ᠠᠯᠠᠱᠠ ᠠᠶᠢᠮᠠᠭ ᠤᠨ ᠠᠯᠠᠱᠠ ᠵᠡᠭᠦᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ 2024 ᠣᠨ ᠤ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠠᠵᠢᠯ ᠤᠨ ᠣᠨ ᠤ ᠮᠡᠳᠡᠭᠦᠯᠦᠯᠲᠡ
ᠨᠡᠶᠢᠲᠡᠯᠡᠭᠰᠡᠨ ᠴᠠᠭ᠄
2024/12/31
                  ᠲᠤᠰ ᠣᠨ ᠤ ᠮᠡᠳᠡᠭᠦᠯᠦᠯᠲᠡ ᠶᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠳᠦᠷᠢᠮ︾᠂ ︽ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠡᠯᠡᠯ ᠬᠢᠭᠡᠳ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠤᠨ ᠠᠯᠪᠠᠨ ᠭᠡᠷ ᠤᠨ ᠬᠡᠪᠯᠡᠨ ᠲᠠᠷᠬᠠᠭᠠᠬᠤ ᠲᠤᠬᠠᠢ ᠮᠡᠳᠡᠭᠳᠡᠯ︾ ︵ᠲᠥᠷᠥ ᠠᠯᠪᠠᠨ ᠵᠠᠬᠢᠳᠠᠯ ﹇2011﹈ 30 ᠳ᠋ᠤᠭᠠᠷ ᠲᠣᠭᠠᠲᠤ︶  ᠶᠢ ᠦᠨᠳᠦᠰᠦᠯᠡᠨ ᠲᠤᠭᠤᠷᠪᠢᠪᠠ᠃ ᠪᠦᠭᠦ ᠠᠭᠤᠯᠭ᠎ᠠ ᠳᠤ ᠠᠯᠠᠱᠠ ᠵᠡᠭᠦᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠭᠠᠷᠭᠠᠭᠰᠠᠨ ᠶᠡᠷᠦᠩᠬᠡᠢ ᠪᠠᠶᠢᠳᠠᠯ᠂ ᠵᠠᠰᠠᠭ ᠤᠨ ᠣᠷᠳᠣᠨ ᠤ ᠮᠡᠳᠡᠭᠡᠯᠡᠯ ᠤᠨ ᠪᠠᠶᠢᠳᠠᠯ ᠢ ᠰᠠᠨᠠᠭᠠᠴᠢᠯᠠᠭ᠎ᠠ ᠠᠴᠠ ᠪᠠᠨ ᠢᠯᠠ ᠲᠣᠳᠣ ᠪᠣᠯᠭᠠᠵᠤ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠡᠷᠭᠦᠳᠡᠯ ᠢ ᠭᠥᠯᠢᠶᠡᠨ ᠠᠪᠴᠤ᠂ ᠰᠢᠢᠳᠪᠦᠷᠢᠯᠡᠭᠰᠡᠨ ᠪᠠᠶᠢᠳᠠᠯ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠭᠠᠷᠭᠠᠭᠰᠠᠨ ᠵᠠᠰᠠᠭ ᠵᠠᠬᠢᠷᠭᠠᠨ ᠤ ᠳᠠᠭᠢᠨ ᠵᠥᠪᠯᠡᠭᠰᠡᠨ ᠪᠣᠯᠣᠨ ᠵᠠᠰᠠᠭ ᠵᠠᠬᠢᠷᠭᠠᠨ ᠤ ᠵᠠᠷᠭᠤ ᠶᠢᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠬᠠᠯᠠᠨ ᠰᠠᠶᠢᠵᠢᠷᠠᠭᠤᠯᠤᠭᠰᠠᠨ ᠪᠠᠶᠢᠳᠠᠯ᠂ ᠪᠤᠰᠤᠳ ᠮᠡᠳᠡᠭᠡᠯᠡᠬᠦ ᠱᠠᠭᠠᠷᠳᠠᠯᠭ᠎ᠠ ᠲᠠᠢ ᠠᠰᠠᠭᠤᠳᠠᠯ ᠢ ᠪᠠᠭᠲᠠᠭᠠᠨ᠎ᠠ᠃ ᠪᠦᠷᠢᠳᠬᠡᠨ ᠭᠠᠷᠭᠠᠭᠰᠠᠨ ᠲᠤᠭ᠎ᠠ ᠪᠠᠷᠢᠮᠲᠠ ᠶᠢᠨ ᠬᠤᠭᠤᠴᠠᠭ᠎ᠠ ᠨᠢ 2024 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ 2024 ᠣᠨ ᠤ 12 ᠳ᠋ᠤᠭᠠᠷ ᠰᠠᠷ᠎ᠠ ᠶᠢᠨ 31 ᠤ ᠡᠳᠦᠷ ᠭᠦᠷᠦᠨ᠎ᠡ᠃ ᠲᠤᠰ ᠵᠢᠯ ᠤᠨ ᠮᠡᠳᠡᠭᠦᠯᠦᠯᠲᠡ ᠶᠢᠨ ᠴᠠᠬᠢᠮ ᠬᠤᠪᠢᠯᠪᠤᠷᠢ ᠶᠢ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ︵http : / / www . alszq . gov . cn ︶  ᠠᠴᠠ ᠲᠠᠲᠠᠵᠤ ᠠᠪᠬᠤ ᠪᠣᠯᠣᠮᠵᠢ ᠲᠠᠢ᠃ ᠬᠡᠷᠪᠡ ᠲᠤᠰ ᠵᠢᠯ ᠤᠨ ᠮᠡᠳᠡᠭᠦᠯᠦᠯᠲᠡ ᠳᠤ ᠮᠠᠳᠠᠭ ᠲᠠᠢ ᠪᠠᠶᠢᠪᠠᠯ᠂ ᠠᠯᠠᠱᠠ ᠵᠡᠭᠦᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠠᠯᠪᠠᠨ ᠭᠡᠷ ᠲᠠᠢ ᠬᠠᠷᠢᠯᠴᠠᠭᠠᠷᠠᠢ ︵ᠤᠲᠠᠰᠤ᠄ 0483 - 3990299᠂ ᠢᠮᠧᠯ᠄ azqtj@163. com︶᠃       ᠨᠢᠭᠡ᠂ ᠲᠣᠶᠢᠮᠣ ᠪᠠᠶᠢᠳᠠᠯ       ︵ᠨᠢᠭᠡ︶ ᠰᠠᠨᠠᠭᠠᠴᠢᠯᠠᠭ᠎ᠠ ᠠᠴᠠ ᠪᠠᠨ ᠢᠯᠠ ᠲᠣᠳᠣ ᠪᠣᠯᠭᠠᠭᠰᠠᠨ ᠪᠠᠶᠢᠳᠠᠯ ᠲᠠᠯ᠎ᠠ ᠪᠠᠷ       2024 ᠣᠨ ᠳᠤ ᠵᠠᠰᠠᠭ ᠤᠨ ᠣᠷᠳᠣᠨ ᠤ ᠮᠡᠳᠡᠭᠡᠯᠡᠯ ᠢ ᠨᠡᠶᠢᠲᠡ 20 ᠵᠤᠷᠪᠤᠰ ᠢ ᠢᠯᠡ ᠲᠣᠳᠣ ᠪᠣᠯᠭᠠᠵᠠᠢ       ︵ᠬᠤᠶᠠᠷ︶ ᠡᠷᠭᠦᠳᠡᠯ ᠢ ᠢᠯᠠ ᠲᠣᠳᠣ ᠪᠣᠯᠭᠠᠬᠤ ᠲᠠᠯ᠎ᠠ ᠪᠠᠷ       2024 ᠣᠨ ᠳᠤ ᠠᠯᠠᠱᠠ ᠵᠡᠭᠦᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠡᠷᠭᠦᠳᠡᠯ ᠶᠣᠰᠣᠭᠠᠷ ᠢᠯᠠ ᠲᠣᠳᠣ ᠪᠣᠯᠭᠠᠬᠤ ᠤᠴᠢᠷ ᠶᠠᠪᠤᠳᠠᠯ ᠢ ᠣᠯᠣᠭᠰᠠᠨ ᠦᠭᠡᠢ᠃ ᠵᠠᠰᠠᠭ ᠤᠨ ᠣᠷᠳᠣᠨ ᠤ ᠨᠡᠭᠡᠭᠡᠯᠲᠡ  ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠡᠷᠭᠦᠳᠡᠯ ᠠᠴᠠ ᠪᠣᠯᠵᠤ ᠡᠭᠦᠰᠦᠭᠰᠡᠨ ᠵᠠᠰᠠᠭ ᠵᠠᠬᠢᠷᠭᠠᠨ ᠢᠶᠠᠷ ᠳᠠᠭᠢᠨ ᠵᠥᠪᠯᠡᠭᠦᠯᠬᠦ ᠪᠠ ᠵᠠᠰᠠᠭ ᠵᠠᠬᠢᠷᠭᠠᠨ ᠤ ᠵᠠᠷᠭᠤ ᠭᠠᠷᠤᠭᠰᠠᠨ ᠦᠭᠡᠢ᠃       ︵ᠭᠤᠷᠪᠠ︶ ᠵᠠᠰᠠᠭ ᠤᠨ ᠣᠷᠳᠣᠨ ᠤ ᠮᠡᠳᠡᠭᠡᠯᠡᠯ ᠤᠨ ᠬᠠᠮᠢᠶᠠᠷᠤᠯᠲᠠ ᠶᠢᠨ ᠲᠤᠬᠠᠢ ᠶᠢᠨ ᠲᠠᠯ᠎ᠠ ᠪᠠᠷ       ︽ᠬᠡᠨ ᠭᠤᠣᠯᠴᠢᠯᠠᠨ ᠬᠠᠮᠢᠶᠠᠷᠪᠠᠯ ᠳᠠᠷᠤᠢ ᠬᠠᠷᠢᠭᠤᠴᠠᠬᠤ᠂ ᠬᠡᠨ ᠨᠡᠭᠡᠭᠡᠯᠲᠡ ᠲᠠᠢ ᠪᠣᠯᠭᠠᠪᠠᠯ ᠳᠠᠷᠤᠢ ᠬᠢᠨᠠᠨ ᠪᠠᠶᠢᠴᠠᠭᠠᠬᠤ︾ ᠵᠠᠷᠴᠢᠮ ᠶᠣᠰᠣᠭᠠᠷ᠂ ᠮᠡᠳᠡᠭᠡᠯᠡᠯ ᠢ ᠢᠯᠡ ᠨᠡᠶᠢᠲᠡᠯᠡᠬᠦ ᠶᠢ ᠬᠢᠨᠠᠨ ᠬᠠᠷᠭᠤᠭᠤᠯᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠮᠠᠨ ᠤ ᠲᠣᠪᠴᠢᠶ᠎ᠠ ᠶᠢᠨ ᠮᠡᠳᠡᠭᠡᠯᠡᠯ ᠨᠡᠶᠢᠲᠡᠯᠡᠬᠦ᠂ ᠬᠢᠨᠠᠨ ᠪᠠᠶᠢᠴᠠᠭᠠᠬᠤ᠂ ᠵᠣᠬᠢᠴᠠᠭᠤᠯᠬᠤ ᠪᠠ ᠬᠠᠮᠢᠶᠠᠷᠤᠯᠲᠠ ᠶᠢ ᠬᠥᠳᠡᠯᠦᠩᠭᠦᠢ ᠵᠣᠬᠢᠴᠠᠭᠤᠯᠬᠤ ᠵᠡᠷᠭᠡ ᠳᠦᠷᠢᠮ ᠢ ᠪᠦᠷᠢᠨᠰᠭᠦᠯᠵᠡᠢ᠃ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠡᠳᠦᠷ ᠳᠣᠳᠣᠮ ᠤᠨ ᠬᠢᠨᠠᠨ ᠰᠢᠨᠵᠢᠬᠦ ᠲᠣᠭᠲᠠᠴᠠ ᠶᠢ ᠲᠡᠭᠦᠯᠳᠡᠷᠵᠢᠭᠦᠯᠵᠦ᠂ ᠪᠦᠷᠢᠳᠬᠡᠨ ᠵᠠᠳᠠᠯᠬᠤ ᠶᠢ ᠴᠢᠩᠭᠠᠳᠬᠠᠨ᠂ ᠢᠯᠠ ᠲᠣᠳᠣ ᠪᠣᠯᠭᠠᠬᠤ ᠡᠵᠡᠮᠳᠡᠯ ᠤᠨ ᠠᠭᠤᠯᠭ᠎ᠠ ᠶᠢᠨ ᠴᠢᠨᠠᠷ ᠴᠢᠨᠰᠠᠭ᠎ᠠ ᠶᠢ ᠴᠢᠩᠭ᠎ᠠ ᠠᠳᠬᠤᠵᠠᠢ᠃       ︵ᠳᠥᠷᠪᠡ︶ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠲᠠᠪᠴᠠᠩ ᠤᠨ ᠪᠠᠶᠢᠭᠤᠯᠤᠯᠲᠠ ᠶᠢᠨ ᠲᠤᠬᠠᠢ       ᠮᠠᠨ ᠤ ᠲᠣᠪᠴᠢᠶ᠎ᠠ ᠵᠠᠰᠠᠭ ᠤᠨ ᠣᠷᠳᠣᠨ ᠤ ᠰᠦᠯᠵᠢᠶ᠎ᠡ᠂ ᠸᠢᠴᠠᠲ ᠤᠨ ᠲᠠᠪᠴᠠᠩ ᠳᠤ ᠲᠦᠰᠢᠭᠯᠡᠨ ᠮᠡᠳᠡᠭᠡᠯᠡᠯ ᠢ ᠢᠯᠡ ᠨᠡᠶᠢᠲᠡᠯᠡᠬᠦ ᠭᠤᠣᠯ ᠲᠠᠪᠴᠠᠩ ᠪᠤᠯᠭᠠᠵᠤ᠂ ᠰᠦᠯᠵᠢᠶᠡᠨ ᠥᠷᠲᠡᠭᠡ᠂ ᠲᠠᠪᠴᠠᠩ ᠤᠨ ᠱᠠᠭᠠᠷᠳᠠᠯᠭ᠎ᠠ ᠶᠣᠰᠣᠭᠠᠷ ᠮᠡᠳᠡᠭᠡᠯᠡᠯ ᠨᠡᠶᠢᠲᠡᠯᠡᠬᠦ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠬᠠᠮᠠᠭᠠᠯᠠᠵᠤ᠂ ᠰᠢᠨᠡᠴᠢᠯᠡᠪᠡ᠃ ᠡᠭᠦᠨ ᠤ ᠬᠠᠮᠲᠤ᠂ ᠲᠤᠭ᠎ᠠ ᠪᠦᠷᠢᠳᠬᠡᠯ ᠤᠨ ᠮᠡᠳᠡᠭᠡᠯᠡᠯ ᠤᠨ ᠲᠤᠰᠬᠠᠢ ᠪᠤᠯᠤᠩ ᠢ ᠭᠦᠢᠴᠡᠳ ᠠᠰᠢᠭᠯᠠᠨ᠂ ᠭᠤᠣᠯ ᠪᠤᠯᠬᠤ ᠠᠵᠤ ᠠᠬᠤᠢ ᠶᠢᠨ ᠭᠦᠢᠴᠡᠳᠬᠡᠬᠦ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠵᠢᠴᠢ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠴᠠᠭ ᠲᠤᠬᠠᠢ ᠳᠤᠨᠢ ᠨᠡᠶᠢᠲᠡᠯᠡᠵᠦ᠂ ᠨᠡᠶᠢᠭᠡᠮ ᠤᠨ ᠨᠡᠶᠢᠲᠡ ᠣᠯᠠᠨ ᠤ ᠪᠠᠶᠢᠴᠠᠭᠠᠨ ᠯᠠᠪᠯᠠᠬᠤ ᠳᠤ ᠦᠢᠯᠡᠴᠢᠯᠡᠬᠦ ᠬᠡᠷᠡᠭᠲᠡᠢ᠃       ︵ᠲᠠᠪᠤ︶ ᠬᠢᠨᠠᠯᠲᠠ᠂ ᠪᠠᠲᠤᠯᠠᠭᠠᠵᠢᠭᠤᠯᠤᠯᠲᠠ ᠶᠢᠨ ᠲᠤᠬᠠᠢ       ᠨᠢᠭᠡ ᠳᠤ᠂ ᠬᠢᠨᠠᠯᠲᠠ ᠲᠠᠯᠪᠢᠵᠤ ᠪᠠᠲᠤᠯᠠᠬᠤ ᠪᠠᠨ ᠴᠢᠩᠭᠠᠳᠬᠠᠵᠠᠢ᠃ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠬᠠᠷᠢᠭᠤᠴᠠᠬᠤ ᠪᠤᠯᠤᠩ ᠤᠨ ᠪᠠᠲᠤᠯᠠᠭ᠎ᠠ ᠪᠠ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠮᠡᠳᠡᠭᠡᠯᠡᠯ ᠢ ᠢᠯᠠ ᠲᠣᠳᠣ ᠪᠣᠯᠭᠠᠵᠤ ᠨᠢᠭᠤᠴᠠ ᠶᠢ ᠬᠠᠮᠠᠭᠠᠯᠠᠬᠤ᠂ ᠦᠵᠡᠯ ᠤᠬᠠᠮᠰᠠᠷ ᠤᠨ ᠭᠡᠯᠪᠡᠷᠢ ᠶᠢᠨ ᠬᠢᠨᠠᠨ ᠪᠠᠶᠢᠴᠠᠭᠠᠯᠲᠠ ᠶᠢ ᠴᠢᠩᠭᠠᠳᠬᠠᠵᠤ᠂ ᠤᠯᠤᠰ ᠲᠥᠷᠥ ᠶᠢᠨ ᠴᠢᠨᠠᠷᠲᠠᠢ᠂ ᠮᠡᠷᠭᠡᠵᠢᠯ ᠤᠨ ᠴᠢᠨᠠᠷᠲᠠᠢ ᠠᠯᠳᠠᠰᠢ ᠶᠢ ᠡᠷᠡᠰ ᠬᠤᠷᠢᠭᠯᠠᠨ᠎ᠠ᠃ ᠡᠯ᠎ᠡ ᠲᠥᠷᠥᠯ ᠤᠨ ᠭᠠᠳᠠᠭᠠᠳᠤ ᠬᠢᠨᠠᠯᠲᠠ ᠶᠢ ᠬᠦᠯᠢᠶᠡᠵᠦ᠂ ᠴᠠᠭ ᠲᠤᠬᠠᠢ ᠳᠤᠨᠢ ᠴᠡᠭᠴᠡᠯᠡᠨ ᠥᠭᠡᠷᠡᠴᠢᠯᠡᠬᠦ ᠪᠠ ᠮᠡᠳᠡᠭᠡᠯᠡᠯ ᠤᠨ ᠰᠢᠨᠡᠴᠢᠯᠡᠯᠲᠡ ᠬᠢᠵᠦ᠂ ᠣᠯᠠᠨ ᠲᠦᠮᠡᠨ ᠤ ᠮᠡᠳᠡᠭᠡ ᠵᠠᠩᠭᠢ ᠣᠯᠬᠤ ᠣᠨᠣᠪᠴᠢᠲᠤ ᠴᠢᠨᠠᠷ ᠪᠠ ᠴᠠᠭ ᠤᠨ ᠪᠦᠲᠦᠮᠵᠢᠲᠦ ᠴᠢᠨᠠᠷ ᠢ ᠪᠠᠲᠤᠯᠠᠵᠠᠢ᠃ ᠬᠤᠶᠠᠷ ᠲᠤ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯᠲᠠᠨ ᠤ ᠲᠤᠬᠠᠶᠢᠯᠠᠭᠰᠠᠨ ᠠᠵᠢᠯ ᠤᠨ ᠮᠡᠷᠭᠡᠵᠢᠯ ᠤᠨ ᠴᠢᠳᠠᠪᠤᠷᠢ ᠶᠢᠨ ᠰᠤᠷᠭᠠᠯᠲᠠ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯᠲᠠᠨ ᠤ ᠲᠤᠰᠬᠠᠢ ᠮᠡᠷᠭᠡᠵᠢᠯ ᠤᠨ ᠮᠡᠳᠡᠯᠭᠡ ᠮᠡᠷᠭᠡᠵᠢᠯ ᠤᠨ ᠴᠢᠳᠠᠪᠤᠷᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠪᠡ᠃ ᠮᠡᠳᠡᠭᠡᠯᠡᠯ ᠢ ᠬᠢᠨᠠᠨ ᠬᠠᠷᠭᠤᠭᠤᠯᠬᠤ ᠳᠡᠰ ᠳᠠᠷᠠᠭᠠᠯᠠᠯ ᠢ ᠴᠢᠩᠭ᠎ᠠ ᠬᠡᠷᠡᠭᠵᠢᠭᠦᠯᠵᠦ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠳᠦᠷᠢᠮ︾ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠪᠣᠯᠣᠨ ᠠᠷᠭ᠎ᠠ ᠬᠡᠮᠵᠢᠶ᠎ᠡ ᠶᠢ ᠪᠣᠳᠠᠲᠤ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠪᠠ᠃       ᠬᠤᠶᠠᠷ᠂ ᠵᠠᠰᠠᠭ ᠤᠨ ᠣᠷᠳᠣᠨ ᠤ ᠮᠡᠳᠡᠭᠡᠯᠡᠯ ᠢ ᠰᠠᠨᠠᠭᠠᠴᠢᠯᠠᠭ᠎ᠠ ᠠᠴᠠ ᠪᠠᠨ ᠢᠯᠠ ᠲᠣᠳᠣ ᠪᠣᠯᠭᠠᠬᠰᠠᠨ ᠪᠠᠶᠢᠳᠠᠯ       ᠭᠤᠷᠪᠠ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠡᠷᠭᠦᠳᠡᠯ ᠢ ᠭᠥᠯᠢᠶᠡᠨ ᠠᠪᠴᠤ᠂ ᠰᠢᠢᠳᠪᠦᠷᠢᠯᠡᠭᠰᠡᠨ ᠪᠠᠶᠢᠳᠠᠯ       ᠳᠥᠷᠪᠡ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠵᠠᠰᠠᠭ ᠵᠠᠬᠢᠷᠭᠠᠨ ᠢᠶᠠᠷ ᠳᠠᠭᠢᠨ ᠵᠥᠪᠯᠡᠭᠰᠡᠨ ᠪᠣᠯᠣᠨ ᠵᠠᠰᠠᠭ ᠵᠠᠬᠢᠷᠭᠠᠨ ᠤ ᠵᠠᠷᠭᠤ ᠶᠢᠨ ᠪᠠᠶᠢᠳᠠᠯ               ᠲᠠᠪᠤ᠂ ᠣᠷᠣᠰᠢᠵᠤ ᠪᠠᠶᠢᠭ᠎ᠠ ᠭᠤᠣᠯ ᠠᠰᠠᠭᠤᠳᠠᠯ ᠵᠢᠴᠢ ᠰᠠᠶᠢᠵᠢᠷᠠᠭᠤᠯᠤᠭᠰᠠᠨ ᠪᠠᠶᠢᠳᠠᠯ       ︵ᠨᠢᠭᠡ︶ ᠣᠷᠣᠰᠢᠵᠤ ᠪᠠᠶᠢᠭ᠎ᠠ ᠭᠤᠣᠯ ᠠᠰᠠᠭᠤᠳᠠᠯ       2024 ᠣᠨ ᠳᠤ ᠠᠯᠠᠱᠠ ᠵᠡᠭᠦᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠵᠠᠰᠠᠭ ᠤᠨ ᠶᠠᠪᠤᠳᠠᠯ ᠤᠨ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠠᠵᠢᠯ ᠵᠣᠬᠢᠬᠤ ᠦᠷ᠎ᠡ ᠪᠦᠲᠦᠮᠵᠢ ᠣᠯᠣᠭᠰᠠᠨ ᠪᠤᠯᠪᠠᠴᠤ ᠪᠠᠰᠠ ᠡᠳᠦᠢ ᠲᠡᠳᠦᠢ ᠠᠰᠠᠭᠤᠳᠠᠯ ᠣᠷᠣᠰᠢᠵᠤ ᠪᠤᠢ᠂ ᠨᠢᠭᠡ ᠳᠤ ᠰᠠᠨᠠᠭᠠᠴᠢᠯᠠᠭ᠎ᠠ ᠠᠴᠠ ᠪᠠᠨ ᠢᠯᠠ ᠲᠣᠳᠣ ᠪᠣᠯᠭᠠᠬᠤ ᠦᠵᠡᠯ ᠤᠬᠠᠮᠰᠠᠷ ᠢ ᠤᠯᠠᠮ ᠴᠢᠩᠭᠠᠳᠬᠠᠬᠤ ᠴᠢᠬᠤᠯᠠᠲᠠᠢ︔ ᠬᠤᠶᠠᠷ ᠲᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠠᠭᠤᠯᠭ᠎ᠠ ᠨᠢ ᠨᠡᠯᠢᠶᠡᠳ ᠳᠠᠩ ᠴᠤᠯᠭᠤᠢ ᠪᠠᠶᠢᠵᠤ᠂ ᠣᠯᠠᠨ ᠨᠡᠶᠢᠲᠡ ᠶᠢᠨ ᠬᠡᠷᠡᠭᠴᠡᠭᠡ ᠱᠠᠭᠠᠷᠳᠠᠯᠭ᠎ᠠ ᠯᠤᠭ᠎ᠠ ᠪᠠᠰᠠ ᠵᠥᠷᠢᠶ᠎ᠡ ᠲᠠᠢ ᠪᠠᠶᠢᠭᠰᠠᠭᠠᠷ᠃       ︵ᠬᠤᠶᠠᠷ︶ ᠰᠠᠶᠢᠵᠢᠷᠠᠭᠤᠯᠤᠭᠰᠠᠨ ᠪᠠᠶᠢᠳᠠᠯ       ᠨᠢᠭᠡ ᠳᠤ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠤᠨ ᠱᠠᠭᠠᠷᠳᠠᠯᠭ᠎ᠠ ᠶᠢ ᠰᠤᠷᠤᠯᠴᠠᠵᠤ᠂ ᠣᠨᠣᠯᠵᠢᠬᠤᠨ ᠢᠶᠠᠨ ᠤᠯᠠᠮ ᠬᠤᠪᠢᠷᠠᠭᠤᠯᠵᠤ᠂ ᠤᠳᠤᠷᠢᠳᠤᠯᠭ᠎ᠠ ᠪᠠᠨ ᠴᠢᠩᠭᠠᠳᠬᠠᠨ᠂ ᠲᠠᠨᠢᠯᠲᠠ ᠪᠠᠨ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠢ ᠪᠦᠭᠦ ᠲᠠᠯ᠎ᠠ ᠪᠠᠷ ᠲᠦᠯᠬᠢᠨ ᠠᠬᠢᠭᠤᠯᠵᠠᠢ᠃ ᠬᠤᠶᠠᠷ ᠲᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠴᠢᠩᠭᠠᠷᠠᠭᠤᠯᠵᠤ᠂ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠪᠣᠳᠠᠲᠤ ᠦᠷ᠎ᠡ ᠪᠦᠲᠦᠮᠵᠢ ᠶᠢ ᠤᠯᠠᠮ ᠳᠡᠭᠡᠭᠰᠢᠯᠡᠭᠦᠯᠵᠡᠢ᠃ ᠭᠤᠷᠪᠠ ᠳᠤ᠂ ᠰᠤᠷᠠᠭ ᠵᠠᠩᠭᠢ ᠨᠡᠶᠢᠲᠡᠯᠡᠬᠦ ᠥᠷᠭᠡᠴᠡ᠂ ᠭᠦᠨᠴᠡ ᠪᠠ ᠪᠦᠲᠦᠮᠵᠢᠲᠦ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠡᠶᠢᠭᠡᠮ ᠳᠤ ᠨᠡᠩ ᠴᠢᠨᠠᠷ ᠰᠠᠶᠢᠲᠠᠢ᠂ ᠥᠨᠳᠥᠷ ᠦᠷ᠎ᠡ ᠪᠦᠲᠦᠮᠵᠢᠲᠡᠢ ᠪᠦᠷᠢᠳᠬᠡᠯ ᠤᠨ ᠦᠢᠯᠡᠴᠢᠯᠡᠭᠡ ᠬᠠᠩᠭᠠᠵᠠᠢ᠃       ᠵᠢᠷᠭᠤᠭ᠎ᠠ᠂ ᠪᠤᠰᠤᠳ ᠮᠡᠳᠡᠭᠡᠯᠡᠬᠦ ᠱᠠᠭᠠᠷᠳᠠᠯᠭ᠎ᠠ ᠲᠠᠢ ᠠᠰᠠᠭᠤᠳᠠᠯ       ᠲᠤᠰ ᠵᠢᠯ ᠳᠤ ᠮᠡᠳᠡᠭᠡᠯᠡᠯ ᠢ ᠢᠯᠡ ᠲᠣᠳᠣ ᠪᠣᠯᠭᠠᠬᠤ ᠲᠠᠢ ᠬᠤᠯᠪᠣᠭᠳᠠᠬᠤ ᠬᠤᠷᠢᠶᠠᠮᠵᠢ ᠠᠪᠤᠭ᠎ᠠ ᠦᠭᠡᠢ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号