| | ᠲᠤᠰ ᠣᠨ ᠤ ᠮᠡᠳᠡᠭᠦᠯᠦᠯᠲᠡ ᠶᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ | ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠳᠦᠷᠢᠮ︾᠂ ︽ᠲᠥᠷᠥ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ᠤᠨ ᠮᠡᠳᠡᠭᠡᠯᠡᠯ ᠬᠢᠭᠡᠳ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠤᠨ ᠠᠯᠪᠠᠨ | ᠭᠡᠷ ᠤᠨ ᠬᠡᠪᠯᠡᠨ ᠲᠠᠷᠬᠠᠭᠠᠬᠤ ᠲᠤᠬᠠᠢ ᠮᠡᠳᠡᠭᠳᠡᠯ︾ ︵ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠵᠠᠬᠢᠳᠠᠯ ﹇ | 2011﹈ 30 ᠳ᠋ᠤᠭᠠᠷ ᠲᠣᠭᠠᠲᠤ︶ ᠶᠢ ᠦᠨᠳᠦᠰᠦᠯᠡᠨ ᠲᠤᠭᠤᠷᠪᠢᠪᠠ᠃ ᠪᠦᠭᠦ ᠠᠭᠤᠯᠭ᠎ᠠ ᠳᠤ ᠥᠪᠥᠷ | ᠮᠣᠩᠭᠤᠯ ᠤᠨ ᠠᠯᠠᠱᠠ ᠠᠭᠤᠯᠠ ᠶᠢᠨ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ | ᠬᠠᠮᠢᠶᠠᠷᠤᠯᠲᠠ ᠶᠢᠨ ᠲᠣᠪᠴᠢᠶ᠎ᠠ ᠶᠢᠨ 2024 ᠣᠨ ᠤ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ | ᠲᠣᠳᠣ ᠭᠠᠷᠭᠠᠭᠰᠠᠨ ᠶᠡᠷᠦᠩᠬᠡᠢ ᠪᠠᠶᠢᠳᠠᠯ ᠢ ᠪᠠᠭᠲᠠᠭᠠᠵᠤ᠂ ᠵᠠᠰᠠᠭ ᠤᠨ ᠣᠷᠳᠣᠨ ᠤ ᠮᠡᠳᠡᠭᠡᠯᠡᠯ ᠤᠨ ᠪᠠᠶᠢᠳᠠᠯ ᠢ | ᠰᠠᠨᠠᠭᠠᠴᠢᠯᠠᠭ᠎ᠠ ᠠᠴᠠ ᠪᠠᠨ ᠢᠯᠠ ᠲᠣᠳᠣ ᠪᠣᠯᠭᠠᠵᠤ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ | ᠲᠣᠳᠣ ᠪᠠᠶᠢᠯᠭᠠᠬᠤ ᠡᠷᠭᠦᠳᠡᠯ ᠤᠨ ᠪᠠᠶᠢᠳᠠᠯ ᠢ ᠭᠥᠯᠢᠶᠡᠨ ᠠᠪᠬᠤ ᠪᠠ ᠰᠢᠢᠳᠪᠦᠷᠢᠯᠡᠵᠦ᠂ ᠵᠠᠰᠠᠭ ᠤᠨ ᠣᠷᠳᠣᠨ ᠤ | ᠮᠡᠳᠡᠭᠡᠯᠡᠯ ᠢ ᠢᠯᠠ ᠲᠣᠳᠣ ᠪᠣᠯᠭᠠᠵᠤ ᠵᠠᠰᠠᠭ ᠵᠠᠬᠢᠷᠭᠠᠨ ᠢᠶᠠᠷ ᠳᠠᠭᠢᠨ ᠵᠥᠪᠯᠡᠭᠦᠯᠬᠦ᠂ ᠵᠠᠰᠠᠭ ᠵᠠᠬᠢᠷᠭᠠᠨ ᠤ ᠵᠠᠷᠭᠤ ᠶᠢᠨ | ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠬᠠᠯᠠᠨ ᠰᠠᠶᠢᠵᠢᠷᠠᠭᠤᠯᠤᠭᠰᠠᠨ ᠪᠠᠶᠢᠳᠠᠯ᠂ ᠪᠤᠰᠤᠳ ᠮᠡᠳᠡᠭᠡᠯᠡᠬᠦ | ᠱᠠᠭᠠᠷᠳᠠᠯᠭ᠎ᠠ ᠲᠠᠢ ᠠᠰᠠᠭᠤᠳᠠᠯ ᠢ ᠪᠠᠭᠲᠠᠭᠠᠨ᠎ᠠ᠃ ᠪᠦᠷᠢᠳᠬᠡᠨ ᠭᠠᠷᠭᠠᠭᠰᠠᠨ ᠲᠤᠭ᠎ᠠ ᠪᠠᠷᠢᠮᠲᠠ ᠶᠢᠨ ᠬᠤᠭᠤᠴᠠᠭ᠎ᠠ ᠨᠢ | 2024 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ 2024 ᠣᠨ ᠤ 12 ᠳ᠋ᠤᠭᠠᠷ ᠰᠠᠷ᠎ᠠ ᠶᠢᠨ 31 ᠤ | ᠡᠳᠦᠷ ᠭᠦᠷᠦᠨ᠎ᠡ᠃ ᠲᠤᠰ ᠵᠢᠯ ᠤᠨ ᠮᠡᠳᠡᠭᠦᠯᠦᠯᠲᠡ ᠶᠢᠨ ᠴᠠᠬᠢᠮ ᠬᠤᠪᠢᠯᠪᠤᠷᠢ ᠶᠢ ᠠᠯᠠᠱᠠ ᠵᠡᠭᠦᠨ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ︵http : / / www . alszq . gov . cn | ︶ ᠠᠴᠠ ᠲᠠᠲᠠᠵᠤ ᠠᠪᠬᠤ ᠪᠣᠯᠣᠮᠵᠢ ᠲᠠᠢ᠃ ᠬᠡᠷᠪᠡ ᠲᠤᠰ ᠵᠢᠯ ᠤᠨ ᠮᠡᠳᠡᠭᠦᠯᠦᠯᠲᠡ ᠳᠤ ᠰᠡᠵᠢᠭᠯᠡᠯ ᠲᠠᠢ ᠪᠠᠶᠢᠪᠠᠯ᠂ | ᠠᠯᠠᠱᠠ ᠠᠭᠤᠯᠠ ᠶᠢᠨ ᠬᠠᠮᠢᠶᠠᠷᠤᠯᠲᠠ ᠶᠢᠨ ᠲᠣᠪᠴᠢᠶᠠᠨ ᠤ ᠶᠡᠷᠦᠩᠬᠡᠶᠢᠯᠡᠭᠰᠡᠨ ᠠᠯᠪᠠᠨ ᠭᠡᠷ ᠲᠠᠢ ᠬᠠᠷᠢᠯᠴᠠᠭᠠᠷᠠᠢ ︵ | ᠤᠲᠠᠰᠤ᠄ 0483 - 8341472︶᠃ | ᠨᠢᠭᠡ᠂ ᠲᠣᠶᠢᠮᠣ ᠪᠠᠶᠢᠳᠠᠯ | ︵ᠨᠢᠭᠡ︶ ᠰᠠᠨᠠᠭᠠᠴᠢᠯᠠᠭ᠎ᠠ ᠠᠴᠠ ᠪᠠᠨ ᠢᠯᠠ ᠲᠣᠳᠣ ᠪᠣᠯᠭᠠᠭᠰᠠᠨ ᠪᠠᠶᠢᠳᠠᠯ | ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢᠶᠠᠷ ᠳᠠᠮᠵᠢᠭᠤᠯᠤᠨ 686 ᠵᠤᠷᠪᠤᠰ ᠮᠡᠳᠡᠭᠡᠯᠡᠯ | ᠨᠡᠶᠢᠲᠡᠯᠡᠵᠦ᠂ ᠨᠡᠶᠢᠲᠡ 101 ᠵᠤᠷᠪᠤᠰ ᠸᠢᠳᠢᠣ᠋ ᠬᠢᠨᠠᠯᠲᠠ ᠨᠡᠶᠢᠲᠡᠯᠡᠪᠡ᠃ | ︵ᠬᠤᠶᠠᠷ︶ ᠡᠷᠭᠦᠳᠡᠯ ᠤᠨ ᠳᠠᠭᠠᠤ ᠢᠯᠠ ᠲᠣᠳᠣ ᠪᠣᠯᠭᠠᠭᠰᠠᠨ ᠲᠤᠬᠠᠢ | ᠲᠤᠰ ᠵᠢᠯ ᠤᠨ ᠵᠠᠰᠠᠭ ᠦᠭᠡᠢ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠡᠷᠭᠦᠳᠡᠯ | ︵ᠭᠤᠷᠪᠠ︶ ᠵᠠᠰᠠᠭ ᠤᠨ ᠣᠷᠳᠣᠨ ᠤ ᠮᠡᠳᠡᠭᠡᠯᠡᠯ ᠤᠨ ᠬᠠᠮᠢᠶᠠᠷᠤᠯᠲᠠ ᠶᠢᠨ ᠲᠤᠬᠠᠢ | ᠲᠤᠰ ᠵᠢᠯ ᠳᠤ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠵᠠᠰᠠᠭ | ᠵᠠᠬᠢᠷᠭᠠᠨ ᠢᠶᠠᠷ ᠳᠠᠭᠢᠨ ᠵᠥᠪᠯᠡᠭᠦᠯᠬᠦ ᠬᠡᠷᠡᠭ ᠦᠭᠡᠢ᠂ ᠲᠤᠰ ᠵᠢᠯ ᠳᠤ ᠵᠠᠰᠠᠭ ᠵᠠᠬᠢᠷᠭᠠᠨ ᠤ ᠵᠠᠷᠭᠤ ᠬᠦᠯᠢᠶᠡᠭᠰᠡᠨ | ᠬᠡᠷᠡᠭ ᠦᠭᠡᠢ᠃ | ︵ᠳᠥᠷᠪᠡ︶ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ | ᠲᠠᠪᠴᠠᠩ ᠤᠨ ᠪᠠᠶᠢᠭᠤᠯᠤᠯᠲᠠ ᠶᠢᠨ ᠲᠤᠬᠠᠢ | ︽ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ︾ ᠰᠦᠯᠵᠢᠶ᠎ᠡ ᠳᠡᠭᠡᠷ᠎ᠡ ᠲᠦᠰᠢᠭᠯᠡᠨ᠂ | ᠤᠳᠤᠷᠢᠳᠤᠯᠭ᠎ᠠ ᠶᠢᠨ ᠴᠣᠩᠬᠤᠪᠴᠢ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠵᠠᠰᠠᠭ ᠤᠨ ᠶᠠᠪᠤᠳᠠᠯ ᠢ ᠢᠯᠠ | ᠲᠣᠳᠣ ᠪᠠᠶᠢᠯᠭᠠᠬᠤ ᠭᠠᠷᠴᠠᠭ᠂ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠣᠨ ᠤ ᠮᠡᠳᠡᠭᠦᠯᠦᠯᠲᠡ᠂ | ᠭᠤᠣᠯᠳᠠᠯᠭ᠎ᠠ ᠲᠠᠢ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ᠂ ᠡᠷᠭᠦᠳᠡᠯ ᠤᠨ ᠳᠠᠭᠠᠤ ᠢᠯᠠ ᠲᠣᠳᠣ | ᠪᠣᠯᠭᠠᠬᠤ ᠵᠡᠷᠭᠡ ᠠᠭᠤᠯᠭ᠎ᠠ ᠶᠢ ᠰᠠᠨᠠᠭᠠᠴᠢᠯᠠᠭ᠎ᠠ ᠠᠴᠠ ᠪᠠᠨ ᠢᠯᠠ ᠲᠣᠳᠣ ᠪᠣᠯᠭᠠᠵᠤ᠂ ᠮᠠᠨ ᠤ ᠲᠣᠪᠴᠢᠶ᠎ᠠ ᠶᠢᠨ | ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠪᠠᠶᠢᠭᠤᠯᠤᠯᠲᠠ᠂ ᠵᠠᠰᠠᠭ ᠤᠨ ᠶᠠᠪᠤᠳᠠᠯ ᠤᠨ ᠠᠮᠵᠢᠯᠲᠠ ᠪᠦᠲᠦᠮᠵᠢ | ᠂ ᠠᠵᠢᠯ ᠤᠨ ᠲᠤᠬᠠᠶᠢᠯᠠᠭᠰᠠᠨ ᠠᠵᠢᠯ ᠤᠨ ᠴᠤᠪᠤᠷᠠᠯ ᠵᠡᠷᠭᠡ ᠶᠢ ᠪᠦᠭᠦ ᠲᠠᠯ᠎ᠠ ᠪᠠᠷ ᠲᠤᠰᠬᠠᠵᠠᠢ᠃ ᠨᠢᠭᠡᠨᠲᠡ | ᠨᠡᠭᠡᠭᠡᠭᠰᠡᠨ ᠸᠢᠴᠠᠲ ᠤᠨ ᠲᠠᠪᠴᠠᠩ᠂ ᠸᠢᠳᠢᠣ᠋ ᠬᠢᠨᠠᠯᠲᠠ ᠶᠢᠨ ᠨᠣᠮᠧᠷ ᠢ ᠠᠰᠢᠭᠯᠠᠨ ᠠᠵᠢᠯ ᠤᠨ ᠪᠠᠶᠢᠳᠠᠯ ᠪᠣᠯᠣᠨ | ᠦᠷ᠎ᠡ ᠪᠦᠲᠦᠮᠵᠢ ᠶᠢ ᠨᠡᠶᠢᠲᠡᠯᠡᠵᠦ᠂ ᠦᠨᠳᠦᠰᠦᠲᠡᠨ ᠤ ᠪᠦᠯᠬᠦᠮᠳᠡᠯ ᠵᠡᠷᠭᠡ ᠢᠳᠡᠪᠬᠢ ᠬᠦᠴᠦᠨ ᠤ ᠠᠭᠤᠯᠭ᠎ᠠ ᠶᠢ | ᠥᠷᠭᠡᠨ ᠢᠶᠠᠷ ᠤᠬᠠᠭᠤᠯᠵᠤ᠂ ᠰᠦᠯᠵᠢᠶᠡᠨ ᠢᠷᠭᠡᠳ ᠤᠨ ᠬᠦᠰᠡᠯ ᠱᠠᠭᠠᠷᠳᠠᠯᠭ᠎ᠠ ᠪᠣᠯᠣᠨ ᠠᠰᠠᠭᠤᠯᠲᠠ ᠶᠢ ᠴᠠᠭ | ᠲᠤᠬᠠᠢ ᠳᠤᠨᠢ ᠬᠠᠷᠢᠭᠤᠯᠵᠠᠢ᠃ | ︵ᠲᠠᠪᠤ︶ ᠬᠢᠨᠠᠯᠲᠠ᠂ ᠪᠠᠲᠤᠯᠠᠭᠠᠵᠢᠭᠤᠯᠤᠯᠲᠠ ᠶᠢᠨ ᠲᠤᠬᠠᠢ | 2 ᠠᠵᠢᠯᠲᠠᠨ ᠢ ᠲᠣᠭᠲᠠᠭᠠᠨ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠢ | ᠬᠠᠷᠢᠭᠤᠴᠠᠭᠤᠯᠵᠤ᠂ ᠬᠠᠷᠢᠭᠤᠴᠠᠯᠭ᠎ᠠ᠂ ᠠᠵᠢᠯ ᠤᠨ ᠬᠤᠪᠢᠶᠠᠷᠢᠯᠠᠯ ᠲᠣᠳᠣᠷᠬᠠᠢ ᠨᠡᠭᠡᠭᠡᠯᠲᠡ ᠲᠠᠢ ᠮᠡᠳᠡᠭᠡᠯᠡᠯ ᠢ ᠢᠯᠠ | ᠲᠣᠳᠣ ᠪᠠᠶᠢᠯᠭᠠᠬᠤ ᠠᠵᠢᠯ ᠤᠨ ᠰᠢᠰᠲ᠋ᠧᠮᠵᠢ ᠶᠢ ᠪᠦᠷᠢᠯᠳᠦᠭᠦᠯᠵᠡᠢ᠃ ︽ᠥᠪᠥᠷ ᠮᠣᠩᠭᠤᠯ ᠤᠨ ᠠᠯᠠᠱᠠ | ᠠᠭᠤᠯᠠ ᠶᠢᠨ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ | ᠲᠣᠪᠴᠢᠶ᠎ᠠ ᠶᠢᠨ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ ᠳᠦᠷᠢᠮ︾᠂ ︽ᠥᠪᠥᠷ ᠮᠣᠩᠭᠤᠯ ᠤᠨ ᠠᠯᠠᠱᠠ | ᠠᠭᠤᠯᠠ ᠶᠢᠨ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ | ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠶᠢᠨ ᠨᠢᠭᠤᠴᠠ ᠶᠢ ᠬᠠᠮᠠᠭᠠᠯᠠᠬᠤ ᠶᠢ | ᠬᠢᠨᠠᠨ ᠪᠠᠶᠢᠴᠠᠭᠠᠬᠤ ᠳᠦᠷᠢᠮ︾᠂ ︽ᠥᠪᠥᠷ ᠮᠣᠩᠭᠤᠯ ᠤᠨ ᠠᠯᠠᠱᠠ ᠠᠭᠤᠯᠠ ᠶᠢᠨ ᠤᠯᠤᠰ ᠤᠨ ᠳᠡᠰ ᠤᠨ | ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠵᠠᠰᠠᠭ ᠤᠨ ᠣᠷᠳᠣᠨ ᠤ ᠨᠡᠭᠡᠭᠡᠯᠲᠡ | ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠠᠵᠢᠯ ᠤᠨ ᠳᠦᠷᠢᠮ︾᠂ ︽ᠥᠪᠥᠷ ᠮᠣᠩᠭᠤᠯ ᠤᠨ ᠠᠯᠠᠱᠠ | ᠠᠭᠤᠯᠠ ᠶᠢᠨ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ | ᠲᠣᠪᠴᠢᠶ᠎ᠠ ᠶᠢᠨ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠤᠨ ᠳᠦᠷᠢᠮ︾᠂ ︽ᠥᠪᠥᠷ | ᠮᠣᠩᠭᠤᠯ ᠤᠨ ᠠᠯᠠᠱᠠ ᠠᠭᠤᠯᠠ ᠶᠢᠨ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ | ᠬᠠᠮᠢᠶᠠᠷᠤᠯᠲᠠ ᠶᠢᠨ ᠲᠣᠪᠴᠢᠶ᠎ᠠ ᠶᠢᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠮᠡᠳᠡᠭᠡᠯᠡᠯ ᠢ | ᠨᠡᠶᠢᠲᠡᠯᠡᠬᠦ ᠶᠢ ᠬᠢᠨᠠᠨ ᠬᠠᠷᠭᠤᠭᠤᠯᠵᠤ ᠬᠠᠮᠢᠶᠠᠷᠬᠤ ᠳᠦᠷᠢᠮ︾ ᠵᠡᠷᠭᠡ ᠬᠠᠮᠢᠶ᠎ᠠ ᠪᠦᠬᠦᠢ ᠠᠵᠢᠯ ᠤᠨ ᠳᠦᠷᠢᠮ ᠢ | ᠴᠢᠩᠭ᠎ᠠ ᠬᠡᠷᠡᠭᠵᠢᠭᠦᠯᠵᠡᠢ᠃ ︽ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ︾ ᠰᠦᠯᠵᠢᠶᠡᠨ ᠤ | ᠥᠷᠲᠡᠭᠡ ᠶᠢᠨ ᠬᠠᠮᠢᠶ᠎ᠠ ᠪᠦᠬᠦᠢ ᠪᠤᠯᠤᠩ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠵᠡᠷᠭᠡ ᠥᠪᠡᠷ ᠢᠶᠠᠨ | ᠪᠠᠶᠢᠴᠠᠭᠠᠬᠤ ᠠᠵᠢᠯ ᠢ ᠥᠷᠨᠢᠭᠦᠯᠵᠦ᠂ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠴᠡᠭᠴᠡᠯᠡᠨ | ᠰᠠᠶᠢᠵᠢᠷᠠᠭᠤᠯᠵᠤ᠂ ᠰᠦᠯᠵᠢᠶᠡᠨ ᠤ ᠥᠷᠲᠡᠭᠡ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠡᠪ ᠤᠨ | ᠠᠵᠢᠯᠯᠠᠭᠠᠨ ᠢ ᠦᠨᠡᠨᠬᠦ ᠪᠠᠲᠤᠯᠠᠵᠠᠢ᠃ | ᠬᠤᠶᠠᠷ᠂ ᠵᠠᠰᠠᠭ ᠤᠨ ᠣᠷᠳᠣᠨ ᠤ ᠮᠡᠳᠡᠭᠡᠯᠡᠯ ᠢ ᠰᠠᠨᠠᠭᠠᠴᠢᠯᠠᠭ᠎ᠠ ᠠᠴᠠ ᠪᠠᠨ ᠢᠯᠠ ᠲᠣᠳᠣ ᠪᠣᠯᠭᠠᠬᠰᠠᠨ | ᠪᠠᠶᠢᠳᠠᠯ | ᠭᠤᠷᠪᠠ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠡᠷᠭᠦᠳᠡᠯ ᠢ | ᠭᠥᠯᠢᠶᠡᠨ ᠠᠪᠴᠤ᠂ ᠰᠢᠢᠳᠪᠦᠷᠢᠯᠡᠭᠰᠡᠨ ᠪᠠᠶᠢᠳᠠᠯ | ᠳᠥᠷᠪᠡ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠵᠠᠰᠠᠭ | ᠵᠠᠬᠢᠷᠭᠠᠨ ᠢᠶᠠᠷ ᠳᠠᠭᠢᠨ ᠵᠥᠪᠯᠡᠭᠰᠡᠨ ᠪᠣᠯᠣᠨ ᠵᠠᠰᠠᠭ ᠵᠠᠬᠢᠷᠭᠠᠨ ᠤ ᠵᠠᠷᠭᠤ ᠶᠢᠨ ᠪᠠᠶᠢᠳᠠᠯ | | ᠲᠠᠪᠤ᠂ ᠣᠷᠣᠰᠢᠵᠤ ᠪᠠᠶᠢᠭ᠎ᠠ ᠭᠤᠣᠯ ᠠᠰᠠᠭᠤᠳᠠᠯ ᠵᠢᠴᠢ ᠰᠠᠶᠢᠵᠢᠷᠠᠭᠤᠯᠤᠭᠰᠠᠨ ᠪᠠᠶᠢᠳᠠᠯ | ︵ᠨᠢᠭᠡ︶ ᠣᠷᠣᠰᠢᠵᠤ ᠪᠠᠶᠢᠭ᠎ᠠ ᠭᠤᠣᠯ ᠠᠰᠠᠭᠤᠳᠠᠯ | ᠨᠢᠭᠡ ᠳᠤ᠂ ᠮᠡᠳᠡᠭᠡᠯᠡᠯ ᠨᠡᠶᠢᠲᠡᠯᠡᠬᠦ ᠰᠠᠨᠠᠭᠠᠴᠢᠯᠠᠭᠠᠲᠤ ᠴᠢᠨᠠᠷ᠂ ᠬᠤᠭᠤᠴᠠᠭᠠᠲᠤ ᠦᠢᠯᠡᠳᠦᠯ ᠢ ᠤᠯᠠᠮ | ᠳᠡᠭᠡᠭᠰᠢᠯᠡᠭᠦᠯᠭᠦ ᠴᠢᠬᠤᠯᠠᠲᠠᠢ ᠪᠠᠶᠢᠨ᠎ᠠ᠃ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠪᠤᠯᠤᠩ ᠢ ᠰᠢᠨᠡᠳᠬᠡᠬᠦ | ᠦᠵᠡᠯ ᠤᠬᠠᠮᠰᠠᠷ ᠨᠢ ᠭᠦᠢᠴᠡᠳ ᠦᠭᠡᠢ᠂ ᠨᠡᠶᠢᠲᠡᠯᠡᠬᠦ ᠭᠡᠯᠪᠡᠷᠢ ᠨᠢ ᠨᠡᠯᠢᠶᠡᠳ ᠳᠠᠩ ᠴᠤᠯᠭᠤᠢ︔ ᠬᠤᠶᠠᠷ ᠲᠤ | ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠲᠥᠷᠥ ᠶᠢᠨ ᠪᠣᠳᠣᠯᠭ᠎ᠠ ᠣᠨᠣᠯ ᠤᠨ ᠰᠤᠷᠤᠯᠴᠠᠯᠭ᠎ᠠ ᠪᠠ | ᠲᠤᠬᠠᠶᠢᠯᠠᠭᠰᠠᠨ ᠠᠵᠢᠯ ᠤᠨ ᠰᠤᠳᠤᠯᠤᠯ ᠢ ᠭᠦᠨᠵᠡᠭᠡᠶᠢᠷᠡᠭᠦᠯᠦᠭᠰᠡᠨ ᠢᠶᠠᠷ ᠬᠦᠷᠦᠯᠴᠡᠬᠦ ᠦᠭᠡᠢ᠂ ᠲᠥᠷᠥ ᠶᠢᠨ | ᠪᠣᠳᠣᠯᠭ᠎ᠠ ᠶᠢᠨ ᠵᠣᠷᠢᠭ ᠰᠠᠨᠠᠭ᠎ᠠ ᠶᠢ ᠣᠨᠣᠪᠴᠢᠲᠠᠢ ᠡᠵᠡᠮᠰᠢᠵᠦ ᠳᠡᠶᠢᠯᠭᠦ ᠦᠭᠡᠢ᠃ | ︵ᠬᠤᠶᠠᠷ︶ ᠰᠠᠶᠢᠵᠢᠷᠠᠭᠤᠯᠤᠭᠰᠠᠨ ᠪᠠᠶᠢᠳᠠᠯ | ᠠᠯᠠᠱᠠ ᠠᠭᠤᠯᠠ ᠶᠢᠨ ᠬᠠᠮᠢᠶᠠᠷᠤᠯᠲᠠ ᠶᠢᠨ ᠲᠣᠪᠴᠢᠶ᠎ᠠ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ | ᠡᠯ᠎ᠡ ᠵᠦᠢᠯ ᠤᠨ ᠠᠵᠢᠯ ᠢ ᠦᠷᠭᠦᠯᠵᠢᠯᠡᠨ ᠯᠠᠪᠳᠠᠭᠤᠨ ᠪᠠᠲᠤᠲᠠᠢ ᠰᠠᠶᠢᠲᠤᠷ ᠭᠦᠢᠴᠡᠳᠬᠡᠵᠡᠢ᠂ ᠨᠢᠭᠡ ᠳᠤ | ᠠᠵᠢᠯᠲᠠᠳ ᠤᠨ ᠵᠠᠰᠠᠭ ᠤᠨ ᠣᠷᠳᠣᠨ ᠤ ᠮᠡᠳᠡᠭᠡᠯᠡᠯ ᠢ ᠰᠠᠨᠠᠭᠠᠴᠢᠯᠠᠭ᠎ᠠ ᠲᠠᠢ ᠪᠠᠷ ᠢᠯᠠ ᠲᠣᠳᠣ ᠪᠣᠯᠭᠠᠬᠤ ᠤᠬᠠᠮᠰᠠᠷ ᠢ | ᠲᠠᠰᠤᠷᠠᠯᠲᠠ ᠦᠭᠡᠢ ᠴᠢᠩᠭᠠᠳᠬᠠᠬᠤ ᠶᠢ ᠪᠠᠷᠢᠮᠲᠠᠯᠠᠵᠤ᠂ ᠠᠵᠢᠯ ᠤᠨ ᠬᠦᠷᠢᠶ᠎ᠡ ᠴᠠᠷᠠᠭ᠎ᠠ ᠪᠠᠨ ᠢᠳᠡᠪᠬᠢᠲᠡᠢ | ᠥᠷᠭᠡᠳᠬᠡᠨ᠂ ᠢᠯᠠ ᠲᠣᠳᠣ ᠪᠣᠯᠭᠠᠬᠤ ᠭᠡᠯᠪᠡᠷᠢ ᠶᠢ ᠪᠠᠶᠠᠯᠢᠭᠵᠢᠭᠤᠯᠵᠤ᠂ ᠢᠯᠠ ᠲᠣᠳᠣ ᠪᠣᠯᠭᠠᠬᠤ ᠴᠠᠭ ᠤᠨ ᠦᠷ᠎ᠡ | ᠪᠦᠲᠦᠮᠵᠢ ᠶᠢ ᠳᠡᠭᠡᠭᠰᠢᠯᠡᠭᠦᠯᠵᠡᠢ︔ ᠬᠤᠶᠠᠷ ᠲᠤ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠲᠥᠷᠥ ᠶᠢᠨ | ᠪᠣᠳᠣᠯᠭ᠎ᠠ ᠶᠢᠨ ᠣᠨᠣᠯ ᠤᠨ ᠰᠤᠷᠤᠯᠴᠠᠯᠭ᠎ᠠ ᠪᠠ ᠲᠤᠬᠠᠶᠢᠯᠠᠭᠰᠠᠨ ᠠᠵᠢᠯ ᠤᠨ ᠰᠤᠳᠤᠯᠭᠠᠨ ᠢ ᠴᠢᠩᠭᠠᠳᠬᠠᠵᠤ᠂ ᠡᠯ᠎ᠡ | ᠵᠦᠢᠯ ᠤᠨ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠪᠠ ᠬᠤᠷᠠᠯ ᠤᠨ ᠵᠣᠷᠢᠭ ᠰᠠᠨᠠᠭ᠎ᠠ ᠶᠢ ᠡᠷᠴᠢᠮᠲᠡᠢ | ᠣᠶᠢᠯᠠᠭᠠᠵᠤ ᠮᠡᠳᠡᠪᠡ︔ ᠭᠤᠷᠪᠠ ᠳᠤ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠤᠨ ᠲᠣᠭᠤᠷᠢᠨ ᠳᠤ | ᠂ ᠡᠯ᠎ᠡ ᠵᠦᠢᠯ ᠤᠨ ᠠᠷᠭ᠎ᠠ ᠵᠠᠮ ᠢ ᠠᠰᠢᠭᠯᠠᠨ᠂ ᠣᠯᠠᠨ ᠵᠦᠢᠯ ᠤᠨ ᠭᠡᠯᠪᠡᠷᠢ ᠮᠠᠶ᠋ᠢᠭ ᠢ ᠠᠪᠴᠤ᠂ ᠵᠠᠰᠠᠭ ᠤᠨ | ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠤᠨ ᠪᠠᠶᠢᠷᠢᠯᠠᠭᠤᠯᠤᠯᠲᠠ᠂ ᠣᠯᠣᠭᠰᠠᠨ ᠦᠷ᠎ᠡ ᠪᠦᠲᠦᠮᠵᠢ ᠶᠢ ᠨᠡᠶᠢᠭᠡᠮ | ᠪᠣᠯᠣᠨ ᠥᠷᠭᠡᠨ ᠣᠯᠠᠨ ᠲᠦᠮᠡᠨ ᠳᠤ ᠤᠬᠠᠭᠤᠯᠵᠤ᠂ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠰᠠᠶᠢᠨ | ᠰᠠᠶᠢᠬᠠᠨ ᠣᠷᠴᠢᠨ ᠠᠬᠤᠢ ᠶᠢ ᠪᠤᠢ ᠪᠣᠯᠭᠠᠵᠠᠢ᠃ | ᠵᠢᠷᠭᠤᠭ᠎ᠠ᠂ ᠪᠤᠰᠤᠳ ᠮᠡᠳᠡᠭᠡᠯᠡᠬᠦ ᠱᠠᠭᠠᠷᠳᠠᠯᠭ᠎ᠠ ᠲᠠᠢ ᠠᠰᠠᠭᠤᠳᠠᠯ | ︵ᠨᠢᠭᠡ︶ ᠮᠡᠳᠡᠭᠡᠯᠡᠯ ᠢ ᠰᠢᠢᠳᠪᠦᠷᠢᠯᠡᠬᠦ ᠰᠦᠢᠳᠬᠡᠯ ᠬᠤᠷᠢᠶᠠᠭᠰᠠᠨ ᠪᠠᠶᠢᠳᠠᠯ | ᠲᠤᠰ ᠤᠨ ᠳᠤ ᠮᠡᠳᠡᠭᠡᠯᠡᠯ ᠢ ᠨᠡᠭᠡᠭᠡᠯᠲᠡ ᠲᠠᠢ ᠪᠣᠯᠭᠠᠬᠤ ᠲᠠᠢ ᠬᠤᠯᠪᠣᠭᠳᠠᠬᠤ ᠬᠤᠷᠢᠶᠠᠮᠵᠢ ᠠᠪᠤᠭ᠎ᠠ ᠦᠭᠡᠢ᠃ | ︵ᠬᠤᠶᠠᠷ︶ 2024ᠣᠨ ᠤ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠢ | ᠨᠠᠶᠢᠳᠠᠪᠤᠷᠢᠵᠢᠭᠤᠯᠤᠭᠰᠠᠨ ᠪᠠᠶᠢᠳᠠᠯ | 1. ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠶᠢ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ | ᠲᠠᠯ᠎ᠠ ᠪᠠᠷ | ᠵᠠᠰᠠᠭ ᠤᠨ ᠣᠷᠳᠣᠨ ᠤ ᠰᠦᠯᠵᠢᠶᠡᠨ ᠤ ᠠᠭᠤᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠤᠰᠬᠠᠢ | ᠪᠤᠯᠤᠩ ᠤᠨ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠦᠢᠯᠡᠴᠢᠯᠡᠭᠡᠨ ᠤ ᠨᠡᠭᠡᠭᠡᠯᠲᠡ | ᠲᠠᠢ ᠮᠡᠳᠡᠭᠡᠯᠡᠯ ᠢ ᠢᠯᠠ ᠲᠣᠳᠣ ᠭᠠᠷᠭᠠᠭᠰᠠᠨ ᠪᠠᠶᠢᠳᠠᠯ ᠢ ᠪᠦᠭᠦ ᠲᠠᠯ᠎ᠠ ᠪᠠᠷ ᠡᠮᠬᠢᠯᠡᠵᠦ᠂ ᠠᠭᠤᠯᠭ᠎ᠠ ᠶᠢ | ᠨᠡᠶᠢᠲᠡᠯᠡᠬᠦ ᠶᠢ ᠬᠢᠨᠠᠨ ᠬᠠᠷᠭᠤᠭᠤᠯᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠮᠡᠳᠡᠭᠡᠯᠡᠯ ᠤᠨ ᠠᠭᠤᠯᠭ᠎ᠠ ᠶᠢ | ᠴᠠᠭ ᠲᠤᠬᠠᠢ ᠳᠤᠨᠢ ᠰᠢᠨᠡᠳᠬᠡᠨ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠴᠢᠳᠠᠮᠵᠢ ᠶᠢᠨ ᠪᠠᠶᠢᠷᠢ | ᠲᠣᠭᠲᠠᠭᠠᠯᠲᠠ ᠶᠢ ᠲᠣᠳᠣᠷᠬᠠᠶᠢᠯᠠᠵᠤ᠂ ᠵᠠᠰᠠᠭ ᠤᠨ ᠣᠷᠳᠣᠨ ᠤ ᠰᠦᠯᠵᠢᠶ᠎ᠡ ᠪᠠ ᠵᠠᠰᠠᠭ ᠤᠨ ᠶᠠᠪᠤᠳᠠᠯ ᠤᠨ ᠰᠢᠨ᠎ᠡ | ᠵᠠᠭᠤᠴᠢᠯᠠᠭᠤᠷ ᠤᠨ ᠬᠡᠪ ᠤᠨ ᠪᠠᠶᠢᠳᠠᠯ ᠲᠣᠭᠲᠠᠭᠤᠨ ᠡᠷᠭᠢᠯᠲᠡ ᠶᠢ ᠦᠨᠡᠨᠬᠦ ᠪᠠᠲᠤᠯᠠᠵᠠᠢ᠃ | 2. ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠳᠠᠬᠢ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ | ᠲᠠᠯ᠎ᠠ ᠪᠠᠷ | ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠬᠢᠭᠡᠳ ᠸᠢᠴᠠᠲ ᠤᠨ ᠲᠠᠪᠴᠠᠩ ᠢ ᠭᠦᠢᠴᠡᠳ ᠠᠰᠢᠭᠯᠠᠨ᠂ | ᠦᠨᠳᠦᠰᠦᠲᠡᠨ ᠤ ᠪᠦᠯᠬᠦᠮᠳᠡᠯ ᠢ ᠢᠯᠠ ᠲᠣᠳᠣ ᠪᠣᠯᠭᠠᠬᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ | ᠰᠢᠯᠢᠳᠡᠭᠵᠢᠭᠦᠯᠬᠦ ᠵᠡᠷᠭᠡ ᠭᠤᠣᠯᠳᠠᠯᠭ᠎ᠠ ᠲᠠᠢ ᠬᠦᠷᠢᠶᠡᠨ ᠤ ᠮᠡᠳᠡᠭᠡᠯᠡᠯ ᠢ ᠪᠦᠭᠦ ᠲᠠᠯ᠎ᠠ ᠪᠠᠷ ᠢᠯᠠ ᠲᠣᠳᠣ ᠪᠣᠯᠭᠠᠵᠤ᠂ | ᠥᠷᠭᠡᠨ ᠣᠯᠠᠨ ᠠᠷᠠᠳ ᠲᠦᠮᠡᠨ ᠤ ᠳᠤᠷᠠᠳᠤᠭᠰᠠᠨ ᠠᠰᠠᠭᠤᠳᠠᠯ ᠪᠠ ᠰᠠᠨᠠᠭᠤᠯᠭ᠎ᠠ ᠶᠢ ᠴᠠᠭ ᠲᠤᠬᠠᠢ ᠳᠤᠨᠢ ᠬᠠᠷᠢᠭᠤ | ᠲᠤᠰᠬᠠᠵᠠᠢ᠃ | | |