2024 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠳ᠋ᠦᠩᠨᠡᠯᠲᠡ ᠪᠠᠨ ᠮᠡᠳᠡᠭᠦᠯᠦᠨ ᠬᠦᠷᠭᠡᠬᠦ ᠲᠤᠬᠠᠢ ᠮᠡᠳᠡᠭᠦᠯᠦᠯᠲᠡ
ᠨᠡᠶᠢᠲᠡᠯᠡᠭᠰᠡᠨ ᠴᠠᠭ᠄
2024/12/31
            ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠨ᠂ ᠡᠳᠦᠭᠡ ᠠᠯᠠᠱᠠ ᠵᠡᠭᠦᠨ ᠬᠤᠰᠢᠭᠤᠨ ᠤ ᠬᠢᠨᠠᠨ ᠪᠤᠳᠣᠬᠤ ᠲᠣᠪᠴᠢᠶ᠎ᠠ ᠶᠢᠨ 2024 ᠣᠨ ᠤ ᠠᠵᠢᠯ ᠤᠨ ᠳ᠋ᠦᠩᠨᠡᠯᠲᠡ ᠵᠢᠴᠢ 2025 ᠣᠨ ᠤ ᠠᠵᠢᠯ ᠤᠨ ᠲᠥᠯᠥᠪᠯᠡᠭᠡ ᠶᠢ ᠳᠣᠣᠷᠠᠬᠢ ᠮᠡᠲᠦ ᠬᠠᠷᠢᠭᠤ ᠮᠡᠳᠡᠭᠦᠯᠦᠶ᠎ᠡ᠄       ᠨᠢᠭᠡ᠂ ᠠᠵᠢᠯ ᠢᠶᠠᠨ ᠥᠷᠨᠢᠭᠦᠯᠦᠭᠰᠡᠨ ᠪᠠᠶᠢᠳᠠᠯ       ︵ᠨᠢᠭᠡ︶ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠤᠭᠤᠯᠵᠤ᠂ ᠬᠢᠨᠠᠨ ᠪᠤᠳᠣᠬᠤ ᠪᠠᠶᠢᠭᠤᠯᠭ᠎ᠠ ᠶᠢᠨ ᠤᠯᠤᠰ ᠲᠥᠷᠥ ᠶᠢᠨ ᠰᠢᠨᠵᠢ ᠴᠢᠨᠠᠷ ᠢ ᠴᠢᠩᠭᠠᠷᠠᠭᠤᠯᠤᠨ᠎ᠠ       ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠨᠢ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠤᠯᠤᠰ ᠲᠥᠷᠥ ᠶᠢᠨ ᠬᠠᠷᠢᠭᠤᠴᠠᠯᠭ᠎ᠠ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠨ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠦᠭᠦ ᠵᠢᠯ ᠤᠨ ᠠᠵᠢᠯ ᠤᠨ ᠭᠤᠣᠯᠳᠠᠯᠭ᠎ᠠ ᠪᠠ ᠣᠨ ᠤ ᠬᠢᠨᠠᠨ ᠰᠢᠯᠭᠠᠯᠲᠠ ᠶᠢᠨ ᠬᠠᠷᠠᠯᠲᠠ ᠳᠤ ᠣᠷᠣᠭᠤᠯᠵᠤ᠂ ᠬᠢᠨᠠᠨ ᠪᠤᠳᠣᠬᠤ ᠲᠤᠬᠠᠶᠢᠯᠠᠭᠰᠠᠨ ᠠᠵᠢᠯ ᠲᠠᠢ ᠵᠡᠷᠭᠡᠪᠡᠷ ᠪᠠᠶᠢᠷᠢᠯᠠᠭᠤᠯᠵᠤ᠂ ᠵᠡᠷᠭᠡᠪᠡᠷ ᠠᠬᠢᠭᠤᠯᠵᠤ᠂ ᠬᠠᠮᠲᠤᠪᠠᠷ ᠨᠠᠶᠢᠳᠠᠪᠤᠷᠢᠵᠢᠭᠤᠯᠤᠨ᠎ᠠ᠃ 2014 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠲᠥᠯᠥᠪᠯᠡᠭᠡ ᠶᠢ ᠰᠤᠳᠤᠯᠤᠨ ᠲᠣᠭᠲᠠᠭᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠠᠵᠢᠯ ᠤᠨ ᠠᠷᠭ᠎ᠠ ᠬᠡᠮᠵᠢᠶ᠎ᠡ ᠪᠠᠨ ᠲᠣᠳᠣᠷᠬᠠᠶᠢᠯᠠᠵᠤ᠂ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠭᠦᠨᠵᠡᠭᠡᠢ ᠲᠦᠯᠬᠢᠨ ᠠᠬᠢᠭᠤᠯᠬᠤ ᠪᠠ ᠪᠦᠭᠦ ᠲᠠᠯ᠎ᠠ ᠪᠠᠷ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ᠬᠢᠨᠠᠨ ᠪᠤᠳᠣᠬᠤ ᠵᠥᠪᠯᠡᠯ ᠤᠨ ᠠᠯᠪᠠᠨ ᠭᠡᠷ ᠤᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠬᠤᠰᠢᠭᠤ ᠨᠠᠮ ᠤᠨ ᠬᠤᠷᠢᠶᠠᠨ ᠤ ᠬᠢᠨᠠᠨ ᠪᠤᠳᠣᠬᠤ ᠵᠥᠪᠯᠡᠯ ᠤᠨ 6 ᠳ᠋ᠤᠭᠠᠷ ᠤᠳᠠᠭ᠎ᠠ ᠶᠢᠨ ᠬᠤᠷᠠᠯ ᠢ ᠬᠤᠷᠠᠯᠳᠤᠭᠤᠯᠬᠤ ᠪᠠᠷ ᠪᠡᠯᠡᠳᠬᠡᠨ᠎ᠡ ᠃ ᠴᠢᠬᠤᠯᠠ ᠶᠡᠭᠡ ᠬᠡᠷᠡᠭ ᠤᠴᠢᠷ ᠢ ᠮᠡᠳᠡᠭᠦᠯᠦᠨ ᠵᠢᠭᠠᠪᠤᠷᠢ ᠠᠪᠬᠤ ᠳᠦᠷᠢᠮ ᠢ ᠴᠢᠩᠭ᠎ᠠ ᠬᠡᠷᠡᠭᠵᠢᠭᠦᠯᠵᠦ᠂ 2024 ᠣᠨ ᠳᠤ ᠬᠤᠰᠢᠭᠤ ᠨᠠᠮ ᠤᠨ ᠬᠤᠷᠢᠶᠠᠨ ᠤ ᠬᠢᠨᠠᠨ ᠪᠤᠳᠣᠬᠤ ᠵᠥᠪᠯᠡᠯ ᠪᠠ ᠳᠡᠭᠡᠳᠦ ᠱᠠᠲᠤᠨ ᠤ ᠬᠢᠨᠠᠨ ᠪᠤᠳᠣᠬᠤ ᠪᠠᠶᠢᠭᠤᠯᠭ᠎ᠠ ᠳᠤ ᠡᠯ᠎ᠡ ᠲᠥᠷᠥᠯ ᠤᠨ ᠴᠢᠬᠤᠯᠠ ᠶᠡᠭᠡ ᠬᠡᠷᠡᠭ ᠶᠠᠪᠤᠳᠠᠯ ᠢ 17 ᠵᠤᠷᠪᠤᠰ ᠮᠡᠳᠡᠭᠦᠯᠦᠨ᠂ ᠭᠤᠣᠯ ᠤᠳᠤᠷᠢᠳᠤᠯᠭ᠎ᠠ 11 ᠬᠤᠪᠢ ᠴᠣᠬᠤᠯᠠᠪᠤᠷᠢ ᠬᠢᠵᠦ᠂ ᠵᠠᠰᠠᠭ ᠤᠨ ᠣᠷᠳᠣᠨ ᠤ ︽ᠠᠵᠤ ᠠᠬᠤᠢ ᠶᠢᠨ ᠵᠥᠪᠯᠡᠭᠴᠢ︾  ᠶᠢ ᠦᠨᠡᠨᠬᠦ ᠰᠠᠶᠢᠲᠤᠷ ᠠᠳᠬᠤᠵᠤ᠂ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠪᠠ ᠠᠵᠢᠯ ᠤᠨ ᠪᠠᠶᠢᠷᠢᠯᠠᠭᠤᠯᠤᠯᠲᠠ ᠳᠤ ᠯᠠᠪᠯᠠᠯᠲᠠ ᠬᠠᠩᠭᠠᠨ᠎ᠠ᠃ ᠳᠠᠭᠠᠭᠠᠴᠢᠯᠠᠯᠲᠠ ᠵᠠᠷᠯᠠᠬᠤ ᠳᠡᠭᠡᠳᠦ ᠱᠠᠲᠤᠨ ᠤ ᠬᠢᠨᠠᠨ ᠪᠤᠳᠣᠬᠤ ᠵᠥᠪᠯᠡᠯ ᠵᠢᠴᠢ ᠠᠯᠪᠠᠨ ᠭᠡᠷ ᠤᠨ ᠬᠠᠮᠢᠶ᠎ᠠ ᠪᠦᠬᠦᠢ ᠲᠣᠭᠲᠠᠭᠠᠯ ᠳᠤ᠂ ︽ᠬᠤᠰᠢᠭᠤ ᠨᠠᠮ ᠤᠨ ᠬᠤᠷᠢᠶᠠᠨ ᠤ ᠬᠢᠨᠠᠨ ᠪᠤᠳᠣᠬᠤ ᠵᠥᠪᠯᠡᠯ ᠤᠨ ᠬᠤᠯᠪᠤᠭ᠎ᠠ ᠠᠪᠤᠭᠴᠢ ᠶᠢᠨ ᠠᠵᠢᠯ ᠤᠨ ᠳᠦᠷᠢᠮ︾ ᠵᠡᠷᠭᠡ ᠳᠥᠷᠪᠡᠨ ᠵᠦᠢᠯ ᠤᠨ ᠳᠦᠷᠢᠮ ᠢ ᠲᠣᠭᠲᠠᠭᠠᠨ ᠬᠡᠪᠯᠡᠨ ᠲᠠᠷᠬᠠᠭᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠠᠯᠠᠱᠠ ᠵᠡᠭᠦᠨ ᠬᠤᠰᠢᠭᠤᠨ ᠤ ᠵᠥᠪᠯᠡᠯ ᠤᠨ ᠬᠢᠨᠠᠨ ᠪᠤᠳᠣᠬᠤ ᠵᠥᠪᠯᠡᠯ ᠤᠨ ᠠᠯᠪᠠᠨ ᠭᠡᠷ ᠤᠨ ᠠᠵᠢᠯ ᠤᠨ ᠨᠠᠷᠢᠨ ᠳᠦᠷᠢᠮ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠠᠯᠠᠱᠠ ᠵᠡᠭᠦᠨ ᠬᠤᠰᠢᠭᠤᠨ ᠤ ᠵᠥᠪᠯᠡᠯ ᠤᠨ ᠬᠢᠨᠠᠨ ᠪᠤᠳᠣᠬᠤ ᠵᠥᠪᠯᠡᠯ ᠤᠨ ᠠᠵᠢᠯ ᠤᠨ ᠳᠦᠷᠢᠮ︾ ᠳᠤ ᠵᠠᠰᠠᠪᠤᠷᠢ ᠣᠷᠣᠭᠤᠯᠤᠨ ᠳᠠᠷᠤᠮᠠᠯᠯᠠᠨ ᠲᠠᠷᠬᠠᠭᠠᠵᠤ᠂ ᠵᠣᠯᠭᠠᠭᠤᠯᠤᠭᠰᠠᠨ ᠨᠢ ᠤᠷᠤᠭᠰᠢᠲᠠᠢ᠂ ᠳᠦᠷᠢᠮᠵᠢᠭᠦᠨ ᠥᠨᠳᠥᠷ ᠦᠷ᠎ᠡ ᠪᠦᠲᠦᠮᠵᠢᠲᠡᠢ ᠠᠵᠢᠯ ᠤᠨ ᠲᠣᠭᠲᠠᠴᠠ ᠶᠢ ᠪᠠᠶᠢᠭᠤᠯᠤᠨ᠎ᠠ᠃ ᠬᠤᠰᠢᠭᠤ ᠨᠠᠮ ᠤᠨ ᠬᠤᠷᠢᠶᠠᠨ ᠤ ᠬᠢᠨᠠᠨ ᠪᠤᠳᠣᠬᠤ ᠵᠥᠪᠯᠡᠯ ᠤᠨ ᠬᠠᠮᠢᠶ᠎ᠠ ᠪᠦᠬᠦᠢ ᠬᠤᠷᠠᠯ ᠤᠨ ᠰᠢᠢᠳᠪᠦᠷᠢ ᠶᠢ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠵᠦ᠂ ᠵᠢᠯ ᠤᠨ ᠬᠢᠨᠠᠨ ᠪᠤᠳᠣᠬᠤ ᠲᠥᠷᠥᠯ ᠵᠦᠢᠯ ᠤᠨ ᠲᠥᠯᠥᠪᠯᠡᠭᠡ ᠶᠢ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠬᠢᠨᠠᠨ ᠪᠣᠳᠣᠯᠲᠠ ᠪᠠᠷ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠱᠠᠭᠠᠷᠳᠠᠨ ᠪᠠᠶᠢᠴᠠᠭᠠᠬᠤ ᠶᠢ ᠴᠢᠩᠭᠠᠳᠬᠠᠨ᠎ᠠ᠃ ᠬᠢᠨᠠᠨ ᠪᠤᠳᠣᠬᠤ ᠬᠦᠷᠢᠶᠡᠨ ᠤ ᠴᠢᠬᠤᠯᠠ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠ ᠰᠢᠮᠳᠠᠭᠤᠯᠤᠨ ᠨᠠᠶᠢᠳᠠᠪᠤᠷᠢᠵᠢᠭᠤᠯᠬᠤ ᠶᠢ ᠦᠨᠡᠨᠬᠦ ᠴᠢᠩᠭᠠᠳᠬᠠᠵᠤ᠂ ᠨᠠᠮ ᠤᠨ ᠤᠳᠤᠷᠢᠳᠤᠯᠭ᠎ᠠ ᠶᠢ ᠬᠢᠨᠠᠨ ᠪᠤᠳᠣᠬᠤ ᠬᠠᠤᠯᠢ ᠪᠠᠷ ᠵᠠᠰᠠᠬᠤ ᠪᠠᠶᠢᠭᠤᠯᠤᠯᠲᠠ ᠬᠢᠭᠡᠳ ᠬᠢᠨᠠᠨ ᠪᠤᠳᠣᠬᠤ ᠦᠢᠯᠡᠰ ᠤᠨ ᠬᠥᠭᠵᠢᠯᠲᠡ ᠶᠢᠨ ᠪᠦᠭᠦ ᠶᠠᠪᠤᠴᠠ ᠡᠯ᠎ᠡ ᠲᠠᠯ᠎ᠠ ᠳᠤ ᠲᠤᠤᠱᠯᠠᠭᠤᠯᠤᠨ᠎ᠠ᠃       ︵ᠬᠤᠶᠠᠷ︶ ᠭᠤᠣᠯ ᠠᠵᠢᠯ ᠤᠨ ᠲᠣᠭᠤᠷᠢᠨ ᠳᠤ ᠬᠢᠨᠠᠨ ᠪᠤᠳᠣᠵᠤ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠨ᠎ᠡ       1. ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠠᠵᠤ ᠠᠬᠤᠢ ᠶᠢᠨ ᠪᠡᠶ᠎ᠡ ᠶᠢᠨ ᠪᠠᠶᠢᠴᠠᠭᠠᠯᠲᠠ︾ ᠶᠢ ᠬᠡᠪ ᠤᠨ ᠪᠠᠶᠢᠳᠠᠯ ᠢᠶᠠᠷ ᠰᠠᠶᠢᠲᠤᠷ ᠬᠢᠨ᠎ᠡ᠃ ᠳᠡᠭᠡᠳᠦ ᠱᠠᠲᠤᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠣᠨ ᠠᠵᠢᠯ ᠤᠨ ᠱᠠᠭᠠᠷᠳᠠᠯᠭ᠎ᠠ ᠶᠢ ᠱᠠᠯᠠᠪᠳᠠᠨ ᠳᠠᠭᠠᠵᠤ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠨᠠᠨ ᠪᠤᠳᠣᠬᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ᠂ ᠤᠳᠤᠷᠢᠳᠬᠤ ᠺᠠᠳ᠋ᠷ ᠤᠨ ᠠᠵᠤ ᠠᠬᠤᠢ ᠶᠢᠨ ᠬᠠᠷᠢᠭᠤᠴᠠᠯᠭ᠎ᠠ ᠵᠡᠷᠭᠡ ᠡᠯ᠎ᠡ ᠵᠦᠢᠯ ᠤᠨ ᠬᠢᠨᠠᠨ ᠪᠣᠳᠣᠯᠲᠠ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ ᠥᠷᠨᠢᠭᠦᠯᠵᠦ᠂ ᠳᠦᠷᠢᠮ ᠲᠣᠭᠲᠠᠭᠠᠯ ᠰᠠᠬᠢᠯᠭ᠎ᠠ ᠪᠠᠲᠤ ᠶᠢ ᠵᠥᠷᠢᠴᠡᠭᠰᠡᠨ ᠠᠰᠠᠭᠤᠳᠠᠯ ᠪᠣᠯᠣᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠡᠷᠬᠡ ᠶᠢ ᠬᠢᠵᠠᠭᠠᠷᠯᠠᠬᠤ ᠪᠠ ᠬᠢᠨᠠᠯᠲᠠ ᠲᠠᠯᠪᠢᠬᠤ ᠶᠢ ᠴᠢᠩᠭᠠᠳᠬᠠᠤ ᠬᠡᠷᠡᠭᠲᠡᠢ᠃ 2024 ᠣᠨ ᠳᠤ ᠨᠡᠶᠢᠲᠡ 15 ᠬᠢᠨᠠᠨ ᠪᠤᠳᠣᠬᠤ ᠲᠥᠷᠥᠯ ᠵᠦᠢᠯ ︵ᠳᠡᠭᠡᠷ᠎ᠡ ᠵᠢᠯ ᠤᠨ ᠦᠷᠭᠦᠯᠵᠢᠯᠡᠨ ᠬᠢᠨᠠᠨ ᠪᠠᠶᠢᠴᠠᠭᠠᠬᠤ ᠲᠥᠷᠥᠯ ᠵᠦᠢᠯ 4 ᠪᠠᠭᠲᠠᠨ᠎ᠠ︶ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠢᠭᠡᠨᠲᠡ ᠪᠡᠶᠡᠯᠡᠭᠦᠯᠦᠭᠰᠡᠨ ᠪᠥᠭᠡᠳ ᠬᠢᠨᠠᠨ ᠪᠤᠳᠣᠬᠰᠠᠨ ᠮᠡᠳᠡᠭᠦᠯᠦᠯᠲᠡ ᠶᠢᠨ ᠲᠥᠷᠥᠯ ᠵᠦᠢᠯ 8᠂ ᠶᠠᠭ ᠶᠠᠪᠤᠭᠳᠠᠭᠤᠯᠵᠤ ᠪᠠᠶᠢᠭ᠎ᠠ ᠲᠥᠷᠥᠯ ᠵᠦᠢᠯ 6 ᠪᠠᠶᠢᠵᠤ᠂ 1 ᠲᠥᠷᠥᠯ ᠵᠦᠢᠯ ᠢ ᠵᠣᠭᠰᠣᠭᠠᠪᠠ᠃ ᠬᠢᠨᠠᠨ ᠪᠣᠳᠣᠯᠲᠠ ᠳᠤ 56 ᠠᠰᠠᠭᠤᠳᠠᠯ᠂ 13981.68 ᠲᠦᠮᠡᠨ ᠲᠥᠭᠦᠷᠢᠭ ᠤᠨ ᠠᠰᠠᠭᠤᠳᠠᠯ ᠤᠨ ᠰᠦᠪᠡᠭᠴᠢ ᠶᠢ 5 ᠪᠠᠶᠢᠴᠠᠭᠠᠨ ᠭᠠᠷᠭᠠᠵᠤ᠂ 23 ᠬᠢᠨᠠᠨ ᠪᠤᠳᠣᠬᠤ ᠰᠠᠨᠠᠭᠤᠯᠭ᠎ᠠ ᠳᠤᠷᠠᠳᠪᠠ᠃       2. ᠬᠢᠨᠠᠯᠲᠠ ᠲᠠᠯᠪᠢᠬᠤ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠬᠢᠨᠠᠨ ᠪᠣᠳᠣᠯᠲᠠ ᠶᠢᠨ ︽ᠰᠡᠭᠦᠯᠴᠢ ᠶᠢᠨ ᠬᠠᠭᠠᠰ ᠵᠣᠬᠢᠶᠠᠯ︾ ᠢ ᠰᠠᠶᠢᠲᠤᠷ ᠬᠢᠨ᠎ᠡ᠃ ᠬᠢᠨᠠᠨ ᠪᠣᠳᠣᠯᠲᠠ ᠪᠠᠷ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠮᠥᠷᠳᠡᠬᠦ ᠲᠣᠭᠲᠠᠴᠠ ᠶᠢ ᠤᠯᠠᠮ ᠲᠡᠭᠦᠯᠳᠡᠷᠵᠢᠭᠦᠯᠵᠦ᠂ ᠬᠢᠨᠠᠨ ᠪᠤᠳᠣᠬᠤ ᠪᠠᠶᠢᠭᠤᠯᠭ᠎ᠠ ᠶᠢᠨ ᠴᠡᠭᠴᠡᠯᠡᠨ ᠰᠠᠶᠢᠵᠢᠷᠠᠭᠤᠯᠬᠤ ᠶᠢ ᠰᠢᠮᠳᠠᠭᠤᠯᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠨᠠᠨ ᠪᠣᠳᠣᠯᠲᠠ ᠬᠢᠯᠭᠡᠭᠰᠡᠨ ᠨᠢᠭᠡᠴᠡ ᠶᠢᠨ ᠴᠡᠭᠴᠡᠯᠡᠨ ᠰᠠᠶᠢᠵᠢᠷᠠᠭᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠴᠠᠭ ᠲᠤᠬᠠᠢ  ᠳᠤᠨᠢ ᠵᠣᠬᠢᠶᠠᠨ ᠪᠠᠶᠢᠭᠤᠯᠵᠤ ︽ᠡᠷᠭᠢᠵᠦ ᠬᠠᠷᠠᠬᠤ︾ ᠶᠢ ᠵᠣᠬᠢᠶᠠᠨ ᠪᠠᠶᠢᠭᠤᠯᠵᠤ᠂ ᠬᠢᠨᠠᠨ ᠪᠤᠳᠣᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠳᠦᠷᠢᠮᠵᠢᠯᠲᠡ᠂ ᠵᠢᠷᠤᠮᠵᠢᠭᠤᠯᠤᠯᠲᠠ ᠶᠢ ᠠᠬᠢᠭᠤᠯᠤᠨ᠎ᠠ᠃ ᠣᠳᠣᠬᠠᠨ ᠪᠤᠯᠲᠠᠯ᠎ᠠ᠂ 2023 ᠣᠨ ᠳᠤ ᠬᠢᠨᠠᠨ ᠪᠣᠳᠣᠯᠲᠠ ᠳᠤ ᠪᠠᠶᠢᠴᠠᠭᠠᠨ ᠭᠠᠷᠭᠠᠭᠰᠠᠨ 46 ᠠᠰᠠᠭᠤᠳᠠᠯ ᠢ ᠬᠢᠨᠠᠨ ᠪᠣᠳᠣᠯᠲᠠ ᠬᠢᠯᠭᠡᠭᠰᠡᠨ ᠨᠢᠭᠡᠴᠡ ᠶᠢ 35 ᠨᠢᠭᠡᠴᠡ ᠶᠢ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠤᠭᠰᠠᠨ ᠨᠣᠷᠮ᠎ᠠ  ᠨᠢ 76.09 % ᠳᠤ ᠬᠦᠷᠴᠡᠢ᠃ 2024 ᠣᠨ ᠳᠤ ᠬᠢᠨᠠᠨ ᠪᠣᠳᠣᠯᠲᠠ ᠪᠠᠷ 56 ᠠᠰᠠᠭᠤᠳᠠᠯ ᠢ ᠪᠠᠶᠢᠴᠠᠭᠠᠨ ᠭᠠᠷᠭᠠᠵᠤ᠂ ᠨᠢᠭᠡᠨᠲᠡ 17 ᠠᠰᠠᠭᠤᠳᠠᠯ ᠢ ᠴᠡᠭᠴᠡᠯᠡᠨ ᠵᠠᠰᠠᠵᠤ᠂ ᠪᠤᠰᠤᠳ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠬᠤᠭᠤᠴᠠᠭᠠᠨ ᠳᠤ ᠣᠷᠣᠰᠢᠵᠤ ᠪᠤᠢ᠃       ︵ᠭᠤᠷᠪᠠ︶ ᠡᠷᠬᠡ ᠶᠢᠨ ᠠᠵᠢᠯᠯᠠᠭᠠᠨ ᠢ ᠵᠢᠷᠤᠮᠵᠢᠭᠤᠯᠵᠤ᠂ ᠬᠢᠨᠠᠨ ᠪᠤᠳᠣᠬᠤ ᠠᠵᠢᠯᠯᠠᠭ᠎ᠠ ᠶᠢᠨ ᠲᠥᠪ ᠭᠤᠣᠯᠴᠢ ᠪᠠ ᠲᠥᠪ ᠭᠤᠣᠯᠴᠢ ᠬᠠᠤᠯᠢ ᠶᠣᠰᠣᠨ ᠳᠤ ᠨᠡᠶᠢᠴᠡᠬᠦ ᠶᠢ ᠦᠨᠡᠨᠬᠦ ᠪᠠᠲᠤᠯᠠᠨ᠎ᠠ       1. ᠬᠢᠨᠠᠨ ᠪᠤᠳᠣᠵᠤ ᠬᠠᠤᠯᠢ ᠬᠡᠷᠡᠭᠵᠢᠭᠦᠯᠬᠦ ᠳᠡᠰ ᠳᠠᠷᠠᠭᠠᠯᠠᠯ ᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠨᠠᠨ ᠪᠤᠳᠣᠬᠤ ᠬᠠᠤᠯᠢ︾ ᠵᠡᠷᠭᠡ ᠬᠢᠨᠠᠨ ᠪᠤᠳᠣᠬᠤ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ ᠬᠢᠨᠠᠨ ᠪᠤᠳᠣᠵᠤ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠵᠦ᠂ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ ᠡᠷᠬᠡᠪᠰᠢ ᠪᠡᠶᠡᠯᠡᠭᠦᠯᠦᠨ᠂ ᠬᠠᠤᠯᠢ ᠠᠴᠠ ᠡᠷᠬᠡ ᠣᠯᠭᠤᠭᠰᠠᠨ ᠦᠭᠡᠢ ᠵᠦᠢᠯ ᠢ ᠬᠢᠵᠦ ᠪᠤᠯᠬᠤ ᠦᠭᠡᠢ᠃ ︽ᠬᠢᠨᠠᠨ ᠪᠤᠳᠣᠬᠤ ᠪᠠᠶᠢᠭᠤᠯᠭ᠎ᠠ ᠶᠢᠨ ᠬᠢᠨᠠᠨ ᠪᠤᠳᠣᠵᠤ ᠰᠢᠢᠳᠭᠡᠨ ᠲᠣᠷᠭᠠᠬᠤ ᠡᠷᠬᠡ ᠶᠢ ᠵᠢᠷᠤᠮᠵᠢᠭᠤᠯᠬᠤ ᠶᠢᠨ ᠬᠡᠷᠡᠭᠵᠢᠭᠦᠯᠬᠦ ᠠᠷᠭ᠎ᠠ︾ ︵ᠥᠪᠥᠷ ᠬᠢᠨᠠᠨ ᠪᠤᠳᠣᠬᠤ ᠬᠠᠤᠯᠢ ᠦᠰᠦᠭ ﹇2013﹈ 47 ᠳ᠋ᠤᠭᠠᠷ ᠲᠣᠭᠠᠲᠤ︶ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠢᠨᠠᠨ ᠪᠤᠳᠣᠵᠤ ᠰᠢᠢᠳᠭᠡᠨ ᠲᠣᠷᠭᠠᠬᠤ ᠡᠷᠬᠡ ᠶᠢ ᠵᠢᠷᠤᠮᠵᠢᠭᠤᠯᠤᠨ ᠬᠡᠷᠡᠭᠵᠢᠭᠦᠯᠦᠨ᠎ᠡ᠃ ᠬᠢᠨᠠᠨ ᠪᠤᠳᠣᠬᠤ ᠪᠢᠴᠢᠭ ᠬᠠᠷ᠎ᠠ ᠶᠢᠨ ᠬᠡᠷᠡᠭᠯᠡᠯᠲᠡ ᠶᠢ ᠵᠢᠷᠤᠮᠵᠢᠭᠤᠯᠵᠤ᠂ ᠴᠢᠩᠭ᠎ᠠ ᠨᠢᠭᠲᠠ ᠨᠠᠷᠢᠨ ᠨᠢᠭᠲᠠ ᠬᠢᠨᠠᠨ ᠪᠤᠳᠣᠬᠤ ᠶᠠᠪᠤᠴᠠ ᠶᠢᠨ ᠲᠡᠮᠳᠡᠭᠯᠡᠯ ᠢ ᠪᠤᠢ ᠪᠣᠯᠭᠠᠨ᠎ᠠ᠃ ᠬᠢᠨᠠᠨ ᠪᠤᠳᠣᠬᠤ ᠲᠥᠷᠥᠯ ᠵᠦᠢᠯ ᠢ ᠰᠢᠭᠦᠨ ᠰᠢᠢᠳᠪᠦᠷᠢᠯᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠬᠢᠨᠠᠨ ᠪᠤᠳᠣᠬᠤ ᠳᠡᠰ ᠳᠠᠷᠠᠭᠠᠯᠠᠯ ᠨᠢ ᠬᠠᠤᠯᠢ ᠳᠤ ᠨᠡᠶᠢᠴᠡᠬᠦ᠂ ᠬᠢᠨᠠᠨ ᠪᠤᠳᠣᠬᠤ ᠴᠢᠨᠠᠷ ᠨᠢ ᠣᠨᠣᠪᠴᠢᠲᠠᠢ᠂ ᠬᠢᠨᠠᠨ ᠪᠤᠳᠣᠬᠤ ᠦᠨᠡᠯᠡᠯᠲᠡ ᠶᠢᠨ ᠰᠠᠨᠠᠯ ᠨᠢ ᠲᠣᠬᠢᠷᠠᠮᠵᠢᠲᠠᠢ ᠪᠠᠶᠢᠬᠤ ᠶᠢ ᠦᠨᠡᠨᠬᠦ ᠪᠠᠲᠤᠯᠠᠵᠤ᠂ ᠬᠢᠨᠠᠨ ᠪᠤᠳᠣᠬᠤ ᠴᠢᠨᠠᠷ ᠴᠢᠨᠰᠠᠭ᠎ᠠ ᠪᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ 2024 ᠣᠨ ᠳᠤ ᠨᠡᠶᠢᠲᠡ 5 ᠤᠳᠠᠭ᠎ᠠ ᠰᠢᠭᠦᠨ ᠰᠢᠢᠳᠪᠦᠷᠢᠯᠡᠬᠦ ᠬᠤᠷᠠᠯ ᠬᠤᠷᠠᠯᠳᠤᠭᠤᠯᠵᠤ᠂ 7 ᠲᠥᠷᠥᠯ ᠵᠦᠢᠯ ᠢ ᠰᠢᠭᠦᠨ ᠰᠢᠢᠳᠪᠦᠷᠢᠯᠡᠪᠡ᠃ ᠬᠢᠨᠠᠨ ᠪᠣᠳᠣᠯᠲᠠ ᠶᠢᠨ ᠬᠠᠤᠯᠢ ᠬᠡᠷᠡᠭᠵᠢᠭᠦᠯᠬᠦ ᠠᠵᠢᠯᠲᠠᠨ ᠤ ᠬᠢᠷᠢ ᠭᠡᠮ ᠤᠨ ᠬᠠᠮᠢᠶᠠᠷᠤᠯᠲᠠ ᠶᠢ ᠴᠢᠩᠭᠠᠳᠬᠠᠵᠤ᠂ 2024 ᠣᠨ ᠳᠤ ᠨᠡᠶᠢᠲᠡ 3 ᠬᠢᠨᠠᠨ ᠪᠤᠳᠣᠬᠤ ᠠᠵᠢᠯᠲᠠᠨ ᠣᠷᠣᠯᠴᠠᠬᠰᠠᠨ ᠪᠥᠭᠡᠳ ᠰᠢᠨ᠎ᠡ ᠪᠠᠷ ᠨᠡᠮᠡᠭᠳᠡᠭᠰᠡᠨ ᠬᠠᠤᠯᠢ ᠬᠡᠷᠡᠭᠵᠢᠭᠦᠯᠬᠦ ᠠᠵᠢᠯᠲᠠᠨ ᠤ ᠬᠢᠷᠢ ᠭᠡᠮ ᠤᠨ ᠭᠡᠷᠡᠴᠢᠯᠡᠯ ᠤᠨ ᠰᠢᠯᠭᠠᠯᠲᠠ ᠳᠤ ᠣᠷᠤᠯᠴᠠᠬᠤ ᠪᠠᠷ ᠳᠠᠮᠵᠢᠨ᠂ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠶᠣᠰᠣᠭᠠᠷ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠬᠤ᠂ ᠲᠥᠪ ᠭᠤᠣᠯᠴᠢ ᠪᠥᠭᠡᠳ ᠵᠢᠷᠤᠮᠵᠢᠯ ᠲᠠᠢ ᠬᠠᠤᠯᠢ ᠬᠡᠷᠡᠭᠵᠢᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃       2. ᠬᠢᠨᠠᠨ ᠪᠣᠳᠣᠯᠲᠠ ᠶᠢᠨ ᠲᠦᠭᠰᠢᠭᠦᠷᠢ ᠶᠢᠨ ᠴᠢᠨᠠᠷ ᠴᠢᠨᠰᠠᠭ᠎ᠠ ᠶᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠨ᠎ᠠ᠃ ᠬᠠᠤᠯᠢ ᠴᠠᠭᠠᠵᠠ ᠶᠢᠨ ᠵᠥᠪᠯᠡᠭᠴᠢ ᠶᠢᠨ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠴᠢᠬᠤᠯᠠ ᠶᠡᠭᠡ ᠵᠠᠰᠠᠭ ᠵᠠᠬᠢᠷᠭᠠᠨ ᠤ ᠠᠵᠢᠯᠯᠠᠭ᠎ᠠ ᠳᠤ ᠪᠦᠲᠦᠮᠵᠢᠲᠡᠢ ᠬᠠᠤᠯᠢ ᠴᠠᠭᠠᠵᠠ ᠶᠢᠨ ᠰᠠᠨᠠᠯ ᠬᠠᠩᠭᠠᠨ᠂ ᠬᠢᠨᠠᠨ ᠪᠣᠳᠣᠯᠲᠠ ᠶᠢᠨ ᠬᠠᠤᠯᠢᠵᠢᠯ ᠤᠨ ᠲᠦᠪᠰᠢᠨ ᠢ ᠳᠡᠭᠡᠭᠰᠢᠯᠡᠭᠦᠯᠦᠨ᠎ᠡ᠃ ᠬᠠᠤᠯᠢ ᠪᠠᠷ ᠵᠠᠰᠠᠬᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠲᠥᠷᠥ ᠶᠢᠨ ᠬᠡᠪ ᠴᠢᠨᠠᠷ ᠢᠶᠠᠷ ᠥᠨᠳᠥᠷ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠷ ᠴᠢᠩᠭ᠎ᠠ᠂ ᠬᠠᠤᠯᠢ ᠳᠦᠷᠢᠮ ᠤᠨ ᠬᠢᠨᠠᠨ ᠬᠠᠷᠭᠤᠭᠤᠯᠬᠤ ᠠᠵᠢᠯ ᠤᠨ ᠡᠭᠦᠷᠭᠡ ᠯᠦᠭᠡ ᠵᠣᠬᠢᠴᠠᠭᠰᠠᠨ ᠬᠠᠤᠯᠢ ᠳᠦᠷᠢᠮ ᠤᠨ ᠬᠢᠨᠠᠨ ᠬᠠᠷᠭᠤᠭᠤᠯᠤᠭᠴᠢ 1 ᠬᠥᠮᠥᠨ ᠢ ᠲᠣᠬᠢᠷᠠᠭᠤᠯᠤᠨ ᠲᠡᠭᠦᠯᠳᠡᠷᠵᠢᠭᠦᠯᠪᠡ᠃ 2023 ᠣᠨ ᠳᠤ ᠬᠡᠷᠡᠭᠵᠢᠭᠦᠯᠦᠭᠰᠡᠨ ᠠᠵᠤ ᠠᠬᠤᠢ ᠶᠢᠨ ᠬᠠᠷᠢᠭᠤᠴᠠᠯᠭ᠎ᠠ᠂ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ᠂ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠮᠥᠷᠳᠡᠨ ᠨᠠᠶᠢᠳᠠᠪᠤᠷᠢᠵᠢᠭᠤᠯᠬᠤ ᠵᠡᠷᠭᠡ 12 ᠬᠢᠨᠠᠨ ᠪᠤᠳᠣᠬᠤ ᠲᠥᠷᠥᠯ ᠵᠦᠢᠯ ᠤᠨ 112 ᠳᠠᠩᠰᠠ ᠡᠪᠬᠡᠮᠡᠯ ᠤᠨ ᠴᠢᠨᠠᠷ ᠴᠢᠨᠰᠠᠭ᠎ᠠ ᠶᠢ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠲᠡ 36 ᠠᠰᠠᠭᠤᠳᠠᠯ ᠢ ᠢᠯᠡᠷᠡᠭᠦᠯᠵᠦ ᠴᠡᠭᠴᠡᠯᠡᠨ ᠰᠠᠶᠢᠵᠢᠷᠠᠭᠤᠯᠬᠤ ᠶᠢ ᠪᠦᠭᠦᠨ ᠢ ᠪᠡᠶᠡᠯᠡᠭᠦᠯᠵᠦ᠂ ᠬᠢᠨᠠᠨ ᠪᠤᠳᠣᠵᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠤᠯᠠᠮ ᠳᠦᠷᠢᠮᠵᠢᠭᠦᠯᠵᠦ᠂ ᠬᠢᠨᠠᠨ ᠪᠤᠳᠣᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃       3. ᠡᠷᠬᠡ ᠶᠢ ᠬᠢᠵᠠᠭᠠᠷᠯᠠᠬᠤ ᠪᠠ ᠬᠢᠨᠠᠯᠲᠠ ᠲᠠᠯᠪᠢᠬᠤ ᠶᠢ ᠴᠢᠩᠭᠠᠳᠬᠠᠤ ᠬᠡᠷᠡᠭᠲᠡᠢ᠃ ᠬᠢᠨᠠᠨ ᠪᠤᠳᠣᠬᠤ ᠬᠠᠤᠯᠢ ᠬᠡᠷᠡᠭᠵᠢᠭᠦᠯᠬᠦ ᠭᠤᠷᠪᠠᠨ ᠵᠦᠢᠯ ᠤᠨ ᠳᠦᠷᠢᠮ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠢᠯᠡ ᠪᠤᠯᠭᠠᠬᠤ ᠶᠢᠨ ᠬᠠᠮᠲᠤ ᠨᠠᠷᠢᠨ ᠬᠠᠭᠤᠳᠠᠰᠤ ᠳᠤ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠵᠦ᠂ ᠵᠠᠰᠠᠭ ᠵᠠᠬᠢᠷᠭᠠᠨ ᠤ ᠰᠢᠢᠳᠭᠡᠨ ᠲᠣᠷᠭᠠᠬᠤ ᠵᠦᠢᠯᠡᠰ ᠤᠨ ᠨᠠᠷᠢᠨ ᠬᠠᠭᠤᠳᠠᠰᠤ ᠶᠢ ᠴᠠᠭ ᠲᠤᠬᠠᠢ ᠳᠤᠨᠢ ᠨᠡᠶᠢᠲᠡᠯᠡᠨ᠎ᠡ᠃ ᠬᠠᠤᠯᠢ ᠶᠣᠰᠣᠭᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠠᠵᠢᠯ ᠤᠨ ᠮᠡᠳᠡᠭᠦᠯᠦᠯᠲᠡ ᠬᠢᠵᠦ᠂ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢᠶᠠᠨ ᠮᠡᠳᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠶᠢ ᠬᠦᠯᠢᠶᠡᠨ᠎ᠡ᠃ ᠬᠢᠨᠠᠨ ᠪᠣᠳᠣᠯᠲᠠ ᠶᠢ ᠢᠯᠡ ᠨᠡᠶᠢᠲᠡᠯᠡᠬᠦ ᠲᠤᠬᠠᠢ ᠳᠦᠷᠢᠮ ᠢ ᠨᠠᠶᠢᠳᠠᠪᠤᠷᠢᠵᠢᠭᠤᠯᠵᠤ᠂ ᠬᠢᠨᠠᠨ ᠪᠣᠳᠣᠯᠲᠠ ᠬᠢᠯᠭᠡᠭᠰᠡᠨ ᠨᠢᠭᠡᠴᠡ ᠳᠤ ᠬᠢᠨᠠᠨ ᠪᠣᠳᠣᠯᠲᠠ ᠶᠢᠨ ︿ᠳᠥᠷᠪᠡᠨ ᠴᠢᠩᠭ᠎ᠠ ᠴᠠᠭᠠᠵᠠᠯᠠᠬᠤ﹀ ᠠᠵᠢᠯ ᠤᠨ ᠱᠠᠭᠠᠷᠳᠠᠯᠭ᠎ᠠ ᠶᠢ ᠬᠠᠤᠯᠢ ᠶᠣᠰᠣᠭᠠᠷ ᠨᠡᠶᠢᠲᠡᠯᠡᠵᠦ᠂ ᠬᠢᠨᠠᠨ ᠪᠣᠳᠣᠯᠲᠠ ᠶᠢᠨ ︿ᠨᠠᠢᠮᠠᠨ ᠪᠤᠯᠬᠤ ᠦᠭᠡᠢ﹀ ᠠᠵᠢᠯ ᠤᠨ ᠰᠠᠬᠢᠯᠭ᠎ᠠ ᠪᠠᠲᠤ ᠪᠠ ᠢᠯᠡᠴᠢᠯᠡᠨ ᠮᠡᠳᠡᠭᠦᠯᠦᠯᠲᠡ ᠶᠢᠨ ᠤᠲᠠᠰᠤ ᠵᠡᠷᠭᠡ ᠶᠢ ᠨᠡᠶᠢᠲᠡᠯᠡᠵᠡᠢ᠃ ᠬᠢᠨᠠᠨ ᠪᠤᠳᠣᠵᠤ ᠬᠠᠤᠯᠢ ᠬᠡᠷᠡᠭᠵᠢᠭᠦᠯᠬᠦ ᠦᠶ᠎ᠡ ᠳᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠢᠶᠠᠨ ᠰᠠᠨᠠᠭᠠᠴᠢᠯᠠᠭ᠎ᠠ ᠠᠴᠠ ᠪᠠᠨ ᠭᠠᠷᠭᠠᠨ ᠦᠵᠡᠭᠦᠯᠵᠦ᠂ ᠪᠡᠶ᠎ᠡ ᠶᠢᠨ ᠭᠠᠷᠤᠯ ᠢᠶᠠᠨ ᠲᠣᠳᠣᠷᠬᠠᠶᠢᠯᠠᠨ᠂ ᠣᠯᠠᠨ ᠲᠦᠮᠡᠨ ᠤ ᠬᠢᠨᠠᠯᠲᠠ ᠲᠠᠯᠪᠢᠬᠤ ᠶᠢ ᠬᠦᠯᠢᠶᠡᠬᠦ ᠬᠡᠷᠡᠭᠲᠡᠢ᠃       ︵ᠳᠥᠷᠪᠡ︶ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠬᠢᠨᠠᠨ ᠪᠤᠳᠣᠬᠤ ᠺᠠᠳ᠋ᠷ ᠤᠨ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠦᠵᠡᠯ ᠤᠬᠠᠮᠰᠠᠷ ᠢ ᠳᠡᠭᠡᠭᠰᠢᠯᠡᠭᠦᠯᠦᠨ᠎ᠡ       1. ︽ᠵᠠᠩᠭᠢᠯᠠᠭ᠎ᠠ ᠶᠢᠨ ᠴᠥᠭᠡᠨ ᠲᠣᠭᠠᠲᠤ︾ ᠶᠢᠨ ᠬᠠᠤᠯᠢ ᠰᠤᠷᠬᠤ ᠳᠦᠷᠢᠮ ᠢ ᠪᠠᠷᠢᠮᠲᠠᠯᠠᠬᠤ ᠬᠡᠷᠡᠭᠲᠡᠢ᠃ ᠤᠳᠤᠷᠢᠳᠬᠤ ᠺᠠᠳ᠋ᠷ ᠤᠨ ᠡᠨᠡᠬᠦ ︽ᠵᠠᠩᠭᠢᠯᠠᠭ᠎ᠠ ᠶᠢᠨ ᠴᠥᠭᠡᠨ ᠲᠤᠭ᠎ᠠ︾ ᠶᠢ ᠠᠳᠬᠤᠵᠤ᠂ ᠪᠦᠭᠦ ᠲᠠᠯ᠎ᠠ ᠶᠢᠨ ᠬᠥᠮᠥᠰ ᠢ ᠳᠠᠭᠠᠭᠤᠯᠤᠨ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠰᠤᠷᠤᠯᠴᠠᠬᠤ ᠪᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠨᠠᠨ ᠪᠤᠳᠣᠬᠤ ᠬᠠᠤᠯᠢ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠳᠤ ᠰᠢᠨ᠎ᠡ ᠪᠠᠷ ᠵᠠᠰᠠᠪᠤᠷᠢ ᠣᠷᠣᠭᠤᠯᠬᠤ ᠶᠠᠪᠤᠳᠠᠯ ᠢ ᠳᠠᠶᠢᠴᠢᠯᠠᠵᠤ᠂ ᠨᠢᠭᠡᠴᠡ ᠶᠢᠨ ᠺᠠᠳ᠋ᠷᠴᠤᠳ ᠢ ᠵᠣᠬᠢᠶᠠᠨ ᠪᠠᠶᠢᠭᠤᠯᠤᠨ ᠰᠦᠯᠵᠢᠶᠡᠨ ᠤ ᠠᠮᠤᠷ ᠲᠦᠪᠰᠢᠨ ᠤ ᠬᠠᠤᠯᠢ ᠲᠣᠭᠲᠠᠭᠠᠯ ᠳᠡᠭᠡᠷᠡᠬᠢ ᠰᠡᠳᠦᠪ ᠬᠠᠷᠢᠭᠤᠯᠬᠤ ᠵᠡᠷᠭᠡ ᠣᠯᠠᠨ ᠵᠦᠢᠯ ᠤᠨ ᠬᠠᠤᠯᠢ ᠴᠠᠭᠠᠵᠠ ᠶᠢᠨ ᠮᠡᠳᠡᠯᠭᠡ ᠶᠢᠨ ᠰᠢᠯᠭᠠᠯᠲᠠ ᠳᠤ ᠣᠷᠣᠯᠴᠠᠭᠤᠯᠵᠤ᠂ ᠬᠢᠨᠠᠨ ᠪᠤᠳᠣᠬᠤ ᠺᠠᠳ᠋ᠷ ᠤᠨ ᠬᠠᠤᠯᠢ ᠪᠠᠷ ᠵᠠᠰᠠᠬᠤ ᠰᠡᠳᠬᠢᠬᠦᠢ ᠪᠣᠯᠣᠨ ᠠᠷᠭ᠎ᠠ ᠮᠠᠶ᠋ᠢᠭ ᠢᠶᠠᠷ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠶᠢ ᠲᠠᠰᠤᠷᠠᠯᠲᠠ ᠦᠭᠡᠢ ᠨᠡᠮᠡᠭᠳᠡᠭᠦᠯᠦᠨ᠂ ᠬᠢᠨᠠᠨ ᠪᠤᠳᠣᠬᠤ ᠠᠵᠢᠯ ᠤᠨ ᠬᠠᠤᠯᠢ ᠰᠤᠷᠬᠤ᠂ ᠬᠠᠤᠯᠢ ᠬᠡᠷᠡᠭᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠵᠤ᠂ ︽ᠰᠤᠷᠤᠯᠴᠠᠯᠭ᠎ᠠ ᠶᠢᠨ ᠬᠦᠴᠦᠷᠬᠡᠭ ᠤᠯᠤᠰ︾ ︽ᠬᠠᠤᠯᠢ ᠤᠬᠠᠭᠤᠯᠬᠤ ᠥᠷᠲᠡᠭᠡ︾ ︽ᠲᠡᠮᠡᠭᠡᠲᠦ ᠨᠤᠲᠤᠭ ᠤᠨ e ᠥᠷᠲᠡᠭᠡ︾ ᠵᠡᠷᠭᠡ ᠣᠯᠠᠨ ᠵᠦᠢᠯ ᠤᠨ ᠲᠠᠪᠴᠠᠩ ᠢ ᠠᠰᠢᠭᠯᠠᠨ ᠰᠤᠷᠤᠯᠴᠠᠯᠭ᠎ᠠ ᠬᠢᠵᠦ᠂ ᠬᠢᠨᠠᠨ ᠪᠤᠳᠣᠬᠤ ᠺᠠᠳ᠋ᠷ ᠤᠨ ᠦᠨᠳᠦᠰᠦᠨ ᠬᠠᠤᠯᠢ ᠴᠠᠭᠠᠵᠠ ᠬᠠᠤᠯᠢ ᠴᠠᠭᠠᠵᠠ ᠠᠴᠠ ᠳᠡᠭᠡᠭᠰᠢ᠂ ᠡᠷᠬᠡ ᠨᠢ ᠬᠠᠤᠯᠢ ᠪᠠᠷ ᠵᠠᠰᠠᠬᠤ ᠦᠵᠡᠯᠲᠡ ᠶᠢ ᠪᠠᠲᠤ ᠪᠠᠬᠢ ᠪᠤᠢ ᠪᠤᠯᠭᠠᠬᠤ ᠶᠢ ᠲᠦᠯᠬᠢᠨ ᠠᠬᠢᠭᠤᠯᠵᠤ᠂ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠬᠡᠷᠡᠭᠯᠡᠨ ᠬᠢᠨᠠᠨ ᠪᠤᠳᠣᠬᠤ ᠠᠵᠢᠯ ᠢ ᠵᠢᠯᠣᠭᠤᠳᠤᠨ᠎ᠠ᠃ 2024 ᠣᠨ ᠳᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠤᠨ ᠭᠤᠣᠯ ᠳᠤᠭᠤᠶᠢᠯᠠᠩ ᠤᠨ 2 ᠬᠤᠭᠤᠴᠠᠭ᠎ᠠ ᠰᠤᠷᠤᠯᠴᠠᠬᠤ᠂ ᠺᠠᠳ᠋ᠷ ᠲᠥᠪᠯᠡᠷᠡᠭᠦᠯᠦᠨ ᠰᠤᠷᠤᠯᠴᠠᠬᠤ ᠠᠵᠢᠯᠯᠠᠭ᠎ᠠ ᠶᠢ ᠨᠡᠶᠢᠲᠡ 3 ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠡᠢ᠃       2. ᠨᠠᠮ ᠵᠠᠰᠠᠭ ᠤᠨ ︽ᠨᠢᠭᠡᠳᠦᠭᠡᠷ ᠭᠠᠷ︾ ᠤᠨ ᠬᠠᠤᠯᠢ ᠲᠣᠭᠠᠴᠢᠬᠤ ᠳᠦᠷᠢᠮ ᠢ ᠲᠡᠭᠦᠯᠳᠡᠷᠵᠢᠭᠦᠯᠦᠨ᠎ᠡ᠃ ᠬᠠᠤᠯᠢ ᠶᠢᠨ ᠥᠭᠦᠯᠡᠯᠲᠡ ᠶᠢᠨ ᠳᠦᠷᠢᠮ ᠢ ᠦᠷᠭᠦᠯᠵᠢᠯᠡᠨ ᠪᠦᠷᠢᠨᠰᠢᠭᠦᠯᠦᠨ ᠲᠡᠭᠦᠯᠳᠡᠷᠵᠢᠭᠦᠯᠵᠦ᠂ ᠣᠨ ᠤ ᠬᠠᠤᠯᠢ ᠶᠢᠨ ᠥᠭᠦᠯᠡᠯᠲᠡ ᠶᠢᠨ ᠠᠵᠢᠯ ᠳᠤ ᠪᠣᠳᠠᠲᠠᠢ ᠲᠣᠬᠢᠷᠠᠭᠤᠯᠤᠯᠲᠠ ᠬᠢᠵᠦ᠂ ᠤᠳᠤᠷᠢᠳᠬᠤ ᠪᠠᠭ ᠤᠨ ᠪᠦᠷᠢᠯᠳᠦᠭᠦᠨ ᠤ ᠬᠠᠤᠯᠢ ᠶᠢᠨ ᠥᠭᠦᠯᠡᠯᠲᠡ ᠶᠢᠨ ᠠᠵᠢᠯ ᠢ ᠨᠡᠶᠢᠳᠡᠮ ᠬᠠᠮᠤᠷᠤᠭᠤᠯᠬᠤ ᠶᠢᠨ ᠬᠠᠮᠲᠤ ᠰᠢᠨ᠎ᠡ ᠶᠢ ᠡᠭᠦᠳᠦᠨ ᠬᠠᠤᠯᠢ ᠶᠢᠨ ᠭᠡᠯᠪᠡᠷᠢ ᠪᠠᠷ ᠲᠣᠭᠠᠴᠢᠬᠤ ᠶᠢᠨ ᠳᠠᠭᠠᠤ ᠲᠤᠰᠬᠠᠢ ᠰᠡᠳᠦᠪ ᠢᠶᠠᠷ ᠬᠠᠷᠢᠭᠤ ᠮᠡᠳᠡᠭᠦᠯᠬᠦ ᠠᠵᠢᠯ ᠢ ᠥᠷᠨᠢᠭᠦᠯᠵᠦ᠂ ᠬᠠᠤᠯᠢ ᠶᠢᠨ ᠥᠭᠦᠯᠡᠯᠲᠡ ᠶᠢᠨ ᠠᠵᠢᠯ ᠢ ᠭᠦᠨᠵᠡᠭᠡᠢ ᠪᠣᠳᠠᠲᠠᠢ ᠬᠢᠬᠦ ᠶᠢ ᠪᠦᠭᠦ ᠲᠠᠯ᠎ᠠ ᠪᠠᠷ ᠲᠦᠯᠬᠢᠨ ᠠᠬᠢᠭᠤᠯᠤᠨ᠎ᠠ᠃ ᠬᠠᠤᠯᠢ ᠶᠢᠨ ᠪᠡᠶᠡᠴᠢ ᠴᠣᠭᠴᠠ ᠶᠢ ᠲᠣᠳᠣᠷᠬᠠᠢ ᠥᠭᠦᠯᠡᠬᠦ᠂ ᠮᠡᠳᠡᠭᠦᠯᠦᠯᠲᠡ ᠶᠢᠨ ᠠᠭᠤᠯᠭ᠎ᠠ ᠶᠢ ᠵᠢᠷᠤᠮᠵᠢᠭᠤᠯᠬᠤ᠂ ᠬᠦᠦᠷᠨᠢᠨ ᠲᠣᠭᠠᠴᠢᠬᠤ ᠠᠷᠭ᠎ᠠ ᠭᠡᠯᠪᠡᠷᠢ ᠶᠢ ᠪᠠᠶᠠᠯᠢᠭᠵᠢᠭᠤᠯᠬᠤ ᠪᠠᠷ ᠳᠠᠮᠵᠢᠭᠤᠯᠤᠨ᠂ ᠤᠳᠤᠷᠢᠳᠬᠤ ᠺᠠᠳ᠋ᠷ ᠲᠦᠷᠦᠭᠦᠯᠡᠨ ᠬᠠᠤᠯᠢ ᠶᠢ ᠰᠤᠷᠴᠤ ᠬᠠᠤᠯᠢ ᠶᠢ ᠬᠦᠨᠳᠦᠳᠬᠡᠨ ᠬᠠᠤᠯᠢ ᠶᠢ ᠰᠠᠬᠢᠵᠤ ᠬᠠᠤᠯᠢ ᠶᠢ ᠬᠡᠷᠡᠭᠯᠡᠬᠦ ᠵᠡᠷᠭᠡ ᠠᠭᠤᠯᠭ᠎ᠠ ᠶᠢ ᠵᠢᠯ ᠤᠨ ᠡᠴᠦᠰ ᠤᠨ ᠲᠣᠭᠠᠴᠢᠬᠤ ᠬᠠᠤᠯᠢ ᠳᠤ ᠣᠷᠣᠭᠤᠯᠵᠤ᠂ ︽ᠲᠣᠭᠠᠴᠢᠬᠤ︾  ᠪᠠᠷ ᠬᠠᠷᠢᠭᠤᠴᠠᠯᠭ᠎ᠠ ᠶᠢ ᠠᠬᠢᠭᠤᠯᠤᠨ᠂ ︽ᠲᠣᠭᠠᠴᠢᠬᠤ︾ ᠪᠠᠷ ᠬᠠᠷᠰᠢᠯᠠᠯ ᠢ ᠠᠬᠢᠭᠤᠯᠤᠨ᠎ᠠ᠃       3. ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠣᠨ ᠤ ᠮᠡᠳᠡᠭᠦᠯᠦᠯᠲᠡ ᠶᠢᠨ ᠳᠦᠷᠢᠮ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠣᠨ ᠤ ᠮᠡᠳᠡᠭᠦᠯᠦᠯᠲᠡ ᠶᠢᠨ ᠳᠦᠷᠢᠮ ᠢ ᠬᠠᠤᠯᠢᠵᠢᠭᠤᠯᠬᠤ᠂ ᠪᠠᠶᠢᠩᠭᠤᠵᠢᠭᠤᠯᠬᠤ᠂ ᠤᠷᠲᠤ ᠬᠤᠭᠤᠴᠠᠭᠠᠵᠢᠭᠤᠯᠬᠤ ᠶᠠᠪᠤᠳᠠᠯ ᠢ ᠲᠠᠰᠤᠷᠠᠯᠲᠠ ᠦᠭᠡᠢ ᠲᠦᠯᠬᠢᠨ ᠠᠬᠢᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠮᠡᠳᠡᠭᠦᠯᠦᠯᠲᠡ ᠶᠢᠨ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠣᠨ ᠤ ᠮᠡᠳᠡᠭᠦᠯᠦᠯᠲᠡ ᠶᠢᠨ ᠠᠵᠢᠯ ᠢ ᠢᠳᠡᠪᠬᠢᠲᠡᠢ ᠰᠠᠶᠢᠲᠤᠷ ᠬᠢᠨ᠎ᠡ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ︽ᠠᠮᠵᠢᠯᠲᠠ ᠪᠦᠲᠦᠮᠵᠢ ᠶᠢᠨ ᠬᠠᠭᠤᠳᠠᠰᠤ︾ ᠶᠢ ᠵᠢᠯ ᠪᠦᠷᠢ ᠲᠥᠪᠯᠡᠷᠡᠭᠦᠯᠦᠨ ᠢᠯᠡ ᠪᠤᠯᠭᠠᠬᠤ ᠪᠠᠷ ᠳᠠᠮᠵᠢᠭᠤᠯᠤᠨ᠂ ᠠᠷᠠᠳ ᠣᠯᠠᠨ ᠤ ᠬᠢᠨᠠᠯᠲᠠ ᠲᠠᠯᠪᠢᠬᠤ ᠶᠢ ᠬᠦᠯᠢᠶᠡᠵᠦ᠂ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢ ᠠᠬᠢᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠤᠯᠠᠮ ᠳᠡᠭᠡᠭᠰᠢᠯᠡᠭᠦᠯᠦᠨ᠎ᠡ᠃       4. ︽ᠬᠡᠨ ᠬᠠᠤᠯᠢ ᠬᠡᠷᠡᠭᠵᠢᠭᠦᠯᠪᠡᠯ ᠲᠡᠷᠡ ᠬᠠᠤᠯᠢ ᠲᠦᠭᠡᠮᠡᠯᠵᠢᠭᠦᠯᠬᠦ︾ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠬᠢᠨᠠᠨ ᠪᠤᠳᠣᠬᠤ ᠲᠥᠷᠥᠯ ᠵᠦᠢᠯ ᠢ ᠬᠡᠷᠡᠭᠵᠢᠭᠦᠯᠬᠦ ᠪᠠᠷ ᠭᠠᠷᠳᠠᠴᠠ ᠪᠤᠯᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠬᠢᠨᠠᠨ ᠪᠣᠳᠣᠯᠲᠠ ᠬᠢᠯᠭᠡᠭᠰᠡᠨ ᠨᠢᠭᠡᠴᠢ ᠪᠠ ᠨᠡᠶᠢᠭᠡᠮ ᠨᠡᠶᠢᠲᠡ ᠳᠤ ᠬᠢᠨᠠᠨ ᠪᠣᠳᠣᠯᠲᠠ ᠬᠢᠬᠦ ᠲᠠᠢ ᠬᠤᠯᠪᠣᠭᠳᠠᠭᠰᠠᠨ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠥᠷᠭᠡᠨ ᠢᠶᠠᠷ ᠤᠬᠠᠭᠤᠯᠤᠨ᠎ᠠ︔ ᠬᠢᠨᠠᠨ ᠪᠣᠳᠣᠯᠲᠠ ᠶᠢᠨ ᠬᠢᠨᠠᠯᠲᠠ ᠲᠠᠯᠪᠢᠯᠲᠠ ᠶᠢ ᠤᠬᠠᠮᠰᠠᠷ ᠠᠴᠠ ᠪᠠᠨ ᠬᠦᠯᠢᠶᠡᠬᠦ ᠶᠢᠨ ᠬᠠᠮᠲᠤ ᠬᠢᠨᠠᠨ ᠪᠤᠳᠣᠬᠤ ᠠᠵᠢᠯᠲᠠᠳ ᠤᠨ ᠬᠠᠤᠯᠢ ᠶᠣᠰᠣᠭᠠᠷ ᠬᠢᠨᠠᠨ ᠪᠤᠳᠣᠬᠤ ᠦᠵᠡᠯ ᠤᠬᠠᠮᠰᠠᠷ ᠢ ᠨᠡᠮᠡᠭᠳᠡᠭᠦᠯᠵᠦ᠂ ᠬᠢᠨᠠᠨ ᠪᠣᠳᠣᠯᠲᠠ ᠬᠢᠪᠡᠯ ᠬᠠᠮᠢᠭ᠎ᠠ ᠭᠦᠷᠲᠡᠯ᠎ᠡ ᠬᠦᠷᠦᠭᠦᠯᠵᠦ᠂ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ ᠬᠠᠮᠢᠭ᠎ᠠ ᠭᠦᠷᠲᠡᠯ᠎ᠡ ᠬᠢᠵᠦ᠂ ᠬᠠᠤᠯᠢ ᠴᠠᠭᠠᠵᠠ ᠶᠢᠨ ᠤᠬᠠᠭᠤᠯᠭ᠎ᠠ ᠶᠢᠨ ᠪᠦᠷᠬᠦᠴᠡ ᠶᠢᠨ ᠬᠡᠪᠴᠢᠶ᠎ᠡ ᠪᠣᠯᠣᠨ ᠣᠨᠣᠪᠴᠢ ᠶᠢᠨ ᠬᠡᠮᠵᠢᠶ᠎ᠡ ᠶᠢ ᠪᠦᠲᠦᠮᠵᠢᠲᠡᠢ ᠳᠡᠭᠡᠭᠰᠢᠯᠡᠭᠦᠯᠦᠨ᠂ ᠬᠢᠨᠠᠨ ᠪᠤᠳᠣᠬᠤ ᠠᠵᠢᠯ ᠳᠤ ᠰᠠᠶᠢᠨ ᠰᠠᠶᠢᠬᠠᠨ ᠭᠠᠳᠠᠭᠠᠳᠤ ᠣᠷᠴᠢᠨ ᠲᠣᠭᠤᠷᠢᠨ ᠢ ᠪᠤᠢ ᠪᠤᠯᠭᠠᠬᠤ ᠬᠡᠷᠡᠭᠲᠡᠢ᠃ ᠬᠠᠤᠯᠢ ᠪᠠᠷ ᠵᠠᠰᠠᠬᠤ ᠤᠬᠠᠭᠤᠯᠭ᠎ᠠ ᠶᠢᠨ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠢᠭ ᠢ ᠰᠠᠶᠢᠲᠤᠷ ᠠᠳᠬᠤᠵᠤ᠂ ︽4 · 15︾ ᠪᠦᠭᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠤᠨ ᠤᠬᠠᠭᠤᠯᠭ᠎ᠠ ᠶᠢᠨ ᠰᠠᠷ᠎ᠠ ᠶᠢᠨ ᠬᠤᠭᠤᠴᠠᠭᠠᠨ ᠳᠤ᠂ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠨᠡᠶᠢᠭᠡᠮ ᠲᠣᠭᠤᠷᠢᠭ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠵᠡᠷᠭᠡ ᠠᠵᠢᠯᠯᠠᠭ᠎ᠠ ᠶᠢᠨ ᠣᠯᠠᠨ ᠭᠡᠯᠪᠡᠷᠢ ᠮᠠᠶ᠋ᠢᠭ ᠢ ᠠᠰᠢᠭᠯᠠᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢ ᠥᠷᠨᠢᠭᠦᠯᠬᠦ ᠬᠡᠷᠡᠭᠲᠡᠢ᠃       ᠬᠤᠶᠠᠷ᠂ ᠣᠷᠣᠰᠢᠵᠤ ᠪᠠᠶᠢᠭ᠎ᠠ ᠠᠰᠠᠭᠤᠳᠠᠯ       ᠨᠢᠭᠡ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡᠨ ᠤ ᠬᠦᠴᠦᠨ ᠪᠠᠭᠤᠷᠠᠢ᠂ ᠲᠤᠰᠬᠠᠢ ᠮᠡᠷᠭᠡᠵᠢᠯ ᠤᠨ ᠴᠢᠨᠠᠷᠲᠠᠢ ᠮᠡᠷᠭᠡᠵᠢᠯ ᠤᠨ ᠴᠢᠳᠠᠪᠤᠷᠢᠲᠠᠨ ᠲᠤᠲᠠᠭᠳᠠᠵᠤ᠂ ᠬᠠᠤᠯᠢ ᠬᠡᠷᠡᠭᠵᠢᠭᠦᠯᠬᠦ ᠴᠢᠳᠠᠪᠤᠷᠢ ᠶᠢᠨ ᠬᠡᠪ ᠴᠢᠨᠠᠷ ᠢ ᠴᠢᠩᠭᠠᠳᠬᠠᠤ ᠴᠢᠬᠤᠯᠠ ᠲᠠᠢ ᠪᠠᠶᠢᠨ᠎ᠠ᠃ ᠬᠤᠶᠠᠷ ᠲᠤ ᠣᠳᠣᠬᠠᠨ ᠤ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢ ᠭᠤᠣᠯᠳᠠᠭᠤ ᠸᠢᠴᠠᠲ ᠲᠠᠪᠴᠠᠩ ᠳᠤ ᠰᠢᠯᠵᠢᠭᠦᠯᠦᠨ ᠲᠠᠷᠬᠠᠭᠠᠬᠤ᠂ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠳᠤ ᠣᠷᠤᠯᠴᠠᠬᠤ ᠵᠡᠷᠭᠡ ᠤᠯᠠᠮᠵᠢᠯᠠᠯᠲᠤ ᠠᠷᠭ᠎ᠠ ᠮᠠᠶ᠋ᠢᠭ ᠢᠶᠠᠷ ᠶᠠᠪᠤᠭᠳᠠᠭᠤᠯᠵᠤ᠂ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠴᠢᠶᠠᠯᠠᠪᠤᠷᠢ ᠶᠢᠨ ᠭᠡᠯᠪᠡᠷᠢ ᠪᠠᠶᠠᠯᠢᠭ ᠪᠢᠰᠢ᠂ ᠣᠯᠠᠨ ᠲᠦᠮᠡᠨ ᠤ ᠬᠠᠤᠯᠢ ᠴᠠᠭᠠᠵᠠ ᠶᠢᠨ ᠦᠵᠡᠯ ᠤᠬᠠᠮᠰᠠᠷ ᠢ ᠳᠡᠭᠡᠭᠰᠢᠯᠡᠭᠦᠯᠭᠦ ᠴᠢᠬᠤᠯᠠᠲᠠᠢ ᠪᠠᠶᠢᠨ᠎ᠠ᠂ ᠬᠠᠤᠯᠢ ᠲᠦᠭᠡᠮᠡᠯᠵᠢᠭᠦᠯᠬᠦ ᠦᠷ᠎ᠡ ᠪᠦᠲᠦᠮᠵᠢ ᠶᠢ ᠤᠯᠠᠮ ᠳᠡᠭᠡᠭᠰᠢᠯᠡᠭᠦᠯᠭᠦ ᠴᠢᠬᠤᠯᠠᠲᠠᠢ ᠪᠠᠶᠢᠨ᠎ᠠ᠃       ᠭᠤᠷᠪᠠ᠂ 2025 ᠣᠨ ᠤ ᠠᠵᠢᠯ ᠤᠨ ᠲᠥᠯᠥᠪᠯᠡᠭᠡ       ︵ᠨᠢᠭᠡ︶ ᠰᠠᠨᠠᠭᠠᠴᠢᠯᠠᠭ᠎ᠠ ᠠᠴᠠ ᠪᠠᠨ ᠬᠠᠤᠯᠢ ᠰᠤᠷᠴᠤ᠂ ᠬᠠᠤᠯᠢ ᠪᠠᠷ ᠵᠠᠰᠠᠬᠤ ᠣᠨᠣᠯᠵᠢᠬᠤᠨ ᠢ ᠪᠤᠢ ᠪᠣᠯᠭᠠᠨ᠎ᠠ᠃ ᠤᠯᠤᠰ ᠲᠥᠷᠥ ᠶᠢᠨ ᠣᠨᠣᠯ ᠤᠨ ᠰᠤᠷᠤᠯᠴᠠᠯᠭ᠎ᠠ ᠶᠢ ᠤᠯᠠᠮ ᠴᠢᠩᠭᠠᠳᠬᠠᠵᠤ᠂ ᠬᠢᠨᠠᠨ ᠪᠤᠳᠣᠬᠤ ᠺᠠᠳ᠋ᠷᠴᠤᠳ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠬᠤᠷᠢᠳᠤᠭᠠᠷ ᠶᠡᠭᠡ ᠬᠤᠷᠠᠯ ᠵᠢᠴᠢ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠵᠡᠷᠭᠡ ᠣᠨᠣᠯ ᠤᠨ ᠲᠤᠬᠠᠢ ᠣᠶᠢᠯᠠᠭᠠᠯᠲᠠ ᠶᠢ ᠭᠦᠨᠵᠡᠭᠡᠶᠢᠷᠡᠭᠦᠯᠵᠦ᠂ ᠺᠠᠳ᠋ᠷ ᠠᠵᠢᠯᠲᠠᠨ ᠠᠵᠢᠯᠴᠢᠨ ᠢ ᠰᠢ  ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠤᠯᠭᠠᠵᠤ᠂ ᠲᠦᠷᠦᠭᠦᠯᠡᠨ ᠬᠠᠤᠯᠢ ᠪᠠᠷ ᠵᠠᠰᠠᠬᠤ ᠶᠢ ᠭᠦᠨᠳᠦᠳᠭᠡᠵᠦ᠂ ᠬᠠᠤᠯᠢ ᠴᠠᠭᠠᠵᠠ ᠶᠢ ᠬᠦᠨᠳᠦᠳᠬᠡᠨ᠂ ᠬᠠᠤᠯᠢ ᠴᠠᠭᠠᠵᠠ ᠶᠢ ᠣᠶᠢᠯᠠᠭᠠᠵᠤ᠂ ᠬᠠᠤᠯᠢ ᠴᠠᠭᠠᠵᠠ ᠶᠢ ᠡᠵᠡᠮᠰᠢᠨ᠂ ᠬᠠᠤᠯᠢ ᠶᠢ ᠤᠬᠠᠮᠰᠠᠷ ᠠᠴᠠ ᠪᠠᠨ ᠬᠠᠤᠯᠢ ᠶᠢ ᠰᠤᠷᠤᠯᠴᠠᠵᠤ ᠬᠠᠤᠯᠢ ᠶᠢ ᠰᠠᠬᠢᠳᠠᠭ ᠬᠠᠤᠯᠢ ᠴᠠᠭᠠᠵᠠ ᠶᠢ ᠬᠡᠷᠡᠭᠯᠡᠭᠰᠡᠨ ᠵᠢᠱᠢᠶᠡᠴᠢ ᠪᠤᠯᠬᠤ ᠶᠢ ᠱᠠᠭᠠᠷᠳᠠᠪᠠ᠃       ︵ᠬᠤᠶᠠᠷ︶ ᠬᠠᠤᠯᠢ ᠶᠢ ᠢᠳᠡᠪᠬᠢᠲᠡᠢ ᠲᠦᠭᠡᠮᠡᠯᠵᠢᠭᠦᠯᠵᠦ᠂ ᠬᠠᠤᠯᠢ ᠪᠠᠷ ᠵᠠᠰᠠᠬᠤ ᠤᠬᠠᠭᠤᠯᠭ᠎ᠠ ᠶᠢ ᠥᠷᠨᠢᠭᠦᠯᠦᠨ᠎ᠡ᠃ ᠤᠯᠤᠰ ᠪᠠ ᠥᠪᠡᠷᠲᠡᠭᠡᠨ ᠵᠠᠰᠠᠬᠤ ᠣᠷᠣᠨ᠂ ᠠᠶᠢᠮᠠᠭ᠂ ᠬᠤᠰᠢᠭᠤᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠲᠠᠢ ᠪᠦᠭᠦ ᠲᠠᠯ᠎ᠠ ᠪᠠᠷ ᠬᠠᠷᠢᠴᠠᠭᠤᠯᠤᠨ᠂ ᠬᠠᠤᠯᠢᠵᠢᠯ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠨᠠᠶᠢᠳᠠᠪᠤᠷᠢᠵᠢᠭᠤᠯᠤᠨ᠎ᠠ᠃ ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠭᠤᠣᠯᠳᠠᠯᠭ᠎ᠠ ᠶᠢ ᠲᠣᠭᠲᠠᠭᠠᠬᠤ᠂ ᠨᠠᠶᠢᠳᠠᠪᠤᠷᠢᠵᠢᠭᠤᠯᠬᠤ᠂ ᠳ᠋ᠦᠩᠨᠡᠬᠦ ᠵᠡᠷᠭᠡ ᠪᠠᠶᠢᠩᠭᠤᠵᠢᠭᠤᠯᠬᠤ ᠠᠵᠢᠯ ᠢ ᠵᠣᠬᠢᠶᠠᠨ ᠪᠠᠶᠢᠭᠤᠯᠤᠨ ᠰᠠᠶᠢᠲᠤᠷ ᠬᠢᠨ᠎ᠡ᠃ ᠰᠤᠷᠭᠠᠨ ᠬᠥᠮᠦᠵᠢᠯ ᠢ ᠤᠯᠠᠮ ᠴᠢᠩᠭᠠᠳᠬᠠᠵᠤ᠂ ︽ᠬᠡᠨ ᠬᠠᠤᠯᠢ ᠬᠡᠷᠡᠭᠵᠢᠭᠦᠯᠪᠡᠯ ᠲᠡᠷᠡ ᠬᠠᠤᠯᠢ ᠲᠦᠭᠡᠮᠡᠯᠵᠢᠭᠦᠯᠬᠦ︾ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠣᠯᠠᠨ ᠵᠦᠢᠯ ᠤᠨ ᠭᠡᠯᠪᠡᠷᠢ ᠮᠠᠶ᠋ᠢᠭ ᠤᠨ ᠪᠥᠭᠡᠳ ᠠᠮᠢᠳᠤ ᠴᠣᠪᠣᠭᠤᠯᠢᠭ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠦᠨ᠎ᠡ᠃       ︵ᠭᠤᠷᠪᠠ︶ ᠰᠠᠬᠢᠯᠭ᠎ᠠ ᠪᠠᠲᠤ ᠬᠠᠤᠯᠢ ᠴᠠᠭᠠᠵᠠ ᠶᠢ ᠵᠢᠷᠤᠮᠯᠠᠨ ᠰᠠᠬᠢᠵᠤ᠂ ᠬᠠᠤᠯᠢ ᠪᠠᠷ ᠵᠠᠰᠠᠬᠤ ᠦᠵᠡᠯ ᠤᠬᠠᠮᠰᠠᠷ ᠢᠶᠠᠨ ᠴᠢᠩᠭᠠᠷᠠᠭᠤᠯᠤᠨ᠎ᠠ᠃ ᠬᠢᠨᠠᠨ ᠪᠤᠳᠣᠬᠤ ᠺᠠᠳ᠋ᠷ ᠦᠨᠳᠦᠰᠦᠨ ᠬᠠᠤᠯᠢ ᠪᠣᠯᠣᠨ ᠬᠠᠤᠯᠢ ᠴᠠᠭᠠᠵᠠ ᠶᠢ ᠵᠢᠱᠢᠶᠡᠴᠢ ᠪᠠᠷ ᠵᠢᠷᠤᠮᠯᠠᠨ ᠰᠠᠬᠢᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ᠬᠢᠨᠠᠨ ᠪᠣᠳᠣᠯᠲᠠ ᠶᠢᠨ ︽ᠳᠥᠷᠪᠡᠨ ᠴᠢᠩᠭ᠎ᠠ ᠴᠠᠭᠠᠵᠠᠯᠠᠬᠤ︾ ᠠᠵᠢᠯ ᠤᠨ ᠱᠠᠭᠠᠷᠳᠠᠯᠭ᠎ᠠ ᠪᠣᠯᠣᠨ ᠬᠢᠨᠠᠨ ᠪᠣᠳᠣᠯᠲᠠ ᠶᠢᠨ ︽ᠨᠠᠢᠮᠠᠨ ᠪᠤᠯᠬᠤ ᠦᠭᠡᠢ︾ ᠠᠵᠢᠯ ᠤᠨ ᠰᠠᠬᠢᠯᠭ᠎ᠠ ᠪᠠᠲᠤ ᠶᠢ ᠵᠢᠱᠢᠶᠡᠴᠢ ᠪᠠᠷ ᠬᠡᠷᠡᠭᠵᠢᠭᠦᠯᠬᠦ ᠬᠡᠷᠡᠭᠲᠡᠢ᠃ ᠡᠭᠦᠨ ᠤ ᠬᠠᠮᠲᠤ᠂ ᠪᠦᠭᠦ ᠲᠠᠯ᠎ᠠ ᠶᠢᠨ ᠬᠠᠤᠯᠢ ᠬᠡᠷᠡᠭᠵᠢᠭᠦᠯᠬᠦ ᠠᠵᠢᠯᠲᠠᠨ ᠢ ᠵᠣᠬᠢᠶᠠᠨ ᠪᠠᠶᠢᠭᠤᠯᠤᠨ ᠠᠯᠠᠱᠠ ᠠᠶᠢᠮᠠᠭ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠤᠨ ᠰᠢᠯᠭᠠᠯᠲᠠ ᠳᠤ ᠢᠳᠡᠪᠬᠢᠲᠡᠢ ᠣᠷᠣᠯᠴᠠᠭᠤᠯᠵᠤ᠂ ᠦᠨᠡᠮᠯᠡᠯ ᠲᠠᠢ ᠪᠠᠷ ᠬᠠᠤᠯᠢ ᠬᠡᠷᠡᠭᠵᠢᠭᠦᠯᠵᠦ᠂ ᠬᠠᠤᠯᠢ ᠶᠣᠰᠣᠭᠠᠷ ᠬᠢᠨᠠᠨ ᠪᠤᠳᠣᠬᠤ ᠶᠢ ᠪᠠᠷᠢᠮᠲᠠᠯᠠᠨ᠂ ᠬᠢᠨᠠᠨ ᠪᠣᠳᠣᠯᠲᠠ ᠶᠢᠨ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠴᠢᠩᠭ᠎ᠠ ᠵᠢᠷᠤᠮᠵᠢᠭᠤᠯᠵᠤ᠂ ᠬᠢᠨᠠᠨ ᠪᠤᠳᠣᠬᠤ ᠳᠡᠰ ᠳᠠᠷᠠᠭᠠᠯᠠᠯ ᠤᠨ ᠶᠣᠰᠣᠭᠠᠷ ᠬᠢᠨᠠᠨ ᠪᠤᠳᠣᠵᠤ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠢᠨᠠᠨ ᠪᠣᠳᠣᠯᠲᠠ ᠬᠢᠯᠭᠡᠭᠰᠡᠨ ᠨᠢᠭᠡᠴᠡ ᠪᠠ ᠬᠤᠯᠪᠣᠭᠳᠠᠯ ᠪᠦᠬᠦᠢ ᠠᠰᠢᠭ ᠬᠤᠣᠷ ᠤᠨ ᠬᠠᠷᠢᠴᠠᠭ᠎ᠠ ᠲᠠᠢ ᠬᠥᠮᠥᠨ ᠤ ᠪᠠᠶᠢᠳᠠᠯ ᠢ ᠮᠡᠳᠡᠬᠦ ᠡᠷᠬᠡ᠂ ᠣᠷᠤᠯᠴᠠᠬᠤ ᠡᠷᠬᠡ ᠪᠠ ᠲᠡᠳᠬᠦᠬᠦ ᠡᠷᠬᠡ ᠶᠢ ᠬᠦᠨᠳᠦᠳᠬᠡᠬᠦ ᠪᠠ ᠪᠠᠲᠤᠯᠠᠬᠤ ᠬᠡᠷᠡᠭᠲᠡᠢ᠃       ︵ᠳᠥᠷᠪᠡ︶ ᠬᠠᠤᠯᠢ ᠶᠢ ᠴᠢᠩᠭ᠎ᠠ ᠬᠡᠷᠡᠭᠯᠡᠵᠦ᠂ ᠬᠠᠤᠯᠢ ᠶᠣᠰᠣᠭᠠᠷ ᠬᠢᠨᠠᠨ ᠪᠣᠳᠣᠯᠲᠠ ᠬᠢᠨ᠎ᠡ᠃ ᠬᠠᠤᠯᠢ ᠪᠠᠷ ᠵᠠᠰᠠᠬᠤ ᠪᠠᠶᠢᠭᠤᠯᠤᠯᠭ᠎ᠠ ᠪᠠᠶᠢᠭᠤᠯᠬᠤ ᠪᠠ ᠬᠠᠤᠯᠢ ᠶᠣᠰᠣᠭᠠᠷ ᠬᠢᠨᠠᠨ ᠪᠣᠳᠣᠯᠲᠠ ᠬᠢᠬᠦ ᠠᠴᠠ ᠡᠭᠦᠰᠴᠦ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠨᠠᠨ ᠪᠤᠳᠣᠬᠤ ᠬᠠᠤᠯᠢ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠨᠠᠨ ᠪᠤᠳᠣᠬᠤ ᠬᠠᠤᠯᠢ ᠶᠢᠨ ᠬᠡᠷᠡᠭᠵᠢᠭᠦᠯᠬᠦ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠭᠦᠨᠵᠡᠭᠡᠢ ᠰᠤᠷᠤᠯᠴᠠᠬᠤ ᠪᠠᠷ ᠳᠠᠮᠵᠢᠨ᠂ ᠬᠢᠨᠠᠨ ᠪᠤᠳᠣᠬᠤ ᠠᠵᠢᠯᠲᠠᠳ ᠤᠨ ᠬᠠᠤᠯᠢ ᠪᠠᠷ ᠲᠣᠭᠲᠠᠭᠠᠭᠰᠠᠨ ᠬᠢᠨᠠᠨ ᠪᠤᠳᠣᠬᠤ ᠡᠭᠦᠷᠭᠡ ᠬᠠᠷᠢᠭᠤᠴᠠᠯᠭ᠎ᠠ᠂ ᠡᠷᠬᠡ ᠮᠠᠲᠠᠯ ᠪᠣᠯᠣᠨ ᠳᠡᠰ ᠳᠠᠷᠠᠭᠠᠯᠠᠯ ᠢ ᠴᠢᠩᠭ᠎ᠠ ᠵᠢᠷᠤᠮᠯᠠᠨ ᠬᠢᠨᠠᠨ ᠪᠤᠳᠣᠵᠤ ᠬᠢᠨᠠᠯᠲᠠ ᠲᠠᠯᠪᠢᠬᠤ ᠦᠵᠡᠯ ᠤᠬᠠᠮᠰᠠᠷ ᠢ ᠲᠠᠰᠤᠷᠠᠯᠲᠠ ᠦᠭᠡᠢ ᠨᠡᠮᠡᠭᠳᠡᠭᠦᠯᠵᠦ᠂ ︽ᠬᠠᠤᠯᠢ ᠶᠢ ᠴᠢᠩᠭ᠎ᠠ ᠵᠢᠷᠤᠮᠯᠠᠨ᠂ ᠲᠥᠪ ᠭᠤᠣᠯᠴᠢ᠂ ᠪᠤᠰᠤᠳᠴᠢ ᠲᠥᠪ ᠭᠤᠣᠯᠴᠢ᠂ ᠬᠠᠷᠢᠭᠤᠴᠠᠯᠭ᠎ᠠ ᠪᠠᠨ ᠴᠢᠷᠮᠠᠶᠢᠨ ᠭᠦᠢᠴᠡᠳᠬᠡᠵᠦ᠂ ᠨᠢᠭᠤᠴᠠ ᠶᠢ ᠬᠠᠮᠠᠭᠠᠯᠠᠬᠤ︾ ᠦᠨᠳᠦᠰᠦᠨ ᠬᠢᠨᠠᠨ ᠪᠤᠳᠣᠬᠤ ᠠᠵᠢᠯ ᠮᠡᠷᠭᠡᠵᠢᠯ ᠤᠨ ᠶᠣᠰᠣ ᠮᠣᠷᠠᠯ ᠢ ᠡᠷᠡᠰ ᠪᠠᠷᠢᠮᠲᠠᠯᠠᠬᠤ ᠬᠡᠷᠡᠭᠲᠡᠢ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号