ᠠᠯᠠᠱᠠ ᠠᠶᠢᠮᠠᠭ ᠤᠨ ᠠᠯᠠᠱᠠ ᠵᠡᠭᠦᠨ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠪᠠ ᠣᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠶᠢᠨ 2024 ᠣᠨ ᠤ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠠᠵᠢᠯ ᠤᠨ ᠣᠨ ᠤ ᠮᠡᠳᠡᠭᠦᠯᠦᠯᠲᠡ
ᠨᠡᠶᠢᠲᠡᠯᠡᠭᠰᠡᠨ ᠴᠠᠭ᠄
2024/12/31
            ᠲᠤᠰ ᠣᠨ ᠤ ᠮᠡᠳᠡᠭᠦᠯᠦᠯᠲᠡ ᠶᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠳᠦᠷᠢᠮ︾᠂ ︽ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠡᠯᠡᠯ ᠬᠢᠭᠡᠳ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠤᠨ ᠠᠯᠪᠠᠨ ᠭᠡᠷ ᠤᠨ ︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠠᠵᠢᠯ ᠤᠨ ᠣᠨ ᠤ ᠮᠡᠳᠡᠭᠦᠯᠦᠯᠲᠡ ᠶᠢᠨ ᠬᠡᠪ ᠵᠠᠭᠪᠤᠷ﹀ ᠢ ᠬᠡᠪᠯᠡᠨ ᠲᠠᠷᠬᠠᠭᠠᠬᠤ ᠲᠤᠬᠠᠢ ᠮᠡᠳᠡᠭᠳᠡᠯ︾ ︵ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠵᠠᠬᠢᠳᠠᠯ ﹇2011﹈ 30 ᠳ᠋ᠤᠭᠠᠷ ᠲᠣᠭᠠᠲᠤ︶  ᠶᠢ ᠦᠨᠳᠦᠰᠦᠯᠡᠨ ᠲᠤᠭᠤᠷᠪᠢᠪᠠ᠃ ᠪᠦᠭᠦ ᠠᠭᠤᠯᠭ᠎ᠠ ᠳᠤ ᠠᠯᠠᠱᠠ ᠵᠡᠭᠦᠨ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠪᠣᠯᠣᠨ ᠣᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠭᠠᠷᠭᠠᠭᠰᠠᠨ ᠶᠡᠷᠦᠩᠬᠡᠢ ᠪᠠᠶᠢᠳᠠᠯ᠂ ᠵᠠᠰᠠᠭ ᠤᠨ ᠣᠷᠳᠣᠨ ᠤ ᠮᠡᠳᠡᠭᠡᠯᠡᠯ ᠢ ᠰᠠᠨᠠᠭᠠᠴᠢᠯᠠᠭ᠎ᠠ ᠲᠠᠢ ᠪᠠᠷ ᠢᠯᠠ ᠲᠣᠳᠣ ᠪᠣᠯᠭᠠᠬᠰᠠᠨ ᠪᠠᠶᠢᠳᠠᠯ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠡᠷᠭᠦᠳᠡᠯ ᠢ ᠭᠥᠯᠢᠶᠡᠨ ᠠᠪᠴᠤ᠂ ᠰᠢᠢᠳᠪᠦᠷᠢᠯᠡᠭᠰᠡᠨ ᠪᠠᠶᠢᠳᠠᠯ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠭᠠᠷᠭᠠᠭᠰᠠᠨ ᠵᠠᠰᠠᠭ ᠵᠠᠬᠢᠷᠭᠠᠨ ᠤ ᠳᠠᠭᠢᠨ ᠵᠥᠪᠯᠡᠭᠰᠡᠨ ᠪᠣᠯᠣᠨ ᠵᠠᠰᠠᠭ ᠵᠠᠬᠢᠷᠭᠠᠨ ᠤ ᠵᠠᠷᠭᠤ ᠶᠢᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠬᠠᠯᠠᠨ ᠰᠠᠶᠢᠵᠢᠷᠠᠭᠤᠯᠤᠭᠰᠠᠨ ᠪᠠᠶᠢᠳᠠᠯ᠂ ᠪᠤᠰᠤᠳ ᠮᠡᠳᠡᠭᠡᠯᠡᠬᠦ ᠱᠠᠭᠠᠷᠳᠠᠯᠭ᠎ᠠ ᠲᠠᠢ ᠠᠰᠠᠭᠤᠳᠠᠯ ᠢ ᠪᠠᠭᠲᠠᠭᠠᠨ᠎ᠠ᠃ ᠪᠦᠷᠢᠳᠬᠡᠨ ᠭᠠᠷᠭᠠᠭᠰᠠᠨ ᠲᠤᠭ᠎ᠠ ᠪᠠᠷᠢᠮᠲᠠ ᠶᠢᠨ ᠬᠤᠭᠤᠴᠠᠭ᠎ᠠ ᠨᠢ 2024 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ 2024 ᠣᠨ ᠤ 12 ᠳ᠋ᠤᠭᠠᠷ ᠰᠠᠷ᠎ᠠ ᠶᠢᠨ 31 ᠤ ᠡᠳᠦᠷ ᠭᠦᠷᠦᠨ᠎ᠡ᠃ ᠲᠤᠰ ᠵᠢᠯ ᠤᠨ ᠮᠡᠳᠡᠭᠦᠯᠦᠯᠲᠡ  ᠶᠢᠨ ᠴᠠᠬᠢᠮ ᠬᠡᠪᠯᠡᠯ ᠨᠢ ᠠᠯᠠᠱᠠ ᠵᠡᠭᠦᠨ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠪᠣᠯᠣᠨ ᠣᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠶᠢᠨ ᠵᠠᠰᠠᠭ ᠤᠨ ᠣᠷᠳᠣᠨ ᠤ ᠡᠭᠦᠳᠡ ᠰᠦᠯᠵᠢᠶᠡᠨ ᠥᠷᠲᠡᠭᠡ ︵http : //www . alszq . gov . cn/︶ ᠠᠴᠠ ᠲᠠᠲᠠᠵᠤ ᠠᠪᠬᠤ ᠪᠣᠯᠣᠮᠵᠢ ᠲᠠᠢ᠃ ᠲᠤᠰ ᠵᠢᠯ ᠤᠨ ᠮᠡᠳᠡᠭᠦᠯᠦᠯᠲᠡ ᠳᠤ ᠬᠡᠷᠪᠡ ᠮᠠᠳᠠᠭ ᠲᠠᠢ ᠪᠠᠶᠢᠪᠠᠯ᠂ ᠠᠯᠠᠱᠠ ᠵᠡᠭᠦᠨ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠪᠠ ᠣᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠲᠠᠢ ᠬᠠᠷᠢᠯᠴᠠᠭᠠᠷᠠᠢ ︵ᠤᠲᠠᠰᠤ᠄ 0483 - 8229366︶᠃       ᠨᠢᠭᠡ᠂ ᠲᠣᠶᠢᠮᠣ ᠪᠠᠶᠢᠳᠠᠯ       ︵ᠨᠢᠭᠡ︶ ᠰᠠᠨᠠᠭᠠᠴᠢᠯᠠᠭ᠎ᠠ ᠠᠴᠠ ᠪᠠᠨ ᠢᠯᠠ ᠲᠣᠳᠣ ᠪᠣᠯᠭᠠᠭᠰᠠᠨ ᠪᠠᠶᠢᠳᠠᠯ       2024 ᠨᠡᠶᠢᠲᠡ ᠵᠠᠰᠠᠭ ᠤᠨ ᠣᠷᠳᠣᠨ ᠤ ᠮᠡᠳᠡᠭᠡᠯᠡᠯ ᠢ 37 ᠵᠤᠷᠪᠤᠰ ᠢᠯᠡ ᠲᠣᠳᠣ ᠪᠣᠯᠭᠠᠵᠠᠢ᠂ ᠡᠭᠦᠨ ᠳᠤ ᠮᠡᠳᠡᠭᠳᠡᠯ ᠢᠯᠠ ᠲᠣᠳᠣ ᠪᠣᠯᠭᠠᠬᠤ 18 ᠵᠤᠷᠪᠤᠰ᠂ ︽ᠬᠤᠶᠠᠷ ᠢ ᠲᠠᠰᠢᠷᠠᠮ ᠳᠠᠭᠠᠤ᠂ ᠨᠢᠭᠡ ᠶᠢ ᠢᠯᠠ ᠲᠣᠳᠣ ᠪᠣᠯᠭᠠᠬᠤ︾ ᠮᠡᠳᠡᠭᠡ ᠵᠠᠩᠭᠢ 3 ᠵᠤᠷᠪᠤᠰ᠂ ᠰᠠᠯᠠᠭ᠎ᠠ ᠮᠥᠴᠢᠷ ᠤᠨ ᠤᠳᠤᠷᠢᠳᠤᠯᠭ᠎ᠠ 2 ᠵᠤᠷᠪᠤᠰ᠂ ᠪᠠᠶᠢᠭᠤᠯᠤᠮᠵᠢ ᠶᠢᠨ ᠡᠭᠦᠷᠭᠡ ᠴᠢᠳᠠᠪᠤᠷᠢ 1 ᠵᠤᠷᠪᠤᠰ᠂ ᠬᠠᠤᠯᠢ ᠶᠣᠰᠣᠭᠠᠷ ᠵᠠᠰᠠᠭ ᠶᠠᠪᠤᠭᠤᠯᠬᠤ 2 ᠵᠤᠷᠪᠤᠰ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠠᠨᠠᠭᠤᠯᠭ᠎ᠠ 1 ᠵᠤᠷᠪᠤᠰ᠂ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ 5 ᠵᠤᠷᠪᠤᠰ᠂ ᠵᠠᠰᠠᠭ ᠵᠠᠬᠢᠷᠭᠠᠨ ᠤ ᠰᠢᠢᠳᠬᠡᠯ ᠣᠯᠭᠤᠬᠤ 1 ᠵᠤᠷᠪᠤᠰ᠂ ︽ᠭᠤᠷᠪᠠᠨ ᠠᠯᠪᠠᠨ ᠵᠠᠷᠤᠳᠠᠯ︾ 2 ᠵᠤᠷᠪᠤᠰ᠂ ᠬᠤᠰᠢᠭᠤ ᠵᠠᠰᠠᠭ ᠤᠨ ᠣᠷᠳᠣᠨ ᠤ ᠪᠦᠷᠢᠯᠳᠦᠭᠦᠨ ᠰᠠᠯᠠᠭ᠎ᠠ ᠮᠥᠴᠢᠷ 1 ᠵᠤᠷᠪᠤᠰ᠂ ᠰᠠᠨᠠᠭᠠᠴᠢᠯᠠᠭ᠎ᠠ ᠠᠴᠠ ᠪᠠᠨ ᠢᠯᠠ ᠲᠣᠳᠣ ᠪᠣᠯᠭᠠᠬᠤ ᠲᠥᠷᠥᠯ ᠵᠦᠢᠯ ᠤᠨ ᠭᠠᠷᠴᠠᠭ 1 ᠵᠤᠷᠪᠤᠰ ᠪᠤᠢ᠃ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢᠶᠠᠷ ᠳᠠᠮᠵᠢᠭᠤᠯᠤᠨ 379 ᠮᠡᠳᠡᠭᠡᠯᠡᠯ ᠨᠡᠶᠢᠲᠡᠯᠡᠪᠡ᠃ ᠪᠦᠭᠦ ᠵᠢᠯ ᠳᠤ ᠲᠥᠪ ᠤᠨ ᠱᠠᠲᠤ᠂ ᠥᠪᠡᠷᠲᠡᠭᠡᠨ ᠵᠠᠰᠠᠬᠤ ᠣᠷᠣᠨ ᠤ ᠱᠠᠲᠤ᠂ ᠠᠶᠢᠮᠠᠭ ᠬᠤᠲᠠ ᠶᠢᠨ ᠱᠠᠲᠤᠨ ᠤ ᠴᠠᠭᠠᠰᠤᠨ ᠵᠠᠭᠤᠴᠢᠯᠠᠭᠤᠷ ᠪᠣᠯᠣᠨ ᠰᠦᠯᠵᠢᠶᠡᠨ ᠤ ᠵᠠᠭᠤᠴᠢᠯᠠᠭᠤᠷ ᠲᠤ ᠰᠢᠨᠵᠢᠯᠡᠬᠦ ᠤᠬᠠᠭᠠᠨ ᠮᠡᠷᠭᠡᠵᠢᠯ᠂ ᠣᠢ ᠰᠢᠭᠤᠢ ᠡᠪᠡᠰᠦ ᠪᠡᠯᠴᠢᠭᠡᠷ ᠤᠨ ᠬᠠᠮᠢᠶ᠎ᠠ ᠪᠦᠬᠦᠢ ᠮᠡᠳᠡᠭᠡᠯᠡᠯ ᠢ 50 ᠵᠤᠷᠪᠤᠰ ᠨᠡᠶᠢᠲᠡᠯᠡᠵᠡᠢ᠃       ︵ᠬᠤᠶᠠᠷ︶ ᠡᠷᠭᠦᠳᠡᠯ ᠤᠨ ᠳᠠᠭᠠᠤ ᠢᠯᠠ ᠲᠣᠳᠣ ᠪᠣᠯᠭᠠᠭᠰᠠᠨ ᠲᠤᠬᠠᠢ       ᠲᠤᠰ ᠵᠢᠯ ᠳᠤ ᠨᠡᠶᠢᠲᠡ 2 ᠤᠳᠠᠭᠠᠨ ᠤ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠡᠷᠭᠦᠳᠡᠯ ᠪᠠᠶᠢᠵᠤ᠂ ᠴᠥᠮ ᠴᠠᠭᠠᠰᠤ ᠪᠠᠷ ᠬᠠᠷᠢᠭᠤᠯᠲᠠ ᠥᠭᠴᠡᠢ᠃       ︵ᠭᠤᠷᠪᠠ︶ ᠵᠠᠰᠠᠭ ᠤᠨ ᠣᠷᠳᠣᠨ ᠤ ᠮᠡᠳᠡᠭᠡᠯᠡᠯ ᠤᠨ ᠬᠠᠮᠢᠶᠠᠷᠤᠯᠲᠠ ᠶᠢᠨ ᠲᠤᠬᠠᠢ       ᠲᠤᠰ ᠵᠢᠯ ᠳᠤ ᠵᠠᠰᠠᠭ ᠵᠠᠬᠢᠷᠭᠠᠨ ᠤ ᠳᠠᠭᠢᠨ ᠵᠥᠪᠳᠡᠬᠦ ᠬᠡᠷᠡᠭ ᠦᠭᠡᠢ᠃       ︵ᠳᠥᠷᠪᠡ︶ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠲᠠᠪᠴᠠᠩ ᠤᠨ ᠪᠠᠶᠢᠭᠤᠯᠤᠯᠲᠠ ᠶᠢᠨ ᠲᠤᠬᠠᠢ       ︽ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ︾ ᠰᠦᠯᠵᠢᠶ᠎ᠡ ᠳᠡᠭᠡᠷ᠎ᠡ ᠲᠦᠰᠢᠭᠯᠡᠨ᠂ ᠤᠳᠤᠷᠢᠳᠤᠯᠭ᠎ᠠ ᠶᠢᠨ ᠴᠣᠩᠬᠤᠪᠴᠢ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠭᠠᠷᠴᠠᠭ᠂ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠣᠨ ᠤ ᠮᠡᠳᠡᠭᠦᠯᠦᠯᠲᠡ᠂ ᠭᠤᠣᠯᠳᠠᠯᠭ᠎ᠠ ᠲᠠᠢ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ᠂ ᠡᠷᠭᠦᠳᠡᠯ ᠤᠨ ᠳᠠᠭᠠᠤ ᠢᠯᠠ ᠲᠣᠳᠣ ᠪᠣᠯᠭᠠᠬᠤ ᠵᠡᠷᠭᠡ ᠠᠭᠤᠯᠭ᠎ᠠ ᠶᠢ ᠰᠠᠨᠠᠭᠠᠴᠢᠯᠠᠭ᠎ᠠ ᠠᠴᠠ ᠪᠠᠨ ᠢᠯᠠ ᠲᠣᠳᠣ ᠪᠣᠯᠭᠠᠵᠤ᠂ ᠮᠠᠨ ᠤ ᠲᠣᠪᠴᠢᠶ᠎ᠠ ᠶᠢᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠪᠠᠶᠢᠭᠤᠯᠤᠯᠲᠠ᠂ ᠵᠠᠰᠠᠭ ᠤᠨ ᠶᠠᠪᠤᠳᠠᠯ ᠤᠨ ᠠᠮᠵᠢᠯᠲᠠ ᠪᠦᠲᠦᠮᠵᠢ ᠂ ᠠᠵᠢᠯ ᠤᠨ ᠲᠤᠬᠠᠶᠢᠯᠠᠭᠰᠠᠨ ᠠᠵᠢᠯ ᠤᠨ ᠴᠤᠪᠤᠷᠠᠯ ᠵᠡᠷᠭᠡ ᠶᠢ ᠪᠦᠭᠦ ᠲᠠᠯ᠎ᠠ ᠪᠠᠷ ᠲᠤᠰᠬᠠᠵᠠᠢ᠃ ᠨᠢᠭᠡᠨᠲᠡ ᠨᠡᠭᠡᠭᠡᠭᠰᠡᠨ ᠸᠢᠴᠠᠲ ᠤᠨ ᠲᠠᠪᠴᠠᠩ ᠢ ᠠᠰᠢᠭᠯᠠᠨ᠂ ᠰᠢᠨᠵᠢᠯᠡᠬᠦ ᠤᠬᠠᠭᠠᠨ ᠮᠡᠷᠭᠡᠵᠢᠯ᠂ ᠣᠢ ᠰᠢᠭᠤᠢ ᠡᠪᠡᠰᠦ ᠪᠡᠯᠴᠢᠭᠡᠷ ᠤᠨ ᠠᠵᠢᠯ ᠤᠨ ᠬᠥᠳᠡᠯᠦᠯ ᠪᠠᠶᠢᠳᠠᠯ ᠪᠣᠯᠣᠨ ᠦᠷ᠎ᠡ ᠪᠦᠲᠦᠮᠵᠢ ᠶᠢ ᠨᠡᠶᠢᠲᠡᠯᠡᠵᠦ᠂ ᠲᠠᠪᠤᠨ ᠶᠡᠭᠡ ᠡᠭᠦᠷᠭᠡ᠂ ᠪᠦᠭᠦ ᠲᠠᠯ᠎ᠠ ᠪᠠᠷ ᠪᠦᠲᠦᠭᠡᠨ ᠪᠠᠶᠢᠭᠤᠯᠤᠭᠰᠠᠨ ᠵᠢᠱᠢᠶᠡᠴᠢ ᠥᠪᠡᠷᠲᠡᠭᠡᠨ ᠵᠠᠰᠠᠬᠤ ᠣᠷᠣᠨ᠂ ᠭᠤᠣᠯ ᠰᠡᠳᠦᠪᠲᠦ ᠰᠤᠷᠭᠠᠨ ᠬᠥᠮᠦᠵᠢᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠲᠡᠨ ᠤ ᠪᠦᠯᠬᠦᠮᠳᠡᠯ ᠵᠡᠷᠭᠡ ᠠᠭᠤᠯᠭ᠎ᠠ ᠶᠢ ᠥᠷᠭᠡᠨ ᠢᠶᠠᠷ ᠤᠬᠠᠭᠤᠯᠵᠤ᠂ ᠰᠦᠯᠵᠢᠶᠡᠨ ᠢᠷᠭᠡᠳ ᠤᠨ ᠬᠦᠰᠡᠯ ᠱᠠᠭᠠᠷᠳᠠᠯᠭ᠎ᠠ ᠪᠣᠯᠣᠨ ᠠᠰᠠᠭᠤᠯᠲᠠ ᠶᠢ ᠴᠠᠭ ᠲᠤᠬᠠᠢ ᠳᠤᠨᠢ ᠬᠠᠷᠢᠭᠤᠯᠵᠠᠢ᠃       ︵ᠲᠠᠪᠤ︶ ᠬᠢᠨᠠᠯᠲᠠ᠂ ᠪᠠᠲᠤᠯᠠᠭᠠᠵᠢᠭᠤᠯᠤᠯᠲᠠ ᠶᠢᠨ ᠲᠤᠬᠠᠢ       3 ᠠᠵᠢᠯᠲᠠᠨ ᠢ ᠲᠣᠭᠲᠠᠭᠠᠨ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠢ ᠬᠠᠷᠢᠭᠤᠴᠠᠭᠤᠯᠵᠤ᠂ ᠬᠠᠷᠢᠭᠤᠴᠠᠯᠭ᠎ᠠ᠂ ᠠᠵᠢᠯ ᠤᠨ ᠬᠤᠪᠢᠶᠠᠷᠢᠯᠠᠯ ᠲᠣᠳᠣᠷᠬᠠᠢ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠠᠵᠢᠯ ᠤᠨ ᠰᠢᠰᠲ᠋ᠧᠮᠵᠢ ᠶᠢ ᠪᠤᠢ ᠪᠣᠯᠭᠠᠵᠠᠢ᠃ ︽ᠠᠯᠠᠱᠠ ᠵᠡᠭᠦᠨ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠪᠠ ᠣᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠶᠢᠨ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ ᠳᠦᠷᠢᠮ︾᠂ ︽ᠠᠯᠠᠱᠠ ᠵᠡᠭᠦᠨ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠪᠠ ᠣᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠶᠢᠨ ᠨᠢᠭᠤᠴᠠ ᠶᠢ ᠬᠠᠮᠠᠭᠠᠯᠠᠬᠤ ᠶᠢ ᠬᠢᠨᠠᠨ ᠪᠠᠶᠢᠴᠠᠭᠠᠬᠤ ᠳᠦᠷᠢᠮ︾᠂ ︽ᠠᠯᠠᠱᠠ ᠵᠡᠭᠦᠨ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠪᠠ ᠣᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠠᠵᠢᠯ ᠤᠨ ᠳᠦᠷᠢᠮ︾᠂ ︽ᠠᠯᠠᠱᠠ ᠵᠡᠭᠦᠨ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠪᠠ ᠣᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠵᠠᠰᠠᠭ ᠤᠨ ᠣᠷᠳᠣᠨ ᠤ ᠮᠡᠳᠡᠭᠡᠯᠡᠯ ᠢ ᠡᠷᠭᠦᠳᠡᠯ ᠢᠶᠠᠷ ᠢᠯᠠ ᠲᠣᠳᠣ ᠪᠣᠯᠭᠠᠬᠤ ᠡᠷᠭᠦᠳᠡᠯ ᠤᠨ ᠢᠯᠠ ᠲᠣᠳᠣ ᠪᠣᠯᠭᠠᠬᠤ ᠳᠦᠷᠢᠮ︾᠂ ︽ᠠᠯᠠᠱᠠ ᠵᠡᠭᠦᠨ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠪᠠ ᠣᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠶᠢᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠮᠡᠳᠡᠭᠡᠯᠡᠯ ᠨᠡᠶᠢᠲᠡᠯᠡᠬᠦ ᠶᠢ ᠬᠢᠨᠠᠨ ᠬᠠᠷᠭᠤᠭᠤᠯᠬᠤ ᠬᠠᠮᠢᠶᠠᠷᠤᠯᠲᠠ ᠶᠢᠨ ᠳᠦᠷᠢᠮ︾ ᠵᠡᠷᠭᠡ ᠬᠠᠮᠢᠶ᠎ᠠ ᠪᠦᠬᠦᠢ ᠠᠵᠢᠯ ᠤᠨ ᠳᠦᠷᠢᠮ ᠢ ᠴᠢᠩᠭ᠎ᠠ ᠬᠡᠷᠡᠭᠵᠢᠭᠦᠯᠵᠡᠢ᠃ ︽ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ︾ ᠰᠦᠯᠵᠢᠶᠡᠨ ᠤ ᠥᠷᠲᠡᠭᠡ ᠶᠢᠨ ᠬᠠᠮᠢᠶ᠎ᠠ ᠪᠦᠬᠦᠢ ᠪᠤᠯᠤᠩ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠵᠡᠷᠭᠡ 4 ᠤᠳᠠᠭ᠎ᠠ ᠥᠪᠡᠷ ᠢ ᠪᠠᠨ ᠪᠠᠶᠢᠴᠠᠭᠠᠬᠤ ᠠᠵᠢᠯ ᠢ ᠥᠷᠨᠢᠭᠦᠯᠵᠦ᠂ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ᠂ ᠰᠦᠯᠵᠢᠶ᠎ᠡ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠡᠪ ᠤᠨ ᠠᠵᠢᠯᠯᠠᠭᠠᠨ ᠢ ᠦᠨᠡᠨᠬᠦ ᠪᠠᠲᠤᠯᠠᠵᠠᠢ᠃       ᠬᠤᠶᠠᠷ᠂ ᠵᠠᠰᠠᠭ ᠤᠨ ᠣᠷᠳᠣᠨ ᠤ ᠮᠡᠳᠡᠭᠡᠯᠡᠯ ᠢ ᠰᠠᠨᠠᠭᠠᠴᠢᠯᠠᠭ᠎ᠠ ᠠᠴᠠ ᠪᠠᠨ ᠢᠯᠠ ᠲᠣᠳᠣ ᠪᠣᠯᠭᠠᠬᠰᠠᠨ ᠪᠠᠶᠢᠳᠠᠯ       ᠭᠤᠷᠪᠠ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠡᠷᠭᠦᠳᠡᠯ ᠢ ᠭᠥᠯᠢᠶᠡᠨ ᠠᠪᠴᠤ᠂ ᠰᠢᠢᠳᠪᠦᠷᠢᠯᠡᠭᠰᠡᠨ ᠪᠠᠶᠢᠳᠠᠯ       ᠳᠥᠷᠪᠡ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠵᠠᠰᠠᠭ ᠵᠠᠬᠢᠷᠭᠠᠨ ᠢᠶᠠᠷ ᠳᠠᠭᠢᠨ ᠵᠥᠪᠯᠡᠭᠰᠡᠨ ᠪᠣᠯᠣᠨ ᠵᠠᠰᠠᠭ ᠵᠠᠬᠢᠷᠭᠠᠨ ᠤ ᠵᠠᠷᠭᠤ ᠶᠢᠨ ᠪᠠᠶᠢᠳᠠᠯ       ᠲᠠᠪᠤ᠂ ᠣᠷᠣᠰᠢᠵᠤ ᠪᠠᠶᠢᠭ᠎ᠠ ᠭᠤᠣᠯ ᠠᠰᠠᠭᠤᠳᠠᠯ ᠵᠢᠴᠢ ᠰᠠᠶᠢᠵᠢᠷᠠᠭᠤᠯᠤᠭᠰᠠᠨ ᠪᠠᠶᠢᠳᠠᠯ       ︵ᠨᠢᠭᠡ︶ ᠣᠷᠣᠰᠢᠵᠤ ᠪᠠᠶᠢᠭ᠎ᠠ ᠠᠰᠠᠭᠤᠳᠠᠯ       ᠨᠢᠭᠡ ᠳᠤ ᠵᠠᠰᠠᠭ ᠤᠨ ᠣᠷᠳᠣᠨ ᠤ ᠰᠦᠯᠵᠢᠶᠡᠨ ᠤ ᠮᠡᠳᠡᠭᠡᠯᠡᠯ ᠢ ᠪᠢᠴᠢᠵᠦ ᠣᠷᠣᠭᠤᠯᠬᠤ ᠶᠠᠪᠤᠴᠠ ᠳᠤ᠂ ᠲᠥᠯᠦᠪᠵᠢᠭᠦᠯᠭᠡ ᠶᠢᠨ ᠲᠥᠯᠥᠪᠯᠡᠭᠡ᠂ ᠪᠤᠰᠤᠳ ᠮᠡᠳᠡᠭᠡ ᠵᠠᠩᠭᠢ ᠵᠡᠷᠭᠡ ᠭᠠᠷᠴᠠᠭ ᠢ ᠴᠠᠭ ᠲᠤᠬᠠᠢ ᠳᠤᠨᠢ ᠣᠷᠣᠭᠤᠯᠵᠤ ᠳᠡᠶᠢᠯᠦᠭᠰᠡᠨ ᠦᠭᠡᠢ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠡᠬᠢ ᠪᠠᠶᠠᠯᠢᠭ ᠤᠨ ᠬᠠᠮᠠᠭᠠᠯᠠᠯᠲᠠ ᠶᠢᠨ ᠬᠥᠭᠵᠢᠯᠲᠡ᠂ ᠡᠭᠦᠷᠭᠡ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠵᠡᠷᠭᠡ ᠠᠭᠤᠯᠭ᠎ᠠ ᠶᠢ ᠴᠠᠭ ᠲᠤᠬᠠᠢ ᠳᠤᠨᠢ ᠨᠡᠶᠢᠲᠡᠯᠡᠭᠰᠡᠨ ᠦᠭᠡᠢ᠂ ᠲᠣᠬᠢᠷᠠᠭᠤᠯᠤᠯᠲᠠ ᠬᠢᠭᠰᠡᠨ ᠤᠳᠤᠷᠢᠳᠤᠯᠭ᠎ᠠ ᠶᠢᠨ ᠦᠨᠳᠦᠰᠦᠨ ᠮᠡᠳᠡᠭᠡᠯᠡᠯ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠵᠡᠷᠭᠡ ᠠᠭᠤᠯᠭ᠎ᠠ ᠶᠢ ᠴᠠᠭ ᠲᠤᠬᠠᠢ ᠳᠤᠨᠢ ᠰᠢᠨᠡᠳᠬᠡᠭᠰᠡᠨ ᠦᠭᠡᠢ᠃ ᠬᠤᠶᠠᠷ ᠲᠤ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠪᠣᠯᠣᠨ ᠸᠢᠴᠠᠲ᠂ ᠲᠠᠪᠴᠠᠩ ᠨᠢ ᠮᠡᠳᠡᠭᠡᠯᠡᠯ ᠨᠡᠶᠢᠲᠡᠯᠡᠬᠦ ᠦᠶ᠎ᠡ ᠳᠤ᠂ ᠬᠡᠰᠡᠭ ᠬᠠᠯᠠᠮᠰᠢᠯ ᠦᠭᠡ ᠬᠡᠯᠡᠯᠭᠡ᠂ ᠦᠭᠡ ᠥᠭᠦᠯᠡᠪᠦᠷᠢ ᠶᠢᠨ ᠲᠣᠭᠠᠴᠢᠯᠲᠠ ᠨᠢ ᠣᠨᠣᠪᠴᠢ ᠦᠭᠡᠢ ᠪᠠᠶᠢᠪᠠ᠃ ᠭᠤᠷᠪᠠ ᠳᠤ ᠮᠡᠳᠡᠭᠡᠯᠡᠯ ᠨᠡᠶᠢᠲᠡᠯᠡᠬᠦ ᠶᠢ ᠢᠯᠡ ᠪᠠᠶᠢᠯᠭᠠᠬᠤ ᠶᠠᠪᠤᠴᠠ ᠳᠤ᠂ ᠮᠡᠳᠡᠭᠡᠯᠡᠯ ᠤᠨ ᠴᠠᠭ ᠬᠤᠭᠤᠴᠠᠭᠠᠲᠤ ᠦᠢᠯᠡᠳᠦᠯ ᠢ ᠪᠠᠲᠤᠯᠠᠬᠤ ᠶᠢᠨ ᠲᠤᠰᠠᠳᠠ᠂ ᠮᠡᠳᠡᠭᠡᠯᠡᠯ ᠢ ᠤᠷᠢᠳᠠᠪᠠᠷ ᠬᠢᠨᠠᠵᠤ ᠳᠠᠷᠠᠭ᠎ᠠ ᠨᠢ ᠨᠥᠬᠦᠵᠦ ᠭᠠᠷ ᠤᠨ ᠦᠰᠦᠭ ᠵᠢᠷᠤᠵᠤ ᠶᠠᠪᠤᠭᠤᠯᠤᠭᠰᠠᠨ ᠪᠠᠶᠢᠳᠠᠯ ᠣᠷᠣᠰᠢᠵᠤ ᠪᠤᠢ᠃ ᠳᠥᠷᠪᠡ ᠳᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠭᠡᠯᠪᠡᠷᠢ ᠪᠠᠶᠠᠯᠢᠭ ᠪᠢᠰᠢ᠂ ᠤᠩᠰᠢᠬᠤ ᠭᠡᠯᠪᠡᠷᠢ ᠨᠢ ᠳᠠᠩ ᠴᠤᠯᠭᠤᠢ᠃ ᠲᠠᠪᠤ ᠳᠤ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠶᠢ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠲᠠᠰᠤᠷᠠᠯᠲᠠ ᠦᠭᠡᠢ ᠠᠭᠢᠬᠤ ᠶᠢ ᠳᠠᠭᠠᠯᠳᠤᠨ᠂ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯᠲᠠᠳ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠠᠵᠢᠯᠯᠠᠭᠤᠯᠵᠤ ᠪᠠᠲᠤᠯᠠᠬᠤ ᠵᠡᠷᠭᠡ ᠲᠤᠰᠬᠠᠢ ᠮᠡᠷᠭᠡᠵᠢᠯ ᠤᠨ ᠴᠢᠳᠠᠪᠤᠷᠢ ᠶᠢᠨ ᠬᠢᠷᠢ ᠬᠡᠮᠵᠢᠶ᠎ᠡ ᠶᠢ ᠮᠥᠨ ᠬᠦ ᠳᠡᠭᠡᠭᠰᠢᠯᠡᠭᠦᠯᠭᠦ ᠴᠢᠬᠤᠯᠠᠲᠠᠢ ᠪᠠᠶᠢᠨ᠎ᠠ᠃       ︵ᠬᠤᠶᠠᠷ︶ ᠣᠷᠣᠰᠢᠵᠤ ᠪᠠᠶᠢᠭ᠎ᠠ ᠭᠤᠣᠯ ᠠᠰᠠᠭᠤᠳᠠᠯ ᠢ ᠰᠠᠶᠢᠵᠢᠷᠠᠭᠤᠯᠤᠭᠰᠠᠨ ᠪᠠᠶᠢᠳᠠᠯ       ᠨᠢᠭᠡ ᠳᠤ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠮᠡᠳᠡᠭᠡ ᠵᠠᠩᠭᠢ ᠣᠷᠣᠭᠤᠯᠬᠤ ᠴᠠᠭ ᠬᠤᠭᠤᠴᠠᠭᠠᠨ ᠤ ᠱᠠᠭᠠᠷᠳᠠᠯᠭ᠎ᠠ ᠶᠣᠰᠣᠭᠠᠷ᠂ ᠬᠠᠮᠢᠶ᠎ᠠ ᠪᠦᠬᠦᠢ ᠠᠭᠤᠯᠭ᠎ᠠ ᠶᠢ ᠴᠠᠭ ᠲᠤᠬᠠᠢ ᠳᠤᠨᠢ ᠰᠢᠨᠡᠳᠬᠡᠵᠦ᠂ ᠤᠳᠤᠷᠢᠳᠤᠯᠭ᠎ᠠ ᠶᠢᠨ ᠦᠨᠳᠦᠰᠦᠨ ᠮᠡᠳᠡᠭᠡᠯᠡᠯ᠂ ᠬᠠᠷᠢᠭᠤᠴᠠᠯᠭ᠎ᠠ ᠶᠢᠨ ᠬᠤᠪᠢᠶᠠᠷᠢᠯᠠᠯ ᠪᠣᠯᠣᠨ ᠨᠢᠭᠡᠴᠢ ᠶᠢᠨ ᠭᠤᠣᠯ ᠡᠭᠦᠷᠭᠡ ᠬᠠᠷᠢᠭᠤᠴᠠᠯᠭ᠎ᠠ᠂ ᠳᠣᠲᠣᠭᠠᠳᠤ ᠪᠠᠶᠢᠭᠤᠯᠤᠮᠵᠢ ᠲᠣᠬᠢᠷᠠᠭᠤᠯᠤᠭᠰᠠᠨ ᠪᠠᠶᠢᠳᠠᠯ ᠢ ᠰᠢᠨᠡᠳᠬᠡᠨ᠂ ᠬᠤᠷᠴᠠ ᠲᠣᠳᠣᠷᠬᠠᠢ ᠦᠭᠡ ᠬᠡᠯᠡᠯᠭᠡ᠂ ᠦᠭᠡ ᠥᠭᠦᠯᠡᠪᠦᠷᠢ ᠶᠢ ᠥᠪᠡᠷ ᠢᠶᠠᠨ ᠪᠠᠶᠢᠴᠠᠭᠠᠵᠤ᠂ ᠠᠯᠳᠠᠰᠢ ᠮᠡᠳᠡᠭᠡᠯᠡᠯ ᠢ ᠬᠠᠰᠤᠵᠤ ᠵᠠᠯᠠᠷᠠᠭᠤᠯᠵᠤ᠂ ᠮᠡᠳᠡᠭᠡᠯᠡᠯ ᠨᠡᠶᠢᠲᠡᠯᠡᠬᠦ ᠭᠤᠷᠪᠠᠨ ᠱᠠᠲᠤᠨ ᠤ ᠬᠢᠨᠠᠨ ᠬᠠᠷᠭᠤᠭᠤᠯᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠨᠢᠭᠤᠴᠠ ᠶᠢ ᠬᠠᠮᠠᠭᠠᠯᠠᠵᠤ ᠬᠢᠨᠠᠨ ᠬᠠᠷᠭᠤᠭᠤᠯᠬᠤ ᠪᠠᠨ ᠴᠢᠩᠭᠠᠳᠬᠠᠨ᠂ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠶᠢᠨ ᠣᠨᠣᠪᠴᠢᠲᠤ ᠴᠢᠨᠠᠷ᠂ ᠡᠷᠬᠡ ᠰᠤᠯᠢᠲᠤ ᠴᠢᠨᠠᠷ᠂ ᠭᠡᠪᠰᠢᠯᠵᠢᠯ᠂ ᠵᠢᠷᠤᠮᠵᠢᠭᠤᠯᠬᠤ ᠶᠢ ᠦᠨᠡᠨᠬᠦ ᠪᠠᠲᠤᠯᠠᠪᠠ᠃       ᠬᠤᠶᠠᠷ ᠲᠤ ᠭᠤᠣᠯᠳᠠᠯᠭ᠎ᠠ ᠲᠠᠢ ᠬᠦᠷᠢᠶᠡᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠶᠢ ᠴᠢᠩᠭᠠᠳᠬᠠᠨ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠬᠠᠨᠳᠤᠭᠤᠯᠵᠤ᠂ ᠭᠤᠣᠯᠳᠠᠯᠭ᠎ᠠ ᠲᠠᠢ ᠬᠦᠷᠢᠶᠡᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠶᠢ ᠭᠦᠨᠵᠡᠭᠡᠶᠢᠷᠡᠭᠦᠯᠵᠦ᠂ ᠴᠢᠬᠤᠯᠠ ᠶᠡᠭᠡ ᠲᠥᠷᠥᠯ ᠵᠦᠢᠯ᠂ ᠭᠤᠣᠯᠳᠠᠯᠭ᠎ᠠ ᠲᠠᠢ ᠠᠵᠢᠯ᠂ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠵᠡᠷᠭᠡ ᠮᠡᠳᠡᠭᠡᠯᠡᠯ ᠢ ᠪᠦᠭᠦ ᠲᠠᠯ᠎ᠠ ᠪᠠᠷ ᠢᠯᠠ ᠲᠣᠳᠣ ᠪᠣᠯᠭᠠᠵᠤ᠂ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ︾᠂ ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ︾᠂ ︽ᠲᠠᠪᠤᠨ ᠶᠡᠭᠡ ᠡᠭᠦᠷᠭᠡ︾᠂ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾᠂ ︽ᠦᠨᠳᠦᠰᠦᠲᠡᠨ ᠤ ᠪᠦᠯᠬᠦᠮᠳᠡᠯ︾ ᠵᠡᠷᠭᠡ ᠭᠤᠣᠯᠳᠠᠯᠭ᠎ᠠ ᠲᠠᠢ ᠬᠦᠷᠢᠶᠡᠨ ᠤ ᠮᠡᠳᠡᠭᠡᠯᠡᠯ ᠢ ᠰᠢᠨᠡᠳᠬᠡᠬᠦ ᠶᠢ ᠰᠠᠶᠢᠲᠤᠷ ᠭᠦᠢᠴᠡᠳᠬᠡᠵᠡᠢ᠃       ᠭᠤᠷᠪᠠ ᠳᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠠᠬᠤᠢ ᠪᠠᠶᠢᠳᠠᠯ᠂ ᠰᠢᠢᠳᠪᠦᠷᠢᠲᠦ ᠪᠣᠳᠣᠯᠭ᠎ᠠ ᠶᠢᠨ ᠦᠨᠳᠦᠰᠦ ᠪᠠᠷᠢᠮᠲᠠ᠂ ᠨᠡᠶᠢᠲᠡᠯᠡᠭᠰᠡᠨ ᠵᠣᠷᠢᠯᠭ᠎ᠠ᠂ ᠴᠢᠬᠤᠯᠠ ᠠᠷᠭ᠎ᠠ ᠪᠠᠷᠢᠯ ᠵᠡᠷᠭᠡ ᠲᠠᠯ᠎ᠠ ᠶᠢᠨ ᠲᠠᠶᠢᠯᠪᠤᠷᠢᠯᠠᠯᠲᠠ ᠶᠢ ᠴᠢᠬᠤᠯᠠᠴᠢᠯᠠᠵᠤ᠂ ᠲᠠᠶᠢᠯᠪᠤᠷᠢᠯᠠᠬᠤ ᠠᠷᠭ᠎ᠠ ᠵᠠᠮ ᠬᠢᠭᠡᠳ ᠭᠡᠯᠪᠡᠷᠢ ᠶᠢ ᠪᠠᠶᠠᠯᠢᠭᠵᠢᠭᠤᠯᠤᠨ᠂ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ ᠶᠢᠨ ᠴᠢᠭᠯᠡᠭᠦᠯᠦᠯᠲᠦ ᠴᠢᠨᠠᠷ᠂ ᠰᠢᠨᠵᠢᠯᠡᠬᠦ ᠤᠬᠠᠭᠠᠨᠴᠢ ᠴᠢᠨᠠᠷ᠂ ᠡᠷᠬᠡ ᠰᠤᠯᠢᠲᠤ ᠴᠢᠨᠠᠷ ᠢ ᠳᠡᠭᠡᠭᠰᠢᠯᠡᠭᠦᠯᠪᠡ᠃ ᠡᠭᠦᠨ ᠤ ᠬᠠᠮᠲᠤ᠂ ᠲᠥᠷᠥ ᠶᠢᠨ ᠪᠣᠳᠣᠯᠭ᠎ᠠ ᠶᠢᠨ ᠡᠯᠰᠡᠨ ᠴᠤᠭᠯᠠᠭᠤᠯᠬᠤ᠂ ᠬᠠᠮᠢᠶᠠᠷᠬᠤ᠂ ᠲᠠᠶᠢᠯᠪᠤᠷᠢᠯᠠᠬᠤ᠂ ᠲᠠᠨᠢᠯᠴᠠᠭᠤᠯᠤᠨ ᠬᠦᠷᠭᠡᠬᠦ᠂ ᠯᠠᠪᠯᠠᠯᠭ᠎ᠠ ᠣᠯᠭᠤᠬᠤ᠂ ᠨᠡᠪᠲᠡᠷᠡᠯᠴᠡᠬᠦ᠂ ᠦᠨᠡᠯᠡᠬᠦ ᠵᠡᠷᠭᠡ ᠪᠦᠭᠦ ᠴᠤᠪᠤᠷᠠᠯ ᠤᠨ ᠦᠢᠯᠡᠴᠢᠯᠡᠭᠡᠨ ᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠰᠠᠨᠠᠭ᠎ᠠ ᠵᠣᠷᠢᠯᠭ᠎ᠠ ᠶᠢ ᠣᠨᠣᠪᠴᠢᠲᠠᠢ ᠤᠯᠠᠮᠵᠢᠯᠠᠨ᠂ ᠲᠥᠷᠥ ᠶᠢᠨ ᠪᠣᠳᠣᠯᠭ᠎ᠠ ᠶᠢᠨ ᠪᠣᠳᠠᠲᠠᠶᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠵᠠᠢ᠃       ᠳᠥᠷᠪᠡ ᠳᠤ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠪᠣᠯᠣᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠠᠮᠢᠶᠠᠷᠤᠯᠲᠠ ᠶᠢᠨ ᠠᠵᠢᠯᠲᠠᠨ᠂ ᠮᠡᠳᠡᠭᠡ ᠵᠠᠩᠭᠢ ᠴᠤᠭᠯᠠᠭᠤᠯᠤᠨ ᠨᠠᠶᠢᠷᠠᠭᠤᠯᠤᠭᠴᠢ ᠶᠢᠨ ᠶᠡᠷᠦᠩᠬᠡᠶᠢᠯᠡᠭᠰᠡᠨ ᠴᠢᠳᠠᠪᠤᠷᠢ᠂ ᠲᠤᠰᠬᠠᠢ ᠮᠡᠷᠭᠡᠵᠢᠯ ᠤᠨ ᠮᠡᠷᠭᠡᠵᠢᠯ ᠤᠨ ᠤᠷ᠎ᠠ ᠴᠢᠳᠠᠪᠤᠷᠢ ᠵᠡᠷᠭᠡ ᠲᠠᠯ᠎ᠠ ᠶᠢᠨ ᠰᠤᠷᠭᠠᠯᠲᠠ ᠶᠢ ᠴᠢᠩᠭᠠᠳᠬᠠᠵᠤ᠂ ᠰᠦᠯᠵᠢᠶᠡᠨ ᠥᠷᠲᠡᠭᠡ ᠪᠣᠯᠣᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠪᠠᠶᠢᠭᠤᠯᠤᠯᠲᠠ᠂ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠤᠨ ᠥᠨᠳᠥᠷ ᠦᠷ᠎ᠡ ᠪᠦᠲᠦᠮᠵᠢᠲᠡᠢ᠂ ᠵᠢᠷᠤᠮᠵᠢᠯ ᠲᠠᠢ᠂ ᠡᠮᠬᠢ ᠵᠢᠷᠤᠮ ᠲᠠᠢ ᠠᠬᠢᠭᠤᠯᠬᠤ ᠶᠢ ᠦᠨᠡᠨᠬᠦ ᠪᠠᠲᠤᠯᠠᠪᠠ᠃       ᠵᠢᠷᠭᠤᠭ᠎ᠠ᠂ ᠪᠤᠰᠤᠳ ᠮᠡᠳᠡᠭᠡᠯᠡᠬᠦ ᠱᠠᠭᠠᠷᠳᠠᠯᠭ᠎ᠠ ᠲᠠᠢ ᠠᠰᠠᠭᠤᠳᠠᠯ       ︵ᠨᠢᠭᠡ︶ ᠮᠡᠳᠡᠭᠡᠯᠡᠯ ᠢ ᠰᠢᠢᠳᠪᠦᠷᠢᠯᠡᠬᠦ ᠰᠦᠢᠳᠬᠡᠯ ᠬᠤᠷᠢᠶᠠᠭᠰᠠᠨ ᠪᠠᠶᠢᠳᠠᠯ       ᠲᠤᠰ ᠤᠨ ᠳᠤ ᠮᠡᠳᠡᠭᠡᠯᠡᠯ ᠢ ᠨᠡᠭᠡᠭᠡᠯᠲᠡ ᠲᠠᠢ ᠪᠣᠯᠭᠠᠬᠤ ᠲᠠᠢ ᠬᠤᠯᠪᠣᠭᠳᠠᠬᠤ ᠬᠤᠷᠢᠶᠠᠮᠵᠢ ᠠᠪᠤᠭ᠎ᠠ ᠦᠭᠡᠢ᠃       ︵2︶ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠪᠠᠷᠢᠮᠵᠢᠶᠠᠵᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ       ᠵᠠᠰᠠᠭ ᠤᠨ ᠣᠷᠳᠣᠨ ᠤ ᠰᠦᠯᠵᠢᠶᠡᠨ ᠤ ᠠᠭᠤᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠤᠰᠬᠠᠢ ᠪᠤᠯᠤᠩ ᠤᠨ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠦᠢᠯᠡᠴᠢᠯᠡᠭᠡᠨ ᠤ ᠨᠡᠭᠡᠭᠡᠯᠲᠡ  ᠲᠠᠢ ᠮᠡᠳᠡᠭᠡᠯᠡᠯ ᠢ ᠢᠯᠠ ᠲᠣᠳᠣ ᠭᠠᠷᠭᠠᠭᠰᠠᠨ ᠪᠠᠶᠢᠳᠠᠯ ᠢ ᠪᠦᠭᠦ ᠲᠠᠯ᠎ᠠ ᠪᠠᠷ ᠡᠮᠬᠢᠯᠡᠵᠦ᠂ ᠠᠭᠤᠯᠭ᠎ᠠ ᠶᠢ ᠨᠡᠶᠢᠲᠡᠯᠡᠬᠦ ᠶᠢ ᠬᠢᠨᠠᠨ ᠬᠠᠷᠭᠤᠭᠤᠯᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠮᠡᠳᠡᠭᠡᠯᠡᠯ ᠤᠨ ᠠᠭᠤᠯᠭ᠎ᠠ ᠶᠢ ᠴᠠᠭ ᠲᠤᠬᠠᠢ ᠳᠤᠨᠢ ᠰᠢᠨᠡᠳᠬᠡᠨ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠵᠤ᠂ ᠵᠠᠰᠠᠭ ᠤᠨ ᠣᠷᠳᠣᠨ ᠤ ᠰᠦᠯᠵᠢᠶ᠎ᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠡᠪ ᠤᠨ ᠪᠠᠶᠢᠳᠠᠯ ᠲᠣᠭᠲᠠᠭᠤᠨ ᠡᠷᠭᠢᠯᠲᠡ ᠶᠢ ᠦᠨᠡᠨᠬᠦ ᠪᠠᠲᠤᠯᠠᠵᠠᠢ᠃       ︵3︶ ᠭᠤᠣᠯᠳᠠᠯᠭ᠎ᠠ ᠲᠠᠢ ᠬᠦᠷᠢᠶᠡᠨ ᠳᠠᠬᠢ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠲᠠᠯ᠎ᠠ ᠪᠠᠷ       ᠵᠠᠰᠠᠭ ᠤᠨ ᠣᠷᠳᠣᠨ ᠤ ᠰᠦᠯᠵᠢᠶ᠎ᠡ ᠬᠢᠭᠡᠳ ᠸᠢᠴᠠᠲ ᠤᠨ ᠲᠠᠪᠴᠠᠩ ᠢ ᠭᠦᠢᠴᠡᠳ ᠠᠰᠢᠭᠯᠠᠨ᠂ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ︾᠂ ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ︾᠂ ︽ᠲᠠᠪᠤᠨ ᠶᠡᠭᠡ ᠡᠭᠦᠷᠭᠡ︾᠂ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾᠂ ︽ᠦᠨᠳᠦᠰᠦᠲᠡᠨ ᠤ ᠪᠦᠯᠬᠦᠮᠳᠡᠯ︾ ᠵᠡᠷᠭᠡ ᠭᠤᠣᠯᠳᠠᠯᠭ᠎ᠠ ᠲᠠᠢ ᠬᠦᠷᠢᠶᠡᠨ ᠤ ᠮᠡᠳᠡᠭᠡᠯᠡᠯ ᠢ ᠪᠦᠭᠦ ᠲᠠᠯ᠎ᠠ ᠪᠠᠷ ᠢᠯᠠ ᠲᠣᠳᠣ ᠪᠣᠯᠭᠠᠵᠤ᠂ ᠥᠷᠭᠡᠨ ᠣᠯᠠᠨ ᠠᠷᠠᠳ ᠲᠦᠮᠡᠨ ᠤ ᠳᠤᠷᠠᠳᠤᠭᠰᠠᠨ ᠠᠰᠠᠭᠤᠳᠠᠯ ᠪᠠ ᠰᠠᠨᠠᠭᠤᠯᠭ᠎ᠠ ᠶᠢ ᠴᠠᠭ ᠲᠤᠬᠠᠢ ᠳᠤᠨᠢ ᠬᠠᠷᠢᠭᠤᠯᠲᠠ ᠥᠭᠴᠡᠢ᠃       ︵4︶ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ ᠠᠵᠢᠯ ᠤᠨ ᠲᠠᠯ᠎ᠠ ᠪᠠᠷ       ᠵᠢᠷᠤᠭ᠂ ᠦᠰᠦᠭ ᠪᠢᠴᠢᠭ ᠢᠶᠠᠷ ᠳᠠᠮᠵᠢᠭᠤᠯᠵᠤ ᠰᠢᠨᠵᠢᠯᠡᠬᠦ ᠤᠬᠠᠭᠠᠨ ᠮᠡᠷᠭᠡᠵᠢᠯ ᠤᠨ ᠣᠢ ᠰᠢᠭᠤᠢ ᠡᠪᠡᠰᠦᠨ ᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠵᠤ᠂ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ ᠶᠢᠨ ᠪᠠᠶᠢᠳᠠᠯ ᠤᠨ ᠮᠡᠳᠡᠭᠦᠯᠦᠨ ᠪᠦᠷᠢᠳᠬᠡᠨ ᠮᠡᠳᠡᠭᠦᠯᠬᠦ ᠬᠦᠰᠦᠨᠦᠭᠲᠦ ᠶᠢ ᠰᠠᠷ᠎ᠠ ᠪᠦᠷᠢ ᠴᠠᠭ ᠲᠤᠬᠠᠢ  ᠳᠤᠨᠢ ᠮᠡᠳᠡᠭᠦᠯᠦᠨ ᠬᠦᠷᠭᠡᠬᠦ ᠬᠡᠷᠡᠭᠲᠡᠢ᠃      
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号