| - ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ ᠳᠠᠯᠠᠨ ᠲᠠᠪᠤᠨ ᠵᠢᠯ ᠤᠨ | ᠤᠢ ᠶᠢ ᠪᠠᠶᠠᠷᠯᠠᠨ ᠪᠡᠯᠭᠡᠯᠡᠶ᠎ᠡ | ᠴᠡᠴᠡᠭ ᠳᠡᠯᠭᠡᠷᠡᠨ ᠦᠷ᠎ᠡ ᠵᠢᠮᠢᠰ ᠰᠠᠭᠤᠵᠤ᠂ ᠡᠯᠪᠡᠭ ᠬᠤᠷᠢᠶᠠᠯᠲᠠ ᠣᠯᠪᠠ᠃ ᠡᠨᠡ ᠡᠳᠦᠷ ᠪᠢᠳᠡ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠤᠭᠲᠤᠨ | ᠠᠪᠴᠢᠷᠠᠯ᠎ᠠ᠃ ᠰᠦᠷ ᠳᠠᠯᠠᠶᠢᠴᠠᠲᠠᠢ ᠲᠡᠦᠬᠡᠨ ᠶᠠᠪᠤᠴᠠ ᠶᠢ ᠥᠩᠭᠡᠷᠡᠭᠡᠵᠦ᠂ ᠬᠢᠵᠠᠭᠠᠯᠠᠰᠢ ᠦᠭᠡᠢ ᠭᠡᠭᠡᠨ ᠰᠠᠷᠠᠭᠤᠯ | ᠢᠷᠡᠭᠡᠳᠦᠢ ᠵᠦᠭ ᠤᠷᠤᠭᠰᠢᠯᠠᠨ᠂ ᠲᠦᠭ ᠲᠦᠮᠡᠨ ᠠᠷᠠᠳ ᠠᠭᠤᠤ ᠶᠡᠭᠡ ᠬᠦᠰᠡᠯ ᠢᠶᠠᠨ ᠲᠡᠷᠭᠡᠯᠰᠢᠭᠦᠯᠬᠦ ᠰᠠᠷᠠᠭᠤᠯ | ᠳᠠᠷᠳᠠᠩ ᠵᠠᠮ ᠢᠶᠠᠷ ᠡᠷᠡᠯᠬᠡᠭᠯᠡᠨ ᠤᠷᠤᠭᠰᠢᠯᠠᠵᠤ ᠪᠠᠶᠢᠨ᠎ᠠ᠃ | ︽ᠨᠠᠷᠠ ᠮᠠᠨᠳᠤᠵᠤ ᠬᠠᠷᠠᠩᠭᠤᠢ ᠶᠢ ᠦᠯᠳᠡᠯᠡ︾᠃ 1949 ᠣᠨ ᠤ 10 ᠰᠠᠷ᠎ᠠ ᠶᠢᠨ 1 ᠤ | ᠡᠳᠦᠷ᠂ ᠲᠠᠪᠤᠨ ᠣᠳᠣᠲᠤ ᠤᠯᠠᠭᠠᠨ ᠲᠤᠭ ᠢ ᠠᠩᠬ᠎ᠠ ᠲᠢᠶᠠᠨ ᠠᠨ ᠮᠧᠨ ᠲᠠᠯᠠᠪᠠᠢ ᠳᠤ ᠮᠠᠨᠳᠤᠭᠤᠯᠵᠤ᠂ ᠳᠤᠮᠳᠠᠳᠤ | ᠤᠯᠤᠰ ᠤᠨ ᠠᠷᠠᠳ ᠲᠦᠮᠡᠨ ᠡᠭᠦᠨ ᠠᠴᠠ ᠡᠬᠢᠯᠡᠨ ᠪᠣᠰᠴᠤ ᠵᠣᠭᠰᠣᠪᠠ᠂ ᠳᠤᠮᠳᠠᠳᠤ ᠤᠯᠤᠰ ᠤᠨ ᠬᠥᠭᠵᠢᠯᠲᠡ | ᠡᠭᠦᠨ ᠠᠴᠠ ᠡᠬᠢᠯᠡᠨ ᠰᠢᠨ᠎ᠡ ᠴᠠᠭ ᠦᠶ᠎ᠡ ᠶᠢ ᠨᠡᠭᠡᠭᠡᠵᠡᠢ᠃ ᠬᠠᠷᠰᠢ ᠰᠠᠭᠠᠳ ᠢ ᠢᠯᠠᠨ ᠳᠠᠪᠠᠵᠤ᠂ ᠢᠯᠠᠯᠲᠠ ᠲᠠᠢ ᠪᠠᠷ | ᠤᠷᠤᠭᠰᠢᠯᠠᠨ᠂ ᠳᠤᠮᠳᠠᠳᠤ ᠤᠯᠤᠰ ᠤᠨ ᠡᠪ ᠬᠠᠮᠲᠤ ᠨᠠᠮ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ | ᠬᠥᠮᠥᠨ ᠲᠥᠷᠥᠯᠬᠢᠲᠡᠨ ᠤ ᠣᠳᠣᠬᠢᠴᠢᠯᠠᠯᠲᠠ ᠲᠡᠶᠢᠰᠢ ᠤᠷᠤᠭᠰᠢᠯᠠᠬᠤ ᠰᠢᠨ᠎ᠡ ᠵᠠᠮ ᠢ ᠨᠡᠭᠡᠭᠡᠵᠦ᠂ ᠬᠥᠮᠥᠨ | ᠲᠥᠷᠥᠯᠬᠢᠲᠡᠨ ᠤ ᠪᠣᠯᠪᠠᠰᠤᠨ ᠤ ᠰᠢᠨ᠎ᠡ ᠭᠡᠯᠪᠡᠷᠢ ᠪᠠᠶᠢᠳᠠᠯ ᠢ ᠡᠭᠦᠳᠴᠦ᠂ ᠨᠡᠶᠢᠭᠡᠮ ᠵᠢᠷᠤᠮᠲᠤ ᠣᠳᠣᠬᠢᠴᠢᠯᠠᠭᠰᠠᠨ | ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠪᠡ᠃ | ᠳᠠᠯᠠᠨ ᠲᠠᠪᠤᠨ ᠵᠢᠯ ᠬᠦᠴᠦᠷᠬᠡᠭᠵᠢᠬᠦ ᠪᠠᠷ ᠴᠢᠷᠮᠠᠶᠢᠵᠤ᠂ ᠳᠤᠮᠳᠠᠳᠤ ᠶᠢᠨ ᠦᠨᠳᠦᠰᠦᠲᠡᠨ ᠤ ᠠᠭᠤᠤ | ᠶᠡᠭᠡ ᠰᠡᠷᠭᠦᠨ ᠮᠠᠨᠳᠤᠯᠲᠠ ᠤᠷᠢᠳ ᠡᠮᠦᠨ᠎ᠡ ᠪᠠᠶᠢᠭ᠎ᠠ ᠦᠭᠡᠢ ᠭᠡᠭᠡᠨ ᠰᠠᠷᠠᠭᠤᠯ ᠢᠷᠡᠭᠡᠳᠦᠢ ᠲᠠᠢ ᠪᠣᠯᠵᠠᠢ᠃ ᠬᠦᠴᠢᠷ | ᠪᠡᠷᠬᠡᠰᠢᠶᠡᠯ ᠤᠨ ᠳᠤᠮᠳᠠ ᠭᠠᠪᠰᠢᠭᠠᠶᠢᠯᠠᠨ ᠤᠷᠤᠭᠰᠢᠯᠠᠵᠤ᠂ ᠥᠭᠡᠷᠡᠴᠢᠯᠡᠯᠲᠡ ᠨᠡᠭᠡᠭᠡᠯᠲᠡ ᠶᠢᠨ ᠳᠤᠮᠳᠠ ᠡᠷᠡᠮᠡᠬᠡᠶᠢᠯᠡᠨ | ᠤᠷᠤᠭᠰᠢᠯᠠᠵᠤ᠂ ᠰᠢᠨ᠎ᠡ ᠴᠠᠭ ᠦᠶ᠎ᠡ ᠶᠢᠨ ᠶᠡᠭᠡ ᠤᠷᠤᠰᠬᠠᠯ ᠤᠨ ᠳᠤᠮᠳᠠ ᠡᠷᠡᠯᠬᠡᠭᠯᠡᠨ ᠲᠡᠮᠡᠴᠡᠵᠦ᠂ ᠪᠢᠳᠡ ︽ | ᠬᠤᠶᠠᠷ ᠶᠡᠭᠡ ᠭᠠᠶᠢᠬᠠᠮᠰᠢᠭ︾ ᠢ ᠡᠭᠦᠳᠴᠦ᠂ ᠪᠣᠰᠴᠤ ᠵᠣᠭᠰᠣᠭᠰᠠᠨ᠂ ᠪᠠᠶᠠᠵᠢᠭᠰᠠᠨ ᠠᠴᠠ ᠬᠦᠴᠦᠷᠬᠡᠭᠵᠢᠭᠰᠡᠨ | ᠠᠭᠤᠤ ᠶᠡᠭᠡ ᠦᠰᠦᠷᠦᠯᠲᠡ ᠶᠢ ᠤᠭᠲᠤᠨ ᠠᠪᠴᠤ᠂ ᠴᠠᠭ ᠦᠶ᠎ᠡ ᠠᠴᠠ ᠬᠤᠴᠣᠷᠴᠤ ᠪᠠᠶᠢᠭᠰᠠᠨ᠂ ᠴᠠᠭ ᠦᠶ᠎ᠡ ᠶᠢ | ᠬᠥᠭᠡᠭᠡᠵᠦ ᠭᠦᠢᠴᠡᠭᠰᠡᠨ ᠠᠴᠠ ᠴᠠᠭ ᠦᠶ᠎ᠡ ᠶᠢ ᠬᠥᠲᠥᠯᠥᠨ ᠳᠠᠭᠠᠭᠤᠯᠬᠤ ᠠᠭᠤᠤ ᠶᠡᠭᠡ ᠳᠠᠪᠠᠯᠲᠠ ᠶᠢ ᠤᠭᠲᠤᠨ | ᠠᠪᠴᠠᠢ᠃ ᠠᠵᠤ ᠠᠬᠤᠢ ᠶᠢᠨ ᠶᠡᠷᠦᠩᠬᠡᠢ ᠬᠡᠮᠵᠢᠶ᠎ᠡ 126 ᠲᠦᠮᠡᠨ ᠳ᠋ᠦᠩᠰᠢᠭᠤᠷ ᠲᠥᠭᠦᠷᠢᠭ ᠢ ᠳᠠᠪᠠᠨ᠂ | ᠳᠡᠯᠡᠬᠡᠢ ᠶᠢᠨ ᠬᠤᠶᠠᠳᠤᠭᠠᠷ ᠲᠣᠮᠣ ᠠᠵᠤ ᠠᠬᠤᠢ ᠶᠢᠨ ᠴᠣᠭᠴᠠ ᠪᠣᠯᠵᠤ᠂ ᠠᠮᠤ ᠪᠤᠳᠠᠭᠠᠨ ᠤ ᠤᠨᠠᠯᠳᠠ ︽ᠬᠤᠷᠢᠨ | ᠵᠢᠯ ᠳᠠᠷᠠᠭᠠᠯᠠᠨ ᠡᠯᠪᠡᠭ ᠬᠤᠷᠢᠶᠠᠯᠲᠠ ᠣᠯᠵᠤ︾᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠲᠦᠷᠭᠡᠨ | ᠪᠦᠷᠢᠯᠳᠦᠵᠦ᠂ ︽ᠴᠠᠩ ᠧ︾ ᠰᠠᠷᠠᠨ ᠪᠥᠮᠪᠥᠷᠴᠡᠭ ᠲᠤ ᠭᠠᠷᠴᠤ᠂ ︽ᠲᠢᠶᠠᠨ ᠾᠧ︾ ᠰᠠᠨᠰᠠᠷ ᠲᠤ ᠰᠠᠭᠤᠨ᠂ ︽ | ᠲᠢᠶᠠᠨ ᠸᠧᠨ︾ ᠭᠠᠯ ᠪᠥᠮᠪᠥᠷᠴᠡᠭ ᠢᠶᠠᠷ ᠬᠠᠶᠢᠨ ᠰᠢᠨᠵᠢᠯᠡᠪᠡ ᠁ ᠮᠠᠨ ᠤ ᠤᠯᠤᠰ ᠤᠨ ᠬᠥᠭᠵᠢᠯᠲᠡ ᠨᠡᠩ ᠪᠠᠲᠤ | ᠪᠠᠬᠢ ᠪᠣᠳᠠᠰ ᠤᠨ ᠰᠠᠭᠤᠷᠢ᠂ ᠨᠡᠩ ᠪᠦᠷᠢᠨ ᠲᠡᠭᠦᠯᠳᠡᠷ ᠳᠦᠷᠢᠮ ᠤᠨ ᠪᠠᠲᠤᠯᠠᠭ᠎ᠠ᠂ ᠨᠡᠩ ᠰᠠᠨᠠᠭᠠᠴᠢᠯᠠᠭ᠎ᠠ ᠲᠠᠢ | ᠤᠶᠤᠨ ᠰᠠᠨᠠᠭᠠᠨ ᠤ ᠬᠦᠴᠦᠨ ᠲᠠᠢ ᠪᠣᠯᠵᠠᠢ᠃ | ᠲᠠᠯᠠᠨ ᠲᠠᠪᠤᠨ ᠵᠢᠯ ᠰᠢᠷᠭᠠᠭᠤ ᠬᠠᠲᠠᠭᠤᠵᠢᠯᠲᠠᠢ ᠲᠡᠮᠡᠴᠡᠵᠦ᠂ ᠠᠷᠠᠳ ᠲᠦᠮᠡᠨ ᠤ ᠰᠠᠶᠢᠨ ᠰᠠᠶᠢᠬᠠᠨ | ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠲᠠᠰᠤᠷᠠᠯᠳᠠ ᠦᠭᠡᠢ ᠪᠡᠶᠡᠯᠡᠭᠳᠡᠪᠡ᠃ ᠢᠳᠡᠵᠦ ᠡᠮᠦᠰᠬᠦ ᠳᠡᠭᠡᠨ ᠵᠥᠪ | ᠦᠭᠡᠢ ᠪᠠᠶᠢᠭᠰᠠᠨ ᠠᠴᠠ ᠶᠡᠷᠦᠩᠬᠡᠢ ᠳᠡᠭᠡᠨ ᠴᠢᠨᠡᠭᠡᠯᠢᠭ ᠪᠣᠯᠵᠤ᠂ ᠲᠠᠭᠢᠭᠠᠳ ᠴᠢᠨᠡᠭᠡᠯᠢᠭ ᠨᠡᠶᠢᠭᠡᠮ ᠢ ᠪᠦᠭᠦ | ᠲᠠᠯ᠎ᠠ ᠪᠠᠷ ᠪᠡᠶᠡᠯᠡᠭᠦᠯᠦᠭᠰᠡᠨ ᠭᠦᠷᠲᠡᠯ᠎ᠡ᠂ ᠪᠢᠳᠡ ᠬᠠᠷᠢᠴᠠᠯᠠᠰᠢᠭᠦᠢ ᠶᠠᠳᠠᠭᠤ ᠬᠦᠴᠢᠷᠳᠡᠯ ᠤᠨ ᠠᠰᠠᠭᠤᠳᠠᠯ ᠢ ᠲᠡᠦᠬᠡᠲᠦ | ᠴᠢᠨᠠᠷᠲᠠᠢ ᠪᠠᠷ ᠰᠢᠢᠳᠪᠦᠷᠢᠯᠡᠨ᠂ ᠴᠢᠨᠡᠭᠡᠯᠢᠭ ᠨᠡᠶᠢᠭᠡᠮ ᠡᠨᠡ ᠬᠦ ᠳᠤᠮᠳᠠᠳᠤ ᠶᠢᠨ ᠦᠨᠳᠦᠰᠦᠲᠡᠨ ᠤ ᠮᠢᠩᠭᠠᠨ ᠣᠨ ᠤ | ᠬᠦᠰᠡᠯ ᠢ ᠪᠡᠶᠡᠯᠡᠭᠦᠯᠵᠦ᠂ ᠳᠡᠯᠡᠬᠡᠢ ᠳᠡᠭᠡᠷᠡᠬᠢ ᠬᠡᠪᠴᠢᠶ᠎ᠡ ᠪᠠᠷ ᠬᠠᠮᠤᠭ ᠤᠨ ᠶᠡᠭᠡ ᠰᠤᠷᠭᠠᠨ ᠬᠥᠮᠦᠵᠢᠯ ᠤᠨ ᠰᠢᠰᠲ᠋ᠧᠮ | ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠰᠢᠰᠲ᠋ᠧᠮ ᠢ ᠪᠠᠶᠢᠭᠤᠯᠵᠤ᠂ | ᠠᠷᠠᠳ ᠤᠨ ᠠᠮᠢᠳᠤᠷᠠᠯ ᠲᠡᠦᠬᠡᠲᠦ ᠴᠢᠨᠠᠷᠲᠠᠢ ᠳᠠᠪᠠᠯᠲᠠ ᠶᠢ ᠪᠡᠶᠡᠯᠡᠭᠦᠯᠦᠨ᠂ ᠪᠦᠭᠦ ᠲᠠᠯ᠎ᠠ ᠪᠠᠷ ᠰᠠᠶᠢᠵᠢᠷᠠᠪᠠ᠃ | ᠬᠥᠮᠥᠨ ᠳᠤᠮᠳᠠᠴᠢ ᠶᠢᠨ ᠵᠢᠱᠢᠭᠰᠡᠨ ᠨᠠᠰᠤᠨ ᠬᠤᠲᠤᠭ 78.6 ᠪᠣᠯᠣᠨ ᠳᠡᠭᠡᠭᠰᠢᠯᠡᠵᠦ᠂ ᠰᠠᠭᠤᠭᠠᠯᠢ ᠠᠷᠠᠳ ᠤᠨ | ᠣᠷᠣᠯᠭ᠎ᠠ ᠲᠣᠭᠲᠠᠭᠤᠨ ᠨᠡᠮᠡᠭᠳᠡᠵᠦ᠂ ᠡᠯ᠎ᠡ ᠲᠥᠷᠥᠯ ᠤᠨ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ | ᠪᠦᠲᠦᠭᠡᠨ ᠪᠠᠶᠢᠭᠤᠯᠤᠯᠲᠠ ᠯᠠᠪᠳᠠᠭᠤᠨ ᠪᠠᠲᠤᠲᠠᠢ ᠠᠬᠢᠪᠠ ᠁ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ | ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠨᠠᠩ ᠲᠡᠭᠦᠯᠳᠡᠷ᠂ ᠨᠠᠩ ᠪᠠᠲᠤᠯᠠᠭ᠎ᠠ ᠲᠠᠢ᠂ ᠨᠠᠩ | ᠳᠠᠭᠠᠭᠠᠮᠠᠭᠠᠢ ᠪᠣᠯᠪᠠ᠃ | ᠳᠠᠯᠠᠨ ᠲᠠᠪᠤᠨ ᠵᠢᠯ ᠡᠷᠡᠮᠡᠬᠡᠶᠢᠯᠡᠨ ᠤᠷᠤᠭᠰᠢᠯᠠᠵᠤ᠂ ᠳᠤᠮᠳᠠᠳᠤ ᠤᠯᠤᠰ ᠢᠮᠠᠭᠲᠠ ᠳᠡᠯᠡᠬᠡᠢ ᠶᠢᠨ | ᠡ᠊ᠩᠭᠡ ᠲᠠᠶᠢᠪᠤᠩ ᠤᠨ ᠪᠦᠲᠦᠭᠡᠨ ᠪᠠᠶᠢᠭᠤᠯᠤᠭᠴᠢ᠂ ᠪᠦᠭᠦ ᠪᠥᠮᠪᠥᠷᠴᠡᠭ ᠤᠨ ᠬᠥᠭᠵᠢᠯᠲᠡ ᠳᠤ ᠬᠤᠪᠢ ᠨᠡᠮᠡᠷᠢ | ᠦᠵᠡᠭᠦᠯᠦᠭᠴᠢ᠂ ᠤᠯᠠᠨ ᠤᠯᠤᠰ ᠤᠨ ᠡᠮᠬᠢ ᠳᠢᠭᠯᠢᠮ ᠤᠨ ᠬᠠᠮᠠᠭᠠᠯᠠᠭᠴᠢ ᠪᠣᠯᠣᠭᠰᠠᠭᠠᠷ ᠢᠷᠡᠪᠡ᠃ ︽ | ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠤᠨ ᠲᠡᠦᠬᠡᠨ ᠬᠠᠷᠢᠭᠤᠯᠲᠠ︾ ᠠᠴᠠ ︽ᠬᠥᠮᠥᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠡᠨᠡ ᠬᠦ ᠴᠠᠭ ᠦᠶ᠎ᠡ ᠶᠢᠨ | ᠬᠠᠷᠢᠭᠤᠯᠲᠠ︾ ᠭᠦᠷᠲᠡᠯ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠬᠥᠮᠥᠨ ᠲᠥᠷᠥᠯᠬᠢᠲᠡᠨ ᠳᠤ ᠨᠡᠩ ᠶᠡᠭᠡ | ᠰᠢᠨ᠎ᠡ ᠬᠤᠪᠢ ᠨᠡᠮᠡᠷᠢ ᠦᠵᠡᠭᠦᠯᠭᠦ ᠶᠢ ᠥᠪᠡᠷ ᠤᠨ ᠡᠭᠦᠷᠭᠡ ᠬᠠᠷᠢᠭᠤᠴᠠᠯᠭ᠎ᠠ ᠪᠠᠨ ᠪᠤᠯᠭᠠᠬᠤ ᠶᠢ ᠪᠠᠷᠢᠮᠲᠠᠯᠠᠪᠠ᠃ | ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ | ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ ᠪᠠᠷ ᠪᠠᠶᠢᠯᠳᠤᠬᠤ | ᠪᠣᠳᠣᠯᠭ᠎ᠠ ᠶᠢᠨ ᠵᠢᠯᠣᠭᠤᠳᠤᠯᠭ᠎ᠠ ᠪᠤᠯᠭᠠᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ | ᠪᠦᠲᠦᠭᠡᠨ ᠪᠠᠶᠢᠭᠤᠯᠬᠤ ᠪᠠᠷ ᠦᠢᠯᠡᠳᠦᠯᠭᠡ ᠶᠢᠨ ᠲᠠᠪᠴᠠᠩ ᠪᠣᠯᠭᠠᠪᠠ ᠁ ᠬᠥᠮᠥᠨ ᠲᠥᠷᠥᠯᠬᠢᠲᠡᠨ ᠤ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠨᠢ ᠴᠠᠭ ᠦᠶ᠎ᠡ ᠶᠢᠨ ᠤᠷᠤᠭᠰᠢᠯᠠᠯᠲᠠ ᠶᠢ ᠬᠥᠲᠥᠯᠥᠨ | ᠳᠠᠭᠠᠭᠤᠯᠬᠤ ᠭᠡᠷᠡᠯ ᠰᠠᠴᠤᠷᠠᠩᠭᠤᠢ ᠲᠤᠭ ᠲᠡᠮᠳᠡᠭ ᠪᠣᠯᠪᠠ᠃ | ᠦᠯᠡᠮᠵᠢ ᠪᠡᠷᠬᠡ ᠳᠤ ᠳᠠᠪᠲᠠᠭᠳᠠᠪᠠᠰᠤ ᠦᠢᠯᠡᠰ ᠪᠦᠲᠦᠭᠡᠬᠦᠢ ᠳᠤᠷ ᠲᠤᠰᠠ ᠪᠣᠯᠣᠮᠤᠢ᠃ 75 | ᠵᠢᠯ ᠤᠨ ᠲᠤᠷᠰᠢᠬᠢ ᠮᠠᠨ ᠤ ᠤᠯᠤᠰ ᠤᠨ ᠬᠥᠭᠵᠢᠯᠲᠡ ᠶᠢᠨ ᠠᠭᠤᠤ ᠶᠡᠭᠡ ᠲᠡᠦᠬᠡᠲᠦ ᠴᠢᠨᠠᠷᠲᠠᠢ ᠠᠮᠵᠢᠯᠲᠠ ᠶᠢ ᠨᠠᠮ | ᠪᠣᠯᠣᠨ ᠠᠷᠠᠳ ᠲᠦᠮᠡᠨ ᠬᠠᠮᠲᠤ ᠪᠠᠷ ᠲᠡᠮᠡᠴᠡᠵᠦ᠂ ᠬᠢᠵᠦ ᠪᠠᠶᠢᠭᠠᠳ ᠣᠯᠣᠭᠰᠠᠨ ᠶᠤᠮ᠃ ᠥᠨᠥᠳᠥᠷ ᠤᠨ ᠳᠤᠮᠳᠠᠳᠤ | ᠤᠯᠤᠰ ᠳᠡᠯᠡᠬᠡᠢ ᠶᠢᠨ ᠳᠣᠷᠣᠨᠠᠳᠠᠬᠢᠨ ᠳᠤ ᠰᠡᠬᠦᠶᠢᠨ ᠰᠦᠨᠳᠡᠷᠯᠡᠵᠦ᠂ ᠴᠥᠮ ᠡᠳᠦᠷ ᠢᠷᠡᠬᠦᠶ᠎ᠡ ᠰᠢᠨᠡᠳᠦᠨ ᠬᠤᠪᠢᠷᠠᠵᠤ | ᠪᠠᠶᠢᠭ᠎ᠠ ᠡᠭᠦᠳᠦᠯᠲᠡ ᠭᠠᠵᠠᠷ ᠪᠣᠯᠭᠠᠨ ᠳᠤ ᠪᠤᠢ ᠪᠣᠯᠵᠤ ᠪᠠᠶᠢᠨ᠎ᠠ᠃ ᠥᠨᠥᠳᠥᠷ ᠤᠨ ᠳᠤᠮᠳᠠᠳᠤ ᠤᠯᠤᠰ ᠤᠨ ᠠᠷᠠᠳ | ᠲᠦᠮᠡᠨ ᠨᠡᠩ ᠢᠯᠡᠭᠦᠦ ᠥᠪᠡᠷ ᠢ ᠪᠠᠨ ᠢᠳᠡᠭᠡᠨ᠂ ᠪᠡᠶ᠎ᠡ ᠪᠠᠨ ᠳᠠᠭᠠᠭᠠᠵᠤ᠂ ᠥᠪᠡᠷ ᠢ ᠪᠠᠨ ᠬᠦᠴᠦᠷᠬᠡᠭᠵᠢᠭᠦᠯᠦᠨ᠂ | ᠤᠷᠢᠳ ᠡᠮᠦᠨ᠎ᠡ ᠪᠠᠶᠢᠭ᠎ᠠ ᠦᠭᠡᠢ ᠲᠡᠦᠬᠡ ᠶᠢᠨ ᠰᠠᠨᠠᠭᠠᠴᠢᠯᠠᠭᠠᠲᠤ ᠵᠣᠷᠢᠭ ᠰᠠᠨᠠᠭ᠎ᠠ᠂ ᠲᠡᠦᠬᠡ ᠶᠢᠨ ᠡᠭᠦᠳᠦᠨ | ᠪᠦᠲᠦᠭᠡᠬᠦ ᠵᠣᠷᠢᠭ ᠰᠠᠨᠠᠭ᠎ᠠ ᠶᠢ ᠪᠠᠳᠠᠷᠠᠭᠤᠯᠵᠤ ᠪᠠᠶᠢᠨ᠎ᠠ᠃ ᠥᠨᠥᠳᠥᠷ ᠤᠨ ᠳᠤᠮᠳᠠᠳᠤ ᠶᠢᠨ ᠦᠨᠳᠦᠰᠦᠲᠡᠨ ᠳᠡᠯᠡᠬᠡᠢ | ᠳ᠋ᠠᠬᠢᠨ ᠳᠤ ᠴᠡᠴᠡᠭᠯᠡᠨ ᠬᠥᠭᠵᠢᠭᠰᠡᠨ ᠪᠠᠶᠢᠳᠠᠯ ᠢᠶᠠᠨ ᠢᠯᠡᠷᠡᠭᠦᠯᠵᠦ᠂ ᠬᠤᠷᠢᠭᠯᠠᠭᠳᠠᠰᠢ ᠦᠭᠡᠢ ᠠᠯᠬᠤᠭ᠎ᠠ ᠪᠠᠷ ᠠᠭᠤᠤ | ᠶᠡᠭᠡ ᠰᠡᠷᠭᠦᠨ ᠮᠠᠨᠳᠤᠯᠲᠠ ᠲᠡᠶᠢᠰᠢ ᠤᠷᠤᠭᠰᠢᠯᠠᠵᠤ ᠪᠠᠶᠢᠨ᠎ᠠ᠃ | ᠴᠢᠭᠯᠡᠯ ᠠᠯᠤᠰ ᠢᠷᠡᠭᠡᠳᠦᠢ ᠶᠢ ᠲᠣᠭᠲᠠᠭᠠᠵᠤ᠂ ᠵᠠᠮ ᠬᠤᠪᠢ ᠵᠠᠶᠠᠭ᠎ᠠ ᠶᠢ ᠲᠣᠭᠲᠠᠭᠠᠨ᠎ᠠ᠃ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠶᠠᠪᠤᠭᠳᠠᠵᠤ ᠳᠡᠶᠢᠯᠭᠦ᠂ ᠯᠠᠪᠳᠠᠭᠤᠨ ᠢᠶᠠᠷ ᠶᠠᠪᠤᠭᠳᠠᠵᠤ ᠳᠡᠶᠢᠯᠭᠦ᠂ | ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠳᠠ ᠶᠢᠨ ᠴᠤᠷ ᠤᠨ | ᠭᠠᠭᠴᠠ ᠵᠥᠪ ᠵᠠᠮ ᠮᠥᠨ᠂ ᠳᠤᠮᠳᠠᠳᠤ ᠤᠯᠤᠰ ᠤᠨ ᠠᠷᠠᠳ ᠲᠦᠮᠡᠨ ᠤ ᠰᠠᠶᠢᠨ ᠰᠠᠶᠢᠬᠠᠨ ᠵᠣᠯ ᠵᠢᠷᠭᠠᠯᠲᠤ | ᠠᠮᠢᠳᠤᠷᠠᠯ ᠢ ᠬᠥᠭᠡᠭᠡᠴᠡᠯᠳᠦᠬᠦ ᠭᠡᠭᠡᠨ ᠰᠠᠷᠠᠭᠤᠯ ᠵᠠᠮ ᠮᠥᠨ᠂ ᠬᠥᠮᠥᠨ ᠲᠥᠷᠥᠯᠬᠢᠲᠡᠨ ᠤ ᠲᠠᠪᠰᠢᠯᠳᠠ᠂ | ᠳᠡᠯᠡᠬᠡᠢ ᠶᠢᠨ ᠶᠡᠭᠡ ᠨᠢᠭᠡᠳᠦᠯ ᠢ ᠡᠷᠢᠯᠬᠢᠯᠡᠬᠦ ᠳᠤ ᠳᠤᠮᠳᠠᠳᠤ ᠤᠯᠤᠰ ᠤᠨ ᠵᠠᠪᠠᠯ ᠵᠠᠮᠨᠠᠬᠤ ᠵᠠᠮ ᠮᠥᠨ ᠭᠡᠳᠡᠭ ᠢ | ᠦᠢᠯᠡᠳᠦᠯᠭᠡ ᠭᠦᠢᠴᠡᠳ ᠭᠡᠷᠡᠴᠢᠯᠡᠪᠡ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠣᠯ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠮᠤᠭ ᠤᠨ ᠮᠥᠨ ᠴᠢᠨᠠᠷ ᠤᠨ ᠣᠨᠴᠠᠯᠢᠭ ᠮᠥᠨ᠂ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠤᠨ ᠬᠠᠮᠤᠭ ᠤᠨ ᠶᠡᠭᠡ ᠳᠠᠪᠠᠭᠤᠯᠢᠭ | ᠮᠥᠨ᠃ ︽ᠬᠤᠶᠠᠷ ᠢ ᠲᠣᠭᠲᠠᠭᠠᠭᠰᠠᠨ︾ ᠨᠢ ᠰᠢᠨ᠎ᠡ ᠴᠠᠭ ᠦᠶ᠎ᠡ ᠳᠤ ᠨᠠᠮ ᠪᠠ ᠤᠯᠤᠰ ᠤᠨ ᠠᠵᠢᠯ ᠦᠢᠯᠡᠰ ᠢ | ᠬᠥᠲᠥᠯᠥᠨ ᠳᠠᠭᠠᠭᠤᠯᠵᠤ ᠢᠯᠠᠯᠲᠠ ᠠᠴᠠ ᠰᠢᠨ᠎ᠡ ᠢᠯᠠᠯᠲᠠ ᠲᠡᠶᠢᠰᠢ ᠤᠷᠤᠭᠰᠢᠯᠠᠬᠤ ᠤᠯᠤᠰ ᠲᠥᠷᠥ ᠶᠢᠨ | ᠪᠠᠲᠤᠯᠠᠭ᠎ᠠ ᠮᠥᠨ᠂ ᠪᠢᠳᠡᠨ ᠤ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠦᠯᠳᠦᠭᠡᠨ ᠢ ᠠᠷᠭᠠᠴᠠᠭᠠᠬᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ | ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠲᠠᠢ ᠶᠤᠮ᠃ | ᠥᠨᠥᠳᠥᠷ᠂ ᠪᠢᠳᠡ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ | ᠪᠡᠶᠡᠯᠡᠭᠦᠯᠬᠦ ᠬᠠᠷᠠᠯᠲᠠ ᠳᠤ ᠲᠡᠦᠬᠡ ᠶᠢᠨ ᠠᠯᠢ ᠴᠤ ᠦᠶ᠎ᠡ ᠠᠴᠠ ᠨᠡᠩ ᠣᠶᠢᠷᠠᠳᠴᠤ᠂ ᠢᠲᠡᠭᠡᠯ ᠴᠢᠳᠠᠪᠤᠷᠢ ᠨᠡᠩ | ᠴᠢᠩᠭᠠᠷᠠᠪᠠ᠂ ᠡᠭᠦᠨ ᠤ ᠬᠠᠮᠲᠤ ᠡᠷᠬᠡᠪᠰᠢ ᠨᠡᠩ ᠬᠠᠲᠠᠭᠤᠵᠢᠯᠲᠠᠢ ᠴᠢᠷᠮᠠᠶᠢᠯᠭ᠎ᠠ ᠭᠠᠷᠭᠠᠬᠤ ᠪᠠᠷ ᠪᠡᠯᠡᠳᠬᠡᠬᠦ ᠬᠡᠷᠡᠭᠲᠡᠢ᠃ | ᠨᠠᠮ ᠤᠨ ᠬᠤᠷᠢᠳᠤᠭᠠᠷ ᠶᠡᠭᠡ ᠬᠤᠷᠠᠯ ᠠᠴᠠ ︽ᠬᠤᠶᠠᠷ ᠠᠯᠬᠤᠮ ᠬᠤᠪᠢᠶᠠᠨ ᠶᠠᠪᠤᠬᠤ︾ ᠪᠠᠶᠢᠯᠳᠤᠬᠤ | ᠪᠣᠳᠣᠯᠭ᠎ᠠ ᠶᠢᠨ ᠲᠣᠬᠢᠷᠠᠭᠤᠯᠤᠯᠲᠠ ᠶᠢᠨ ᠬᠤᠷᠸ᠎ᠠ ᠪᠠᠷᠠᠯᠠᠯ ᠬᠢᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ | ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠠᠤᠭ᠎ᠠ ᠲᠥᠰᠥᠪ ᠢ ᠵᠢᠷᠤᠭᠯᠠᠪᠠ᠃ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠴᠠ ᠥᠭᠡᠷᠡᠴᠢᠯᠡᠯᠲᠡ ᠶᠢ ᠤᠯᠠᠮ ᠨᠢᠭᠡ | ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠲᠤᠬᠠᠢ ᠰᠢᠰᠲ᠋ᠧᠮ ᠲᠠᠢ ᠪᠠᠶᠢᠷᠢᠯᠠᠭᠤᠯᠤᠯᠲᠠ ᠬᠢᠵᠡᠢ᠃ ᠶᠡᠷᠦᠩᠬᠡᠢ ᠱᠦᠵᠢ ᠰᠢ ᠶᠢᠨ ᠫᠢᠩ᠄ ︽ᠤᠳᠤ | ᠪᠢᠳᠡᠨ ᠤ ᠲᠣᠭᠲᠠᠭᠠᠭᠰᠠᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ ᠬᠠᠷᠠᠯᠲᠠ ᠶᠢ ᠪᠡᠶᠡᠯᠡᠭᠦᠯᠬᠦ ᠳᠤ | ᠵᠥᠪᠭᠡᠨ 10 ᠵᠢᠯ ᠭᠠᠷᠤᠢ ᠶᠢᠨ ᠬᠤᠭᠤᠴᠠᠭ᠎ᠠ ᠪᠠᠶᠢᠨ᠎ᠠ᠂ ᠪᠢᠳᠡᠨ ᠤ ᠲᠣᠭᠲᠠᠭᠠᠭᠰᠠᠨ ᠨᠡᠶᠢᠭᠡᠮ ᠵᠢᠷᠤᠮᠲᠤ | ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠠᠷᠠᠯᠲᠠ ᠶᠢ ᠪᠡᠶᠡᠯᠡᠭᠦᠯᠬᠦ ᠳᠤ | ᠪᠠᠰᠠ ᠵᠥᠪᠭᠡᠨ 20 ᠭᠠᠷᠤᠢ ᠵᠢᠯ ᠤᠨ ᠬᠤᠭᠤᠴᠠᠭ᠎ᠠ ᠪᠠᠶᠢᠨ᠎ᠠ᠃ ᠴᠠᠭ ᠮᠥᠴᠡ ᠪᠢᠳᠡᠨ ᠲᠠᠢ ᠤᠷᠤᠯᠳᠤᠵᠦ ᠪᠠᠶᠢᠨ᠎ᠠ᠂ | ᠤᠷᠤᠭᠰᠢᠯᠠᠬᠤ ᠶᠢ ᠤᠷᠮᠠᠰᠢᠭᠤᠯᠤᠨ ᠵᠣᠷᠢᠭᠵᠢᠭᠤᠯᠵᠤ ᠪᠠᠶᠢᠨ᠎ᠠ︾ ᠭᠡᠵᠦ ᠵᠢᠭᠠᠵᠤ ᠭᠠᠷᠭᠠᠪᠠ᠃ ᠵᠠᠮ ᠬᠤᠪᠢᠷᠠᠬᠤ | ᠦᠭᠡᠢ᠂ ᠵᠣᠷᠢᠭ ᠬᠤᠪᠢᠷᠠᠬᠤ ᠦᠭᠡᠢ ᠪᠠᠶᠢᠬᠤ ᠬᠦᠴᠦᠷᠬᠡᠭ ᠶᠡᠭᠡ ᠲᠣᠭᠲᠠᠯ ᠬᠦᠴᠦᠨ ᠢᠶᠠᠨ ᠪᠠᠲᠤᠯᠠᠵᠤ᠂ | ᠲᠡᠦᠬᠡ ᠶᠢᠨ ᠢᠲᠡᠭᠡᠯ ᠢᠶᠠᠨ ᠪᠠᠲᠤᠳᠬᠠᠨ᠂ ᠲᠡᠦᠬᠡ ᠶᠢᠨ ᠰᠠᠨᠠᠭᠠᠴᠢᠯᠠᠭᠠᠲᠤ ᠴᠢᠨᠠᠷ ᠢᠶᠠᠨ ᠴᠢᠩᠭᠠᠳᠬᠠᠵᠤ᠂ ᠡᠬᠢᠨ | ᠠᠴᠠ ᠨᠢ ᠡᠴᠦᠰ ᠲᠤᠨᠢ ᠲᠤᠯᠲᠠᠯ᠎ᠠ ᠲᠤᠭᠤᠰᠢᠯᠠᠭᠤᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠪᠠᠯ ᠯᠠᠪᠲᠠᠢ | ᠤᠷᠤᠭᠰᠢᠯᠠᠯᠲᠠ ᠶᠢᠨ ᠳᠤᠮᠳᠠᠬᠢ ᠡᠯ᠎ᠡ ᠵᠦᠢᠯ ᠤᠨ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠵᠤ᠂ | ᠠᠯᠬᠤᠮ ᠠᠯᠬᠤᠮ ᠢᠶᠠᠷ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢ ᠪᠣᠳᠠᠲᠤ ᠠᠬᠤᠢ ᠪᠤᠯᠭᠠᠵᠤ ᠴᠢᠳᠠᠨ᠎ᠠ᠃ | ᠪᠦᠯᠬᠦᠮᠳᠡᠯ ᠪᠣᠯ ᠬᠦᠴᠦᠨ ᠮᠥᠨ᠂ ᠪᠦᠯᠬᠦᠮᠳᠡᠪᠡᠯ ᠰᠠᠶ᠋ᠢ ᠢᠯᠠᠯᠲᠠ ᠣᠯᠵᠤ ᠴᠢᠳᠠᠨ᠎ᠠ᠃ ︽ | ᠣᠳᠣᠬᠠᠨ ᠳᠤ ᠳᠡᠯᠡᠬᠡᠢ ᠶᠢᠨ ᠬᠤᠪᠢᠷᠠᠯᠲᠠ᠂ ᠴᠠᠭ ᠦᠶ᠎ᠡ ᠶᠢᠨ ᠬᠤᠪᠢᠷᠠᠯᠲᠠ᠂ ᠲᠡᠦᠬᠡ ᠶᠢᠨ ᠬᠤᠪᠢᠷᠠᠯᠲᠠ | ᠲᠠᠰᠤᠷᠠᠯᠲᠠ ᠦᠭᠡᠢ ᠥᠷᠭᠡᠵᠢᠨ ᠭᠦᠨᠵᠡᠭᠡᠶᠢᠷᠡᠵᠦ᠂ ᠮᠠᠨ ᠤ ᠤᠯᠤᠰ ᠤᠨ ᠥᠭᠡᠷᠡᠴᠢᠯᠡᠯᠲᠡ ᠬᠥᠭᠵᠢᠯᠲᠡ | ᠲᠣᠭᠲᠠᠭᠤᠨ ᠤ ᠡᠭᠦᠷᠭᠡ ᠪᠡᠷᠬᠡ ᠬᠠᠲᠠᠭᠤᠵᠢᠯᠲᠠᠢ ᠪᠥᠭᠡᠳ ᠨᠦᠰᠡᠷ ᠬᠦᠨᠳᠦ ᠪᠠᠶᠢᠨ᠎ᠠ᠂ ᠰᠡᠳᠬᠢᠯ ᠨᠢᠭᠡᠳᠦᠨ | ᠬᠦᠴᠦ ᠪᠠᠨ ᠬᠠᠮᠲᠤᠳᠬᠠᠵᠤ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠶᠡᠭᠡ | ᠪᠦᠯᠬᠦᠮᠳᠡᠯ ᠢ ᠲᠠᠰᠤᠷᠠᠯᠲᠠ ᠦᠭᠡᠢ ᠪᠠᠬᠢᠵᠢᠭᠦᠯᠦᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠳᠤᠮᠳᠠᠳᠤ ᠶᠢᠨ | ᠬᠥᠪᠡᠭᠦᠳ ᠥᠬᠢᠳ ᠤᠨ ᠶᠡᠭᠡ ᠪᠦᠯᠬᠦᠮᠳᠡᠯ ᠢ ᠴᠢᠩᠭᠠᠳᠬᠠᠬᠤ ᠶᠢ ᠲᠤᠯᠭᠠᠮ ᠱᠠᠭᠠᠷᠳᠠᠵᠤ ᠪᠠᠶᠢᠨ᠎ᠠ︾᠃ ᠤᠯᠠᠨ | ᠵᠢᠯ ᠤᠨ ᠲᠤᠷᠰᠢ᠂ ᠮᠠᠨ ᠤ ᠨᠠᠮ ᠠᠷᠠᠳ ᠲᠦᠮᠡᠨ ᠢ ᠴᠢᠩᠭ᠎ᠠ ᠲᠦᠰᠢᠭᠯᠡᠵᠦ ᠠᠯᠢ ᠤᠯᠠᠨ ᠲᠡᠦᠬᠡᠨ ᠳᠤ | ᠲᠡᠮᠳᠡᠭᠯᠡᠭᠳᠡᠭᠰᠡᠨ ᠰᠢᠯᠭᠠᠯᠲᠠ ᠶᠢᠨ ᠬᠠᠭᠤᠳᠠᠰᠤ ᠶᠢ ᠲᠤᠰᠢᠶᠠᠵᠠᠢ᠃ ᠢᠷᠡᠭᠡᠳᠦᠢ ᠳᠤ ᠮᠥᠨ ᠯᠡ ᠠᠷᠠᠳ ᠲᠦᠮᠡᠨ ᠳᠤ | ᠲᠦᠰᠢᠭᠯᠡᠨ ᠲᠡᠦᠬᠡ ᠶᠢᠨ ᠰᠢᠨ᠎ᠡ ᠠᠭᠤᠤ ᠦᠢᠯᠡᠰ ᠢ ᠡᠭᠦᠳᠦᠨ ᠪᠦᠲᠦᠭᠡᠬᠦ ᠬᠡᠷᠡᠭᠲᠡᠢ᠃ ᠰᠢᠨ᠎ᠡ ᠠᠶᠠᠨ ᠳᠤ᠂ | ᠲᠡᠮᠡᠴᠡᠯ ᠤᠨ ᠬᠠᠷᠠᠯᠲᠠ ᠪᠠᠨ ᠣᠨᠢᠯᠠᠨ ᠲᠣᠭᠲᠠᠭᠠᠵᠤ᠂ ᠵᠠᠪᠠᠯ ᠢᠯᠠᠬᠤ ᠢᠲᠡᠭᠡᠯ ᠢᠶᠠᠨ ᠪᠠᠲᠤᠳᠬᠠᠨ᠂ ᠠᠷᠠᠳ | ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠦᠭᠦ ᠠᠷᠠᠳ ᠲᠦᠮᠡᠨ ᠳᠤ | ᠨᠡᠩ ᠤᠯᠠᠨ ᠨᠡᠩ ᠡᠷᠬᠡ ᠲᠡᠭᠰᠢ ᠬᠦᠷᠲᠡᠭᠡᠵᠦ᠂ ᠲᠦᠭ ᠲᠦᠮᠡᠨ ᠠᠷᠠᠳ ᠲᠦᠮᠡᠨ ᠤ ᠢᠳᠡᠪᠬᠢᠵᠢᠯ᠂ | ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠬᠥᠭᠵᠢᠭᠡᠪᠡᠯ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠬᠠᠮᠤᠭ ᠤᠨ ᠨᠠᠶᠢᠳᠠᠪᠤᠷᠢᠲᠠᠢ᠂ ᠬᠠᠮᠤᠭ ᠤᠨ ᠭᠦᠨ ᠵᠤᠵᠠᠭᠠᠨ᠂ ᠬᠠᠮᠤᠭ ᠤᠨ ᠤᠳᠠᠭᠠᠨ | ᠳᠠᠭᠠᠭᠠᠮᠠᠭᠠᠢ ᠬᠦᠴᠦᠨ ᠴᠢᠳᠠᠯ ᠤᠨ ᠡᠬᠢ ᠰᠤᠷᠪᠤᠯᠵᠢ ᠲᠠᠢ ᠪᠤᠯᠬᠤ ᠶᠤᠮ᠃ | ᠶᠡᠭᠡ ᠶᠣᠰᠣ ᠶᠢ ᠶᠠᠷᠢᠬᠤ ᠳᠤ ᠳᠦᠭᠦᠮ᠂ ᠦᠨᠡᠨ ᠪᠣᠳᠠᠲᠠᠢ ᠠᠵᠢᠯᠯᠠᠬᠤ ᠨᠢ ᠴᠢᠬᠤᠯᠠ᠃ ︽ᠪᠢᠳᠡ | ᠪᠣᠯ ᠪᠦᠷ ᠲᠡᠮᠡᠴᠡᠭᠴᠢ ᠮᠥᠨ᠂ ᠥᠩᠭᠡᠷᠡᠭᠰᠡᠨ ᠠᠴᠠ ᠥᠨᠥᠳᠥᠷ ᠪᠤᠯᠲᠠᠯ᠎ᠠ ᠲᠡᠮᠡᠴᠡᠵᠦ᠂ ᠡᠶᠢᠮᠦ ᠭᠡᠷᠡᠯ ᠰᠠᠴᠤᠷᠠᠩᠭᠤᠢ | ᠠᠮᠵᠢᠯᠲᠠ ᠣᠯᠵᠠᠢ᠃ ᠮᠠᠨ ᠤ ᠢᠷᠡᠭᠡᠳᠦᠢ ᠶᠢᠨ ᠬᠠᠷᠠᠯᠲᠠ ᠮᠠᠰᠢ ᠲᠣᠳᠣᠷᠬᠠᠢ ᠮᠠᠰᠢ ᠠᠭᠤᠤ ᠶᠡᠭᠡ ᠶᠤᠮ᠂ ᠲᠡᠭᠦᠨ ᠢ | ᠪᠡᠶᠡᠯᠡᠭᠦᠯᠬᠦ ᠳᠤ ᠪᠠᠰᠠ ᠪᠢᠳᠡᠨ ᠤ ᠦᠷᠭᠦᠯᠵᠢᠯᠡᠨ ᠪᠣᠳᠠᠲᠠᠢ ᠠᠵᠢᠯᠯᠠᠬᠤ ᠳᠤ ᠲᠦᠰᠢᠭᠯᠡᠨ᠎ᠡ︾᠃ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠬᠢᠵᠦ ᠪᠠᠶᠢᠭᠠᠳ ᠪᠡᠶᠡᠯᠡᠭᠦᠯᠬᠦ ᠬᠡᠷᠡᠭᠲᠡᠢ᠂ ᠠᠭᠤᠤ ᠶᠡᠭᠡ ᠦᠢᠯᠡᠰ ᠢ | ᠴᠥᠮ ᠦᠨᠡᠨ ᠪᠣᠳᠠᠲᠠᠢ ᠠᠵᠢᠯᠯᠠᠵᠤ ᠬᠢᠵᠦ ᠪᠠᠶᠢᠭᠠᠳ ᠪᠦᠲᠦᠭᠡᠭᠰᠡᠨ ᠶᠤᠮ᠃ ᠤᠷᠢᠳ ᠡᠮᠦᠨ᠎ᠡ ᠪᠠᠶᠢᠭ᠎ᠠ ᠦᠭᠡᠢ | ᠡᠭᠦᠳᠦᠯᠲᠡ ᠶᠢᠨ ᠴᠢᠨᠠᠷᠲᠠᠢ ᠦᠢᠯᠡᠰ ᠢ ᠠᠬᠢᠭᠤᠯᠬᠤ ᠳᠤ᠂ ᠤᠷᠢᠳ ᠡᠮᠦᠨ᠎ᠡ ᠪᠠᠶᠢᠭ᠎ᠠ ᠦᠭᠡᠢ ᠶᠡᠭᠡ ᠬᠡᠮᠵᠢᠶᠡᠨ ᠤ ᠴᠣ | ᠰᠢᠨ᠎ᠡ ᠠᠰᠠᠭᠤᠳᠠᠯ ᠳᠤ ᠲᠤᠯᠭᠠᠷᠠᠵᠤ᠂ ᠡᠯ᠎ᠡ ᠵᠦᠢᠯ ᠤᠨ ᠬᠦᠴᠢᠷ ᠪᠡᠷᠬᠡᠰᠢᠶᠡᠯ ᠬᠠᠷᠰᠢ ᠰᠠᠭᠠᠳ ᠲᠤ ᠤᠴᠠᠷᠠᠨ᠂ | ᠮᠠᠰᠢ ᠤᠯᠠᠨ ᠰᠠᠯᠬᠢ ᠳᠠᠪᠠᠯᠭᠠᠨ ᠴᠢᠨᠠᠭᠰᠢᠯᠠᠪᠠᠯ ᠰᠢᠷᠦᠭᠦᠨ ᠰᠠᠯᠬᠢ ᠲᠤᠬᠰᠢᠨ ᠳᠠᠪᠠᠯᠭᠠᠨ ᠤ ᠴᠢᠬᠤᠯᠠ ᠶᠡᠭᠡ | ᠰᠢᠯᠭᠠᠯᠲᠠ ᠶᠢ ᠥᠩᠭᠡᠷᠡᠭᠡᠬᠦ ᠨᠢ ᠵᠠᠶᠢᠯᠠᠰᠢ ᠦᠭᠡᠢ ᠶᠤᠮ᠂ ᠡᠷᠬᠡᠪᠰᠢ ᠮᠠᠰᠢ ᠤᠯᠠᠨ ᠰᠢᠨ᠎ᠡ ᠲᠡᠦᠬᠡᠨ ᠣᠨᠴᠠᠯᠢᠭ ᠲᠠᠢ | ᠠᠭᠤᠤ ᠶᠡᠭᠡ ᠲᠡᠮᠡᠴᠡᠯ ᠢ ᠬᠢᠬᠦ ᠬᠡᠷᠡᠭᠲᠡᠢ᠃ ᠰᠢᠨ᠎ᠡ ᠠᠶᠠᠨ ᠳᠤ᠂ ᠪᠢᠳᠡ ᠥᠭᠡᠷᠡᠴᠢᠯᠡᠯᠲᠡ ᠨᠡᠭᠡᠭᠡᠯᠲᠡ ᠭᠡᠬᠦ ᠡᠨᠡ ᠬᠦ | ᠴᠢᠬᠤᠯᠠ ᠠᠨᠢᠰᠤ ᠶᠢ ᠰᠠᠶᠢᠲᠤᠷ ᠬᠡᠷᠡᠭᠯᠡᠬᠦ ᠶᠢ ᠪᠠᠷᠢᠮᠲᠠᠯᠠᠨ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠰᠢᠭᠤᠷᠬᠠᠢ ᠤᠷᠤᠯᠴᠠᠵᠦ᠂ ᠪᠣᠳᠠᠲᠠᠢ ᠠᠵᠢᠯᠯᠠᠭᠴᠢ ᠪᠣᠯᠵᠤ᠂ | ︽ᠰᠢᠪᠲᠤᠯᠤᠯᠲᠠ ᠬᠢᠬᠦ︾ ᠵᠣᠷᠢᠭ ᠰᠠᠨᠠᠭ᠎ᠠ᠂ ︽ᠡᠭᠦᠳᠦᠨ ᠪᠦᠲᠦᠭᠡᠬᠦ︾ ᠡᠷᠴᠢ ᠵᠣᠷᠢᠭ᠂ ︽ᠠᠵᠢᠯᠯᠠᠬᠤ︾ | ᠰᠤᠷᠲᠠᠯ ᠢᠶᠠᠨ ᠡᠭᠦᠷᠢᠳᠡ ᠪᠠᠲᠤᠯᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠳᠤᠮᠳᠠ ᠠᠵᠢᠯ ᠦᠢᠯᠡᠰ ᠢᠶᠠᠨ | ᠪᠦᠲᠦᠭᠡᠵᠦ᠂ ᠵᠣᠷᠢᠭᠲᠠᠢ ᠬᠢᠵᠦ ᠵᠣᠷᠢᠭᠲᠠᠢ ᠠᠵᠢᠯᠯᠠᠬᠤ ᠳᠤᠮᠳᠠ ᠵᠠᠮ ᠨᠡᠭᠡᠭᠡᠨ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠨᠡᠩ ᠰᠦᠷᠯᠢᠭ ᠰᠠᠶᠢᠬᠠᠨ ᠢᠷᠠᠭᠤ ᠬᠠᠭᠤᠳᠠᠰᠤ ᠶᠢ ᠬᠠᠮᠲᠤ ᠪᠠᠷ ᠪᠢᠴᠢᠭᠯᠡᠬᠦ ᠬᠡᠷᠡᠭᠲᠡᠢ᠃ | ᠶᠡᠷᠦᠩᠬᠡᠢ ᠱᠦᠵᠢ ᠰᠢ ᠶᠢᠨ ᠫᠢᠩ᠄ ︽ᠤᠳᠤ᠂ ᠪᠦᠭᠦ ᠨᠠᠮ ᠪᠦᠭᠦ ᠤᠯᠤᠰ ᠤᠨ ᠠᠷᠠᠳ ᠲᠦᠮᠡᠨ | ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠬᠦᠴᠦᠯᠡᠨ ᠠᠬᠢᠭᠤᠯᠵᠤ ᠪᠠᠶᠢᠨ᠎ᠠ᠂ ᠪᠢᠳᠡ ᠨᠡᠩ | ᠪᠦᠯᠬᠦᠮᠳᠡᠨ᠂ ᠨᠡᠩ ᠴᠢᠷᠮᠠᠶᠢᠵᠤ᠂ ᠤᠯᠠᠨ ᠢᠶᠠᠷ ᠢᠶᠠᠨ ᠬᠠᠮᠲᠤ ᠪᠠᠷ ᠴᠢᠷᠮᠠᠶᠢᠨ ᠠᠵᠢᠯᠯᠠᠵᠤ᠂ ᠨᠡᠩ ᠶᠡᠭᠡ ᠰᠢᠨ᠎ᠡ ᠭᠡᠷᠡᠯ | ᠰᠠᠴᠤᠷᠠᠩᠭᠤᠢ ᠠᠮᠵᠢᠯᠲᠠ ᠶᠢ ᠡᠭᠦᠳᠬᠦ ᠬᠡᠷᠡᠭᠲᠡᠢ︾ ᠭᠡᠵᠦ ᠴᠢᠬᠤᠯᠠᠴᠢᠯᠠᠪᠠ᠃ ᠰᠢᠨ᠎ᠡ ᠲᠡᠦᠬᠡ ᠶᠢᠨ ᠣᠷᠣᠨ ᠪᠠᠶᠢᠷᠢ᠂ | ᠰᠢᠨ᠎ᠡ ᠲᠡᠮᠡᠴᠡᠯ ᠤᠨ ᠠᠶᠠᠨ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠠ ᠨᠠᠮ ᠤᠨ ᠲᠥᠪ | ᠬᠤᠷᠢᠶ᠎ᠠ ᠶᠢᠨ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ | ᠲᠤᠭᠤᠰᠢᠯᠠᠭᠤᠯᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠲᠦ ᠴᠢᠨᠠᠷᠲᠠᠢ ᠠᠴᠢ ᠬᠤᠯᠪᠣᠭᠳᠠᠯ ᠢ | ᠭᠦᠨᠵᠡᠭᠡᠢ ᠣᠶᠢᠯᠠᠭᠠᠨ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ | ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠡᠭᠦᠷᠢᠳᠡ ᠴᠠᠯᠠᠭᠠᠶᠢᠷᠠᠬᠤ ᠦᠭᠡᠢ ᠣᠶᠤᠨ | ᠰᠠᠨᠠᠭᠠᠨ ᠤ ᠳᠦᠷᠰᠦ ᠪᠠᠶᠢᠳᠠᠯ᠂ ᠴᠤᠴᠠᠯᠲᠠ ᠦᠭᠡᠢ ᠤᠷᠤᠭᠰᠢᠯᠠᠬᠤ ᠲᠡᠮᠡᠴᠡᠯ ᠤᠨ ᠳᠦᠷᠰᠦ ᠪᠠᠶᠢᠳᠠᠯ ᠢᠶᠠᠷ ᠰᠡᠳᠬᠢᠯ | ᠨᠢᠭᠡᠳᠦᠨ ᠬᠦᠴᠦ ᠪᠠᠨ ᠬᠠᠮᠲᠤᠳᠬᠠᠵᠤ᠂ ᠡᠷᠡᠮᠡᠬᠡᠶᠢᠯᠡᠨ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠵᠡᠭᠡᠶ᠎ᠡ᠃ | | | |