡᠰ ᠢ ᠵᠦᠢ ᠵᠣᠬᠢᠰᠲᠠᠢ ᠲᠣᠭᠲᠠᠭᠠᠨ᠎ᠠ᠃ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠬᠠᠮᠢᠶᠠᠷᠤᠯᠲᠠ ᠶᠢ | ᠬᠡᠷᠡᠭᠵᠢᠭᠦᠯᠬᠦ ᠴᠢᠬᠤᠯᠠᠲᠠᠢ ᠬᠦᠷᠢᠶᠡᠨ ᠳᠤ᠂ ᠦᠨᠡᠬᠡᠷ ᠴᠢᠬᠤᠯᠠᠲᠠᠢ ᠪᠣᠯ ᠵᠠᠬ᠎ᠠ ᠳᠡᠯᠭᠡᠭᠦᠷ ᠲᠤ ᠣᠷᠣᠬᠤ ᠶᠢ | ᠴᠠᠭᠠᠵᠠᠯᠠᠬᠤ ᠠᠷᠭ᠎ᠠ ᠬᠡᠮᠵᠢᠶ᠎ᠡ ᠶᠢ ᠬᠠᠤᠯᠢ ᠶᠣᠰᠣᠭᠠᠷ ᠲᠣᠭᠲᠠᠭᠠᠵᠤ ᠪᠣᠯᠣᠨ᠎ᠠ᠂ ᠡᠰᠡᠬᠦᠯ᠎ᠡ ᠵᠠᠰᠠᠭ ᠵᠠᠬᠢᠷᠭᠠᠨ ᠤ | ᠬᠢᠨᠠᠨ ᠵᠥᠪᠰᠢᠶᠡᠷᠡᠬᠦ ᠪᠠ ᠡᠵᠡᠩᠨᠡᠯᠲᠡ ᠶᠢᠨ ᠭᠤᠣᠯ ᠴᠣᠭᠴᠠ ᠶᠢᠨ ᠬᠢᠷᠢ ᠭᠡᠮ᠂ ᠰᠲ᠋ᠣᠺ ᠤᠨ ᠡᠷᠬᠡ ᠶᠢᠨ ᠬᠠᠷᠢᠴᠠᠯ᠂ | ᠡᠵᠡᠩᠨᠡᠯᠲᠡ ᠶᠢᠨ ᠬᠡᠪᠴᠢᠶ᠎ᠡ᠂ ᠡᠵᠡᠩᠨᠡᠯᠲᠡ ᠶᠢᠨ ᠭᠡᠯᠪᠡᠷᠢ᠂ ᠬᠤᠳᠠᠯᠳᠤᠭᠠᠨ ᠤ ᠵᠠᠭᠪᠤᠷ ᠵᠡᠷᠭᠡ ᠶᠢᠨ ᠣᠷᠣᠬᠤ ᠶᠢ | ᠵᠥᠪᠰᠢᠶᠡᠷᠡᠬᠦ ᠬᠠᠮᠢᠶᠠᠷᠬᠤ ᠠᠷᠭ᠎ᠠ ᠠᠪᠤᠨ᠎ᠠ᠃ ᠵᠠᠬ᠎ᠠ ᠳᠡᠯᠭᠡᠭᠦᠷ ᠲᠤ ᠣᠷᠣᠬᠤ ᠶᠢ ᠴᠠᠭᠠᠵᠠᠯᠠᠬᠤ ᠵᠦᠢᠯᠡᠰ ᠢ | ᠵᠠᠰᠠᠭ ᠤᠨ ᠣᠷᠳᠣᠨ ᠬᠠᠤᠯᠢ ᠶᠣᠰᠣᠭᠠᠷ ᠬᠢᠨᠠᠨ ᠵᠥᠪᠰᠢᠶᠡᠷᠡᠬᠦ ᠦᠭᠡᠢ᠂ ᠬᠠᠷᠭᠤᠭᠤᠯᠤᠨ ᠵᠥᠪᠰᠢᠶᠡᠷᠡᠬᠦ ᠦᠭᠡᠢ᠂ | ᠬᠤᠯᠪᠣᠭᠳᠠᠯ ᠪᠦᠬᠦᠢ ᠭᠠᠷ ᠭᠦᠢᠴᠡᠳᠬᠡᠯ ᠬᠢᠵᠦ ᠥᠭᠬᠦ ᠦᠭᠡᠢ᠂ ᠬᠠᠤᠯᠢ ᠲᠣᠭᠲᠠᠭᠠᠯ ᠠᠴᠠ ᠵᠥᠷᠢᠴᠡᠨ ᠣᠷᠣᠬᠤ | ᠦᠢᠯᠡ ᠠᠵᠢᠯᠯᠠᠭ᠎ᠠ ᠶᠢ ᠡᠷᠡᠰ ᠪᠠᠶᠢᠴᠠᠭᠠᠨ ᠰᠢᠢᠳᠪᠦᠷᠢᠯᠡᠨ᠎ᠡ᠃ ᠣᠷᠣᠬᠤ ᠶᠢ ᠵᠥᠪᠰᠢᠶᠡᠷᠡᠬᠦ ᠵᠦᠢᠯᠡᠰ ᠲᠤ ᠣᠷᠣᠨ | ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠠᠴᠠ ᠬᠠᠤᠯᠢ ᠴᠠᠭᠠᠵᠠ ᠬᠠᠤᠯᠢ ᠲᠣᠭᠲᠠᠭᠠᠯ ᠤᠨ ᠦᠨᠳᠦᠰᠦᠯᠡᠯ | ᠂ ᠮᠡᠷᠭᠡᠵᠢᠯ ᠤᠨ ᠪᠠᠷᠢᠮᠵᠢᠶ᠎ᠠ᠂ ᠵᠥᠪᠰᠢᠶᠡᠷᠡᠬᠦ ᠱᠠᠭᠠᠷᠳᠠᠯᠭ᠎ᠠ᠂ ᠭᠦᠢᠴᠡᠳᠬᠡᠬᠦ ᠴᠤᠪᠤᠷᠠᠯ᠂ ᠭᠦᠢᠴᠡᠳᠬᠡᠬᠦ ᠴᠠᠭ ᠤᠨ | ᠬᠢᠵᠠᠭᠠᠷ ᠢ ᠢᠯᠡ ᠪᠤᠯᠭᠠᠵᠤ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠦᠢᠯᠡᠴᠢᠯᠡᠭᠡᠨ ᠤ ᠳᠦᠷᠢᠮ ᠢ | ᠲᠣᠭᠲᠠᠭᠠᠨ᠂ ᠡᠵᠡᠩᠨᠡᠯᠲᠡ ᠶᠢᠨ ᠭᠤᠣᠯ ᠴᠣᠭᠴᠠ ᠠᠴᠠ ᠲᠣᠭᠲᠠᠭᠠᠭᠰᠠᠨ ᠨᠥᠬᠦᠴᠡᠯ ᠪᠠ ᠠᠷᠭ᠎ᠠ ᠮᠠᠶ᠋ᠢᠭ ᠢᠶᠠᠷ | ᠲᠣᠭᠲᠠᠭᠠᠯ ᠳᠤ ᠨᠡᠶᠢᠴᠡᠭᠦᠯᠦᠨ ᠣᠷᠣᠭᠤᠯᠤᠨ᠎ᠠ᠃ ᠵᠠᠬ᠎ᠠ ᠳᠡᠯᠭᠡᠭᠦᠷ ᠲᠤ ᠣᠷᠣᠬᠤ ᠶᠢ ᠴᠠᠭᠠᠵᠠᠯᠠᠬᠤ ᠪᠤᠶᠤ ᠣᠷᠣᠬᠤ | ᠶᠢ ᠵᠥᠪᠰᠢᠶᠡᠷᠡᠬᠦ ᠶᠢ ᠬᠡᠷᠡᠭᠵᠢᠭᠦᠯᠦᠭᠰᠡᠨ ᠦᠭᠡᠢ ᠪᠤᠯᠪᠠᠴᠤ ᠪᠦᠷᠢᠳᠬᠡᠨ ᠳᠠᠩᠰᠠᠯᠠᠭᠤᠯᠤᠭᠰᠠᠨ ᠶᠣᠰᠣᠭᠠᠷ | ᠬᠠᠮᠢᠶᠠᠷᠤᠭᠰᠠᠨ ᠵᠦᠢᠯᠡᠰ ᠲᠤ᠂ ᠪᠦᠷᠢᠳᠬᠡᠨ ᠳᠠᠩᠰᠠᠯᠠᠬᠤ ᠨᠡᠷ᠎ᠡ ᠪᠠᠷ ᠭᠡᠯᠪᠡᠷᠢ ᠶᠢ ᠨᠢ ᠥᠭᠡᠷᠡᠲᠦᠭᠦᠯᠦᠨ | ᠵᠥᠪᠰᠢᠶᠡᠷᠡᠯ ᠲᠣᠭᠲᠠᠭᠠᠵᠤ ᠪᠤᠯᠬᠤ ᠦᠭᠡᠢ᠃ | ᠳᠥᠷᠪᠡ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠬᠠᠮᠢᠶᠠᠷᠤᠯᠲᠠ ᠶᠢᠨ ᠠᠷᠭ᠎ᠠ | ᠬᠡᠮᠵᠢᠶ᠎ᠡ ᠳᠤ ᠲᠣᠬᠢᠷᠠᠭᠤᠯᠤᠯᠲᠠ ᠬᠢᠬᠦ ᠳᠡᠰ ᠳᠠᠷᠠᠭᠠᠯᠠᠯ ᠢ ᠲᠣᠳᠣᠷᠬᠠᠶᠢᠯᠠᠨ᠎ᠠ᠃ ᠵᠠᠬ᠎ᠠ ᠳᠡᠯᠭᠡᠭᠦᠷ ᠲᠤ ᠣᠷᠣᠬᠤ ᠶᠢ | ᠵᠥᠪᠰᠢᠶᠡᠷᠡᠬᠦ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠰᠢᠨ᠎ᠡ ᠪᠠᠷ ᠨᠡᠮᠡᠭᠳᠡᠭᠦᠯᠬᠦ ᠪᠤᠶᠤ ᠲᠣᠬᠢᠷᠠᠭᠤᠯᠤᠯᠲᠠ | ᠬᠢᠬᠦ ᠠᠴᠠ ᠡᠮᠦᠨ᠎ᠡ᠂ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ︽ᠬᠡᠨ ᠲᠣᠭᠲᠠᠭᠠᠭᠰᠠᠨ | ᠪᠣᠯ ᠲᠡᠷᠡ ᠬᠠᠷᠢᠭᠤᠴᠠᠬᠤ︾ ᠵᠠᠷᠴᠢᠮ ᠶᠣᠰᠣᠭᠠᠷ ᠴᠢᠬᠤᠯᠠ ᠴᠢᠨᠠᠷ᠂ ᠠᠮᠤᠷ ᠲᠦᠪᠰᠢᠨ ᠴᠢᠨᠠᠷ᠂ ᠬᠦᠴᠦᠨ ᠪᠦᠬᠦᠢ | ᠴᠢᠨᠠᠷ ᠢ ᠦᠨᠡᠯᠡᠨ ᠵᠢᠱᠢᠬᠦ ᠶᠢ ᠥᠪᠡᠰᠦᠪᠡᠨ ᠥᠷᠨᠢᠭᠦᠯᠵᠦ᠂ ᠦᠨᠡᠯᠡᠨ ᠵᠢᠱᠢᠬᠦ ᠶᠢ ᠪᠠᠲᠤᠯᠠᠭᠰᠠᠨ ᠤ ᠳᠠᠷᠠᠭ᠎ᠠ᠂ | ᠬᠠᠤᠯᠢ ᠪᠠᠷ ᠲᠣᠭᠲᠠᠭᠠᠭᠰᠠᠨ ᠲᠠᠰ ᠳᠠᠷᠠᠭᠠᠯᠠᠯ ᠶᠣᠰᠣᠭᠠᠷ ᠬᠠᠤᠯᠢ ᠴᠠᠭᠠᠵᠠ ᠬᠠᠤᠯᠢ ᠲᠣᠭᠲᠠᠭᠠᠯ ᠳᠦᠷᠢᠮ | ᠲᠣᠭᠲᠠᠭᠠᠯ ᠢ ᠲᠣᠭᠲᠠᠭᠠᠬᠤ ᠪᠤᠶᠤ ᠵᠠᠰᠠᠪᠤᠷᠢ ᠣᠷᠣᠭᠤᠯᠬᠤ ᠪᠠᠷ ᠳᠡᠪᠰᠢᠭᠦᠯᠬᠦ ᠬᠡᠷᠡᠭᠲᠡᠢ᠃ ᠠᠵᠤ ᠠᠬᠤᠢ ᠶᠢᠨ | ᠡᠷᠭᠢᠯᠲᠡ ᠳᠤ ᠭᠡᠨᠡᠳᠲᠡ ᠡᠭᠦᠰᠬᠦ ᠬᠦᠨᠳᠦ ᠶᠡᠭᠡ ᠲᠦᠭᠰᠢᠭᠦᠷᠢ ᠤᠴᠠᠷᠠᠭᠤᠯᠵᠤ ᠮᠡᠳᠡᠪᠡᠯ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶ᠎ᠠ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ᠂ ᠵᠠᠬ᠎ᠠ ᠳᠡᠯᠭᠡᠭᠦᠷ ᠲᠤ | ᠣᠷᠣᠬᠤ ᠶᠢ ᠵᠥᠪᠰᠢᠶᠡᠷᠡᠬᠦ ᠲᠦᠷ ᠴᠠᠭ ᠤᠨ ᠴᠢᠨᠠᠷᠲᠠᠢ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠠᠪᠴᠤ ᠪᠣᠯᠣᠨ᠎ᠠ᠃ | | ᠲᠠᠪᠤ᠂ ᠳᠣᠲᠣᠭᠠᠳᠤ ᠭᠠᠳᠠᠭᠠᠳᠤ ᠪᠡᠯᠡ ᠶᠢᠨ ᠣᠷᠣᠬᠤ ᠶᠢ ᠵᠥᠪᠰᠢᠶᠡᠷᠡᠬᠦ ᠲᠥᠷᠥ ᠶᠢᠨ | ᠪᠣᠳᠣᠯᠭ᠎ᠠ ᠶᠢᠨ ᠬᠠᠮᠵᠢᠯᠴᠠᠨ ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠨ᠎ᠠ᠃ ᠳᠣᠲᠣᠭᠠᠳᠤ ᠭᠠᠳᠠᠭᠠᠳᠤ ᠪᠡᠯᠡ ᠶᠢᠨ | ᠣᠷᠣᠬᠤ ᠵᠥᠪᠰᠢᠶᠡᠷᠡᠯ ᠤᠨ ᠲᠦᠷᠦ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠵᠦ ᠬᠠᠮᠵᠢᠯᠴᠠᠬᠤ ᠶᠢ ᠴᠢᠩᠭᠠᠳᠬᠠᠵᠤ | ᠂ ᠤᠳᠤ ᠪᠠᠶᠢᠭ᠎ᠠ ᠡᠵᠡᠩᠨᠡᠯᠲᠡ ᠶᠢᠨ ᠭᠤᠣᠯ ᠴᠣᠭᠴᠠ ᠶᠢᠨ ᠣᠷᠣᠬᠤ ᠵᠥᠪᠰᠢᠶᠡᠷᠡᠯ ᠤᠨ ᠲᠣᠭᠢᠶᠠᠯ ᠢ ᠬᠤᠬᠢᠷᠠᠭᠤᠯᠬᠤ | ᠦᠭᠡᠢ ᠪᠠᠶᠢᠬᠤ ᠤᠷᠢᠲᠠᠯ ᠳᠣᠣᠷ᠎ᠠ᠂ ᠠᠷᠠᠳ ᠢᠷᠭᠡᠨ ᠤ ᠬᠠᠷᠠᠭᠠᠯᠵᠠᠯ ᠤᠨ ᠵᠠᠷᠴᠢᠮ ᠢ ᠪᠠᠷᠢᠮᠲᠠᠯᠠᠨ᠎ᠠ᠃ ᠭᠠᠳᠠᠭᠠᠳᠤ | ᠪᠡᠯᠡ ᠶᠢᠨ ᠣᠷᠣᠬᠤ ᠵᠥᠪᠰᠢᠶᠡᠷᠡᠯ ᠤᠨ ᠬᠢᠵᠠᠭᠠᠷᠯᠠᠯ ᠢ ᠴᠢᠯᠦᠭᠡᠲᠡᠢ ᠪᠤᠯᠭᠠᠵᠥ᠂ ᠳᠣᠲᠣᠭᠠᠳᠤ ᠪᠡᠯᠡ ᠶᠢ ᠵᠡᠷᠭᠡ ᠪᠠᠷ | ᠴᠢᠯᠦᠭᠡᠲᠡᠢ ᠪᠤᠯᠭᠠᠨ᠎ᠠ; ᠤᠯᠠᠨ ᠤᠯᠤᠰ ᠤᠨ ᠬᠡᠯᠡᠯᠴᠡᠭᠡᠷ ᠪᠠ ᠠᠮᠠᠯᠠᠯᠲᠠ ᠶᠢ ᠵᠥᠷᠢᠴᠡᠬᠦ ᠦᠭᠡᠢ ᠤᠷᠢᠲᠠᠯ ᠳᠣᠣᠷ᠎ᠠ᠂ | ᠳᠣᠲᠣᠭᠠᠳᠤ ᠪᠡᠯᠡ ᠳᠤ ᠣᠷᠣᠬᠤ ᠵᠥᠪᠰᠢᠶᠡᠷᠡᠯ ᠤᠨ ᠪᠠᠷᠢᠮᠵᠢᠶ᠎ᠠ ᠲᠣᠭᠲᠠᠭᠠᠭᠰᠠᠨ ᠪᠠᠶᠢᠪᠠᠯ᠂ ᠭᠠᠳᠠᠭᠠᠳᠤ ᠪᠡᠯᠡ ᠳᠤ | ᠵᠡᠷᠭᠡ ᠪᠠᠷ ᠬᠡᠷᠡᠭᠯᠡᠨ᠎ᠡ᠃ ᠬᠠᠶᠢᠨᠠᠨ ᠤ ᠴᠢᠯᠦᠭᠡᠲᠦ ᠠᠷᠠᠯᠵᠢᠶᠠᠨ ᠤ ᠭᠠᠷᠠᠮ᠂ ᠴᠢᠯᠦᠭᠡᠲᠦ ᠠᠷᠠᠯᠵᠢᠶᠠᠨ ᠤ | ᠲᠤᠷᠰᠢᠯᠲᠠ ᠶᠢᠨ ᠣᠷᠣᠨ ᠵᠡᠷᠭᠡ ᠨᠥᠬᠦᠴᠡᠯ ᠲᠠᠢ ᠭᠠᠵᠠᠷ ᠣᠷᠣᠨ ᠤ ᠨᠡᠩ ᠠᠮᠤᠷ ᠲᠦᠪᠰᠢᠨ᠂ ᠳᠥᠭᠦᠮ ᠳᠥᠲᠡ᠂ | ᠥᠨᠳᠥᠷ ᠪᠦᠲᠦᠮᠵᠢᠲᠡᠢ ᠳᠣᠲᠣᠭᠠᠳᠤ ᠭᠠᠳᠠᠭᠠᠳᠤ ᠪᠡᠯᠡ ᠶᠢᠨ ᠣᠷᠣᠬᠤ ᠵᠥᠪᠰᠢᠶᠡᠷᠡᠯ ᠤᠨ ᠬᠠᠮᠵᠢᠯᠴᠠᠭᠠᠨ ᠤ | ᠵᠠᠭᠪᠤᠷ ᠢ ᠰᠦᠪᠡᠭᠴᠢᠯᠡᠬᠦ ᠶᠢ ᠵᠣᠷᠢᠭᠵᠢᠭᠤᠯᠤᠨ᠎ᠠ᠃ | ᠵᠢᠷᠭᠤᠭ᠎ᠠ᠂ ᠦᠢᠯᠡᠴᠢᠯᠡᠭᠡᠨ ᠤ ᠦᠢᠯᠡᠰ ᠤᠨ ᠣᠷᠣᠬᠤ ᠵᠥᠪᠰᠢᠶᠡᠷᠡᠯ ᠤᠨ ᠬᠢᠵᠠᠭᠠᠷᠯᠠᠯ ᠢ ᠡᠮᠬᠢ | ᠵᠢᠷᠤᠮ ᠲᠠᠢ ᠪᠠᠷ ᠠᠭᠤᠵᠢᠭᠤ ᠲᠠᠯᠪᠢᠨ᠎ᠠ᠃ ᠤᠯᠤᠰ ᠤᠨ ᠠᠮᠤᠷ ᠲᠦᠪᠰᠢᠨ᠂ ᠨᠡᠶᠢᠭᠡᠮ ᠤᠨ ᠲᠣᠭᠲᠠᠭᠤᠨ ᠳᠤ | ᠬᠤᠯᠪᠣᠭᠳᠠᠬᠤ ᠦᠭᠡᠢ᠂ ᠵᠠᠬ᠎ᠠ ᠳᠡᠯᠭᠡᠭᠦᠷ ᠤᠨ ᠭᠦᠢᠴᠡᠳ ᠥᠷᠢᠰᠦᠯᠳᠦᠭᠡᠨ ᠳᠤ ᠲᠦᠰᠢᠭᠯᠡᠨ ᠬᠠᠩᠭᠠᠯᠭ᠎ᠠ ᠶᠢᠨ ᠶᠠᠰᠤ | ᠴᠢᠨᠠᠷ ᠢ ᠳᠡᠭᠡᠭᠰᠢᠯᠡᠭᠦᠯᠵᠦ ᠪᠤᠯᠬᠤ ᠦᠢᠯᠡᠴᠢᠯᠡᠭᠡᠨ ᠤ ᠦᠢᠯᠡᠰ ᠤᠨ ᠠᠵᠢᠯ ᠲᠥᠷᠥᠯ ᠤᠨ ᠬᠦᠷᠢᠶᠡᠨ ᠳᠤ ᠣᠷᠣᠬᠤ | ᠵᠥᠪᠰᠢᠶᠡᠷᠡᠯ ᠤᠨ ᠬᠢᠵᠠᠭᠠᠷᠯᠠᠯ ᠢ ᠠᠯᠬᠤᠮ ᠠᠯᠬᠤᠮ ᠢᠶᠠᠷ ᠬᠦᠴᠦᠨ ᠦᠭᠡᠢ ᠪᠣᠯᠭᠠᠨ᠎ᠠ᠃ ᠠᠷᠠᠳ ᠤᠨ | ᠠᠮᠢᠳᠤᠷᠠᠯ ᠤᠨ ᠴᠢᠬᠤᠯᠠ ᠬᠦᠷᠢᠶ᠎ᠡ ᠴᠠᠷᠠᠭ᠎ᠠ ᠳᠤ ᠬᠤᠯᠪᠣᠭᠳᠠᠭᠰᠠᠨ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ | ᠪᠡᠶ᠎ᠡ ᠶᠢᠨ ᠲᠠᠮᠢᠷ ᠵᠡᠷᠭᠡ ᠠᠵᠢᠯ ᠲᠥᠷᠥᠯ ᠳᠤ ᠣᠷᠣᠬᠤ ᠵᠥᠪᠰᠢᠶᠡᠷᠡᠯ ᠤᠨ ᠬᠢᠵᠠᠭᠠᠷᠯᠠᠯ ᠢ ᠯᠠᠪᠳᠠᠭᠤᠨ ᠢᠶᠠᠷ | ᠠᠭᠤᠵᠢᠭᠤ ᠲᠠᠯᠪᠢᠵᠤ᠂ ᠨᠠᠰᠤᠵᠢᠯ᠂ ᠨᠠᠶᠢᠳᠠᠵᠤ ᠰᠠᠭᠠᠲᠠᠭᠤᠯᠤᠨ ᠬᠥᠮᠥᠵᠢᠭᠦᠯᠬᠦ᠂ ᠵᠡᠮᠳᠡᠭᠴᠦᠳ ᠢ ᠲᠤᠰᠠᠯᠠᠬᠤ ᠵᠡᠷᠭᠡ | ᠠᠵᠢᠯ ᠲᠥᠷᠥᠯ ᠤᠨ ᠣᠷᠣᠬᠤ ᠵᠥᠪᠰᠢᠶᠡᠷᠡᠯ ᠤᠨ ᠪᠠᠷᠢᠮᠵᠢᠶ᠎ᠠ ᠶᠢ ᠰᠢᠯᠢᠳᠡᠭᠵᠢᠭᠦᠯᠦᠨ᠎ᠡ᠃ ᠦᠢᠯᠡᠴᠢᠯᠡᠭᠡᠨ ᠤ | ᠦᠢᠯᠡᠰ ᠤᠨ ᠡᠵᠡᠩᠨᠡᠯᠲᠡ ᠶᠢᠨ ᠭᠤᠣᠯ ᠴᠣᠭᠴᠠ ᠶᠢᠨ ᠵᠦᠢ ᠵᠣᠬᠢᠰ ᠦᠭᠡᠢ ᠣᠷᠣᠬᠤ ᠵᠥᠪᠰᠢᠶᠡᠷᠡᠯ ᠤᠨ | ᠬᠢᠵᠠᠭᠠᠷᠯᠠᠯ ᠢ ᠢᠯᠭᠠᠷᠠᠭᠤᠯᠵᠤ᠂ ᠭᠠᠵᠠᠷ ᠣᠷᠣᠨ ᠠᠯᠤᠰᠯᠠᠨ ᠡᠵᠡᠩᠨᠡᠬᠦ ᠵᠠᠰᠠᠭ ᠵᠠᠬᠢᠷᠭᠠᠨ ᠤ ᠬᠤᠷᠢᠭ᠎ᠠ ᠶᠢ ᠠᠷᠢᠯᠭᠠᠨ | ᠂ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠭᠤᠣᠯ ᠴᠣᠭᠴᠠ ᠶᠢᠨ ᠡᠵᠡᠩᠨᠡᠯᠲᠡ ᠶᠢᠨ ᠠᠵᠢᠯᠯᠠᠭ᠎ᠠ ᠡᠷᠭᠢᠯᠡᠭᠦ | ᠬᠢᠷᠢ ᠭᠡᠮ᠂ ᠰᠲ᠋ᠣᠺ ᠤᠨ ᠡᠷᠬᠡ ᠶᠢᠨ ᠬᠠᠷᠢᠴᠠᠯ᠂ ᠳᠠᠩᠰᠠᠯᠠᠭᠤᠯᠤᠭᠰᠠᠨ ᠪᠡᠯᠡ ᠮᠥᠩᠭᠦ᠂ ᠠᠵᠢᠯ ᠡᠷᠬᠢᠯᠡᠭᠰᠡᠳ᠂ | ᠡᠵᠡᠩᠨᠡᠯᠲᠡ ᠶᠢᠨ ᠲᠠᠯᠠᠪᠤᠷ ᠭᠠᠵᠠᠷ᠂ ᠡᠵᠡᠩᠨᠡᠬᠦ ᠬᠡᠪᠴᠢᠶ᠎ᠡ ᠵᠡᠷᠭᠡ ᠱᠠᠭᠠᠷᠳᠠᠯᠭ᠎ᠠ ᠶᠢ ᠠᠭᠤᠵᠢᠭᠤ ᠲᠠᠯᠪᠢᠵᠤ᠂ ᠣᠷᠴᠢᠨ | ᠲᠣᠭᠤᠷᠢᠨ ᠤ ᠬᠠᠮᠠᠭᠠᠯᠠᠯᠲᠠ᠂ ᠡᠷᠡᠭᠦᠯ ᠬᠠᠮᠠᠭᠠᠯᠠᠯ᠂ ᠠᠮᠤᠷ ᠢ ᠬᠠᠮᠠᠭᠠᠯᠠᠬᠤ᠂ ᠶᠠᠰᠤ ᠴᠢᠨᠠᠷ ᠤᠨ ᠪᠠᠶᠢᠴᠠᠭᠠᠯᠲᠠ᠂ | ᠭᠠᠯ ᠰᠡᠷᠭᠡᠶᠢᠯᠡᠵᠦ ᠭᠠᠯ ᠤᠨᠲᠠᠷᠠᠭᠠᠬᠤ ᠵᠡᠷᠭᠡ ᠬᠦᠷᠢᠶᠡᠨ ᠳᠤ ᠲᠣᠭᠲᠠᠭᠠᠯ ᠠᠴᠠ ᠵᠥᠷᠢᠴᠡᠨ ᠣᠷᠣᠬᠤ ᠵᠥᠪᠰᠢᠶᠡᠷᠡᠯ | ᠤᠨ ᠬᠠᠷᠰᠢ ᠰᠠᠭᠠᠳ ᠭᠠᠷᠭᠠᠵᠤ ᠪᠤᠯᠬᠤ ᠦᠭᠡᠢ᠃ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠬᠠᠮᠢᠶ᠎ᠠ | ᠪᠦᠬᠦᠢ ᠵᠠᠭᠤᠴᠢ ᠦᠢᠯᠡᠴᠢᠯᠡᠭᠡᠨ ᠤ ᠵᠦᠢᠯᠡᠰ ᠢ ᠰᠦᠯᠵᠢᠶ᠎ᠡ ᠪᠠᠷ ᠢᠯᠡ ᠪᠠᠷ ᠭᠦᠢᠴᠡᠳᠬᠡᠬᠦ ᠶᠢ ᠠᠬᠢᠭᠤᠯᠤᠨ᠎ᠠ᠃ | ᠳᠣᠯᠤᠭ᠎ᠠ᠂ ᠰᠢᠨ᠎ᠡ ᠡᠵᠡᠩᠨᠡᠯᠲᠡ ᠶᠢᠨ ᠭᠡᠯᠪᠡᠷᠢ ᠰᠢᠨ᠎ᠡ ᠬᠦᠷᠢᠶ᠎ᠡ ᠴᠠᠷᠠᠭ᠎ᠠ ᠶᠢᠨ ᠵᠠᠬ᠎ᠠ ᠳᠡᠯᠭᠡᠭᠦᠷ ᠲᠤ | ᠣᠷᠣᠬᠤ ᠵᠥᠪᠰᠢᠶᠡᠷᠡᠯ ᠤᠨ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ᠃ ᠭᠦᠨ ᠲᠡᠯᠡᠶ᠂ ᠰᠠᠨᠰᠠᠷ ᠤᠨ ᠠᠶᠠᠯᠠᠯ᠂ | ᠠᠭᠠᠷ ᠤᠨ ᠠᠶᠠᠯᠠᠯ᠂ ᠠᠮᠢ ᠨᠠᠰᠤᠨ ᠤ ᠡᠷᠡᠭᠦᠯ ᠮᠡᠨᠳᠦ᠂ ᠰᠢᠨ᠎ᠡ ᠭᠡᠯᠪᠡᠷᠢ ᠶᠢᠨ ᠡᠨᠧᠷᠭᠢ᠂ ᠵᠣᠬᠢᠶᠠᠮᠠᠯ ᠣᠶᠤᠨ | ᠴᠢᠳᠠᠪᠤᠷᠢ᠂ ᠪᠡᠶ᠎ᠡ ᠪᠠᠨ ᠳᠠᠭᠠᠭᠠᠭᠰᠠᠨ ᠢᠲᠡᠭᠡᠮᠵᠢᠲᠦ ᠪᠣᠳᠣᠯᠭ᠎ᠠ᠂ ᠮᠡᠳᠡᠭᠡ ᠵᠠᠩᠭᠢ ᠶᠢᠨ ᠠᠮᠤᠷ ᠲᠦᠪᠰᠢᠨ᠂ | ᠣᠶᠤᠨᠲᠤ ᠵᠢᠮᠲᠦ ᠵᠠᠮ ᠬᠠᠷᠢᠯᠴᠠᠭ᠎ᠠ᠂ ᠣᠲᠣ ᠦᠶ᠎ᠡ ᠶᠢᠨ ᠦᠷ᠎ᠡ ᠶᠢᠨ ᠦᠢᠯᠡᠰ ᠵᠡᠷᠭᠡ ᠰᠢᠨ᠎ᠡ ᠡᠵᠡᠩᠨᠡᠯᠲᠡ ᠶᠢᠨ | ᠭᠡᠯᠪᠡᠷᠢ ᠰᠢᠨ᠎ᠡ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠷᠢᠮᠵᠢᠶ᠎ᠠ ᠪᠠᠷ ᠬᠥᠲᠥᠯᠥᠨ ᠳᠠᠭᠠᠭᠤᠯᠬᠤ᠂ | ᠠᠬᠤᠢ ᠲᠠᠯᠠᠪᠤᠷ ᠢ ᠨᠡᠭᠡᠭᠡᠬᠦ᠂ ᠵᠠᠬ᠎ᠠ ᠳᠡᠯᠭᠡᠭᠦᠷ ᠢᠶᠠᠷ ᠠᠬᠢᠭᠤᠯᠬᠤ᠂ ᠠᠵᠤ ᠦᠢᠯᠡᠰ ᠢ ᠲᠥᠪᠯᠡᠷᠡᠭᠦᠯᠬᠦ᠂ ᠰᠢᠰᠲ᠋ᠧᠮ ᠢ | ᠲᠠᠰ ᠳᠡᠪᠰᠢᠭᠦᠯᠬᠦ ᠵᠠᠷᠴᠢᠮ ᠪᠠ ᠠᠷᠭ᠎ᠠ ᠵᠠᠮ ᠢᠶᠠᠷ ᠬᠦᠷᠢᠶ᠎ᠡ ᠴᠠᠷᠠᠭ᠎ᠠ ᠬᠤᠪᠢᠶᠠᠨ ᠵᠠᠬ᠎ᠠ ᠳᠡᠯᠭᠡᠭᠦᠷ ᠤᠨ ᠣᠷᠴᠢᠨ | ᠲᠣᠭᠤᠷᠢᠨ ᠢ ᠰᠢᠯᠢᠳᠡᠭᠵᠢᠭᠦᠯᠬᠦ ᠬᠡᠷᠡᠭᠵᠢᠭᠦᠯᠬᠦ ᠲᠥᠰᠥᠯ ᠢ ᠲᠣᠭᠲᠠᠭᠠᠵᠤ᠂ ᠦᠢᠯᠡᠳᠪᠦᠷᠢᠯᠡᠯ ᠤᠨ ᠡᠯᠧᠮᠧᠨ᠋ᠲ ᠤᠨ | ᠰᠢᠨ᠎ᠡ ᠶᠢ ᠡᠭᠦᠳᠬᠦ ᠴᠢᠨᠠᠷᠲᠠᠢ ᠲᠣᠬᠢᠷᠠᠭᠤᠯᠤᠯᠲᠠ ᠶᠢ ᠠᠬᠢᠭᠤᠯᠵᠤ᠂ ᠣᠷᠣᠬᠤ ᠵᠥᠪᠰᠢᠶᠡᠷᠡᠯ ᠤᠨ ᠦᠷ᠎ᠡ | ᠪᠦᠲᠦᠮᠵᠢ ᠶᠢ ᠳᠡᠭᠡᠭᠰᠢᠯᠡᠭᠦᠯᠦᠨ᠎ᠡ᠃ ᠲᠡᠷᠢᠭᠦᠨ ᠤ ᠮᠡᠷᠭᠡᠵᠢᠯ ᠤᠨ ᠬᠡᠷᠡᠭᠯᠡᠯᠲᠡ ᠶᠢ ᠠᠬᠢᠭᠤᠯᠬᠤ ᠲᠥᠪ ᠪᠠ ᠡᠯ᠎ᠡ | ᠲᠥᠷᠥᠯ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠵᠡᠷᠭᠡ | ᠰᠢᠨ᠎ᠡ ᠶᠢ ᠡᠭᠦᠳᠬᠦ ᠲᠠᠪᠴᠠᠩ ᠢ ᠰᠠᠶᠢᠲᠤᠷ ᠬᠡᠷᠡᠭᠯᠡᠵᠦ᠂ ᠠᠵᠤ ᠦᠢᠯᠡᠰ ᠤᠨ ᠰᠢᠰᠲ᠋ᠧᠮ᠂ ᠰᠢᠨ᠎ᠡ ᠶᠢ ᠡᠭᠦᠳᠬᠦ ᠡᠬᠢ | ᠪᠠᠶᠠᠯᠢᠭ᠂ ᠬᠥᠷᠥᠩᠭᠡ ᠶᠢᠨ ᠡᠯᠧᠮᠧᠨ᠋ᠲ᠂ ᠬᠡᠷᠡᠭᠯᠡᠭᠡᠨ ᠤ ᠲᠠᠯᠠᠪᠤᠷ ᠭᠠᠵᠠᠷ᠂ ᠳᠦᠷᠢᠮ ᠲᠥᠷᠥ ᠶᠢᠨ ᠪᠣᠳᠣᠯᠭ᠎ᠠ | ᠵᠡᠷᠭᠡ ᠶᠢ ᠰᠢᠯᠤᠭᠤᠳᠬᠠᠨ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠢᠨ᠎ᠡ ᠴᠢᠨᠠᠷ ᠤᠨ | ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠬᠥᠭᠵᠢᠭᠦᠯᠦᠨ᠎ᠡ᠃ ᠬᠤᠰᠢᠭᠤᠷᠠᠯ ᠮᠡᠷᠭᠡᠵᠢᠯ ᠤᠨ ᠬᠦᠷᠢᠶ᠎ᠡ | ᠴᠠᠷᠠᠭ᠎ᠠ ᠶᠢᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠬᠡᠷᠡᠭᠯᠡᠵᠦ ᠣᠨᠳᠣᠣᠰᠢᠭᠤᠯᠬᠤ ᠵᠠᠬ᠎ᠠ ᠳᠡᠯᠭᠡᠭᠦᠷ ᠲᠤ | ᠣᠷᠣᠬᠤ ᠶᠢ ᠵᠥᠪᠰᠢᠶᠡᠷᠡᠬᠦ ᠣᠷᠴᠢᠨ ᠲᠣᠭᠤᠷᠢᠨ ᠤ ᠪᠠᠶᠢᠭᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠲᠡᠯᠡᠶ | ᠬᠠᠭᠤᠷᠠᠢ ᠠᠭᠠᠷ ᠤᠨ ᠪᠦᠭᠦ ᠣᠷᠣᠨ ᠵᠠᠢ ᠳᠤ ᠣᠶᠤᠨᠴᠢ᠂ ᠬᠥᠮᠥᠨ ᠬᠡᠷᠡᠭᠰᠡᠬᠦ ᠦᠭᠡᠢ ᠰᠢᠰᠲ᠋ᠧᠮ ᠤᠨ ᠬᠡᠷᠡᠭᠯᠡᠯᠲᠡ | ᠪᠠ ᠪᠠᠷᠢᠮᠵᠢᠶ᠎ᠠ ᠶᠢᠨ ᠪᠠᠶᠢᠭᠤᠯᠤᠯᠲᠠ ᠶᠢ ᠤᠷᠢᠳ ᠢᠶᠠᠷ ᠠᠬᠢᠭᠤᠯᠤᠨ᠂ ᠪᠣᠬᠢᠷᠳᠤᠯ ᠦᠭᠡᠢ ᠡᠨᠧᠷᠭᠢ ᠵᠡᠷᠭᠡ ᠬᠦᠷᠢᠶ᠎ᠡ | ᠴᠠᠷᠠᠭ᠎ᠠ ᠶᠢᠨ ᠣᠷᠣᠬᠤ ᠵᠥᠪᠰᠢᠶᠡᠷᠡᠯ ᠤᠨ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ | ᠲᠣᠭᠠᠴᠢᠯᠠᠭᠰᠠᠨ ᠦᠢᠯᠡᠳᠬᠦᠨ ᠤ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠢᠳᠡᠪᠬᠢᠲᠡᠢ ᠪᠠᠷ ᠥᠷᠭᠡᠳᠬᠡᠨ᠎ᠡ᠃ | ᠡᠯᠧᠺᠲᠷᠣᠨ ᠮᠡᠳᠡᠭᠡ ᠵᠠᠩᠭᠢ᠂ ᠪᠣᠳᠣᠯᠭ᠎ᠠ ᠶᠢᠨ ᠰᠢᠨᠵᠢᠯᠡᠬᠦ ᠤᠬᠠᠭᠠᠨ᠂ ᠭᠦᠨ ᠳᠠᠯᠠᠢ᠂ ᠠᠭᠠᠷ ᠤᠨ ᠠᠶᠠᠯᠠᠯ | ᠰᠠᠨᠰᠠᠷ ᠤᠨ ᠠᠶᠠᠯᠠᠯ᠂ ᠰᠢᠨ᠎ᠡ ᠡᠨᠧᠷᠭᠢ ᠶᠢᠨ ᠰᠤᠷᠪᠤᠯᠵᠢ᠂ ᠰᠢᠨ᠎ᠡ ᠮᠠᠲ᠋ᠧᠷᠢᠶᠠᠯ᠂ ᠠᠮᠢᠳᠤ ᠪᠣᠳᠠᠰ ᠤᠨ ᠡᠮ ᠡᠮᠨᠡᠯᠭᠡ | ᠂ ᠺᠸᠠᠨ᠋ᠲ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠤᠳᠤ ᠦᠶ᠎ᠡ ᠶᠢᠨ ᠦᠷ᠎ᠡ ᠶᠢᠨ ᠦᠢᠯᠡᠰ ᠵᠡᠷᠭᠡ ᠬᠦᠷᠢᠶ᠎ᠡ ᠶᠢ | ᠰᠣᠩᠭᠤᠵᠤ᠂ ᠭᠤᠣᠯᠳᠠᠯᠭ᠎ᠠ ᠲᠠᠢ ᠠᠵᠤ ᠠᠬᠤᠶᠢᠯᠠᠯ᠂ ᠰᠤᠳᠤᠯᠭᠠᠨ ᠤ ᠪᠠᠶᠢᠭᠤᠯᠤᠮᠵᠢ ᠵᠡᠷᠭᠡ ᠶᠢᠨ ᠰᠢᠨ᠎ᠡ ᠶᠢ ᠡᠭᠦᠳᠬᠦ | ᠨᠢᠭᠡᠴᠢ ᠪᠠ ᠬᠤᠯᠪᠣᠭᠳᠠᠯ ᠪᠦᠬᠦᠢ ᠣᠷᠣᠨ ᠨᠤᠲᠤᠭ ᠤᠨ ᠬᠤᠯᠪᠣᠭᠳᠠᠯ ᠪᠦᠬᠦᠢ ᠬᠦᠷᠢᠶᠡᠨ ᠤ ᠪᠦᠭᠦ ᠪᠥᠮᠪᠥᠷᠴᠡᠭ ᠤᠨ | ᠬᠤᠰᠢᠭᠤᠷᠠᠯ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠵᠢᠯᠴᠠᠬᠤ ᠵᠠᠭᠪᠤᠷ ᠪᠠᠶᠢᠭᠤᠯᠬᠤ ᠶᠢ ᠠᠬᠢᠭᠤᠯᠵᠤ᠂ ᠤᠯᠠᠨ | ᠤᠯᠤᠰ ᠤᠨ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠳᠦᠷᠢᠮ ᠪᠠ ᠪᠠᠷᠢᠮᠵᠢᠶ᠎ᠠ ᠲᠣᠭᠲᠠᠭᠠᠬᠤ ᠳᠤ | ᠢᠳᠡᠪᠬᠢᠲᠡᠢ ᠣᠷᠣᠯᠴᠠᠵᠤ᠂ ᠭᠤᠣᠯᠳᠠᠯᠭ᠎ᠠ ᠲᠠᠢ ᠬᠦᠷᠢᠶᠡᠨ ᠤ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠢ ᠳᠥᠭᠦᠮ | ᠳᠥᠲᠡ ᠥᠨᠳᠥᠷ ᠪᠦᠲᠦᠮᠵᠢᠲᠡᠢ ᠬᠡᠷᠡᠭᠯᠡᠬᠦ ᠶᠢ ᠠᠬᠢᠭᠤᠯᠤᠨ᠎ᠠ᠃ | ᠨᠠᠢᠮᠠ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠲᠤᠷᠰᠢᠯᠲᠠ ᠶᠢ ᠠᠭᠤᠵᠢᠭᠤ ᠲᠠᠯᠪᠢᠬᠤ | ᠡᠷᠴᠢᠮ ᠢᠶᠠᠨ ᠨᠡᠮᠡᠭᠳᠡᠭᠦᠯᠦᠨ᠎ᠡ᠃ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ᠂ | ᠢᠷᠡᠭᠡᠳᠦᠢ ᠶᠢᠨ ᠠᠵᠤ ᠦᠢᠯᠡᠰ ᠤᠨ ᠭᠤᠣᠯᠳᠠᠯᠭ᠎ᠠ ᠲᠠᠢ ᠬᠦᠷᠢᠶ᠎ᠡ ᠪᠠ ᠴᠢᠬᠤᠯᠠ ᠶᠡᠭᠡ ᠦᠢᠯᠡᠳᠪᠦᠷᠢᠯᠡᠯ ᠤᠨ | ᠬᠦᠴᠦᠨ ᠤ ᠪᠠᠶᠢᠷᠢᠯᠠᠭᠤᠯᠤᠯᠲᠠ ᠲᠠᠢ ᠤᠶᠠᠯᠳᠤᠭᠤᠯᠤᠨ᠂ ᠬᠠᠤᠯᠢ ᠲᠣᠭᠲᠠᠭᠠᠯ ᠲᠦᠷᠦ ᠶᠢᠨ ᠪᠣᠳᠣᠯᠭ᠎ᠠ᠂ | ᠮᠡᠷᠭᠡᠵᠢᠯ ᠤᠨ ᠪᠠᠷᠢᠮᠵᠢᠶ᠎ᠠ᠂ ᠪᠠᠶᠢᠴᠠᠭᠠᠨ ᠬᠡᠮᠵᠢᠵᠦ ᠭᠡᠷᠡᠴᠢᠯᠡᠬᠦ᠂ ᠲᠤᠭ᠎ᠠ ᠪᠠᠷᠢᠮᠲᠠ ᠶᠢᠨ ᠰᠢᠰᠲ᠋ᠧᠮ ᠢᠶᠠᠷ ᠭᠠᠷᠳᠠᠴᠠ | ᠪᠤᠯᠭᠠᠵᠤ᠂ ᠰᠢᠨ᠎ᠡ ᠮᠡᠷᠭᠡᠵᠢᠯ ᠰᠢᠨ᠎ᠡ ᠦᠢᠯᠡᠳᠬᠦᠨ ᠤ ᠬᠡᠷᠡᠭᠯᠡᠯᠲᠡ ᠶᠢ ᠨᠡᠩ ᠰᠠᠶᠢᠲᠤᠷ ᠠᠬᠢᠭᠤᠯᠵᠤ᠂ | ᠭᠤᠣᠯᠳᠠᠯᠭ᠎ᠠ ᠲᠠᠢ ᠭᠠᠵᠠᠷ ᠣᠷᠣᠨ ᠢ ᠰᠣᠩᠭᠤᠨ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠠᠭᠤᠵᠢᠭᠤ | ᠪᠤᠯᠭᠠᠬᠤ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠵᠦ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ | ᠠᠭᠤᠵᠢᠭᠤ ᠪᠤᠯᠭᠠᠬᠤ ᠣᠨᠴᠠᠭᠠᠢ ᠠᠷᠭ᠎ᠠ ᠬᠡᠮᠵᠢᠶ᠎ᠡ ᠶᠢ ᠪᠦᠯᠦᠭ ᠬᠤᠪᠢᠶᠠᠨ ᠲᠣᠭᠲᠠᠭᠠᠬᠤ ᠪᠠ ᠨᠡᠶᠢᠲᠡᠯᠡᠨ᠎ᠡ᠃ | ᠨᠢᠭᠡᠨᠲᠡ ᠪᠠᠶᠢᠷᠢᠯᠠᠭᠤᠯᠤᠭᠰᠠᠨ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠣᠨᠴᠠᠭᠠᠶ ᠠᠷᠭ᠎ᠠ ᠬᠡᠮᠵᠢᠶ᠎ᠡ ᠶᠢ | ᠪᠣᠳᠠᠲᠠᠶᠢᠵᠢᠭᠤᠯᠤᠨ ᠬᠡᠷᠡᠭᠵᠢᠭᠦᠯᠬᠦ ᠶᠢ ᠰᠠᠶᠢᠲᠤᠷ ᠠᠳᠬᠤᠵᠤ᠂ ᠲᠥᠷᠥ ᠶᠢᠨ ᠪᠣᠳᠣᠯᠭ᠎ᠠ ᠶᠢᠨ ᠦᠨᠡᠯᠡᠨ ᠵᠢᠱᠢᠯᠲᠡ ᠶᠢ | ᠰᠠᠶᠢᠲᠤᠷ ᠬᠢᠨ᠎ᠡ᠃ ᠬᠡᠷᠡᠭᠵᠢᠭᠦᠯᠦᠭᠰᠡᠨ ᠦᠷ᠎ᠡ ᠪᠦᠲᠦᠮᠵᠢ ᠪᠠᠷ ᠰᠠᠶᠢᠨ ᠭᠠᠵᠠᠷ ᠣᠷᠣᠨ ᠳᠤ᠂ ᠰᠢᠨ᠎ᠡ ᠨᠢᠭᠡ ᠪᠦᠯᠦᠭ | ᠣᠨᠴᠠᠭᠠᠶ ᠠᠷᠭ᠎ᠠ ᠬᠡᠮᠵᠢᠶ᠎ᠡ ᠶᠢ ᠠᠪᠴᠤ ᠪᠤᠯᠤᠨ᠎ᠠ; ᠲᠡᠷᠡ ᠬᠡᠪ ᠢᠶᠠᠷ ᠨᠢ ᠳᠡᠯᠭᠡᠷᠡᠭᠦᠯᠬᠦ ᠨᠥᠬᠦᠴᠡᠯ ᠢ | ᠪᠦᠷᠢᠯᠳᠦᠭᠦᠯᠦᠭᠰᠡᠨ ᠣᠨᠴᠠᠭᠠᠶ ᠠᠷᠭ᠎ᠠ ᠬᠡᠮᠵᠢᠶ᠎ᠡ ᠶᠢ ᠨᠠᠩ ᠶᠡᠭᠡ ᠬᠡᠪᠴᠢᠶᠡᠨ ᠳᠤ ᠳᠡᠯᠭᠡᠷᠡᠭᠦᠯᠦᠨ ᠬᠡᠷᠡᠭᠯᠡᠵᠦ ᠪᠣᠯᠣᠨ᠎ᠠ | ᠃ | ᠶᠢᠰᠦ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠳᠦᠷᠢᠮ ᠤᠨ ᠨᠠᠶᠢᠳᠠᠪᠤᠷᠢᠵᠢᠭᠤᠯᠤᠯᠲᠠ ᠶᠢ | ᠰᠠᠶᠢᠲᠤᠷ ᠠᠳᠬᠤᠨ᠎ᠠ᠃ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠦᠷ᠎ᠡ ᠠᠰᠢᠭ ᠢ ᠦᠨᠡᠯᠡᠨ ᠵᠢᠱᠢᠬᠦ ᠶᠢ | ᠪᠦᠭᠦ ᠲᠠᠯ᠎ᠠ ᠪᠠᠷ ᠥᠷᠨᠢᠭᠦᠯᠵᠦ᠂ ᠭᠦᠢᠴᠡᠳᠬᠡᠯ ᠲᠤᠭ᠎ᠠ ᠶᠢᠨ ᠰᠢᠰᠲ᠋ᠧᠮ ᠢ ᠰᠢᠯᠢᠳᠡᠭᠵᠢᠭᠦᠯᠦᠨ᠂ ᠭᠤᠷᠪᠠᠳᠠᠭᠢ | ᠡᠲᠡᠭᠡᠳ ᠤᠨ ᠪᠠᠶᠢᠭᠤᠯᠤᠮᠵᠢ ᠶᠢᠨ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ᠂ ᠦᠨᠡᠯᠡᠨ ᠵᠢᠱᠢᠬᠦ | ᠶᠠᠪᠤᠴᠠ ᠶᠢᠨ ᠢᠯᠡ ᠲᠣᠳᠣ᠂ ᠦᠨᠡᠯᠡᠨ ᠵᠢᠱᠢᠭᠰᠡᠨ ᠦᠷ᠎ᠡ ᠳ᠋ᠦᠩ ᠤᠨ ᠪᠤᠰᠤᠳᠴᠢ ᠵᠦᠢ ᠵᠣᠬᠢᠰᠲᠠᠢ ᠪᠠᠶᠢᠬᠤ ᠶᠢ | ᠦᠨᠡᠨ ᠬᠦ ᠪᠠᠲᠤᠯᠠᠨ᠂ ᠣᠷᠣᠨ ᠨᠤᠲᠤᠭ ᠤᠨ ᠬᠢᠨ ᠤ ᠪᠣᠳᠠᠲᠠᠢ ᠲᠠᠢ ᠪᠠᠨ ᠤᠶᠠᠯᠳᠤᠭᠤᠯᠤᠨ ᠦᠨᠡᠯᠡᠨ ᠵᠢᠱᠢᠭᠰᠡᠨ | ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠬᠤ ᠶᠢ ᠵᠣᠷᠢᠭᠵᠢᠭᠤᠯᠤᠨ᠎ᠠ᠃ ᠣᠷᠣᠨ ᠨᠤᠲᠤᠭ ᠤᠨ ᠵᠠᠬ᠎ᠠ | ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠳᠦᠷᠢᠮ ᠠᠴᠠ ᠵᠥᠷᠢᠴᠡᠭᠰᠡᠨ ᠪᠠᠶᠢᠳᠠᠯ ᠢ ᠵᠢᠭᠰᠠᠭᠠᠨ ᠪᠠᠶᠢᠴᠠᠭᠠᠬᠤ᠂ | ᠨᠢᠭᠡ ᠶᠢ ᠣᠯᠵᠤ ᠢᠯᠡᠷᠡᠭᠦᠯᠪᠡᠯ ᠨᠢᠭᠡ ᠶᠢ ᠴᠡᠭᠴᠡᠯᠡᠨ ᠵᠠᠰᠠᠵᠤ᠂ ᠬᠤᠯᠪᠣᠭᠳᠠᠯ ᠪᠦᠬᠦᠢ ᠪᠠᠶᠢᠳᠠᠯ ᠢ ᠪᠦᠭᠦ ᠤᠯᠤᠰ ᠤᠨ | ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠠᠪᠴᠠᠩ ᠪᠣᠯᠣᠨ ᠪᠦᠭᠦ ᠤᠯᠤᠰ ᠤᠨ ᠬᠤᠲᠠ ᠶᠢᠨ | ᠢᠲᠡᠭᠡᠮᠵᠢ ᠶᠢᠨ ᠬᠢᠨᠠᠨ ᠬᠡᠮᠵᠢᠬᠦ ᠬᠡᠪᠴᠢᠶᠡᠨ ᠳᠤ ᠣᠷᠣᠭᠤᠯᠬᠤ ᠶᠢᠨ ᠬᠠᠮᠲᠤ ᠨᠡᠶᠢᠭᠡᠮ ᠳᠤ ᠢᠯᠡ ᠵᠠᠷᠯᠠᠨ᠎ᠠ᠃ ᠵᠠᠬ᠎ᠠ | ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠯᠦᠭᠡ ᠬᠠᠷᠢᠯᠴᠠᠨ ᠲᠣᠬᠢᠷᠠᠯᠴᠠᠭᠰᠠᠨ ᠬᠢᠨᠠᠯᠲᠠ ᠬᠠᠮᠢᠶᠠᠷᠤᠯᠲᠠ ᠶᠢᠨ | ᠵᠠᠭᠪᠤᠷ ᠢ ᠪᠠᠶᠢᠭᠤᠯᠵᠤ᠂ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠪᠠ | ᠲᠦᠪᠰᠢᠨ ᠢ ᠳᠡᠭᠡᠭᠰᠢᠯᠡᠭᠦᠯᠦᠨ᠂ ᠵᠠᠰᠠᠭ ᠤᠨ ᠣᠷᠳᠣᠨ ᠬᠢᠨᠠᠨ ᠬᠠᠮᠢᠶᠠᠷᠤᠭᠰᠠᠨ᠂ ᠠᠵᠤ ᠠᠬᠤᠶᠢᠯᠠᠯ ᠤᠬᠠᠮᠰᠠᠷᠠᠭᠰᠠᠨ | ᠂ ᠠᠵᠢᠯ ᠲᠥᠷᠥᠯ ᠤᠨ ᠬᠢᠨ ᠥᠪᠡᠷ ᠢ ᠪᠠᠨ ᠱᠠᠭᠠᠷᠳᠠᠭᠰᠠᠨ᠂ ᠨᠡᠶᠢᠭᠡᠮ ᠤᠨ ᠬᠢᠨ ᠬᠢᠨᠠᠯᠲᠠ ᠲᠠᠯᠪᠢᠭᠰᠠᠨ | ᠪᠠᠶᠢᠷᠢᠰᠢᠯ ᠢ ᠪᠤᠶ ᠪᠤᠯᠭᠠᠬᠤ ᠶᠢ ᠠᠬᠢᠭᠤᠯᠤᠨ᠎ᠠ᠃ | ᠠᠷᠪᠠ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠴᠢᠩᠭᠠᠷᠠᠭᠤᠯᠤᠨ᠎ᠠ᠃ ᠡᠯ᠎ᠡ ᠭᠠᠵᠠᠷ ᠣᠷᠣᠨ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ | ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠲᠠᠢ ᠨᠢᠭᠡᠳᠬᠡᠵᠦ᠂ ᠠᠵᠢᠯ ᠤᠨ ᠲᠣᠭᠲᠠᠴᠠ ᠪᠠᠨ | ᠲᠡᠭᠦᠯᠳᠡᠷᠵᠢᠭᠦᠯᠦᠨ᠂ ᠵᠣᠬᠢᠶᠠᠨ ᠪᠠᠶᠢᠭᠤᠯᠵᠤ ᠬᠡᠷᠡᠭᠵᠢᠭᠦᠯᠬᠦ᠂ ᠮᠥᠷᠳᠡᠨ ᠦᠨᠡᠯᠡᠬᠦ᠂ ᠳ᠋ᠦᠩᠨᠡᠵᠦ ᠬᠠᠷᠢᠭᠤ | ᠲᠤᠰᠬᠠᠬᠤ ᠪᠠᠨ ᠴᠢᠩᠭᠠᠳᠬᠠᠬᠤ ᠬᠡᠷᠡᠭᠲᠡᠢ᠃ ᠴᠢᠬᠤᠯᠠ ᠶᠡᠭᠡ ᠤᠴᠢᠷ ᠶᠠᠪᠤᠳᠠᠯ ᠢ ᠴᠠᠭ ᠲᠤᠬᠠᠢ ᠳᠤᠨᠢ ᠨᠠᠮ ᠤᠨ | ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠵᠢᠭᠠᠪᠤᠷᠢ ᠠᠪᠴᠤ ᠮᠡᠳᠡᠭᠦᠯᠬᠦ ᠬᠡᠷᠡᠭᠲᠡᠢ᠃ | |