ᠠᠵᠢᠯ ᠤᠨ ᠭᠤᠣᠯ ᠱᠤᠭᠤᠮ ᠢ ᠲᠤᠭᠤᠰᠢᠯᠠᠭᠤᠯᠬᠤ ᠳᠤ ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠤᠬᠠᠮᠰᠠᠷ ᠢ ᠦᠨᠡᠨ ᠬᠦ ᠪᠠᠲᠤ ᠪᠤᠶ ᠪᠤᠯᠭᠠᠬᠤ ᠬᠡᠷᠡᠭᠲᠡᠢ
ᠨᠡᠶᠢᠲᠡᠯᠡᠭᠰᠡᠨ ᠴᠠᠭ᠄
2024/12/31
                         ᠥᠪᠥᠷ ᠮᠣᠩᠭᠤᠯ ᠤᠨ ᠡᠳᠦᠷ ᠤᠨ ᠰᠣᠨᠢᠨ ᠪ᠊ ᠰᠢᠭᠦᠮᠵᠢᠯᠡᠭᠴᠢ                            ᠶᠡᠷᠦᠩᠬᠡᠢ ᠱᠦᠵᠢ ᠰᠢ ᠶᠢᠨ ᠫᠢᠩ᠄ ︽ᠭᠠᠭᠴᠠ ᠬᠦ ᠤᠯᠤᠰ ᠢᠶᠠᠨ ᠬᠠᠶᠢᠷᠠᠯᠠᠬᠤ ᠪᠠ ᠨᠠᠮ ᠢᠶᠠᠨ ᠬᠠᠶᠢᠷᠠᠯᠠᠬᠤ᠂ ᠨᠡᠶᠢᠭᠡᠮ ᠵᠢᠷᠤᠮ ᠢ ᠬᠠᠶᠢᠷᠠᠯᠠᠬᠤ ᠶᠢ ᠨᠢᠭᠡᠳᠬᠡᠬᠦ ᠶᠢ ᠪᠠᠷᠢᠮᠲᠠᠯᠠᠪᠠᠯ᠂ ᠤᠯᠤᠰ ᠢᠶᠠᠨ ᠬᠠᠶᠢᠷᠠᠯᠠᠬᠤ ᠦᠵᠡᠯ ᠰᠠᠶ᠋ᠢ ᠠᠮᠢᠳᠤᠯᠢᠭ᠂ ᠦᠨᠡᠨ ᠪᠣᠳᠠᠲᠠᠢ ᠪᠣᠯᠵᠤ ᠴᠢᠳᠠᠨ᠎ᠠ᠂ ᠡᠨᠡ ᠪᠣᠯ ᠤᠳᠤ ᠦᠶ᠎ᠡ ᠶᠢᠨ ᠳᠤᠮᠳᠠᠳᠤ ᠤᠯᠤᠰ ᠤᠨ ᠤᠯᠤᠰ ᠢᠶᠠᠨ ᠬᠠᠶᠢᠷᠠᠯᠠᠬᠤ ᠦᠵᠡᠯ ᠤᠨ ᠵᠣᠷᠢᠭ ᠰᠠᠨᠠᠭᠠᠨ ᠤ ᠬᠠᠮᠤᠭ ᠤᠨ ᠴᠢᠬᠤᠯᠠ ᠢᠯᠡᠷᠡᠯ ᠮᠥᠨ︾ ᠭᠡᠵᠦ ᠴᠢᠬᠤᠯᠠᠴᠢᠯᠠᠵᠠᠢ᠃ ᠥᠪᠥᠷ ᠮᠣᠩᠭᠤᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠱᠤᠭᠤᠮ ᠲᠠᠢ ᠨᠢᠭᠲᠠ ᠤᠶᠠᠯᠳᠤᠭᠤᠯᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠪᠠᠰᠠ ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠤᠬᠠᠮᠰᠠᠷ ᠢ ᠦᠨᠡᠨ ᠬᠦ ᠪᠠᠲᠤ ᠪᠤᠶ ᠪᠤᠯᠭᠠᠵᠤ᠂ ᠨᠠᠮ ᠤᠨ ᠠᠴᠢ ᠳᠤ ᠲᠠᠯᠠᠷᠬᠠᠬᠤ ᠰᠡᠳᠬᠢᠯᠭᠡ᠂ ᠡᠬᠡ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠥᠪᠥᠷ ᠮᠣᠩᠭᠤᠯ ᠤᠨ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠭᠴᠢ ᠬᠦᠴᠦᠨ ᠪᠣᠯᠭᠠᠨ ᠬᠤᠪᠢᠷᠠᠭᠤᠯᠬᠤ ᠴᠢᠬᠤᠯᠠᠲᠠᠢ᠃              ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠦᠨᠳᠦᠰᠦᠨ ᠱᠠᠭᠠᠷᠳᠠᠯᠭ᠎ᠠ ᠶᠢᠨ ᠨᠢᠭᠡ ᠪᠣᠯ ᠳᠠᠷᠤᠢ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠵᠤ᠂ ᠨᠠᠮ ᠤᠨ ᠦᠭᠡ ᠶᠢ ᠰᠣᠨᠣᠰᠴᠤ ᠨᠠᠮ ᠢᠶᠠᠨ ᠲᠠᠭᠠᠬᠤ ᠶᠠᠪᠤᠳᠠᠯ ᠪᠣᠯᠣᠨ᠎ᠠ᠃ ᠵᠢᠯ ᠭᠠᠷᠤᠢ ᠶᠢᠨ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ ᠲᠦᠮᠡᠨᠴᠢ ᠬᠥᠮᠦᠵᠢᠯ ᠢᠶᠠᠷ ᠳᠠᠮᠵᠢᠨ ᠂ ᠪᠦᠭᠦ ᠣᠷᠣᠨ ᠤ ᠥᠷᠭᠡᠨ ᠤᠯᠠᠨ ᠺᠠᠳ᠋ᠷ ᠤᠯᠠᠨ ᠲᠦᠮᠡᠨ ᠶᠡᠷᠦᠩᠬᠡᠢ ᠱᠦᠵᠢ ᠰᠢ ᠶᠢᠨ ᠫᠢᠩ ᠢ ᠨᠡᠩ ᠴᠢᠩ ᠰᠡᠳᠬᠢᠯ ᠠᠴᠠ ᠪᠠᠨ ᠡᠷᠡᠰ ᠲᠠᠭᠠᠵᠤ ᠰᠢᠨ᠎ᠡ ᠠᠶᠠᠨ ᠳᠠᠭᠠᠨ ᠡᠷᠡᠯᠬᠡᠭᠯᠡᠨ ᠤᠷᠤᠭᠰᠢᠯᠠᠵᠤ ᠪᠤᠢ᠂ ᠭᠡᠪᠡᠴᠦ ᠬᠡᠰᠡᠭ ᠬᠥᠮᠥᠰ ᠲᠣᠯᠣᠭᠠᠢ ᠲᠠᠷᠢᠬᠢᠨ ᠳᠠᠭᠠᠨ ᠰᠢᠩᠭᠡᠭᠡᠵᠦ ᠰᠡᠳᠬᠢᠯ ᠳᠡᠭᠡᠨ ᠬᠠᠳᠠᠩᠰᠢᠭᠤᠯᠤᠭᠰᠠᠨ ᠢᠶᠠᠷ ᠬᠦᠷᠦᠯᠴᠡᠬᠦ ᠦᠭᠡᠢ ᠪᠠᠶᠢᠵᠤ᠂ ᠬᠥᠮᠦᠵᠢᠯ ᠤᠨ ᠦᠷ᠎ᠡ ᠪᠦᠲᠦᠮᠵᠢ ᠢᠯᠡᠷᠬᠡᠢ ᠪᠢᠰᠢ ᠪᠠᠶᠢᠳᠠᠯ ᠣᠷᠣᠰᠢᠵᠤ ᠪᠠᠶᠢᠨ᠎ᠠ᠃ ︽ᠵᠢᠷᠭᠤᠭᠠᠨ ᠦᠭᠡ ᠶᠢᠨ ᠪᠣᠳᠠᠲᠤ ᠶᠠᠪᠤᠳᠠᠯ ᠪᠠ ᠶᠣᠰᠣ ᠤᠴᠢᠷ︾ ᠢ ᠪᠠᠲᠤ ᠴᠡᠭᠡᠵᠢᠯᠡᠵᠦ᠂ ᠠᠴᠢᠯᠠᠬᠤ ᠰᠡᠳᠬᠢᠯ ᠢ ᠢᠮᠠᠭᠲᠠ ᠡᠪᠦᠷᠯᠡᠵᠦ᠂ ᠡᠬᠡ ᠤᠯᠤᠰ ᠲᠠᠭᠠᠨ ᠵᠢᠳᠬᠦᠬᠦ ᠵᠣᠷᠢᠭ ᠢ ᠢᠮᠠᠭᠲᠠ ᠡᠪᠦᠷᠯᠡᠵᠦ᠂ ᠬᠠᠷᠠᠯᠲᠠ ᠪᠠᠨ ᠲᠣᠭᠲᠠᠭᠠᠨ ᠡᠷᠡᠮᠡᠬᠡᠶᠢᠯᠡᠨ ᠤᠷᠤᠭᠰᠢᠯᠠᠵᠤ᠂ ᠡᠬᠡ ᠤᠯᠤᠰ ᠤᠨ ᠤᠮᠠᠷᠠᠲᠤ ᠶᠢᠨ ᠦᠵᠡᠮᠵᠢ ᠶᠢᠨ ᠣᠷᠣᠨ ᠢᠶᠠᠨ ᠨᠡᠩ ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ ᠪᠠᠶᠢᠭᠤᠯᠪᠠᠯ ᠪᠢᠳᠡ ᠰᠠᠶ᠋ᠢ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶ᠎ᠠ ᠶᠢᠨ ᠥᠪᠥᠷ ᠮᠣᠩᠭᠤᠯ ᠳᠤ ᠲᠠᠯᠪᠢᠭᠰᠠᠨ ᠭᠦᠨ ᠳᠣᠲᠣᠨᠣ ᠬᠠᠯᠠᠮᠵᠢᠯᠠᠯ ᠪᠠ ᠬᠦᠰᠡᠯ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠶᠢᠵᠤ ᠴᠢᠳᠠᠨ᠎ᠠ᠃              ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠪᠣᠯ ᠨᠢᠭᠡ ᠵᠦᠢᠯ ᠤᠨ ᠭᠦᠨ ᠵᠤᠵᠠᠭᠠᠨ ᠬᠠᠶᠢᠷ᠎ᠠ ᠰᠡᠳᠬᠢᠯᠭᠡ ᠪᠤᠯᠬᠤ ᠪᠠᠷ ᠪᠠᠷᠠᠬᠤ ᠦᠭᠡᠢ ᠨᠡᠩ ᠴᠤ ᠶᠡᠭᠡ ᠶᠣᠰᠣ ᠶᠢ ᠲᠠᠨᠢᠬᠤ᠂ ᠶᠡᠭᠡ ᠲᠠᠯ᠎ᠠ ᠶᠢ ᠬᠠᠷᠠᠭᠠᠯᠵᠠᠬᠤ᠂ ᠬᠡᠪ ᠰᠤᠷᠲᠠᠯ ᠢ ᠡᠷᠭᠢᠮᠯᠡᠭᠦ᠂ ᠬᠤᠪᠢ ᠨᠡᠮᠡᠷᠢ ᠦᠵᠡᠭᠦᠯᠭᠦ ᠪᠠᠷ ᠴᠢᠷᠮᠠᠶᠢᠬᠤ᠂ ᠬᠠᠷᠢᠭᠤᠴᠠᠯᠭ᠎ᠠ ᠡᠭᠦᠷᠭᠡᠯᠡᠬᠦ ᠤᠯᠤᠰ ᠲᠦᠷᠦ ᠶᠢᠨ ᠤᠬᠠᠮᠰᠠᠷ ᠮᠥᠨ᠃ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠠᠭ ᠢᠮᠠᠭᠲᠠ ︽ᠤᠯᠤᠰ ᠤᠨ ᠶᠡᠭᠡ ᠶᠠᠪᠤᠳᠠᠯ︾ ᠢ ᠰᠡᠳᠬᠢᠯ ᠳᠡᠭᠡᠨ ᠪᠤᠳᠤᠵᠤ᠂ ᠤᠯᠤᠰ ᠤᠨ ᠠᠮᠢ ᠠᠬᠤᠢ ᠶᠢᠨ ᠠᠮᠤᠷ ᠲᠦᠪᠰᠢᠨ᠂ ᠡᠨᠧᠷᠭᠢ ᠶᠢᠨ ᠠᠮᠤᠷ ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ᠂ ᠠᠵᠤ ᠦᠢᠯᠡᠰ ᠤᠨ ᠠᠮᠤᠷ ᠲᠦᠪᠰᠢᠨ᠂ ᠬᠢᠯᠢ ᠬᠢᠵᠠᠭᠠᠷ ᠤᠨ ᠠᠮᠤᠷ ᠲᠦᠪᠰᠢᠨ ᠢ ᠦᠨᠡᠨ ᠬᠦ ᠰᠠᠶᠢᠲᠤᠷ ᠬᠠᠮᠠᠭᠠᠯᠠᠬᠤ ᠬᠡᠷᠡᠭᠲᠡᠢ᠃ ᠵᠢᠱᠢᠶᠡᠴᠢ ᠥᠪᠡᠷᠲᠡᠭᠡᠨ ᠵᠠᠰᠠᠬᠤ ᠣᠷᠣᠨ ᠪᠣᠯᠤᠭᠰᠠᠨ ᠤ ᠬᠤᠪᠢ ᠳᠤ᠂ ᠭᠤᠣᠯᠳᠠᠯᠭ᠎ᠠ ᠶᠢ ᠳᠤᠪᠤᠶᠢᠯᠭᠠᠵᠦ᠂ ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ ᠭᠠᠷᠳᠠᠴᠠ ᠶᠢ ᠪᠣᠳᠠᠲᠠᠶᠢᠵᠢᠭᠤᠯᠤᠨ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠨᠠᠮ  ᠢᠶᠠᠨ ᠲᠠᠭᠠᠬᠤ᠂ ᠨᠠᠮ ᠤᠨ ᠲᠥᠪ ᠬᠤᠷᠢᠶ᠎ᠠ ᠶᠢ ᠲᠠᠭᠠᠬᠤ ᠬᠤᠪᠢᠰᠬᠠᠯ ᠤᠨ ᠤᠳᠤᠮᠰᠢᠯ ᠢᠶᠠᠨ ᠦᠷᠭᠦᠯᠵᠢᠯᠡᠨ ᠤᠯᠠᠮᠵᠢᠯᠠᠵᠤ᠂ ︽ᠵᠢᠱᠢᠶᠡᠴᠢ︾ ᠶᠢ ᠡᠯ᠎ᠡ ᠬᠦᠷᠢᠶ᠎ᠡ ᠡᠯ᠎ᠡ ᠲᠠᠯ᠎ᠠ ᠳᠤ ᠢᠯᠡᠷᠡᠭᠦᠯᠬᠦ ᠪᠠᠷ ᠴᠢᠷᠮᠠᠶᠢᠬᠤ ᠬᠡᠷᠡᠭᠲᠡᠢ᠃              ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠨᠢ ᠬᠡᠶᠢᠰᠪᠦᠷᠢ ᠶᠠᠭᠤᠮ᠎ᠠ ᠪᠢᠰᠢ᠂ ᠬᠠᠷᠢᠨ ᠦᠨᠡᠨ ᠪᠣᠳᠠᠲᠠᠢ᠂ ᠨᠠᠷᠢᠯᠢᠭ ᠪᠣᠳᠠᠲᠠᠢ ᠶᠤᠮ᠂ ᠡᠷᠬᠡᠪᠰᠢ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠵᠤ᠂ ᠦᠢᠯᠡᠳᠦᠯᠭᠡ ᠶᠢᠨ ᠳᠤᠮᠳᠠ ᠢᠯᠡᠷᠡᠭᠦᠯᠬᠦ ᠬᠡᠷᠡᠭᠲᠡᠢ᠃ ᠪᠦᠭᠦ ᠣᠷᠣᠨ ᠤ ᠥᠷᠭᠡᠨ ᠤᠯᠠᠨ ᠺᠠᠳ᠋ᠷ ᠤᠯᠠᠨ ᠲᠦᠮᠡᠨ ᠴᠥᠮ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠲᠤᠬᠠᠶᠢᠯᠠᠭᠰᠠᠨ ᠠᠵᠢᠯ ᠤᠨ ᠪᠠᠶᠢᠷᠢ ᠠᠴᠠ ᠪᠠᠨ ᠡᠬᠢᠯᠡᠨ ᠬᠢᠵᠦ᠂ ᠤᠬᠠᠮᠰᠠᠷ ᠠᠴᠠ ᠪᠠᠨ ᠬᠤᠪᠢ ᠪᠡᠶ᠎ᠡ ᠪᠠᠨ ᠨᠠᠮ ᠪᠣᠯᠣᠨ ᠠᠷᠠᠳ ᠲᠦᠮᠡᠨ ᠤ ᠦᠢᠯᠡᠰ ᠲᠤ ᠠᠭᠤᠰᠤᠯᠴᠠᠭᠤᠯᠵᠤ᠂ ᠠᠯᠤᠰ ᠭᠡᠳᠦ ᠶᠢᠨ ᠵᠣᠷᠢᠯᠲᠠ ᠲᠠᠢ᠂ ᠥᠨᠳᠥᠷ ᠪᠠᠷᠢᠮᠵᠢᠶ᠎ᠠ ᠶᠢ ᠬᠥᠭᠡᠭᠡᠴᠡᠯᠳᠦᠬᠦ ᠰᠡᠳᠬᠢᠯᠭᠡ ᠪᠠᠷ ᠵᠠᠷᠯᠢᠭ ᠪᠠᠭᠤᠮᠠᠭᠴᠠ ᠬᠥᠳᠡᠯᠵᠦ᠂ ᠪᠤᠰᠢᠭᠤ ᠱᠠᠯᠠᠮᠠᠭᠠᠢ ᠠᠵᠢᠯᠯᠠᠬᠤ ᠰᠤᠷᠲᠠᠯ ᠢᠶᠠᠷ ᠵᠣᠷᠢᠭᠲᠠᠢ ᠰᠡᠳᠬᠢᠵᠦ ᠵᠣᠷᠢᠭᠲᠠᠢ ᠬᠢᠵᠦ᠂ ᠵᠣᠷᠢᠭᠲᠠᠢ ᠠᠵᠢᠯᠯᠠᠵᠤ ᠵᠣᠷᠢᠭᠲᠠᠢ ᠲᠡᠮᠡᠴᠡᠬᠦ ᠡᠷᠴᠢ ᠵᠣᠷᠢᠭ ᠢᠶᠠᠷ ᠡᠯ᠎ᠡ ᠲᠠᠯ᠎ᠠ ᠶᠢᠨ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠶᠠᠪᠤᠳᠠᠯ ᠪᠦᠭᠦᠨ ᠢ ᠰᠠᠶᠢᠲᠤᠷ ᠬᠢᠵᠦ᠂ ᠬᠦᠰᠡᠯᠡᠩ ᠢᠲᠡᠭᠡᠯ ᠪᠢᠰᠢᠷᠡᠯ ᠤᠨ ᠦᠢᠯᠡᠳᠦᠯᠭᠡᠵᠢᠭᠦᠯᠦᠭᠴᠢ᠂ ᠦᠨᠳᠦᠰᠦᠨ ᠱᠠᠲᠤᠨ ᠳᠤ ᠦᠨᠳᠦᠰᠦᠯᠡᠭᠰᠡᠨ ᠵᠠᠮ ᠨᠡᠭᠡᠭᠡᠭᠴᠢ᠂ ᠦᠨᠡᠨ ᠬᠦ ᠠᠳᠬᠤᠵᠤ ᠪᠣᠳᠠᠲᠠᠢ ᠠᠵᠢᠯᠯᠠᠬᠤ ᠲᠡᠮᠡᠴᠡᠭᠴᠢ ᠪᠤᠯᠬᠤ ᠪᠠᠷ ᠴᠢᠷᠮᠠᠶᠢᠬᠤ ᠬᠡᠷᠡᠭᠲᠡᠢ᠃              ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠤᠬᠠᠮᠰᠠᠷ ᠢ ᠰᠡᠳᠬᠢᠯ ᠵᠢᠷᠦᠬᠡᠨ ᠳᠡᠭᠡᠨ ᠬᠠᠳᠠᠩᠰᠢᠭᠤᠯᠪᠠᠯ ᠰᠠᠶ᠋ᠢ ᠴᠤᠭ ᠪᠠᠳᠠᠷᠠᠩᠭᠤᠢ ᠡᠷᠡᠮᠡᠬᠡᠶᠢᠯᠡᠨ ᠤᠷᠤᠭᠰᠢᠯᠠᠬᠤ ᠬᠦᠴᠦᠨ ᠢ ᠨᠡᠩ ᠰᠠᠶᠢᠲᠤᠷ ᠨᠢᠭᠲᠠᠷᠠᠭᠤᠯᠵᠤ ᠴᠢᠳᠠᠨ᠎ᠠ᠃ ︽ᠵᠢᠷᠭᠤᠭᠠᠨ ᠦᠭᠡ ᠶᠢᠨ ᠪᠣᠳᠠᠲᠤ ᠬᠡᠷᠡᠭ ᠪᠠ ᠶᠣᠰᠣ ᠤᠴᠢᠷ︾ ᠤᠨ ᠲᠡᠦᠬᠡᠨ ᠮᠠᠲ᠋ᠧᠷᠢᠶᠠᠯ ᠢ ᠠᠭᠤᠳᠠᠯᠤᠨ ᠡᠮᠬᠢᠳᠬᠡᠬᠦ ᠪᠠ ᠤᠬᠠᠭᠤᠯᠤᠨ ᠲᠠᠶᠢᠯᠪᠤᠷᠢᠯᠠᠬᠤ ᠲᠣᠭᠲᠠᠴᠠ ᠶᠢ ᠪᠦᠷᠢᠨᠰᠢᠭᠦᠯᠵᠦ᠂ ᠪᠠᠶᠢᠩᠭᠤᠵᠢᠭᠰᠠᠨ ᠬᠥᠮᠦᠵᠢᠯ ᠢ ᠦᠷᠭᠦᠯᠵᠢᠯᠡᠨ ᠥᠷᠨᠢᠭᠦᠯᠵᠦ᠂ ᠨᠠᠮ ᠪᠠ ᠵᠠᠰᠠᠭ ᠤᠨ ᠣᠷᠳᠣᠨ ᠤ ᠤᠯᠠᠨ ᠲᠦᠮᠡᠨ ᠳᠤ ᠪᠤᠶᠠᠨ ᠦᠢᠯᠡᠳᠬᠦ ᠴᠢᠷᠮᠠᠶᠢᠯᠭ᠎ᠠ᠂ ᠣᠯᠣᠭᠰᠠᠨ ᠠᠮᠵᠢᠯᠲᠠ ᠪᠦᠲᠦᠮᠵᠢ ᠶᠢ ᠲᠣᠳᠣᠷᠬᠠᠢ ᠶᠠᠷᠢᠵᠤ᠂ ᠬᠥᠮᠥᠰ ᠢ ᠬᠥᠲᠥᠯᠥᠨ ᠵᠢᠯᠤᠭᠤᠳᠴᠤ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠠᠮᠢᠳᠤᠯᠢᠭ ᠦᠢᠯᠡᠳᠦᠯᠭᠡ ᠳᠤ ᠬᠦᠴᠦᠯᠡᠨ ᠣᠷᠣᠯᠴᠠᠭᠤᠯᠬᠤ ᠬᠡᠷᠡᠭᠲᠡᠢ᠃              ᠥᠩᠭᠡᠷᠡᠭᠰᠡᠨ ᠢᠶᠠᠨ ᠡᠷᠭᠢᠴᠡᠭᠦᠯᠬᠦᠶ᠎ᠡ᠂ ᠢᠮᠠᠭᠲᠠ ᠨᠠᠮ ᠤᠨ ᠦᠭᠡ ᠶᠢ ᠰᠣᠨᠣᠰᠴᠤ ᠨᠠᠮ ᠢᠶᠠᠨ ᠲᠠᠭᠠᠬᠰᠠᠨ ᠠᠴᠠ ᠥᠪᠥᠷ ᠮᠣᠩᠭᠤᠯ ᠰᠠᠶ᠋ᠢ ᠭᠡᠷᠡᠯ ᠰᠠᠴᠤᠷᠠᠩᠭᠤᠢ ᠥᠴᠥᠭᠡᠳᠦᠷ ᠢ ᠥᠩᠭᠡᠷᠡᠭᠡᠪᠡ᠃ ᠠᠯᠤᠰ ᠤᠨ ᠵᠠᠮ  ᠢᠶᠠᠨ ᠪᠠᠷᠠᠯᠠᠬᠤᠶ᠎ᠠ᠂ ᠨᠡᠩ ᠡᠷᠡᠰ ᠪᠠᠲᠤ ᠪᠠᠷ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠪᠠᠯ ᠪᠢᠳᠡ ᠥᠪᠥᠷ ᠮᠣᠩᠭᠤᠯ ᠤᠨ ᠨᠡᠩ ᠰᠠᠶᠢᠨ ᠰᠠᠶᠢᠬᠠᠨ ᠢᠷᠡᠭᠡᠳᠦᠢ ᠶᠢ ᠴᠣᠭᠴᠠᠯᠠᠵᠤ ᠴᠢᠳᠠᠬᠤ ᠨᠢ ᠯᠠᠪᠲᠠᠢ᠃            
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号