| - ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠨᠠᠮ ᠤᠨ ᠪᠠᠶᠢᠭᠤᠯᠤᠯᠲᠠ ᠶᠢᠨ | ᠠᠮᠵᠢᠯᠲᠠ ᠪᠦᠲᠦᠮᠵᠢ ᠶᠢᠨ ᠲᠤᠬᠠᠢ ᠬᠦᠦᠷᠨᠢᠯ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠦᠨ ᠱᠤᠤ ᠯᠦᠩ | ᠤᠯᠤᠰ ᠢ ᠵᠠᠰᠠᠬᠤ ᠳᠤ ᠡᠷᠬᠡᠪᠰᠢ ᠤᠷᠢᠳ ᠢᠶᠠᠷ ᠨᠠᠮ ᠢ ᠵᠠᠰᠠᠬᠤ ᠬᠡᠷᠡᠭᠲᠡᠢ᠂ ᠨᠠᠮ ᠮᠠᠨᠳᠤᠪᠠᠯ ᠰᠠᠶ᠋ᠢ | ᠤᠯᠤᠰ ᠬᠦᠴᠦᠷᠬᠡᠭᠵᠢᠵᠦ ᠴᠢᠳᠠᠨ᠎ᠠ᠃ | ᠰᠢᠨ᠎ᠡ ᠳᠤᠮᠳᠠᠳᠤ ᠤᠯᠤᠰ ᠪᠠᠶᠢᠭᠤᠯᠤᠭᠳᠠᠬᠤ ᠦᠶ᠎ᠡ ᠶᠢᠨ 400 ᠭᠠᠷᠤᠢ ᠲᠦᠮᠡᠨ ᠨᠠᠮ ᠤᠨ | ᠭᠡᠰᠢᠭᠦᠨ ᠲᠠᠢ ᠪᠠᠶᠢᠭᠰᠠᠨ ᠠᠴᠠ ᠪᠠᠨ ᠳᠡᠯᠡᠬᠡᠢ ᠳᠡᠭᠡᠷᠡᠬᠢ ᠬᠠᠮᠤᠭ ᠤᠨ ᠲᠣᠮᠣ ᠮᠠᠷᠺᠰ ᠤᠨ ᠦᠵᠡᠯ ᠤᠨ ᠲᠦᠷᠦ ᠶᠢᠨ | ᠨᠠᠮ ᠪᠣᠯᠤᠭᠰᠠᠨ ᠭᠦᠷᠲᠡᠯ᠎ᠡ᠂ ᠰᠦᠷ ᠳᠠᠯᠠᠶᠢᠴᠠᠲᠠᠢ ᠲᠡᠦᠬᠡᠨ ᠠᠬᠢᠴᠠ ᠳᠤᠮᠳᠠ ᠨᠠᠮ ᠤᠨ ᠪᠠᠶᠢᠭᠤᠯᠤᠯᠲᠠ ᠪᠦᠭᠦ | ᠲᠠᠯ᠎ᠠ ᠪᠠᠷ ᠴᠢᠩᠭᠠᠷᠠᠪᠠ᠃ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ | ᠫᠢᠩ ᠨᠥᠬᠦᠷ ᠢᠶᠠᠷ ᠭᠤᠣᠯ ᠪᠤᠯᠭᠠᠬᠰᠠᠠ ᠨᠠᠮ ᠤᠨ ᠲᠥᠪ ᠬᠤᠷᠢᠶ᠎ᠠ ᠰᠢᠨ᠎ᠡ ᠴᠠᠭ ᠦᠶ᠎ᠡ ᠶᠢᠨ ᠨᠠᠮ ᠤᠨ | ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠭᠦᠨᠵᠡᠭᠡᠢ ᠠᠬᠢᠭᠤᠯᠵᠤ᠂ ᠨᠠᠮ ᠤᠨ ᠪᠦᠲᠦᠭᠡᠯᠴᠢ | ᠬᠦᠴᠦᠨ ᠨᠢᠭᠲᠠᠷᠠᠯ ᠤᠨ ᠬᠦᠴᠦᠨ ᠲᠠᠶᠢᠴᠢᠨ ᠬᠦᠴᠦᠨ ᠢ ᠤᠯᠠᠮ ᠨᠢᠭᠡ ᠠᠯᠬᠤᠮ ᠴᠢᠩᠭᠠᠳᠬᠠᠵᠤ᠂ ︽ᠳᠤᠮᠳᠠᠳᠤ | ᠤᠯᠤᠰ ᠨᠡᠷᠡᠮᠵᠢᠲᠦ︾ ᠲᠣᠮᠣ ᠬᠥᠯᠭᠡ ᠣᠩᠭᠤᠴᠠ ᠶᠢ ᠬᠥᠲᠥᠯᠥᠨ ᠳᠠᠭᠠᠭᠤᠯᠵᠤ ᠰᠠᠯᠬᠢ ᠳᠠᠪᠠᠯᠭᠠᠨ ᠢ ᠵᠦᠰᠦᠨ | ᠴᠤᠴᠠᠯᠲᠠ ᠦᠭᠡᠢ ᠤᠷᠤᠭᠰᠢᠯᠠᠪᠠ᠃ | ᠨᠢᠷᠤᠭᠤ ᠲᠤᠯᠭᠠᠭᠤᠷᠢ ᠪᠣᠯᠵᠤ ᠨᠠᠮ ᠤᠨ ᠢᠮᠠᠭᠲᠠ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠦᠢᠯᠡᠰ ᠤᠨ ᠪᠠᠲᠤ ᠴᠢᠩᠭ᠎ᠠ ᠤᠳᠤᠷᠢᠳᠬᠤ ᠭᠤᠣᠯᠯᠠᠭᠴᠢ ᠪᠤᠯᠬᠤ ᠶᠢ ᠦᠨᠡᠨ ᠬᠦ ᠪᠠᠲᠤᠯᠠᠪᠠ | ᠳᠤᠮᠳᠠᠳᠤ ᠤᠯᠤᠰ ᠤᠨ ᠤᠴᠢᠷ ᠶᠠᠪᠤᠳᠠᠯ ᠢ ᠰᠠᠶᠢᠲᠤᠷ ᠬᠢᠬᠦ ᠶᠢᠨ ᠵᠠᠩᠭᠢᠯᠠᠭ᠎ᠠ ᠨᠢ ᠨᠠᠮ ᠳᠤ ᠪᠤᠢ᠃ | | 2024 ᠣᠨ ᠤ 1 ᠰᠠᠷ᠎ᠠ ᠶᠢᠨ 4 ᠤ ᠡᠳᠦᠷ᠂ ᠪᠡᠭᠡᠵᠢᠩ ᠤᠨ ᠵᠥᠩ ᠨᠠᠨ ᠬᠠᠢ ᠳᠤ ᠨᠢᠭᠡᠨ | ᠬᠤᠷᠠᠯ ᠢ ᠪᠦᠬᠦᠯᠢ ᠡᠳᠦᠷ ᠢᠶᠠᠷ ᠬᠤᠷᠠᠯᠳᠤᠭᠤᠯᠵᠠᠢ᠃ ᠶᠡᠷᠦᠩᠬᠡᠢ ᠱᠦᠵᠢ ᠰᠢ ᠶᠢᠨ ᠫᠢᠩ ᠳᠤᠮᠳᠠᠳᠤ ᠤᠯᠤᠰ ᠤᠨ | ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶ᠎ᠠ ᠶᠢᠨ | ᠬᠤᠷᠠᠯ ᠢ ᠡᠷᠭᠢᠯᠡᠵᠦ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ᠂ | ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠥᠪ ᠤᠨ ᠱᠦᠵᠢ ᠨᠠᠷ ᠤᠨ ᠭᠠᠵᠠᠷ ᠤᠨ | ᠠᠵᠢᠯ ᠤᠨ ᠮᠡᠳᠡᠭᠦᠯᠦᠯᠲᠡ ᠶᠢ ᠰᠣᠨᠣᠰᠪᠠ᠃ | ᠣᠶᠢᠷ᠎ᠠ ᠶᠢᠨ ᠵᠢᠯ ᠠᠴᠠ᠂ ᠨᠠᠮ ᠤᠨ ᠲᠥᠪ ᠬᠤᠷᠢᠶ᠎ᠠ ᠵᠢᠯ ᠪᠦᠷᠢ ︽ᠲᠠᠪᠤᠨ ᠶᠡᠭᠡ ᠤᠳᠤᠷᠢᠳᠬᠤ | ᠪᠠᠭ︾ ᠤᠨ ᠠᠵᠢᠯ ᠤᠨ ᠬᠠᠷᠢᠭᠤ ᠮᠡᠳᠡᠭᠦᠯᠦᠯᠲᠡ ᠪᠣᠯᠣᠨ ᠲᠥᠪ ᠤᠨ ᠱᠦᠵᠢ ᠨᠠᠷ ᠤᠨ ᠭᠠᠵᠠᠷ ᠤᠨ ᠠᠵᠢᠯ ᠤᠨ | ᠮᠡᠳᠡᠭᠦᠯᠦᠯᠲᠡ ᠶᠢ ᠰᠣᠨᠣᠰᠴᠤ ᠪᠠᠶᠢᠨ᠎ᠠ᠃ ᠡᠨᠡ ᠨᠢ ᠨᠢᠭᠡᠨᠲᠡ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ | ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠨ ᠬᠠᠮᠠᠭᠠᠯᠠᠬᠤ ᠴᠢᠬᠤᠯᠠ ᠳᠦᠷᠢᠮ ᠤᠨ ᠲᠣᠬᠢᠷᠠᠭᠤᠯᠤᠯᠲᠠ ᠪᠣᠯᠤᠭᠰᠠᠨ | ᠪᠠᠶᠢᠨ᠎ᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ | ᠪᠤᠯᠭᠠᠬᠰᠠᠠ ᠨᠠᠮ ᠤᠨ ᠲᠥᠪ ᠬᠤᠷᠢᠶ᠎ᠠ ᠠᠯᠢ ᠣᠯᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠠᠷᠭ᠎ᠠ ᠬᠡᠮᠵᠢᠶ᠎ᠡ | ᠠᠪᠴᠤ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠴᠢᠬᠤᠯᠠ ᠶᠡᠭᠡ ᠤᠯᠤᠰ | ᠲᠥᠷᠥ ᠶᠢᠨ ᠦᠷ᠎ᠡ ᠪᠦᠲᠦᠭᠡᠯ᠂ ᠣᠨᠣᠯ ᠤᠨ ᠦᠷ᠎ᠡ ᠪᠦᠲᠦᠭᠡᠯ᠂ ᠳᠦᠷᠢᠮ ᠤᠨ ᠦᠷ᠎ᠡ ᠪᠦᠲᠦᠭᠡᠯ᠂ | ᠦᠢᠯᠡᠳᠦᠯᠭᠡ ᠶᠢᠨ ᠦᠷ᠎ᠡ ᠪᠦᠲᠦᠭᠡᠯ ᠣᠯᠪᠠ᠃ | 2023 ᠣᠨ ᠤ 6 ᠰᠠᠷ᠎ᠠ ᠳᠤ᠂ ᠪᠦᠭᠦ ᠤᠯᠤᠰ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ | ᠰᠠᠨᠠᠭ᠎ᠠ ᠶᠢ ᠲᠣᠳᠣᠷᠬᠠᠢ ᠳᠤᠷᠠᠳᠤᠭᠰᠠᠨ ᠪᠥᠭᠡᠳ ︽ᠠᠷᠪᠠᠨ ᠭᠤᠷᠪᠠᠨ ᠲᠠᠯ᠎ᠠ ᠶᠢ ᠪᠠᠷᠢᠮᠲᠠᠯᠠᠬᠤ︾ ᠪᠠᠷ ᠰᠢᠰᠲ᠋ᠧᠮ | ᠲᠠᠢ ᠳ᠋ᠦᠩᠨᠡᠨ ᠲᠥᠪᠯᠡᠷᠡᠩᠭᠦᠢ ᠬᠤᠷᠢᠶᠠᠩᠭᠤᠶᠢᠯᠠᠵᠤ᠂ ︽ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ | ᠪᠠᠷᠢᠮᠲᠠᠯᠠᠨ ᠴᠢᠩᠭᠠᠳᠬᠠᠬᠤ︾ ᠶᠢ ᠲᠡᠷᠢᠭᠦᠨ ᠪᠠᠶᠢᠷᠢᠨ ᠳᠤ ᠲᠠᠯᠪᠢᠵᠤ᠂ ᠨᠠᠮ ᠤᠨ ᠤᠳᠤᠷᠢᠳᠤᠯᠭ᠎ᠠ ᠶᠢᠨ | ᠵᠠᠩᠭᠢᠯᠠᠭ᠎ᠠ ᠶᠢᠨ ᠦᠢᠯᠡᠳᠦᠯ᠂ ᠴᠢᠬᠤᠯᠠ ᠠᠴᠢ ᠬᠤᠯᠪᠣᠭᠳᠠᠯ ᠢ ᠭᠦᠢᠴᠡᠳ ᠢᠯᠡᠷᠡᠭᠦᠯᠪᠡ᠃ | ᠰᠢᠨ᠎ᠡ ᠴᠠᠭ ᠦᠶ᠎ᠡ ᠳᠤ ᠣᠷᠣᠵᠤ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ︽ᠬᠤᠶᠠᠷ ᠢ | ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠨᠡᠩ ᠭᠦᠨᠵᠡᠭᠡᠢ ᠣᠶᠢᠯᠠᠭᠠᠨ᠂ ︽ | ᠬᠤᠶᠠᠷ ᠢ ᠬᠠᠮᠠᠭᠠᠯᠠᠬᠤ︾ ᠶᠢ ᠨᠡᠩ ᠡᠷᠡᠰ ᠪᠡᠶᠡᠯᠡᠭᠦᠯᠵᠦ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠠ | ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ︽ᠪᠠᠲᠤ ᠬᠠᠲᠠᠭᠤ ᠪᠣᠯᠣᠳ ᠲᠡᠮᠦᠷ︾ | ᠪᠣᠯᠣᠨ ᠪᠦᠯᠬᠦᠮᠳᠡᠵᠦ᠂ ᠠᠯᠬᠤᠮ ᠨᠢᠭᠡᠲᠡᠢ ᠤᠷᠤᠭᠰᠢᠯᠠᠪᠠ᠃ | ᠬᠦᠴᠢᠷ ᠪᠡᠷᠬᠡ ᠶᠢᠨ ᠳᠤᠮᠳᠠ ᠳᠠᠪᠲᠠᠨ ᠪᠣᠯᠪᠠᠰᠤᠷᠠᠭᠳᠠᠵᠤ ᠴᠥᠬᠦᠷᠡᠰᠢ ᠦᠭᠡᠢ ᠴᠢᠷᠮᠠᠶᠢᠨ ᠥᠪᠡᠷ | ᠪᠡᠶ᠎ᠡ ᠶᠢᠨ ᠬᠤᠪᠢᠰᠬᠠᠯ ᠢᠶᠠᠷ ᠠᠭᠤᠤ ᠶᠡᠭᠡ ᠨᠡᠶᠢᠭᠡᠮ ᠤᠨ ᠬᠤᠪᠢᠰᠬᠠᠯ ᠢ ᠬᠥᠲᠥᠯᠥᠨ ᠳᠠᠭᠠᠭᠤᠯᠪᠠ | ᠬᠦᠴᠦᠷᠬᠡᠭ ᠶᠡᠭᠡ ᠲᠦᠷᠦ ᠶᠢᠨ ᠨᠠᠮ᠂ ᠪᠠᠲᠤ ᠴᠢᠩᠭ᠎ᠠ ᠥᠪᠡᠷ ᠪᠡᠶ᠎ᠡ ᠶᠢᠨ ᠬᠤᠪᠢᠰᠬᠠᠯ ᠤᠨ ᠳᠤᠮᠳᠠ | ᠳᠠᠪᠲᠠᠨ ᠪᠣᠯᠪᠠᠰᠤᠷᠠᠭᠳᠠᠪᠠ᠃ | 75 ᠵᠢᠯ ᠤᠨ ᠲᠡᠮᠡᠴᠡᠯ ᠤᠨ ᠲᠡᠦᠬᠡ ᠨᠢ ᠰᠦᠷ ᠳᠠᠯᠠᠶᠢᠴᠠᠲᠠᠢ ᠨᠡᠶᠢᠭᠡᠮ ᠤᠨ ᠬᠤᠪᠢᠰᠬᠠᠯ ᠤᠨ ᠲᠡᠦᠬᠡ | ᠪᠤᠯᠬᠤ ᠪᠠᠷ ᠪᠠᠷᠠᠬᠤ ᠦᠭᠡᠢ᠂ ᠪᠠᠰᠠ ᠴᠤ ᠮᠠᠭᠤ ᠶᠢ ᠨᠢ ᠦᠯᠳᠡᠨ ᠰᠠᠶᠢᠨ ᠢ ᠨᠢ ᠪᠠᠳᠠᠷᠠᠭᠤᠯᠤᠭᠰᠠᠨ ᠥᠪᠡᠷ | ᠪᠡᠶ᠎ᠡ ᠶᠢᠨ ᠬᠤᠪᠢᠰᠬᠠᠯ ᠤᠨ ᠲᠡᠦᠬᠡ ᠪᠣᠯᠣᠨ᠎ᠠ᠃ | 2022 ᠣᠨ ᠤ 10 ᠰᠠᠷ᠎ᠠ ᠶᠢᠨ 27 ᠤ ᠡᠳᠦᠷ᠂ ᠨᠠᠮ ᠤᠨ ᠬᠤᠷᠢᠳᠤᠭᠠᠷ ᠶᠡᠭᠡ ᠬᠤᠷᠠᠯ | ᠲᠡᠭᠦᠰᠦᠭᠡᠳ ᠨᠢᠭᠡ ᠭᠠᠷᠠᠭ ᠪᠣᠯᠤᠭ᠎ᠠ ᠦᠭᠡᠢ ᠪᠠᠷ᠂ ᠶᠡᠷᠦᠩᠬᠡᠢ ᠱᠦᠵᠢ ᠰᠢ ᠶᠢᠨ ᠫᠢᠩ ᠬᠤᠷᠢᠳᠤᠭᠠᠷ | ᠬᠤᠭᠤᠴᠠᠭᠠᠨ ᠤ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ | ᠲᠣᠪᠴᠢᠶᠠᠨ ᠤ ᠪᠠᠶᠢᠩᠭᠤ ᠶᠢᠨ ᠭᠡᠰᠢᠭᠦᠳ ᠢ ᠳᠠᠭᠠᠭᠤᠯᠤᠨ ᠲᠤᠮᠳᠠᠳᠤ ᠤᠯᠤᠰ ᠤᠨ ᠬᠤᠪᠢᠰᠬᠠᠯ ᠤᠨ ︽ᠢᠯᠠᠯᠲᠠ | ᠣᠯᠣᠭᠰᠠᠨ ᠡᠬᠢᠨ ᠤ ᠭᠠᠷᠤᠭ᠎ᠠ︾ ᠶᠠᠨ ᠠᠨ ᠳᠤ ᠬᠦᠷᠴᠡᠢ᠃ | 1945 ᠣᠨ ᠳᠤ᠂ ᠶᠠᠨ ᠠᠨ ᠤ ᠨᠦᠭᠡᠨ ᠭᠡᠷ ᠲᠤ᠂ ᠬᠤᠸᠠᠩ ᠶᠠᠨ ᠫᠧᠢ ᠶᠢᠨ ᠳᠤᠷᠠᠳᠤᠭᠰᠠᠨ ︽ | ᠲᠡᠦᠬᠡ ᠶᠢᠨ ᠦᠶᠡᠯᠡᠯ ᠤᠨ ᠬᠤᠭᠤᠴᠠᠭᠠᠨ ᠤ ᠳᠠᠪᠲᠠᠮᠵᠢ︾ ᠶᠢᠨ ᠠᠰᠠᠭᠤᠯᠲᠠ ᠶᠢᠨ ᠡᠮᠦᠨ᠎ᠡ᠂ ᠮᠠᠤ ᠽᠧ ᠳ᠋ᠦᠩ | ᠨᠥᠬᠦᠷ ︽ᠠᠷᠠᠳ ᠲᠦᠮᠡᠨ ᠢᠶᠠᠷ ᠵᠠᠰᠠᠭ ᠤᠨ ᠣᠷᠳᠣᠨ ᠳᠤ ᠬᠢᠨᠠᠯᠲᠠ ᠲᠠᠯᠪᠢᠭᠤᠯᠤᠨ᠎ᠠ︾ ᠭᠡᠬᠦ ᠠᠩᠬᠠᠨ ᠤ | ᠬᠠᠷᠢᠭᠤᠯᠲᠠ ᠶᠢ ᠥᠭᠪᠡ᠃ | ᠰᠢᠨ᠎ᠡ ᠴᠠᠭ ᠦᠶ᠎ᠡ ᠳᠤ ᠣᠷᠣᠭᠰᠠᠨ ᠤ ᠳᠠᠷᠠᠭ᠎ᠠ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠠ | ᠨᠠᠮ ᠤᠨ ᠲᠥᠪ ᠬᠤᠷᠢᠶ᠎ᠠ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠭᠤᠤ ᠶᠡᠭᠡ ᠦᠢᠯᠡᠳᠦᠯᠭᠡ ᠳᠤᠮᠳᠠ | ᠬᠤᠶᠠᠳᠤᠭᠠᠷ ᠬᠠᠷᠢᠭᠤᠯᠲᠠ ᠶᠢ ᠥᠭᠪᠡ᠂ ᠳᠠᠷᠤᠢ ᠥᠪᠡᠷ ᠪᠡᠶ᠎ᠡ ᠶᠢᠨ ᠬᠤᠪᠢᠰᠬᠠᠯ ᠪᠣᠯᠣᠨ᠎ᠠ᠃ | ᠴᠢᠩᠭ᠎ᠠ ᠬᠠᠲᠠᠭᠤ ᠪᠠᠶᠢᠳᠠᠯ ᠢᠶᠠᠷ ᠢᠯᠵᠢᠷᠡᠯ ᠢ ᠡᠰᠡᠷᠭᠦᠴᠡᠨ ᠬᠠᠷᠭᠢᠰ ᠬᠡᠷᠴᠡᠭᠡᠢ ᠶᠢ ᠰᠢᠢᠳᠬᠡᠵᠦ᠂ ︽ | ᠪᠠᠷᠰ ᠢ ᠴᠣᠬᠢᠬᠤ︾᠂ ︽ᠢᠯᠠᠭ᠎ᠠ ᠶᠢ ᠴᠣᠬᠢᠬᠤ︾᠂ ︽ᠦᠨᠡᠭᠡ ᠠᠩᠨᠠᠬᠤ︾ ᠶᠢ ᠵᠡᠷᠭᠡ ᠳᠤᠨᠢ ᠠᠳᠬᠤᠪᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ 10 ᠵᠢᠯ ᠤᠨ ᠬᠤᠭᠤᠴᠠᠭᠠᠨ ᠳᠤ᠂ ᠪᠦᠭᠦ | ᠤᠯᠤᠰ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠠᠴᠠ ᠬᠡᠷᠡᠭ ᠪᠤᠯᠭᠠᠵᠤ ᠳᠠᠩᠰᠠᠯᠠᠭᠰᠠᠨ | ᠨᠢ ᠨᠡᠶᠢᠳᠡ 464.8 ᠲᠦᠮᠡ ᠪᠠᠶᠢᠵᠤ᠂ ᠡᠭᠦᠨ ᠤ ᠳᠣᠲᠣᠷ᠎ᠠ ᠲᠥᠪ ᠠᠴᠠ ᠬᠠᠮᠢᠶᠠᠷᠴᠤ ᠪᠠᠶᠢᠭ᠎ᠠ 553 ᠺᠠᠳ᠋ᠷ ᠢ | ᠬᠡᠷᠡᠭ ᠪᠣᠯᠭᠠᠨ ᠬᠢᠨᠠᠨ ᠪᠠᠶᠢᠴᠠᠭᠠᠵᠤ᠂ 2.5 ᠲᠦᠮᠡ ᠭᠠᠷᠤᠢ ᠲᠢᠩᠬᠢᠮ ᠲᠣᠪᠴᠢᠶ᠎ᠠ ᠶᠢᠨ ᠲᠡᠰ ᠤᠨ ᠺᠠᠳ᠋ᠷ᠂ 18.2 | ᠲᠦᠮᠡ ᠭᠠᠷᠤᠢ ᠰᠢᠶᠠᠨ ᠭᠠᠵᠠᠷ ᠤᠨ ᠲᠡᠰ ᠤᠨ ᠺᠠᠳ᠋ᠷ ᠲᠤ ᠰᠢᠢᠳᠬᠡᠯ ᠥᠭᠪᠡ; | ᠨᠠᠮ ᠤᠨ ᠳᠣᠲᠣᠭᠠᠳᠤ ᠶᠢᠨ ᠲᠥᠪᠯᠡᠷᠡᠩᠭᠦᠢ ᠬᠥᠮᠦᠵᠢᠯ ᠪᠠ ᠪᠠᠶᠢᠩᠭᠤ ᠶᠢᠨ ᠴᠢᠨᠠᠷᠲᠠᠢ ᠬᠥᠮᠦᠵᠢᠯ ᠢ | ᠤᠶᠠᠯᠳᠤᠭᠤᠯᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠤᠯᠠᠨ ᠲᠦᠮᠡᠨᠴᠢ | ᠱᠤᠭᠤᠮ ᠤᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ᠂ ︽ᠭᠤᠷᠪᠠᠨ ᠴᠢᠩᠭ᠎ᠠ ᠭᠤᠷᠪᠠᠨ ᠪᠣᠳᠠᠲᠠᠢ︾ ᠲᠤᠰᠬᠠᠢ | ᠰᠡᠳᠦᠪᠲᠦ ᠬᠥᠮᠦᠵᠢᠯ᠂ ︽ᠬᠤᠶᠠᠷ ᠢ ᠰᠤᠷᠤᠯᠴᠠᠵᠤ ᠨᠢᠭᠡ ᠳᠤ ᠬᠢᠷᠢ ᠲᠡᠩᠴᠡᠬᠦ︾ ᠰᠤᠷᠤᠯᠴᠠᠯᠭ᠎ᠠ ᠬᠥᠮᠦᠵᠢᠯ᠂ ︽ | ᠤᠭ ᠰᠠᠨᠠᠭ᠎ᠠ ᠪᠠᠨ ᠮᠠᠷᠲᠠᠯ ᠦᠭᠡᠢ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ | ᠬᠥᠮᠦᠵᠢᠯ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ | ᠦᠷᠭᠦᠯᠵᠢᠯᠡᠨ ᠥᠷᠨᠢᠭᠦᠯᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠲᠤ ᠺᠠᠯᠼ ᠨᠥᠬᠦᠪᠦᠷᠢᠯᠡᠵᠦ | ᠰᠢᠨᠳᠠᠰᠤ ᠶᠢ ᠨᠢ ᠴᠢᠩᠭᠠᠷᠠᠭᠤᠯᠪᠠ; ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠢᠯᠵᠢᠷᠡᠯ | ᠪᠣᠯᠣᠨ ᠢᠯᠵᠢᠷᠡᠯ ᠢ ᠡᠰᠡᠷᠭᠦᠴᠡᠬᠦ ᠨᠢ ︽ᠵᠠᠭᠤᠷᠠᠯᠳᠤᠬᠤ ᠪᠠᠶᠢᠳᠠᠯ︾ ᠢᠯᠡᠷᠡᠵᠦ ᠪᠠᠶᠢᠭᠰᠠᠨ ᠠᠴᠠ ᠢᠯᠵᠢᠷᠡᠯ ᠢ | ᠡᠰᠡᠷᠭᠦᠴᠡᠬᠦ ᠲᠡᠮᠡᠴᠡᠯ ᠤᠨ ︽ᠳᠡᠶᠢᠯᠦᠩᠭᠢ ᠪᠠᠶᠢᠳᠠᠯ ᠨᠢᠭᠡᠨᠲᠡ ᠪᠦᠷᠢᠯᠳᠦᠭᠰᠡᠨ︾ ᠭᠦᠷᠲᠡᠯ᠎ᠡ᠂ ᠳᠠᠭᠢᠭᠠᠳ ︽ | ᠳᠡᠶᠢᠯᠦᠩᠭᠢ ᠢᠯᠠᠯᠲᠠ ᠶᠢ ᠣᠯᠣᠭᠰᠠᠨ ᠪᠥᠭᠡᠳ ᠪᠦᠭᠦ ᠲᠠᠯ᠎ᠠ ᠪᠠᠷ ᠪᠠᠬᠢᠵᠢᠭᠦᠯᠦᠭᠰᠡᠨ︾ ᠭᠦᠷᠲᠡᠯ᠎ᠡ᠂ ᠨᠠᠮ ᠤᠨ | ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠢᠯᠡᠳᠲᠡ ᠦᠷ᠎ᠡ | ᠪᠦᠲᠦᠮᠵᠢ ᠣᠯᠵᠤ᠂ ︽ᠲᠡᠮᠦᠷ ᠢ ᠪᠠᠷᠢᠪᠠᠯ ᠤᠷᠤᠮ ᠲᠠᠢ᠂ ᠴᠢᠯᠠᠭᠤᠨ ᠳᠡᠭᠡᠷ᠎ᠡ ᠭᠢᠰᠬᠢᠪᠡᠯ ᠮᠥᠷ ᠲᠠᠢ︾ ᠪᠠᠶᠢᠬᠤ ᠶᠢ | ᠦᠨᠡᠨ ᠬᠦ ᠪᠡᠶᠡᠯᠡᠭᠦᠯᠪᠡ᠃ | ᠳᠦᠷᠢᠮ ᠲᠣᠭᠲᠠᠭᠠᠯ ᠲᠣᠭᠲᠠᠭᠠᠵᠤ ᠨᠠᠮ ᠤᠨ ᠳᠦᠷᠢᠮ ᠤᠨ ᠳᠠᠪᠠᠭᠤᠯᠢᠭ ᠢ ᠲᠦᠷᠦ ᠶᠢ ᠵᠠᠰᠠᠵᠤ | ᠵᠠᠰᠠᠭ ᠢ ᠡᠷᠭᠢᠯᠡᠭᠦ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠪᠠ | 2023 ᠣᠨ ᠤ 12 ᠰᠠᠷ᠎ᠠ ᠶᠢᠨ 27 ᠤ ᠡᠳᠦᠷ᠂ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ | ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾ ᠤᠨ ᠪᠦᠭᠦ | ᠠᠭᠤᠯᠭ᠎ᠠ ᠶᠢ ᠨᠡᠶᠢᠲᠡᠯᠡᠪᠡ᠂ ᠡᠨᠡ ᠪᠣᠯ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ | ᠲᠥᠪ ᠬᠤᠷᠢᠶ᠎ᠠ ᠠᠴᠠ ᠡᠨᠡ ᠬᠦ ᠳᠦᠷᠢᠮ ᠳᠤ ᠭᠤᠷᠪᠠᠳᠠᠭᠢ ᠤᠳᠠᠭ᠎ᠠ ᠵᠠᠰᠠᠪᠤᠷᠢ ᠣᠷᠣᠭᠤᠯᠤᠭᠰᠠᠨ ᠶᠠᠪᠤᠳᠠᠯ ᠪᠣᠯᠣᠨ᠎ᠠ | ᠃ | ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠶᠣᠰᠣ ᠳᠦᠷᠢᠮ ᠢ ᠴᠢᠩᠳᠠᠯᠠᠵᠤ᠂ | ᠪᠦᠭᠦ ᠬᠡᠯᠬᠢᠶ᠎ᠡ ᠪᠦᠭᠦ ᠦᠶᠡᠯᠡᠯ ᠤᠨ ᠬᠤᠭᠤᠴᠠᠭᠠᠨ ᠳᠤ ᠪᠦᠭᠦᠨ ᠢ ᠬᠠᠮᠤᠷᠬᠤ ᠲᠠᠯ᠎ᠠ ᠪᠠᠷ ᠲᠠᠰᠤᠷᠠᠯᠲᠠ ᠦᠭᠡᠢ | ᠬᠦᠴᠦᠯᠡᠨ᠂ ᠨᠠᠮ ᠤᠨ ᠭᠡᠰᠢᠭᠦᠨ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ | ᠵᠣᠷᠢᠭᠵᠢᠭᠤᠯᠤᠨ ᠬᠥᠲᠥᠯᠥᠨ ᠵᠢᠯᠤᠭᠤᠳᠴᠤ᠂ ᠰᠠᠬᠢᠯᠭ᠎ᠠ ᠪᠠᠲᠤ ᠬᠡᠷᠡᠭᠵᠢᠭᠦᠯᠬᠦ ᠪᠠ ᠬᠠᠤᠯᠢ ᠬᠡᠷᠡᠭᠵᠢᠭᠦᠯᠬᠦ ᠶᠢ | ᠨᠡᠪᠲᠡᠷᠡᠯᠴᠡᠭᠦᠯᠬᠦ ᠶᠢ ᠠᠬᠢᠭᠤᠯᠪᠠ ᠁ | ᠨᠠᠮ ᠤᠨ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠬᠤ ᠶᠢ ᠴᠢᠬᠤᠯᠠᠴᠢᠯᠠᠬᠤ ᠪᠣᠯ ᠮᠠᠨ ᠤ | ᠨᠠᠮ ᠤᠨ ᠰᠢᠯᠢᠳᠡᠭ ᠤᠯᠠᠮᠵᠢᠯᠠᠯ ᠪᠠ ᠤᠯᠤᠰ ᠲᠦᠷᠦ ᠶᠢᠨ ᠳᠠᠪᠠᠭᠤᠯᠢᠭ ᠮᠥᠨ᠂ ᠨᠠᠮ ᠢ ᠬᠠᠮᠢᠶᠠᠷᠴᠤ ᠨᠠᠮ ᠢ ᠵᠠᠰᠠᠬᠤ | ᠶᠢᠨ ᠴᠢᠬᠤᠯᠠ ᠡᠷᠳᠡᠨᠢ ᠮᠥᠨ᠃ | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠲᠤᠷᠰᠢ᠂ ᠨᠠᠮ ᠤᠨ ᠳᠦᠷᠢᠮ ᠤᠨ | ᠪᠠᠶᠢᠭᠤᠯᠤᠯᠲᠠ ᠶᠢᠨ ᠪᠠᠶᠢᠷᠢ ᠰᠠᠭᠤᠷᠢ ᠨᠠᠩ ᠲᠣᠪᠣᠶᠢᠮ᠎ᠠ ᠪᠣᠯᠵᠤ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ | ᠳᠦᠷᠢᠮ ᠤᠨ ᠰᠢᠰᠲ᠋ᠧᠮ ᠲᠠᠰᠤᠷᠠᠯᠲᠠ ᠦᠭᠡᠢ ᠪᠦᠷᠢᠨᠰᠢᠠ᠂ ᠳᠦᠷᠢᠮ ᠢᠶᠠᠷ ᠨᠠᠮ ᠢ ᠵᠠᠰᠠᠬᠤ᠂ ᠲᠣᠭᠲᠠᠭᠠᠯ ᠢᠶᠠᠷ | ᠨᠠᠮ ᠢ ᠵᠠᠰᠠᠬᠤ ᠰᠡᠳᠬᠢᠮᠵᠢ ᠨᠠᠩ ᠲᠣᠳᠣᠷᠬᠠᠢ ᠪᠣᠯᠵᠤ᠂ ᠨᠠᠮ ᠤᠨ ᠪᠠᠶᠢᠭᠤᠯᠤᠯᠲᠠ ᠶᠢ ᠪᠦᠭᠦ ᠲᠠᠯ᠎ᠠ ᠪᠠᠷ | ᠴᠢᠩᠭᠠᠳᠬᠠᠬᠤ ᠳᠤ ᠴᠢᠬᠤᠯᠠ ᠪᠠᠲᠤᠯᠠᠭ᠎ᠠ ᠶᠢᠨ ᠦᠢᠯᠡᠳᠦᠯ ᠦᠵᠡᠭᠦᠯᠪᠡ᠃ | 2021 ᠣᠨ ᠤ 7 ᠰᠠᠷ᠎ᠠ ᠶᠢᠨ 1 ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠳᠤᠮᠳᠠᠳᠤ | ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷ᠎ᠡ᠂ | ᠮᠠᠨ ᠤ ᠨᠠᠮ ᠨᠢᠭᠡᠨᠲᠡ ︽ᠨᠡᠯᠢᠶᠡᠳ ᠪᠦᠷᠢᠨ ᠲᠡᠭᠦᠯᠳᠡᠷ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ | ᠰᠢᠰᠲ᠋ᠧᠮ ᠢ ᠪᠦᠷᠢᠯᠳᠦᠭᠦᠯᠪᠡ︾ ᠭᠡᠵᠦ ᠵᠢᠭᠠᠵᠤ ᠭᠠᠷᠭᠠᠪᠠ᠃ | ᠡᠨᠡ ᠬᠦ ᠳᠦᠷᠢᠮ ᠤᠨ ᠪᠠᠶᠢᠭᠤᠯᠤᠯᠲᠠ ᠶᠢᠨ ᠴᠢᠬᠤᠯᠠ ᠶᠡᠭᠡ ᠦᠷ᠎ᠡ ᠪᠦᠲᠦᠭᠡᠯ ᠨᠢ ᠮᠠᠨ ᠤ ᠨᠠᠮ ᠤᠨ | ᠵᠠᠭᠤᠨ ᠵᠢᠯ ᠤᠨ ᠲᠤᠷᠰᠢ ᠳᠦᠷᠢᠮ ᠲᠣᠭᠲᠠᠭᠠᠯ ᠲᠣᠭᠲᠠᠭᠠᠬᠤ ᠶᠢ ᠦᠷᠭᠦᠯᠵᠢᠯᠡᠨ ᠠᠬᠢᠭᠤᠯᠵᠤ᠂ ᠢᠯᠠᠩᠭᠤᠶ᠎ᠠ ᠨᠠᠮ | ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠨᠠᠮ ᠤᠨ ᠪᠠᠶᠢᠭᠤᠯᠤᠯᠲᠠ ᠶᠢᠨ ᠳᠦᠷᠢᠮ ᠤᠨ | ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠢᠯᠡᠷᠬᠡᠢ ᠦᠷ᠎ᠡ ᠪᠦᠲᠦᠮᠵᠢ ᠶᠢ ᠭᠦᠨᠵᠡᠭᠡᠢ ᠲᠤᠰᠬᠠᠪᠠ | ᠃ | ᠁ | ᠰᠢᠨ᠎ᠡ ᠠᠶᠠᠨ ᠳᠠᠭᠠᠨ ᠮᠣᠷᠳᠠᠵᠤ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠠ ᠨᠠᠮ ᠤᠨ | ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠮᠠᠨ ᠤ ᠨᠠᠮ ᠯᠠᠪᠲᠠᠢ ᠲᠦᠭ ᠲᠦᠮᠡᠨ ᠠᠷᠠᠳ | ᠲᠦᠮᠡᠨ ᠢ ᠪᠦᠯᠬᠦᠮᠳᠡᠭᠦᠯᠦᠨ ᠳᠠᠭᠠᠭᠤᠯᠵᠤ ᠡᠷᠡᠯᠬᠡᠭᠯᠡᠨ ᠴᠢᠷᠮᠠᠶᠢᠵᠤ᠂ ᠵᠣᠷᠢᠭᠲᠠᠢ ᠤᠷᠤᠭᠰᠢᠯᠠᠨ᠂ ᠬᠦᠴᠦᠷᠬᠡᠭ | ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ | ᠲᠠᠰᠤᠷᠠᠯᠳᠠ ᠦᠭᠡᠢ ᠤᠷᠤᠭᠰᠢ ᠠᠬᠢᠭᠤᠯᠬᠤ ᠪᠣᠯᠣᠨ᠎ᠠ᠃ | | | |