ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ | ᠠᠵᠢᠯ ᠤᠨ ᠬᠤᠷᠢᠶ᠎ᠠ ᠶᠢᠨ ᠪᠠᠶᠢᠩᠭᠤ ᠶᠢᠨ ᠳᠡᠳ᠋ ᠱᠦᠵᠢ ᠰᠦᠨ ᠠᠢ ᠹᠠᠩ᠄ ᠥᠭᠡᠷᠡᠴᠢᠯᠡᠯᠲᠡ ᠶᠢ ᠤᠯᠠᠮ ᠨᠢᠭᠡ | ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤᠮᠳᠠ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ | ᠵᠢᠳᠬᠦᠯ ᠴᠢᠷᠮᠠᠶᠢᠯᠭ᠎ᠠ ᠶᠢ ᠢᠯᠡᠷᠡᠭᠦᠯᠬᠦ ᠬᠡᠷᠡᠭᠲᠡᠢ | ᠥᠪᠥᠷ ᠮᠣᠩᠭᠤᠯ ᠤᠨ ᠡᠳᠦᠷ ᠤᠨ ᠰᠣᠨᠢᠨ ᠤ ᠰᠤᠷᠪᠤᠯᠵᠢᠯᠠᠬᠴᠢ ᠶᠠᠩ ᠯᠢᠦ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ | ᠠᠵᠢᠯ ᠤᠨ ᠬᠤᠷᠢᠶ᠎ᠠ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠱᠤᠭᠤᠮ ᠢ ᠪᠦᠭᠦ | ᠲᠠᠯ᠎ᠠ ᠪᠠᠷ ᠲᠤᠭᠤᠰᠢᠯᠠᠭᠤᠯᠤᠨ᠂ 5 ᠲᠠᠯ᠎ᠠ ᠶᠢᠨ16 ᠵᠤᠷᠪᠤᠰ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠭᠦᠨᠵᠡᠭᠡᠢ | ᠪᠣᠳᠣᠯᠬᠢᠯᠠᠨ ᠨᠠᠷᠢᠯᠢᠭ ᠰᠦᠪᠡᠭᠴᠢᠯᠡᠵᠦ᠂ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠡᠯ᠎ᠡ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠪᠣᠯᠣᠨ ᠨᠠᠮ ᠤᠨ ᠭᠡᠰᠢᠭᠦᠨ ᠺᠠᠳ᠋ᠷᠴᠤᠳ ᠤᠨ ᠥᠭᠡᠷᠡᠴᠢᠯᠡᠯᠲᠡ ᠶᠢ ᠠᠳᠬᠤᠬᠤ᠂ | ᠬᠥᠭᠵᠢᠯᠲᠡ ᠶᠢ ᠠᠬᠢᠭᠤᠯᠬᠤ ᠢᠳᠡᠪᠬᠢᠵᠢᠯ ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ ᠢ ᠭᠦᠢᠴᠡᠳ ᠳᠠᠶᠢᠴᠢᠯᠠᠵᠤ | ᠂ ᠴᠢᠨᠠᠷ ᠰᠠᠶᠢᠲᠠᠢ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠳᠤᠮᠳᠠ ᠰᠢᠨ᠎ᠡ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠪᠡ᠃ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ | ᠵᠣᠷᠢᠭ ᠰᠠᠨᠠᠭ᠎ᠠ ᠶᠢ ᠬᠡᠷᠬᠢᠨ ᠰᠤᠷᠤᠯᠴᠠᠨ ᠤᠬᠠᠭᠤᠯᠵᠤ ᠲᠤᠭᠤᠰᠢᠯᠠᠭᠤᠯᠤᠨ᠂ ᠪᠠᠶᠢᠭᠤᠯᠭ᠎ᠠ ᠶᠢᠨ ᠨᠠᠮ ᠤᠨ | ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠣᠶᠢᠷ᠎ᠠ ᠳᠤ ᠲᠤᠰ ᠰᠣᠨᠢᠨ ᠤ | ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ | ᠠᠵᠢᠯ ᠤᠨ ᠬᠤᠷᠢᠶ᠎ᠠ ᠶᠢᠨ ᠪᠠᠶᠢᠩᠭᠤ ᠶᠢᠨ ᠳᠡᠳ᠋ ᠱᠦᠵᠢ ᠰᠦᠨ ᠠᠢ ᠹᠠᠩ ᠢ ᠰᠤᠷᠪᠤᠯᠵᠢᠯᠠᠪᠠ᠃ | ᠥᠪᠥᠷ ᠮᠣᠩᠭᠤᠯ ᠤᠨ ᠡᠳᠦᠷ ᠤᠨ ᠰᠣᠨᠢᠨ᠄ ᠣᠨᠣᠯ ᠤᠨ ᠰᠢᠨ᠎ᠡ ᠡᠭᠦᠳᠦᠯᠲᠡ ᠨᠢᠭᠡ ᠠᠯᠬᠤᠮ | ᠤᠷᠤᠭᠰᠢᠯᠠᠬᠤ ᠪᠦᠷᠢ ᠣᠨᠣᠯ ᠤᠨ ᠵᠡᠪᠰᠡᠭᠯᠡᠯ ᠨᠢᠭᠡ ᠠᠯᠬᠤᠮ ᠳᠠᠭᠠᠬᠤ ᠬᠡᠷᠡᠭᠲᠡᠢ᠃ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ︽ᠲᠣᠭᠲᠠᠭᠠᠯ︾ ᠳᠤ ︽ᠨᠠᠮ ᠤᠨ | ᠰᠢᠨ᠎ᠡ ᠡᠭᠦᠳᠦᠯᠲᠡ ᠶᠢᠨ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠨ᠎ᠠ︾ ᠭᠡᠵᠦ ᠳᠤᠷᠠᠳᠴᠠᠢ᠃ ᠡᠭᠦᠨ ᠳᠤ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ | ᠶᠠᠮᠠᠷ ᠶᠠᠮᠠᠷ ᠠᠵᠢᠯ ᠬᠢᠭᠰᠡᠨ ᠪᠤᠶ︖ | ᠰᠦᠨ ᠠᠢ ᠹᠠᠩ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠭᠤᠳ ᠬᠠᠷᠢᠶ᠎ᠠ | ᠪᠠᠶᠢᠭᠤᠯᠭ᠎ᠠ ᠶᠢᠨ ᠠᠵᠢᠯ ᠤᠨ ᠬᠤᠷᠢᠶ᠎ᠠ ᠲᠦᠷᠦᠭᠦᠯᠡᠨ ᠣᠨᠣᠯ ᠢᠶᠠᠷ ᠵᠡᠪᠰᠡᠭᠯᠡᠬᠦ ᠶᠢ ᠭᠦᠨᠵᠡᠭᠡᠶᠢᠷᠡᠭᠦᠯᠵᠦ᠂ ᠵᠠᠮ | ᠨᠡᠭᠡᠭᠡᠨ ᠤᠷᠤᠭᠰᠢᠯᠠᠬᠤ ᠬᠥᠳᠡᠯᠭᠡᠬᠦ ᠬᠦᠴᠦᠨ ᠢ ᠬᠥᠭᠵᠢᠭᠡᠪᠡ᠃ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ | ᠲᠠᠯ᠎ᠠ ᠪᠠᠷ ᠭᠦᠨᠵᠡᠭᠡᠶᠢᠷᠡᠭᠦᠯᠬᠦ ᠳᠤᠮᠳᠠ ᠦᠵᠡᠯ ᠰᠠᠨᠠᠭᠠᠨ ᠤ ᠬᠥᠲᠥᠯᠥᠨ ᠳᠠᠭᠠᠭᠤᠯᠬᠤ᠂ ᠤᠬᠠᠭᠤᠯᠤᠨ ᠳᠠᠶᠢᠴᠢᠯᠠᠬᠤ᠂ | ᠦᠢᠯᠡᠴᠢᠯᠡᠨ ᠪᠠᠲᠤᠯᠠᠬᠤ ᠦᠢᠯᠡᠳᠦᠯ ᠢ ᠰᠠᠶᠢᠲᠤᠷ ᠪᠠᠳᠠᠷᠠᠭᠤᠯᠪᠠ᠃ ᠨᠠᠮ ᠤᠨ ᠰᠢᠨ᠎ᠡ ᠡᠭᠦᠳᠦᠯᠲᠡ ᠶᠢᠨ ᠣᠨᠣᠯ ᠤᠨ | ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ | ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶ ᠤᠨ ᠣᠨᠣᠯ ᠰᠤᠷᠤᠯᠴᠠᠬᠤ ᠭᠤᠣᠯ | ᠳᠤᠭᠤᠶᠢᠯᠠᠩ ᠤᠨ ᠰᠤᠷᠤᠯᠴᠠᠯᠭ᠎ᠠ ᠶᠢᠨ ᠲᠤᠷᠰᠢᠯᠭ᠎ᠠ ᠰᠣᠯᠢᠯᠴᠠᠬᠤ ᠬᠤᠷᠠᠯ ᠢ ᠬᠤᠷᠠᠯᠳᠤᠭᠤᠯᠤᠨ᠂ ᠨᠠᠮ ᠤᠨ | ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶ ᠤᠨ ᠣᠨᠣᠯ ᠰᠤᠷᠤᠯᠴᠠᠬᠤ ᠭᠤᠣᠯ ᠳᠤᠭᠤᠶᠢᠯᠠᠩ ᠤᠨ | ᠤᠷᠢᠳᠠᠪᠠᠷ ᠰᠤᠷᠤᠯᠴᠠᠬᠤ ᠭᠦᠨᠵᠡᠭᠡᠢ ᠰᠤᠷᠤᠯᠴᠠᠬᠤ ᠶᠢ ᠠᠬᠢᠭᠤᠯᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ | ᠰᠡᠳᠬᠢᠴᠡ ᠠᠷᠭ᠎ᠠ ᠬᠡᠮᠵᠢᠶ᠎ᠡ ᠶᠢ ᠲᠦᠷᠦᠭᠦᠯᠡᠨ ᠰᠦᠪᠡᠭᠴᠢᠯᠡᠪᠡ᠃ ᠰᠤᠷᠤᠯᠴᠠᠯᠭ᠎ᠠ ᠪᠣᠯᠪᠠᠰᠤᠷᠠᠯ ᠤᠨ | ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ | ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠡᠯ᠎ᠡ ᠲᠥᠷᠥᠯ ᠤᠨ ᠪᠣᠯᠪᠠᠰᠤᠷᠠᠯ ᠤᠨ ᠠᠩᠭᠢ ᠶᠢᠨ ᠵᠠᠪᠠᠯ | ᠰᠤᠷᠬᠤ ᠬᠢᠴᠢᠶᠡᠯ ᠳᠤ ᠣᠷᠣᠭᠤᠯᠵᠤ᠂ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠲᠤᠰᠬᠠᠢ ᠲᠤᠰᠢᠶᠠᠯᠲᠤ ᠳᠡᠳ᠋ | ᠱᠦᠵᠢ ᠶᠢᠨ ᠪᠣᠯᠪᠠᠰᠤᠷᠠᠯ ᠤᠨ ᠵᠢᠱᠢᠶ᠎ᠡ ᠦᠵᠡᠭᠦᠯᠭᠦ ᠠᠩᠭᠢ᠂ ᠪᠦᠭᠦ ᠣᠷᠣᠨ ᠤ ᠪᠠᠶᠢᠭᠤᠯᠭ᠎ᠠ ᠶᠢᠨ ᠨᠠᠮ ᠤᠨ | ᠠᠵᠢᠯ ᠤᠨ ᠺᠠᠳ᠋ᠷ ᠪᠣᠯᠣᠨ ᠣᠷᠣᠨ ᠤ ᠰᠢᠭᠤᠳ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ | ᠨᠠᠮ ᠤᠨ ᠠᠵᠢᠯ ᠤᠨ ᠺᠠᠳ᠋ᠷ ᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ | ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠪᠣᠯᠪᠠᠰᠤᠷᠠᠯ ᠤᠨ ᠠᠩᠭᠢ᠂ ᠣᠷᠣᠨ ᠤ | ᠰᠢᠭᠤᠳ ᠬᠠᠷᠢᠶ᠎ᠠ ᠪᠠᠶᠢᠭᠤᠯᠭ᠎ᠠ ᠶᠢᠨ ᠵᠠᠯᠠᠭᠤ ᠺᠠᠳ᠋ᠷ ᠤᠨ ᠬᠡᠪ ᠴᠢᠨᠠᠷ ᠢ ᠳᠡᠭᠡᠭᠰᠢᠯᠡᠭᠦᠯᠭᠦ ᠪᠣᠯᠪᠠᠰᠤᠷᠠᠯ ᠤᠨ ᠠᠩᠭᠢ | ᠵᠡᠷᠭᠡ ᠶᠢ ᠡᠷᠭᠢᠯᠡᠵᠦ᠂ ᠡᠯ᠎ᠡ ᠨᠢᠭᠡᠴᠢ ᠶᠢ ᠬᠥᠲᠥᠯᠥᠨ ᠵᠢᠯᠤᠭᠤᠳᠴᠤ ᠪᠠᠶᠢᠭᠠᠳ ︽ᠭᠤᠷᠪᠠᠨ ᠬᠤᠷᠠᠯ ᠨᠢᠭᠡ ᠬᠢᠴᠢᠶᠡᠯ | ︾᠂ ᠭᠤᠣᠯ ᠰᠡᠳᠦᠪᠲᠦ ᠨᠠᠮ ᠤᠨ ᠡᠳᠦᠷᠯᠢᠭ᠂ ᠵᠠᠯᠠᠭᠤᠴᠤᠳ ᠤᠨ ᠣᠨᠣᠯ ᠰᠤᠷᠤᠯᠴᠠᠬᠤ ᠳᠤᠭᠤᠶᠢᠯᠠᠩ ᠢᠶᠠᠷ | ᠭᠠᠷᠳᠠᠴᠠ ᠪᠤᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠴᠢᠳᠠᠪᠤᠷᠢ ᠪᠠᠨ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠥᠭᠡᠷᠡᠴᠢᠯᠡᠯᠲᠡ ᠶᠢ ᠠᠬᠢᠭᠤᠯᠬᠤ ᠤᠬᠠᠮᠰᠠᠷ ᠢᠶᠠᠨ ᠴᠢᠩᠭᠠᠳᠬᠠᠪᠠ᠃ ᠤᠬᠠᠭᠤᠯᠤᠨ | ᠲᠠᠶᠢᠯᠪᠤᠷᠢᠯᠠᠬᠤ ᠠᠷᠭ᠎ᠠ ᠶᠢ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ | ᠪᠠᠶᠢᠭᠤᠯᠭ᠎ᠠ ᠶᠢᠨ ᠤᠬᠠᠭᠤᠯᠤᠨ ᠲᠠᠶᠢᠯᠪᠤᠷᠢᠯᠠᠬᠤ ᠡᠩᠨᠡᠭᠡ ᠶᠢ ᠵᠣᠬᠢᠶᠠᠨ ᠪᠠᠶᠢᠭᠤᠯᠵᠤ᠂ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ | ᠲᠠᠶᠢᠯᠪᠤᠷᠢᠯᠠᠬᠤ ᠶᠢ ᠥᠷᠭᠡᠨ ᠳᠡᠯᠭᠡᠷ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ | ᠪᠠᠶᠢᠭᠤᠯᠭ᠎ᠠ ᠶᠢᠨ ︽ᠬᠤᠶᠠᠷ ᠶᠡᠭᠡ ᠶᠠᠪᠤᠳᠠᠯ ᠢ ᠨᠠᠶᠢᠳᠠᠪᠤᠷᠢᠵᠢᠭᠤᠯᠵᠤ᠂ ︿ᠵᠢᠷᠭᠤᠭᠠᠨ ᠢᠨᠵᠧᠨᠧᠷᠢᠩ﹀ ᠢ | ᠠᠬᠢᠭᠤᠯᠬᠤ︾ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ᠂ ︽ᠨᠠᠮ ᠤᠨ ᠠᠴᠢ ᠳᠤ ᠲᠠᠯᠠᠷᠬᠠᠵᠤ᠂ | ᠨᠠᠮ ᠤᠨ ᠦᠭᠡ ᠶᠢ ᠰᠣᠨᠣᠰᠤᠨ᠂ ᠨᠠᠮ ᠢᠶᠠᠨ ᠳᠠᠭᠠᠬᠤ - ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ | ᠲᠥᠪᠯᠡᠷᠡᠭᠦᠯᠬᠦ᠂ ᠵᠠᠯᠠᠭᠤ ᠨᠠᠰᠤᠨ ᠤ ᠡᠭᠦᠷᠭᠡᠯᠡᠯ︾ ᠭᠡᠬᠦ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠵᠠᠯᠠᠭᠤ | ᠨᠠᠮ ᠤᠨ ᠭᠡᠰᠢᠭᠦᠨ ᠤ ᠤᠬᠠᠭᠤᠯᠤᠨ ᠲᠠᠶᠢᠯᠪᠤᠷᠢᠯᠠᠬᠤ ᠦᠵᠡᠭᠦᠯᠭᠡ ᠶᠢᠨ ᠠᠵᠢᠯᠯᠠᠭ᠎ᠠ᠂ ︽ᠰᠢᠨ᠎ᠡ ᠠᠶᠠᠨ ᠢ | ᠴᠤᠤᠷᠢᠶᠠᠲᠤᠭᠤᠯᠤᠶ᠎ᠠ︾ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠤᠨᠤᠯ ᠤᠨ ᠤᠬᠠᠭᠤᠯᠤᠨ ᠲᠠᠶᠢᠯᠪᠤᠷᠢᠯᠠᠬᠤ | ᠤᠷᠤᠯᠳᠤᠭᠠᠨ ᠵᠡᠷᠭᠡ ᠶᠢ ᠡᠷᠭᠢᠯᠡᠪᠡ᠃ ᠬᠠᠷᠢᠶ᠎ᠠ ᠰᠦᠯᠵᠢᠶᠡᠨ ᠥᠷᠲᠡᠭᠡ᠂ ᠰᠡᠳᠬᠦᠯ᠂ ︽ᠪᠢᠴᠢᠯ ᠪᠦᠷᠭᠡ ᠵᠢᠷᠭᠢᠶ᠎ᠡ | ᠪᠢᠴᠢᠯ ᠸᠢᠳᠢᠤ᠋ ᠰᠢᠯᠵᠢᠶ᠎ᠡ︾ ᠵᠡᠷᠭᠡ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠵᠢᠭᠰᠠᠭᠠᠯ ᠤᠨ ᠭᠠᠵᠠᠷ ᠢ ᠰᠠᠶᠢᠲᠤᠷ | ᠠᠰᠢᠭᠯᠠᠵᠤ᠂ ᠭᠦᠨ ᠵᠤᠵᠠᠭᠠᠨ ᠥᠭᠡᠷᠡᠴᠢᠯᠡᠯᠲᠡ ᠶᠢᠨ ᠠᠭᠤᠷ ᠠᠮᠢᠰᠬᠤᠯ ᠢ ᠪᠤᠶ ᠪᠣᠯᠭᠠᠪᠠ᠃ ᠪᠠᠶᠢᠭᠤᠯᠭ᠎ᠠ ᠶᠢᠨ | ᠨᠠᠮ ᠤᠨ ᠪᠠᠶᠢᠭᠤᠯᠤᠯᠲᠠ ᠶᠢᠨ ᠰᠤᠳᠤᠯᠭᠠᠨ ᠢ ᠴᠢᠩᠭᠠᠳᠬᠠᠵᠤ᠂ ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ | ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ︾ ᠶᠢ | ᠭᠤᠣᠯᠳᠠᠯᠭ᠎ᠠ ᠲᠠᠢ ᠰᠡᠳᠦᠪ ᠪᠣᠯᠭᠠᠨ᠂ ︽ᠨᠠᠮ ᠤᠨ ᠪᠠᠶᠢᠭᠤᠯᠤᠯᠲᠠ ᠶᠢᠨ ᠳᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠪᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ | ᠦᠢᠯᠡᠳᠦᠯᠭᠡ ᠶᠢ ᠠᠬᠢᠭᠤᠯᠬᠤ︾ ᠣᠨᠣᠯ ᠤᠨ ᠡᠬᠡ ᠪᠢᠴᠢᠭ ᠡᠯᠰᠡᠬᠦ ᠠᠵᠢᠯᠯᠠᠭ᠎ᠠ ᠶᠢ ᠥᠷᠨᠢᠭᠦᠯᠪᠡ᠃ | ᠥᠪᠥᠷ ᠮᠣᠩᠭᠤᠯ ᠤᠨ ᠡᠳᠦᠷ ᠤᠨ ᠰᠣᠨᠢᠨ᠄ ᠨᠠᠮ ᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ︽ᠲᠣᠭᠲᠠᠭᠠᠯ︾ ᠳᠤ ︽ᠨᠠᠮ ᠤᠨ ᠵᠣᠬᠢᠶᠠᠨ | ᠪᠠᠶᠢᠭᠤᠯᠤᠯᠲᠠ ᠶᠢᠨ ᠤᠯᠤᠰ ᠲᠥᠷᠥ ᠶᠢᠨ ᠴᠢᠳᠠᠮᠵᠢ ᠪᠠ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ | ᠴᠢᠩᠭᠠᠷᠠᠭᠤᠯᠤᠨ᠎ᠠ︾᠂ ︽ᠨᠠᠮ ᠤᠨ ᠭᠡᠰᠢᠭᠦᠨ ᠤ ᠬᠥᠮᠦᠵᠢᠯ ᠬᠠᠮᠢᠶᠠᠷᠤᠯᠲᠠ᠂ ᠦᠢᠯᠡᠳᠦᠯ ᠢ ᠪᠠᠳᠠᠷᠠᠭᠤᠯᠬᠤ | ᠲᠣᠭᠲᠠᠴᠠ ᠶᠢ ᠲᠡᠭᠦᠯᠳᠡᠷᠵᠢᠭᠦᠯᠦᠨ᠎ᠡ︾ ᠭᠡᠵᠦ ᠳᠤᠷᠠᠳᠴᠠᠢ᠃ ᠲᠡᠭᠡᠪᠡᠯ᠂ ᠥᠭᠡᠷᠡᠴᠢᠯᠡᠯᠲᠡ ᠶᠢ ᠠᠬᠢᠭᠤᠯᠬᠤ ᠳᠤᠮᠳᠠ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ | ᠨᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠪᠠ | ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠬᠡᠷᠬᠢᠨ ᠰᠠᠶᠢᠲᠤᠷ ᠪᠠᠳᠠᠷᠠᠭᠤᠯᠤᠭᠰᠠᠨ ᠪᠤᠶ︖ | ᠰᠦᠨ ᠠᠢ ᠹᠠᠩ᠄ ᠪᠢᠳᠡ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢᠶᠠᠨ ᠭᠦᠢᠴᠡᠳ | ᠪᠠᠳᠠᠷᠠᠭᠤᠯᠵᠤ᠂ ᠲᠦᠷᠦᠭᠦᠯᠡᠨ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠥᠭᠡᠷᠡᠴᠢᠯᠡᠯᠲᠡ ᠬᠢᠵᠦ | ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠴᠢᠩᠭᠠᠳᠬᠠᠪᠠ᠃ ᠳᠤᠲᠠᠭᠤᠳᠠᠯ ᠢ ᠨᠥᠬᠦᠪᠦᠷᠢᠯᠡᠬᠦ᠂ ᠪᠠᠭᠤᠷᠠᠢ | ᠲᠠᠯ᠎ᠠ ᠶᠢ ᠬᠦᠴᠦᠷᠬᠡᠭᠵᠢᠭᠦᠯᠬᠦ ᠪᠠ ᠶᠠᠰᠤ ᠴᠢᠨᠠᠷ ᠢ ᠳᠡᠭᠡᠭᠰᠢᠯᠡᠭᠦᠯᠭᠦ᠂ ᠴᠢᠳᠠᠮᠵᠢ ᠶᠢ ᠴᠢᠩᠭᠠᠷᠠᠭᠤᠯᠬᠤ ᠶᠢ ᠵᠡᠷᠭᠡ ᠪᠠᠷ | ᠠᠳᠬᠤᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ | ᠪᠦᠭᠦᠳᠡ ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ︽ᠤᠮᠠᠷᠠᠲᠤ ᠬᠢᠯᠢ ᠶᠢᠨ ᠵᠢᠱᠢᠶᠡᠴᠢ ᠪᠠᠶᠢᠭᠤᠯᠭ᠎ᠠ︾ ᠶᠢ ᠡᠭᠦᠳᠦᠨ | ᠪᠠᠶᠢᠭᠤᠯᠬᠤ᠂ ᠪᠠᠲᠤ ᠴᠢᠩᠭ᠎ᠠ ᠪᠠᠬᠢᠯᠡᠯᠲᠡ ᠶᠢᠨ ︽ᠵᠢᠱᠢᠶᠡᠴᠢ︾ ᠨᠠᠮ ᠤᠨ ᠡᠭᠦᠷ ᠢ ᠡᠭᠦᠳᠦᠨ ᠪᠠᠶᠢᠭᠤᠯᠬᠤ᠂ ︽ | ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠳᠥᠷᠪᠡᠨ ᠰᠠᠶᠢᠲᠠᠢ ᠨᠠᠮ ᠤᠨ ᠭᠡᠰᠢᠭᠦᠨ ᠪᠤᠯᠬᠤ ᠪᠠᠷ | ᠴᠢᠷᠮᠠᠶᠢᠬᠤ︾ ᠠᠵᠢᠯᠯᠠᠭ᠎ᠠ ᠶᠢᠨ ᠭᠤᠣᠯᠳᠠᠯᠭ᠎ᠠ ᠲᠠᠢ ᠠᠭᠤᠯᠭ᠎ᠠ ᠳᠤ ᠣᠷᠣᠭᠤᠯᠵᠤ᠂ ᠥᠪᠥᠷ ᠮᠣᠩᠭᠤᠯ ᠤᠨ ᠴᠠᠭ | ᠠᠭᠤᠷ ᠤᠨ ᠳ᠋ᠠᠶᠢᠲ᠋ᠠ ᠶᠢᠨ ᠲᠥᠪ ᠤᠨ ᠠᠵᠢᠯ ᠤᠨ ᠪᠠᠶᠢᠷᠢᠨ ᠳᠤ ᠪᠠᠶᠢᠭ᠎ᠠ ᠨᠠᠮ ᠤᠨ ᠡᠭᠦᠷ᠂ ᠥᠪᠡᠷᠲᠡᠭᠡᠨ ᠵᠠᠰᠠᠬᠤ | ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠤᠯᠤᠰ ᠠᠷᠠᠳ ᠤᠨ ᠠᠵᠤ ᠠᠬᠤᠢ ᠶᠢᠨ ᠲᠣᠭᠠᠴᠠᠭ᠎ᠠ ᠬᠢᠬᠦ | ᠭᠠᠵᠠᠷ ᠤᠨ ᠨᠠᠮ ᠤᠨ ᠡᠭᠦᠷ ᠵᠡᠷᠭᠡ 17 ᠨᠠᠮ ᠤᠨ ᠡᠭᠦᠷ ᠪᠠᠲᠤ ᠴᠢᠩᠭ᠎ᠠ ᠪᠠᠬᠢᠯᠡᠯᠲᠡ ᠶᠢᠨ ︽ᠵᠢᠱᠢᠶᠡᠴᠢ︾ ᠨᠠᠮ ᠤᠨ | ᠡᠭᠦᠷ ᠢᠶᠠᠷ ᠦᠨᠡᠯᠡᠭᠳᠡᠪᠡ᠃ ᠠᠵᠢᠯ ᠤᠨ ᠪᠠᠶᠢᠷᠢ ᠳᠠᠭᠠᠨ ᠭᠠᠪᠢᠶ᠎ᠠ ᠪᠠᠶᠢᠭᠤᠯᠬᠤ ᠶᠢ ᠤᠯᠠᠮ ᠨᠢᠭᠡ ᠠᠯᠬᠤᠮ | ᠠᠬᠢᠭᠤᠯᠵᠤ᠂ ︽ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ | ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠦᠨᠳᠦᠰᠦᠨ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠳᠠᠶᠢᠴᠢᠯᠠᠵᠤ ᠲᠣᠰ ᠰᠠᠯᠠᠭ᠎ᠠ ᠮᠥᠴᠢᠷ ᠤᠨ ᠡᠭᠦᠷᠭᠡᠯᠡᠵᠦ | ᠪᠠᠶᠢᠭ᠎ᠠ ᠥᠭᠡᠷᠡᠴᠢᠯᠡᠯᠲᠡ ᠶᠢᠨ ᠡᠭᠦᠷᠭᠡ ᠲᠠᠢ ᠤᠶᠠᠯᠳᠤᠭᠤᠯᠤᠨ᠂ ᠨᠠᠮ ᠤᠨ ᠡᠭᠦᠷ ᠢ ᠥᠭᠡᠷᠡᠴᠢᠯᠡᠯᠲᠡ ᠬᠢᠵᠦ | ᠰᠢᠨ᠎ᠡ ᠶᠢ ᠡᠭᠦᠳᠬᠦ ᠪᠦᠯᠭᠦᠮ᠂ ᠠᠵᠢᠯᠯᠠᠬᠤ ᠳᠤᠭᠤᠶᠢᠯᠠᠩ᠂ ᠲᠥᠷᠥᠯ ᠵᠦᠢᠯ ᠤᠨ ᠭᠠᠪᠰᠢᠭᠠᠢ ᠠᠩᠭᠢ ᠳᠤ | ᠪᠠᠶᠢᠭᠤᠯᠬᠤ ᠶᠢ ᠢᠳᠡᠪᠬᠢᠲᠡᠢ ᠰᠦᠪᠡᠭᠴᠢᠯᠡᠵᠦ᠂ ᠨᠠᠮ ᠤᠨ ᠭᠡᠰᠢᠭᠦᠨ ᠤ ᠵᠢᠱᠢᠶ᠎ᠡ ᠦᠵᠡᠭᠦᠯᠭᠦ ᠠᠵᠢᠯ ᠤᠨ ᠪᠠᠶᠢᠷᠢ᠂ | ᠬᠤᠰᠢᠭᠤᠴᠢ ᠭᠠᠪᠰᠢᠭᠠᠢ ᠠᠩᠭᠢ ᠵᠡᠷᠭᠡ ᠶᠢᠨ ᠵᠢᠱᠢᠶ᠎ᠡ ᠦᠵᠡᠭᠦᠯᠵᠦ ᠳᠠᠶᠢᠴᠢᠯᠠᠬᠤ ᠦᠢᠯᠡᠳᠦᠯ ᠢ ᠰᠠᠶᠢᠲᠤᠷ | ᠪᠠᠳᠠᠷᠠᠭᠤᠯᠪᠠ᠃ ᠨᠠᠮ ᠤᠨ ᠪᠠᠶᠢᠭᠤᠯᠤᠯᠲᠠ ᠬᠢᠭᠡᠳ ᠥᠭᠡᠷᠡᠴᠢᠯᠡᠯᠲᠡ ᠶᠢᠨ ᠡᠭᠦᠷᠭᠡ ᠶᠢᠨ ᠠᠭᠤᠰᠤᠯᠴᠠᠯ ᠢ | ᠭᠦᠨᠵᠡᠭᠡᠶᠢᠷᠡᠭᠦᠯᠵᠦ᠂ ︽ᠨᠠᠮ ᠤᠨ ᠪᠠᠶᠢᠭᠤᠯᠤᠯᠲᠠ + ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ︾᠂ ︽ᠨᠠᠮ ᠤᠨ | ᠪᠠᠶᠢᠭᠤᠯᠤᠯᠲᠠ + ᠬᠦᠴᠢᠷ ᠢ ᠳᠤᠭᠤᠯᠤᠨ ᠪᠡᠷᠬᠡ ᠶᠢ ᠳᠠᠪᠠᠭ᠋ᠤ︾ ᠶᠢ ᠠᠬᠢᠭᠤᠯᠵᠤ᠂ ︽ᠨᠢᠭᠡ ᠨᠠᠮ ᠤᠨ ᠡᠭᠦᠷ ᠨᠢᠭᠡ | ᠲᠦᠷᠦᠯ ᠲᠡᠮᠳᠡᠭ︾ ᠢ ᠴᠣᠭᠴᠠᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ | ᠲᠢᠩᠬᠢᠮ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠭᠡᠷ ᠤᠨ ᠨᠠᠮ ᠤᠨ ᠡᠭᠦᠷ ︽︿1 + 3﹀ ᠶᠢᠨ ᠵᠠᠭᠪᠤᠷ ᠢ | ᠪᠠᠷᠢᠮᠲᠠᠯᠠᠵᠤ ᠨᠠᠮ ᠤᠨ ᠪᠠᠶᠢᠭᠤᠯᠤᠯᠲᠠ ᠪᠠ ᠲᠤᠬᠠᠶᠢᠯᠠᠭᠰᠠᠨ ᠠᠵᠢᠯ ᠤᠨ ᠬᠠᠷᠢᠯᠴᠠᠨ ᠠᠭᠤᠰᠤᠯᠴᠠᠵᠤ ᠬᠠᠷᠢᠯᠴᠠᠨ | ᠠᠬᠢᠭᠤᠯᠵᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠪᠦᠳᠦᠮᠵᠢ ᠶᠢ ᠨᠡᠮᠡᠭᠳᠡᠭᠦᠯᠬᠦ ᠶᠢ ᠠᠬᠢᠭᠤᠯᠬᠤ︾᠂ ᠥᠪᠡᠷᠲᠡᠭᠡᠨ | ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠤᠯᠤᠰ ᠲᠥᠷᠥ ᠬᠠᠤᠯᠢ ᠴᠠᠭᠠᠵᠠ ᠶᠢᠨ ᠭᠠᠵᠠᠷ ︵ᠤᠯᠤᠰ | ᠲᠥᠷᠥ ᠬᠠᠤᠯᠢ ᠴᠠᠭᠠᠵᠠ ᠶᠢᠨ ᠲᠥᠪ︶ ᠤᠨ ᠨᠠᠮ ᠤᠨ ᠡᠭᠦᠷ ᠤᠨ ︽︿ᠨᠠᠮ ᠤᠨ ᠪᠠᠶᠢᠭᠤᠯᠤᠯᠲᠠ ᠪᠠᠷ ᠬᠥᠲᠥᠯᠥᠨ | ᠳᠠᠭᠠᠭᠤᠯᠬᠤ᠂ ᠤᠯᠤᠰ ᠲᠥᠷᠥ ᠬᠠᠤᠯᠢ ᠴᠠᠭᠠᠵᠠ ᠶᠢᠨ ᠨᠠᠷᠢᠯᠢᠭᠵᠢᠭᠰᠠᠨ ᠠᠵᠢᠯ﹀ ᠤᠨ ᠨᠠᠮ ᠤᠨ ᠡᠭᠦᠷ ᠤᠨ ᠲᠦᠷᠦᠯ | ᠲᠡᠮᠳᠡᠭ ᠢ ᠴᠣᠭᠴᠠᠯᠠᠵᠤ ᠪᠦᠭᠦ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠴᠢᠨᠠᠷ ᠰᠠᠶᠢᠲᠠᠢ | ᠬᠥᠭᠵᠢᠯᠲᠡ ᠳᠤ ᠦᠢᠯᠡᠴᠢᠯᠡᠭᠡ ᠪᠠᠲᠤᠯᠠᠭ᠎ᠠ ᠬᠠᠩᠭᠠᠬᠤ ᠳᠤ ᠡᠳ᠋ ᠤᠨ ᠵᠠᠰᠠᠭ ᠤᠨ ᠬᠦᠴᠦᠨ ᠴᠢᠳᠠᠯ ᠢᠶᠠᠨ ᠡᠷᠭᠦᠬᠦ︾ | ᠵᠡᠷᠭᠡ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠭᠰᠡᠨ 36 ᠬᠡᠷᠡᠭ ᠤᠨ ᠵᠢᠱᠢᠶ᠎ᠡ ᠨᠢ ᠪᠠᠶᠢᠭᠤᠯᠭ᠎ᠠ ᠶᠢᠨ ᠨᠠᠮ ᠤᠨ | ᠪᠠᠶᠢᠭᠤᠯᠤᠯᠲᠠ ᠶᠢᠨ ᠣᠨᠴᠠᠯᠢᠭᠲᠤ ᠬᠡᠷᠡᠭ ᠤᠨ ᠵᠢᠱᠢᠶ᠎ᠡ ᠪᠠᠷ ᠦᠨᠡᠯᠡᠭᠳᠡᠪᠡ᠃ | ᠥᠪᠥᠷ ᠮᠣᠩᠭᠤᠯ ᠤᠨ ᠡᠳᠦᠷ ᠤᠨ ᠰᠣᠨᠢᠨ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ ᠬᠡᠷᠬᠢᠨ ᠰᠤᠷᠲᠠᠯ ᠢᠶᠠᠨ ᠤᠯᠠᠮ ᠨᠢᠭᠡ ᠠᠯᠬᠤᠮ | ᠰᠠᠶᠢᠵᠢᠷᠠᠭᠤᠯᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ | ᠬᠥᠩᠭᠡᠷᠡᠭᠦᠯᠬᠦ ᠶᠢ ᠦᠷᠭᠦᠯᠵᠢᠯᠡᠨ ᠠᠬᠢᠭᠤᠯᠤᠭᠰᠠᠨ ᠪᠤᠶ︖ | ᠰᠦᠨ ᠠᠢ ᠹᠠᠩ᠄ ᠪᠢᠳᠡ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠪᠣᠳᠠᠲᠠᠢ ᠠᠳᠬᠤᠵᠤ᠂ | ᠪᠣᠳᠠᠲᠠᠢ ᠠᠵᠢᠯᠯᠠᠵᠤ ᠲᠡᠷᠢᠭᠦᠨ ᠳᠤ ᠣᠷᠣᠬᠤ ᠭᠤᠣᠯ ᠬᠦᠴᠦᠨ ᠪᠤᠯᠬᠤ ᠪᠠᠷ ᠴᠢᠷᠮᠠᠶᠢᠪᠠ᠃ ᠲᠣᠰ ᠪᠡᠶ᠎ᠡ ᠠᠴᠠ ᠪᠠᠨ | ᠡᠬᠢᠯᠡᠨ ᠥᠭᠡᠷᠡᠴᠢᠯᠡᠵᠦ᠂ ᠠᠵᠢᠯ ᠤᠨ ᠬᠤᠷᠢᠶ᠎ᠠ ᠶᠢᠨ ᠪᠠᠶᠢᠭᠤᠯᠭ᠎ᠠ ᠶᠢᠨ ᠳᠣᠲᠣᠭᠠᠳᠤ ᠶᠢᠨ ᠬᠡᠰᠡᠭ | ᠪᠠᠶᠢᠭᠤᠯᠤᠮᠵᠢ ᠶᠢᠨ ᠡᠭᠦᠷᠭᠡ ᠴᠢᠳᠠᠪᠬᠢ ᠲᠤᠰᠢᠶᠠᠯ ᠬᠠᠷᠢᠭᠤᠴᠠᠯᠭ᠎ᠠ ᠶᠢ ᠵᠣᠬᠢᠰᠲᠠᠢ ᠲᠣᠬᠢᠷᠠᠭᠤᠯᠤᠨ ᠵᠢᠷᠤᠮᠵᠢᠭᠤᠯᠵᠤ᠂ | ᠡᠯ᠎ᠡ ᠰᠠᠯᠠᠭ᠎ᠠ ᠮᠥᠴᠢᠷ ᠤᠨ ᠡᠭᠦᠷᠭᠡ ᠴᠢᠳᠠᠪᠬᠢ ᠶᠢᠨ ᠲᠣᠬᠢᠷᠠᠭᠤᠯᠤᠯᠲᠠ ᠶᠢᠨ ᠲᠠᠯ᠎ᠠ ᠪᠠᠷ ᠨᠠᠩ ᠰᠢᠨᠵᠢᠯᠡᠬᠦ | ᠤᠬᠠᠭᠠᠨᠴᠢ ᠪᠥᠭᠡᠳ ᠵᠦᠢ ᠵᠣᠬᠢᠰᠲᠠᠢ᠂ ᠠᠵᠢᠯᠯᠠᠭᠠᠨ ᠤ ᠬᠠᠮᠢᠶᠠᠷᠤᠯᠲᠠ ᠶᠢᠨ ᠲᠠᠯ᠎ᠠ ᠪᠠᠷ ᠨᠠᠩ ᠰᠢᠯᠤᠭᠤᠳᠬᠠᠨ | ᠪᠥᠭᠡᠳ ᠥᠨᠳᠥᠷ ᠪᠦᠲᠦᠮᠵᠢᠲᠡᠶ ᠪᠠᠶᠢᠬᠤ ᠶᠢ ᠠᠬᠢᠭᠤᠯᠪᠠ᠃ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠬᠢᠨᠠᠨ | ᠰᠢᠯᠭᠠᠬᠤ ᠠᠴᠠ ᠡᠬᠢᠯᠡᠨ ᠥᠭᠡᠷᠡᠴᠢᠯᠡᠵᠦ᠂ ᠬᠢᠨᠠᠨ ᠰᠢᠯᠭᠠᠬᠤ ᠭᠦᠢᠴᠡᠳᠬᠡᠯ ᠲᠤᠭ᠎ᠠ ᠶᠢ ᠳᠥᠭᠦᠮᠴᠢᠯᠡᠵᠦ᠂ ᠬᠢᠨᠠᠨ | ᠰᠢᠯᠭᠠᠬᠤ ᠠᠷᠭ᠎ᠠ ᠭᠡᠯᠪᠡᠷᠢ ᠶᠢ ᠰᠢᠯᠢᠳᠡᠭᠵᠢᠭᠦᠯᠵᠦ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢ ᠡᠳᠦᠷ | ᠲᠤᠲᠤᠮ ᠤᠨ ᠠᠵᠢᠯ ᠳᠤᠮᠳᠠ ᠪᠠᠨ ᠠᠳᠬᠤᠵᠤ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ ᠶᠢ ᠠᠬᠢᠭᠤᠯᠤᠨ᠎ᠠ᠃ | ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ | ᠦᠷᠭᠦᠯᠵᠢᠯᠡᠨ ᠠᠬᠢᠭᠤᠯᠵᠤ᠂ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ︽ᠪᠠᠷᠢᠮᠵᠢᠶ᠎ᠠ ᠶᠢ ᠳᠡᠭᠡᠭᠰᠢᠯᠡᠭᠦᠯᠭᠦ᠂ | ᠬᠤᠷᠳᠤᠴᠠ ᠶᠢ ᠲᠦᠷᠭᠡᠳᠬᠡᠬᠦ᠂ ᠦᠷ᠎ᠡ ᠪᠦᠲᠦᠮᠵᠢ ᠶᠢ ᠳᠡᠭᠡᠭᠰᠢᠯᠡᠭᠦᠯᠭᠦ︾ ᠲᠤᠰᠬᠠᠢ ᠠᠵᠢᠯᠯᠠᠭ᠎ᠠ ᠶᠢ | ᠭᠦᠨᠵᠡᠭᠡᠶᠢᠷᠡᠭᠦᠯᠦᠨ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠴᠠᠭ ᠬᠦᠴᠦ ᠪᠠᠨ | ᠥᠭᠡᠷᠡᠴᠢᠯᠡᠯᠲᠡ ᠶᠢ ᠠᠳᠬᠤᠬᠤ᠂ ᠬᠥᠭᠵᠢᠯᠲᠡ ᠶᠢ ᠠᠬᠢᠭᠤᠯᠬᠤ ᠳᠡᠭᠡᠷ᠎ᠡ ᠲᠥᠪᠯᠡᠷᠡᠭᠦᠯᠪᠡ᠃ ᠪᠣᠳᠠᠲᠠᠢ ᠠᠵᠢᠯ | ᠶᠠᠪᠤᠳᠠᠯ ᠢ ᠴᠡᠭᠴᠡᠯᠡᠨ ᠰᠠᠶᠢᠵᠢᠷᠠᠭᠤᠯᠬᠤ ᠠᠴᠠ ᠡᠬᠢᠯᠡᠨ᠂ ᠦᠨᠳᠦᠰᠦᠨ ᠱᠠᠲᠤᠨ ᠤ ᠵᠠᠰᠠᠯᠲᠠ ᠶᠢᠨ ︽ᠴᠢᠳᠠᠯ ᠠᠴᠠ | ᠨᠢ ᠠᠬᠠᠳᠠᠭᠤᠯᠬᠤ︾ ᠮᠡᠳᠡᠭᠦᠯᠦᠯᠲᠡ ᠶᠢᠨ ᠬᠦᠰᠦᠨᠦᠭᠲᠦ ᠡᠬᠡ ᠲᠠᠩᠰᠠ ᠶᠢᠨ ᠡᠭᠦᠷᠭᠡ ᠶᠢ ᠬᠦᠨᠳᠦᠷᠡᠭᠦᠯᠬᠦ | ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠪᠣᠳᠠᠲᠠᠢ ᠨᠠᠷᠢᠯᠢᠭ ᠠᠳᠬᠤᠪᠠ᠃ | ᠳᠦᠷᠢᠮ ᠲᠣᠭᠲᠠᠴᠠ ᠶᠢ ᠥᠭᠡᠷᠡᠴᠢᠯᠡᠬᠦ ᠠᠴᠠ ᠡᠬᠢᠯᠡᠨ᠂ ︽ᠥᠪᠡᠷᠲᠡᠭᠡᠨ ᠵᠠᠰᠠᠬᠤ ᠣᠷᠣᠨ ᠤ | ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ | ᠰᠠᠶᠢᠵᠢᠷᠠᠭᠤᠯᠬᠤ ᠲᠤᠬᠠᠢ ᠰᠠᠨᠠᠯ︾ ᠢ ᠭᠦᠨᠵᠡᠭᠡᠢ ᠨᠠᠶᠢᠳᠠᠪᠤᠷᠢᠵᠢᠭᠤᠯᠵᠤ᠂ ︽ᠴᠢᠨᠠᠷ ᠰᠠᠶᠢᠲᠠᠢ ᠨᠠᠮ ᠤᠨ | ᠪᠠᠶᠢᠭᠤᠯᠤᠯᠲᠠ ᠪᠠᠷ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠢ ᠬᠥᠲᠥᠯᠥᠨ ᠳᠠᠭᠠᠭᠤᠯᠵᠤ᠂ ᠰᠢᠨ᠎ᠡ ᠵᠠᠮ ᠨᠡᠭᠡᠭᠡᠨ | ᠳᠤᠮᠳᠠ ᠲᠦᠪᠰᠢᠨ ᠳᠤ ᠣᠷᠣᠬᠤ ᠬᠠᠷᠠᠯᠲᠠ ᠶᠢ ᠪᠡᠶᠡᠯᠡᠭᠦᠯᠬᠦ ᠳᠤᠮᠳᠠ ᠬᠤᠰᠢᠭᠤᠴᠢ ᠵᠢᠱᠢᠶᠡᠴᠢ ᠪᠤᠯᠬᠤ ᠲᠤᠬᠠᠢ | ᠰᠠᠨᠠᠯ︾ ᠢ ᠳᠠᠷᠤᠮᠠᠯᠯᠠᠨ ᠲᠠᠷᠬᠠᠭᠠᠵᠤ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ | ᠪᠠᠲᠤᠯᠠᠬᠤ ᠪᠣᠳᠠᠲᠤ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ | ᠥᠪᠥᠷ ᠮᠣᠩᠭᠤᠯ ᠤᠨ ᠡᠳᠦᠷ ᠤᠨ ᠰᠣᠨᠢᠨ᠄ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ | ᠯᠠᠪᠳᠠᠭᠤᠨ ᠪᠠᠲᠤᠲᠠᠢ ᠠᠬᠢᠭᠤᠯᠵᠤ᠂ ᠨᠢᠭᠡ ᠴᠣᠭᠴᠠᠵᠢᠭᠰᠠᠨ ᠬᠠᠮᠲᠤᠷᠠᠯ ᠬᠦᠴᠦᠨ ᠢ ᠪᠦᠷᠢᠯᠳᠦᠭᠦᠯᠬᠦ ᠶᠢᠨ ᠲᠥᠯᠥᠭᠡ | ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ | ᠬᠤᠷᠢᠶ᠎ᠠ ᠪᠠᠰᠠ ᠠᠯᠢ ᠲᠠᠯ᠎ᠠ ᠪᠠᠷ ᠦᠷᠭᠦᠯᠵᠢᠯᠡᠨ ᠬᠦᠴᠦᠯᠡᠬᠦ ᠪᠤᠶ︖ | ᠰᠦᠨ ᠠᠢ ᠹᠠᠩ᠄ ᠪᠢᠳᠡ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ | ᠨᠢᠭᠡᠴᠢ ᠶᠢᠨ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶ ᠤᠨ ᠪᠠᠶᠢᠭᠤᠯᠭ᠎ᠠ ᠶᠢᠨ ᠨᠠᠮ ᠤᠨ | ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠠᠵᠢᠯ ᠤᠨ ᠲᠣᠭᠲᠠᠴᠠ ᠶᠢ | ᠪᠠᠶᠢᠭᠤᠯᠬᠤ ᠶᠢ ᠠᠬᠢᠭᠤᠯᠵᠤ᠂ ᠲᠤᠰᠢᠶᠠᠯ ᠬᠠᠷᠢᠭᠤᠴᠠᠯᠭ᠎ᠠ ᠲᠣᠳᠣᠷᠬᠠᠢ᠂ ᠬᠠᠷᠠᠯᠲᠠ ᠲᠣᠳᠣᠷᠬᠠᠢ᠂ ᠭᠤᠭᠴᠤᠭ᠎ᠠ | ᠨᠢᠭᠡᠲᠡᠢ ᠬᠠᠷᠢᠭᠤᠴᠠᠯᠭ᠎ᠠ ᠶᠢᠨ ᠬᠡᠯᠬᠢᠶ᠎ᠡ ᠶᠢ ᠬᠦᠴᠦᠯᠡᠨ ᠪᠠᠶᠢᠭᠤᠯᠵᠤ᠂ ᠨᠠᠮ ᠤᠨ ᠤᠯᠤᠰ ᠲᠦᠷᠦ ᠶᠢᠨ ᠳᠠᠪᠠᠭᠤᠯᠢᠭ᠂ | ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ ᠥᠭᠡᠷᠡᠴᠢᠯᠡᠯᠲᠡ ᠶᠢᠨ ᠳᠠᠪᠠᠭᠤᠯᠢᠭ᠂ ᠬᠥᠭᠵᠢᠯᠲᠡ ᠶᠢᠨ ᠳᠠᠪᠠᠭᠤᠯᠢᠭ | ᠪᠣᠯᠭᠠᠨ ᠬᠤᠪᠢᠷᠠᠭᠤᠯᠤᠨ᠎ᠠ᠃ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠬᠤ᠂ ᠪᠠᠶᠢᠳᠠᠯ ᠢ ᠮᠡᠳᠡᠭᠳᠡᠬᠦ | ᠂ ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ᠂ ᠰᠤᠷᠪᠤᠯᠵᠢᠯᠠᠨ ᠶᠠᠷᠢᠯᠴᠠᠵᠤ ᠪᠣᠯᠵᠣᠨ ᠶᠠᠷᠢᠯᠴᠠᠬᠤ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ᠂ ᠠᠵᠢᠯ ᠤᠨ ᠬᠤᠷᠢᠶ᠎ᠠ ᠬᠢᠭᠡᠳ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ | ᠬᠤᠷᠢᠶ᠎ᠠ︶ ᠤᠨ ᠲᠣᠭᠲᠠᠮᠠᠯ ᠬᠤᠭᠤᠴᠠᠭ᠎ᠠ ᠲᠠᠢ ᠪᠠᠷ ᠨᠡᠪᠲᠡᠷᠡᠯᠴᠡᠬᠦ ᠪᠠ ᠠᠵᠢᠯ ᠤᠨ ᠵᠥᠪᠳᠡᠯᠴᠡᠬᠦ ᠲᠣᠭᠲᠠᠴᠠ ᠶᠢ | ᠰᠦᠪᠡᠭᠴᠢᠯᠡᠨ ᠪᠠᠶᠢᠭᠤᠯᠤᠨ᠎ᠠ᠃ ᠨᠠᠮ ᠤᠨ ᠠᠵᠢᠯ ᠤᠨ ᠺᠠᠳ᠋ᠷ ᠤᠨ ᠡ᠊ᠩᠨᠡᠭᠡ ᠶᠢ ᠬᠥᠮᠥᠵᠢᠭᠦᠯᠬᠦ ᠲᠣᠭᠲᠠᠴᠠ ᠶᠢ | ᠨᠠᠶᠢᠳᠠᠪᠤᠷᠢᠵᠢᠭᠤᠯᠵᠤ᠂ ᠪᠠᠶᠢᠭᠤᠯᠭ᠎ᠠ ᠶᠢᠨ ᠨᠠᠮ ᠤᠨ ᠭᠡᠰᠢᠭᠦᠨ ᠤᠳᠤᠷᠢᠳᠬᠤ ᠺᠠᠳ᠋ᠷ᠂ ᠲᠤᠰᠬᠠᠢ ᠲᠤᠰᠢᠶᠠᠯ | ᠬᠠᠪᠰᠤᠷᠭᠠᠭᠰᠠᠨ ᠨᠠᠮ ᠤᠨ ᠠᠵᠢᠯ ᠤᠨ ᠺᠠᠳ᠋ᠷ ᠤᠨ ᠬᠥᠮᠦᠵᠢᠯ ᠪᠣᠯᠪᠠᠰᠤᠷᠠᠯ ᠢ ᠴᠢᠩᠭᠠᠳᠬᠠᠵᠤ᠂ ᠰᠢᠨ᠎ᠡ ᠪᠠᠷ | ᠲᠤᠰᠢᠶᠠᠯ ᠡᠭᠦᠷᠭᠡᠯᠡᠭᠰᠡᠨ ᠪᠠᠶᠢᠭᠤᠯᠭ᠎ᠠ ᠶᠢᠨ ᠨᠠᠮ ᠤᠨ ᠬᠤᠷᠢᠶ᠎ᠠ᠂ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠶᠢᠨ ᠬᠠᠷᠢᠭᠤᠴᠠᠯᠭᠠᠲᠠᠨ ᠨᠥᠬᠦᠳ ᠲᠠᠢ ᠶᠠᠷᠢᠯᠴᠠᠬᠤ ᠳᠦᠷᠢᠮ ᠢ ᠦᠷᠭᠦᠯᠵᠢᠯᠡᠨ ᠲᠡᠭᠦᠯᠳᠡᠷᠵᠢᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠵᠡᠷᠭᠡ ᠰᠠᠯᠠᠭ᠎ᠠ ᠮᠥᠴᠢᠷ | ᠯᠦᠭᠡ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠠᠰᠠᠭᠤᠳᠠᠯ ᠢ ᠢᠯᠡᠷᠡᠭᠦᠯᠬᠦ᠂ ᠲᠣᠭᠲᠠᠭᠰᠠᠨ ᠬᠤᠭᠤᠴᠠᠭ᠎ᠠ ᠲᠠᠢ ᠪᠠᠷ | ᠴᠡᠭᠴᠡᠯᠡᠨ ᠰᠠᠶᠢᠵᠢᠷᠠᠭᠤᠯᠬᠤ᠂ ᠣᠨᠣᠪᠴᠢᠲᠠᠢ ᠪᠠᠷ ᠬᠠᠷᠢᠭᠤᠴᠠᠯᠭ᠎ᠠ ᠨᠡᠬᠡᠮᠵᠢᠯᠡᠬᠦ ᠪᠦᠲᠦᠮᠵᠢᠲᠡᠢ ᠨᠡᠪᠲᠡᠷᠡᠯᠴᠡᠬᠦ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠴᠤ ᠨᠠᠮ ᠤᠨ | ᠪᠠᠶᠢᠭᠤᠯᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠦᠴᠦᠷᠬᠡᠭ ᠶᠡᠭᠡ ᠬᠠᠮᠲᠤᠷᠠᠯ | ᠬᠦᠴᠦᠨ ᠢ ᠪᠦᠷᠢᠯᠳᠦᠭᠦᠯᠦᠨ᠎ᠡ᠃ |