ᠠᠯᠠᠱᠠ ᠵᠡᠭᠦᠨ ᠬᠤᠰᠢᠭᠤ ᠮᠠᠯ ᠤᠨᠤᠭ᠎ᠠ ᠪᠠᠨ ᠡᠪᠦᠯᠵᠢᠭᠦᠯᠬᠦ ᠶᠢᠨ ᠲᠥᠯᠥᠭᠡ᠂ ︽ᠠᠮᠤ ᠬᠦᠨᠡᠰᠦ︾ ᠪᠠᠨ ᠭᠦᠢᠴᠡᠳ ᠪᠡᠯᠡᠳᠬᠡᠵᠡᠶ
ᠨᠡᠶᠢᠲᠡᠯᠡᠭᠰᠡᠨ ᠴᠠᠭ᠄
2024/12/31
     ᠡᠪᠡᠰᠦ ᠪᠣᠷᠳᠤᠭ᠎ᠠ ᠭᠦᠢᠴᠡᠳ ᠪᠡᠯᠡᠳᠬᠡᠵᠦ᠂ ᠡᠪᠦᠯ ᠤᠨ ᠲᠡᠵᠢᠭᠡᠯ ᠡᠪᠡᠰᠦ ᠪᠣᠷᠳᠤᠭ᠎ᠠ ᠨᠥᠭᠡᠴᠡᠯᠡᠬᠦ ᠪᠣᠯ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠴᠢᠬᠤᠯᠠ ᠭᠤᠭᠴᠤᠭ᠎ᠠ ᠮᠥᠨ᠂ ᠮᠠᠯ ᠤᠨᠤᠭ᠎ᠠ ᠠᠮᠤᠷ ᠲᠦᠪᠰᠢᠨ ᠡᠪᠦᠯᠵᠢᠬᠦ ᠶᠢ ᠪᠠᠲᠤᠯᠠᠬᠤ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ᠂ ᠠᠯᠠᠱᠠ ᠵᠡᠭᠦᠨ ᠬᠤᠰᠢᠭᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠮᠠᠯᠴᠢᠳ ᠢᠳᠡᠪᠬᠢᠲᠡᠶ ᠬᠥᠳᠡᠯᠦᠯᠴᠡᠨ ᠪᠥᠬᠦ ᠬᠦᠴᠦᠨ ᠢᠶᠠᠷ ᠢᠶᠠᠨ ᠡᠪᠡᠰᠦ ᠪᠣᠷᠳᠤᠭ᠎ᠠ ᠪᠡᠯᠡᠳᠬᠡᠬᠦ ᠠᠵᠢᠯ ᠳᠤ ᠣᠷᠣᠯᠴᠠᠪᠠ᠃    ᠠᠯᠠᠱᠠ ᠵᠡᠭᠦᠨ ᠬᠤᠰᠢᠭᠤᠨ ᠤ ᠵᠢᠷᠠᠲᠠᠶ ᠪᠠᠯᠭᠠᠰᠤᠨ ᠤ ᠰᠢᠨᠡᠬᠤᠳᠳᠤᠭ ᠭᠠᠴᠠᠭᠠᠨ ᠤ ᠮᠠᠯᠴᠢᠨ ᠯᠢᠦ ᠭᠤᠸᠠᠩ ᠴᠧᠩ ᠤᠨ ᠬᠥᠮᠥᠷᠭᠡ ᠳᠤ᠂ ᠨᠢᠭᠡᠨᠲᠡ ᠶᠡᠭᠡ ᠬᠡᠮᠵᠢᠶᠡᠨ ᠤ ᠬᠠᠭᠤᠷᠠᠶ ᠡᠪᠡᠰᠦ᠂ ᠪᠣᠷᠳᠤᠭ᠎ᠠ ᠨᠥᠭᠡᠴᠡᠯᠡᠪᠡ᠃ ᠡᠨᠡ ᠵᠢᠯ ᠂ ᠯᠢᠦ ᠭᠤᠸᠠᠩ ᠴᠧᠩ 300 ᠭᠠᠷᠤᠶ ᠮᠦ ᠡᠷᠳᠡᠨᠢ ᠰᠢᠰᠢ ᠪᠣᠯᠤᠨ ᠴᠠᠷᠭᠠᠰᠤ ᠲᠠᠷᠢᠵᠤ᠂ ᠮᠠᠯ ᠤᠨᠤᠭ᠎ᠠ ᠶᠢᠨ ᠡᠪᠦᠯᠵᠢᠬᠦ ᠴᠢᠬᠤᠯᠠ ᠨᠥᠭᠡᠴᠡ ᠪᠣᠯᠤᠭᠰᠠᠨ ᠪᠠᠶᠢᠨ᠎ᠠ᠃    ᠡᠨᠡ ᠬᠡᠳᠦᠨ ᠡᠳᠦᠷ᠂ ᠰᠢᠨᠡᠬᠤᠳᠳᠤᠭ ᠭᠠᠴᠠᠭᠠᠨ ᠤ ᠢᠩᠭᠡᠨ ᠰᠦ ᠶᠢᠨ ᠠᠵᠤ ᠦᠢᠯᠡᠰ ᠡᠷᠬᠢᠯᠡᠭᠰᠡᠨ ᠮᠠᠯᠴᠢᠨ ᠵᠣᠣ ᠮᠢᠩ  ᠳ᠋ᠢ 20 ᠭᠠᠷᠤᠶ ᠲᠣᠨ ᠡᠪᠡᠰᠦ ᠪᠣᠷᠳᠤᠭ᠎ᠠ ᠪᠡᠯᠡᠳᠭᠡᠵᠤ᠂ ᠡᠪᠦᠯ ᠤᠨ ᠤᠯᠠᠷᠢᠯ ᠤᠨ ᠢᠩᠭᠡᠨ ᠰᠦ ᠶᠢᠨ ᠭᠠᠷᠤᠯᠲᠠ ᠪᠠ ᠶᠠᠰᠤ ᠴᠢᠨᠠᠷ ᠢ ᠪᠠᠲᠤᠯᠠᠬᠤ ᠶᠢᠨ ᠲᠥᠯᠥᠭᠡ᠂ ᠶᠡᠭᠡ ᠬᠡᠮᠵᠢᠶᠡᠨ ᠤ ᠡᠷᠳᠡᠨᠢ ᠰᠢᠰᠢ᠂ ᠯᠣᠬᠠᠱᠧᠩ ᠤᠨ ᠴᠢᠬᠢ ᠵᠡᠷᠭᠡ ᠴᠢᠨᠠᠷ ᠰᠠᠶᠢᠲᠠᠢ ᠪᠣᠷᠳᠤᠭ᠎ᠠ ᠤᠷᠢᠳᠴᠢᠯᠠᠨ ᠬᠤᠳᠠᠯᠳᠤᠨ ᠠᠪᠴᠤ᠂ ᠲᠡᠮᠡᠭᠡᠨ ᠰᠦᠷᠦᠭ ᠲᠤ ᠭᠦᠢᠴᠡᠳ ᠰᠢᠮ᠎ᠡ ᠲᠡᠵᠢᠭᠡᠯ ᠤᠨ ᠬᠠᠩᠭᠠᠯᠭ᠎ᠠ ᠬᠠᠩᠭᠠᠭᠰᠠᠨ ᠪᠠᠶᠢᠨ᠎ᠠ᠃
   ᠠᠯᠠᠱᠠ ᠵᠡᠭᠦᠨ ᠬᠤᠰᠢᠭᠤᠨ ᠤ ᠪᠠᠶᠠᠨᠨᠢᠷᠤᠭᠤᠨ ᠰᠤᠮᠤ ᠳᠡᠭᠡᠳᠦ ᠱᠠᠲᠤᠨ ᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠠᠯᠠ ᠮᠥᠩᠭᠦ ᠶᠢ ᠬᠡᠷᠡᠭᠯᠡᠬᠦ ᠱᠠᠭᠠᠷᠳᠠᠯᠭ᠎ᠠ ᠶᠣᠰᠣᠭᠠᠷ᠂ ᠠᠵᠤ ᠠᠬᠤᠶᠢᠯᠠᠯ ᠲᠠᠢ ᠢᠳᠡᠪᠬᠢᠲᠡᠶ ᠵᠣᠯᠭᠠᠭᠤᠯᠵᠤ᠂ 541.5 ᠲᠣᠨ ᠮᠥᠬᠦᠯᠢᠭᠲᠦ ᠲᠡᠵᠢᠭᠡᠯ ᠪᠣᠷᠳᠤᠭ᠎ᠠ ᠪᠣᠯᠤᠨ 896.5 ᠲᠣᠨ ᠡᠷᠳᠡᠨᠢ ᠰᠢᠰᠢ ᠬᠤᠳᠠᠯᠳᠤᠨ ᠠᠪᠴᠤ᠂ ᠵᠠᠰᠠᠭ ᠤᠨ ᠣᠷᠳᠣᠨ ᠠᠴᠠ ᠨᠥᠬᠦᠪᠥᠷᠢ ᠥᠭᠬᠦ ᠬᠡᠯᠪᠡᠷᠢ ᠪᠠᠷ ᠭᠠᠮᠰᠢᠭᠳᠠᠭᠰᠠᠨ 252 ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠡᠷᠦᠬᠡ ᠳᠤ ᠥᠭᠴᠦ᠂ ᠮᠠᠯᠴᠢᠳ ᠢ ᠵᠢᠯᠣᠭᠤᠳᠤᠨ ᠡᠪᠡᠰᠦ ᠪᠣᠷᠳᠤᠭ᠎ᠠ ᠪᠡᠯᠡᠳᠬᠡᠬᠦ ᠪᠠ ᠬᠦᠢᠲᠡᠨ ᠢ ᠰᠡᠷᠭᠡᠶᠢᠯᠡᠵᠦ ᠳᠤᠯᠠᠭᠠᠯᠠᠭ᠎ᠠ ᠶᠢᠨ ᠠᠷᠭ᠎ᠠ ᠬᠡᠮᠵᠢᠶ᠎ᠡ ᠶᠢ ᠰᠠᠶᠢᠲᠤᠷ ᠬᠢᠯᠭᠡᠪᠡ᠃ ᠲᠣᠯᠢ ᠭᠠᠴᠠᠭᠠᠨ ᠤ ᠮᠠᠯᠴᠢᠨ ᠸᠠᠩ ᠶᠢᠨ ᠬᠤᠸᠠ ᠡᠨᠡ ᠵᠢᠯ 6000 ᠵᠢᠩ ᠡᠷᠳᠡᠨᠢ ᠰᠢᠰᠢ ᠶᠢᠨ ᠮᠥᠬᠦᠯᠢᠭ ᠤᠨ ᠨᠥᠬᠦᠪᠥᠷᠢ ᠣᠯᠵᠠᠢ᠃    ᠠᠯᠠᠱᠠ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠡᠪᠦᠯ ᠬᠠᠪᠤᠷ ᠤᠨ ᠲᠡᠵᠢᠭᠡᠯ ᠡᠪᠡᠰᠦ ᠪᠣᠷᠳᠤᠭ᠎ᠠ ᠨᠥᠭᠡᠴᠡᠯᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠡᠪᠦᠯ ᠤᠨ ᠡᠪᠡᠰᠦ ᠪᠣᠷᠳᠤᠭ᠎ᠠ ᠨᠥᠭᠡᠴᠡᠯᠡᠬᠦ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠪᠠ᠃    ᠣᠶᠢᠯᠠᠭᠠᠭᠰᠠᠨ ᠢᠶᠠᠷ᠂ 2024 ᠣᠨ ᠳᠤ ᠠᠯᠠᠱᠠ ᠵᠡᠭᠦᠨ ᠬᠤᠰᠢᠭᠤ ᠲᠥᠪ ᠤᠨ ᠲᠠᠷᠢᠶᠠᠯᠠᠩ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠪᠠᠯᠠ ᠮᠥᠩᠭᠦ ᠶᠢ 943 ᠲᠦᠮᠡᠨ ᠲᠥᠭᠦᠷᠢᠭ ᠴᠢᠷᠮᠠᠶᠢᠨ ᠣᠯᠪᠠ᠂ ᠡᠭᠦᠨ ᠳᠤ 578 ᠲᠦᠮᠡᠨ ᠲᠥᠭᠦᠷᠢᠭ ᠢ ᠲᠡᠵᠢᠭᠡᠯ ᠡᠪᠡᠰᠦ ᠪᠣᠷᠳᠤᠭ᠎ᠠ ᠰᠢᠯᠵᠢᠭᠦᠯᠦᠨ ᠵᠥᠭᠡᠭᠡᠪᠦᠷᠢᠯᠡᠬᠦ ᠨᠥᠬᠦᠪᠥᠷᠢ ᠪᠠᠷ ᠨᠡᠯᠢᠶᠡᠳ ᠬᠦᠨᠳᠦ ᠪᠠᠶᠢᠭ᠎ᠠ ᠣᠯᠠᠨᠪᠤᠯᠠᠭ ᠪᠠᠯᠭᠠᠰᠤ᠂ ᠡᠷᠬᠡᠬᠠᠰᠢᠬ᠎ᠠ ᠰᠤᠮᠤ᠂ ᠵᠢᠷᠠᠲᠠᠢ ᠪᠠᠯᠭᠠᠰᠤ᠂ ᠪᠠᠶᠠᠠᠨᠢᠷᠤᠭᠤᠨ ᠰᠤᠮᠤ᠂ ᠥᠯᠵᠡᠶ ᠰᠤᠮᠤ᠂ ᠢᠩᠭᠡᠨ ᠰᠤᠮᠤ ᠳᠤ ᠣᠯᠭᠤᠪᠠ᠃    ᠭᠠᠮᠰᠢᠭᠳᠠᠭᠰᠠᠨ ᠮᠠᠯᠴᠢᠳ ᠲᠤ ᠡᠪᠡᠰᠦ ᠪᠣᠷᠳᠤᠭ᠎ᠠ ᠶᠢᠨ ᠲᠣᠨ ᠪᠦᠷᠢ ᠳᠤ 240 ᠲᠥᠭᠦᠷᠢᠭ ᠤᠨ ᠨᠥᠬᠦᠪᠥᠷᠢ ᠮᠥᠩᠭᠦ ᠣᠯᠭᠤᠵᠤ᠂ ᠨᠠᠶᠢᠳᠠ 2.4 ᠲᠦᠮᠡᠨ ᠲᠣᠨ ᠡᠪᠡᠰᠦ ᠪᠣᠷᠳᠤᠭ᠎ᠠ ᠰᠢᠯᠵᠢᠭᠦᠯᠦᠨ ᠵᠥᠭᠡᠭᠡᠪᠦᠷᠢᠯᠡᠬᠦ ᠪᠠᠷ ᠲᠥᠯᠦᠪᠯᠡᠵᠤ ᠪᠠᠶᠢᠨ᠎ᠠ᠃ ᠣᠳᠣᠬᠠᠨ ᠳᠤ ᠨᠢᠭᠡᠨᠲᠡ 1200 ᠲᠣᠨ ᠡᠪᠡᠰᠦ ᠪᠣᠷᠳᠤᠭ᠎ᠠ ᠲᠠᠷᠬᠠᠭᠠᠵᠤ᠂ 1570 ᠲᠣᠨ ᠲᠡᠵᠢᠭᠡᠯ ᠪᠣᠷᠳᠤᠭ᠎ᠠ ᠨᠥᠭᠡᠴᠡᠯᠡᠵᠦ᠂ ᠮᠠᠯ ᠤᠨᠤᠭ᠎ᠠ ᠶᠢᠨ ᠠᠮᠤᠷ ᠲᠦᠪᠰᠢᠨ ᠢᠶᠠᠷ ᠡᠪᠦᠯᠵᠢᠬᠦ ᠶᠢ ᠦᠨᠡᠨ ᠬᠦ ᠪᠠᠲᠤᠯᠠᠪᠠ᠃    
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号