| | | | ᠴᠠᠭᠠᠨ ᠰᠠᠷ᠎ᠠ ᠶᠢᠨ ᠳᠠᠷᠠᠭ᠎ᠠ᠂ ᠵᠠᠷᠢᠮ ᠬᠦᠮᠦᠰ ᠭᠠᠳᠠᠭᠰᠢ ᠭᠠᠷᠴᠤ ᠬᠥᠯᠥᠰᠦᠨ ᠠᠵᠢᠯ ᠬᠢᠵᠦ᠂ ᠵᠠᠷᠢᠮ | ᠬᠦᠮᠦᠰ ᠨᠤᠲᠤᠭ ᠲᠤ ᠪᠠᠨ ᠦᠯᠡᠳᠡᠵᠦ ᠦᠢᠯᠡᠰ ᠪᠤᠰᠬᠠᠬᠤ ᠶᠢ ᠰᠣᠩᠭᠤᠭᠰᠠᠨ ᠪᠠᠶᠢᠨ᠎ᠠ᠃ ᠶᠡᠭᠡ ᠰᠤᠷᠭᠠᠭᠤᠯᠢ | ᠲᠡᠭᠦᠰᠦᠭᠰᠡᠳ ᠵᠡᠷᠭᠡ ᠭᠤᠣᠯᠳᠠᠯᠭ᠎ᠠ ᠲᠠᠢ ᠬᠥᠮᠥᠰ ᠪᠠ ᠴᠡᠷᠢᠭ ᠠᠴᠠ ᠬᠠᠯᠠᠭᠳᠠᠭᠰᠠᠳ ᠤᠨ ᠦᠢᠯᠡᠰ ᠪᠣᠰᠬᠠᠵᠤ | ᠠᠵᠢᠯ ᠣᠯᠬᠤ ᠶᠢ ᠳᠡᠮᠵᠢᠬᠦ ᠶᠢᠨ ᠲᠥᠯᠥᠭᠡ᠂ ᠤᠯᠤᠰ ᠠᠴᠠ ᠨᠢᠭᠡ ᠰᠢᠷᠢᠰ ᠭᠠᠶᠢᠯᠢ ᠰᠦᠢᠳᠬᠡᠯ ᠤᠨ | ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠨᠡᠶᠢᠲᠡᠯᠡᠪᠡ᠂ ᠥᠨᠥᠳᠦᠷ ᠲᠠᠨ ᠳᠤ ᠦᠢᠯᠡᠰ ᠪᠣᠰᠬᠠᠵᠤ ᠠᠵᠢᠯ | ᠣᠯᠣᠭᠰᠠᠳ ᠶᠠᠮᠠᠷ ᠶᠠᠮᠠᠷ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠬᠥᠷᠲᠡᠵᠦ ᠪᠣᠯᠬᠤ ᠶᠢ ᠲᠠᠨᠢᠯᠴᠠᠭᠤᠯᠤᠶ᠎ᠠ᠃ | | ᠭᠤᠣᠯᠳᠠᠯᠭ᠎ᠠ ᠲᠠᠢ ᠬᠦᠮᠦᠰ ᠦᠢᠯᠡᠰ ᠪᠤᠰᠬᠠᠬᠤ ᠳᠤ ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠬᠦ | ᠲᠥᠷᠥ ᠶᠢᠨ ᠪᠣᠳᠣᠯᠭ᠎ᠠ | | 2023 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ 2027 ᠣᠨ ᠤ 12 ᠳ᠋ᠤᠭᠠᠷ ᠰᠠᠷ᠎ᠠ ᠶᠢᠨ | 31 ᠤ ᠡᠳᠦᠷ ᠪᠣᠯᠲᠠᠯ᠎ᠠ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ︵ᠳᠠᠬᠢᠨ ᠶᠠᠳᠠᠭᠤᠷᠠᠬᠤ ᠠᠴᠠ | ᠰᠡᠷᠭᠡᠶᠢᠯᠡᠵᠦ ᠬᠢᠨᠠᠨ ᠰᠢᠨᠵᠢᠭᠳᠡᠭᠰᠡᠳ ᠢ ᠪᠠᠭᠲᠠᠭᠠᠨ᠎ᠠ︶ ᠂ ︽ᠠᠵᠢᠯ ᠣᠯᠵᠤ ᠦᠢᠯᠡᠰ ᠪᠤᠰᠬᠠᠬᠤ ᠦᠨᠡᠮᠯᠡᠯ︾ ︵ | ︽ᠪᠡᠶ᠎ᠡ ᠪᠠᠨ ᠳᠠᠭᠠᠭᠠᠵᠤ ᠦᠢᠯᠡᠰ ᠪᠤᠰᠬᠠᠬᠤ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ︾ ᠪᠤᠶᠤ ︽ | ᠲᠡᠭᠦᠰᠬᠦ ᠣᠨ ᠤ ᠳᠣᠲᠣᠷᠠᠬᠢ ᠪᠡᠶ᠎ᠡ ᠪᠠᠨ ᠳᠠᠭᠠᠭᠠᠵᠤ ᠦᠢᠯᠡᠰ ᠪᠤᠰᠬᠠᠬᠤ ᠭᠠᠶᠢᠯᠢ ᠲᠠᠲᠠᠪᠤᠷᠢ ᠶᠢᠨ ᠲᠥᠷᠥ ᠶᠢᠨ | ᠪᠣᠳᠣᠯᠭ᠎ᠠ︾ ᠶᠢ ᠲᠣᠳᠣᠷᠬᠠᠶᠢᠯᠠᠭᠰᠠᠨ︶ ᠪᠤᠶᠤ ︽ᠠᠵᠢᠯ ᠣᠯᠵᠤ ᠠᠵᠢᠯ ᠠᠯᠳᠠᠭᠰᠠᠨ ᠳᠠᠩᠰᠠᠯᠠᠯᠲᠠ ᠶᠢᠨ ᠦᠨᠡᠮᠯᠡᠯ | ︾ ︵ ︽ᠪᠡᠶ᠎ᠡ ᠪᠠᠨ ᠳᠠᠭᠠᠭᠠᠵᠤ ᠦᠢᠯᠡᠰ ᠪᠤᠰᠬᠠᠬᠤ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ︾ ᠶᠢ | ᠲᠣᠳᠣᠷᠬᠠᠶᠢᠯᠠᠭᠰᠠᠨ︶ ᠲᠠᠢ ᠬᠥᠮᠥᠰ᠂ ᠬᠤᠪᠢ ᠶᠢᠨ ᠡᠵᠡᠩᠨᠡᠯᠲᠡ ᠬᠢᠪᠡᠯ᠂ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠬᠡ ᠶᠢ ᠳᠠᠩᠰᠠᠯᠠᠭᠤᠯᠤᠭᠰᠠᠨ ᠲᠣᠰ ᠰᠠᠷ᠎ᠠ ᠠᠴᠠ ᠡᠬᠢᠯᠡᠨ᠂ 3 ᠵᠢᠯ | | ︵ 36 ᠰᠠᠷ᠎ᠠ︶ ᠤᠨ ᠳᠣᠲᠣᠷ᠎ᠠ ᠡᠷᠦᠬᠡ ᠪᠦᠷᠢ ᠳᠤ ᠵᠢᠯ ᠪᠦᠷᠢ 20000 ᠲᠥᠭᠦᠷᠢᠭ ᠢᠶᠠᠷ ᠬᠢᠵᠠᠭᠠᠷ | ᠲᠤᠭ᠎ᠠ ᠪᠣᠯᠭᠠᠵᠤ᠂ ᠲᠡᠭᠦᠨ ᠤ ᠲᠣᠰ ᠵᠢᠯ ᠤᠨ ᠪᠣᠳᠠᠲᠠᠢ ᠲᠤᠰᠢᠶᠠᠪᠠᠰᠤ ᠵᠣᠬᠢᠬᠤ ᠥᠷᠲᠡᠭ ᠨᠡᠮᠡᠭᠳᠡᠯ ᠤᠨ ᠭᠠᠶᠢᠯᠢ᠂ | ᠬᠤᠲᠠ ᠶᠢᠨ ᠬᠠᠮᠠᠭᠠᠯᠠᠯᠲᠠ ᠪᠠᠶᠢᠭᠤᠯᠤᠯᠲᠠ ᠶᠢᠨ ᠭᠠᠶᠢᠯᠢ᠂ ᠰᠤᠷᠭᠠᠨ ᠬᠥᠮᠦᠵᠢᠯ ᠤᠨ ᠵᠠᠷᠤᠳᠠᠯ ᠤᠨ ᠨᠡᠮᠡᠯᠲᠡ ᠭᠠᠶᠢᠯᠢ | ᠂ ᠣᠷᠣᠨ ᠨᠤᠲᠤᠭ ᠤᠨ ᠰᠤᠷᠭᠠᠨ ᠬᠥᠮᠦᠵᠢᠯ ᠤᠨ ᠨᠡᠮᠡᠯᠲᠡ ᠭᠠᠶᠢᠯᠢ ᠪᠠ ᠬᠤᠪᠢ ᠬᠥᠮᠥᠨ ᠤ ᠠᠰᠢᠭ ᠣᠷᠣᠯᠭ᠎ᠠ ᠶᠢᠨ | ᠭᠠᠶᠢᠯᠢ ᠶᠢ ᠲᠠᠰ ᠳᠠᠷᠠᠭᠠᠯᠠᠨ ᠬᠠᠰᠤᠨ᠎ᠠ᠃ ᠬᠢᠵᠠᠭᠠᠷ ᠲᠣᠭᠠᠨ ᠤ ᠪᠠᠷᠢᠮᠵᠢᠶ᠎ᠠ ᠶᠢ ᠬᠠᠮᠤᠭ ᠤᠨ ᠥᠨᠳᠥᠷ ᠲᠤ ᠪᠠᠨ | 20% ᠪᠠᠷ ᠥᠰᠬᠡᠵᠦ ᠪᠣᠯᠣᠨ᠎ᠠ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ | ᠠᠷᠠᠳ ᠤᠨ ᠵᠠᠰᠠᠭ ᠤᠨ ᠣᠷᠳᠣᠨ ᠨᠢ ᠲᠤᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠢ ᠦᠨᠳᠦᠰᠦᠯᠡᠨ ᠡᠨᠡ | ᠬᠡᠪᠴᠢᠶᠡᠨ ᠳᠣᠲᠣᠷ᠎ᠠ ᠪᠣᠳᠠᠲᠠᠢ ᠬᠢᠵᠠᠭᠠᠷ ᠲᠣᠭᠠᠨ ᠤ ᠪᠠᠷᠢᠮᠵᠢᠶ᠎ᠠ ᠶᠢ ᠲᠣᠭᠲᠠᠭᠠᠵᠤ ᠪᠣᠯᠣᠨ᠎ᠠ᠃ | | ᠴᠡᠷᠢᠭ ᠠᠴᠠ ᠬᠠᠯᠠᠭᠳᠠᠭᠰᠠᠳ ᠦᠢᠯᠡᠰ ᠪᠤᠰᠬᠠᠬᠤ ᠳᠤ ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠬᠦ | ᠲᠥᠷᠥ ᠶᠢᠨ ᠪᠣᠳᠣᠯᠭ᠎ᠠ | | 2023 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ 2027 ᠣᠨ ᠤ 12 ᠳ᠋ᠤᠭᠠᠷ ᠰᠠᠷ᠎ᠠ ᠶᠢᠨ | 31 ᠤ ᠡᠳᠦᠷ ᠪᠣᠯᠲᠠᠯ᠎ᠠ᠂ ᠪᠡᠶ᠎ᠡ ᠪᠠᠨ ᠳᠠᠭᠠᠭᠠᠵᠤ ᠠᠵᠢᠯ ᠣᠯᠣᠭᠰᠠᠨ ᠴᠡᠷᠢᠭ ᠠᠴᠠ ᠬᠠᠯᠠᠭᠳᠠᠭᠰᠠᠳ ᠬᠤᠪᠢ ᠶᠢᠨ | ᠡᠵᠡᠩᠨᠡᠯᠲᠡ ᠬᠢᠪᠡᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠳᠠᠩᠰᠠᠯᠠᠭᠤᠯᠤᠭᠰᠠᠨ ᠲᠣᠰ | ᠰᠠᠷ᠎ᠠ ᠠᠴᠠ ᠡᠬᠢᠯᠡᠨ᠂ 3 ᠵᠢᠯ ︵ 36 ᠰᠠᠷ᠎ᠠ︶ ᠤᠨ ᠳᠣᠲᠣᠷ᠎ᠠ ᠡᠷᠦᠬᠡ ᠪᠦᠷᠢ ᠳᠤ ᠵᠢᠯ ᠪᠦᠷᠢ 20000 | ᠲᠥᠭᠦᠷᠢᠭ ᠢᠶᠠᠷ ᠬᠢᠵᠠᠭᠠᠷ ᠲᠤᠭ᠎ᠠ ᠪᠣᠯᠭᠠᠵᠤ᠂ ᠲᠡᠭᠦᠨ ᠤ ᠲᠣᠰ ᠵᠢᠯ ᠤᠨ ᠪᠣᠳᠠᠲᠠᠢ ᠲᠤᠰᠢᠶᠠᠪᠠᠰᠤ ᠵᠣᠬᠢᠬᠤ ᠥᠷᠲᠡᠭ | ᠨᠡᠮᠡᠭᠳᠡᠯ ᠤᠨ ᠭᠠᠶᠢᠯᠢ᠂ ᠬᠤᠲᠠ ᠶᠢᠨ ᠬᠠᠮᠠᠭᠠᠯᠠᠯᠲᠠ ᠪᠠᠶᠢᠭᠤᠯᠤᠯᠲᠠ ᠶᠢᠨ ᠭᠠᠶᠢᠯᠢ᠂ ᠰᠤᠷᠭᠠᠨ ᠬᠥᠮᠦᠵᠢᠯ ᠤᠨ | ᠵᠠᠷᠤᠳᠠᠯ ᠤᠨ ᠨᠡᠮᠡᠯᠲᠡ ᠭᠠᠶᠢᠯᠢ᠂ ᠣᠷᠣᠨ ᠨᠤᠲᠤᠭ ᠤᠨ ᠰᠤᠷᠭᠠᠨ ᠬᠥᠮᠦᠵᠢᠯ ᠤᠨ ᠨᠡᠮᠡᠯᠲᠡ ᠭᠠᠶᠢᠯᠢ ᠪᠠ ᠬᠤᠪᠢ | ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢ ᠲᠠᠰ ᠳᠠᠷᠠᠭᠠᠯᠠᠨ ᠬᠠᠰᠤᠨ᠎ᠠ᠃ ᠬᠢᠵᠠᠭᠠᠷ ᠲᠣᠭᠠᠨ ᠤ ᠪᠠᠷᠢᠮᠵᠢᠶ᠎ᠠ ᠶᠢ | ᠬᠠᠮᠤᠭ ᠤᠨ ᠥᠨᠳᠥᠷ ᠲᠤ ᠪᠠᠨ 20% ᠪᠠᠷ ᠥᠰᠬᠡᠵᠦ ᠪᠣᠯᠣᠨ᠎ᠠ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ | ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠲᠤᠰ ᠭᠠᠵᠠᠷ ᠣᠷᠣᠨ ᠤ ᠪᠠᠨ ᠪᠣᠳᠠᠲᠤ | ᠪᠠᠶᠢᠳᠠᠯ ᠢ ᠦᠨᠳᠦᠰᠦᠯᠡᠨ ᠡᠨᠡ ᠬᠡᠪᠴᠢᠶᠡᠨ ᠳᠣᠲᠣᠷ᠎ᠠ ᠪᠣᠳᠠᠲᠠᠢ ᠬᠢᠵᠠᠭᠠᠷ ᠲᠣᠭᠠᠨ ᠤ ᠪᠠᠷᠢᠮᠵᠢᠶ᠎ᠠ ᠶᠢ ᠲᠣᠭᠲᠠᠭᠠᠵᠤ | ᠪᠣᠯᠣᠨ᠎ᠠ᠃ | | ᠴᠡᠷᠢᠭ ᠢ ᠳᠠᠭᠠᠭᠰᠠᠨ ᠭᠡᠷ ᠪᠦᠯᠢ ᠶᠢᠨ ᠬᠢᠨ ᠦᠢᠯᠡᠰ ᠪᠤᠰᠬᠠᠬᠤ ᠳᠤ ᠥᠷᠲᠡᠭ ᠨᠡᠮᠡᠭᠳᠡᠯ ᠤᠨ ᠭᠠᠶᠢᠯᠢ ᠶᠢ | ᠬᠡᠯᠲᠦᠷᠢᠭᠦᠯᠬᠦ ᠲᠥᠷᠥ ᠶᠢᠨ ᠪᠣᠳᠣᠯᠭ᠎ᠠ | | ᠴᠡᠷᠢᠭ ᠢ ᠳᠠᠭᠠᠭᠰᠠᠨ ᠭᠡᠷ ᠪᠦᠯᠢ ᠶᠢᠨ ᠬᠢᠨ ᠬᠤᠪᠢ ᠶᠢᠨ ᠡᠵᠡᠩᠨᠡᠯᠲᠡ ᠬᠢᠪᠡᠯ᠂ ᠭᠠᠶᠢᠯᠢ ᠶᠢᠨ ᠶᠠᠪᠤᠳᠠᠯ ᠤᠨ | ᠳᠠᠩᠰᠠᠯᠠᠯᠲᠠ ᠶᠢᠨ ᠵᠦᠢᠯᠡᠰ ᠢ ᠭᠦᠢᠴᠡᠳᠬᠡᠭᠰᠡᠨ ᠡᠳᠦᠷ ᠠᠴᠠ ᠡᠬᠢᠯᠡᠨ᠂ 3 ᠵᠢᠯ ᠤᠨ ᠳᠣᠲᠣᠷ᠎ᠠ ᠲᠡᠭᠦᠨ ᠤ | ᠬᠠᠩᠭᠠᠭᠰᠠᠨ ᠭᠠᠶᠢᠯᠢ ᠲᠤᠰᠢᠶᠠᠬᠤ ᠶᠣᠰᠣᠲᠠᠢ ᠦᠢᠯᠡᠴᠢᠯᠡᠭᠡ ᠶᠢᠨ ᠥᠷᠲᠡᠭ ᠨᠡᠮᠡᠭᠳᠡᠯ ᠤᠨ ᠭᠠᠶᠢᠯᠢ ᠶᠢ | ᠬᠡᠯᠲᠦᠷᠢᠭᠦᠯᠦᠨ᠎ᠡ᠃ | | ᠴᠡᠷᠢᠭ ᠢ ᠳᠠᠭᠠᠭᠰᠠᠨ ᠭᠡᠷ ᠪᠦᠯᠢ ᠶᠢᠨ ᠬᠢᠨ ᠦᠢᠯᠡᠰ ᠪᠤᠰᠬᠠᠬᠤ ᠳᠤ ᠬᠤᠪᠢ ᠬᠥᠮᠥᠨ ᠤ ᠠᠰᠢᠭ | ᠣᠷᠣᠯᠭ᠎ᠠ ᠶᠢᠨ ᠭᠠᠶᠢᠯᠢ ᠶᠢ ᠬᠡᠯᠲᠦᠷᠢᠭᠦᠯᠬᠦ ᠲᠥᠷᠥ ᠶᠢᠨ ᠪᠣᠳᠣᠯᠭ᠎ᠠ | | ᠴᠡᠷᠢᠭ ᠢ ᠳᠠᠭᠠᠭᠰᠠᠨ ᠭᠡᠷ ᠪᠦᠯᠢ ᠶᠢᠨ ᠬᠢᠨ ᠬᠤᠪᠢ ᠶᠢᠨ ᠡᠵᠡᠩᠨᠡᠯᠲᠡ ᠬᠢᠪᠡᠯ᠂ ᠭᠠᠶᠢᠯᠢ ᠶᠢᠨ ᠶᠠᠪᠤᠳᠠᠯ ᠤᠨ | ᠳᠠᠩᠰᠠᠯᠠᠯᠲᠠ ᠶᠢᠨ ᠦᠨᠡᠮᠯᠡᠯ ᠠᠪᠤᠭᠰᠠᠨ ᠡᠳᠦᠷ ᠠᠴᠠ ᠡᠬᠢᠯᠡᠨ 3 ᠵᠢᠯ ᠤᠨ ᠳᠣᠲᠣᠷ᠎ᠠ ᠬᠤᠪᠢ ᠬᠥᠮᠥᠨ ᠤ ᠠᠰᠢᠭ | ᠣᠷᠣᠯᠭ᠎ᠠ ᠶᠢᠨ ᠭᠠᠶᠢᠯᠢ ᠠᠴᠠ ᠬᠡᠯᠲᠦᠷᠢᠭᠦᠯᠦᠨ᠎ᠡ᠃ | | ᠴᠡᠷᠢᠭ ᠠᠩᠭᠢ ᠠᠴᠠ ᠰᠢᠯᠵᠢᠭᠰᠡᠨ ᠺᠠᠳ᠋ᠷᠴᠤᠳ ᠦᠢᠯᠡᠰ ᠪᠤᠰᠬᠠᠬᠤ ᠳᠤ ᠥᠷᠲᠡᠭ ᠨᠡᠮᠡᠭᠳᠡᠯ ᠤᠨ ᠭᠠᠶᠢᠯᠢ ᠶᠢ | ᠬᠡᠯᠲᠦᠷᠢᠭᠦᠯᠬᠦ ᠲᠥᠷᠥ ᠶᠢᠨ ᠪᠣᠳᠣᠯᠭ᠎ᠠ | | ᠬᠤᠪᠢ ᠶᠢᠨ ᠡᠵᠡᠩᠨᠡᠯᠲᠡ ᠬᠢᠵᠦ ᠪᠠᠶᠢᠭ᠎ᠠ ᠴᠡᠷᠢᠭ ᠠᠩᠭᠢ ᠠᠴᠠ ᠰᠢᠯᠵᠢᠭᠰᠡᠨ ᠺᠠᠳ᠋ᠷᠴᠤᠳ᠂ ᠭᠠᠶᠢᠯᠢ ᠶᠢᠨ | ᠶᠠᠪᠤᠳᠠᠯ ᠤᠨ ᠳᠠᠩᠰᠠᠯᠠᠯᠲᠠ ᠶᠢᠨ ᠦᠨᠡᠮᠯᠡᠯ ᠣᠯᠣᠭᠰᠠᠨ ᠡᠳᠦᠷ ᠠᠴᠠ ᠡᠬᠢᠯᠡᠨ 3 ᠵᠢᠯ ᠤᠨ ᠳᠣᠲᠣᠷ᠎ᠠ ᠲᠡᠭᠦᠨ ᠤ | ᠬᠠᠩᠭᠠᠭᠰᠠᠨ ᠭᠠᠶᠢᠯᠢ ᠲᠤᠰᠢᠶᠠᠬᠤ ᠦᠢᠯᠡᠴᠢᠯᠡᠭᠡ ᠶᠢᠨ ᠥᠷᠲᠡᠭ ᠨᠡᠮᠡᠭᠳᠡᠯ ᠤᠨ ᠭᠠᠶᠢᠯᠢ ᠶᠢ ᠬᠡᠯᠲᠦᠷᠢᠭᠦᠯᠦᠨ᠎ᠡ᠃ | | ᠪᠡᠶ᠎ᠡ ᠪᠠᠨ ᠳᠠᠭᠠᠭᠠᠵᠤ ᠠᠵᠢᠯ ᠰᠣᠩᠭᠤᠭᠰᠠᠨ ᠴᠡᠷᠢᠭ ᠠᠩᠭᠢ ᠠᠴᠠ ᠰᠢᠯᠵᠢᠭᠰᠡᠨ ᠺᠠᠳ᠋ᠷᠴᠤᠳ ᠤᠨ ᠬᠤᠪᠢ | ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢ ᠬᠡᠯᠲᠦᠷᠢᠭᠦᠯᠬᠦ ᠲᠦᠷᠦ ᠶᠢᠨ ᠪᠣᠳᠣᠯᠭ᠎ᠠ | | ᠪᠡᠶ᠎ᠡ ᠪᠠᠨ ᠳᠠᠭᠠᠭᠠᠵᠤ ᠠᠵᠢᠯ ᠰᠣᠩᠭᠤᠭᠰᠠᠨ ᠴᠡᠷᠢᠭ ᠠᠩᠭᠢ ᠠᠴᠠ ᠰᠢᠯᠵᠢᠭᠰᠡᠨ ᠺᠠᠳ᠋ᠷᠴᠤᠳ ᠬᠤᠪᠢ ᠶᠢᠨ | ᠡᠵᠡᠩᠨᠡᠯᠲᠡ ᠬᠢᠪᠡᠯ᠂ ᠭᠠᠶᠢᠯᠢ ᠶᠢᠨ ᠶᠠᠪᠤᠳᠠᠯ ᠤᠨ ᠳᠠᠩᠰᠠᠯᠠᠯᠲᠠ ᠶᠢᠨ ᠦᠨᠡᠮᠯᠡᠯ ᠠᠪᠤᠭᠰᠠᠨ ᠡᠳᠦᠷ ᠠᠴᠠ ᠡᠬᠢᠯᠡᠨ 3 | ᠵᠢᠯ ᠤᠨ ᠳᠣᠲᠣᠷ᠎ᠠ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠠᠴᠠ ᠬᠡᠯᠲᠦᠷᠢᠭᠦᠯᠦᠨ᠎ᠡ᠃ | | ᠵᠡᠮᠳᠡᠭᠴᠦᠳ ᠦᠢᠯᠡᠰ ᠪᠤᠰᠬᠠᠬᠤ ᠳᠤ ᠥᠷᠲᠡᠭ ᠨᠡᠮᠡᠭᠳᠡᠯ ᠤᠨ ᠭᠠᠶᠢᠯᠢ ᠶᠢ ᠬᠡᠯᠲᠦᠷᠢᠭᠦᠯᠬᠦ ᠲᠥᠷᠥ ᠶᠢᠨ | ᠪᠣᠳᠣᠯᠭ᠎ᠠ | | ᠵᠡᠮᠳᠡᠭᠴᠦᠳ ᠤᠨ ᠬᠤᠪᠢ ᠬᠥᠮᠥᠨ ᠤ ᠬᠠᠩᠭᠠᠭᠰᠠᠨ ᠪᠣᠯᠪᠠᠰᠤᠷᠠᠭᠤᠯᠬᠤ᠂ ᠰᠡᠯᠪᠢᠨ ᠵᠠᠰᠠᠬᠤ ᠪᠠ ᠰᠡᠯᠪᠢᠨ | ᠲᠣᠬᠢᠷᠠᠭᠤᠯᠬᠤ ᠬᠥᠳᠡᠯᠮᠦᠷᠢ ᠦᠢᠯᠡᠴᠢᠯᠡᠭᠡ᠂ ᠨᠡᠶᠢᠭᠡᠮ ᠳᠤ ᠬᠠᠩᠭᠠᠭᠰᠠᠨ ᠭᠠᠶᠢᠯᠢ ᠲᠤᠰᠢᠶᠠᠬᠤ ᠦᠢᠯᠡᠴᠢᠯᠡᠭᠡ ᠶᠢᠨ | ᠦᠷᠳᠡᠭ ᠨᠡᠮᠡᠭᠳᠡᠯ ᠤᠨ ᠭᠠᠶᠢᠯᠢ ᠶᠢ ᠬᠡᠯᠲᠦᠷᠢᠭᠦᠯᠦᠨ᠎ᠡ᠃ | | | | |