| ● ᠰᠠᠴᠤᠷᠠᠯ | ᠨᠠᠮ ᠤᠨ ᠭᠡᠰᠢᠭᠦᠨ ᠺᠠᠳ᠋ᠷᠴᠤᠳ ᠪᠣᠯ ᠨᠠᠮ ᠤᠨ ᠭᠤᠣᠯᠯᠠᠭᠴᠢ ᠬᠦᠴᠦᠨ ᠮᠥᠨ᠃ ᠨᠠᠮ ᠤᠨ ᠭᠡᠰᠢᠭᠦᠨ | ᠺᠠᠳ᠋ᠷᠴᠤᠳ ᠤᠨ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠨᠢ ᠨᠠᠮ ᠤᠨ ᠪᠦᠬᠦᠯᠢ ᠴᠣᠭᠴᠠ ᠶᠢᠨ | ᠬᠥᠭᠵᠢᠯᠲᠡ ᠪᠠ ᠤᠷᠲᠤ ᠬᠤᠭᠤᠴᠠᠭ᠎ᠠ ᠪᠠᠷ ᠲᠦᠷᠦ ᠪᠠᠷᠢᠬᠤ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ | ᠪᠠᠶᠢᠳᠠᠭ᠃ ᠰᠢᠨ᠎ᠡ ᠴᠠᠭ ᠦᠶ᠎ᠡ ᠶᠢᠨ ᠠᠬᠤᠢ ᠪᠠᠶᠢᠳᠠᠯ ᠳᠣᠣᠷ᠎ᠠ᠂ ᠨᠠᠷᠢᠨ ᠪᠤᠳᠤᠯᠢᠶᠠᠨᠲᠠᠢ ᠬᠤᠪᠢᠷᠠᠯᠲᠠ ᠶᠡᠬᠡᠲᠡᠢ | ᠤᠯᠤᠰ ᠤᠨ ᠳᠣᠲᠣᠭᠠᠳᠤ ᠭᠠᠳᠠᠭᠠᠳᠤ ᠶᠢᠨ ᠣᠷᠴᠢᠨ ᠲᠣᠭᠤᠷᠢᠨ ᠪᠠ ᠡᠯ᠎ᠡ ᠵᠦᠢᠯ ᠤᠨ ᠥᠷᠢᠰᠦᠯᠳᠦᠭᠡᠨ ᠤ ᠡᠮᠦᠨ᠎ᠡ᠂ | ᠨᠠᠮ ᠤᠨ ᠭᠡᠰᠢᠭᠦᠨ ᠺᠠᠳ᠋ᠷᠴᠤᠳ ᠤᠨ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠬᠤ ᠨᠢ | ᠨᠡᠩ ᠴᠢᠬᠤᠯᠠ ᠪᠣᠯᠤᠭᠰᠠᠨ ᠪᠠᠶᠢᠨ᠎ᠠ᠃ | ᠨᠠᠮ ᠤᠨ ᠭᠡᠰᠢᠭᠦᠨ ᠺᠠᠳ᠋ᠷᠴᠤᠳ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠨᠠᠮ ᠳᠠᠭᠠᠨ | ᠦᠨᠡᠨᠴᠢ ᠰᠢᠳᠤᠷᠭᠤ ᠪᠠᠶᠢᠬᠤ ᠪᠠ ᠠᠷᠠᠳ ᠲᠦᠮᠡᠨ ᠳᠡᠭᠡᠨ ᠬᠠᠶᠢᠷᠠᠲᠠᠢ ᠪᠠᠶᠢᠬᠤ ᠶᠢ ᠢᠮᠠᠭᠲᠠ ᠪᠠᠲᠤᠯᠠᠬᠤ ᠴᠢᠬᠤᠯᠠᠲᠠᠢ | ᠃ ᠬᠦᠰᠡᠯᠡᠩ ᠢᠲᠡᠭᠡᠯ ᠪᠢᠰᠢᠷᠡᠯ ᠪᠣᠯ ᠡᠪ ᠬᠠᠮᠲᠤᠴᠤᠳ ᠤᠨ ᠤᠶᠤᠨ ᠰᠠᠨᠠᠭᠠᠨ ᠤ ︽ᠺᠠᠯᠼ︾ ᠪᠥᠭᠡᠳ ᠦᠵᠡᠯ | ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢᠨ ᠰᠠᠭᠤᠷᠢ ᠮᠥᠨ᠃ ᠭᠠᠭᠴᠠ ᠬᠦ ᠬᠦᠰᠡᠯᠡᠩ ᠪᠠ ᠢᠲᠡᠭᠡᠯ | ᠪᠢᠰᠢᠷᠡᠯ ᠡᠷᠡᠰ ᠪᠠᠲᠤ ᠪᠠᠶᠢᠪᠠᠯ ᠰᠠᠶ᠋ᠢ ᠰᠠᠯᠬᠢ ᠳᠠᠪᠠᠯᠭᠠᠨ ᠢ ᠰᠥᠷᠦᠨ ᠤᠷᠤᠭᠰᠢᠯᠠᠵᠤ᠂ ᠬᠠᠲᠠᠭᠤ ᠰᠢᠯᠭᠠᠯᠲᠠ ᠶᠢᠨ | ᠡᠮᠦᠨ᠎ᠡ ᠶᠠᠭᠤᠨ ᠠᠴᠠ ᠴᠤ ᠠᠶᠤᠬᠤ ᠦᠭᠡᠢ᠂ ᠡᠯ᠎ᠡ ᠵᠦᠢᠯ ᠤᠨ ᠥᠳᠥᠭᠡᠯᠭᠡ ᠶᠢᠨ ᠡᠮᠦᠨ᠎ᠡ ᠵᠣᠭᠰᠣᠯᠲᠠ ᠪᠠᠲᠤ | ᠪᠣᠯᠵᠤ᠂ ᠢᠮᠠᠭᠲᠠ ᠬᠤᠷᠴᠠ ᠰᠡᠷᠭᠡᠭ ᠦᠵᠡᠯ ᠤᠬᠠᠮᠰᠠᠷ ᠲᠠᠢ ᠪᠠᠶᠢᠵᠤ ᠴᠢᠳᠠᠨ᠎ᠠ᠃ ᠨᠠᠮ ᠤᠨ ᠭᠡᠰᠢᠭᠦᠨ ᠺᠠᠳ᠋ᠷᠴᠤᠳ | ᠥᠪᠡᠷ ᠤᠨ ᠤᠭ ᠰᠠᠨᠠᠭ᠎ᠠ ᠪᠣᠯᠣᠨ ᠡᠭᠦᠷᠭᠡ ᠬᠠᠷᠢᠭᠤᠴᠠᠯᠭ᠎ᠠ ᠪᠠᠨ ᠴᠠᠭ ᠢᠮᠠᠭᠲᠠ ᠪᠠᠲᠤ ᠴᠡᠭᠡᠵᠢᠯᠡᠵᠦ᠂ ᠠᠷᠠᠳ | ᠲᠦᠮᠡᠨ ᠤ ᠠᠰᠢᠭ ᠲᠤᠰᠠ ᠶᠢ ᠲᠡᠷᠢᠭᠦᠨ ᠪᠠᠶᠢᠷᠢᠨ ᠳᠤ ᠲᠠᠯᠪᠢᠨ᠂ ᠠᠷᠠᠳ ᠲᠦᠮᠡᠨ ᠳᠤ ᠪᠤᠶᠠᠨ ᠦᠢᠯᠡᠳᠴᠦ᠂ | ᠬᠥᠭᠵᠢᠯᠲᠡ ᠶᠢ ᠠᠬᠢᠭᠤᠯᠬᠤ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ ᠴᠢᠬᠤᠯᠠᠲᠠᠢ᠃ | ᠨᠠᠮ ᠤᠨ ᠭᠡᠰᠢᠭᠦᠨ ᠺᠠᠳ᠋ᠷᠴᠤᠳ ᠤᠨᠤᠯ ᠤᠨ ᠰᠤᠷᠤᠯᠴᠠᠯᠭ᠎ᠠ ᠶᠢ ᠴᠢᠬᠤᠯᠠᠴᠢᠯᠠᠵᠤ᠂ ᠲᠤᠰ ᠪᠡᠶ᠎ᠡ ᠶᠢᠨ | ᠦᠵᠡᠯ ᠰᠠᠨᠠᠭ᠎ᠠ ᠤᠯᠤᠰ ᠲᠦᠷᠦ ᠶᠢᠨ ᠬᠡᠪ ᠴᠢᠨᠠᠷ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠭᠦ ᠴᠢᠬᠤᠯᠠᠲᠠᠢ᠃ | ᠤᠨᠦᠯ ᠤᠨ ᠰᠤᠷᠤᠯᠴᠠᠯᠭ᠎ᠠ ᠪᠣᠯ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠬᠤ ᠴᠢᠬᠤᠯᠠ | ᠠᠷᠭ᠎ᠠ ᠵᠡᠮ ᠮᠥᠨ᠃ ᠨᠠᠮ ᠤᠨ ᠭᠡᠰᠢᠭᠦᠨ ᠺᠠᠳ᠋ᠷᠴᠤᠳ ᠨᠠᠮ ᠤᠨ ᠤᠨᠤᠯ ᠪᠠ ᠱᠤᠭᠤᠮ ᠴᠢᠭᠯᠡᠯᠲᠡ ᠲᠦᠷᠦ ᠶᠢᠨ | ᠪᠣᠳᠣᠯᠭ᠎ᠠ ᠶᠢ ᠭᠦᠨᠵᠡᠭᠡᠢ ᠰᠤᠷᠤᠯᠴᠠᠬᠤ ᠪᠠᠷ ᠳᠠᠮᠵᠢᠭᠤᠯᠤᠨ᠂ ᠰᠢᠨᠵᠢᠯᠡᠬᠦ ᠤᠬᠠᠭᠠᠨᠴᠢ ᠶᠢᠷᠲᠢᠨᠴᠦ ᠶᠢᠨ ᠦᠵᠡᠯᠲᠡ ᠪᠠ | ᠠᠷᠭ᠎ᠠ ᠶᠢᠨ ᠤᠨᠤᠯ ᠢ ᠡᠵᠡᠮᠰᠢᠪᠡᠯ ᠰᠠᠶ᠋ᠢ ᠦᠢᠯᠡᠳᠦᠯᠭᠡ ᠪᠠᠨ ᠨᠡᠩ ᠰᠠᠶᠢᠲᠤᠷ ᠵᠢᠯᠤᠭᠤᠳᠴᠤ᠂ ᠠᠵᠢᠯ ᠢᠶᠠᠨ ᠨᠡᠩ | ᠰᠠᠶᠢᠲᠤᠷ ᠠᠬᠢᠭᠤᠯᠵᠤ ᠴᠢᠳᠠᠨ᠎ᠠ᠃ ᠡᠭᠦᠨ ᠤ ᠬᠠᠮᠲᠤ ᠪᠠᠰᠠ ᠰᠢᠨ᠎ᠡ ᠮᠡᠳᠡᠯᠭᠡ᠂ ᠰᠢᠨ᠎ᠡ ᠤᠷ᠎ᠠ ᠮᠡᠷᠭᠡᠵᠢᠯ ᠢ | ᠰᠤᠷᠤᠯᠴᠠᠬᠤ ᠶᠢ ᠴᠢᠬᠤᠯᠠᠴᠢᠯᠠᠵᠤ᠂ ᠬᠠᠷᠠᠭ᠎ᠠ ᠪᠠᠨ ᠲᠠᠰᠤᠷᠠᠯᠳᠠ ᠦᠭᠡᠢ ᠥᠷᠭᠡᠳᠬᠡᠨ᠂ ᠡᠷᠳᠡᠮ ᠴᠢᠳᠠᠪᠤᠷᠢ ᠪᠠᠨ | ᠨᠡᠮᠡᠭᠳᠡᠭᠦᠯᠵᠦ᠂ ᠴᠠᠭ ᠦᠶ᠎ᠡ ᠶᠢᠨ ᠬᠥᠭᠵᠢᠯᠲᠡ ᠶᠢᠨ ᠬᠡᠷᠡᠭᠴᠡᠭᠡ ᠳᠤ ᠵᠣᠬᠢᠴᠠᠭᠤᠯᠬᠤ ᠨᠢ ᠨᠡᠩ ᠴᠢᠬᠤᠯᠠ᠃ | ᠨᠠᠮ ᠤᠨ ᠭᠡᠰᠢᠭᠦᠨ ᠺᠠᠳ᠋ᠷᠴᠤᠳ ᠤᠯᠠᠨ ᠲᠦᠮᠡᠨᠴᠢ ᠱᠤᠭᠤᠮ ᠢ ᠪᠠᠷᠢᠮᠲᠠᠯᠠᠵᠤ᠂ ᠠᠷᠠᠳ ᠲᠦᠮᠡᠨ ᠳᠤ | ᠦᠢᠯᠡᠴᠢᠯᠡᠬᠦ ᠤᠬᠠᠮᠰᠠᠷ ᠪᠠ ᠴᠢᠳᠠᠪᠤᠷᠢ ᠪᠠᠨ ᠨᠡᠮᠡᠭᠳᠡᠭᠦᠯᠬᠦ ᠴᠢᠬᠤᠯᠠᠲᠠᠢ᠃ ᠤᠯᠠᠨ ᠲᠦᠮᠡᠨᠴᠢ ᠱᠤᠭᠤᠮ ᠪᠣᠯ ᠮᠠᠨ ᠤ | ᠨᠠᠮ ᠤᠨ ᠦᠨᠳᠦᠰᠦᠨ ᠠᠵᠢᠯ ᠤᠨ ᠱᠤᠭᠤᠮ ᠮᠥᠨ᠃ ᠨᠠᠮ ᠤᠨ ᠭᠡᠰᠢᠭᠦᠨ ᠺᠠᠳ᠋ᠷᠴᠤᠳ ᠦᠨᠳᠦᠰᠦᠨ ᠱᠠᠲᠤᠨ ᠳᠤ | ᠭᠦᠨᠵᠡᠭᠡᠶᠢᠷᠡᠵᠦ᠂ ᠤᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠠᠷᠠᠳ ᠤᠯᠠᠨ ᠤ ᠬᠡᠷᠡᠭᠴᠡᠭᠡ ᠪᠠ ᠬᠦᠰᠡᠯ | ᠡᠷᠡᠮᠡᠯᠵᠡᠯ ᠢ ᠣᠶᠢᠯᠠᠭᠠᠨ᠂ ᠠᠷᠠᠳ ᠤᠯᠠᠨ ᠤ ᠬᠦᠴᠢᠷ ᠵᠣᠪᠠᠭᠤᠷᠢ ᠶᠢ ᠢᠳᠡᠪᠬᠢᠲᠡᠢ ᠪᠠᠷ ᠰᠢᠢᠳᠪᠦᠷᠢᠯᠡᠵᠦ ᠥᠭᠬᠦ ᠶᠢᠨ | ᠬᠠᠮᠲᠤ᠂ ᠠᠷᠠᠳ ᠤᠯᠠᠨ ᠤ ᠰᠠᠨᠠᠯ ᠰᠠᠨᠠᠭᠤᠯᠭ᠎ᠠ ᠶᠢ ᠠᠩᠬᠠᠷᠤᠨ ᠰᠣᠨᠣᠰᠬᠤ ᠶᠢ ᠴᠢᠬᠤᠯᠠᠴᠢᠯᠠᠵᠤ᠂ ᠠᠵᠢᠯᠯᠠᠬᠤ | ᠠᠷᠭ᠎ᠠ ᠪᠠ ᠠᠵᠢᠯ ᠤᠨ ᠰᠤᠷᠲᠠᠯ ᠢᠶᠠᠨ ᠲᠠᠰᠤᠷᠠᠯᠳᠠ ᠦᠭᠡᠢ ᠰᠠᠶᠢᠵᠢᠷᠠᠭᠤᠯᠵᠤ᠂ ᠠᠷᠠᠳ ᠤᠯᠠᠨ ᠳᠤ ᠦᠢᠯᠡᠴᠢᠯᠡᠬᠦ | ᠴᠢᠳᠠᠪᠤᠷᠢ ᠪᠠ ᠬᠢᠷᠢ ᠬᠡᠮᠵᠢᠶ᠎ᠡ ᠪᠠᠨ ᠳᠡᠭᠡᠭᠰᠢᠯᠡᠭᠦᠯᠭᠦ ᠨᠢ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ | ᠶᠢᠨ ᠵᠠᠩᠭᠢᠯᠠᠭ᠎ᠠ ᠪᠣᠯᠣᠨ᠎ᠠ᠃ | ᠨᠠᠮ ᠤᠨ ᠭᠡᠰᠢᠭᠦᠨ ᠺᠠᠳ᠋ᠷᠴᠤᠳ ᠠᠵᠢᠯ ᠤᠨ ᠪᠦᠲᠦᠮᠵᠢ ᠶᠢᠨ ᠲᠤᠬᠠᠢ ᠵᠥᠪ ᠦᠵᠡᠯᠲᠡ ᠶᠢ ᠪᠤᠢ | ᠪᠤᠯᠭᠠᠵᠤ᠂ ᠦᠨᠡᠨ ᠠᠴᠠ ᠵᠥᠪ ᠢ ᠡᠷᠢᠬᠦ ᠵᠠᠷᠴᠢᠮ ᠢ ᠪᠠᠷᠢᠮᠲᠠᠯᠠᠬᠤ ᠴᠢᠬᠤᠯᠠᠲᠠᠢ᠃ ᠠᠵᠢᠯ ᠤᠨ ᠪᠦᠲᠦᠮᠵᠢ ᠶᠢᠨ | ᠦᠵᠡᠯᠲᠡ ᠪᠣᠯ ᠨᠠᠮ ᠤᠨ ᠭᠡᠰᠢᠭᠦᠨ ᠺᠠᠳ᠋ᠷᠴᠤᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠡᠳ ᠣᠯᠣᠭᠰᠠᠨ | ᠠᠵᠢᠯ ᠤᠨ ᠦᠷ᠎ᠡ ᠪᠦᠲᠦᠮᠵᠢ ᠶᠢᠨ ᠲᠤᠬᠠᠢ ᠦᠵᠡᠯᠲᠡ ᠪᠠ ᠣᠪᠣᠷ ᠮᠥᠨ᠃ ᠠᠵᠢᠯ ᠤᠨ ᠪᠦᠲᠦᠮᠵᠢ ᠶᠢᠨ ᠲᠤᠬᠠᠢ | ᠵᠥᠪ ᠦᠵᠡᠯᠲᠡ ᠨᠢ ᠠᠷᠠᠳ ᠲᠦᠮᠡᠨ ᠤ ᠠᠰᠢᠭ ᠲᠤᠰᠠ ᠶᠢ ᠴᠢᠬᠤᠯᠠᠴᠢᠯᠠᠵᠤ᠂ ᠨᠡᠶᠢᠭᠡᠮ ᠤᠨ ᠬᠥᠭᠵᠢᠯᠲᠡ ᠶᠢ | ᠠᠬᠢᠭᠤᠯᠬᠤ ᠪᠠᠷ ᠥᠪᠡᠷ ᠤᠨ ᠡᠭᠦᠷᠭᠡ ᠪᠠᠨ ᠪᠤᠯᠭᠠᠬᠤ ᠶᠠᠪᠤᠳᠠᠯ ᠪᠣᠯᠣᠨ᠎ᠠ᠃ ᠨᠠᠮ ᠤᠨ ᠭᠡᠰᠢᠭᠦᠨ ᠺᠠᠳ᠋ᠷᠴᠤᠳ | ᠪᠣᠳᠠᠲᠤ ᠠᠮᠵᠢᠯᠲᠠ ᠪᠠ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ᠦᠨᠡᠨ ᠪᠣᠳᠠᠲᠠᠢ ᠠᠵᠢᠯ ᠤᠨ ᠦᠷ᠎ᠡ | ᠪᠦᠳᠦᠮᠵᠢ ᠪᠠᠷ ᠥᠪᠡᠷ ᠤᠨ ᠵᠠᠰᠠᠭ ᠤᠨ ᠠᠵᠢᠯ ᠤᠨ ᠠᠮᠵᠢᠯᠲᠠ ᠪᠦᠲᠦᠮᠵᠢ ᠪᠠᠨ ᠰᠢᠯᠭᠠᠬᠤ ᠶᠢᠨ ᠬᠠᠮᠲᠤ᠂ | ᠦᠨᠡᠨ ᠠᠴᠠ ᠵᠥᠪ ᠢ ᠡᠷᠢᠬᠦ ᠵᠠᠷᠴᠢᠮ ᠢ ᠪᠠᠷᠢᠮᠲᠠᠯᠠᠵᠤ᠂ ᠠᠮᠵᠢᠯᠲᠠ ᠪᠠᠨ ᠶᠡᠬᠡᠰᠬᠡᠬᠦ ᠦᠭᠡᠢ᠂ ᠠᠰᠠᠭᠤᠳᠠᠯ ᠢ ᠨᠢᠭᠤᠨ | ᠳᠠᠯᠳᠠᠯᠠᠬᠤ ᠦᠭᠡᠢ ᠪᠠᠷ ᠦᠨᠡᠨ ᠪᠣᠳᠠᠲᠠᠢ ᠪᠤᠰᠤᠳᠴᠢ ᠣᠪᠣᠷ ᠢᠶᠠᠷ ᠠᠵᠢᠯ ᠤᠨ ᠠᠮᠵᠢᠯᠲᠠ ᠪᠦᠲᠦᠮᠵᠢ ᠳᠡᠭᠡᠨ | ᠬᠠᠨᠳᠤᠬᠤ ᠶᠣᠰᠣᠲᠠᠢ᠃ | ᠨᠠᠮ ᠤᠨ ᠭᠡᠰᠢᠭᠦᠨ ᠺᠠᠳ᠋ᠷᠴᠤᠳ ᠤᠨ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢ | ᠴᠢᠩᠭᠠᠳᠬᠠᠬᠤ ᠪᠣᠯ ᠨᠢᠭᠡᠨ ᠤᠷᠳᠤ ᠬᠤᠭᠤᠴᠠᠭᠠᠨ ᠤ ᠪᠥᠭᠡᠳ ᠪᠡᠷᠬᠡ ᠬᠠᠲᠠᠭᠤᠵᠢᠯᠲᠠᠢ ᠡᠭᠦᠷᠭᠡ ᠮᠥᠨ᠃ ᠨᠠᠮ ᠤᠨ | ᠭᠡᠰᠢᠭᠦᠨ ᠺᠠᠳ᠋ᠷᠴᠤᠳ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠬᠤ᠂ ᠤᠨᠤᠯ ᠤᠨ ᠰᠤᠷᠤᠯᠴᠠᠯᠭ᠎ᠠ ᠶᠢ | ᠴᠢᠬᠤᠯᠠᠴᠢᠯᠠᠬᠤ᠂ ᠤᠯᠠᠨ ᠲᠦᠮᠡᠨᠴᠢ ᠱᠤᠭᠤᠮ ᠢ ᠪᠠᠷᠢᠮᠲᠠᠯᠠᠬᠤ᠂ ᠠᠵᠢᠯ ᠤᠨ ᠪᠦᠲᠦᠮᠵᠢ ᠶᠢᠨ ᠲᠤᠬᠠᠢ ᠵᠥᠪ | ᠦᠵᠡᠯᠲᠡ ᠶᠢ ᠪᠤᠢ ᠪᠤᠯᠭᠠᠬᠤ ᠵᠡᠷᠭᠡ ᠲᠠᠯ᠎ᠠ ᠠᠴᠠ ᠭᠠᠷᠳᠠᠵᠤ᠂ ᠦᠵᠡᠯ ᠰᠠᠨᠠᠭ᠎ᠠ ᠤᠯᠤᠰ ᠲᠦᠷᠦ ᠶᠢᠨ ᠬᠡᠪ ᠴᠢᠨᠠᠷ ᠪᠠ | ᠡᠷᠳᠡᠮ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠮ ᠤᠨ ᠬᠥᠭᠵᠢᠯᠲᠡ ᠪᠠ ᠨᠡᠶᠢᠭᠡᠮ ᠤᠨ | ᠳᠠᠪᠰᠢᠯᠲᠠ ᠶᠢ ᠠᠬᠢᠭᠤᠯᠬᠤ ᠳᠤ ᠨᠡᠩ ᠶᠡᠭᠡ ᠬᠦᠴᠦᠨ ᠴᠢᠳᠠᠯ ᠢᠶᠠᠨ ᠡᠷᠭᠦᠬᠦ ᠪᠠᠷ ᠴᠠᠭ ᠢᠮᠠᠭᠲᠠ ᠪᠡᠯᠡᠬᠡᠨ ᠪᠠᠶᠢᠬᠤ | ᠬᠡᠷᠡᠭᠲᠡᠢ᠃ | | | |