ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠦᠷᠢᠯᠳᠦᠯ ᠪᠠ ᠬᠥᠭᠵᠢᠯᠲᠡ ᠪᠣᠯ ᠬᠥᠮᠥᠰ ᠤᠨ ᠰᠡᠳᠬᠢᠯ ᠤᠨ ᠬᠠᠨᠳᠤᠰᠢ ᠨᠡᠶᠢᠭᠡᠮ ᠤᠨ ᠪᠠᠶᠢᠳᠠᠯ ᠤᠨ ᠶᠡᠷᠦᠩᠬᠡᠢ ᠬᠠᠨᠳᠤᠰᠢ ᠲᠡᠦᠬᠡ ᠶᠢᠨ ᠵᠠᠶᠢᠯᠠᠰᠢ ᠦᠭᠡᠢ ᠬᠠᠨᠳᠤᠰᠢ ᠮᠥᠨ
ᠨᠡᠶᠢᠲᠡᠯᠡᠭᠰᠡᠨ ᠴᠠᠭ᠄
2024/12/31
                                                 - ᠶᠡᠷᠦᠩᠬᠡᠢ ᠱᠦᠵᠢ ᠰᠢ ᠶᠢᠨ ᠫᠢᠩ ᠤᠨ ᠪᠦᠭᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠬᠢᠭᠦᠯᠦᠨ              ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠰᠤᠷᠤᠯᠴᠠᠨ ᠲᠤᠭᠤᠰᠢᠯᠠᠭᠤᠯᠬᠤ ᠲᠤᠬᠠᠢ ᠥᠭᠦᠯᠡᠬᠦ ᠨᠢ              ᠠᠷᠠᠳ ᠤᠨ ᠡᠳᠦᠷ ᠤᠨ ᠰᠣᠨᠢᠨ ᠤ ᠰᠢᠭᠦᠮᠵᠢᠯᠡᠭᠴᠢ              ︽ᠳᠤᠮᠳᠠᠳᠤ ᠶᠢᠨ ᠦᠨᠳᠦᠰᠦᠲᠡᠨ ᠪᠣᠯ ᠲᠠᠪᠤᠨ ᠮᠢᠩᠭ᠎ᠠ ᠭᠠᠷᠤᠢ ᠵᠢᠯ ᠤᠨ ᠪᠣᠯᠪᠠᠰᠤᠨ ᠲᠡᠦᠬᠡ ᠲᠠᠢ ᠠᠭᠤᠤ ᠶᠡᠭᠡ ᠦᠨᠳᠦᠰᠦᠲᠡᠨ ᠮᠥᠨ︾᠃ ᠪᠦᠭᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠦᠨᠳᠦᠰᠦᠲᠡᠨ ᠨᠥᠬᠦᠳ ᠤᠨ ᠴᠢᠰᠤ ᠮᠢᠬᠠᠨ ᠤ ᠪᠠᠷᠢᠯᠳᠤᠯᠭ᠎ᠠ᠂ ᠢᠲᠡᠭᠡᠯ ᠪᠢᠰᠢᠷᠡᠯ ᠠᠳᠠᠯᠢᠬᠠᠨ᠂ ᠰᠣᠶᠣᠯ ᠤᠨ ᠨᠡᠪᠲᠡᠷᠡᠯᠴᠡᠭᠡ᠂ ᠠᠵᠤ ᠠᠬᠤᠢ ᠬᠠᠷᠢᠯᠴᠠᠨ ᠲᠦᠰᠢᠯᠴᠡᠬᠦ᠂ ᠬᠠᠶᠢᠷ᠎ᠠ ᠰᠡᠳᠬᠢᠯᠭᠡ ᠳᠣᠲᠣᠨᠣ ᠪᠠᠶᠢᠬᠤ ᠵᠡᠷᠭᠡ ᠲᠠᠪᠤᠨ ᠲᠠᠯ᠎ᠠ ᠠᠴᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠦᠷᠢᠯᠳᠦᠯ ᠪᠠ ᠬᠥᠭᠵᠢᠯᠲᠡ ᠪᠣᠯ ᠬᠥᠮᠥᠰ ᠤᠨ ᠰᠡᠳᠬᠢᠯ ᠤᠨ ᠬᠠᠨᠳᠤᠰᠢ᠂ ᠨᠡᠶᠢᠭᠡᠮ ᠤᠨ ᠪᠠᠶᠢᠳᠠᠯ ᠤᠨ ᠶᠡᠷᠦᠩᠬᠡᠢ ᠬᠠᠨᠳᠤᠰᠢ᠂ ᠲᠡᠦᠬᠡ ᠶᠢᠨ ᠵᠠᠶᠢᠯᠠᠰᠢ ᠦᠭᠡᠢ ᠬᠠᠨᠳᠤᠰᠢ ᠮᠥᠨ︾ ᠭᠡᠵᠦ ᠭᠦᠨᠵᠡᠭᠡᠢ ᠲᠣᠳᠣᠷᠬᠠᠶᠢᠯᠠᠨ ᠥᠭᠦᠯᠡᠵᠦ᠂ ︽ᠲᠠᠪᠤᠨ ᠮᠢᠩᠭ᠎ᠠ ᠭᠠᠷᠤᠢ ᠵᠢᠯ ᠤᠨ ᠳᠤᠮᠳᠠᠳᠤ ᠶᠢᠨ ᠪᠣᠯᠪᠠᠰᠤᠨ ᠠᠴᠠ ᠪᠤᠢ ᠪᠣᠯᠤᠭᠰᠠᠨ ᠠᠭᠤᠤ ᠶᠡᠭᠡ ᠡᠬᠡ ᠤᠯᠤᠰ᠂ ᠠᠭᠤᠤ ᠶᠡᠭᠡ ᠦᠨᠳᠦᠰᠦᠲᠡᠨ ᠪᠣᠯ ᠡᠭᠦᠷᠢᠳᠡ ᠪᠦᠭᠦ ᠳᠤᠮᠳᠠᠳᠤ ᠶᠢᠨ ᠬᠥᠪᠡᠭᠦᠳ ᠥᠬᠢᠳ ᠤᠨ ᠬᠠᠮᠤᠭ ᠤᠨ ᠭᠦᠨ ᠵᠤᠵᠠᠭᠠᠨ᠂ ᠬᠠᠮᠤᠭ ᠤᠨ ᠥᠨᠢ ᠤᠳᠠᠭᠠᠨ ᠤ ᠬᠠᠶᠢᠷ᠎ᠠ ᠰᠡᠳᠬᠢᠯᠭᠡ ᠶᠢᠨ ᠦᠨᠳᠦᠰᠦ ᠪᠤᠯᠬᠤ ᠶᠤᠮ︾ ᠭᠡᠵᠦ ᠭᠦᠨᠵᠡᠭᠡᠢ ᠵᠢᠭᠠᠵᠤ ᠭᠠᠷᠭᠠᠪᠠ᠃              ᠳᠤᠮᠳᠠᠳᠤ ᠤᠯᠤᠰ ᠤᠨ ᠲᠡᠦᠬᠡ ᠪᠣᠯ ᠳᠠᠷᠤᠢ ᠦᠨᠳᠦᠰᠦᠲᠡᠨ ᠨᠦᠭᠦᠳ ᠤᠨ ᠠᠭᠤᠰᠤᠯᠴᠠᠵᠤ ᠤᠯᠠᠨ ᠡᠰᠢᠲᠦ ᠨᠢᠭᠡ ᠴᠣᠭᠴᠠᠵᠢᠭᠰᠠᠨ ᠳᠤᠮᠳᠠᠳᠤ ᠶᠢᠨ ᠦᠨᠳᠦᠰᠦᠲᠡᠨ ᠤ ᠲᠡᠦᠬᠡ ᠮᠥᠨ᠂ ᠦᠨᠳᠦᠰᠦᠲᠡᠨ ᠨᠦᠭᠦᠳ ᠤᠨ ᠬᠠᠮᠲᠤ ᠪᠠᠷ ᠴᠣᠭᠴᠠᠯᠠᠨ ᠪᠠᠶᠢᠭᠤᠯᠵᠤ᠂ ᠬᠥᠭᠵᠢᠭᠦᠯᠵᠦ᠂ ᠪᠠᠬᠢᠵᠢᠭᠦᠯᠵᠦ ᠨᠢᠭᠡᠳᠦᠭᠰᠡᠨ ᠠᠭᠤᠤ ᠶᠡᠭᠡ ᠡᠬᠡ ᠤᠯᠤᠰ ᠤᠨ ᠲᠡᠦᠬᠡ ᠮᠥᠨ᠃ ᠬᠡᠳᠦᠨ ᠮᠢᠩᠭᠠᠨ ᠵᠢᠯ ᠤᠨ ᠲᠡᠦᠬᠡ ᠶᠢᠨ ᠤᠷᠳᠤ ᠠᠶᠠᠨ ᠳᠤ᠂ ᠳᠤᠮᠳᠠᠳᠤ ᠤᠯᠤᠰ ᠤᠨ ᠠᠷᠠᠳ ᠲᠦᠮᠡᠨ ᠢᠮᠠᠭᠲᠠ ᠪᠦᠯᠬᠦᠮᠳᠡᠨ ᠨᠢᠭᠡᠳᠴᠦ᠂ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠨᠢᠭᠡᠳᠦᠭᠰᠡᠨ ᠤᠯᠠᠨ ᠦᠨᠳᠦᠰᠦᠲᠡᠨ ᠲᠠᠢ ᠤᠯᠤᠰ ᠢ ᠪᠠᠶᠢᠭᠤᠯᠵᠤ᠂ 56 ᠦᠨᠳᠦᠰᠦᠲᠡᠨ ᠨᠢᠭᠡ ᠴᠣᠭᠴᠠᠵᠢᠭᠰᠠᠨ᠂ ᠰᠣᠯᠪᠢᠴᠠᠨ ᠠᠭᠤᠰᠤᠯᠴᠠᠭᠰᠠᠨ ᠡᠶ᠎ᠡ ᠵᠣᠬᠢᠴᠠᠩᠭᠤᠢ ᠦᠨᠳᠦᠰᠦᠲᠡᠨ ᠤ ᠬᠠᠷᠢᠴᠠᠭ᠎ᠠ ᠶᠢ ᠬᠥᠭᠵᠢᠭᠦᠯᠵᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭᠰᠠᠨ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠶᠢ ᠪᠦᠷᠢᠯᠳᠦᠭᠦᠯᠵᠡᠢ᠃ ᠢᠯᠠᠩᠭᠤᠶ᠎ᠠ ᠭᠠᠳᠠᠭᠠᠳᠤ ᠶᠢᠨ ᠳᠠᠷᠤᠯᠠᠯ ᠢ ᠡᠰᠡᠷᠭᠦᠴᠡᠬᠦ᠂ ᠬᠠᠭᠠᠴᠠᠯ ᠢ ᠰᠡᠷᠭᠡᠶᠢᠯᠡᠬᠦ᠂ ᠨᠢᠭᠡᠳᠦᠯ ᠢ ᠬᠠᠮᠠᠭᠠᠯᠠᠬᠤ ᠠᠬᠢᠴᠠ ᠳᠤᠮᠳᠠ᠂ ᠦᠨᠳᠦᠰᠦᠲᠡᠨ ᠨᠦᠭᠦᠳ ᠤᠨ ᠠᠷᠠᠳ ᠲᠦᠮᠡᠨ ᠤᠷᠢᠳ ᠡᠮᠦᠨ᠎ᠡ ᠪᠠᠶᠢᠭ᠎ᠠ ᠦᠭᠡᠢ ᠪᠦᠯᠬᠦᠮᠳᠡᠵᠦ᠂ ᠬᠠᠷᠭᠢᠰ ᠳᠠᠶᠢᠰᠤᠨ ᠢ ᠬᠠᠮᠲᠤ ᠪᠠᠷ ᠬᠤᠷᠣᠰᠴᠤ᠂ ᠳᠤᠮᠳᠠᠳᠤ ᠶᠢᠨ ᠦᠨᠳᠦᠰᠦᠲᠡᠨ ᠤ ᠲᠤᠶᠢᠯ ᠤᠨ ᠬᠠᠲᠠᠭᠤᠵᠢᠯᠲᠠᠢ᠂ ᠰᠦᠷ ᠵᠢᠪᠬᠤᠯᠠᠩᠲᠤ ᠠᠭᠤᠤ ᠶᠡᠭᠡ ᠲᠤᠤᠯᠢᠰ ᠢ ᠪᠢᠴᠢᠭᠯᠡᠭᠰᠡᠨ ᠪᠠᠶᠢᠨ᠎ᠠ᠃ ᠮᠠᠨ ᠤ ᠤᠯᠤᠰ ᠤᠨ ᠦᠨᠳᠦᠰᠦᠲᠡᠨ ᠨᠦᠭᠦᠳ ᠡᠬᠡ ᠤᠯᠤᠰ ᠤᠨ ᠢᠶᠠᠨ ᠥᠷᠭᠡᠨ ᠠᠭᠤᠳᠠᠮ ᠨᠤᠲᠤᠭ ᠳᠡᠪᠢᠰᠬᠡᠷ ᠢ ᠬᠠᠮᠲᠤ ᠪᠠᠷ ᠨᠡᠭᠡᠭᠡᠵᠦ᠂ ᠨᠢᠭᠡᠳᠦᠭᠰᠡᠨ ᠤᠯᠠᠨ ᠦᠨᠳᠦᠰᠦᠲᠡᠨ ᠲᠠᠢ ᠤᠯᠤᠰ ᠢ ᠬᠠᠮᠲᠤ ᠪᠠᠷ ᠴᠣᠭᠴᠠᠯᠠᠨ ᠪᠠᠶᠢᠭᠤᠯᠵᠤ᠂ ᠭᠡᠷᠡᠯ ᠰᠠᠴᠤᠷᠠᠩᠭᠤᠢ ᠳᠤᠮᠳᠠᠳᠤ ᠤᠯᠤᠰ ᠤᠨ ᠲᠡᠦᠬᠡ ᠶᠢ ᠬᠠᠮᠲᠤ ᠪᠠᠷ ᠪᠢᠴᠢᠭᠯᠡᠵᠦ᠂ ᠭᠡᠷᠡᠯ ᠰᠠᠴᠤᠷᠠᠩᠭᠤᠢ ᠳᠤᠮᠳᠠᠳᠤ ᠶᠢᠨ ᠰᠣᠶᠣᠯ ᠢ ᠬᠠᠮᠲᠤ ᠪᠠᠷ ᠡᠭᠦᠳᠦᠨ ᠪᠦᠲᠦᠭᠡᠵᠦ᠂ ᠠᠭᠤᠤ ᠶᠡᠭᠡ ᠦᠨᠳᠦᠰᠦᠲᠡᠨ ᠤ ᠵᠣᠷᠢᠭ ᠰᠠᠨᠠᠭ᠎ᠠ ᠶᠢ ᠬᠠᠮᠲᠤ ᠪᠠᠷ ᠪᠣᠶᠢᠵᠢᠭᠤᠯᠤᠭᠰᠠᠨ ᠢ ᠲᠡᠦᠬᠡ ᠭᠦᠢᠴᠡᠳ ᠬᠠᠷᠠᠭᠤᠯᠵᠤ ᠪᠠᠶᠢᠨ᠎ᠠ᠃ ᠳᠤᠮᠳᠠᠳᠤ ᠶᠢᠨ ᠦᠨᠳᠦᠰᠦᠲᠡᠨ ᠤ ᠣᠯᠠᠨ ᠡᠰᠢᠲᠦ ᠨᠢᠭᠡ ᠴᠣᠭᠴᠠ ᠪᠣᠯ ᠮᠠᠨ ᠤ ᠤᠯᠤᠰ ᠤᠨ ᠨᠢᠭᠡᠨ ᠢᠯᠡᠷᠬᠡᠢ ᠣᠨᠴᠠᠯᠢᠭ ᠮᠥᠨ᠂ ᠤᠷᠢᠳᠤᠰ ᠤᠨ ᠪᠢᠳᠡᠨ ᠳᠤ ᠦᠯᠡᠳᠡᠭᠡᠵᠦ ᠥᠭᠭᠦᠭᠰᠡᠨ ᠡᠯᠪᠡᠭ ᠪᠠᠶᠠᠯᠢᠭ ᠥᠪ ᠬᠥᠷᠥᠩᠭᠡ ᠮᠥᠨ᠂ ᠪᠠᠰᠠ ᠴᠤ ᠮᠠᠨ ᠤ ᠤᠯᠤᠰ ᠤᠨ ᠬᠥᠭᠵᠢᠯᠲᠡ ᠶᠢᠨ ᠯᠤᠲᠤ ᠶᠡᠭᠡ ᠳᠠᠪᠠᠭᠤᠯᠢᠭ ᠮᠥᠨ᠃              ᠳᠤᠮᠳᠠᠳᠤ ᠶᠢᠨ ᠪᠣᠯᠪᠠᠰᠤᠨ ᠨᠢ ᠲᠣᠪᠣᠶᠢᠮ᠎ᠠ ᠨᠢᠭᠡᠳᠦᠮᠡᠯ ᠴᠢᠨᠠᠷ᠂ ᠭᠦᠨ ᠵᠤᠵᠠᠭᠠᠨ ᠤᠯᠤᠰ ᠣᠷᠣᠨ ᠤ ᠬᠠᠶᠢᠷ᠎ᠠ ᠰᠡᠳᠬᠢᠯᠭᠡ ᠪᠠ ᠭᠦᠨ ᠴᠢᠬᠢᠮᠡᠢ ᠲᠡᠦᠬᠡ ᠶᠢᠨ ᠤᠬᠠᠮᠰᠠᠷ ᠲᠠᠢ ᠪᠠᠶᠢᠵᠤ᠂ ᠳᠤᠮᠳᠠᠳᠤ ᠶᠢᠨ ᠦᠨᠳᠦᠰᠦᠲᠡᠨ ᠳᠤ ᠶᠡᠭᠡ ᠨᠢᠭᠡᠳᠦᠯ ᠢ ᠬᠠᠮᠠᠭᠠᠯᠠᠬᠤ ᠬᠥᠮᠥᠨ ᠤ ᠰᠡᠳᠬᠢᠯ ᠤᠨ ᠰᠠᠭᠤᠷᠢ ᠶᠢ ᠲᠠᠯᠪᠢᠵᠤ᠂ ᠳᠤᠮᠳᠠᠳᠤ ᠶᠢᠨ ᠦᠨᠳᠦᠰᠦᠲᠡᠨ ᠤ ᠮᠢᠩᠭᠠᠨ ᠪᠡᠷᠬᠡ ᠲᠦᠮᠡᠨ ᠪᠠᠷᠳᠠᠭ᠎ᠠ ᠶᠢ ᠲᠤᠭᠤᠯᠤᠭᠠᠳ ᠲᠠᠰᠤᠷᠠᠯᠳᠠ ᠦᠭᠡᠢ ᠰᠡᠷᠭᠦᠨ ᠮᠠᠨᠳᠤᠬᠤ ᠶᠢᠨ ᠤᠶᠤᠨ ᠰᠠᠨᠠᠭᠠᠨ ᠤ ᠲᠦᠰᠢᠭ ᠲᠤᠯᠭᠠᠭᠤᠷᠢ ᠪᠣᠯᠤᠭᠰᠠᠨ ᠪᠠᠶᠢᠨ᠎ᠠ᠃ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠪᠣᠯᠪᠠᠰᠤᠨ ᠬᠡᠳᠦᠨ ᠮᠢᠩᠭᠠᠨ ᠵᠢᠯ ᠤᠨ ᠲᠤᠷᠰᠢ ᠤᠯᠠᠷᠢᠯ ᠬᠤᠪᠢᠰᠤᠯᠲᠠ ᠶᠢ ᠥᠩᠭᠡᠷᠡᠭᠡᠵᠦ᠂ ᠬᠠᠯᠠ ᠵᠣᠪᠠᠯᠠᠩ ᠢ ᠬᠠᠰᠢᠷᠠᠲᠠᠯ᠎ᠠ ᠠᠮᠰᠠᠭᠰᠠᠨ ᠪᠤᠯᠪᠠᠴᠤ ᠦᠶ᠎ᠡ ᠶᠢᠨ ᠦᠶ᠎ᠡ ᠳᠡᠭᠡᠨ ᠣᠷᠣᠰᠢᠨ ᠲᠣᠭᠲᠠᠨᠢᠵᠤ᠂ ᠲᠠᠰᠤᠷᠠᠯᠳᠠ ᠦᠭᠡᠢ ᠦᠷᠭᠦᠯᠵᠢᠯᠡᠬᠦ ᠶᠢᠨ ᠵᠠᠩᠭᠢᠯᠠᠭ᠎ᠠ ᠨᠢ ᠳᠤᠮᠳᠠᠳᠤ ᠶᠢᠨ ᠦᠨᠳᠦᠰᠦᠲᠡᠨ ᠢᠮᠠᠭᠲᠠ ᠤᠯᠤᠰ ᠤᠨ ᠨᠤᠲᠤᠭ ᠳᠡᠪᠢᠰᠬᠡᠷ ᠰᠠᠯᠵᠤ ᠪᠣᠯᠣᠰᠢ ᠦᠭᠡᠢ᠂ ᠤᠯᠤᠰ ᠣᠷᠣᠨ ᠰᠠᠮᠠᠭᠤᠷᠠᠵᠤ ᠪᠣᠯᠣᠰᠢ ᠦᠭᠡᠢ᠂ ᠦᠨᠳᠦᠰᠦᠲᠡᠨ ᠰᠠᠷᠨᠢᠵᠤ ᠪᠣᠯᠣᠰᠢ ᠦᠭᠡᠢ᠂ ᠪᠣᠯᠪᠠᠰᠤᠨ ᠲᠠᠰᠤᠷᠠᠵᠤ ᠪᠣᠯᠣᠰᠢ ᠦᠭᠡᠢ ᠭᠡᠬᠦ ᠬᠠᠮᠲᠤ ᠶᠢᠨ ᠢᠲᠡᠭᠡᠯ ᠪᠢᠰᠢᠷᠡᠯ ᠢ ᠪᠠᠷᠢᠮᠲᠠᠯᠠᠭᠰᠠᠨ ᠳᠤ ᠪᠠᠶᠢᠨ᠎ᠠ᠃ ᠦᠨᠳᠦᠰᠦᠲᠡᠨ ᠨᠦᠭᠦᠳ ᠪᠦᠯᠬᠦᠮᠳᠡᠨ ᠠᠭᠤᠰᠤᠯᠴᠠᠵᠤ᠂ ᠤᠯᠠᠨ ᠡᠰᠢᠵᠢᠨ ᠨᠢᠭᠡ ᠴᠣᠭᠴᠠᠵᠢᠭᠰᠠᠨ ᠨᠢ ᠦᠨᠳᠦᠰᠦᠲᠡᠨ ᠨᠦᠭᠦᠳ ᠤᠨ ᠰᠣᠶᠣᠯ ᠤᠨ ᠲᠠᠯ᠎ᠠ ᠪᠠᠷ ᠪᠦᠭᠦᠨ ᠢ ᠠᠪᠴᠤ ᠪᠠᠶᠢᠳᠠᠭ ᠢ ᠬᠠᠳᠠᠭᠠᠯᠠᠬᠤ᠂ ᠠᠵᠤ ᠠᠬᠤᠢ ᠶᠢᠨ ᠲᠠᠯ᠎ᠠ ᠪᠠᠷ ᠬᠠᠷᠢᠯᠴᠠᠨ ᠲᠦᠰᠢᠭᠯᠡᠯᠴᠡᠵᠦ᠂ ᠬᠠᠶᠢᠷ᠎ᠠ ᠰᠡᠳᠬᠢᠯᠭᠡ ᠶᠢᠨ ᠲᠠᠯ᠎ᠠ ᠪᠠᠷ ᠬᠠᠷᠢᠯᠴᠠᠨ ᠳᠣᠲᠣᠨᠣᠰᠤᠭ ᠪᠠᠶᠢᠬᠤ ᠠᠴᠠ ᠢᠷᠡᠯᠲᠡ ᠲᠠᠢ᠂ ᠳᠤᠮᠳᠠᠳᠤ ᠶᠢᠨ ᠦᠨᠳᠦᠰᠦᠲᠡᠨ ᠤ ᠪᠦᠯᠬᠦᠮᠳᠡᠯ ᠨᠢᠭᠡᠳᠦᠯ ᠢ ᠬᠥᠭᠡᠭᠡᠴᠡᠯᠳᠦᠬᠦ ᠳᠣᠲᠣᠭᠠᠳᠤ ᠬᠥᠳᠡᠯᠭᠡᠭᠴᠢ ᠬᠦᠴᠦᠨ ᠠᠴᠠ ᠢᠷᠡᠯᠲᠡ ᠲᠠᠢ ᠶᠤᠮ᠃ ᠦᠨᠳᠦᠰᠦᠲᠡᠨ ᠨᠦᠭᠦᠳ ᠤᠨ ᠴᠢᠰᠤ ᠮᠢᠬᠠᠨ ᠤ ᠪᠠᠷᠢᠯᠳᠤᠯᠭ᠎ᠠ ᠪᠣᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠦᠷᠢᠯᠳᠦᠨ ᠬᠥᠭᠵᠢᠬᠦ ᠲᠡᠦᠬᠡ ᠶᠢᠨ ᠰᠠᠭᠤᠷᠢ ᠮᠥᠨ ᠭᠡᠳᠡᠭ ᠢ ᠲᠡᠦᠬᠡ ᠭᠦᠢᠴᠡᠳ ᠬᠠᠷᠠᠭᠤᠯᠤᠭᠰᠠᠨ ᠪᠠᠶᠢᠨ᠎ᠠ; ᠦᠨᠳᠦᠰᠦᠲᠡᠨ ᠨᠦᠭᠦᠳ ᠤᠨ ᠢᠲᠡᠭᠡᠯ ᠪᠢᠰᠢᠷᠡᠯ ᠠᠳᠠᠯᠢᠬᠠᠨ ᠪᠠᠶᠢᠬᠤ ᠪᠣᠯ ᠳᠤᠮᠳᠠᠳᠤ ᠶᠢᠨ ᠦᠨᠳᠦᠰᠦᠲᠡᠨ ᠤ ᠨᠢᠭᠡᠳᠦᠭᠰᠡᠨ ᠤᠯᠠᠨ ᠦᠨᠳᠦᠰᠦᠲᠡᠨ ᠲᠠᠢ ᠤᠯᠤᠰ ᠢ ᠴᠣᠭᠴᠠᠯᠠᠨ ᠪᠠᠶᠢᠭᠤᠯᠬᠤ ᠳᠣᠲᠣᠭᠠᠳᠤ ᠬᠥᠳᠡᠯᠭᠡᠭᠴᠢ ᠬᠦᠴᠦᠨ ᠮᠥᠨ; ᠦᠨᠳᠦᠰᠦᠲᠡᠨ ᠨᠦᠭᠦᠳ ᠤᠨ ᠰᠣᠶᠣᠯ ᠤᠨ ᠨᠡᠪᠲᠡᠷᠡᠯᠴᠡᠭᠡ ᠪᠣᠯ ᠳᠤᠮᠳᠠᠳᠤ ᠶᠢᠨ ᠦᠨᠳᠦᠰᠦᠲᠡᠨ ᠤ ᠤᠯᠠᠨ ᠡᠰᠢᠲᠦ ᠨᠢᠭᠡ ᠴᠣᠭᠴᠠᠵᠢᠭᠰᠠᠨ ᠪᠣᠯᠪᠠᠰᠤᠨ ᠤ ᠪᠠᠶᠢᠷᠢᠰᠢᠯ ᠢ ᠴᠣᠭᠴᠠᠯᠠᠬᠤ ᠰᠣᠶᠣᠯ ᠤᠨ ᠭᠧᠨ ᠮᠥᠨ; ᠦᠨᠳᠦᠰᠦᠲᠡᠨ ᠨᠦᠭᠦᠳ ᠤᠨ ᠠᠵᠤ ᠠᠬᠤᠢ ᠬᠠᠷᠢᠯᠴᠠᠨ ᠲᠦᠰᠢᠯᠴᠡᠬᠦ ᠪᠣᠯ ᠳᠤᠮᠳᠠᠳᠤ ᠶᠢᠨ ᠦᠨᠳᠦᠰᠦᠲᠡᠨ ᠤ ᠨᠢᠭᠡᠳᠦᠯᠲᠡᠢ ᠠᠵᠤ ᠠᠬᠤᠢ ᠶᠢᠨ ᠴᠣᠭᠴᠠ ᠶᠢ ᠪᠠᠶᠢᠭᠤᠯᠬᠤ ᠬᠦᠴᠦᠷᠬᠡᠭ ᠶᠡᠭᠡ ᠬᠦᠴᠦᠨ ᠮᠥᠨ; ᠦᠨᠳᠦᠰᠦᠲᠡᠨ ᠨᠦᠭᠦᠳ ᠤᠨ ᠬᠠᠶᠢᠷ᠎ᠠ ᠰᠡᠳᠬᠢᠯᠭᠡ ᠳᠣᠲᠣᠨᠣ ᠪᠠᠶᠢᠬᠤ ᠪᠣᠯ ᠳᠤᠮᠳᠠᠳᠤ ᠶᠢᠨ ᠦᠨᠳᠦᠰᠦᠲᠡᠨ ᠨᠢᠭᠡ ᠭᠡᠷ ᠮᠡᠲᠦ ᠳᠣᠲᠣᠨᠣ ᠪᠠᠶᠢᠬᠤ ᠶᠢᠨ ᠪᠠᠲᠤ ᠴᠢᠩᠭ᠎ᠠ ᠬᠤᠯᠪᠣᠭᠠᠰᠤ ᠮᠥᠨ᠃              ᠦᠨᠳᠦᠰᠦᠲᠡᠨ ᠨᠦᠭᠦᠳ ᠤᠨ ᠠᠷᠠᠳ ᠲᠦᠮᠡᠨ ᠨᠢᠭᠡ ᠭᠡᠷ ᠮᠡᠲᠦ ᠳᠣᠲᠣᠨᠣ ᠪᠠᠶᠢᠬᠤ ᠪᠣᠯ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠯᠠᠪᠲᠠᠢ ᠪᠡᠶᠡᠯᠡᠭᠦᠯᠬᠦ ᠶᠢᠨ ᠦᠨᠳᠦᠰᠦᠨ ᠪᠠᠲᠤᠯᠠᠭ᠎ᠠ ᠮᠥᠨ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠰᠢᠨ᠎ᠡ ᠠᠶᠠᠨ ᠳᠤ᠂ ᠳᠤᠮᠳᠠᠳᠤ ᠶᠢᠨ ᠦᠨᠳᠦᠰᠦᠲᠡᠨ ᠪᠣᠯ ᠦᠨᠳᠦᠰᠦᠲᠡᠨ ᠨᠦᠭᠦᠳ ᠤᠨ ᠤᠷᠲᠤ ᠬᠤᠭᠤᠴᠠᠭᠠᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠦᠷ᠎ᠡ ᠳ᠋ᠦᠩ ᠮᠥᠨ᠂ ᠦᠨᠳᠦᠰᠦᠲᠡᠨ ᠨᠦᠭᠦᠳ ᠲᠠᠰᠤᠷᠠᠯᠲᠠ ᠦᠭᠡᠢ ᠪᠦᠯᠬᠦᠮᠳᠡᠨ ᠠᠭᠤᠰᠤᠯᠴᠠᠵᠤ᠂ ᠤᠬᠠᠮᠰᠠᠷ ᠠᠴᠠ ᠪᠠᠨ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠳᠤ ᠠᠭᠤᠰᠤᠯᠴᠠᠪᠠᠯ ᠰᠠᠶ᠋ᠢ ᠨᠠᠩ ᠰᠠᠶᠢᠨ ᠰᠠᠶᠢᠬᠠᠨ ᠢᠷᠡᠭᠡᠳᠦᠢ ᠲᠠᠢ ᠪᠣᠯᠵᠤ ᠴᠢᠳᠠᠨ᠎ᠠ ᠭᠡᠳᠡᠭ ᠢ ᠪᠢᠳᠡ ᠨᠠᠩ ᠭᠦᠨᠵᠡᠭᠡᠢ ᠲᠠᠨᠢᠬᠤ ᠭᠡᠷᠡᠭᠲᠡᠶ; ᠮᠠᠨ ᠤ ᠨᠢᠭᠡᠳᠦᠭᠰᠡᠨ ᠤᠯᠠᠨ ᠦᠨᠳᠦᠰᠦᠲᠡᠨ ᠲᠠᠢ ᠤᠯᠤᠰ ᠢ ᠪᠣᠯ ᠦᠨᠳᠦᠰᠦᠲᠡᠨ ᠨᠦᠭᠦᠳ ᠬᠠᠮᠲᠤ ᠪᠠᠷ ᠪᠠᠶᠢᠭᠤᠯᠤᠭᠰᠠᠨ ᠶᠤᠮ᠂ ᠪᠠᠰᠠ ᠡᠷᠬᠡᠪᠰᠢ ᠦᠨᠳᠦᠰᠦᠲᠡᠨ ᠨᠦᠭᠦᠳ ᠬᠠᠮᠲᠤ ᠪᠠᠷ ᠬᠠᠮᠠᠭᠠᠯᠠᠵᠤ᠂ ᠪᠠᠬᠢᠵᠢᠭᠦᠯᠦᠨ ᠬᠥᠭᠵᠢᠭᠦᠯᠬᠦ ᠭᠡᠷᠡᠭᠲᠡᠢ; ᠭᠡᠷᠡᠯ ᠰᠠᠴᠤᠷᠠᠩᠭᠤᠢ ᠳᠤᠮᠳᠠᠳᠤ ᠶᠢᠨ ᠰᠣᠶᠣᠯ ᠢ ᠦᠨᠳᠦᠰᠦᠲᠡᠨ ᠨᠦᠭᠦᠳ ᠬᠠᠮᠲᠤ ᠪᠠᠷ ᠡᠭᠦᠳᠦᠨ ᠪᠦᠲᠦᠭᠡᠭᠰᠡᠨ ᠶᠤᠮ᠂ ᠨᠡᠶᠢᠭᠡᠮ ᠵᠢᠷᠤᠮ ᠤᠨ ᠰᠣᠶᠣᠯ ᠤᠨ ᠰᠢᠨ᠎ᠡ ᠭᠡᠷᠡᠯ ᠰᠠᠴᠤᠷᠠᠩᠭᠤᠢ ᠠᠮᠵᠢᠯᠲᠠ ᠶᠢ ᠡᠭᠦᠳᠬᠦ ᠳᠤ ᠡᠷᠬᠡᠪᠰᠢ ᠳᠤᠮᠳᠠᠳᠤ ᠶᠢᠨ ᠰᠣᠶᠣᠯ ᠤᠨ ᠲᠤᠬᠠᠢ ᠬᠠᠮᠲᠤ ᠶᠢᠨ ᠲᠠᠨᠢᠯᠲᠠ ᠶᠢ ᠲᠠᠰᠤᠷᠠᠯᠳᠠ ᠦᠭᠡᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠰᠣᠶᠣᠯ ᠤᠨ ᠬᠠᠷᠢᠯᠴᠠᠨ ᠲᠣᠯᠢ ᠪᠤᠯᠭᠠᠵᠤ ᠠᠭᠤᠰᠤᠯᠴᠠᠬᠤ ᠶᠢ ᠲᠠᠰᠤᠷᠠᠯᠳᠠ ᠦᠭᠡᠢ ᠴᠢᠩᠭᠠᠳᠬᠠᠬᠤ ᠭᠡᠷᠡᠭᠲᠡᠢ; ᠡᠯ᠎ᠡ ᠭᠠᠵᠠᠷ ᠣᠷᠣᠨ ᠡᠯ᠎ᠡ ᠦᠨᠳᠦᠰᠦᠲᠡᠨ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠲᠠᠰᠤᠷᠠᠯᠲᠠ ᠦᠭᠡᠢ ᠠᠭᠤᠰᠤᠯᠴᠠᠵᠤ᠂ ᠠᠵᠤ ᠠᠬᠤᠢ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠪᠠᠯ ᠰᠠᠶ᠋ᠢ ᠤᠯᠤᠰ ᠤᠨ ᠠᠵᠤ ᠠᠬᠤᠢ ᠶᠢᠨ ᠬᠥᠭᠵᠢᠯ ᠴᠡᠴᠡᠭᠯᠡᠯ ᠢ ᠨᠡᠩ ᠰᠠᠶᠢᠲᠤᠷ ᠠᠬᠢᠭᠤᠯᠵᠤ᠂ ᠲᠤᠰ ᠪᠡᠶ᠎ᠡ ᠶᠢᠨ ᠠᠵᠤ ᠠᠬᠤᠢ ᠶᠢᠨ ᠬᠥᠭᠵᠢᠯᠲᠡ ᠪᠠᠨ ᠨᠡᠩ ᠰᠠᠶᠢᠲᠤᠷ ᠪᠡᠶᠡᠯᠡᠭᠦᠯᠵᠦ ᠴᠢᠳᠠᠨ᠎ᠠ; ᠬᠠᠶᠢᠷ᠎ᠠ ᠰᠡᠳᠬᠢᠯᠭᠡ ᠶᠢᠨ ᠲᠠᠯ᠎ᠠ ᠪᠠᠷ ᠬᠠᠷᠢᠯᠴᠠᠨ ᠳᠣᠲᠣᠨᠣ ᠪᠠᠶᠢᠬᠤ ᠪᠣᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠦᠷᠢᠯᠳᠦᠭᠦᠯᠵᠦ ᠬᠥᠭᠵᠢᠭᠦᠯᠬᠦ ᠪᠠᠲᠤ ᠴᠢᠩᠭ᠎ᠠ ᠬᠤᠯᠪᠣᠭᠠᠰᠤ ᠮᠥᠨ᠂ ᠦᠨᠳᠦᠰᠦᠲᠡᠨ ᠨᠦᠭᠦᠳ ᠤᠨ ᠠᠷᠠᠳ ᠲᠦᠮᠡᠨ ᠴᠥᠮ ᠬᠤᠪᠢ ᠲᠠᠭᠢᠨ ᠨᠠᠨᠳᠢᠩᠨᠠᠵᠤ᠂ ᠡᠷᠬᠡ ᠲᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠬᠤ ᠡᠶ᠎ᠡ ᠵᠣᠬᠢᠴᠠᠩᠭᠤᠢ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠶᠢ ᠲᠠᠰᠤᠷᠠᠯᠳᠠ ᠦᠭᠡᠢ ᠪᠠᠬᠢᠵᠢᠭᠦᠯᠦᠨ ᠬᠥᠭᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠬᠥᠮᠥᠨ ᠤ ᠰᠡᠳᠬᠢᠯ ᠤᠨ ᠰᠠᠭᠤᠷᠢ ᠶᠢ ᠲᠠᠰᠤᠷᠠᠯᠳᠠ ᠦᠭᠡᠢ ᠪᠠᠬᠢᠵᠢᠭᠦᠯᠬᠦ ᠬᠡᠷᠡᠭᠲᠡᠢ᠃              ᠳᠤᠮᠳᠠᠳᠤ ᠶᠢᠨ ᠦᠨᠳᠦᠰᠦᠲᠡᠨ ᠪᠣᠯ ᠬᠤᠪᠢ ᠵᠠᠶᠠᠭᠠᠨ ᠤ ᠬᠠᠮᠲᠤ ᠶᠢᠨ ᠴᠣᠭᠴᠠ ᠮᠥᠨ᠂ ᠮᠠᠨᠳᠤᠪᠠᠯ ᠪᠦᠭᠦᠳᠡᠭᠡᠷ ᠮᠠᠨᠳᠤᠵᠤ᠂ ᠬᠤᠬᠢᠷᠠᠪᠠᠯ ᠪᠦᠭᠦᠳᠡᠭᠡᠷ ᠬᠤᠬᠢᠷᠠᠨ᠎ᠠ᠃ ᠶᠡᠷᠦᠩᠬᠡᠢ ᠱᠦᠵᠢ ᠰᠢ ᠶᠢᠨ ᠫᠢᠩ᠄ ︽ᠡᠨᠡ ᠬᠦ ᠥᠷᠭᠡᠨ ᠠᠭᠤᠳᠠᠮ᠂ ᠦᠵᠡᠰᠬᠦᠯᠡᠩᠲᠦ ᠰᠠᠶᠢᠬᠠᠨ᠂ ᠪᠠᠶᠠᠨ ᠲᠠᠩᠰᠤᠭ ᠨᠤᠲᠤᠭ ᠳᠡᠪᠢᠰᠬᠡᠷ ᠳᠡᠭᠡᠷ᠎ᠡ᠂ ᠦᠨᠳᠦᠰᠦᠲᠡᠨ ᠨᠦᠭᠦᠳ ᠤᠨ ᠠᠷᠠᠳ ᠲᠦᠮᠡᠨ ᠴᠥᠮ ᠬᠠᠮᠲᠤ ᠶᠢᠨ ᠨᠢᠭᠡᠨ ᠭᠡᠷ ᠣᠷᠣᠨ ᠲᠠᠢ᠂ ᠳᠠᠷᠤᠢ ᠳᠤᠮᠳᠠᠳᠤ ᠤᠯᠤᠰ ᠪᠤᠯᠤᠨ᠎ᠠ; ᠪᠦᠷ ᠨᠢᠭᠡᠨ ᠬᠠᠮᠲᠤ ᠶᠢᠨ ᠪᠡᠶ᠎ᠡ ᠶᠢᠨ ᠭᠠᠷᠤᠯ ᠲᠠᠢ᠂ ᠳᠠᠷᠤᠢ ᠳᠤᠮᠳᠠᠳᠤ ᠶᠢᠨ ᠦᠨᠳᠦᠰᠦᠲᠡᠨ ᠪᠤᠯᠤᠨ᠎ᠠ; ᠪᠦᠷ ᠨᠢᠭᠡᠨ ᠬᠠᠮᠲᠤ ᠶᠢᠨ ᠨᠡᠷ᠎ᠡ ᠲᠠᠢ᠂ ᠳᠠᠷᠤᠢ ᠳᠤᠮᠳᠠᠳᠤ ᠶᠢᠨ ᠬᠥᠮᠥᠨ ᠪᠤᠯᠤᠨ᠎ᠠ; ᠪᠦᠷ ᠨᠢᠭᠡᠨ ᠬᠠᠮᠲᠤ ᠶᠢᠨ ᠬᠦᠰᠡᠯ ᠵᠡᠭᠦᠳᠦ ᠲᠠᠢ᠂ ᠳᠠᠷᠤᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠣᠯᠣᠨ᠎ᠠ︕︾ ᠭᠡᠵᠦ ᠭᠦᠨᠵᠡᠭᠡᠢ ᠵᠢᠭᠠᠵᠤ ᠭᠠᠷᠭᠠᠪᠠ᠃ ᠢᠷᠡᠭᠡᠳᠦᠢ ᠳᠤ ᠬᠠᠨᠳᠤᠵᠤ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠳᠤᠮᠳᠠᠳᠤ ᠶᠢᠨ ᠦᠨᠳᠦᠰᠦᠲᠡᠨ ᠤ ᠬᠠᠷᠢᠶᠠᠯᠠᠭᠳᠠᠬᠤᠢ ᠰᠡᠳᠬᠢᠯᠭᠡ᠂ ᠬᠠᠮᠲᠤ ᠶᠢᠨ ᠲᠠᠨᠢᠯᠲᠠ ᠶᠢᠨ ᠰᠡᠳᠬᠢᠯᠭᠡ᠂ ᠢᠷᠠᠭᠤ ᠠᠯᠳᠠᠷᠲᠤ ᠰᠡᠳᠬᠢᠯᠭᠡ ᠶᠢ ᠦᠷᠭᠦᠯᠵᠢᠯᠡᠨ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠠᠬᠢᠭᠤᠯᠪᠠᠯ᠂ ᠪᠢᠳᠡ ᠯᠠᠪᠲᠠᠢ ᠳᠤᠮᠳᠠᠳᠤ ᠶᠢᠨ ᠬᠦᠰᠡᠯ ᠢ ᠰᠡᠳᠬᠢᠯ ᠨᠢᠭᠡᠳᠦᠨ ᠬᠠᠮᠲᠤ ᠪᠠᠷ ᠲᠡᠷᠭᠡᠯᠰᠢᠭᠦᠯᠬᠦ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠵᠤ ᠴᠢᠳᠠᠨ᠎ᠠ᠃              
 
ᠢᠷᠡᠯᠲᠡ᠄ ᠰᠢᠨᠬᠤᠸᠠ ᠬᠤᠷᠢᠶ᠎ᠠ ᠶᠢᠨ ᠪᠡᠭᠡᠵᠢᠩ ᠤᠨ ᠴᠠᠭᠢᠯᠭᠠᠨ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号