| - ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠨᠡᠶᠢᠭᠡᠮ ᠤᠨ ᠦᠢᠯᠡᠰ ᠤᠨ | ᠠᠮᠵᠢᠯᠲᠠ ᠪᠦᠲᠦᠮᠵᠢ ᠶᠢᠨ ᠲᠤᠬᠠᠢ ᠬᠦᠦᠷᠨᠢᠯ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠹᠠᠨ ᠰᠢ ᠸᠠᠩ ᠶᠢᠤ ᠯᠢᠩ ᠸᠧᠢ ᠬᠤᠩ ᠢ | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠲᠤᠷᠰᠢ᠂ ᠮᠠᠨ ᠤ ᠤᠯᠤᠰ ᠠᠷᠠᠳ | ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠢ | ᠰᠠᠶᠢᠵᠢᠷᠠᠭᠤᠯᠬᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠪᠠᠷ ᠵᠣᠷᠢᠯᠲᠠ ᠲᠤᠰᠤᠯᠲᠠ ᠪᠣᠯᠭᠠᠨ᠂ | ᠠᠷᠠᠳ ᠲᠦᠮᠡᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠲᠣᠪᠣᠶᠢᠮ᠎ᠠ ᠠᠰᠠᠭᠤᠳᠠᠯ ᠢ ᠲᠠᠰᠤᠷᠠᠯᠳᠠ | ᠦᠭᠡᠢ ᠰᠢᠢᠳᠪᠦᠷᠢᠯᠡᠬᠦ ᠶᠢ ᠪᠠᠷᠢᠮᠲᠠᠯᠠᠨ ᠠᠳᠬᠤᠭᠰᠠᠨ ᠢᠶᠠᠷ ᠠᠷᠠᠳ ᠲᠦᠮᠡᠨ ᠤ ᠠᠮᠢᠳᠤᠷᠠᠯ ᠤᠨ ᠲᠦᠪᠰᠢᠨ | ᠦᠷᠭᠦᠯᠵᠢᠯᠡᠨ ᠰᠢᠨ᠎ᠡ ᠳᠡᠭᠲᠡᠷ ᠲᠤ ᠭᠠᠷᠪᠠ᠃ | ᠰᠢᠨ᠎ᠡ ᠴᠠᠭ ᠦᠶ᠎ᠡ ᠰᠢᠨ᠎ᠡ ᠠᠶᠠᠨ ᠳᠤ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠠ | ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ | ᠪᠦᠯᠬᠦᠮᠳᠡᠭᠦᠯᠦᠨ ᠳᠠᠭᠠᠭᠤᠯᠵᠤ᠂ ᠨᠠᠮ ᠪᠣᠯᠣᠨ ᠤᠯᠤᠰ ᠤᠨ ᠠᠵᠢᠯ ᠦᠢᠯᠡᠰ ᠤᠨ ᠲᠡᠦᠬᠡᠲᠦ ᠴᠢᠨᠠᠷᠲᠠᠢ ᠠᠮᠵᠢᠯᠲᠠ | ᠣᠯᠬᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠬᠤ ᠶᠢ ᠠᠬᠢᠭᠤᠯᠤᠨ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ | ᠪᠦᠲᠦᠭᠡᠯ ᠢ ᠪᠦᠭᠦ ᠠᠷᠠᠳ ᠲᠦᠮᠡᠨ ᠳᠤ ᠨᠡᠩ ᠤᠯᠠᠨ ᠨᠡᠩ ᠭᠤᠣᠯᠴᠢ ᠪᠠᠷ ᠬᠦᠷᠲᠡᠭᠡᠵᠦ᠂ ᠠᠷᠠᠳ ᠤᠯᠠᠨ ᠤ | ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠳᠠ ᠦᠭᠡᠢ | ᠨᠡᠮᠡᠭᠳᠡᠭᠦᠯᠪᠡ᠃ | ᠠᠷᠠᠳ ᠤᠨ ᠠᠮᠢᠳᠤᠷᠠᠯ ᠤᠨ ᠣᠷᠣᠭᠤᠯᠤᠯᠲᠠ ᠶᠢ ᠨᠡᠮᠡᠭᠳᠡᠭᠦᠯᠵᠦ ᠠᠷᠠᠳ ᠤᠨ ᠠᠮᠢᠳᠤᠷᠠᠯ ᠤᠨ | ᠰᠠᠭᠤᠷᠢ ᠶᠢ ᠪᠠᠲᠤᠳᠬᠠᠪᠠ | ᠠᠵᠤ ᠦᠢᠯᠡᠰ ᠤᠨ ᠬᠥᠭᠵᠢᠯᠲᠡ ᠶᠢᠨ ᠬᠤᠰᠢᠭᠤᠷᠠᠯ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ | ᠂ ᠲᠣᠭᠠᠴᠢᠯᠠᠭᠰᠠᠨ ᠠᠵᠤ ᠠᠬᠤᠢ᠂ ᠪᠣᠬᠢᠷᠳᠤᠯ ᠦᠭᠡᠢ ᠠᠵᠤ ᠠᠬᠤᠢ᠂ ᠪᠤᠭᠤᠷᠤᠯᠴᠤᠳ ᠤᠨ ᠠᠵᠤ ᠠᠬᠤᠢ᠂ ᠰᠢᠨ᠎ᠡ | ᠭᠡᠯᠪᠡᠷᠢ ᠶᠢᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠵᠡᠷᠭᠡ | ᠭᠤᠣᠯᠳᠠᠯᠭ᠎ᠠ ᠲᠠᠢ ᠠᠵᠢᠯ ᠲᠥᠷᠥᠯ ᠳᠤ ᠬᠠᠨᠳᠤᠭᠤᠯᠵᠤ᠂ ᠡᠮᠴᠢᠯᠡᠭᠡ ᠡᠷᠡᠭᠦᠯ ᠬᠠᠮᠠᠭᠠᠯᠠᠯ᠂ ᠲᠤᠰᠬᠠᠢ ᠨᠠᠷᠢᠯᠢᠭ | ᠣᠨᠴᠠ ᠰᠢᠨ᠎ᠡ᠂ ᠲᠡᠷᠢᠭᠦᠨ ᠤ ᠦᠢᠯᠡᠳᠬᠦ ᠦᠢᠯᠡᠰ᠂ ᠰᠢᠨ᠎ᠡ ᠡᠨᠧᠷᠭᠢ ᠵᠡᠷᠭᠡ ᠠᠵᠢᠯ ᠲᠥᠷᠥᠯ ᠤᠨ ᠲᠤᠰᠬᠠᠢ | ᠠᠵᠢᠯᠲᠠᠨ ᠡᠯᠰᠡᠬᠦ ᠬᠤᠷᠠᠯ ᠢ ᠡᠷᠭᠢᠯᠡᠪᠡ;ᠤᠯᠤᠰ ᠤᠨ ᠣᠷᠣᠨ ᠪᠦᠰᠡ ᠶᠢᠨ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ ᠲᠠᠢ ᠤᠶᠠᠯᠳᠤᠭᠤᠯᠤᠨ᠂ ᠣᠷᠣᠨ ᠪᠦᠰᠡ ᠶᠢᠨ ᠴᠢᠨᠠᠷᠲᠠᠢ ᠲᠤᠰᠬᠠᠢ ᠠᠵᠢᠯᠲᠠᠨ ᠡᠯᠰᠡᠬᠦ ᠴᠤᠭᠯᠠᠭᠠᠨ ᠢ | ᠥᠷᠨᠢᠭᠦᠯᠪᠡ ᠁ | 9 ᠰᠠᠷ᠎ᠠ ᠶᠢᠨ 12 ᠤᠨ ᠡᠳᠦᠷ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠶᠠᠮᠤᠨ ︽ᠠᠵᠢᠯ ᠣᠯᠭᠤᠯᠲᠠ ᠶᠢ ᠠᠬᠢᠭᠤᠯᠵᠤ ᠢᠷᠡᠭᠡᠳᠦᠢ ᠪᠠᠨ ᠴᠣᠭᠴᠠᠯᠠᠶ᠎ᠠ - 2024 ᠣᠨ ᠤ | ᠶᠡᠭᠡ ᠳᠤᠮᠳᠠ ᠬᠤᠳᠠ ᠬᠠᠮᠲᠤᠷᠠᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠠᠴᠠ ᠠᠵᠢᠯᠲᠠᠨ ᠡᠯᠰᠡᠬᠦ ᠨᠠᠮᠤᠷ ᠤᠨ | ᠤᠯᠠᠷᠢᠯ ᠤᠨ ᠲᠤᠰᠬᠠᠢ ᠠᠵᠢᠯᠯᠠᠭ᠎ᠠ︾ ᠶᠢ ᠡᠬᠢᠯᠡᠭᠦᠯᠵᠦ᠂ ᠠᠵᠢᠯᠯᠠᠭ᠎ᠠ ᠨᠢ 11 ᠰᠠᠷ᠎ᠠ ᠶᠢᠨ ᠡᠴᠦᠰ ᠪᠤᠯᠲᠠᠯ᠎ᠠ | ᠦᠷᠭᠦᠯᠵᠢᠯᠡᠬᠦ ᠪᠣᠯᠣᠨ᠎ᠠ᠃ | ᠠᠵᠢᠯ ᠣᠯᠭᠤᠯᠲᠠ ᠪᠣᠯ ᠬᠠᠮᠤᠭ ᠤᠨ ᠦᠨᠳᠦᠰᠦᠨ ᠠᠷᠠᠳ ᠤᠨ ᠠᠮᠢᠳᠤᠷᠠᠯ ᠮᠥᠨ᠂ ᠲᠦᠭ ᠲᠦᠮᠡᠨ | ᠠᠶᠢᠯ ᠡᠷᠦᠭᠡ ᠲᠠᠢ ᠬᠤᠯᠪᠣᠭᠳᠠᠵᠤ ᠪᠠᠶᠢᠳᠠᠭ᠃ | 75 ᠵᠢᠯ ᠤᠨ ᠲᠤᠷᠰᠢ᠂ ᠦᠢᠯᠡᠳᠪᠦᠷᠢᠯᠡᠯ ᠢ ᠶᠡᠭᠡ ᠪᠠᠷ ᠰᠡᠷᠭᠦᠭᠡᠨ ᠬᠥᠭᠵᠢᠭᠦᠯᠵᠦ᠂ ᠬᠤᠳᠠ | ᠪᠠᠯᠭᠠᠰᠤᠨ ᠤ ᠠᠵᠢᠯ ᠠᠯᠳᠠᠯᠲᠠ ᠶᠢᠨ ᠠᠰᠠᠭᠤᠳᠠᠯ ᠢ ᠬᠦᠴᠦᠯᠡᠨ ᠰᠢᠢᠳᠪᠦᠷᠢᠯᠡᠭᠰᠡᠨ ᠠᠴᠠ ᠥᠭᠡᠷᠡᠴᠢᠯᠡᠯᠲᠡ | ᠨᠡᠭᠡᠭᠡᠯᠲᠡ ᠬᠢᠭᠰᠡᠨ ᠤ ᠲᠠᠷᠠᠭ᠎ᠠ ᠠᠵᠤ ᠠᠬᠤᠢ ᠶᠢᠨ ᠬᠥᠭᠵᠢᠯᠲᠡ ᠬᠢᠭᠡᠳ ᠠᠵᠢᠯ ᠣᠯᠭᠤᠯᠲᠠ ᠶᠢ ᠥᠷᠭᠡᠳᠬᠡᠬᠦ ᠶᠢᠨ | ᠪᠦᠲᠦᠮᠵᠢᠲᠡᠢ ᠬᠤᠯᠪᠣᠯᠳᠤᠯ ᠢ ᠪᠡᠶᠡᠯᠡᠭᠦᠯᠵᠦ᠂ ᠠᠵᠢᠯ ᠣᠯᠭᠤᠯᠲᠠ ᠶᠢᠨ ᠶᠡᠷᠦᠩᠬᠡᠢ ᠬᠡᠮᠵᠢᠶ᠎ᠡ ᠶᠡᠭᠡ ᠪᠠᠷ ᠨᠡᠮᠡᠭᠳᠡᠭᠰᠡᠨ | ᠭᠦᠷᠲᠡᠯ᠎ᠡ᠂ ᠲᠠᠭᠢᠭᠠᠳ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠠᠵᠢᠯ ᠣᠯᠭᠤᠯᠲᠠ ᠶᠢ | ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠠᠵᠤ ᠠᠬᠤᠢ ᠶᠢᠨ ᠬᠥᠭᠵᠢᠯᠲᠡ ᠶᠢᠨ ᠡᠯ᠎ᠡ ᠲᠠᠯ᠎ᠠ ᠳᠤ | ᠲᠤᠭᠤᠰᠢᠯᠠᠭᠤᠯᠤᠨ᠂ ᠮᠠᠨ ᠤ ᠤᠯᠤᠰ ᠤᠨ ᠠᠵᠢᠯ ᠣᠯᠭᠤᠯᠲᠠ ᠶᠢᠨ ᠣᠷᠣᠨ ᠵᠠᠢ ᠲᠠᠰᠤᠷᠠᠯᠳᠠ ᠦᠭᠡᠢ ᠥᠷᠭᠡᠵᠢᠵᠦ᠂ | ᠠᠵᠢᠯ ᠣᠯᠭᠤᠯᠲᠠ ᠶᠢᠨ ᠪᠠᠶᠢᠳᠠᠯ ᠲᠣᠭᠲᠠᠭᠤᠨ ᠪᠠᠶᠢᠳᠠᠯ ᠢᠶᠠᠨ ᠪᠠᠲᠤᠯᠠᠨ᠂ 14 ᠳ᠋ᠦᠩᠰᠢᠭᠤᠷ ᠭᠠᠷᠤᠢ ᠬᠥᠮᠥᠨ | ᠠᠮᠠ ᠲᠠᠢ ᠲᠣᠮᠣ ᠤᠯᠤᠰ ᠨᠡᠯᠢᠶᠡᠳ ᠭᠦᠢᠴᠡᠳ ᠠᠵᠢᠯ ᠣᠯᠭᠤᠯᠲᠠ ᠶᠢ ᠪᠡᠶᠡᠯᠡᠭᠦᠯᠪᠡ᠃ | 2023 ᠣᠨ ᠳᠤ᠂ ᠪᠦᠭᠦ ᠤᠯᠤᠰ ᠲᠤ 74041 ᠲᠦᠮᠡᠨ ᠬᠥᠮᠥᠨ ᠳᠤ ᠠᠵᠢᠯ ᠣᠯᠭᠤᠵᠤ᠂ | 1949 ᠣᠨ ᠤ ᠬᠢ ᠠᠴᠠ 3.1 ᠲᠠᠭᠢᠨ ᠨᠡᠮᠡᠭᠳᠡᠵᠡᠢ᠃ 2013 ᠣᠨ ᠠᠴᠠ 2023 ᠣᠨ ᠪᠤᠯᠲᠠᠯ᠎ᠠ᠂ ᠬᠤᠲᠠ | ᠪᠠᠯᠭᠠᠰᠤᠨ ᠤ ᠰᠢᠨ᠎ᠡ ᠪᠠᠷ ᠠᠵᠢᠯ ᠣᠯᠣᠭᠰᠠᠨ ᠬᠥᠮᠥᠨ ᠤ ᠲᠤᠭ᠎ᠠ ᠨᠡᠶᠢᠲᠡ 1.4 ᠳ᠋ᠦᠩᠰᠢᠭᠤᠷ ᠢ ᠳᠠᠪᠠᠵᠤ᠂ | ᠬᠤᠲᠠ ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠲᠠ ᠶᠢᠨ ᠨᠣᠷᠮ᠎ᠠ ᠲᠣᠭᠲᠠᠭᠤᠨ ᠪᠠᠶᠢᠳᠠᠯ ᠢᠶᠠᠨ ᠪᠠᠲᠤᠯᠠᠪᠠ᠃ | ᠠᠵᠤ ᠦᠢᠯᠡᠰ ᠤᠨ ᠪᠦᠲᠦᠴᠡ ᠳᠤ ᠭᠦᠨᠵᠡᠭᠡᠢ ᠲᠣᠬᠢᠷᠠᠭᠤᠯᠤᠯᠲᠠ ᠬᠢᠬᠦ ᠶᠢ ᠳᠠᠭᠠᠯᠳᠤᠨ᠂ ᠠᠵᠢᠯ ᠣᠯᠭᠤᠯᠲᠠ ᠶᠢᠨ | ᠪᠦᠲᠦᠴᠡ ᠲᠠᠰᠤᠷᠠᠯᠲᠠ ᠦᠭᠡᠢ ᠰᠢᠯᠢᠳᠡᠭᠵᠢᠪᠡ᠃ 2023 ᠣᠨ ᠳᠤ᠂ ᠬᠤᠶᠠᠳᠤᠭᠠᠷ᠂ ᠭᠤᠷᠪᠠᠳᠤᠭᠠᠷ ᠠᠵᠤ | ᠦᠢᠯᠡᠰ ᠲᠤ ᠠᠵᠢᠯ ᠣᠯᠣᠭᠰᠠᠳ ᠤᠨ ᠪᠦᠭᠦ ᠤᠯᠤᠰ ᠤᠨ ᠠᠵᠢᠯ ᠣᠯᠣᠭᠰᠠᠳ ᠲᠠᠬᠢ ᠡᠵᠡᠯᠡᠬᠦ ᠬᠤᠪᠢ ᠶᠢᠨ ᠵᠢᠩ | ᠲᠣᠰ ᠲᠣᠰ 29.1%᠂ 48.1% ᠪᠣᠯᠵᠤ᠂ 1952 ᠣᠨ ᠤ ᠬᠢ ᠠᠴᠠ ᠲᠣᠰ ᠲᠣᠰ ᠵᠠᠭᠤᠨ ᠤ | ᠬᠠᠷᠢᠴᠠᠯ ᠢᠶᠠᠷ 21.7 ᠬᠤᠪᠢ ᠪᠠ 39.0 ᠬᠤᠪᠢ ᠳᠡᠭᠡᠭᠰᠢᠯᠡᠪᠡ᠃ | ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠵᠤ ᠠᠷᠠᠳ ᠤᠨ ᠠᠮᠢᠳᠤᠷᠠᠯ ᠤᠨ ᠬᠠᠶᠢᠷ᠎ᠠ ᠬᠠᠯᠠᠮᠵᠢ ᠶᠢ | ᠢᠯᠡᠷᠡᠭᠦᠯᠪᠡ᠃ | ᠡᠨᠡ ᠵᠢᠯ᠂ ᠡᠯ᠎ᠡ ᠱᠠᠲᠤᠨ ᠤ ᠵᠠᠰᠠᠭ ᠤᠨ ᠣᠷᠳᠣᠨ ᠨᠡᠩ ᠴᠤ ᠵᠢᠩᠬᠢᠨᠢ ᠬᠡᠷᠡᠭᠴᠡᠭᠡ ᠶᠢ ᠬᠠᠩᠭᠠᠵᠤ | ᠠᠵᠢᠯ ᠣᠯᠭᠤᠯᠲᠠ ᠶᠢ ᠲᠣᠭᠲᠠᠪᠤᠷᠢᠵᠢᠭᠤᠯᠪᠠ᠄ ᠲᠥᠪ ᠤᠨ ᠡᠳ᠋ ᠤᠨ ᠵᠠᠰᠠᠭ ᠠᠴᠠ ᠠᠵᠢᠯ ᠣᠯᠭᠤᠯᠲᠠ ᠶᠢᠨ | ᠨᠥᠬᠦᠪᠦᠷᠢ ᠪᠡᠯᠡ ᠮᠥᠩᠭᠦ ᠶᠢ 667 ᠳ᠋ᠦᠩᠰᠢᠭᠤᠷ ᠲᠥᠭᠦᠷᠢᠭ ᠲᠤᠭᠢᠷᠠᠭᠤᠯᠪᠠ;ᠭᠦᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠰᠤᠷᠭᠠᠨ ᠬᠥᠮᠦᠵᠢᠯ ᠤᠨ ᠶᠠᠮᠤᠨ᠂ ᠡᠳ᠋ ᠤᠨ ᠵᠠᠰᠠᠭ ᠤᠨ | ᠶᠠᠮᠤᠨ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ 11 ᠵᠤᠷᠪᠤᠰ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠳᠤᠷᠠᠳᠤᠨ ᠭᠠᠷᠭᠠᠪᠠ᠂ ᠡᠭᠦᠨ ᠳᠤ ᠠᠵᠢᠯ ᠣᠯᠭᠤᠯᠲᠠ ᠶᠢᠨ ᠨᠥᠬᠦᠪᠦᠷᠢ ᠶᠢ ᠰᠢᠩᠭᠡᠬᠡᠨ ᠠᠪᠬᠤ ᠪᠠ ᠠᠵᠢᠯ ᠤᠨ | ᠪᠠᠶᠢᠷᠢ ᠶᠢ ᠥᠷᠭᠡᠳᠬᠡᠬᠦ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠨᠡᠶᠢᠳᠬᠡᠵᠦ ᠰᠢᠯᠢᠳᠡᠭᠵᠢᠭᠦᠯᠦᠨ᠎ᠡ ᠭᠡᠵᠦ | ᠲᠣᠳᠣᠷᠬᠠᠢ ᠲᠣᠭᠲᠠᠭᠠᠭᠰᠠᠨ ᠪᠥᠭᠡᠳ ᠨᠢᠭᠡ ᠯᠡ ᠤᠳᠠᠭ᠎ᠠ ᠶᠢᠨ ᠴᠢᠨᠠᠷᠲᠠᠢ ᠠᠵᠢᠯ ᠣᠯᠭᠤᠯᠲᠠ ᠶᠢᠨ ᠨᠥᠬᠦᠪᠦᠷᠢ ᠪᠠ | ᠨᠢᠭᠡ ᠯᠡ ᠤᠳᠠᠭ᠎ᠠ ᠶᠢᠨ ᠴᠢᠨᠠᠷᠲᠠᠢ ᠠᠵᠢᠯ ᠤᠨ ᠪᠠᠶᠢᠷᠢ ᠶᠢ ᠥᠷᠭᠡᠳᠬᠡᠬᠦ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ | ᠨᠡᠶᠢᠳᠬᠡᠨ ᠬᠡᠷᠡᠭᠵᠢᠭᠦᠯᠪᠡ᠃ | ᠡᠭᠦᠨ ᠤ ᠬᠠᠮᠲᠤ᠂ ᠮᠠᠨ ᠤ ᠤᠯᠤᠰ ᠣᠯᠠᠨ ᠲᠠᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ | ᠰᠢᠰᠲ᠋ᠧᠮ ᠢ ᠦᠷᠭᠦᠯᠵᠢᠯᠡᠨ ᠪᠠᠶᠢᠭᠤᠯᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠣᠣᠷ ᠢ ᠠᠯᠬᠤᠮ | ᠠᠯᠬᠤᠮ ᠢᠶᠠᠷ ᠨᠢᠭᠲᠠ ᠰᠦᠯᠵᠢᠪᠡ᠃ 75 ᠵᠢᠯ ᠤᠨ ᠲᠤᠷᠰᠢ᠂ ᠦᠭᠡᠢ ᠠᠴᠠ ᠪᠠᠨ ᠪᠠᠶᠢᠬᠤ ᠪᠣᠯᠵᠤ᠂ ᠪᠠᠭ᠎ᠠ ᠠᠴᠠ | ᠪᠠᠨ ᠶᠡᠭᠡ ᠪᠣᠯᠵᠤ᠂ ᠨᠠᠰᠤᠵᠢᠯ ᠤᠨ ᠠᠰᠠᠷᠠᠮᠵᠢ᠂ ᠡᠮᠴᠢᠯᠡᠭᠡ᠂ ᠠᠵᠢᠯ ᠠᠯᠳᠠᠯᠲᠠ ᠶᠢᠨ ᠳᠠᠭᠠᠳᠬᠠᠯ ᠢᠶᠠᠷ | ᠭᠤᠣᠯᠳᠠᠯᠭ᠎ᠠ ᠪᠣᠯᠭᠠᠨ᠂ ᠮᠠᠨ ᠤ ᠤᠯᠤᠰ ᠤᠯᠠᠨ ᠲᠡᠰ ᠳᠠᠪᠬᠤᠷᠭ᠎ᠠ ᠶᠢᠨ᠂ ᠥᠷᠭᠡᠨ ᠪᠦᠷᠬᠦᠴᠡ ᠪᠦᠬᠦᠢ | ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠪᠠ᠃ ᠢᠯᠠᠩᠭᠤᠶ᠎ᠠ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠥᠭᠡᠷᠡᠴᠢᠯᠡᠯᠲᠡ ᠪᠦᠭᠦ | ᠲᠠᠯ᠎ᠠ ᠶᠢ ᠬᠠᠮᠤᠷᠬᠤ ᠪᠠ ᠭᠦᠨᠵᠡᠭᠡᠶᠢᠷᠡᠬᠦ ᠱᠠᠲᠤᠨ ᠳᠤ ᠣᠷᠣᠵᠤ᠂ ᠨᠡᠶᠢᠭᠡᠮ ᠤᠨ ᠪᠠᠲᠤᠯᠠᠭ᠎ᠠ ᠶᠢᠨ ᠲᠦᠪᠰᠢᠨ | ᠢᠯᠡᠳᠲᠡ ᠳᠡᠭᠡᠭᠰᠢᠯᠡᠵᠦ᠂ ᠳᠡᠯᠡᠬᠡᠢ ᠳᠡᠭᠡᠷᠡᠬᠢ ᠬᠡᠪᠴᠢᠶ᠎ᠡ ᠪᠠᠷ ᠬᠠᠮᠤᠭ ᠤᠨ ᠶᠡᠭᠡ ᠨᠡᠶᠢᠭᠡᠮ ᠤᠨ ᠪᠠᠲᠤᠯᠠᠭ᠎ᠠ ᠶᠢᠨ | ᠰᠢᠰᠲ᠋ᠧᠮ ᠢ ᠪᠠᠶᠢᠭᠤᠯᠪᠠ᠃ | ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ | ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠪᠠᠨ ᠦᠷᠭᠦᠯᠵᠢᠯᠡᠨ ᠰᠢᠯᠢᠳᠡᠭᠵᠢᠭᠦᠯᠵᠦ᠂ ᠠᠷᠠᠳ ᠤᠨ ᠦᠨᠳᠦᠰᠦᠨ | ᠠᠮᠢᠳᠤᠷᠠᠯ ᠤᠨ ᠡᠳ᠋ ᠤᠨ ᠬᠦᠴᠦᠨ ᠤ ᠪᠠᠲᠤᠯᠠᠭ᠎ᠠ ᠶᠢ ᠴᠢᠩᠭᠠᠳᠬᠠᠪᠠ᠂ ᠡᠭᠦᠨ ᠳᠤ ᠨᠡᠶᠢᠭᠡᠮ ᠤᠨ ᠪᠠᠲᠤᠯᠠᠭ᠎ᠠ ᠪᠠ | ᠠᠵᠢᠯ ᠣᠯᠭᠤᠯᠲᠠ ᠶᠢᠨ ᠵᠠᠷᠤᠯᠭ᠎ᠠ 22697 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 4.2% ᠢᠶᠠᠷ ᠨᠡᠮᠡᠭᠳᠡᠪᠡ; | ᠬᠤᠲᠠ ᠬᠥᠳᠡᠭᠡ ᠨᠡᠶᠢᠭᠡᠮ ᠲᠣᠭᠤᠷᠢᠭ ᠤᠨ ᠵᠠᠷᠤᠯᠭ᠎ᠠ 10472 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 8% ᠪᠠᠷ ᠨᠡᠮᠡᠭᠳᠡᠪᠡ;ᠰᠤᠷᠭᠠᠨ ᠬᠥᠮᠦᠵᠢᠯ ᠤᠨ ᠵᠠᠷᠤᠯᠭ᠎ᠠ | 20291 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.6% ᠪᠠᠷ ᠨᠡᠮᠡᠭᠳᠡᠪᠡ᠃ | | ︽ᠠᠷᠠᠳ ᠤᠨ ᠠᠮᠢᠳᠤᠷᠠᠯ ᠳᠠᠬᠢ ᠣᠷᠣᠭᠤᠯᠤᠯᠲᠠ ᠪᠠᠨ ᠨᠡᠮᠡᠭᠳᠡᠭᠦᠯᠬᠦ ᠳᠤ᠂ ᠠᠷᠠᠳ ᠤᠨ ᠲᠥᠯᠥᠭᠡ | ᠠᠪᠴᠤ᠂ ᠠᠷᠠᠳ ᠤᠨ ᠲᠥᠯᠥᠭᠡ ᠬᠡᠷᠡᠭᠯᠡᠬᠦ ᠵᠠᠷᠴᠢᠮ ᠶᠣᠰᠣᠭᠠᠷ᠂ ᠠᠯᠤᠰ ᠭᠡᠲᠦ ᠳᠤ ᠰᠠᠭᠤᠷᠢᠯᠠᠬᠤ᠂ ᠠᠷᠠᠳ | ᠲᠦᠮᠡᠨ ᠳᠤ ᠠᠰᠢᠭ ᠲᠤᠰᠠ ᠣᠯᠭᠤᠬᠤ ᠶᠢ ᠴᠢᠬᠤᠯᠠᠴᠢᠯᠠᠨ᠂ ᠬᠠᠮᠤᠭ ᠤᠨ ᠶᠡᠭᠡ ᠶᠡᠷᠦᠩᠬᠡᠢ ᠬᠤᠷᠢᠶᠠᠭᠴᠢ ᠲᠤᠭ᠎ᠠ ᠶᠢ | ᠡᠷᠢᠯᠬᠢᠯᠡᠵᠦ᠂ ᠪᠣᠳᠠᠲᠠᠢ ᠶᠢ ᠡᠷᠬᠢᠮᠯᠡᠭᠰᠡᠨ ᠲᠤᠰᠠᠲᠠᠢ᠂ ᠬᠡᠷᠡᠭᠵᠢᠭᠦᠯᠵᠦ ᠪᠣᠯᠬᠤᠶᠢᠴᠠ ᠪᠦᠲᠦᠮᠵᠢᠲᠡᠶ ᠥᠭᠡᠷᠡᠴᠢᠯᠡᠯᠲᠡ | ᠶᠢᠨ ᠠᠷᠭ᠎ᠠ ᠬᠡᠮᠵᠢᠶ᠎ᠡ ᠪᠠᠷ ᠠᠷᠠᠳ ᠣᠯᠠᠨ ᠤ ᠦᠨᠳᠦᠰᠦᠨ ᠠᠰᠢᠭ ᠲᠤᠰᠠ ᠶᠢ ᠰᠠᠶᠢᠲᠤᠷ ᠪᠡᠶᠡᠯᠡᠭᠦᠯᠵᠦ᠂ ᠰᠠᠶᠢᠲᠤᠷ | ᠬᠠᠮᠠᠭᠠᠯᠠᠵᠤ᠂ ᠰᠠᠶᠢᠲᠤᠷ ᠬᠥᠭᠵᠢᠭᠦᠯᠬᠦ ᠬᠡᠷᠡᠭᠲᠡᠢ︾ ᠭᠡᠵᠦ ᠲᠦᠷᠦ ᠶᠢᠨ ᠶᠠᠪᠤᠳᠠᠯ ᠤᠨ ᠬᠤᠷᠢᠶ᠎ᠠ ᠶᠢᠨ | ᠬᠥᠭᠵᠢᠯᠲᠡ ᠶᠢᠨ ᠰᠤᠳᠤᠯᠭᠠᠨ ᠤ ᠲᠥᠪ ᠤᠨ ᠰᠤᠳᠤᠯᠤᠭᠴᠢ ᠯᠦᠩ ᠬᠠᠢ ᠪᠦᠸᠧ ᠬᠡᠯᠡᠪᠡ᠃ | ︽ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ︾ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ | ᠲᠥᠪᠯᠡᠷᠡᠭᠦᠯᠵᠦ ᠠᠷᠠᠳ ᠤᠨ ᠠᠮᠢᠳᠤᠷᠠᠯ ᠤᠨ ᠬᠠᠯᠠᠮᠵᠢᠯᠠᠯ ᠳᠤ ᠬᠠᠷᠢᠭᠤᠯᠲᠠ ᠥᠭᠪᠡ | ︽ᠡᠮᠴᠢᠯᠡᠭᠡᠨ ᠤ ᠳᠠᠭᠠᠳᠬᠠᠯ ᠨᠢ ᠮᠠᠨ ᠤ ᠪᠦᠭᠦ ᠭᠡᠷ ᠪᠦᠯᠢ ᠶᠢᠨ ᠬᠢᠨ ᠳᠤ ᠠᠮᠢᠳᠤᠷᠠᠯ ᠤᠨ ᠬᠦᠰᠡᠯ | ᠣᠯᠭᠤᠵᠠᠢ︾᠃ ᠵᠢᠶᠠᠩᠰᠢ ᠮᠤᠵᠢ ᠶᠢᠨ ᠹᠦᠵᠧᠦ ᠬᠤᠲᠠ ᠶᠢᠨ ᠹᠠᠪᠦ᠋ᠯᠸᠢ ᠡᠪᠡᠳᠴᠢᠨ ᠲᠠᠢ ᠬᠡᠦᠬᠡᠳ ᠤᠨ ᠠᠪᠤ ᠨᠢ᠂ | ᠬᠡᠦᠬᠡᠳ ᠤᠨ ᠬᠡᠷᠡᠭᠰᠡᠬᠦ ᠣᠨᠴᠠ ᠲᠤᠰᠠᠲᠠᠢ ᠡᠮ ᠢ ᠡᠮᠴᠢᠯᠡᠭᠡᠨ ᠤ ᠳᠠᠭᠠᠳᠬᠠᠯ ᠤᠨ ᠬᠡᠯᠡᠯᠴᠡᠭᠡᠷ ᠢᠶᠠᠷ ᠳᠠᠮᠵᠢᠭᠤᠯᠤᠨ | ᠤᠯᠤᠰ ᠤᠨ ᠡᠮᠴᠢᠯᠡᠭᠡᠨ ᠤ ᠳᠠᠭᠠᠳᠬᠠᠯ ᠤᠨ ᠬᠡᠷᠡᠭᠯᠡᠬᠦ ᠡᠮ ᠤᠨ ᠭᠠᠷᠴᠠᠭ ᠲᠤ ᠣᠷᠣᠭᠤᠯᠵᠤ᠂ ᠨᠢᠭᠡ ᠡᠮ ᠤᠨ | ᠦᠨ᠎ᠡ ᠶᠢ 1.2 ᠲᠦᠮᠡᠨ ᠲᠥᠭᠦᠷᠢᠭ ᠪᠠᠶᠢᠭᠰᠠᠨ ᠠᠴᠠ 3000 ᠲᠥᠭᠦᠷᠢᠭ ᠣᠷᠴᠢᠮ ᠪᠣᠯᠭᠠᠨ ᠪᠠᠭᠤᠷᠠᠭᠤᠯᠪᠠ | ᠭᠡᠵᠡᠢ᠃ ︽ᠡᠮᠴᠢᠯᠡᠭᠡᠨ ᠤ ᠳᠠᠭᠠᠳᠬᠠᠯ ᠤᠨ ᠲᠠᠩᠰᠠ ᠲᠠᠶᠢᠯᠬᠤ ᠪᠠ ︿ᠠᠰᠠᠷᠠᠮᠵᠢ ᠬᠠᠷᠠᠭᠠᠯᠵᠠᠯ ᠤᠨ ᠳᠠᠭᠠᠳᠬᠠᠯ﹀ | ᠵᠡᠷᠭᠡ ᠪᠤᠰᠤᠳ ᠳᠠᠭᠠᠳᠬᠠᠯ ᠢ ᠪᠤᠳᠤᠪᠠᠯ᠂ ᠪᠢᠳᠡ ᠨᠢᠭᠡ ᠵᠢᠯ ᠳᠤ ᠵᠥᠪᠭᠡᠨ 4 ᠲᠦᠮᠡᠨ ᠲᠥᠭᠦᠷᠢᠭ ᠢ ᠥᠪᠡᠷ ᠢᠶᠠᠨ | ᠲᠣᠭᠠᠴᠠᠭ᠎ᠠ ᠬᠢᠬᠦ ᠪᠣᠯᠵᠠᠢ︾᠃ | ᠡᠮᠴᠢᠯᠡᠭᠡᠨ ᠤ ᠪᠠᠲᠤᠯᠠᠭ᠎ᠠ ᠨᠢ ᠠᠷᠠᠳ ᠲᠦᠮᠡᠨ ᠤ ᠡᠷᠡᠭᠦᠯ ᠮᠡᠨᠳᠦ ᠠᠵᠠ ᠵᠢᠷᠭᠠᠯ ᠲᠠᠢ ᠬᠤᠯᠪᠣᠭᠳᠠᠨ᠎ᠠ | ᠃ ᠡᠮᠴᠢᠯᠡᠭᠡᠨ ᠤ ᠳᠠᠭᠠᠳᠬᠠᠯ ᠤᠨ ᠬᠡᠯᠡᠯᠴᠡᠭᠡ ᠬᠢᠬᠦ ᠡᠮ ᠤᠨ ᠵᠦᠢᠯ ᠠᠴᠠ ᠦᠵᠡᠪᠡᠯ᠂ ᠪᠠᠶᠢᠩᠭᠤ ᠬᠡᠷᠡᠭᠯᠡᠬᠦ ᠡᠮ ᠪᠠ | ᠣᠨᠴᠠᠭᠠᠶ ᠡᠪᠡᠳᠴᠢᠨ ᠡᠮᠭᠡᠭ᠂ ᠬᠤᠪᠣᠷ ᠲᠣᠬᠢᠶᠠᠯᠳᠤᠬᠤ ᠡᠪᠡᠳᠴᠢᠨ ᠳᠤ ᠬᠡᠷᠡᠭᠯᠡᠬᠦ ᠡᠮ ᠢ ᠬᠠᠮᠤᠷᠴᠤ᠂ | ᠭᠠᠷᠴᠠᠭ ᠲᠠᠬᠢ ᠡᠮ ᠤᠨ ᠵᠦᠢᠯ ᠤᠨ ᠲᠤᠭ᠎ᠠ 3088 ᠵᠦᠢᠯ ᠳᠤ ᠬᠦᠷᠴᠦ᠂ ᠳᠠᠭᠠᠳᠬᠠᠯ ᠳᠤ ᠣᠷᠣᠯᠴᠠᠬᠰᠠᠨ | ᠡᠪᠡᠳᠴᠢᠲᠡᠨ ᠳᠤ 7.2 ᠳ᠋ᠦᠩᠰᠢᠭᠤᠷ ᠬᠥᠮᠥᠨ ᠤᠳᠠᠭ᠎ᠠ ᠠᠰᠢᠭ ᠬᠦᠷᠲᠡᠭᠡᠵᠦ᠂ ᠬᠡᠯᠡᠯᠴᠡᠭᠡ ᠬᠢᠵᠦ ᠦᠨ᠎ᠡ | ᠪᠠᠭᠤᠷᠠᠭᠤᠯᠬᠤ ᠪᠠ ᠡᠮᠴᠢᠯᠡᠭᠡᠨ ᠤ ᠳᠠᠭᠠᠳᠬᠠᠯ ᠤᠨ ᠲᠠᠩᠰᠠ ᠲᠠᠶᠢᠯᠬᠤ ᠵᠡᠷᠭᠡ ᠣᠯᠠᠨ ᠵᠦᠢᠯ ᠤᠨ ᠬᠦᠴᠦᠨ ᠵᠦᠢᠯ ᠢ | ᠨᠡᠮᠡᠵᠦ ᠪᠤᠳᠤᠪᠠᠯ᠂ ᠣᠯᠠᠨ ᠲᠦᠮᠡᠨ ᠤ ᠳᠠᠷᠤᠭᠠᠰᠤ ᠶᠢ ᠨᠡᠶᠢᠲᠡ 7000 ᠭᠠᠷᠤᠢ ᠳ᠋ᠦᠩᠰᠢᠭᠤᠷ ᠲᠥᠭᠦᠷᠢᠭ | ᠬᠥᠩᠭᠡᠷᠡᠭᠦᠯᠪᠡ᠃ | 75 ᠵᠢᠯ ᠤᠨ ᠲᠤᠷᠰᠢ᠂ ᠨᠤᠲᠤᠭ ᠤᠨ ᠡᠮᠴᠢ ᠠᠴᠠ ᠡᠳᠦᠷ ᠢᠷᠡᠬᠦᠶ᠎ᠡ ᠲᠡᠭᠦᠯᠳᠡᠷᠵᠢᠵᠦ ᠪᠠᠶᠢᠭ᠎ᠠ | ᠡᠮᠴᠢᠯᠡᠭᠡᠨ ᠤ ᠴᠢᠳᠠᠪᠤᠷᠢᠲᠠᠨ ᠢ ᠬᠥᠮᠥᠵᠢᠭᠦᠯᠬᠦ ᠪᠠᠶᠢᠭᠤᠯᠤᠮᠵᠢ ᠭᠦᠷᠲᠡᠯ᠎ᠡ᠂ ᠤᠯᠤᠰ ᠢᠶᠠᠨ ᠬᠠᠶᠢᠷᠠᠯᠠᠬᠤ ᠡᠷᠡᠭᠦᠯ | ᠬᠠᠮᠠᠭᠠᠯᠠᠯ ᠤᠨ ᠬᠥᠳᠡᠯᠭᠡᠭᠡᠨ ᠠᠴᠠ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ | ᠥᠭᠡᠷᠡᠴᠢᠯᠡᠯᠲᠡ ᠭᠦᠷᠲᠡᠯ᠎ᠡ᠂ ᠮᠠᠨ ᠤ ᠤᠯᠤᠰ ᠡᠮᠴᠢᠯᠡᠭᠡᠨ ᠤ ᠡ᠊ᠩᠨᠡᠭᠡ ᠪᠣᠯᠣᠨ ᠡᠮᠴᠢᠯᠡᠭᠡᠨ ᠤ ᠰᠢᠰᠲ᠋ᠧᠮ ᠤᠨ | ᠪᠠᠶᠢᠭᠤᠯᠤᠯᠲᠠ ᠶᠢᠨ ᠲᠠᠯ᠎ᠠ ᠪᠠᠷ ᠦᠷᠭᠦᠯᠵᠢᠯᠡᠨ ᠲᠠᠪᠰᠢᠪᠠ᠃ ᠣᠳᠣᠬᠠᠨ ᠳᠤ᠂ ᠮᠠᠨ ᠤ ᠤᠯᠤᠰ ᠪᠦᠭᠦ ᠳᠡᠯᠡᠬᠡᠢ ᠶᠢᠨ | ᠬᠠᠮᠤᠭ ᠤᠨ ᠲᠣᠮᠣ ᠡᠮᠴᠢᠯᠡᠭᠡᠨ ᠤ ᠪᠠᠲᠤᠯᠠᠭ᠎ᠠ ᠶᠢᠨ ᠲᠣᠣᠷ ᠢ ᠪᠠᠶᠢᠭᠤᠯᠵᠤ᠂ 13 ᠳ᠋ᠦᠩᠰᠢᠭᠤᠷ ᠭᠠᠷᠤᠢ ᠬᠥᠮᠥᠨ ᠢ | ᠬᠠᠮᠤᠷᠤᠭᠰᠠᠨ ᠪᠠᠶᠢᠨ᠎ᠠ᠃ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ | ᠪᠦᠭᠦ ᠲᠠᠯ᠎ᠠ ᠪᠠᠷ ᠡᠬᠢᠯᠡᠭᠦᠯᠵᠦ᠂ ᠡᠮᠴᠢᠯᠡᠭᠡᠨ ᠤ ᠳᠠᠭᠠᠳᠬᠠᠯ ᠤᠨ ᠮᠤᠵᠢ ᠠᠯᠤᠰᠯᠠᠨ ᠲᠡᠰᠦᠯᠦᠨ ᠪᠤᠳᠤᠬᠤ ᠶᠠᠰᠤ | ᠴᠢᠨᠠᠷ ᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠭᠰᠡᠨ ᠁ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ | ᠠᠴᠠ ᠨᠠᠭᠠᠰᠢ᠂ ᠬᠤᠲᠠ ᠬᠥᠳᠡᠭᠡ ᠶᠢᠨ ᠡᠮᠴᠢᠯᠡᠭᠡᠨ ᠤ ᠳᠠᠭᠠᠳᠬᠠᠯ ᠢ ᠨᠢᠭᠡᠳᠬᠡᠬᠦ ᠲᠥᠷᠥ ᠶᠢᠨ ᠪᠣᠳᠣᠯᠭ᠎ᠠ ᠶᠢ | ᠭᠦᠨᠵᠡᠭᠡᠢ ᠠᠬᠢᠭᠤᠯᠬᠤ ᠶᠢ ᠳᠠᠭᠠᠯᠳᠤᠨ᠂ ᠡᠷᠡᠭᠦᠯ ᠡ᠊ᠩᠭᠡ ᠳᠤᠮᠳᠠᠳᠤ ᠤᠯᠤᠰ ᠤᠨ ᠪᠠᠶᠢᠯᠳᠤᠬᠤ ᠪᠣᠳᠣᠯᠭ᠎ᠠ ᠶᠢ ᠪᠦᠭᠦ | ᠲᠠᠯ᠎ᠠ ᠪᠠᠷ ᠬᠡᠷᠡᠭᠵᠢᠭᠦᠯᠵᠦ᠂ ᠰᠠᠭᠤᠭᠠᠯᠢ ᠠᠷᠠᠳ ᠤᠨ ᠡᠪᠡᠳᠴᠢᠨ ᠦᠵᠡᠭᠦᠯᠭᠦ ᠳᠤ ᠬᠦᠴᠢᠷᠲᠡᠢ᠂ ᠡᠪᠡᠳᠴᠢᠨ | ᠦᠵᠡᠭᠦᠯᠭᠦ ᠳᠤ ᠦᠨᠡᠲᠡᠢ ᠪᠠᠶᠢᠬᠤ ᠠᠰᠠᠭᠤᠳᠠᠯ ᠢ ᠪᠦᠲᠦᠮᠵᠢᠲᠡᠶ ᠨᠠᠮᠳᠠᠭᠤᠯᠪᠠ᠃ | ᠥᠲᠡᠯᠪᠡᠯ ᠠᠰᠠᠷᠠᠮᠵᠢ ᠲᠠᠢ᠂ ᠪᠠᠯᠴᠢᠷ ᠲᠤᠨᠢ ᠪᠣᠶᠢᠵᠢᠭᠤᠯᠬᠤ ᠭᠠᠵᠠᠷ ᠲᠠᠢ ᠪᠠᠶᠢᠯᠭᠠᠵᠤ᠂ ︽ᠨᠠᠰᠤᠲᠠᠨ | ᠨᠢᠯᠬᠠᠰ︾ ᠭᠡᠬᠦ ᠡᠨᠡ ᠬᠦ ᠬᠠᠮᠤᠭ ᠤᠨ ᠪᠣᠳᠠᠲᠠᠢ᠂ ᠬᠠᠮᠤᠭ ᠤᠨ ᠲᠤᠯᠭᠠᠮ᠂ ᠬᠠᠮᠤᠭ ᠤᠨ ᠲᠣᠪᠣᠶᠢᠮ᠎ᠠ ᠠᠷᠠᠳ ᠤᠨ | ᠠᠮᠢᠳᠤᠷᠠᠯ ᠤᠨ ᠠᠰᠠᠭᠤᠳᠠᠯ ᠤᠨ ᠲᠣᠭᠤᠷᠢᠨ ᠳᠤ᠂ ᠮᠠᠨ ᠤ ᠤᠯᠤᠰ ᠬᠥᠮᠥᠨ ᠠᠮᠠ ᠶᠢᠨ ᠦᠢᠯᠡᠴᠢᠯᠡᠭᠡᠨ ᠤ | ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ ᠪᠠᠶᠢᠨ᠎ᠠ᠃ | ᠥᠭᠡᠷᠡᠴᠢᠯᠡᠯᠲᠡ ᠨᠡᠭᠡᠭᠡᠯᠲᠡ ᠬᠢᠭᠰᠡᠨ ᠤ ᠳᠠᠷᠠᠭ᠎ᠠ᠂ 40 ᠭᠠᠷᠤᠢ ᠵᠢᠯ ᠤᠨ ᠴᠢᠷᠮᠠᠶᠢᠯᠭ᠎ᠠ ᠪᠠᠷ ᠳᠡᠮᠵᠢᠨ | ᠂ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠤᠯᠤᠰ ᠨᠢᠭᠡᠨᠲᠡ ᠳᠡᠯᠡᠬᠡᠢ | ᠳ᠋ᠠᠬᠢᠨ ᠳᠤ ᠬᠡᠪᠴᠢᠶ᠎ᠡ ᠪᠠᠷ ᠬᠠᠮᠤᠭ ᠤᠨ ᠶᠡᠭᠡ ᠨᠠᠰᠤᠵᠢᠯ ᠤᠨ ᠳᠠᠭᠠᠳᠬᠠᠯ ᠤᠨ ᠰᠢᠰᠲ᠋ᠧᠮ ᠢ ᠪᠠᠶᠢᠭᠤᠯᠵᠠᠢ᠃ | 2023 ᠣᠨ ᠤ ᠡᠴᠦᠰ ᠪᠤᠯᠲᠠᠯ᠎ᠠ᠂ ᠪᠦᠭᠦ ᠤᠯᠤᠰ ᠤᠨ ᠦᠨᠳᠦᠰᠦᠨ ᠨᠠᠰᠤᠵᠢᠯ ᠤᠨ ᠳᠠᠭᠠᠳᠬᠠᠯ ᠳᠤ | ᠣᠷᠣᠯᠴᠠᠬᠰᠠᠨ ᠬᠥᠮᠥᠨ ᠤ ᠲᠤᠭ᠎ᠠ 10.66 ᠳ᠋ᠦᠩᠰᠢᠭᠤᠷ ᠲᠤ ᠬᠦᠷᠴᠦ᠂ 1989 ᠣᠨ ᠤ ᠡᠴᠦᠰ ᠤᠨ | ᠬᠢ ᠠᠴᠠ 10.09 ᠳ᠋ᠦᠩᠰᠢᠭᠤᠷ ᠨᠡᠮᠡᠭᠳᠡᠵᠡᠢ᠃ | ᠠᠷᠠᠳ ᠤᠨ ᠠᠮᠢᠳᠤᠷᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠨᠠᠩ ᠰᠠᠶᠢᠨ ᠰᠠᠶᠢᠬᠠᠨ | ᠠᠮᠢᠳᠤᠷᠠᠯ ᠢ ᠡᠭᠦᠳᠦᠨ ᠪᠦᠲᠦᠭᠡᠪᠡ | ᠠᠨᠾᠦ᠋ᠢ ᠮᠤᠵᠢ ᠶᠢᠨ ᠹᠧᠩ ᠶᠠᠩ ᠤᠨ ᠰᠢᠶᠣᠣ ᠭᠠᠩ ᠲᠣᠰᠬᠤᠨ ᠤ ᠠᠮᠤ ᠪᠤᠳᠠᠭ᠎ᠠ ᠲᠠᠷᠢᠳᠠᠭ ᠲᠣᠮᠣ | ᠡᠷᠦᠭᠡ ᠴᠧᠩ ᠰᠢ ᠪᠢᠩ ᠤᠨ ᠭᠡᠷ ᠪᠦᠯᠢ ᠶᠢᠨ ᠲᠠᠷᠢᠶᠠᠯᠠᠩ ᠤᠨ ᠲᠠᠯᠠᠪᠠᠶ ᠳᠤ ᠪᠠᠷᠢᠮᠵᠢᠶᠠᠲᠤ ᠴᠢᠬᠢ ᠪᠣᠶᠢᠵᠢᠭᠤᠯᠬᠤ | ᠦᠢᠯᠡᠳᠪᠦᠷᠢ᠂ ᠬᠥᠮᠥᠷᠭᠡᠨ ᠭᠡᠷ ᠪᠠᠷᠢᠵᠤ᠂ 700 ᠭᠠᠷᠤᠢ ᠮᠦ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ | ᠭᠦᠢᠯᠭᠡᠭᠡᠪᠡ᠃ 2023 ᠣᠨ ᠳᠤ᠂ ᠵᠥᠪᠭᠡᠨ ᠠᠮᠤ ᠪᠤᠳᠠᠭ᠎ᠠ ᠪᠣᠯᠣᠨ ᠡᠵᠡᠩᠨᠡᠯᠲᠡ ᠦᠢᠯᠡᠴᠢᠯᠡᠭᠡ ᠶᠢᠨ ᠴᠡᠪᠡᠷ | ᠣᠷᠣᠯᠭ᠎ᠠ 70 ᠭᠠᠷᠤᠢ ᠲᠦᠮᠡᠨ ᠲᠥᠭᠦᠷᠢᠭ ᠲᠤ ᠬᠦᠷᠴᠡᠢ᠃ | ᠢᠳᠡᠵᠦ ᠡᠮᠦᠰᠬᠦ ᠳᠡᠭᠡᠨ ᠵᠥᠪ ᠦᠭᠡᠢ ᠪᠠᠶᠢᠭᠰᠠᠨ ᠠᠴᠠ ᠪᠦᠭᠦ ᠲᠠᠯ᠎ᠠ ᠪᠠᠷ ᠴᠢᠨᠡᠭᠡᠯᠢᠭᠵᠢᠭᠰᠡᠨ | ᠭᠦᠷᠳᠡᠯ᠎ᠠ᠂ 75 ᠵᠢᠯ ᠤᠨ ᠲᠤᠷᠰᠢ᠂ ᠠᠷᠠᠳ ᠤᠨ ᠠᠮᠢᠳᠤᠷᠠᠯ ᠳᠤ ᠲᠡᠭᠷᠢ ᠭᠠᠵᠠᠷ ᠢ ᠳᠣᠩᠰᠣᠯᠭᠠᠮ᠎ᠠ ᠬᠤᠪᠢᠷᠠᠯᠲᠠ | ᠭᠠᠷᠴᠠᠢ᠃ | 2023 ᠣᠨ ᠳᠤ᠂ ᠪᠦᠭᠦ ᠤᠯᠤᠰ ᠤᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ | ᠡᠵᠡᠮᠳᠡᠵᠦ ᠪᠤᠯᠬᠤ ᠣᠷᠣᠯᠭ᠎ᠠ 39218 ᠲᠥᠭᠦᠷᠢᠭ ᠲᠤ ᠬᠦᠷᠴᠦ᠂ ᠪᠠᠷᠠᠭᠠᠨ ᠤ ᠦᠨ᠎ᠡ ᠶᠢᠨ ᠡᠯᠧᠮᠧᠨ᠋ᠲ ᠢ | ᠬᠠᠰᠤᠪᠠᠯ 1949 ᠣᠨ ᠤ ᠬᠢ ᠠᠴᠠ ᠪᠣᠳᠠᠲᠠᠢ ᠪᠠᠷ 76 ᠲᠠᠭᠢᠨ ᠨᠡᠮᠡᠭᠳᠡᠵᠦ᠂ ᠵᠢᠯ ᠳᠤᠮᠳᠠᠴᠢ ᠪᠠᠷ 6.0% ᠪᠠᠷ | ᠨᠡᠮᠡᠭᠳᠡᠪᠡ᠃ | ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ | ᠡᠷᠦᠭᠡ ᠠᠮᠠ ᠰᠢᠯᠵᠢᠭᠦᠯᠬᠦ ᠲᠥᠷᠥ ᠶᠢᠨ ᠪᠣᠳᠣᠯᠭ᠎ᠠ ᠶᠢ ᠪᠦᠭᠦ ᠲᠠᠯ᠎ᠠ ᠪᠠᠷ ᠴᠢᠯᠦᠭᠡᠲᠡᠢ ᠪᠤᠯᠭᠠᠵᠤ᠂ ᠳᠠᠭᠠᠵᠤ | ᠨᠡᠭᠦᠭᠰᠡᠨ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ ᠶᠢ ᠪᠠᠲᠤᠯᠠᠨ᠂ ᠰᠣᠶᠣᠯ ᠪᠡᠶ᠎ᠡ ᠶᠢᠨ ᠲᠠᠮᠢᠷ ᠤᠨ | ᠦᠢᠯᠡᠰ ᠢ ᠶᠡᠭᠡ ᠪᠠᠷ ᠬᠥᠭᠵᠢᠭᠦᠯᠪᠡ ᠁ ᠨᠠᠩ ᠡᠷᠬᠡ ᠲᠡᠭᠰᠢ ᠦᠢᠯᠡᠴᠢᠯᠡᠭᠡ᠂ ᠨᠠᠩ ᠪᠦᠷᠢᠨ ᠲᠡᠭᠦᠯᠳᠡᠷ | ᠪᠠᠲᠤᠯᠠᠭ᠎ᠠ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠥᠷᠭᠡᠨ ᠣᠯᠠᠨ ᠠᠷᠠᠳ ᠲᠦᠮᠡᠨ ᠳᠤ ᠨᠠᠩ | ᠣᠯᠠᠨ ᠨᠠᠩ ᠭᠤᠤᠯᠴᠢ ᠪᠠᠷ ᠬᠦᠷᠲᠡᠭᠡᠵᠦ᠂ ᠠᠷᠠᠳ ᠣᠯᠠᠨ ᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ | ᠬᠥᠭᠵᠢᠯᠲᠡ ᠶᠢᠨ ᠳᠤᠮᠳᠠ ᠨᠠᠩ ᠣᠯᠠᠨ ᠠᠰᠢᠭ ᠭᠥᠷᠳᠡᠭᠰᠡᠨ ᠲᠥᠷᠥᠭᠳᠡᠯ ᠲᠠᠢ ᠪᠣᠯᠭᠠᠪᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠤᠯᠤᠰ ᠬᠤᠳᠠ ᠬᠥᠳᠡᠭᠡ ᠶᠢᠨ | ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠬᠦ᠂ ᠬᠤᠳᠠ ᠬᠥᠳᠡᠭᠡ ᠶᠢᠨ ᠵᠥᠷᠢᠶ᠎ᠡ ᠶᠢ ᠪᠠᠭᠠᠰᠬᠠᠬᠤ᠂ ᠰᠢᠨ᠎ᠡ | ᠭᠡᠯᠪᠡᠷᠢ ᠶᠢᠨ ᠬᠤᠳᠠ ᠪᠠᠯᠭᠠᠰᠤᠵᠢᠯᠲᠠ ᠶᠢ ᠠᠬᠢᠭᠤᠯᠬᠤ ᠲᠠᠯ᠎ᠠ ᠪᠠᠷ ᠢᠯᠡᠳᠲᠡ ᠠᠬᠢᠴᠠ ᠲᠠᠢ ᠪᠣᠯᠪᠠ᠃ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠤᠯᠬᠤ ᠣᠷᠣᠯᠭ᠎ᠠ ᠶᠢᠨ ᠬᠠᠷᠢᠴᠠᠯ ᠢ | 2012 ᠣᠨ ᠳᠤ 2.88᠄ 1 ᠪᠠᠶᠢᠭᠰᠠᠨ ᠠᠴᠠ 2023 ᠣᠨ ᠳᠤ 2.39᠄ 1 ᠪᠣᠯᠭᠠᠨ ᠪᠠᠭᠠᠰᠬᠠᠪᠠ᠃ | ᠬᠤᠳᠠ ᠬᠥᠳᠡᠭᠡ ᠶᠢᠨ ᠳᠦᠷᠰᠦ ᠪᠠᠶᠢᠳᠠᠯ ᠡᠳᠦᠷ ᠠᠴᠠ ᠡᠳᠦᠷ ᠰᠢᠨᠡᠳᠴᠦ᠂ ᠦᠵᠡᠰᠬᠦᠯᠡᠩᠲᠦ | ᠰᠠᠶᠢᠬᠠᠨ ᠳᠤᠮᠳᠠᠳᠤ ᠤᠯᠤᠰ ᠣᠷᠣᠰᠢᠨ ᠰᠠᠭᠤᠷᠢᠰᠢᠬᠤ ᠳᠤ ᠨᠡᠩ ᠲᠠᠭᠠᠯᠠᠮᠵᠢᠲᠠᠢ ᠪᠣᠯᠪᠠ᠃ | ᠮᠠᠨ ᠤ ᠤᠯᠤᠰ ᠤᠨ ᠬᠤᠲᠠ ᠪᠠᠯᠭᠠᠰᠤᠨ ᠤ ᠬᠥᠮᠥᠨ ᠳᠤᠮᠳᠠᠴᠢ ᠶᠢᠨ ᠣᠷᠣᠨ ᠰᠠᠭᠤᠴᠠ ᠶᠢᠨ | ᠪᠠᠷᠢᠯᠭ᠎ᠠ ᠶᠢᠨ ᠲᠠᠯᠠᠪᠠᠶ 1949 ᠣᠨ ᠳᠤ 8.3 ᠲᠡᠭᠰᠢ ᠳᠥᠷᠪᠡᠯᠵᠢᠨ ᠮᠧᠲᠷ ᠪᠠᠶᠢᠭᠰᠠᠨ ᠠᠴᠠ ᠪᠠᠨ | ᠳᠡᠭᠡᠭᠰᠢᠯᠡᠭᠡᠳ 2023 ᠣᠨ ᠤ ᠡᠴᠦᠰ ᠲᠤ 40 ᠲᠡᠭᠰᠢ ᠳᠥᠷᠪᠡᠯᠵᠢᠨ ᠮᠧᠲᠷ ᠢ ᠳᠠᠪᠠᠪᠠ;ᠡᠯ᠎ᠡ ᠲᠥᠷᠥᠯ ᠤᠨ | ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠪᠠ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ | ᠥᠭᠡᠷᠡᠴᠢᠯᠡᠨ ᠲᠥᠪᠬᠢᠨᠡᠭᠦᠯᠬᠦ ᠣᠷᠣᠨ ᠰᠠᠭᠤᠴᠠ ᠶᠢ ᠨᠡᠶᠢᠲᠡ 6400 ᠭᠠᠷᠤᠢ ᠲᠦᠮᠡᠨ ᠢᠵᠢ ᠪᠠᠶᠢᠭᠤᠯᠵᠤ᠂ 1.5 | ᠳ᠋ᠦᠩᠰᠢᠭᠤᠷ ᠭᠠᠷᠤᠢ ᠣᠯᠠᠨ ᠲᠦᠮᠡᠨ ᠠᠮᠤᠷ ᠵᠢᠮᠤᠷ ᠣᠷᠣᠰᠢᠨ ᠰᠠᠭᠤᠷᠢᠰᠢᠬᠤ ᠬᠦᠰᠡᠯ ᠢᠶᠠᠨ ᠲᠡᠷᠭᠡᠯᠰᠢᠭᠦᠯᠪᠡ᠃ | | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠪᠦᠭᠦ ᠲᠠᠯ᠎ᠠ ᠪᠠᠷ | ᠢᠯᠠᠯᠲᠠ ᠣᠯᠵᠤ᠂ ᠪᠦᠭᠦ ᠪᠥᠮᠪᠥᠷᠴᠡᠭ ᠤᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠦᠢᠯᠡᠰ ᠲᠤ | ᠲᠣᠪᠣᠶᠢᠮ᠎ᠠ ᠬᠤᠪᠢ ᠨᠡᠮᠡᠷᠢ ᠦᠵᠡᠭᠦᠯᠪᠡ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠡᠬᠢᠨ ᠤ ᠦᠶ᠎ᠡ ᠳᠤ᠂ | ᠠᠷᠠᠳ ᠤᠨ ᠠᠮᠢᠳᠤᠷᠠᠯ ᠲᠤᠶᠢᠯ ᠤᠨ ᠶᠠᠳᠠᠭᠤ ᠬᠦᠴᠢᠷᠳᠡᠯᠲᠡᠢ ᠪᠠᠶᠢᠳᠠᠯ ᠳᠤ ᠪᠠᠶᠢᠪᠠ᠃ 1978 ᠣᠨ ᠤ ᠡᠴᠦᠰ ᠲᠤ | ᠮᠠᠨ ᠤ ᠤᠯᠤᠰ ᠤᠨ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠢ ᠬᠥᠮᠥᠨ ᠠᠮᠠ 7.7 ᠳ᠋ᠦᠩᠰᠢᠭᠤᠷ ᠪᠠᠶᠢᠵᠤ᠂ | ᠬᠥᠳᠡᠭᠡ ᠲᠣᠰᠬᠤᠨ ᠤ ᠶᠠᠳᠠᠭᠤᠷᠠᠯ ᠤᠨ ᠨᠣᠷᠮ᠎ᠠ 97.5% ᠳᠤ ᠬᠦᠷᠴᠡᠢ᠃ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠭᠠᠰᠢ᠂ ᠮᠠᠨ ᠤ ᠤᠯᠤᠰ ᠶᠠᠳᠠᠭᠤ ᠬᠦᠴᠢᠷᠳᠡᠯᠲᠡᠢ ᠬᠥᠮᠥᠨ ᠠᠮᠠ ᠶᠢ ᠪᠦᠭᠦᠨ ᠢ ᠶᠠᠳᠠᠭᠤ ᠠᠴᠠ | ᠠᠩᠭᠢᠵᠢᠷᠠᠭᠤᠯᠬᠤ ᠶᠢ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠬᠦ ᠶᠢᠨ ᠬᠤᠷᠢᠭ᠎ᠠ ᠱᠤᠭᠤᠮ ᠤᠨ ᠡᠭᠦᠷᠭᠡ | ᠪᠣᠯᠭᠠᠪᠠ᠃ ᠦᠷᠭᠦᠯᠵᠢᠯᠡᠨ ᠴᠢᠷᠮᠠᠶᠢᠨ ᠲᠡᠮᠡᠴᠡᠬᠦ ᠪᠠᠷ ᠳᠠᠮᠵᠢᠨ᠂ 2020 ᠣᠨ ᠤ ᠰᠡᠭᠦᠯᠴᠢ ᠪᠤᠯᠬᠤ ᠳᠤ | ᠤᠳᠤ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠳᠣᠣᠷᠠᠬᠢ 9899 ᠲᠦᠮᠡᠨ ᠬᠥᠳᠡᠭᠡ ᠲᠣᠰᠬᠤᠨ ᠤ ᠶᠠᠳᠠᠭᠤ | ᠬᠦᠴᠢᠷᠳᠡᠯᠲᠡᠢ ᠬᠥᠮᠥᠨ ᠠᠮᠠ ᠶᠢ ᠪᠦᠭᠦᠨ ᠢ ᠶᠠᠳᠠᠭᠤ ᠠᠴᠠ ᠠᠩᠭᠢᠵᠢᠷᠠᠭᠤᠯᠵᠤ᠂ 832 ᠶᠠᠳᠠᠭᠤ ᠬᠦᠴᠢᠷᠳᠡᠯᠲᠡᠢ | ᠰᠢᠶᠠᠨ ᠢ ᠪᠦᠭᠦᠨ ᠢ ᠶᠠᠳᠠᠭᠤ ᠠᠴᠠ ᠠᠩᠭᠢᠵᠢᠷᠠᠭᠤᠯᠤᠨ᠂ 12.8 ᠲᠦᠮᠡᠨ ᠶᠠᠳᠠᠭᠤ ᠬᠦᠴᠢᠷᠳᠡᠯᠲᠡᠢ ᠲᠣᠰᠬᠤᠨ ᠢ | ᠪᠦᠭᠦᠨ ᠢ ᠶᠠᠳᠠᠭᠤ ᠠᠴᠠ ᠠᠩᠭᠢᠵᠢᠷᠠᠭᠤᠯᠵᠤ᠂ ᠣᠷᠣᠨ ᠪᠦᠰᠡ ᠶᠢᠨ ᠴᠢᠨᠠᠷᠲᠠᠢ ᠪᠦᠬᠦᠯᠢ ᠴᠣᠭᠴᠠ ᠶᠢᠨ ᠶᠠᠳᠠᠭᠤ | ᠬᠦᠴᠢᠷᠳᠡᠯ ᠢ ᠰᠢᠢᠳᠪᠦᠷᠢᠯᠡᠵᠦ᠂ ᠬᠠᠷᠢᠴᠠᠯᠠᠰᠢᠭᠦᠢ ᠶᠠᠳᠠᠭᠤ ᠬᠦᠴᠢᠷᠳᠡᠯ ᠢ ᠠᠷᠢᠯᠭᠠᠬᠤ ᠬᠠᠲᠠᠭᠤ ᠪᠡᠷᠬᠡ ᠡᠭᠦᠷᠭᠡ ᠶᠢ | ᠪᠡᠶᠡᠯᠡᠭᠦᠯᠪᠡ᠃ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠠᠷᠠᠳ ᠤᠨ ᠠᠮᠢᠳᠤᠷᠠᠯ ᠢ ᠲᠡᠷᠢᠭᠦᠨ | ᠴᠢᠬᠤᠯᠠ ᠶᠠᠪᠤᠳᠠᠯ ᠪᠣᠯᠭᠠᠳᠠᠭ᠃ ᠢᠷᠡᠭᠡᠳᠦᠢ ᠶᠢ ᠪᠠᠷᠠᠯᠠᠬᠤᠶ᠎ᠠ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠠ | ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠤᠯᠤᠰ ᠳᠠᠶᠠᠭᠠᠷ ᠢᠶᠠᠨ ᠰᠡᠳᠬᠢᠯ | ᠨᠢᠭᠡᠳᠦᠨ ᠬᠦᠴᠦ ᠪᠠᠨ ᠬᠠᠮᠲᠤᠳᠬᠠᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠢ ᠯᠠᠪᠳᠠᠭᠤᠨ | ᠪᠠᠲᠤᠲᠠᠢ ᠰᠠᠶᠢᠲᠤᠷ ᠬᠢᠪᠡᠯ᠂ ᠵᠣᠯ ᠵᠢᠷᠭᠠᠯᠲᠤ ᠠᠷᠠᠳ ᠤᠨ ᠠᠮᠢᠳᠤᠷᠠᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠨᠢ | ᠯᠠᠪᠲᠠᠢ᠃ | | | | |