| | ᠥᠪᠥᠷ ᠮᠣᠩᠭᠤᠯ ᠤᠨ ᠡᠳᠦᠷ ᠤᠨ ᠰᠣᠨᠢᠨ ᠤ ᠰᠢᠭᠦᠮᠵᠢᠯᠡᠭᠴᠢ | ︽ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠰᠠᠬᠢᠨ ᠪᠠᠷᠠᠯᠠᠵᠤ | ᠬᠠᠷᠢᠯᠴᠠᠨ ᠬᠠᠪᠰᠤᠷᠤᠯᠴᠠᠬᠤ ᠶᠢ ᠬᠦᠰᠡᠵᠦ ᠪᠠᠶᠢᠨ᠎ᠠ︾᠃ ᠶᠡᠷᠦᠩᠬᠡᠢ ᠱᠦᠵᠢ ᠰᠢ ᠶᠢᠨ ᠫᠢᠩ ᠤᠨ ᠨᠠᠨᠳᠢᠨ ᠬᠦᠰᠡᠯ | ᠨᠠᠶᠢᠳᠠᠯᠭ᠎ᠠ ᠨᠢ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ ᠰᠡᠳᠬᠢᠯ ᠢ | ᠢᠯᠡᠳᠬᠡᠵᠦ᠂ ᠥᠪᠥᠷ ᠮᠣᠩᠭᠤᠯ ᠤᠨ ᠥᠭᠡᠷᠡᠴᠢᠯᠡᠯᠲᠡ ᠬᠥᠭᠵᠢᠯᠲᠡ ᠶᠢᠨ ᠤᠷᠤᠭᠰᠢᠯᠠᠬᠤ ᠴᠢᠭᠯᠡᠯ ᠢ ᠲᠣᠳᠣᠷᠬᠠᠢ | ᠵᠢᠭᠠᠭᠰᠠᠨ ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠱᠤᠭᠤᠮ ᠤᠨ ᠲᠣᠭᠤᠷᠢᠨ ᠳᠤ | ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠥᠷᠭᠡᠴᠡ ᠪᠠ ᠭᠦᠨᠴᠡ ᠲᠡᠶᠢᠰᠢ ᠤᠷᠤᠭᠰᠢᠯᠠᠬᠤ ᠶᠢ | ᠠᠬᠢᠭᠤᠯᠬᠤ ᠳᠤ᠂ ᠪᠢᠳᠠ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠤᠬᠠᠮᠰᠠᠷ ᠢ ᠦᠨᠡᠨ ᠬᠦ ᠪᠠᠲᠤ ᠪᠤᠢ | ᠪᠤᠯᠭᠠᠬᠤ ᠬᠡᠷᠡᠭᠲᠡᠢ᠃ | ᠶᠠᠭᠤ ᠶᠢ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠭᠡᠬᠦ ᠪᠤᠢ︖ ᠰᠠᠬᠢᠬᠤ ᠪᠣᠯ ᠳᠠᠷᠤᠢ ᠭᠡᠷ | ᠡᠷᠦᠭᠡ ᠪᠠᠨ ᠰᠠᠶᠢᠲᠤᠷ ᠰᠠᠬᠢᠨ᠂ ᠡᠬᠡ ᠤᠯᠤᠰ ᠤᠨ ᠬᠢᠯᠢ ᠬᠢᠵᠠᠭᠠᠷ ᠢᠶᠠᠨ ᠰᠠᠶᠢᠲᠤᠷ ᠰᠠᠬᠢᠵᠤ᠂ ᠥᠪᠥᠷ | ᠮᠣᠩᠭᠤᠯ ᠤᠨ ᠴᠥᠭᠡᠨ ᠲᠣᠭᠠᠲᠤ ᠦᠨᠳᠦᠰᠦᠲᠡᠨ ᠤ ᠰᠠᠶᠢᠨ ᠰᠠᠶᠢᠬᠠᠨ ᠤᠶᠤᠨ ᠰᠠᠨᠠᠭᠠᠨ ᠤ ᠭᠡᠷ ᠣᠷᠣᠨ ᠢᠶᠠᠨ | ᠰᠠᠶᠢᠲᠤᠷ ᠰᠠᠬᠢᠬᠤ ᠶᠠᠪᠤᠳᠠᠯ ᠪᠤᠯᠤᠨ᠎ᠠ; ᠪᠠᠷᠠᠯᠠᠬᠤ ᠭᠡᠳᠡᠭ ᠨᠢ ᠳᠠᠷᠤᠢ ᠥᠨᠳᠥᠷ ᠲᠤ ᠵᠣᠭᠰᠣᠨ ᠠᠯᠤᠰ ᠢ ᠪᠠᠷᠠᠯᠠᠵᠦ | ᠂ ᠦᠢᠯᠡᠰ ᠢᠶᠠᠨ ᠲᠥᠯᠥᠪᠵᠢᠭᠦᠯᠦᠨ᠂ ᠬᠥᠭᠵᠢᠯᠲᠡ ᠶᠢ ᠡᠷᠢᠯᠬᠢᠯᠡᠬᠦ ᠳᠤ ᠲᠤᠬᠠᠢ ᠶᠢᠨ ᠭᠠᠵᠠᠷ ᠠᠴᠠ ᠪᠠᠨ ᠭᠠᠷᠴᠤ᠂ | ᠪᠠᠶᠢᠭᠠᠯᠢ ᠶᠢᠨ ᠨᠥᠬᠦᠴᠡᠯ ᠤᠨ ᠬᠢᠵᠠᠭᠠᠷᠯᠠᠯ ᠠᠴᠠ ᠭᠠᠷᠴᠤ᠂ ᠥᠪᠥᠷ ᠮᠣᠩᠭᠤᠯ ᠠᠴᠠ ᠪᠠᠨ ᠭᠠᠷᠤᠨ᠂ ᠥᠷᠭᠡᠨ | ᠳᠡᠯᠭᠡᠷ ᠳᠡᠯᠡᠬᠡᠢ ᠶᠢᠨ ᠬᠠᠷᠠᠴᠠ ᠲᠠᠢ᠂ ᠶᠡᠭᠡ ᠲᠠᠯ᠎ᠠ ᠶᠢᠨ ᠤᠬᠠᠮᠰᠠᠷ ᠲᠠᠢ ᠪᠠᠶᠢᠬᠤ ᠶᠢ ᠬᠡᠯᠡᠵᠦ ᠪᠠᠶᠢᠨ᠎ᠠ;ᠬᠠᠷᠢᠯᠴᠠᠨ | ᠬᠠᠪᠰᠤᠷᠤᠯᠴᠠᠬᠤ ᠪᠣᠯ ᠳᠠᠷᠤᠢ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠡᠷᠬᠡ ᠲᠡᠭᠰᠢ ᠪᠦᠯᠬᠦᠮᠳᠡᠯ ᠲᠠᠢ | ᠬᠠᠷᠢᠯᠴᠠᠨ ᠬᠠᠪᠰᠤᠷᠤᠯᠴᠠᠵᠤ ᠡᠶ᠎ᠡ ᠵᠣᠬᠢᠴᠠᠩᠭᠤᠢ ᠪᠠᠶᠢᠬᠤ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠨ᠂ | ᠦᠨᠳᠦᠰᠦᠲᠡᠨ ᠨᠦᠭᠦᠳ ᠤᠨ ᠠᠷᠠᠳ ᠲᠦᠮᠡᠨ ᠨᠢᠭᠲᠠᠷᠠᠨ ᠪᠦᠯᠬᠦᠮᠳᠡᠵᠦ᠂ ᠡᠬᠡ ᠤᠯᠤᠰ ᠤᠨ ᠬᠢᠯᠢ ᠬᠢᠵᠠᠭᠠᠷ ᠢ | ᠬᠠᠮᠲᠤ ᠪᠠᠷ ᠰᠠᠬᠢᠨ ᠬᠠᠮᠠᠭᠠᠯᠠᠵᠤ᠂ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠴᠣᠭᠴᠠᠯᠠᠬᠤ ᠶᠠᠪᠤᠳᠠᠯ ᠪᠣᠯᠣᠨ᠎ᠠ᠃ | | ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠪᠣᠯ ᠥᠪᠥᠷ ᠮᠣᠩᠭᠤᠯ ᠤᠨ ᠥᠭᠡᠷᠡᠴᠢᠯᠡᠯᠲᠡ | ᠬᠥᠭᠵᠢᠯᠲᠡ ᠲᠣᠭᠲᠠᠭᠤᠨ ᠤ ᠵᠠᠩᠭᠢᠯᠠᠭ᠎ᠠ᠂ ᠦᠨᠳᠦᠰᠦᠲᠡᠨ ᠨᠦᠭᠦᠳ ᠤᠨ ᠬᠥᠪᠡᠭᠦᠳ ᠥᠬᠢᠳ ᠤᠨ ᠵᠣᠯ ᠵᠢᠷᠭᠠᠯ ᠤᠨ | ᠲᠦᠰᠢᠭ ᠶᠤᠮ᠃ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠳᠤᠮᠳᠠᠳᠤ ᠤᠯᠤᠰ ᠤᠨ | ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ ᠶᠠᠪᠤᠵᠤ ᠢᠷᠡᠭᠰᠡᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ | ᠡᠷᠭᠢᠴᠡᠭᠦᠯᠪᠡᠯ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠬᠦ ᠪᠣᠯ ᠪᠢᠳᠡᠨ ᠤ | ᠲᠠᠰᠤᠷᠠᠯᠳᠠ ᠦᠭᠡᠢ ᠢᠯᠠᠯᠲᠠ ᠣᠯᠬᠤ ᠶᠢᠨ ᠠᠨᠢᠰᠤ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ | 77 ᠵᠢᠯ ᠤᠨ ᠲᠤᠷᠰᠢ᠂ ᠪᠦᠭᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠭᠠᠷ ᠭᠠᠷ ᠢᠶᠠᠨ | ᠬᠤᠯᠪᠣᠯᠴᠠᠨ ᠰᠡᠳᠬᠢᠯ ᠵᠢᠷᠦᠬᠡ ᠪᠠᠨ ᠬᠤᠯᠪᠣᠯᠴᠠᠵᠤ᠂ ︽ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ | ᠪᠤᠭᠤᠲᠤ ᠶᠢᠨ ᠪᠣᠯᠣᠳ ᠲᠡᠮᠦᠷ ᠤᠨ ᠦᠢᠯᠡᠳᠪᠦᠷᠢ ᠶᠢ ᠪᠦᠲᠦᠭᠡᠨ ᠪᠠᠶᠢᠭᠤᠯᠤᠭᠰᠠᠨ︾᠂ ︽ᠭᠤᠷᠪᠠᠨ ᠮᠢᠩᠭᠠᠨ | ᠥᠨᠥᠴᠢᠨ ᠬᠡᠦᠬᠡᠳ ᠢ ᠦᠷᠡᠴᠢᠯᠡᠨ ᠲᠡᠵᠢᠭᠡᠭᠰᠡᠨ︾᠂ ︽ᠬᠠᠮᠤᠭ ᠤᠨ ᠰᠠᠶᠢᠨ ᠮᠠᠯᠵᠢᠯ ᠤᠨ ᠲᠠᠯᠠᠪᠠᠶ ᠪᠠᠨ | ᠰᠠᠨᠰᠠᠷ ᠤᠨ ᠠᠶᠠᠯᠠᠯ ᠤᠨ ᠦᠢᠯᠡᠰ ᠲᠤ ᠵᠣᠷᠢᠭᠤᠯᠤᠭᠰᠠᠨ︾ ᠵᠡᠷᠭᠡ ᠲᠡᠦᠬᠡ ᠶᠢᠨ ᠰᠠᠶᠢᠬᠠᠨ ᠳᠠᠭᠤᠷᠢᠰᠬᠠᠯ ᠢ | ᠡᠭᠦᠳᠴᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢ ᠣᠯᠣᠭᠰᠠᠨ | ᠪᠥᠭᠡᠳ ᠣᠷᠳᠣ ᠬᠤᠭᠤᠴᠠᠭ᠎ᠠ ᠪᠠᠷ ᠪᠠᠲᠤᠯᠠᠪᠠ᠃ | ᠰᠢᠨ᠎ᠡ ᠬᠥᠭᠵᠢᠯᠲᠡ ᠰᠢᠨ᠎ᠡ ᠳᠠᠪᠠᠯᠲᠠ ᠶᠢ ᠪᠡᠶᠡᠯᠡᠭᠦᠯᠵᠦ᠂ ᠰᠢᠨ᠎ᠡ ᠠᠶᠤᠯ ᠲᠦᠭᠰᠢᠭᠦᠷᠢ ᠰᠢᠨ᠎ᠡ | ᠥᠷᠢᠰᠦᠯᠳᠦᠭᠡᠨ ᠢ ᠢᠯᠠᠨ ᠳᠠᠪᠠᠭ᠋ᠤ ᠳᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠬᠦᠴᠦᠷᠬᠡᠭ ᠶᠡᠭᠡ | ᠬᠦᠴᠦᠨ ᠴᠢᠳᠠᠯ ᠠᠴᠠ ᠰᠠᠯᠵᠤ ᠴᠢᠳᠠᠬᠤ ᠦᠭᠡᠢ ᠶᠤᠮ᠃ ᠣᠳᠣᠬᠠᠨ ᠳᠤ ᠶᠡᠷᠦᠩᠬᠡᠢ ᠱᠦᠵᠢ ᠰᠢ ᠶᠢᠨ ᠫᠢᠩ ᠤᠨ | ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠣᠯᠣᠨ ᠵᠢᠱᠢᠶᠡᠴᠢ ᠥᠪᠡᠷᠲᠡᠭᠡᠨ ᠵᠠᠰᠠᠬᠤ | ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠣᠯ ᠥᠪᠥᠷ | ᠮᠣᠩᠭᠤᠯ ᠤᠨ ᠭᠤᠣᠯ ᠡᠭᠦᠷᠭᠡ ᠪᠤᠯᠬᠤ ᠪᠥᠭᠡᠳ ᠥᠪᠥᠷ ᠮᠣᠩᠭᠤᠯ ᠤᠨ ᠬᠠᠮᠤᠭ ᠤᠨ ᠶᠡᠭᠡ ᠪᠣᠳᠠᠲᠤ ᠪᠠᠶᠢᠳᠠᠯ | ᠪᠣᠯᠣᠨ᠎ᠠ᠃ ᠣᠷᠣᠨ ᠳᠠᠶᠠᠭᠠᠷ ᠢᠶᠠᠨ ᠡᠷᠬᠡᠪᠰᠢ ᠡᠨᠡ ᠬᠦ ᠭᠤᠣᠯ ᠡᠭᠦᠷᠭᠡ ᠪᠣᠯᠣᠨ ᠬᠠᠮᠤᠭ ᠤᠨ ᠶᠡᠭᠡ ᠪᠣᠳᠠᠲᠤ | ᠪᠠᠶᠢᠳᠠᠯ ᠢ ᠴᠢᠩᠭ᠎ᠠ ᠡᠵᠡᠮᠳᠡᠵᠦ᠂ ᠨᠢᠭᠡ ᠰᠡᠳᠬᠢᠯ ᠨᠢᠭᠡ ᠴᠢᠭᠯᠡᠯ ᠢᠶᠠᠷ ᠦᠨᠡᠨ ᠬᠦ ᠠᠳᠬᠤᠨ ᠪᠣᠳᠠᠲᠠᠢ ᠠᠵᠢᠯᠯᠠᠨ᠂ | ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠠᠪᠤᠴᠠ ᠳᠠᠬᠢ ᠭᠤᠣᠯᠳᠠᠯᠭ᠎ᠠ᠂ ᠲᠦᠪᠡᠭᠳᠡᠯ᠂ ᠲᠦᠭᠵᠢᠷᠡᠯ ᠢ ᠴᠢᠩᠭ᠎ᠠ | ᠠᠩᠬᠠᠷᠴᠤ᠂ ᠪᠣᠭᠤᠮᠲᠠ ᠰᠢᠪᠲᠤᠯᠬᠤ ᠬᠠᠷᠰᠢ ᠰᠠᠭᠠᠳ ᠢ ᠠᠷᠢᠯᠭᠠᠬᠤ ᠠᠷᠭ᠎ᠠ ᠬᠡᠮᠵᠢᠶ᠎ᠡ ᠶᠢ ᠲᠥᠯᠥᠪᠵᠢᠭᠦᠯᠦᠨ | ᠬᠡᠷᠡᠭᠵᠢᠭᠦᠯᠵᠦ᠂ ᠠᠵᠢᠯ ᠦᠢᠯᠡᠰ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠠᠶᠢᠭᠤᠯᠤᠯ ᠲᠣᠭᠲᠠᠴᠠ ᠶᠢᠨ ᠡᠯ᠎ᠡ | ᠵᠦᠢᠯ ᠤᠨ ᠲᠦᠭᠵᠢᠷᠡᠯ ᠢ ᠪᠦᠭᠦ ᠬᠦᠴᠦᠨ ᠢᠶᠠᠷ ᠢᠶᠠᠨ ᠨᠠᠪᠲᠠᠷᠡᠭᠦᠯᠵᠦ᠂ ᠡᠯ᠎ᠡ ᠲᠠᠯ᠎ᠠ ᠶᠢᠨ ᠬᠥᠳᠡᠯᠭᠡᠭᠴᠢ ᠬᠦᠴᠦᠨ | ᠠᠮᠢᠵᠢᠷᠠᠯ ᠤᠨ ᠬᠦᠴᠦᠨ ᠢ ᠬᠥᠭᠵᠢᠭᠡᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠳᠤ ᠰᠢᠨ᠎ᠡ ᠵᠠᠮ ᠨᠡᠭᠡᠭᠡᠬᠦ ᠪᠠᠷ ᠴᠢᠷᠮᠠᠶᠢᠬᠤ ᠬᠡᠷᠡᠭᠲᠡᠢ᠃ | ᠨᠢᠭᠡ ᠭᠡᠷ ᠪᠦᠯᠢ ᠶᠢᠨ ᠰᠠᠶᠢᠨ ᠰᠠᠶᠢᠬᠠᠨ ᠠᠮᠢᠳᠤᠷᠠᠯ ᠨᠢ ᠬᠠᠵᠠᠭᠤ ᠬᠠᠪᠢ ᠶᠢᠨ ᠣᠷᠴᠢᠨ | ᠲᠣᠭᠤᠷᠢᠨ ᠤ ᠪᠣᠯᠪᠠᠰᠤᠨ ᠡᠶ᠎ᠡ ᠨᠠᠶᠢᠷᠲᠠᠢ᠂ ᠡᠶ᠎ᠡ ᠵᠣᠬᠢᠴᠠᠩᠭᠤᠢ ᠲᠣᠭᠲᠠᠭᠤᠨ ᠠᠴᠠ ᠰᠠᠯᠵᠤ ᠴᠢᠳᠠᠬᠤ ᠦᠭᠡᠢ; | ᠨᠢᠭᠡ ᠭᠠᠵᠠᠷ ᠣᠷᠣᠨ ᠤ ᠴᠡᠴᠡᠭᠯᠡᠯ ᠬᠥᠭᠵᠢᠯ ᠨᠢ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠡᠳᠬᠢᠯ | ᠵᠢᠷᠦᠬᠡ ᠪᠠᠨ ᠬᠤᠯᠪᠣᠯᠴᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠠᠴᠠ ᠰᠠᠯᠵᠤ ᠴᠢᠳᠠᠬᠤ ᠦᠭᠡᠢ ᠶᠤᠮ | ᠃ ᠤᠮᠠᠷᠠᠲᠤ ᠬᠢᠯᠢ ᠶᠢᠨ ᠰᠣᠶᠣᠯ ᠢ ᠪᠠᠶᠢᠭᠤᠯᠬᠤ ᠲᠠᠢ ᠤᠶᠠᠯᠳᠤᠭᠤᠯᠵᠤ᠂ ᠥᠪᠥᠷ ᠮᠣᠩᠭᠤᠯ ᠤᠨ ᠡᠬᠡ ᠭᠠᠵᠠᠷ | ᠳᠡᠭᠡᠷᠡᠬᠢ ᠦᠨᠳᠦᠰᠦᠲᠡᠨ ᠨᠦᠭᠦᠳ ᠤᠨ ᠬᠠᠮᠲᠤ ᠪᠠᠷ ᠶᠠᠪᠤᠵᠤ ᠥᠩᠭᠡᠷᠡᠭᠰᠡᠨ᠂ ᠬᠠᠮᠲᠤ ᠪᠠᠷ ᠶᠠᠪᠤᠵᠤ ᠢᠷᠡᠭᠰᠡᠨ᠂ | ᠬᠠᠮᠲᠤ ᠪᠠᠷ ᠣᠳᠣᠬᠢᠴᠢᠯᠠᠯᠲᠠ ᠲᠡᠶᠢᠰᠢ ᠤᠷᠤᠭᠰᠢᠯᠠᠭᠰᠠᠨ ᠦᠯᠢᠭᠡᠷ ᠢ ᠰᠠᠶᠢᠲᠤᠷ ᠶᠠᠷᠢᠨ᠂ | ᠦᠨᠳᠦᠰᠦᠲᠡᠨ ᠨᠦᠭᠦᠳ ᠤᠨ ᠤᠯᠠᠨ ᠲᠦᠮᠡᠨ ᠤ ᠡᠶ᠎ᠡ ᠨᠠᠶᠢᠷᠲᠠᠢ ᠬᠠᠮᠲᠤ ᠣᠷᠣᠰᠢᠵᠤ᠂ ᠬᠠᠷᠢᠯᠴᠠᠨ | ᠬᠠᠪᠰᠤᠷᠤᠯᠴᠠᠭᠰᠠᠨ ᠪᠣᠳᠠᠲᠤ ᠵᠢᠱᠢᠶ᠎ᠡ ᠶᠢ ᠰᠠᠶᠢᠲᠤᠷ ᠤᠬᠠᠭᠤᠯᠵᠤ᠂ ᠣᠷᠣᠨ ᠳᠠᠶᠠᠭᠠᠷ ᠢᠶᠠᠨ ᠰᠡᠳᠬᠢᠯ ᠨᠢᠭᠡᠳᠦᠨ | ᠬᠦᠴᠦ ᠪᠠᠨ ᠬᠠᠮᠲᠤᠳᠬᠠᠵᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠬᠤ ᠴᠤᠭ | ᠰᠦᠯᠳᠡ ᠶᠢ ᠬᠥᠭᠵᠢᠭᠡᠨ᠂ ᠪᠦᠭᠦ ᠨᠡᠶᠢᠭᠡᠮ ᠤᠨ ᠠᠵᠢᠯ ᠬᠢᠵᠦ ᠦᠢᠯᠡᠰ ᠪᠣᠰᠬᠠᠬᠤ ᠢᠳᠡᠪᠬᠢᠵᠢᠯ ᠢ ᠲᠠᠶᠢᠴᠢᠯᠠᠵᠤ᠂ | ᠬᠥᠮᠥᠨ ᠪᠦᠭᠦᠨ ᠠᠵᠢᠯ ᠬᠢᠵᠦ ᠦᠢᠯᠡᠰ ᠪᠣᠰᠬᠠᠬᠤ᠂ ᠭᠡᠷ ᠪᠦᠯᠢ ᠪᠠᠷ ᠢᠶᠠᠨ ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠬᠤ᠂ ᠤᠯᠠᠨ ᠢᠶᠠᠷ ᠢᠶᠠᠨ ᠬᠠᠮᠲᠤ ᠠᠵᠢᠯᠯᠠᠵᠤ ᠬᠠᠮᠲᠤ ᠪᠠᠷ ᠦᠷ᠎ᠡ ᠪᠦᠲᠦᠭᠡᠯ ᠢ ᠡᠳ᠋ᠯᠡᠬᠦ ᠪᠠᠶᠢᠳᠠᠯ ᠢ | ᠪᠦᠷᠢᠯᠳᠦᠭᠦᠯᠬᠦ ᠬᠡᠷᠡᠭᠲᠡᠢ᠃ | ᠪᠦᠯᠬᠦᠮᠳᠡᠪᠡᠯ ᠬᠦᠴᠦᠨ ᠨᠢᠭᠲᠠᠷᠠᠨᠠ᠂ ᠡᠶ᠎ᠡ ᠲᠠᠢ ᠨᠠᠶᠢᠷᠰᠠᠭ ᠪᠣᠯ ᠤᠴᠢᠷ ᠪᠦᠲᠦᠨ᠎ᠡ᠃ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠰᠢᠨ᠎ᠡ ᠠᠶᠠᠨ ᠳᠤ᠂ ᠪᠦᠭᠦ ᠣᠷᠣᠨ ᠤ ᠦᠨᠳᠦᠰᠦᠲᠡᠨ ᠨᠦᠭᠦᠳ ᠤᠨ | ᠠᠷᠠᠳ ᠲᠦᠮᠡᠨ ᠠᠬ᠎ᠠ ᠳᠡᠭᠦᠦ ᠮᠡᠲᠦ ᠳᠣᠲᠣᠨᠣ ᠶᠠᠪᠤᠯᠴᠠᠨ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠵᠤ᠂ | ᠰᠡᠳᠬᠢᠯ ᠨᠢᠭᠡᠳᠦᠨ᠂ ᠬᠠᠷᠢᠯᠴᠠᠨ ᠣᠶᠤᠨ ᠰᠠᠨᠠᠭᠠᠨ ᠤ ᠲᠦᠰᠢᠭ ᠲᠤᠯᠭᠠᠭᠤᠷᠢ ᠪᠣᠯᠪᠠᠯ ᠪᠦᠯᠬᠦᠮᠳᠡᠨ ᠲᠡᠮᠡᠴᠡᠬᠦ ᠰᠦᠷ | ᠳᠠᠯᠠᠶᠢᠴᠠᠲᠠᠢ ᠬᠦᠴᠦᠨ ᠢ ᠨᠢᠭᠲᠠᠷᠠᠭᠤᠯᠵᠤ᠂ ᠡᠯ᠎ᠡ ᠵᠦᠢᠯ ᠤᠨ ᠠᠵᠢᠯ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠬᠦᠴᠦᠯᠡᠨ ᠠᠬᠢᠭᠤᠯᠵᠤ᠂ ᠡᠬᠡ ᠤᠯᠤᠰ ᠤᠨ ᠤᠮᠠᠷᠠᠲᠤ ᠶᠢᠨ ᠨᠠᠩ ᠦᠵᠡᠰᠬᠦᠯᠡᠩᠲᠦ ᠰᠠᠶᠢᠬᠠᠨ ᠥᠩᠭᠡ | ᠦᠵᠡᠮᠵᠢ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠨᠢᠷ ᠰᠠᠶᠢᠬᠠᠨ ᠦᠵᠡᠮᠵᠢ ᠳᠤ ᠥᠩᠭᠡ | ᠭᠠᠯᠪᠢᠷ ᠨᠡᠮᠡᠷᠢᠯᠡᠵᠦ ᠴᠢᠳᠠᠬᠤ ᠨᠢ ᠯᠠᠪᠲᠠᠢ᠃ | | |