| | - ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠦᠢᠯᠡᠴᠢᠯᠡᠭᠡᠨ ᠤ ᠦᠢᠯᠡᠰ ᠤᠨ | ᠬᠥᠭᠵᠢᠯᠲᠡ ᠶᠢᠨ ᠲᠤᠬᠠᠢ ᠬᠦᠦᠷᠨᠢᠯ | ︽ᠤᠯᠠᠨ ᠤᠯᠤᠰ ᠤᠨ ᠦᠢᠯᠡᠴᠢᠯᠡᠭᠡᠨ ᠤ ᠠᠷᠠᠯᠵᠢᠶᠠᠨ ᠤ ᠴᠤᠭᠯᠠᠭᠠᠨ ᠢ ᠨᠢᠭᠡᠨᠲᠡ ᠠᠷᠪᠠᠨ | ᠬᠤᠭᠤᠴᠠᠭ᠎ᠠ ᠠᠮᠵᠢᠯᠲᠠ ᠲᠠᠢ ᠡᠷᠭᠢᠯᠡᠵᠡᠢ᠂ ᠡᠨᠡ ᠪᠣᠯ ᠳᠤᠮᠳᠠᠳᠤ ᠤᠯᠤᠰ ᠤᠨ ᠦᠢᠯᠡᠴᠢᠯᠡᠭᠡᠨ ᠤ ᠦᠢᠯᠡᠰ ᠪᠣᠯᠣᠨ | ᠦᠢᠯᠡᠴᠢᠯᠡᠭᠡᠨ ᠤ ᠠᠷᠠᠯᠵᠢᠶᠠᠨ ᠤ ᠴᠢᠨᠠᠷ ᠰᠠᠶᠢᠲᠠᠢ ᠬᠥᠭᠵᠢᠯᠲᠡ ᠶᠢᠨ ᠠᠮᠢᠳᠤᠯᠢᠭ ᠵᠢᠷᠤᠭᠯᠠᠯ ᠮᠥᠨ᠂ ᠨᠡᠭᠡᠭᠡᠯᠲᠡᠲᠤ | ᠮᠠᠶ᠋ᠢᠭ ᠤᠨ ᠳᠡᠯᠡᠬᠡᠢ ᠶᠢᠨ ᠠᠵᠤ ᠠᠬᠤᠢ ᠶᠢ ᠪᠠᠶᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠵᠡᠢ︾ ᠭᠡᠵᠦ 9 | ᠰᠠᠷ᠎ᠠ ᠶᠢᠨ 12 ᠤᠨ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ 2024 ᠣᠨ ᠤ ᠳᠤᠮᠳᠠᠳᠤ ᠤᠯᠤᠰ ᠤᠨ | ᠣᠯᠠᠨ ᠤᠯᠤᠰ ᠤᠨ ᠦᠢᠯᠡᠴᠢᠯᠡᠭᠡᠨ ᠤ ᠠᠷᠠᠯᠵᠢᠶᠠᠨ ᠤ ᠴᠤᠭᠯᠠᠭᠠᠨ ᠳᠤ ᠪᠠᠶᠠᠷ ᠤᠨ ᠵᠠᠬᠢᠳᠠᠯ ᠢᠯᠡᠭᠡᠵᠦ᠂ ᠳᠤᠮᠳᠠᠳᠤ | ᠤᠯᠤᠰ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠪᠠᠷ ᠳᠡᠯᠡᠬᠡᠢ ᠶᠢᠨ ᠬᠥᠭᠵᠢᠯ ᠴᠡᠴᠡᠭᠯᠡᠯ ᠳᠤ | ᠬᠦᠴᠦᠨ ᠨᠡᠮᠡᠷᠢᠯᠡᠬᠦ ᠢᠳᠡᠪᠬᠢᠲᠡᠢ ᠳᠣᠬᠢᠶ᠎ᠠ ᠶᠢ ᠳᠡᠯᠡᠬᠡᠢ ᠳ᠋ᠠᠬᠢᠨ ᠳᠤ ᠳᠠᠮᠵᠢᠭᠤᠯᠪᠠ᠃ | ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠦᠢᠯᠡᠴᠢᠯᠡᠭᠡᠨ ᠤ | ᠦᠢᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠯᠢ ᠤᠯᠠᠨ ᠥᠭᠡᠷᠡᠴᠢᠯᠡᠯᠲᠡ ᠶᠢᠨ ᠠᠷᠭ᠎ᠠ | ᠬᠡᠮᠵᠢᠶ᠎ᠡ ᠲᠣᠭᠲᠠᠭᠠᠨ᠂ ᠦᠢᠯᠡᠴᠢᠯᠡᠭᠡᠨ ᠤ ᠦᠢᠯᠡᠰ ᠤᠨ ᠬᠥᠭᠵᠢᠨ ᠪᠤᠵᠠᠭᠠᠶᠢᠷᠠᠬᠤ ᠶᠢ ᠠᠬᠢᠭᠤᠯᠪᠠ᠃ | ᠦᠢᠯᠡᠴᠢᠯᠡᠭᠡᠨ ᠤ ᠦᠢᠯᠡᠰ ᠠᠯᠬᠤᠮ ᠠᠯᠬᠤᠮ ᠢᠶᠠᠷ ᠤᠯᠤᠰ ᠠᠷᠠᠳ ᠤᠨ ᠠᠵᠤ ᠠᠬᠤᠢ ᠶᠢᠨ ᠨᠢᠭᠡᠳᠦᠭᠡᠷ ᠲᠣᠮᠣ | ᠠᠵᠤ ᠦᠢᠯᠡᠰ ᠪᠣᠯᠣᠨ ᠪᠣᠶᠢᠵᠢᠵᠤ᠂ ᠰᠢᠨ᠎ᠡ ᠬᠥᠳᠡᠯᠭᠡᠭᠴᠢ ᠡᠨᠧᠷᠭᠢ ᠶᠢ ᠡᠭᠦᠳᠦᠨ᠂ ᠰᠢᠨ᠎ᠡ ᠠᠮᠢᠵᠢᠷᠠᠯ ᠤᠨ | ᠬᠦᠴᠦᠨ ᠢ ᠬᠥᠭᠵᠢᠭᠡᠵᠦ᠂ ᠳᠤᠮᠳᠠᠳᠤ ᠤᠯᠤᠰ ᠤᠨ ᠠᠵᠤ ᠠᠬᠤᠢ ᠶᠢᠨ ᠲᠣᠭᠲᠠᠭᠤᠨ ᠨᠡᠮᠡᠭᠳᠡᠯ ᠤᠨ ᠴᠢᠬᠤᠯᠠ | ᠬᠦᠴᠦᠨ ᠪᠣᠯᠪᠠ᠃ | ᠬᠡᠪᠴᠢᠶ᠎ᠡ ᠨᠢ ᠡᠳᠦᠷ ᠢᠷᠡᠬᠦᠶ᠎ᠡ ᠪᠤᠵᠠᠭᠠᠶᠢᠷᠠᠵᠤ ᠤᠯᠤᠰ ᠠᠷᠠᠳ ᠤᠨ ᠠᠵᠤ ᠠᠬᠤᠢ ᠶᠢᠨ ︽ᠬᠠᠭᠠᠰ | ᠲᠡᠭᠷᠢ︾ ᠶᠢ ᠲᠤᠯᠭᠠᠭᠤᠷᠢᠯᠠᠪᠠ | ᠨᠠᠢᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠤᠨ ᠪᠠᠶᠠᠷ ᠤᠨ ᠠᠮᠠᠷᠠᠯᠲᠠ ᠣᠶᠢᠷᠠᠳᠴᠤ᠂ ᠢᠳᠡᠭᠡᠨ | ᠤᠮᠳᠠᠭᠠᠨ ᠬᠤᠨᠤᠭ ᠪᠠᠭᠤᠳᠠᠯ᠂ ᠳ᠋ᠧᠩ ᠤᠨ ᠴᠤᠭᠯᠠᠭᠠᠨ᠂ ᠰᠣᠶᠣᠯ ᠵᠢᠭᠤᠯᠴᠢᠯᠠᠯ ᠬᠥᠭᠵᠢᠶᠡᠨᠲᠦ ᠤᠯᠠᠷᠢᠯ ᠢᠶᠠᠨ | ᠤᠬᠲᠤᠪᠠ; ᠫᠠᠷᠢᠰ ᠤᠨ ᠣᠯᠢᠮᠫᠢᠺ ᠤᠨ ᠲᠠᠮᠢᠷ ᠤᠨ ᠴᠤᠭᠯᠠᠭᠠᠨ ᠲᠡᠭᠦᠰᠦᠭᠡᠳ ᠤᠳᠠᠭ᠎ᠠ ᠦᠭᠡᠢ᠂ ᠪᠦᠭᠦ | ᠠᠷᠠᠳ ᠤᠨ ᠪᠡᠶ᠎ᠡ ᠶᠢᠨ ᠲᠠᠮᠢᠷ ᠤᠨ ᠬᠡᠷᠡᠭᠯᠡᠭᠡ ᠦᠷᠭᠦᠯᠵᠢᠯᠡᠨ ᠨᠡᠮᠡᠭᠳᠡᠵᠦ ᠪᠠᠶᠢᠨ᠎ᠠ ᠁ ᠣᠳᠣᠬᠠᠨ ᠳᠤ᠂ ᠮᠠᠨ ᠤ | ᠤᠯᠤᠰ ᠶᠠᠭ ᠦᠢᠯᠡᠴᠢᠯᠡᠭᠡᠨ ᠤ ᠬᠡᠷᠡᠭᠯᠡᠭᠡ ᠨᠡᠯᠢᠶᠡᠳ ᠲᠦᠷᠭᠡᠨ ᠨᠡᠮᠡᠭᠳᠡᠬᠦ ᠱᠠᠲᠤᠨ ᠳᠤ ᠣᠷᠣᠰᠢᠵᠤ ᠪᠠᠶᠢᠨ᠎ᠠ᠃ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠯᠢ ᠣᠯᠠᠨ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ ᠲᠣᠭᠲᠠᠭᠠᠨ ᠨᠡᠶᠢᠲᠡᠯᠡᠵᠦ᠂ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠱᠠᠲᠤᠨ ᠳᠤ ᠣᠷᠣᠬᠤ ᠶᠢ ᠠᠬᠢᠭᠤᠯᠪᠠ᠃ 2023 ᠣᠨ ᠳᠤ᠂ ᠦᠢᠯᠡᠴᠢᠯᠡᠭᠡᠨ ᠤ | ᠦᠢᠯᠡᠰ ᠤᠨ ᠨᠡᠮᠡᠭᠳᠡᠯ ᠥᠷᠲᠡᠭ 688238 ᠳ᠋ᠦᠩᠰᠢᠭᠤᠷ ᠲᠥᠭᠦᠷᠢᠭ ᠪᠤᠯᠲᠠᠯ᠎ᠠ ᠨᠡᠮᠡᠭᠳᠡᠵᠦ᠂ 2013 ᠣᠨ | ᠠᠴᠠ 2023 ᠣᠨ ᠪᠤᠯᠲᠠᠯ᠎ᠠ ᠵᠢᠯ ᠳᠤᠮᠳᠠᠴᠢ ᠪᠠᠷ 6.9% ᠪᠠᠷ ᠪᠣᠳᠠᠲᠠᠢ ᠨᠡᠮᠡᠭᠳᠡᠵᠦ᠂ ᠨᠡᠮᠡᠭᠳᠡᠯ ᠤᠨ ᠬᠤᠷᠳᠤᠴᠠ | ᠨᠢ ᠠᠳᠠᠯᠢ ᠬᠤᠭᠤᠴᠠᠭᠠᠨ ᠤ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠥᠷᠲᠡᠭ ︵ GDP︶ | ᠤᠨ ᠵᠢᠯ ᠳᠤᠮᠳᠠᠴᠢ ᠶᠢᠨ ᠨᠡᠮᠡᠭᠳᠡᠯ ᠤᠨ ᠬᠤᠷᠳᠤᠴᠠ ᠠᠴᠠ ᠵᠠᠭᠤᠨ ᠤ ᠬᠠᠷᠢᠴᠠᠯ ᠢᠶᠠᠷ 0.8 ᠬᠤᠪᠢ ᠥᠨᠳᠥᠷ | ᠪᠣᠯᠪᠠ᠃ ᠡᠨᠡ ᠬᠦ ᠬᠤᠭᠤᠴᠠᠭᠠᠨ ᠳᠤ᠂ GDP ᠳᠠᠬᠢ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ ᠤᠨ | ᠡᠵᠡᠯᠡᠬᠦ ᠬᠤᠪᠢ ᠶᠢᠨ ᠵᠢᠩ ᠤᠯᠠᠮ ᠨᠢᠭᠡ ᠠᠯᠬᠤᠮ ᠳᠡᠭᠡᠭᠰᠢᠯᠡᠵᠦ᠂ 2015 ᠣᠨ ᠳᠤ ᠠᠩᠬ᠎ᠠ ᠤᠳᠠᠭ᠎ᠠ 50% | ᠶᠢ ᠳᠠᠪᠠᠵᠤ᠂ 2023 ᠣᠨ ᠳᠤ 54.6% ᠳᠤ ᠬᠦᠷᠴᠦ᠂ 9 ᠵᠢᠯ ᠳᠠᠷᠠᠭᠠᠯᠠᠨ ᠤᠯᠤᠰ ᠠᠷᠠᠳ ᠤᠨ ᠠᠵᠤ | ᠠᠬᠤᠢ ᠶᠢᠨ ᠬᠠᠭᠠᠰ ᠢ ᠡᠵᠡᠯᠡᠪᠡ᠃ | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠡᠬᠢᠨ ᠤ ᠦᠶ᠎ᠡ ᠳᠤ᠂ ᠮᠠᠨ ᠤ ᠤᠯᠤᠰ ᠠᠵᠤ | ᠦᠢᠯᠡᠳᠪᠦᠷᠢ ᠬᠥᠳᠡᠭᠡ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠦᠢᠯᠡᠴᠢᠯᠡᠭᠡᠨ ᠤ ᠦᠢᠯᠡᠰ ᠲᠤᠰᠠᠯᠠᠬᠤ | ᠪᠠᠶᠢᠷᠢᠨ ᠳᠤ ᠪᠠᠶᠢᠪᠠ; ᠥᠭᠡᠷᠡᠴᠢᠯᠡᠯᠲᠡ ᠨᠡᠭᠡᠭᠡᠯᠲᠡ ᠬᠢᠭᠰᠡᠨ ᠤ ᠳᠠᠷᠠᠭ᠎ᠠ᠂ ᠦᠢᠯᠡᠴᠢᠯᠡᠭᠡᠨ ᠤ ᠦᠢᠯᠡᠰ ᠲᠤ ᠲᠡᠭᠷᠢ | ᠭᠠᠵᠠᠷ ᠢ ᠳᠣᠩᠰᠣᠯᠭᠠᠮ᠎ᠠ ᠬᠤᠪᠢᠷᠠᠯᠲᠠ ᠭᠠᠷᠴᠤ᠂ ᠪᠦᠭᠦ ᠲᠠᠯ᠎ᠠ ᠪᠠᠷ ᠲᠦᠷᠭᠡᠨ ᠭᠦᠭᠵᠢᠪᠡ; ᠳᠠᠭᠢᠭᠠᠳ ᠨᠠᠮ ᠤᠨ | ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠦᠢᠯᠡᠴᠢᠯᠡᠭᠡᠨ ᠤ ᠦᠢᠯᠡᠰ ᠤᠨ ᠰᠢᠨ᠎ᠡ ᠠᠵᠤ ᠦᠢᠯᠡᠰ ᠰᠢᠨ᠎ᠡ | ᠡᠵᠡᠩᠨᠡᠯᠲᠡ ᠶᠢᠨ ᠭᠡᠯᠪᠡᠷᠢ ᠰᠢᠨ᠎ᠡ ᠵᠠᠭᠪᠤᠷ ᠶᠡᠭᠡ ᠬᠡᠮᠵᠢᠶ᠎ᠡ ᠪᠠᠷ ᠴᠣᠯᠭᠤᠷᠠᠨ ᠭᠠᠷᠴᠤ᠂ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠰᠢᠨ᠎ᠡ ᠱᠠᠲᠤᠨ ᠳᠤ ᠣᠷᠣᠪᠠ ᠁ | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠲᠤᠷᠰᠢ᠂ ᠦᠢᠯᠡᠴᠢᠯᠡᠭᠡᠨ ᠤ | ᠦᠢᠯᠡᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠥᠳᠡᠯᠭᠡᠭᠦᠷ ᠪᠤᠯᠬᠤ ᠪᠠᠶᠢᠷᠢ ᠰᠠᠭᠤᠷᠢ ᠪᠠ | ᠦᠢᠯᠡᠳᠦᠯ ᠨᠠᠩ ᠪᠠᠲᠤ ᠪᠠᠬᠢ ᠪᠣᠯᠪᠠ᠃ | ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠲᠤᠭ᠎ᠠ ᠬᠡᠮᠵᠢᠶ᠎ᠡ ᠠᠴᠠ ᠦᠢᠯᠡᠴᠢᠯᠡᠭᠡᠨ ᠤ ᠦᠢᠯᠡᠰ ᠨᠢ | ᠨᠡᠮᠡᠭᠳᠡᠯ ᠢ ᠠᠬᠢᠭᠤᠯᠬᠤ ︽ᠭᠤᠣᠯ ᠬᠥᠳᠡᠯᠭᠡᠭᠴᠢ ᠬᠦᠴᠦᠨ︾ ᠪᠣᠯᠤᠭᠰᠠᠨ ᠢ ᠣᠯᠵᠤ ᠬᠠᠷᠠᠨ᠎ᠠ - | ᠣᠶᠢᠷ᠎ᠠ ᠶᠢᠨ ᠵᠢᠯ ᠤᠨ ᠲᠤᠷᠰᠢ᠂ ᠦᠢᠯᠡᠴᠢᠯᠡᠭᠡᠨ ᠤ ᠦᠢᠯᠡᠰ ᠤᠨ GDP ᠳᠤ ᠦᠵᠡᠭᠦᠯᠭᠦ ᠬᠤᠪᠢ | ᠨᠡᠮᠡᠷᠢ ᠶᠢᠨ ᠨᠣᠷᠮ᠎ᠠ ᠲᠦᠷᠭᠡᠨ ᠳᠡᠭᠡᠭᠰᠢᠯᠡᠬᠦ ᠪᠠᠶᠢᠳᠠᠯ ᠲᠠᠢ ᠪᠣᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠭᠤᠣᠯ ᠬᠥᠳᠡᠯᠭᠡᠭᠦᠷ ᠪᠣᠯᠤᠭᠰᠠᠨ ᠪᠠᠶᠢᠨ᠎ᠠ᠃ | ᠪᠠᠷᠠᠭ᠎ᠠ ᠬᠤᠳᠠᠯᠳᠤᠬᠤ ᠨᠡᠪᠲᠡᠷᠡᠭᠦᠯᠦᠭᠴᠢ᠂ ᠵᠠᠬᠢᠶᠠᠯᠠᠭ᠎ᠠ ᠶᠢᠨ ᠬᠤᠭᠤᠯᠠ ᠬᠦᠷᠭᠡᠭᠴᠢ᠂ | ᠰᠦᠯᠵᠢᠶ᠎ᠡ ᠪᠠᠷ ᠪᠣᠯᠵᠣᠬᠤ ᠮᠠᠰᠢᠨ ᠲᠡᠷᠭᠡᠨ ᠤ ᠵᠢᠯᠣᠭᠤᠴᠢ᠂ ᠲᠤᠭ᠎ᠠ ᠪᠠᠷᠢᠮᠲᠠ ᠶᠢᠨ ᠵᠠᠳᠠᠯᠤᠭᠴᠢ ᠁ | ᠣᠶᠢᠷ᠎ᠠ ᠶᠢᠨ ᠵᠢᠯ ᠳᠤ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠳᠠᠭᠠᠯᠳᠤᠨ ᠪᠤᠢ ᠪᠣᠯᠤᠭᠰᠠᠨ ᠰᠢᠨ᠎ᠡ ᠠᠵᠢᠯ | ᠨᠢ ᠨᠢᠭᠡᠨᠲᠡ ᠠᠷᠠᠳ ᠣᠯᠠᠨ ᠤ ᠡᠳᠦᠷ ᠲᠤᠲᠤᠮ ᠤᠨ ᠠᠮᠢᠳᠤᠷᠠᠯ ᠳᠤ ᠠᠭᠤᠰᠤᠯᠴᠠᠪᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠦᠢᠯᠡᠴᠢᠯᠡᠭᠡᠨ ᠤ ᠦᠢᠯᠡᠰ ᠨᠢ ᠠᠵᠢᠯ | ᠡᠷᠢᠭᠰᠡᠳ ᠢ ᠰᠢᠩᠭᠡᠭᠡᠬᠦ ᠭᠤᠣᠯ ᠬᠦᠴᠦᠨ ᠪᠣᠯᠵᠤ᠂ 2013 ᠣᠨ ᠠᠴᠠ 2023 ᠣᠨ ᠪᠤᠯᠲᠠᠯ᠎ᠠ᠂ | ᠦᠢᠯᠡᠴᠢᠯᠡᠭᠡᠨ ᠤ ᠦᠢᠯᠡᠰ ᠨᠢ ᠵᠢᠯ ᠳᠤᠮᠳᠠᠴᠢ ᠪᠠᠷ 741 ᠲᠦᠮᠡᠨ ᠬᠥᠮᠥᠨ ᠳᠤ ᠰᠢᠨ᠎ᠡ ᠪᠠᠷ ᠠᠵᠢᠯ ᠣᠯᠭᠤᠵᠤ᠂ | 2023 ᠣᠨ ᠤ ᠡᠴᠦᠰ ᠲᠤ᠂ ᠦᠢᠯᠡᠴᠢᠯᠡᠭᠡᠨ ᠤ ᠦᠢᠯᠡᠰ ᠲᠤ ᠠᠵᠢᠯᠯᠠᠵᠤ ᠪᠠᠶᠢᠭ᠎ᠠ ᠬᠥᠮᠥᠨ ᠪᠦᠭᠦ ᠤᠯᠤᠰ ᠤᠨ | ᠬᠥᠳᠡᠯᠮᠦᠷᠢᠯᠡᠭᠴᠢᠳ ᠤᠨ ᠳᠣᠲᠣᠷᠠᠬᠢ ᠡᠵᠡᠯᠡᠬᠦ ᠬᠤᠪᠢ ᠶᠢᠨ ᠵᠢᠩ 48.1% ᠪᠣᠯᠵᠠᠢ᠃ | ᠪᠦᠲᠦᠴᠡ ᠦᠷᠭᠦᠯᠵᠢᠯᠡᠨ ᠰᠢᠯᠢᠳᠡᠭᠵᠢᠵᠦ ᠶᠠᠰᠤ ᠴᠢᠨᠠᠷ ᠢ ᠬᠥᠭᠡᠭᠡᠴᠡᠯᠳᠦᠬᠦ ᠲᠡᠶᠢᠰᠢ ᠤᠷᠤᠭᠰᠢᠯᠠᠬᠤ | ︽ᠰᠢᠨ᠎ᠡ ᠭᠦᠭ ᠠᠶᠠᠰ︾ ᠢ ᠬᠠᠩᠭᠢᠨᠠᠭᠤᠯᠪᠠ | ᠡᠯᠧᠺᠲᠷᠣᠨ ᠬᠤᠳᠠᠯᠳᠤᠭᠠᠨ ᠤ ᠲᠠᠪᠴᠠᠩ᠂ ᠲᠣᠭᠠᠴᠢᠯᠠᠭᠰᠠᠨ ᠮᠥᠩᠭᠦᠨ ᠭᠦᠢᠯᠭᠡᠭᠡ ᠪᠠᠷ ᠳᠠᠮᠵᠢᠨ | ᠬᠡᠷᠡᠭᠯᠡᠭᠴᠢᠳ ᠭᠡᠷ ᠠᠴᠠ ᠪᠠᠨ ᠭᠠᠷᠬᠤ ᠦᠭᠡᠢ ᠪᠠᠷ ︽ᠪᠦᠭᠦ ᠪᠥᠮᠪᠥᠷᠴᠡᠭ ᠠᠴᠠ ᠪᠠᠷᠠᠭ᠎ᠠ ᠬᠤᠳᠠᠯᠳᠤᠨ ᠠᠪᠬᠤ︾ | ᠪᠣᠯᠵᠤ᠂ ᠬᠠᠮᠲᠤ ᠪᠠᠷ ᠡᠳ᠋ᠯᠡᠬᠦ ᠳᠤᠭᠤᠢ ᠲᠡᠷᠭᠡ᠂ ᠬᠠᠮᠲᠤ ᠪᠠᠷ ᠡᠳ᠋ᠯᠡᠬᠦ ᠮᠠᠰᠢᠨ ᠲᠡᠷᠭᠡ ᠵᠡᠷᠭᠡ ᠬᠠᠮᠲᠤ ᠪᠠᠷ ᠡᠳ᠋ᠯᠡᠬᠦ | ᠵᠠᠮ ᠬᠠᠷᠢᠯᠴᠠᠭᠠᠨ ᠤ ᠵᠠᠭᠪᠤᠷ ᠨᠢ ᠶᠠᠪᠤᠵᠤ ᠰᠠᠭᠤᠬᠤ ᠶᠢ ᠲᠥᠭᠦᠮ ᠪᠥᠭᠡᠳ ᠪᠣᠬᠢᠷᠳᠤᠯ ᠦᠭᠡᠢ ᠪᠣᠯᠭᠠᠪᠠ ᠁ | ᠣᠳᠣᠬᠠᠨ ᠳᠤ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠮᠥᠩᠭᠦᠨ ᠭᠦᠢᠯᠭᠡᠭᠡᠨ ᠤ ᠰᠢᠨᠵᠢᠯᠡᠬᠦ ᠤᠬᠠᠭᠠᠨ | ᠲᠸᠭᠨᠢᠭ ᠮᠡᠷᠭᠡᠵᠢᠯ᠂ ᠬᠠᠮᠲᠤ ᠪᠠᠷ ᠡᠳ᠋ᠯᠡᠬᠦ ᠠᠵᠤ ᠠᠬᠤᠢ ᠵᠡᠷᠭᠡ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ | ᠥᠷᠨᠢᠨ ᠬᠥᠭᠵᠢᠵᠦ᠂ ᠬᠥᠮᠥᠰ ᠤᠨ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠭᠦᠨᠵᠡᠭᠡᠢ | ᠬᠤᠪᠢᠷᠠᠭᠤᠯᠤᠭᠰᠠᠨ ᠪᠥᠭᠡᠳ ᠪᠠᠰᠠ ᠦᠢᠯᠡᠴᠢᠯᠡᠭᠡᠨ ᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠠᠰ | ᠳᠡᠪᠰᠢᠭᠦᠯᠵᠦ᠂ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠡᠢ᠃ | ᠠᠵᠢᠯ ᠲᠥᠷᠥᠯ ᠠᠴᠠ ᠦᠵᠡᠪᠡᠯ᠂ ᠤᠯᠠᠮᠵᠢᠯᠠᠯᠲᠤ ᠦᠢᠯᠡᠴᠢᠯᠡᠭᠡᠨ ᠤ ᠦᠢᠯᠡᠰ ᠤᠨ ᠬᠤᠪᠢ ᠶᠢᠨ ᠵᠢᠩ | ᠶᠡᠭᠡ ᠪᠠᠷ ᠪᠠᠭᠤᠷᠠᠵᠤ᠂ ᠰᠢᠨ᠎ᠡ ᠪᠠᠷ ᠮᠠᠨᠳᠤᠭᠰᠠᠨ ᠦᠢᠯᠡᠴᠢᠯᠡᠭᠡᠨ ᠤ ᠦᠢᠯᠡᠰ ᠲᠣᠭᠲᠠᠭᠤᠨ ᠢᠶᠠᠷ ᠨᠡᠮᠡᠭᠳᠡᠪᠡ᠃ | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠡᠬᠢᠨ ᠤ ᠦᠶ᠎ᠡ ᠶᠢᠨ 1952 ᠣᠨ ᠢ | ᠡᠷᠭᠢᠴᠡᠭᠦᠯᠪᠡᠯ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ ᠤᠨ ᠨᠡᠮᠡᠭᠳᠡᠯ ᠥᠷᠲᠡᠭ᠂ ᠵᠠᠮ | ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠨ ᠨᠥᠭᠡᠴᠡᠯᠡᠬᠦ ᠪᠠ ᠰᠢᠤᠳᠠᠨ ᠤ ᠦᠢᠯᠡᠰ ᠤᠨ ᠨᠡᠮᠡᠭᠳᠡᠯ ᠥᠷᠲᠡᠭ ᠤᠨ | ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ ᠲᠤ ᠡᠵᠡᠯᠡᠬᠦ ᠬᠤᠪᠢ ᠶᠢᠨ ᠵᠢᠩ ᠨᠢ ᠨᠡᠶᠢᠲᠡ 50% ᠶᠢ | ᠳᠠᠪᠠᠵᠤ᠂ ᠦᠢᠯᠡᠴᠢᠯᠡᠭᠡᠨ ᠤ ᠦᠢᠯᠡᠰ ᠤᠨ ᠬᠥᠭᠵᠢᠯᠲᠡ ᠬᠠᠷᠢᠴᠠᠩᠭᠤᠢ ᠪᠠᠷ ᠲᠥᠪᠯᠡᠷᠡᠵᠦ᠂ 2023 ᠣᠨ ᠳᠤ᠂ | ᠡᠨᠡ ᠬᠤᠶᠠᠷ ᠤᠨ ᠦᠢᠯᠡᠴᠢᠯᠡᠭᠡᠨ ᠤ ᠦᠢᠯᠡᠰ ᠲᠤ ᠡᠵᠡᠯᠡᠬᠦ ᠬᠤᠪᠢ ᠶᠢᠨ ᠵᠢᠩ ᠨᠢ ᠲᠣᠰ ᠲᠣᠰ 17.9% ᠪᠠ 8. | 4% ᠪᠣᠯᠵᠤ ᠪᠠᠭᠤᠷᠠᠪᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠬᠥᠮᠥᠰ ᠤᠨ ᠰᠡᠳᠬᠢᠯ ᠳᠤ ᠭᠦᠨ ᠬᠠᠳᠠᠩᠰᠢᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ | ᠪᠤᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠰᠢᠨ᠎ᠡ ᠪᠠᠷ ᠮᠠᠨᠳᠤᠭᠰᠠᠨ | ᠦᠢᠯᠡᠴᠢᠯᠡᠭᠡᠨ ᠤ ᠦᠢᠯᠡᠰ ᠬᠥᠭᠵᠢᠯᠲᠡ ᠶᠢᠨ ᠰᠢᠵᠢᠷ ᠠᠯᠳᠠᠨ ᠴᠠᠭ ᠦᠶ᠎ᠡ ᠪᠠᠨ ᠤᠭᠲᠤᠨ ᠠᠪᠤᠯ᠎ᠠ᠃ 2019 | ᠣᠨ ᠠᠴᠠ 2023 ᠣᠨ ᠪᠤᠯᠲᠠᠯ᠎ᠠ᠂ ᠬᠡᠪᠴᠢᠶᠡᠵᠢᠯ ᠠᠴᠠ ᠳᠡᠭᠡᠭᠰᠢᠬᠢ ᠳᠡᠭᠡᠳᠦ ᠮᠡᠷᠭᠡᠵᠢᠯ ᠤᠨ ᠦᠢᠯᠡᠴᠢᠯᠡᠭᠡᠨ ᠤ | ᠦᠢᠯᠡᠰ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠦᠢᠯᠡᠴᠢᠯᠡᠭᠡᠨ ᠤ | ᠦᠢᠯᠡᠰ ᠤᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠠᠵᠤ | ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠨᠢ ᠵᠢᠯ ᠳᠤᠮᠳᠠᠴᠢ ᠪᠠᠷ ᠲᠣᠰ ᠲᠣᠰ 12.9%᠂ 12.3% ᠪᠠ | 12.0% ᠢᠶᠠᠷ ᠨᠡᠮᠡᠭᠳᠡᠪᠡ᠃ | ᠣᠷᠣᠨ ᠪᠦᠰᠡ ᠠᠴᠠ ᠦᠵᠡᠪᠡᠯ᠂ ᠦᠢᠯᠡᠴᠢᠯᠡᠭᠡᠨ ᠤ ᠦᠢᠯᠡᠰ ᠤᠨ ᠣᠷᠣᠨ ᠪᠦᠰᠡ ᠶᠢᠨ ᠬᠥᠭᠵᠢᠯᠲᠡ | ᠨᠡᠩ ᠵᠣᠬᠢᠴᠠᠩᠭᠤᠢ ᠪᠣᠯᠵᠤ᠂ ᠬᠠᠮᠵᠢᠯᠴᠠᠨ ᠬᠥᠭᠵᠢᠬᠦ ᠪᠠᠶᠢᠳᠠᠯ ᠤᠯᠠᠮ ᠢᠯᠡᠷᠬᠡᠢ ᠪᠣᠯᠪᠠ᠃ | ᠨᠡᠭᠡᠭᠡᠯᠲᠡ ᠠᠴᠠ ᠦᠵᠡᠪᠡᠯ᠂ ᠦᠢᠯᠡᠴᠢᠯᠡᠭᠡᠨ ᠤ ᠦᠢᠯᠡᠰ ᠨᠢ ᠭᠠᠳᠠᠭᠠᠳᠤ ᠪᠡᠯᠡ ᠶᠢ ᠲᠠᠲᠠᠬᠤ | ᠴᠢᠬᠤᠯᠠ ᠬᠦᠷᠢᠶ᠎ᠡ ᠴᠠᠷᠠᠭ᠎ᠠ ᠪᠣᠯᠵᠤ᠂ ᠳᠤᠮᠳᠠᠳᠤ ᠤᠯᠤᠰ ᠤᠨ ᠦᠢᠯᠡᠴᠢᠯᠡᠭᠡ ᠶᠢᠨ ᠦᠢᠯᠡᠰ ᠳᠡᠯᠡᠬᠡᠢ ᠲᠡᠶᠢᠰᠢ | ᠲᠦᠷᠭᠡᠨ ᠤᠷᠤᠭᠰᠢᠯᠠᠪᠠ᠃ | ᠮᠠᠨ ᠤ ᠤᠯᠤᠰ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠳᠤ ᠣᠷᠣᠭᠰᠠᠨ ᠤ ᠳᠠᠷᠠᠭ᠎ᠠ᠂ | ᠪᠠᠩᠬᠢ ᠶᠢᠨ ᠦᠢᠯᠡᠰ᠂ ᠳᠠᠭᠠᠳᠬᠠᠯ ᠤᠨ ᠦᠢᠯᠡᠰ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠵᠡᠷᠭᠡ | ᠦᠢᠯᠡᠴᠢᠯᠡᠭᠡᠨ ᠤ ᠦᠢᠯᠡᠰ ᠤᠨ 9 ᠶᠡᠭᠡ ᠬᠦᠷᠢᠶ᠎ᠡ᠂ 100 ᠭᠠᠷᠤᠢ ᠬᠤᠪᠢᠶᠠᠷᠢ ᠰᠠᠯᠠᠭ᠎ᠠ ᠮᠥᠴᠢᠷ ᠤᠨ ᠭᠠᠳᠠᠭᠠᠳᠤ | ᠪᠡᠯᠡ ᠶᠢᠨ ᠣᠷᠣᠬᠤ ᠵᠥᠪᠰᠢᠶᠡᠷᠡᠯ ᠤᠨ ᠬᠢᠵᠠᠭᠠᠷᠯᠠᠯ ᠢ ᠴᠢᠯᠦᠭᠡᠲᠡᠢ ᠪᠤᠯᠭᠠᠪᠠ; 2001 ᠣᠨ ᠠᠴᠠ 2023 | ᠣᠨ ᠪᠤᠯᠲᠠᠯ᠎ᠠ᠂ ᠮᠠᠨ ᠤ ᠤᠯᠤᠰ ᠤᠨ ᠦᠢᠯᠡᠴᠢᠯᠡᠭᠡᠨ ᠤ ᠠᠷᠠᠯᠵᠢᠶ᠎ᠠ ᠶᠢᠨ ᠭᠠᠳᠠᠭᠠᠳᠤ ᠤᠷᠤᠭᠤᠯᠤᠯᠲᠠ ᠪᠠ | ᠭᠠᠷᠭᠠᠯᠲᠠ ᠶᠢᠨ ᠶᠡᠷᠦᠩᠬᠡᠢ ᠬᠡᠮᠵᠢᠶ᠎ᠡ 784 ᠳ᠋ᠦᠩᠰᠢᠭᠤᠷ ᠳ᠋ᠣᠯᠯᠠᠷ ᠪᠠᠶᠢᠭᠰᠠᠨ ᠠᠴᠠ ᠪᠠᠨ 9331 ᠳ᠋ᠦᠩᠰᠢᠭᠤᠷ | ᠳ᠋ᠣᠯᠯᠠᠷ ᠪᠣᠯᠣᠨ ᠨᠡᠮᠡᠭᠳᠡᠵᠦ᠂ ᠠᠷᠠᠯᠵᠢᠶᠠᠨ ᠤ ᠬᠡᠪᠴᠢᠶ᠎ᠡ ᠶᠢᠨ ᠳᠡᠯᠡᠬᠡᠢ ᠶᠢᠨ ᠡᠯ᠎ᠡ ᠠᠵᠤ ᠠᠬᠤᠢ ᠶᠢᠨ ᠴᠣᠭᠴᠠ ᠳᠠᠬᠢ | ᠨᠡᠷᠡᠰ ᠤᠨ ᠵᠢᠭᠰᠠᠭᠠᠯᠲᠠ ᠨᠢ 12 ᠳ᠋ᠤᠭᠠᠷ ᠪᠠᠶᠢᠭᠰᠠᠨ ᠠᠴᠠ ᠪᠠᠨ ᠳᠡᠯᠡᠬᠡᠢ ᠶᠢᠨ ᠡᠮᠦᠨ᠎ᠡ ᠡᠩᠨᠡᠭᠡᠨ ᠳᠤ ᠲᠠᠪᠰᠢᠨ | ᠣᠷᠣᠪᠠ᠃ | ᠰᠢᠨ᠎ᠡ ᠶᠢ ᠡᠭᠦᠳᠬᠦ ᠬᠥᠳᠡᠯᠭᠡᠬᠦ ᠡᠨᠧᠷᠭᠢ ᠨᠡᠮᠡᠭᠳᠡᠵᠦ ᠠᠵᠤ ᠠᠬᠤᠢ ᠶᠢᠨ ᠨᠡᠮᠡᠭᠳᠡᠯ ᠤᠨ ︽ᠰᠢᠨ᠎ᠡ | ᠬᠥᠳᠡᠯᠭᠡᠭᠦᠷ︾ ᠢ ᠬᠥᠭᠵᠢᠭᠡᠪᠡ | ᠣᠳᠣᠬᠠᠨ ᠳᠤ᠂ ᠦᠢᠯᠡᠴᠢᠯᠡᠭᠡᠨ ᠤ ᠦᠢᠯᠡᠰ ᠨᠢ ᠲᠣᠮᠣ ᠳ᠋ᠠᠶᠢᠲ᠋ᠠ᠂ ᠡᠭᠦᠯᠡᠨ ᠪᠣᠳᠣᠯᠲᠠ᠂ | ᠪᠠᠷᠠᠭᠠᠨ ᠤ ᠰᠦᠯᠵᠢᠶ᠎ᠡ ᠵᠡᠷᠭᠡ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢᠶᠠᠷ ᠳᠠᠮᠵᠢᠭᠤᠯᠤᠨ᠂ ᠠᠵᠤ | ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠬᠤ᠂ ᠠᠷᠠᠳ ᠤᠨ ᠠᠮᠢᠳᠤᠷᠠᠯ ᠤᠨ ᠪᠤᠶᠠᠨ | ᠵᠢᠷᠭᠠᠯ ᠢ ᠨᠡᠮᠡᠭᠳᠡᠭᠦᠯᠬᠦ ᠲᠠᠯ᠎ᠠ ᠪᠠᠷ ᠤᠯᠠᠮ ᠠᠴᠠ ᠤᠯᠠᠮ ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠃ | ᠰᠢᠨ᠎ᠡ ᠴᠠᠭ ᠦᠶ᠎ᠡ ᠠᠴᠠ ᠨᠠᠭᠠᠰᠢ᠂ ᠮᠠᠨ ᠤ ᠤᠯᠤᠰ ᠦᠢᠯᠡᠳᠪᠦᠷᠢᠯᠡᠯ ᠤᠨ ᠴᠢᠨᠠᠷᠲᠠᠢ | ᠦᠢᠯᠡᠴᠢᠯᠡᠭᠡᠨ ᠤ ᠦᠢᠯᠡᠰ ᠢ ᠶᠡᠭᠡ ᠪᠠᠷ ᠬᠥᠭᠵᠢᠭᠦᠯᠵᠦ᠂ ᠦᠢᠯᠡᠳᠬᠦ ᠦᠢᠯᠡᠰ ᠤᠨ ᠭᠡᠯᠪᠡᠷᠢ ᠪᠠᠨ ᠬᠤᠪᠢᠷᠠᠭᠤᠯᠤᠨ | ᠲᠠᠰ ᠳᠡᠪᠰᠢᠭᠦᠯᠬᠦ ᠳᠠᠬᠢ ᠦᠢᠯᠡᠴᠢᠯᠡᠭᠡᠨ ᠤ ᠦᠢᠯᠡᠰ ᠤᠨ ᠲᠤᠯᠭᠠᠭᠤᠷᠢᠯᠠᠬᠤ ᠦᠢᠯᠡᠳᠦᠯ ᠲᠠᠰᠤᠷᠠᠯᠲᠠ ᠦᠭᠡᠢ | ᠴᠢᠩᠭᠠᠷᠠᠵᠤ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠪᠣᠯᠣᠨ ᠲᠡᠷᠢᠭᠦᠨ ᠤ ᠦᠢᠯᠡᠳᠬᠦ ᠦᠢᠯᠡᠰ ᠢ | ᠠᠭᠤᠰᠤᠯᠴᠠᠭᠤᠯᠤᠨ ᠬᠥᠭᠵᠢᠭᠦᠯᠬᠦ ᠲᠠᠯ᠎ᠠ ᠪᠠᠷ ᠠᠩᠬ᠎ᠠ ᠠᠯᠬᠤᠮ ᠤᠨ ᠦᠷ᠎ᠡ ᠪᠦᠲᠦᠮᠵᠢ ᠣᠯᠪᠠ᠃ 2023 | ᠣᠨ ᠳᠤ᠂ ᠮᠠᠨ ᠤ ᠤᠯᠤᠰ ᠤᠨ ᠬᠡᠪᠴᠢᠶᠡᠵᠢᠯ ᠠᠴᠠ ᠳᠡᠭᠡᠭᠰᠢᠬᠢ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ | ᠦᠢᠯᠡᠰ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ 119 ᠲᠦᠮᠡᠨ ᠳ᠋ᠦᠩᠰᠢᠭᠤᠷ ᠲᠥᠭᠦᠷᠢᠭ ᠲᠤ | ᠬᠦᠷᠴᠦ᠂ 2020 ᠣᠨ ᠠᠴᠠ 2023 ᠣᠨ ᠪᠤᠯᠲᠠᠯ᠎ᠠ ᠵᠢᠯ ᠳᠤᠮᠳᠠᠴᠢ ᠪᠠᠷ 12.1% ᠪᠠᠷ ᠨᠡᠮᠡᠭᠳᠡᠪᠡ᠃ | ᠮᠠᠨ ᠤ ᠤᠯᠤᠰ ᠤᠨ ᠰᠢᠨ᠎ᠡ ᠮᠠᠶ᠋ᠢᠭ ᠤᠨ ᠬᠤᠳᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ | ᠠᠯᠬᠤᠮ ᠠᠯᠬᠤᠮ ᠢᠶᠠᠷ ᠲᠦᠷᠭᠡᠳᠬᠦ ᠶᠢ ᠳᠠᠭᠠᠯᠳᠤᠨ᠂ ᠰᠠᠭᠤᠭᠠᠯᠢ ᠠᠷᠠᠳ ᠤᠨ ᠣᠷᠣᠯᠭ᠎ᠠ ᠲᠣᠭᠲᠠᠭᠤᠨ ᠢᠶᠠᠷ | ᠳᠡᠭᠡᠭᠰᠢᠯᠡᠵᠦ᠂ ᠵᠢᠭᠤᠯᠴᠢᠯᠠᠯ᠂ ᠰᠣᠶᠣᠯ᠂ ᠪᠡᠶ᠎ᠡ ᠶᠢᠨ ᠲᠠᠮᠢᠷ᠂ ᠡᠷᠡᠭᠦᠯ ᠮᠡᠨᠳᠥ᠂ ᠨᠠᠰᠤᠵᠢᠯ ᠤᠨ ᠠᠰᠠᠷᠠᠮᠵᠢ᠂ | ᠰᠤᠷᠭᠠᠨ ᠬᠥᠮᠦᠵᠢᠯ ᠵᠡᠷᠭᠡ ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠲᠦᠷᠭᠡᠨ ᠬᠥᠭᠵᠢᠬᠦ ᠶᠢ | ᠲᠠᠶᠢᠴᠢᠯᠠᠪᠠ᠃ | ᠰᠣᠶᠣᠯ ᠤᠨ ᠠᠵᠤ ᠦᠢᠯᠡᠰ ᠴᠡᠴᠡᠭᠯᠡᠨ ᠬᠥᠭᠵᠢᠪᠡ᠃ 2022 ᠣᠨ ᠳᠤ ᠰᠣᠶᠣᠯ ᠵᠢᠴᠢ | ᠬᠤᠯᠪᠣᠭᠳᠠᠯ ᠪᠦᠬᠦᠢ ᠠᠵᠤ ᠦᠢᠯᠡᠰ ᠤᠨ ᠨᠡᠮᠡᠭᠳᠡᠯ ᠥᠷᠲᠡᠭ 53782 ᠳ᠋ᠦᠩᠰᠢᠭᠤᠷ ᠲᠥᠭᠦᠷᠢᠭ ᠲᠤ ᠬᠦᠷᠴᠦ᠂ | 2012 ᠣᠨ ᠤ ᠬᠢ ᠠᠴᠠ 197.6% ᠪᠠᠷ ᠨᠡᠮᠡᠭᠳᠡᠨ᠂ GDP ᠳᠠᠬᠢ ᠡᠵᠡᠯᠡᠬᠦ ᠬᠤᠪᠢ ᠶᠢᠨ ᠵᠢᠩ ᠨᠢ 3. | 4% ᠪᠠᠶᠢᠭᠰᠠᠨ ᠠᠴᠠ ᠪᠠᠨ 4.5% ᠪᠤᠯᠲᠠᠯ᠎ᠠ ᠳᠡᠭᠡᠭᠰᠢᠯᠡᠪᠡ᠃ | ᠪᠡᠶ᠎ᠡ ᠶᠢᠨ ᠲᠠᠮᠢᠷ ᠤᠨ ᠠᠵᠤ ᠦᠢᠯᠡᠰ ᠲᠦᠷᠭᠡᠨ ᠬᠥᠭᠵᠢᠪᠡ᠃ 2022 ᠣᠨ ᠳᠤ᠂ ᠪᠦᠭᠦ | ᠤᠯᠤᠰ ᠤᠨ ᠪᠡᠶ᠎ᠡ ᠶᠢᠨ ᠲᠠᠮᠢᠷ ᠤᠨ ᠠᠵᠤ ᠦᠢᠯᠡᠰ ᠤᠨ ᠨᠡᠮᠡᠭᠳᠡᠯ ᠦᠷᠳᠡᠭ 13092 ᠳ᠋ᠦᠩᠰᠢᠭᠤᠷ ᠲᠥᠭᠦᠷᠢᠭ ᠲᠤ | ᠬᠦᠷᠴᠦ᠂ 2015 ᠣᠨ ᠤ ᠬᠢ ᠠᠴᠠ 138.3% ᠪᠠᠷ ᠨᠡᠮᠡᠭᠳᠡᠪᠡ᠃ ᠵᠢᠭᠤᠯᠴᠢᠯᠠᠯ ᠵᠢᠴᠢ ᠬᠤᠯᠪᠣᠭᠳᠠᠯ ᠪᠦᠬᠦᠢ | ᠠᠵᠤ ᠦᠢᠯᠡᠰ ᠠᠮᠢᠵᠢᠷᠠᠯ ᠤᠨ ᠬᠦᠴᠦᠨ ᠢᠶᠠᠷ ᠪᠢᠯᠬᠠᠵᠤ᠂ 2022 ᠣᠨ ᠳᠤ᠂ ᠵᠢᠭᠤᠯᠴᠢᠯᠠᠯ ᠵᠢᠴᠢ ᠬᠤᠯᠪᠣᠭᠳᠠᠯ | ᠪᠦᠬᠦᠢ ᠠᠵᠤ ᠦᠢᠯᠡᠰ ᠤᠨ ᠨᠡᠮᠡᠭᠳᠡᠯ ᠥᠷᠲᠡᠭ 44672 ᠳ᠋ᠦᠩᠰᠢᠭᠤᠷ ᠲᠥᠭᠦᠷᠢᠭ ᠲᠤ ᠬᠦᠷᠴᠦ᠂ 2014 | ᠣᠨ ᠤ ᠬᠢ ᠠᠴᠠ 62.3% ᠪᠠᠷ ᠨᠡᠮᠡᠭᠳᠡᠪᠡ᠃ | ᠢᠷᠡᠭᠡᠳᠦᠢ ᠪᠠᠨ ᠪᠠᠷᠠᠯᠠᠬᠤᠶ᠎ᠠ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ | ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠮᠠᠨ ᠤ ᠤᠯᠤᠰ ᠤᠨ ᠦᠢᠯᠡᠴᠢᠯᠡᠭᠡᠨ ᠤ ᠦᠢᠯᠡᠰ ᠤᠨ ᠡᠯ᠎ᠡ | ᠬᠦᠷᠢᠶᠡᠨ ᠳᠠᠬᠢ ᠥᠭᠡᠷᠡᠴᠢᠯᠡᠯᠲᠡ ᠪᠦᠭᠦ ᠲᠠᠯ᠎ᠠ ᠪᠠᠷ ᠭᠦᠨᠵᠡᠭᠡᠶᠢᠷᠡᠵᠦ᠂ ᠦᠢᠯᠡᠴᠢᠯᠡᠭᠡᠨ ᠤ ᠰᠢᠨ᠎ᠡ ᠶᠢ ᠡᠭᠦᠳᠬᠦ | ᠲᠠᠯ᠎ᠠ ᠪᠠᠷ ᠦᠷᠭᠦᠯᠵᠢᠯᠡᠨ ᠳᠡᠭᠡᠭᠰᠢᠯᠡᠵᠦ᠂ ᠴᠢᠨᠠᠷ ᠰᠠᠶᠢᠲᠠᠢ ᠬᠥᠭᠵᠢᠵᠦ ᠪᠠᠶᠢᠭ᠎ᠠ ᠳᠤᠮᠳᠠᠳᠤ ᠤᠯᠤᠰ ᠤᠨ | ᠦᠢᠯᠡᠴᠢᠯᠡᠭᠡ ᠯᠠᠪᠲᠠᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ | ᠬᠦᠴᠦᠲᠡᠢ ᠲᠤᠯᠭᠠᠭᠤᠷᠢᠯᠠᠯ ᠬᠠᠩᠭᠠᠵᠤ᠂ ᠳᠡᠯᠡᠬᠡᠢ ᠶᠢᠨ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ | ᠬᠥᠭᠵᠢᠬᠦ ᠳᠤ ᠨᠡᠩ ᠤᠯᠠᠨ ᠬᠤᠪᠢ ᠨᠡᠮᠡᠷᠢ ᠦᠵᠡᠭᠦᠯᠭᠦ ᠪᠣᠯᠣᠨ᠎ᠠ᠃ | | | |