| | | | | ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠪᠦᠬᠦ ᠤᠯᠤᠰ ᠤᠨ ᠡᠯ᠎ᠡ ᠭᠠᠵᠠᠷ ᠲᠤ | ᠥᠷᠨᠢᠭᠦᠯᠵᠦ ᠪᠤᠢ᠂ ᠬᠡᠷᠬᠢᠨ ᠬᠡᠷᠡᠭᠯᠡᠭᠴᠢᠳ ᠲᠤ ᠦᠨᠡᠨ ᠬᠦ ᠠᠰᠢᠭ ᠬᠦᠷᠲᠡᠭᠡᠬᠦ ᠪᠤᠢ︖ ᠬᠤᠳᠠᠯᠳᠤᠭᠠᠨ ᠤ | ᠶᠠᠪᠤᠳᠠᠯ ᠤᠨ ᠶᠠᠮᠤᠨ ᠤ ᠵᠠᠬ᠎ᠠ ᠳᠡᠯᠭᠡᠭᠦᠷ ᠤᠨ ᠠᠵᠢᠯᠯᠠᠭ᠎ᠠ ᠪᠠ ᠬᠡᠷᠡᠭᠯᠡᠭᠡ ᠶᠢ ᠠᠬᠢᠭᠤᠯᠬᠤ ᠵᠤᠷᠭᠠᠨ ᠤ ᠳᠠᠷᠤᠭ᠎ᠠ | ᠰᠢᠦᠢ ᠰᠢᠩ ᠹᠧᠩ ᠲᠦᠷᠦᠭᠦᠬᠡᠨ ᠢᠯᠡᠷᠬᠡᠶᠢᠯᠡᠭᠰᠡᠨ ᠨᠢ᠂ ᠬᠡᠷᠡᠭᠯᠡᠭᠴᠢᠳ ᠤᠨ ᠬᠦᠰᠡᠯᠲᠡ ᠶᠢ ᠬᠦᠨᠳᠦᠳᠬᠡᠬᠦ᠂ | ᠬᠡᠷᠡᠭᠯᠡᠭᠴᠢᠳ ᠤᠨ ᠱᠠᠭᠠᠷᠳᠠᠯᠭ᠎ᠠ ᠳᠤ ᠬᠠᠷᠢᠭᠤ ᠥᠭᠬᠦ ᠵᠠᠷᠴᠢᠮ ᠶᠣᠰᠣᠭᠠᠷ᠂ ᠬᠤᠳᠠᠯᠳᠤᠭᠠᠨ ᠤ ᠶᠠᠪᠤᠳᠠᠯ ᠤᠨ ᠶᠠᠮᠤᠨ | ᠣᠯᠠᠨ ᠰᠠᠯᠠᠭ᠎ᠠ ᠮᠥᠴᠢᠷ ᠤᠳ ᠲᠠᠢ ᠬᠠᠮᠲᠤᠷᠠᠨ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ | ᠬᠡᠷᠡᠭᠯᠡᠭᠴᠢᠳ ᠲᠤ ᠨᠠᠩ ᠢᠯᠡᠭᠦᠦ ᠬᠦᠷᠲᠡᠮᠵᠢ ᠶᠢᠨ ᠲᠥᠷᠥᠭᠳᠡᠯ ᠣᠯᠭᠤᠨ᠎ᠠ ᠭᠡᠵᠡᠢ᠃ | | ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠲᠠᠯ᠎ᠠ ᠪᠠᠷ᠂ ᠨᠢᠭᠡ ᠳᠤ ᠮᠠᠰᠢᠨ ᠲᠡᠷᠭᠡ | ᠬᠤᠳᠠᠯᠳᠤᠨ ᠠᠪᠬᠤ ᠳᠤ ᠨᠠᠩ ᠠᠰᠢᠭᠲᠠᠢ ᠪᠣᠯᠭᠠᠵᠤ᠂ ᠡᠳ᠋ ᠤᠨ ᠵᠠᠰᠠᠭ᠂ ᠭᠠᠶᠢᠯᠢ ᠲᠠᠲᠠᠪᠤᠷᠢ᠂ ᠢᠲᠡᠭᠡᠮᠵᠢᠲᠦ | ᠵᠢᠭᠡᠯᠡᠯᠭᠡ᠂ ᠳᠠᠭᠠᠳᠬᠠᠯ ᠵᠡᠷᠭᠡ ᠡᠯ᠎ᠡ ᠵᠠᠩᠭᠢᠯᠠᠭ᠎ᠠ ᠨᠤᠭᠤᠳ ᠠᠴᠠ ᠠᠰᠢᠭ ᠣᠯᠭᠤᠵᠤ᠂ ᠮᠠᠰᠢᠨ ᠲᠡᠷᠭᠡ ᠬᠤᠳᠠᠯᠳᠤᠨ | ᠠᠪᠬᠤ ᠥᠪᠡᠷ ᠤᠨ ᠥᠷᠲᠡᠭ ᠢ ᠪᠠᠭᠤᠷᠠᠭᠤᠯᠤᠨ᠎ᠠ︔ ᠬᠤᠶᠠᠷ ᠲᠤ ᠮᠠᠰᠢᠨ ᠲᠡᠷᠭᠡ ᠬᠡᠷᠡᠭᠯᠡᠬᠦ ᠳᠤ ᠨᠠᠩ ᠳᠥᠭᠦᠮᠯᠡᠵᠦ᠂ | ᠴᠠᠬᠢᠯᠭᠠᠨ ᠴᠡᠨᠡᠭᠯᠡᠬᠦ᠂ ᠲᠡᠷᠭᠡ ᠵᠣᠭᠰᠤᠭᠠᠬᠤ᠂ ᠣᠶᠤᠨᠲᠤ ᠵᠠᠮ ᠬᠠᠷᠢᠯᠴᠠᠭ᠎ᠠ ᠵᠡᠷᠭᠡ ᠰᠠᠭᠤᠷᠢ | ᠪᠡᠯᠡᠳᠬᠡᠮᠵᠢ ᠨᠦᠭᠦᠳ ᠢ ᠤᠯᠠᠮ ᠲᠡᠭᠦᠯᠳᠡᠷᠵᠢᠭᠦᠯᠵᠦ᠂ ᠮᠠᠰᠢᠨ ᠲᠡᠷᠭᠡᠨ ᠤ ᠭᠦᠢᠯᠭᠡᠭᠡ ᠶᠢᠨ ᠬᠡᠷᠡᠭᠯᠡᠭᠡᠨ ᠤ | ᠥᠭᠡᠷᠡᠴᠢᠯᠡᠯᠲᠡ ᠶᠢᠨ ᠲᠤᠷᠰᠢᠯᠲᠠ ᠶᠢ ᠥᠷᠨᠢᠭᠦᠯᠵᠦ᠂ ᠮᠠᠰᠢᠨ ᠲᠡᠷᠭᠡ ᠶᠢ ᠥᠭᠡᠷᠡᠴᠢᠯᠡᠨ ᠤᠭᠰᠠᠷᠠᠬᠤ᠂ | ᠲᠦᠷᠢᠶᠡᠰᠦᠯᠡᠬᠦ᠂ ᠭᠡᠷ ᠲᠡᠷᠭᠡ ᠪᠠᠷ ᠬᠡᠭᠡᠷ᠎ᠡ ᠪᠠᠭᠤᠳᠠᠯᠯᠠᠬᠤ᠂ ᠪᠡᠶ᠎ᠡ ᠶᠢᠨ ᠲᠠᠮᠢᠷ ᠤᠨ ᠤᠷᠤᠯᠳᠤᠭᠠᠨ ᠶᠠᠪᠤᠭᠤᠯᠬᠤ᠂ | ᠤᠯᠠᠮᠵᠢᠯᠠᠯᠲᠤ ᠰᠣᠩᠭᠤᠳᠠᠭ ᠮᠠᠰᠢᠨ ᠲᠡᠷᠭᠡ ︵ᠬᠠᠭᠤᠴᠢᠨ ᠤ ᠲᠡᠷᠭᠡ︶ ᠵᠡᠷᠭᠡ ᠠᠵᠢᠯ ᠲᠥᠷᠥᠯ ᠤᠳ ᠤᠨ | ᠬᠥᠭᠵᠢᠯᠲᠡ ᠶᠢ ᠳᠡᠮᠵᠢᠨ᠎ᠡ︔ ᠭᠤᠷᠪᠠ ᠳᠤ ᠮᠠᠰᠢᠨ ᠲᠡᠷᠭᠡ ᠬᠤᠳᠠᠯᠳᠤᠬᠤ ᠳᠤ ᠨᠠᠩ ᠰᠠᠨᠠᠭ᠎ᠠ ᠠᠮᠤᠷ ᠪᠣᠯᠭᠠᠵᠤ᠂ | ᠭᠠᠷ ᠳᠠᠮᠵᠢᠭᠰᠠᠨ ᠮᠠᠰᠢᠨ ᠲᠡᠷᠭᠡ ᠶᠢ ᠪᠥᠬᠦ ᠤᠯᠤᠰ ᠤᠨ ᠬᠡᠪᠴᠢᠶᠡᠨ ᠳᠤ ᠰᠢᠯᠵᠢᠭᠦᠯᠬᠦ ᠬᠢᠵᠠᠭᠠᠷᠯᠠᠯ ᠢ ᠴᠤᠴᠠᠯᠬᠤ ᠶᠢ | ᠠᠬᠢᠭᠤᠯᠵᠤ᠂ ᠭᠠᠷ ᠳᠠᠮᠵᠢᠭᠰᠠᠨ ᠮᠠᠰᠢᠨ ᠲᠡᠷᠭᠡ ᠶᠢᠨ ᠮᠡᠳᠡᠭᠡ ᠵᠠᠩᠭᠢ ᠶᠢ ᠯᠠᠪᠯᠠᠬᠤ ᠲᠠᠪᠴᠠᠩ ᠢ ᠪᠠᠶᠢᠭᠤᠯᠤᠨ᠎ᠠ︔ | ᠳᠥᠷᠪᠡ ᠳᠤ ᠬᠡᠷᠡᠭᠯᠡᠭᠡᠨ ᠠᠴᠠ ᠭᠠᠷᠭᠠᠬᠤ ᠳᠤ ᠨᠠᠩ ᠳᠥᠭᠦᠮᠯᠡᠵᠦ᠂ ᠵᠠᠳᠠᠯᠵᠤ ᠰᠠᠯᠭᠠᠬᠤ ᠠᠵᠤ ᠠᠬᠤᠶᠢᠯᠠᠯ ᠤᠨ | ᠭᠡᠷ ᠲᠤ ᠨᠢ ᠬᠦᠷᠴᠦ ᠲᠡᠷᠭᠡ ᠬᠤᠷᠢᠶᠠᠬᠤ ᠶᠢ ᠵᠣᠷᠢᠭᠵᠢᠭᠤᠯᠵᠤ᠂ ᠲᠡᠷᠭᠡᠨ ᠤ ᠡᠵᠡᠨ ᠤ ᠬᠡᠷᠡᠭᠯᠡᠭᠡᠨ ᠠᠴᠠ ᠭᠠᠷᠭᠠᠭᠰᠠᠨ | ᠲᠡᠷᠭᠡ ᠪᠠᠨ ᠬᠤᠳᠠᠯᠳᠤᠬᠤ ᠳᠤ ᠨᠠᠩ ᠳᠥᠭᠦᠮᠯᠡᠨᠡ᠃ | | ᠭᠡᠷ ᠤᠨ ᠴᠠᠬᠢᠯᠭᠠᠨ ᠬᠡᠷᠡᠭᠰᠡᠯ᠂ ᠭᠡᠷ ᠤᠨ ᠴᠢᠮᠡᠭᠯᠡᠯ ᠲᠣᠭᠤᠭᠠᠨ ᠭᠡᠷ ᠵᠣᠷᠯᠣᠩ ᠤᠨ ᠰᠢᠨ᠎ᠡ ᠶᠢ ᠰᠣᠯᠢᠬᠤ | ᠲᠠᠯ᠎ᠠ ᠪᠠᠷ᠂ ᠨᠢᠭᠡ ᠳᠤ ᠬᠡᠷᠡᠭᠯᠡᠭᠡ ᠳᠤ ᠳᠥᠭᠦᠮᠯᠡᠬᠦ ᠶᠢ ᠳᠣᠪᠤᠶᠢᠯᠭᠠᠵᠤ᠂ ︽ᠬᠠᠳᠠᠭᠠᠯᠠᠬᠤ ᠥᠷᠥᠭᠡ︾ ︽ | ᠬᠤᠷᠢᠶᠠᠬᠤ ᠥᠷᠲᠡᠭᠡ︾ ︽ᠡᠷᠭᠢᠯᠲᠡ ᠶᠢᠨ ᠥᠷᠥᠭᠡ︾ ᠪᠠᠶᠢᠭᠤᠯᠬᠤ ᠶᠢ ᠵᠣᠷᠢᠭᠵᠢᠭᠤᠯᠵᠤ᠂ ᠪᠠᠰᠠ ︽ᠢᠨᠲ᠋ᠧᠷ | ᠰᠦᠯᠵᠢᠶ᠎ᠡ + ᠬᠤᠷᠢᠶᠠᠬᠤ︾ ᠂ ︽ᠬᠠᠭᠤᠴᠢᠨ ᠢ ᠬᠤᠷᠢᠶᠠᠬᠤ᠂ ᠰᠢᠨ᠎ᠡ ᠶᠢ ᠬᠦᠷᠭᠡᠬᠦ᠂ ᠵᠠᠳᠠᠯᠵᠤ ᠤᠭᠰᠠᠷᠠᠬᠤ ᠶᠢ | ᠨᠢᠭᠡ ᠥᠷᠲᠡᠭᠡᠴᠢᠯᠡᠬᠦ︾ ᠶᠢ ᠵᠣᠷᠢᠭᠵᠢᠭᠤᠯᠤᠨ᠎ᠠ︔ ᠬᠤᠶᠠᠷ ᠲᠤ ᠮᠡᠳᠡᠭᠡ ᠵᠠᠩᠭᠢ ᠶᠢᠨ ᠢᠯᠡ ᠪᠠᠶᠢᠬᠤ ᠶᠢ | ᠲᠣᠪᠤᠶᠢᠯᠭᠠᠨ᠂ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠢ ᠬᠥᠳᠡᠭᠡ ᠪᠠᠭᠤᠯᠭᠠᠬᠤ ᠠᠵᠢᠯᠯᠠᠭ᠎ᠠ ᠶᠢ ᠥᠷᠨᠢᠭᠦᠯᠵᠦ | ᠂ ᠨᠠᠰᠤᠵᠢᠯ ᠳᠤ ᠲᠣᠬᠢᠷᠠᠭᠰᠠᠨ ᠭᠡᠷ ᠤᠨ ᠬᠡᠷᠡᠭᠰᠡᠯ ᠤᠨ ᠨᠡᠷᠡᠰ ᠤᠨ ᠵᠢᠭᠰᠠᠭᠠᠯᠲᠠ ᠶᠢ ᠬᠥᠳᠡᠯᠦᠩᠭᠦᠢ ᠪᠠᠷ | ᠲᠡᠭᠦᠯᠳᠡᠷᠵᠢᠭᠦᠯᠵᠦ᠂ ᠭᠡᠷ ᠤᠨ ᠴᠢᠮᠡᠭᠯᠡᠯ ᠤᠨ ︽ᠵᠠᠭᠪᠤᠷ ᠥᠷᠥᠭᠡ︾ ᠶᠢ ᠬᠤᠳᠠᠯᠳᠤᠭᠠᠨ ᠤ ᠲᠠᠯᠠᠪᠤᠷ ᠲᠤ᠂ ᠨᠡᠶᠢᠭᠡᠮ | ᠲᠣᠭᠤᠷᠢᠭ ᠲᠤ᠂ ᠲᠠᠪᠴᠠᠩ ᠳᠤ ᠣᠷᠣᠭᠤᠯᠬᠤ ᠶᠢ ᠠᠬᠢᠭᠤᠯᠤᠨ᠎ᠠ︔ ᠭᠤᠷᠪᠠ ᠳᠤ ᠣᠶᠤᠨᠲᠤ ᠮᠥᠷᠲᠡᠭᠡᠨ | ᠳᠥᠭᠦᠮ ᠢ ᠲᠤᠪᠤᠶᠢᠯᠭᠠᠵᠦ᠂ ᠣᠶᠤᠨᠲᠤ ᠭᠡᠷ ᠤᠨ ᠬᠡᠷᠡᠭᠰᠡᠯ ᠤᠨ ᠬᠤᠯᠪᠣᠯᠳᠤᠨ ᠨᠡᠪᠲᠡᠷᠡᠯᠴᠡᠬᠦ ᠪᠠᠷᠢᠮᠵᠢᠶ᠎ᠠ ᠶᠢ | ᠲᠦᠷᠭᠡᠨ ᠲᠡᠭᠦᠯᠳᠡᠷᠵᠢᠭᠦᠯᠵᠦ᠂ ᠣᠶᠤᠨᠲᠤ ᠪᠦᠲᠦᠭᠡᠭᠳᠡᠬᠦᠨ ᠨᠦᠭᠦᠳ ᠢ ᠨᠡᠩ ᠤᠯᠠᠨ ᠠᠮᠢᠳᠤᠷᠠᠯ ᠤᠨ ᠲᠠᠯᠠᠪᠤᠷ ᠲᠤ | ᠨᠠᠶᠢᠳᠠᠪᠤᠷᠢᠵᠢᠭᠤᠯᠬᠤ ᠶᠢ ᠠᠬᠢᠭᠤᠯᠤᠨ᠎ᠠ︔ ᠳᠥᠷᠪᠡ ᠳᠤ ᠣᠷᠴᠢᠨ ᠠᠬᠤᠢ ᠶᠢ ᠰᠢᠯᠢᠳᠡᠭᠵᠢᠭᠦᠯᠬᠦ ᠶᠢ ᠳᠣᠪᠤᠶᠢᠯᠭᠠᠵᠤ | ᠂ ︽ᠰᠠᠨᠠᠭ᠎ᠠ ᠠᠮᠤᠷ ᠭᠡᠷ ᠤᠨ ᠬᠡᠷᠡᠭᠰᠡᠯ ᠢ ᠨᠡᠶᠢᠭᠡᠮ ᠲᠣᠭᠤᠷᠢᠭ ᠲᠤ ᠣᠷᠣᠭᠤᠯᠬᠤ︾ ᠂ ᠭᠡᠷ ᠤᠨ ᠴᠠᠬᠢᠯᠭᠠᠨ | ᠬᠡᠷᠡᠭᠰᠡᠯ ᠤᠨ ᠪᠣᠷᠤᠯᠠᠭᠤᠯᠭ᠎ᠠ ᠶᠢᠨ ᠳᠠᠷᠠᠭᠠᠬᠢ ᠦᠢᠯᠡᠴᠢᠯᠡᠭᠡ ᠶᠢ ᠳᠡᠭᠡᠭᠰᠢᠯᠡᠭᠦᠯᠬᠦ ᠵᠡᠷᠭᠡ ᠠᠵᠢᠯᠯᠠᠭ᠎ᠠ ᠨᠤᠭᠤᠳ ᠢ | ᠵᠣᠬᠢᠶᠠᠨ ᠪᠠᠶᠢᠭᠤᠯᠤᠨ ᠥᠷᠨᠢᠭᠦᠯᠦᠨ᠎ᠡ᠃ | | | | | |