| | | ᠲᠤᠰ ᠣᠨ ᠤ ᠮᠡᠳᠡᠭᠦᠯᠦᠯᠲᠡ ᠶᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ | ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠳᠦᠷᠢᠮ︾᠂ ︽ᠲᠥᠷᠥ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ᠤᠨ ᠮᠡᠳᠡᠭᠡᠯᠡᠯ ᠬᠢᠭᠡᠳ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠤᠨ ᠠᠯᠪᠠᠨ | ᠭᠡᠷ ᠤᠨ ᠬᠡᠪᠯᠡᠨ ᠲᠠᠷᠬᠠᠭᠠᠬᠤ ᠲᠤᠬᠠᠢ ᠮᠡᠳᠡᠭᠳᠡᠯ︾ ︵ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠵᠠᠬᠢᠳᠠᠯ ﹇ | 2011﹈ 30 ᠳ᠋ᠤᠭᠠᠷ ᠲᠣᠭᠠᠲᠤ︶ ᠶᠢ ᠦᠨᠳᠦᠰᠦᠯᠡᠨ ᠲᠤᠭᠤᠷᠪᠢᠪᠠ᠃ ᠪᠦᠭᠦ ᠠᠭᠤᠯᠭ᠎ᠠ ᠳᠤ ᠠᠯᠠᠱᠠ ᠵᠡᠭᠦᠨ | ᠬᠤᠰᠢᠭᠤᠨ ᠤ ᠬᠤᠲᠠ ᠶᠢᠨ ᠴᠡᠴᠡᠷᠯᠢᠭ ᠤᠨ ᠴᠡᠴᠡᠷᠯᠢᠭᠵᠢᠭᠦᠯᠦᠯᠲᠡ ᠶᠢᠨ ᠦᠢᠯᠡᠴᠢᠯᠡᠭᠡᠨ ᠤ ᠲᠥᠪ ᠤᠨ ᠵᠠᠰᠠᠭ ᠤᠨ | ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠭᠠᠷᠭᠠᠭᠰᠠᠨ ᠶᠡᠷᠦᠩᠬᠡᠢ ᠪᠠᠶᠢᠳᠠᠯ᠂ ᠵᠠᠰᠠᠭ ᠤᠨ ᠣᠷᠳᠣᠨ ᠤ | ᠮᠡᠳᠡᠭᠡᠯᠡᠯ ᠢ ᠰᠠᠨᠠᠭᠠᠴᠢᠯᠠᠭ᠎ᠠ ᠲᠠᠢ ᠪᠠᠷ ᠢᠯᠠ ᠲᠣᠳᠣ ᠪᠣᠯᠭᠠᠬᠰᠠᠨ ᠪᠠᠶᠢᠳᠠᠯ᠂ ᠵᠠᠰᠠᠭ ᠤᠨ ᠣᠷᠳᠣᠨ ᠤ ᠨᠡᠭᠡᠭᠡᠯᠲᠡ | ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠡᠷᠭᠦᠳᠡᠯ ᠢ ᠣᠯᠣᠭᠰᠠᠨ ᠪᠠ ᠰᠢᠢᠳᠪᠦᠷᠢᠯᠡᠭᠰᠡᠨ ᠪᠠᠶᠢᠳᠠᠯ᠂ ᠵᠠᠰᠠᠭ ᠤᠨ | ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠭᠠᠷᠭᠠᠭᠰᠠᠨ ᠵᠠᠰᠠᠭ ᠵᠠᠬᠢᠷᠭᠠᠨ ᠤ ᠳᠠᠭᠢᠨ ᠵᠥᠪᠯᠡᠭᠰᠡᠨ | ᠪᠣᠯᠣᠨ ᠵᠠᠰᠠᠭ ᠵᠠᠬᠢᠷᠭᠠᠨ ᠤ ᠵᠠᠷᠭᠤ ᠶᠢᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠬᠠᠯᠠᠨ | ᠰᠠᠶᠢᠵᠢᠷᠠᠭᠤᠯᠤᠭᠰᠠᠨ ᠪᠠᠶᠢᠳᠠᠯ᠂ ᠪᠤᠰᠤᠳ ᠮᠡᠳᠡᠭᠡᠯᠡᠬᠦ ᠱᠠᠭᠠᠷᠳᠠᠯᠭ᠎ᠠ ᠲᠠᠢ ᠠᠰᠠᠭᠤᠳᠠᠯ ᠢ ᠪᠠᠭᠲᠠᠭᠠᠨ᠎ᠠ᠃ ᠪᠦᠷᠢᠳᠬᠡᠨ | ᠭᠠᠷᠭᠠᠭᠰᠠᠨ ᠲᠤᠭ᠎ᠠ ᠪᠠᠷᠢᠮᠲᠠ ᠶᠢᠨ ᠬᠤᠭᠤᠴᠠᠭ᠎ᠠ ᠨᠢ 2024 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ | 2024 ᠣᠨ ᠤ 12 ᠳ᠋ᠤᠭᠠᠷ ᠰᠠᠷ᠎ᠠ ᠶᠢᠨ 31 ᠤ ᠡᠳᠦᠷ ᠭᠦᠷᠦᠨ᠎ᠡ᠃ ᠲᠤᠰ ᠵᠢᠯ ᠤᠨ ᠮᠡᠳᠡᠭᠦᠯᠦᠯᠲᠡ ᠶᠢᠨ ᠴᠠᠬᠢᠮ | ᠬᠤᠪᠢᠯᠪᠤᠷᠢ ᠶᠢ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ︵http | : / / www . alszq . gov . cn︶ ᠠᠴᠠ ᠲᠠᠲᠠᠵᠤ ᠠᠪᠬᠤ ᠪᠣᠯᠣᠮᠵᠢ ᠲᠠᠢ᠃ ᠬᠡᠷᠪᠡ ᠲᠤᠰ ᠵᠢᠯ ᠤᠨ | ᠮᠡᠳᠡᠭᠦᠯᠦᠯᠲᠡ ᠳᠤ ᠰᠡᠵᠢᠭᠯᠡᠯ ᠲᠠᠢ ᠪᠠᠶᠢᠪᠠᠯ᠂ ᠠᠯᠠᠱᠠ ᠵᠡᠭᠦᠨ ᠬᠤᠰᠢᠭᠤᠨ ᠤ ᠬᠤᠲᠠ ᠶᠢᠨ ᠴᠡᠴᠡᠷᠯᠢᠭ ᠤᠨ | ᠴᠡᠴᠡᠷᠯᠢᠭᠵᠢᠭᠦᠯᠦᠯᠲᠡ ᠶᠢᠨ ᠦᠢᠯᠡᠴᠢᠯᠡᠭᠡᠨ ᠤ ᠲᠥᠪ ᠯᠦᠭᠡ ᠬᠠᠷᠢᠯᠴᠠᠭᠠᠷᠠᠢ ︵ᠤᠲᠠᠰᠤ᠄ 0483 - 224027 | ︶᠃ | ᠨᠢᠭᠡ᠂ ᠲᠣᠶᠢᠮᠣ ᠪᠠᠶᠢᠳᠠᠯ | 2024 ᠣᠨ ᠳᠤ᠂ ᠠᠯᠠᠱᠠ ᠵᠡᠭᠦᠨ ᠬᠤᠰᠢᠭᠤᠨ ᠤ ᠬᠤᠲᠠ ᠶᠢᠨ ᠴᠡᠴᠡᠷᠯᠢᠭ ᠤᠨ | ᠴᠡᠴᠡᠷᠯᠢᠭᠵᠢᠭᠦᠯᠦᠯᠲᠡ ᠶᠢᠨ ᠦᠢᠯᠡᠴᠢᠯᠡᠭᠡᠨ ᠤ ᠲᠥᠪ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠢᠮᠠᠭᠲᠠ ᠲᠤᠤᠱᠯᠠᠭᠤᠯᠵᠤ᠂ ᠵᠠᠰᠠᠭ ᠤᠨ | ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠠᠵᠢᠯ ᠤᠨ ᠡᠯ᠎ᠡ ᠵᠦᠢᠯ ᠤᠨ ᠲᠣᠭᠲᠠᠭᠠᠯ ᠢ | ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠢᠯᠠ ᠲᠣᠳᠣ ᠪᠣᠯᠭᠠᠬᠤ ᠪᠠᠷ ᠬᠡᠪ ᠤᠨ ᠪᠠᠶᠢᠳᠠᠯ ᠪᠤᠯᠭᠠᠵᠤ᠂ ᠢᠯᠠ | ᠲᠣᠳᠣ ᠪᠣᠯᠭᠠᠬᠤ ᠦᠭᠡᠢ ᠶᠢ ᠣᠨᠴᠠᠭᠠᠢ ᠪᠠᠶᠢᠳᠠᠯ ᠪᠤᠯᠭᠠᠬᠤ︾ ᠦᠨᠳᠦᠰᠦᠨ ᠱᠠᠭᠠᠷᠳᠠᠯᠭ᠎ᠠ ᠶᠢ ᠪᠠᠷᠢᠮᠲᠠᠯᠠᠵᠤ᠂ | ᠬᠤᠲᠠ ᠶᠢᠨ ᠴᠡᠴᠡᠷᠯᠢᠭ ᠤᠨ ᠴᠡᠴᠡᠷᠯᠢᠭᠵᠢᠭᠦᠯᠦᠯᠲᠡ ᠶᠢᠨ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ᠂ | ᠰᠠᠨᠠᠭᠠᠴᠢᠯᠠᠭ᠎ᠠ ᠲᠠᠢ ᠪᠠᠷ ᠢᠯᠠ ᠲᠣᠳᠣ ᠪᠣᠯᠭᠠᠬᠤ ᠶᠢ ᠬᠦᠴᠦᠯᠡᠨ ᠰᠠᠶᠢᠲᠤᠷ ᠭᠦᠢᠴᠡᠳᠬᠡᠵᠦ᠂ ᠮᠡᠳᠡᠭᠡᠯᠡᠯ ᠨᠡᠶᠢᠲᠡᠯᠡᠬᠦ | ᠴᠢᠨᠠᠷ ᠴᠢᠨᠰᠠᠭ᠎ᠠ ᠶᠢ ᠪᠦᠭᠦ ᠲᠠᠯ᠎ᠠ ᠪᠠᠷ ᠳᠡᠭᠡᠭᠰᠢᠯᠡᠭᠦᠯᠵᠡᠢ᠃ | ︵ᠨᠢᠭᠡ︶ ᠰᠠᠨᠠᠭᠠᠴᠢᠯᠠᠭ᠎ᠠ ᠠᠴᠠ ᠪᠠᠨ ᠢᠯᠠ ᠲᠣᠳᠣ ᠪᠣᠯᠭᠠᠭᠰᠠᠨ ᠪᠠᠶᠢᠳᠠᠯ | 2024 ᠣᠨ ᠳᠤ᠂ ᠲᠥᠪ ᠨᠢ ᠵᠠᠰᠠᠭ ᠤᠨ ᠣᠷᠳᠣᠨ ᠤ ᠰᠦᠯᠵᠢᠶ᠎ᠡ ᠪᠠᠷ ᠳᠠᠮᠵᠢᠨ ᠪᠠᠶᠢᠭᠤᠯᠤᠮᠵᠢ ᠶᠢᠨ | ᠡᠭᠦᠷᠭᠡ ᠴᠢᠳᠠᠪᠬᠢ᠂ ᠤᠳᠤᠷᠢᠳᠤᠯᠭ᠎ᠠ ᠶᠢᠨ ᠠᠵᠢᠯ ᠤᠨ ᠬᠤᠪᠢᠶᠠᠷᠢᠯᠠᠯ᠂ ᠰᠠᠯᠠᠭ᠎ᠠ ᠮᠥᠴᠢᠷ ᠤᠨ ᠡᠷᠬᠡ | ᠬᠠᠷᠢᠭᠤᠴᠠᠯᠭ᠎ᠠ ᠶᠢᠨ ᠨᠠᠷᠢᠨ ᠪᠦᠷᠢᠳᠬᠡᠯ ᠵᠡᠷᠭᠡ ᠮᠡᠳᠡᠭᠡᠯᠡᠯ ᠢ ᠴᠠᠭ ᠲᠤᠬᠠᠢ ᠳᠤᠨᠢ ᠰᠢᠨᠡᠳᠬᠡᠵᠦ᠂ ᠰᠢᠨ᠎ᠡ | ᠵᠠᠭᠤᠴᠢᠯᠠᠭᠤᠷ ᠤᠨ ᠲᠠᠪᠴᠠᠩ ᠳᠤ ᠲᠦᠰᠢᠭᠯᠡᠨ 234 ᠠᠵᠢᠯ ᠤᠨ ᠪᠠᠶᠢᠳᠠᠯ ᠢ ᠨᠡᠶᠢᠲᠡᠯᠡᠪᠡ᠃ ᠭᠤᠷᠪᠠᠨ ᠶᠠᠪᠤᠳᠠᠯ ᠢ | ᠢᠯᠠ ᠲᠣᠳᠣ ᠪᠠᠶᠢᠯᠭᠠᠬᠤ ᠠᠵᠢᠯ ᠤᠨ ᠨᠡᠶᠢᠲᠡ 68 ᠵᠦᠢᠯ ᠤᠨ ᠮᠡᠳᠡᠭᠡᠯᠡᠯ ᠢ ᠢᠯᠡ ᠲᠣᠳᠣ ᠪᠣᠯᠭᠠᠵᠠᠢ᠂ ᠡᠭᠦᠨ ᠤ | ᠳᠣᠲᠣᠷ᠎ᠠ᠂ ᠨᠠᠮ ᠤᠨ ᠠᠵᠢᠯ ᠢ ᠢᠯᠠ ᠲᠣᠳᠣ ᠪᠣᠯᠭᠠᠬᠤ 32 ᠵᠤᠷᠪᠤᠰ ᠪᠠᠶᠢᠵᠤ᠂ ᠭᠤᠣᠯᠳᠠᠭᠤ ᠨᠠᠮ ᠤᠨ ᠭᠡᠰᠢᠭᠦᠨ | ᠺᠠᠳ᠋ᠷᠴᠤᠳ ᠲᠤ ᠪᠣᠯᠪᠠᠰᠤᠷᠠᠭᠤᠯᠤᠯ ᠬᠢᠵᠦ ᠪᠠᠶᠢᠭ᠎ᠠ ᠪᠠᠶᠢᠳᠠᠯ᠂ ᠨᠠᠮ ᠤᠨ ᠡᠭᠦᠷ ᠤᠨ ᠬᠤᠷᠠᠯ ᠬᠢᠵᠦ ᠪᠠᠶᠢᠭ᠎ᠠ ᠪᠠᠶᠢᠳᠠᠯ | ᠵᠡᠷᠭᠡ ᠶᠢ ᠢᠯᠡ ᠲᠣᠳᠣ ᠪᠣᠯᠭᠠᠵᠠᠢ︔ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ 25 ᠵᠤᠷᠪᠤᠰ᠂ | ᠭᠤᠣᠯᠳᠠᠭᠤ ᠢᠯᠠ ᠲᠣᠳᠣ ᠪᠣᠯᠭᠠᠬᠤ ᠠᠭᠤᠯᠭ᠎ᠠ ᠨᠢ ᠪᠠᠶᠠᠷ ᠳᠤᠷᠠᠰᠬᠠᠯ ᠤᠨ ᠡᠳᠦᠷ ᠤᠨ ᠵᠢᠵᠢᠭᠦᠷ ᠤᠨ ᠬᠦᠰᠦᠨᠦᠭᠲᠦ᠂ | ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠬᠠᠮᠢᠶᠠᠷᠴᠤ ᠬᠡᠷᠡᠭᠯᠡᠭᠰᠡᠨ ᠪᠠᠶᠢᠳᠠᠯ ᠤᠨ ᠢᠯᠠ ᠲᠣᠳᠣ ᠪᠣᠯᠭᠠᠬᠤ ᠶᠢ | ᠳᠡᠭᠡᠭᠰᠢ ᠮᠡᠳᠡᠭᠦᠯᠬᠦ ᠬᠦᠰᠦᠨᠦᠭᠲᠦ ᠵᠡᠷᠭᠡ ᠪᠣᠯᠣᠨ᠎ᠠ︔ ᠡᠳ᠋ ᠤᠨ ᠶᠠᠪᠤᠳᠠᠯ ᠢ ᠢᠯᠠ ᠲᠣᠳᠣ ᠪᠠᠶᠢᠯᠭᠠᠬᠤ 11 ᠵᠤᠷᠪᠤᠰ | ᠂ ᠭᠤᠣᠯ ᠠᠭᠤᠯᠭ᠎ᠠ ᠶᠢ ᠨᠢ ᠡᠳ᠋ ᠬᠥᠷᠥᠩᠭᠡ ᠥᠷᠢ ᠥᠭᠴᠡᠭᠡ ᠶᠢᠨ ᠬᠦᠰᠦᠨᠦᠭᠲᠦ᠂ ᠭᠤᠷᠪᠠᠨ ᠵᠦᠢᠯ ᠤᠨ ᠠᠯᠪᠠᠨ | ᠵᠠᠷᠤᠳᠠᠯ ᠪᠣᠯᠣᠨ ᠡᠳᠦᠷ ᠲᠤᠲᠤᠮ ᠤᠨ ᠠᠯᠪᠠᠨ ᠵᠠᠷᠤᠳᠠᠯ ᠤᠨ ᠵᠠᠷᠤᠯᠭ᠎ᠠ ᠶᠢᠨ ᠨᠠᠷᠢᠨ ᠬᠦᠰᠦᠨᠦᠭᠲᠦ ᠵᠡᠷᠭᠡ ᠶᠢ | ᠭᠠᠷᠭᠠᠵᠠᠢ᠃ ᠢᠯᠠ ᠲᠣᠳᠣ ᠪᠣᠯᠭᠠᠬᠤ ᠶᠢ ᠦᠨᠡᠨᠬᠦ ᠪᠡᠶᠡᠯᠡᠭᠦᠯᠵᠦ᠂ ᠠᠷᠠᠳ ᠢᠷᠭᠡᠨ᠂ ᠬᠠᠤᠯᠢ ᠶᠢᠨ ᠡᠷᠬᠡᠲᠡᠨ ᠪᠣᠯᠣᠨ | ᠪᠤᠰᠤᠳ ᠵᠣᠬᠢᠶᠠᠨ ᠪᠠᠶᠢᠭᠤᠯᠤᠯᠲᠠ ᠶᠢᠨ ᠪᠠᠶᠢᠳᠠᠯ ᠮᠡᠳᠡᠬᠦ ᠡᠷᠬᠡ ᠶᠢ ᠭᠦᠢᠴᠡᠳ ᠪᠠᠲᠤᠯᠠᠪᠠ᠃ | ︵ᠬᠤᠶᠠᠷ︶ ᠡᠷᠭᠦᠳᠡᠯ ᠤᠨ ᠳᠠᠭᠠᠤ ᠢᠯᠠ ᠲᠣᠳᠣ ᠪᠣᠯᠭᠠᠭᠰᠠᠨ ᠲᠤᠬᠠᠢ | 2024 ᠣᠨ ᠳᠤ᠂ ᠮᠠᠨ ᠤ ᠲᠥᠪ ᠵᠠᠰᠠᠭ ᠤᠨ ᠣᠷᠳᠣᠨ ᠤ ᠡᠷᠭᠦᠳᠡᠯ ᠶᠣᠰᠣᠭᠠᠷ ᠵᠠᠰᠠᠭ ᠤᠨ ᠣᠷᠳᠣᠨ ᠤ | ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠶᠢ ᠬᠦᠯᠢᠶᠡᠵᠦ ᠠᠪᠤᠭ᠎ᠠ ᠦᠭᠡᠢ᠃ | ︵ᠭᠤᠷᠪᠠ︶ ᠵᠠᠰᠠᠭ ᠤᠨ ᠣᠷᠳᠣᠨ ᠤ ᠮᠡᠳᠡᠭᠡᠯᠡᠯ ᠤᠨ ᠬᠠᠮᠢᠶᠠᠷᠤᠯᠲᠠ ᠶᠢᠨ ᠲᠤᠬᠠᠢ | ᠪᠣᠭᠤᠮᠲᠠ ᠶᠢ ᠬᠢᠨᠠᠨ ᠪᠠᠶᠢᠴᠠᠭᠠᠬᠤ ᠪᠠᠨ ᠴᠢᠩᠭᠠᠳᠬᠠᠵᠤ᠂ ᠵᠠᠰᠠᠭ ᠤᠨ ᠣᠷᠳᠣᠨ ᠤ ᠨᠡᠭᠡᠭᠡᠯᠲᠡ ᠲᠠᠢ | ᠮᠡᠳᠡᠭᠡᠯᠡᠯ ᠢ ᠢᠯᠠ ᠲᠣᠳᠣ ᠪᠠᠶᠢᠯᠭᠠᠬᠤ ᠡᠯ᠎ᠡ ᠵᠦᠢᠯ ᠤᠨ ᠠᠵᠢᠯ ᠤᠨ ᠳᠦᠷᠢᠮ ᠢ ᠨᠠᠷᠢᠨ ᠬᠢᠨᠠᠮᠠᠭᠠᠢ ᠬᠡᠷᠡᠭᠵᠢᠭᠦᠯᠵᠦ᠂ | ᠮᠡᠳᠡᠭᠡᠯᠡᠯ ᠨᠡᠶᠢᠲᠡᠯᠡᠬᠦ ︽ᠭᠤᠷᠪᠠᠨ ᠤᠳᠠᠭ᠎ᠠ ᠬᠢᠨᠠᠵᠤ ᠭᠤᠷᠪᠠᠨ ᠤᠳᠠᠭ᠎ᠠ ᠬᠠᠷᠭᠤᠭᠤᠯᠬᠤ ᠳᠦᠷᠢᠮ︾ ᠶᠢᠨ | ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠦᠴᠦᠨ ᠦᠭᠡᠢ ᠪᠣᠯᠤᠭᠰᠠᠨ ᠪᠢᠴᠢᠭ ᠮᠠᠲ᠋ᠧᠷᠢᠶᠠᠯ ᠢ ᠢᠯᠭᠠᠷᠠᠭᠤᠯᠬᠤ | ᠠᠵᠢᠯ ᠢ ᠴᠠᠭ ᠲᠤᠬᠠᠢ ᠳᠤᠨᠢ ᠥᠷᠨᠢᠭᠦᠯᠵᠦ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ | ᠪᠠᠶᠢᠯᠭᠠᠬᠤ ᠠᠵᠢᠯ ᠢ ᠪᠣᠳᠠᠲᠠᠢ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠵᠠᠢ᠃ | ︵ᠳᠥᠷᠪᠡ︶ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ | ᠲᠠᠪᠴᠠᠩ ᠤᠨ ᠪᠠᠶᠢᠭᠤᠯᠤᠯᠲᠠ ᠶᠢᠨ ᠲᠤᠬᠠᠢ | ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠮᠡᠳᠡᠭᠡᠯᠡᠯ ᠢ | ᠰᠢᠯᠵᠢᠭᠦᠯᠬᠦ᠂ ᠢᠯᠭᠠᠷᠠᠭᠤᠯᠬᠤ ᠵᠡᠷᠭᠡ ᠠᠵᠢᠯ ᠢ ᠪᠡᠶᠡᠯᠡᠭᠦᠯᠵᠡᠢ᠃ ᠣᠯᠠᠨ ᠲᠦᠮᠡᠨ ᠤ ᠬᠠᠯᠠᠮᠵᠢᠯᠠᠵᠤ ᠪᠠᠶᠢᠭ᠎ᠠ᠂ | ᠨᠡᠶᠢᠭᠡᠮ ᠤᠨ ᠬᠢᠨ ᠠᠩᠬᠠᠷᠴᠤ ᠪᠠᠶᠢᠭ᠎ᠠ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ᠂ ᠵᠠᠰᠠᠭ ᠤᠨ | ᠣᠷᠳᠣᠨ ᠤ ᠰᠦᠯᠵᠢᠶ᠎ᠡ ᠪᠠ ᠸᠢᠴᠠᠲ ᠤᠨ ᠲᠠᠪᠴᠠᠩ ᠲᠤ ᠲᠦᠰᠢᠭᠯᠡᠨ ᠵᠠᠰᠠᠭ ᠤᠨ ᠣᠷᠳᠣᠨ ᠤ ᠨᠡᠭᠡᠭᠡᠯᠲᠡ ᠲᠠᠢ | ᠮᠡᠳᠡᠭᠡᠯᠡᠯ ᠢ ᠢᠯᠠ ᠲᠣᠳᠣ ᠪᠠᠶᠢᠯᠭᠠᠬᠤ ᠭᠤᠣᠯ ᠠᠷᠭ᠎ᠠ ᠵᠠᠮ ᠪᠤᠯᠭᠠᠵᠤ᠂ ᠡᠯ᠎ᠡ ᠲᠥᠷᠥᠯ ᠤᠨ ᠬᠤᠲᠠ ᠶᠢᠨ | ᠴᠡᠴᠡᠷᠯᠢᠭ ᠤᠨ ᠴᠡᠴᠡᠷᠯᠢᠭᠵᠢᠭᠦᠯᠦᠯᠲᠡ ᠶᠢᠨ ᠮᠡᠳᠡᠭᠡᠯᠡᠯ ᠢ ᠴᠠᠭ ᠲᠤᠬᠠᠢ ᠳᠤᠨᠢ ᠬᠥᠳᠡᠯᠦᠩᠭᠦᠢ ᠪᠠᠷ ᠰᠢᠨᠡᠳᠬᠡᠵᠦ᠂ | ᠮᠡᠳᠡᠭᠡᠯᠡᠯ ᠨᠡᠶᠢᠲᠡᠯᠡᠬᠦ ᠪᠠ ᠬᠠᠷᠢᠯᠴᠠᠨ ᠬᠥᠳᠡᠯᠦᠯᠴᠡᠵᠦ ᠬᠠᠷᠢᠭᠤ ᠣᠯᠭᠤᠬᠤ ᠪᠣᠳᠠᠲᠤ ᠦᠷ᠎ᠡ ᠪᠦᠲᠦᠮᠵᠢ ᠶᠢ ᠤᠯᠠᠮ | ᠳᠡᠭᠡᠭᠰᠢᠯᠡᠭᠦᠯᠵᠡᠢ᠃ | ︵ᠲᠠᠪᠤ︶ ᠬᠢᠨᠠᠯᠲᠠ᠂ ᠪᠠᠲᠤᠯᠠᠭᠠᠵᠢᠭᠤᠯᠤᠯᠲᠠ ᠶᠢᠨ ᠲᠤᠬᠠᠢ | ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠮᠡᠳᠡᠭᠡᠯᠡᠯ ᠤᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠂ ᠵᠠᠰᠠᠭ ᠤᠨ ᠣᠷᠳᠣᠨ ᠤ ᠰᠦᠯᠵᠢᠶᠡᠨ ᠥᠷᠲᠡᠭᠡ᠂ ᠸᠢᠴᠠᠲ ᠲᠠᠪᠴᠠᠩ ᠵᠡᠷᠭᠡ | ᠥᠪᠡᠷ ᠢᠶᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠢᠳᠡᠪᠬᠢᠲᠡᠢ ᠥᠷᠨᠢᠭᠦᠯᠵᠦ᠂ ᠡᠳᠦᠷ ᠲᠤᠲᠤᠮ ᠤᠨ | ᠠᠵᠢᠯ ᠪᠠ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠶᠢ ᠠᠬᠢᠭᠤᠯᠤᠨ᠂ ᠲᠥᠪ | ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠠᠵᠢᠯ ᠤᠨ ᠵᠢᠷᠤᠮᠵᠢᠯ ᠲᠠᠢ | ᠤᠷᠤᠭᠰᠢᠲᠠᠢ ᠥᠷᠨᠢᠬᠦ ᠶᠢ ᠦᠨᠡᠨᠬᠦ ᠪᠠᠲᠤᠯᠠᠵᠠᠢ᠃ | ᠬᠤᠶᠠᠷ᠂ ᠵᠠᠰᠠᠭ ᠤᠨ ᠣᠷᠳᠣᠨ ᠤ ᠮᠡᠳᠡᠭᠡᠯᠡᠯ ᠢ ᠰᠠᠨᠠᠭᠠᠴᠢᠯᠠᠭ᠎ᠠ ᠠᠴᠠ ᠪᠠᠨ ᠢᠯᠠ ᠲᠣᠳᠣ ᠪᠣᠯᠭᠠᠬᠰᠠᠨ | ᠪᠠᠶᠢᠳᠠᠯ | ᠭᠤᠷᠪᠠ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠡᠷᠭᠦᠳᠡᠯ ᠢ | ᠭᠥᠯᠢᠶᠡᠨ ᠠᠪᠴᠤ᠂ ᠰᠢᠢᠳᠪᠦᠷᠢᠯᠡᠭᠰᠡᠨ ᠪᠠᠶᠢᠳᠠᠯ | ᠳᠥᠷᠪᠡ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠵᠠᠰᠠᠭ | ᠵᠠᠬᠢᠷᠭᠠᠨ ᠢᠶᠠᠷ ᠳᠠᠭᠢᠨ ᠵᠥᠪᠯᠡᠭᠰᠡᠨ ᠪᠣᠯᠣᠨ ᠵᠠᠰᠠᠭ ᠵᠠᠬᠢᠷᠭᠠᠨ ᠤ ᠵᠠᠷᠭᠤ ᠶᠢᠨ ᠪᠠᠶᠢᠳᠠᠯ | | ᠲᠠᠪᠤ᠂ ᠣᠷᠣᠰᠢᠵᠤ ᠪᠠᠶᠢᠭ᠎ᠠ ᠭᠤᠣᠯ ᠠᠰᠠᠭᠤᠳᠠᠯ ᠵᠢᠴᠢ ᠰᠠᠶᠢᠵᠢᠷᠠᠭᠤᠯᠤᠭᠰᠠᠨ ᠪᠠᠶᠢᠳᠠᠯ | ︵ᠨᠢᠭᠡ︶ ᠣᠷᠣᠰᠢᠵᠤ ᠪᠠᠶᠢᠭ᠎ᠠ ᠭᠤᠣᠯ ᠠᠰᠠᠭᠤᠳᠠᠯ | 2024 ᠣᠨ ᠳᠤ᠂ ᠮᠠᠨ ᠤ ᠲᠥᠪ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ | ᠪᠠᠶᠢᠯᠭᠠᠬᠤ ᠠᠵᠢᠯ ᠵᠣᠬᠢᠬᠤ ᠦᠷ᠎ᠡ ᠪᠦᠲᠦᠮᠵᠢ ᠣᠯᠣᠭᠰᠠᠨ ᠪᠤᠯᠪᠠᠴᠤ ᠪᠣᠳᠠᠲᠠᠢ ᠠᠵᠢᠯ ᠤᠨ ᠳᠤᠮᠳᠠ ᠪᠠᠰᠠ | ᠨᠡᠯᠢᠶᠡᠳ ᠲᠣᠪᠣᠶᠢᠮ᠎ᠠ ᠠᠰᠠᠭᠤᠳᠠᠯ ᠤᠳ ᠣᠷᠣᠰᠢᠵᠤ ᠪᠤᠢ᠄ ᠨᠢᠭᠡ ᠳᠤ ᠵᠠᠰᠠᠭ ᠤᠨ ᠣᠷᠳᠣᠨ ᠤ ᠨᠡᠭᠡᠭᠡᠯᠲᠡ ᠲᠠᠢ | ᠮᠡᠳᠡᠭᠡᠯᠡᠯ ᠢ ᠢᠯᠠ ᠲᠣᠳᠣ ᠪᠠᠶᠢᠯᠭᠠᠬᠤ ᠤᠬᠠᠮᠰᠠᠷ ᠢ ᠳᠡᠭᠡᠭᠰᠢᠯᠡᠭᠦᠯᠭᠦ ᠲᠠᠯ᠎ᠠ ᠪᠠᠷ ᠪᠠᠰᠠ ᠤᠯᠠᠮ ᠴᠢᠩᠭᠠᠳᠬᠠᠬᠤ | ᠴᠢᠬᠤᠯᠠᠲᠠᠢ︔ ᠬᠤᠶᠠᠷ ᠲᠤ ᠬᠤᠲᠠ ᠶᠢᠨ ᠴᠡᠴᠡᠷᠯᠢᠭ ᠤᠨ ᠴᠡᠴᠡᠷᠯᠢᠭᠵᠢᠭᠦᠯᠦᠯᠲᠡ ᠶᠢᠨ ᠠᠵᠢᠯ ᠲᠥᠷᠥᠯ ᠤᠨ ᠬᠠᠮᠢᠶ᠎ᠠ | ᠪᠦᠬᠦᠢ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠭᠡᠯᠪᠡᠷᠢ ᠳᠤ ᠴᠢᠭᠯᠡᠭᠦᠯᠦᠨ ᠪᠠᠰᠠ ᠤᠯᠠᠮ | ᠪᠠᠶᠠᠯᠢᠭᠵᠢᠭᠤᠯᠬᠤ ᠴᠢᠬᠤᠯᠠ ᠲᠠᠢ ᠪᠠᠶᠢᠨ᠎ᠠ᠃ | ︵ᠬᠤᠶᠠᠷ︶ ᠰᠠᠶᠢᠵᠢᠷᠠᠭᠤᠯᠤᠭᠰᠠᠨ ᠪᠠᠶᠢᠳᠠᠯ | ᠨᠢᠭᠡ ᠳᠤ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠡᠯ᠎ᠡ | ᠵᠦᠢᠯ ᠤᠨ ᠠᠵᠢᠯ ᠤᠨ ᠳᠦᠷᠢᠮ ᠢ ᠤᠯᠠᠮ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠨᠡᠭᠡᠭᠡᠯᠲᠡ ᠲᠠᠢ | ᠮᠡᠳᠡᠭᠡᠯᠡᠯ ᠢ ᠢᠯᠠ ᠲᠣᠳᠣ ᠪᠠᠶᠢᠯᠭᠠᠬᠤ ᠠᠵᠢᠯᠲᠠᠨ ᠤ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠲᠠᠰᠤᠷᠠᠯᠲᠠ ᠦᠭᠡᠢ | ᠳᠡᠭᠡᠭᠰᠢᠯᠡᠭᠦᠯᠦᠨ᠂ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠮᠡᠳᠡᠭᠡᠯᠡᠯ ᠤᠨ ᠬᠠᠮᠢᠶᠠᠷᠤᠯᠲᠠ ᠶᠢ | ᠴᠢᠩᠭᠠᠷᠠᠭᠤᠯᠵᠤ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠠᠵᠢᠯ ᠤᠨ | ᠴᠢᠨᠠᠷ ᠴᠢᠨᠰᠠᠭ᠎ᠠ ᠶᠢ ᠪᠦᠲᠦᠮᠵᠢᠲᠡᠢ ᠳᠡᠭᠡᠭᠰᠢᠯᠡᠭᠦᠯᠵᠡᠢ᠃ | ᠬᠤᠶᠠᠷ ᠲᠤ᠂ ᠸᠢᠴᠠᠲ᠂ ᠣᠯᠠᠨ ᠲᠠᠪᠴᠠᠩ ᠳᠤ ᠲᠦᠰᠢᠭᠯᠡᠨ ᠬᠤᠲᠠ ᠶᠢᠨ ᠴᠡᠴᠡᠷᠯᠢᠭ ᠤᠨ | ᠴᠡᠴᠡᠷᠯᠢᠭᠵᠢᠭᠦᠯᠦᠯᠲᠡ ᠶᠢᠨ ᠠᠵᠢᠯ ᠲᠥᠷᠥᠯ ᠤᠨ ᠬᠦᠷᠢᠶ᠎ᠡ ᠴᠠᠷ᠎ᠠ ᠶᠢᠨ ᠠᠭᠤᠯᠭ᠎ᠠ ᠶᠢ ᠨᠠᠷᠢᠯᠢᠭᠵᠢᠭᠤᠯᠤᠨ | ᠲᠡᠭᠦᠯᠳᠡᠷᠵᠢᠭᠦᠯᠵᠦ᠂ ᠮᠡᠳᠡᠭᠡᠯᠡᠯ ᠢ ᠡᠷᠴᠢᠮᠲᠡᠢ ᠠᠭᠤᠳᠠᠯᠯᠠᠵᠤ᠂ ᠮᠡᠳᠡᠭᠡᠯᠡᠯ ᠨᠡᠶᠢᠲᠡᠯᠡᠬᠦ ᠬᠦᠷᠢᠶ᠎ᠡ ᠬᠡᠪᠴᠢᠶ᠎ᠡ ᠶᠢᠨ | ᠲᠠᠯ᠎ᠠ ᠪᠠᠷ ᠥᠷᠭᠡᠨ ᠳᠡᠯᠭᠡᠷ᠂ ᠠᠭᠤᠯᠭ᠎ᠠ ᠶᠢᠨ ᠲᠠᠯ᠎ᠠ ᠪᠠᠷ ᠪᠦᠷᠢᠨ ᠭᠦᠢᠴᠡᠳ ᠪᠠᠶᠢᠬᠤ ᠶᠢ ᠱᠠᠭᠠᠷᠳᠠᠵᠤ᠂ | ᠮᠡᠳᠡᠭᠡᠯᠡᠯ ᠢ ᠥᠨᠳᠥᠷ ᠶᠠᠰᠤ ᠴᠢᠨᠠᠷ ᠪᠦᠬᠦᠢ ᠨᠡᠶᠢᠲᠡᠯᠡᠬᠦ ᠶᠢ ᠤᠯᠠᠮ ᠪᠡᠶᠡᠯᠡᠭᠦᠯᠵᠡᠢ᠃ | ᠵᠢᠷᠭᠤᠭ᠎ᠠ᠂ ᠪᠤᠰᠤᠳ ᠮᠡᠳᠡᠭᠡᠯᠡᠬᠦ ᠱᠠᠭᠠᠷᠳᠠᠯᠭ᠎ᠠ ᠲᠠᠢ ᠠᠰᠠᠭᠤᠳᠠᠯ | ᠮᠡᠳᠡᠭᠡᠯᠡᠯ ᠢ ᠰᠢᠢᠳᠪᠦᠷᠢᠯᠡᠬᠦ ᠰᠦᠢᠳᠬᠡᠯ ᠬᠤᠷᠢᠶᠠᠭᠰᠠᠨ ᠪᠠᠶᠢᠳᠠᠯ᠄ 2024 ᠣᠨ ᠳᠤ ᠮᠡᠳᠡᠭᠡᠯᠡᠯ ᠢ | ᠨᠡᠭᠡᠭᠡᠯᠲᠡ ᠲᠠᠢ ᠪᠣᠯᠭᠠᠬᠤ ᠲᠠᠢ ᠬᠤᠯᠪᠣᠭᠳᠠᠬᠤ ᠬᠤᠷᠢᠶᠠᠮᠵᠢ ᠠᠪᠤᠭ᠎ᠠ ᠦᠭᠡᠢ᠃ | |