ᠠᠯᠠᠱᠠ ᠠᠶᠢᠮᠠᠭ ᠤᠨ ᠠᠯᠠᠱᠠ ᠵᠡᠭᠦᠨ ᠬᠤᠰᠢᠭᠤᠨ ᠤ ᠡᠮᠦᠨ᠎ᠡ ᠲᠣᠭᠤᠷᠢᠯᠲᠠ ᠶᠢᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠤᠨ 2024 ᠣᠨ ᠤ ᠵᠠᠰᠠᠭ ᠤᠨ ᠣᠷᠳᠣᠨ ᠤ ᠨᠡᠭᠡᠭᠡᠯᠲᠡ  ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠠᠵᠢᠯ ᠤᠨ ᠣᠨ ᠤ ᠮᠡᠳᠡᠭᠦᠯᠦᠯᠲᠡ
ᠨᠡᠶᠢᠲᠡᠯᠡᠭᠰᠡᠨ ᠴᠠᠭ᠄
2024/12/31
            ᠲᠤᠰ ᠣᠨ ᠤ ᠮᠡᠳᠡᠭᠦᠯᠦᠯᠲᠡ ᠶᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠳᠦᠷᠢᠮ︾᠂ ︽ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠡᠯᠡᠯ ᠬᠢᠭᠡᠳ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠤᠨ ᠠᠯᠪᠠᠨ ᠭᠡᠷ ᠤᠨ ᠬᠡᠪᠯᠡᠨ ᠲᠠᠷᠬᠠᠭᠠᠬᠤ ᠲᠤᠬᠠᠢ ᠮᠡᠳᠡᠭᠳᠡᠯ︾ ︵ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠵᠠᠬᠢᠳᠠᠯ ﹇2011﹈ 30 ᠳ᠋ᠤᠭᠠᠷ ᠲᠣᠭᠠᠲᠤ︶  ᠶᠢ ᠦᠨᠳᠦᠰᠦᠯᠡᠨ ᠲᠤᠭᠤᠷᠪᠢᠪᠠ᠃ ᠪᠦᠭᠦ ᠠᠭᠤᠯᠭ᠎ᠠ ᠳᠤ ᠠᠯᠠᠱᠠ ᠵᠡᠭᠦᠨ ᠬᠤᠰᠢᠭᠤᠨ ᠤ ᠡᠮᠦᠨ᠎ᠡ ᠲᠣᠭᠤᠷᠢᠯᠲᠠ ᠶᠢᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠤᠨ 2024 ᠣᠨ ᠤ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠭᠠᠷᠭᠠᠭᠰᠠᠨ ᠶᠡᠷᠦᠩᠬᠡᠢ ᠪᠠᠶᠢᠳᠠᠯ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠭᠠᠷᠭᠠᠭᠰᠠᠨ ᠪᠠᠶᠢᠳᠠᠯ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠡᠷᠭᠦᠳᠡᠯ ᠢ ᠣᠯᠣᠭᠰᠠᠨ ᠪᠠ ᠰᠢᠢᠳᠪᠦᠷᠢᠯᠡᠭᠰᠡᠨ ᠪᠠᠶᠢᠳᠠᠯ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠭᠠᠷᠭᠠᠭᠰᠠᠨ ᠵᠠᠰᠠᠭ ᠵᠠᠬᠢᠷᠭᠠᠨ ᠤ ᠳᠠᠭᠢᠨ ᠵᠥᠪᠯᠡᠭᠰᠡᠨ ᠪᠣᠯᠣᠨ ᠵᠠᠰᠠᠭ ᠵᠠᠬᠢᠷᠭᠠᠨ ᠤ ᠵᠠᠷᠭᠤ ᠶᠢᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠬᠠᠯᠠᠨ ᠰᠠᠶᠢᠵᠢᠷᠠᠭᠤᠯᠤᠭᠰᠠᠨ ᠪᠠᠶᠢᠳᠠᠯ᠂ ᠪᠤᠰᠤᠳ ᠮᠡᠳᠡᠭᠡᠯᠡᠬᠦ ᠱᠠᠭᠠᠷᠳᠠᠯᠭ᠎ᠠ ᠲᠠᠢ ᠠᠰᠠᠭᠤᠳᠠᠯ ᠢ ᠪᠠᠭᠲᠠᠭᠠᠨ᠎ᠠ᠃ ᠪᠦᠷᠢᠳᠬᠡᠨ ᠭᠠᠷᠭᠠᠭᠰᠠᠨ ᠲᠤᠭ᠎ᠠ ᠪᠠᠷᠢᠮᠲᠠ ᠶᠢᠨ ᠬᠤᠭᠤᠴᠠᠭ᠎ᠠ ᠨᠢ 2024 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ 2024 ᠣᠨ ᠤ 12 ᠳ᠋ᠤᠭᠠᠷ ᠰᠠᠷ᠎ᠠ ᠶᠢᠨ 31 ᠤ ᠡᠳᠦᠷ ᠭᠦᠷᠦᠨ᠎ᠡ᠃ ᠲᠤᠰ ᠵᠢᠯ ᠤᠨ ᠮᠡᠳᠡᠭᠦᠯᠦᠯᠲᠡ ᠶᠢᠨ ᠴᠠᠬᠢᠮ ᠬᠤᠪᠢᠯᠪᠤᠷᠢ ᠶᠢ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ︵http : / / www . alszq . gov . cn︶  ᠠᠴᠠ ᠲᠠᠲᠠᠵᠤ ᠠᠪᠬᠤ ᠪᠣᠯᠣᠮᠵᠢ ᠲᠠᠢ᠃ ᠬᠡᠷᠪᠡ ᠲᠤᠰ ᠵᠢᠯ ᠤᠨ ᠮᠡᠳᠡᠭᠦᠯᠦᠯᠲᠡ ᠳᠤ ᠰᠡᠵᠢᠭᠯᠡᠯ ᠲᠠᠢ ᠪᠠᠶᠢᠪᠠᠯ᠂ ᠡᠮᠦᠨ᠎ᠡ ᠲᠣᠭᠤᠷᠢᠯᠲᠠ ᠶᠢᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ ᠲᠠᠢ ᠬᠠᠷᠢᠯᠴᠠᠭᠠᠷᠠᠢ ︵ᠤᠲᠠᠰᠤ᠄ 0483 - 6100305︶᠃       ᠨᠢᠭᠡ᠂ ᠲᠣᠶᠢᠮᠣ ᠪᠠᠶᠢᠳᠠᠯ       2024 ᠣᠨ ᠳᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠮᠦᠨ᠎ᠡ ᠲᠣᠭᠤᠷᠢᠯᠲᠠ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠰᠢ  ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠢ ᠪᠦᠭᠦ ᠲᠠᠯ᠎ᠠ ᠪᠠᠷ ᠠᠬᠢᠭᠤᠯᠬᠤ ᠲᠤᠬᠠᠢ ᠪᠠᠶᠢᠷᠢᠯᠠᠭᠤᠯᠤᠯᠲᠠ ᠪᠠ ᠲᠣᠬᠢᠷᠠᠭᠤᠯᠤᠯᠲᠠ ᠲᠠᠢ ᠨᠢᠭᠲᠠ ᠤᠶᠠᠯᠳᠤᠭᠤᠯᠤᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠥᠪ ᠭᠤᠣᠯᠴᠢ᠂ ᠡᠷᠬᠡ ᠲᠡᠭᠰᠢ᠂ ᠬᠠᠤᠯᠢ ᠶᠣᠰᠣᠨ ᠳᠤ ᠨᠡᠶᠢᠴᠡᠬᠦ᠂ ᠠᠷᠠᠳ ᠲᠤ ᠳᠥᠭᠦᠮ ᠦᠵᠡᠭᠦᠯᠭᠦ ᠵᠠᠷᠴᠢᠮ ᠢ ᠵᠢᠷᠤᠮᠯᠠᠨ᠂ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠳᠦᠷᠢᠮ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠡᠳᠬᠢᠯ ᠰᠠᠨᠠᠭ᠎ᠠ ᠪᠠᠨ ᠨᠢᠭᠡᠳᠬᠡᠨ ᠬᠦᠴᠦᠨ ᠢᠶᠠᠨ ᠲᠥᠪᠯᠡᠷᠡᠭᠦᠯᠵᠦ ᠪᠠᠶᠢᠭᠠᠳ ᠵᠠᠰᠠᠭ ᠤᠨ ᠶᠠᠪᠤᠳᠠᠯ ᠤᠨ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠠᠵᠢᠯ ᠢ ᠭᠦᠨᠵᠡᠭᠡᠶᠢᠷᠡᠭᠦᠯᠦᠨ ᠬᠥᠭᠵᠢᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠵᠦ᠂ ᠣᠳᠣ ᠨᠢᠭᠡ ᠵᠢᠯ ᠤᠨ ᠲᠤᠷᠰᠢᠬᠢ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠳᠠᠷᠠᠭᠠᠬᠢ ᠬᠡᠳᠦᠨ ᠲᠠᠯ᠎ᠠ ᠪᠠᠷ᠄       ︵ᠨᠢᠭᠡ︶ ᠰᠠᠨᠠᠭᠠᠴᠢᠯᠠᠭ᠎ᠠ ᠠᠴᠠ ᠪᠠᠨ ᠢᠯᠠ ᠲᠣᠳᠣ ᠪᠣᠯᠭᠠᠭᠰᠠᠨ ᠪᠠᠶᠢᠳᠠᠯ᠃ ᠡᠮᠦᠨ᠎ᠡ ᠲᠣᠭᠤᠷᠢᠯᠲᠠ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠢ ᠢᠮᠠᠭᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠦᠷᠢᠮ ᠤᠨ ᠪᠠᠶᠢᠭᠤᠯᠤᠯᠲᠠ᠂ ᠠᠭᠤᠯᠭ᠎ᠠ ᠶᠢ ᠭᠦᠨᠵᠡᠭᠡᠶᠢᠷᠡᠭᠦᠯᠬᠦ ᠂ ᠠᠷᠭ᠎ᠠ ᠵᠠᠮ ᠢ ᠥᠷᠭᠡᠳᠬᠡᠬᠦ ᠵᠡᠷᠭᠡ ᠲᠠᠯ᠎ᠠ ᠪᠠᠷ ᠪᠦᠭᠦ ᠲᠠᠯ᠎ᠠ ᠪᠠᠷ ᠠᠬᠢᠭᠤᠯᠵᠤ᠂ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠤᠨ ᠴᠢᠨᠠᠷ ᠰᠠᠶᠢᠲᠠᠢ ᠥᠨᠳᠥᠷ ᠪᠦᠲᠦᠮᠵᠢᠲᠡᠢ ᠪᠠᠷ ᠥᠷᠨᠢᠬᠦ ᠶᠢ ᠦᠨᠡᠨ ᠬᠦ ᠪᠠᠲᠤᠯᠠᠵᠠᠢ᠃ ᠨᠢᠭᠡ ᠳᠤ ᠳᠦᠷᠢᠮ ᠤᠨ ᠰᠢᠰᠲ᠋ᠧᠮᠵᠢ ᠶᠢ ᠪᠦᠷᠢᠨᠰᠢᠭᠦᠯᠦᠨ᠂ ᠠᠵᠢᠯ ᠤᠨ ᠵᠢᠷᠤᠮᠵᠢᠯ ᠢ ᠪᠠᠲᠤᠯᠠᠵᠠᠢ᠃ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠤᠨ ᠡᠯ᠎ᠡ ᠵᠦᠢᠯ ᠤᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠤᠨ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠶᠢ ᠲᠣᠳᠣᠷᠬᠠᠶᠢᠯᠠᠨ᠂ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠢᠶᠠᠷ ᠴᠢᠩᠭ᠎ᠠ᠂ ᠠᠵᠢᠯ ᠢᠶᠠᠨ ᠴᠢᠩᠭ᠎ᠠ ᠨᠢᠮᠪᠠᠢ ᠪᠦᠬᠦᠢ ᠭᠤᠣᠯ ᠬᠠᠷᠢᠭᠤᠴᠠᠬᠤ ᠠᠵᠢᠯᠲᠠᠨ ᠢ ᠰᠢᠯᠢᠨ ᠳᠡᠪᠰᠢᠭᠦᠯᠵᠦ᠂ ᠡᠯ᠎ᠡ ᠵᠦᠢᠯ ᠤᠨ ᠪᠣᠳᠠᠲᠠᠢ ᠠᠵᠢᠯ ᠤᠨ ᠣᠨᠣᠪᠴᠢᠲᠠᠢ ᠬᠡᠷᠡᠭᠵᠢᠭᠦᠯᠦᠭᠳᠡᠬᠦ ᠶᠢ ᠪᠦᠭᠦ ᠬᠦᠴᠦᠨ ᠢᠶᠠᠷ ᠢᠶᠠᠨ ᠪᠠᠲᠤᠯᠠᠨ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠵᠣᠬᠢᠶᠠᠨ ᠪᠠᠶᠢᠭᠤᠯᠤᠨ ᠥᠷᠨᠢᠭᠦᠯᠦᠭᠰᠡᠨ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠤᠨ ᠪᠣᠯᠪᠠᠰᠤᠷᠠᠭᠤᠯᠤᠯ ᠳᠤ ᠢᠳᠡᠪᠬᠢᠲᠡᠢ ᠣᠷᠣᠯᠴᠠᠵᠤ᠂ ᠠᠵᠢᠯᠲᠠᠳ ᠤᠨ ᠬᠠᠷᠢᠭᠤᠴᠠᠯᠭ᠎ᠠ ᠶᠢᠨ ᠦᠵᠡᠯ ᠤᠬᠠᠮᠰᠠᠷ ᠬᠢᠭᠡᠳ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠢ ᠵᠢᠷᠤᠮᠵᠢᠭᠤᠯᠬᠤ᠂ ᠪᠠᠷᠢᠮᠵᠢᠶᠠᠵᠢᠭᠤᠯᠬᠤ ᠳᠠᠰᠢ ᠯᠠᠪᠳᠠᠭᠤᠨ ᠢᠶᠠᠷ ᠲᠦᠯᠬᠢᠨ ᠠᠬᠢᠭᠤᠯᠵᠠᠢ᠃ ᠬᠤᠶᠠᠷ ᠲᠤ᠂ ᠢᠯᠠ ᠲᠣᠳᠣ ᠪᠣᠯᠭᠠᠬᠤ ᠠᠭᠤᠯᠭ᠎ᠠ ᠪᠠᠨ ᠭᠦᠨᠵᠡᠭᠡᠶᠢᠷᠡᠭᠦᠯᠵᠦ᠂ ᠠᠷᠠᠳ ᠤᠨ ᠠᠮᠢᠳᠤᠷᠠᠯ ᠤᠨ ᠬᠠᠯᠠᠮᠰᠢᠯ ᠠᠰᠠᠭᠤᠳᠠᠯ ᠳᠤ ᠠᠩᠬᠠᠷᠤᠯ ᠢᠶᠠᠨ ᠬᠠᠨᠳᠤᠭᠤᠯᠵᠠᠢ᠃ 2024 ᠣᠨ ᠠᠴᠠ ᠨᠠᠰᠢ᠂ ᠠᠵᠢᠯ ᠤᠨ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ᠂ ᠦᠨᠳᠦᠰᠦᠨ ᠱᠠᠲᠤᠨ ᠤ ᠵᠠᠰᠠᠯᠲᠠ᠂ ᠬᠤᠲᠠ ᠶᠢᠨ ᠬᠠᠮᠢᠶᠠᠷᠤᠯᠲᠠ᠂ ᠨᠡᠶᠢᠭᠡᠮ ᠤᠨ ᠪᠠᠲᠤᠯᠠᠭ᠎ᠠ᠂ ᠬᠠᠤᠯᠢ ᠳᠦᠷᠢᠮ ᠤᠨ ᠤᠬᠠᠭᠤᠯᠭ᠎ᠠ ᠬᠥᠮᠦᠵᠢᠯ ᠵᠡᠷᠭᠡ ᠡᠯ᠎ᠡ ᠵᠦᠢᠯ ᠤᠨ ᠠᠵᠢᠯ ᠳᠤ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠠᠵᠢᠯᠯᠠᠭ᠎ᠠ ᠶᠢ ᠪᠦᠭᠦ ᠲᠠᠯ᠎ᠠ ᠪᠠᠷ ᠥᠷᠨᠢᠭᠦᠯᠵᠦ᠂ ᠸᠢᠴᠠᠲ ᠤᠨ ᠲᠠᠪᠴᠠᠩ ᠢ ᠠᠰᠢᠭᠯᠠᠨ ᠤᠯᠤᠰ᠂ ᠣᠷᠣᠨ ᠨᠤᠲᠤᠭ ᠤᠨ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠪᠢᠴᠢᠭ ᠮᠠᠲ᠋ᠧᠷᠢᠶᠠᠯ ᠢ ᠴᠠᠭ ᠲᠤᠬᠠᠢ ᠳᠤᠨᠢ ᠢᠯᠡ ᠨᠡᠶᠢᠲᠡᠯᠡᠵᠦ᠂ ᠰᠠᠭᠤᠭᠠᠯᠢ ᠠᠷᠠᠳ ᠢ ᠬᠠᠪᠰᠤᠷᠤᠨ ᠲᠥᠷᠥ ᠶᠢᠨ ᠪᠣᠳᠣᠯᠭ᠎ᠠ ᠶᠢᠨ ᠠᠭᠤᠯᠤᠭᠳᠠᠬᠤᠨ ᠢ ᠵᠥᠪ ᠣᠨᠣᠪᠴᠢᠲᠠᠢ ᠣᠶᠢᠯᠠᠭᠠᠭᠤᠯᠪᠠ᠃ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠦᠷᠢᠶᠡᠨ ᠳᠤ ᠡᠮ ᠡᠮᠨᠡᠯᠭᠡ ᠶᠢᠨ ᠳᠠᠭᠠᠳᠬᠠᠯ᠂ ᠠᠵᠢᠯ ᠠᠯᠳᠠᠭᠰᠠᠳ ᠤᠨ ᠳᠠᠭᠠᠳᠬᠠᠯ ᠤᠨ ᠳᠠᠭᠠᠳᠬᠠᠯ ᠳᠤ ᠣᠷᠣᠯᠴᠠᠬᠰᠠᠨ ᠮᠡᠳᠡᠭᠡ ᠵᠠᠩᠭᠢ ᠵᠡᠷᠭᠡ ᠶᠢ ᠪᠠᠭᠲᠠᠭᠠᠭᠰᠠᠨ ᠡᠯ᠎ᠡ ᠲᠥᠷᠥᠯ ᠤᠨ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠨᠠᠷᠢᠨ ᠲᠣᠳᠣᠷᠬᠠᠢ ᠢᠯᠠ ᠲᠣᠳᠣ ᠪᠣᠯᠭᠠᠵᠠᠢ᠃ ᠰᠤᠷᠭᠠᠨ ᠬᠥᠮᠦᠵᠢᠯ ᠤᠨ ᠲᠠᠯ᠎ᠠ ᠪᠠᠷ᠂ ᠨᠡᠶᠢᠭᠡᠮ ᠲᠣᠭᠤᠷᠢᠭ ᠲᠠᠬᠢ ᠰᠤᠷᠭᠠᠭᠤᠯᠢ ᠶᠢᠨ ᠰᠤᠷᠤᠬᠴᠢ ᠡᠯᠰᠡᠬᠦ ᠲᠥᠷᠥ ᠶᠢᠨ ᠪᠣᠳᠣᠯᠭ᠎ᠠ᠂ ᠰᠤᠷᠭᠠᠭᠤᠯᠢ ᠶᠢᠨ ᠲᠣᠭᠤᠷᠢᠭ ᠤᠨ ᠬᠤᠪᠢᠶᠠᠷᠢᠯᠠᠯ ᠵᠡᠷᠭᠡ ᠮᠡᠳᠡᠭᠡᠯᠡᠯ ᠢ ᠢᠯᠠ ᠲᠣᠳᠣ ᠪᠣᠯᠭᠠᠵᠠᠢ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠲᠠᠯ᠎ᠠ ᠪᠠᠷ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠦᠢᠯᠡᠴᠢᠯᠡᠭᠡᠨ ᠤ ᠲᠥᠷᠥᠯ ᠵᠦᠢᠯ᠂ ᠲᠤᠰᠬᠠᠢ ᠮᠡᠷᠭᠡᠵᠢᠯᠲᠡᠨ ᠤ ᠡᠮᠨᠡᠯᠭᠡ ᠳᠤ ᠰᠠᠭᠤᠬᠤ ᠴᠠᠭ ᠵᠡᠷᠭᠡ ᠠᠭᠤᠯᠭ᠎ᠠ ᠶᠢ ᠨᠡᠶᠢᠲᠡᠯᠡᠵᠦ᠂ ᠰᠠᠭᠤᠭᠠᠯᠢ ᠠᠷᠠᠳ ᠲᠤ ᠬᠠᠨᠳᠤᠭᠤᠯᠤᠭᠰᠠᠨ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠠᠵᠢᠯ ᠢ ᠪᠦᠷᠢᠨ ᠪᠦᠷᠬᠦᠭᠦᠯᠦᠨ᠎ᠡ᠃ ᠵᠢᠯ ᠤᠨ ᠳᠣᠲᠣᠷ᠎ᠠ ᠡᠯ᠎ᠡ ᠲᠥᠷᠥᠯ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ 230 ᠭᠠᠷᠤᠢ ᠤᠳᠠᠭ᠎ᠠ ᠥᠷᠨᠢᠭᠦᠯᠵᠦ᠂ ᠤᠬᠠᠭᠤᠯᠭ᠎ᠠ ᠶᠢᠨ ᠳᠡᠪᠲᠡᠷ 2 ᠲᠦᠮᠡ ᠭᠠᠷᠤᠢ ᠬᠤᠪᠢ ᠲᠠᠷᠬᠠᠭᠠᠵᠤ᠂ ᠸᠢᠴᠠᠲ ᠤᠨ ᠲᠠᠪᠴᠠᠩ 1166 ᠬᠤᠪᠢ ᠮᠡᠳᠡᠭᠡᠯᠡᠯ ᠨᠡᠶᠢᠲᠡᠯᠡᠵᠦ᠂ ᠤᠤᠯ ᠤᠨ ᠡᠭᠦᠳᠦᠭᠰᠡᠨ ᠮᠡᠳᠡᠭᠡ ᠵᠠᠩᠭᠢ 452 ᠬᠤᠪᠢ ᠪᠠᠶᠢᠵᠤ᠂ ᠲᠥᠷᠥ ᠶᠢᠨ ᠪᠣᠳᠣᠯᠭ᠎ᠠ ᠶᠢᠨ ᠲᠥᠷᠥᠯ ᠤᠨ ᠮᠡᠳᠡᠭᠡᠯᠡᠯ ᠢ ᠨᠡᠶᠢᠲᠡ 208 ᠵᠤᠷᠪᠤᠰ ᠨᠡᠶᠢᠲᠡᠯᠡᠵᠦ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠶᠡᠷᠦᠩᠬᠡᠢ ᠬᠡᠷᠡᠭᠯᠡᠭᠴᠢᠳ ᠤᠨ ᠲᠤᠭ᠎ᠠ ᠦᠷᠭᠦᠯᠵᠢᠯᠡᠨ ᠨᠡᠮᠡᠭᠳᠡᠵᠦ᠂ ᠨᠥᠯᠥᠭᠡᠯᠡᠬᠦ ᠬᠦᠴᠦᠨ ᠨᠢ ᠲᠠᠰᠤᠷᠠᠯᠲᠠ ᠦᠭᠡᠢ ᠳᠡᠭᠡᠭᠰᠢᠯᠡᠪᠡ᠃ ᠡᠭᠦᠨ ᠤ ᠬᠠᠮᠲᠤ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠪᠠᠷ ᠳᠠᠮᠵᠢᠨ ᠲᠤᠰ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠤᠨ ᠦᠨᠳᠦᠰᠦᠨ ᠪᠠᠶᠢᠳᠠᠯ᠂ ᠰᠠᠯᠠᠭ᠎ᠠ ᠮᠥᠴᠢᠷ ᠤᠨ ᠤᠳᠤᠷᠢᠳᠤᠯᠭ᠎ᠠ ᠶᠢᠨ ᠪᠠᠶᠢᠳᠠᠯ ᠢ ᠴᠠᠭ ᠲᠤᠬᠠᠢ ᠳᠤᠨᠢ ᠢᠯᠡ ᠲᠣᠳᠣ ᠪᠣᠯᠭᠠᠵᠠᠢ᠃ ᠭᠤᠷᠪᠠ ᠳᠤ ᠢᠯᠠ ᠲᠣᠳᠣ ᠪᠣᠯᠭᠠᠬᠤ ᠠᠷᠭ᠎ᠠ ᠵᠠᠮ ᠢ ᠥᠷᠭᠡᠳᠬᠡᠵᠦ᠂ ᠥᠷᠭᠡᠨ ᠢᠶᠠᠷ ᠬᠠᠮᠤᠷᠬᠤ ᠶᠢ ᠪᠡᠶᠡᠯᠡᠭᠦᠯᠵᠡᠢ᠃ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠣᠯᠠᠨ ᠡᠰᠢᠴᠢᠯᠡᠭᠰᠡᠨ ᠠᠷᠭ᠎ᠠ ᠵᠠᠮ ᠢ ᠢᠳᠡᠪᠬᠢᠲᠡᠢ ᠪᠠᠷ ᠥᠷᠭᠡᠵᠢᠭᠦᠯᠵᠡᠢ᠃ ᠨᠢᠭᠡ ᠲᠠᠯ᠎ᠠ ᠪᠠᠷ ᠸᠢᠴᠠᠲ ᠤᠨ ᠲᠠᠪᠴᠠᠩ᠂ ᠸᠢᠳᠢᠣ᠋ ᠬᠢᠨᠠᠯᠲᠠ ᠶᠢᠨ ᠨᠣᠮᠧᠷ ᠵᠡᠷᠭᠡ ᠲᠠᠪᠴᠠᠩ ᠢ ᠭᠦᠢᠴᠡᠳ ᠠᠰᠢᠭᠯᠠᠵᠤ᠂ ᠵᠢᠷᠤᠭ ᠦᠰᠦᠭ ᠵᠡᠷᠭᠡᠪᠡᠷ ᠳᠡᠯᠭᠡᠷᠡᠭᠦᠯᠵᠦ᠂ ᠠᠮᠢᠳᠤᠯᠢᠭ ᠰᠣᠨᠢᠷᠬᠠᠯᠲᠠᠢ ᠭᠡᠯᠪᠡᠷᠢ ᠮᠠᠶ᠋ᠢᠭ ᠢᠶᠠᠷ ᠡᠯ᠎ᠡ ᠲᠥᠷᠥᠯ ᠤᠨ ᠵᠠᠰᠠᠭ ᠤᠨ ᠶᠠᠪᠤᠳᠠᠯ ᠤᠨ ᠮᠡᠳᠡᠭᠡᠯᠡᠯ ᠢ ᠴᠠᠭ ᠲᠤᠬᠠᠢ ᠳᠤᠨᠢ ᠳᠠᠮᠵᠢᠭᠤᠯᠳᠠᠭ᠃ ᠡᠭᠦᠨ ᠤ ᠬᠠᠮᠲᠤ᠂ ᠨᠡᠶᠢᠭᠡᠮ ᠤᠨ ᠬᠠᠷᠢᠯᠴᠠᠭᠠᠨ ᠤ ᠵᠠᠭᠤᠴᠢᠯᠠᠭᠤᠷ ᠤᠨ ᠬᠤᠪᠢᠶᠠᠨ ᠡᠳ᠋ᠯᠡᠬᠦ ᠴᠢᠳᠠᠮᠵᠢ ᠶᠢ ᠠᠰᠢᠭᠯᠠᠨ᠂ ᠮᠡᠳᠡᠭᠡᠯᠡᠯ ᠢ ᠦᠳᠲᠡᠷ ᠲᠦᠷᠭᠡᠨ ᠲᠠᠷᠬᠠᠭᠠᠵᠤ᠂ ᠤᠯᠠᠮᠵᠢᠯᠠᠬᠤ ᠬᠦᠷᠢᠶ᠎ᠡ ᠬᠡᠪᠴᠢᠶ᠎ᠡ ᠪᠠᠨ ᠥᠷᠭᠡᠳᠬᠡᠵᠡᠢ᠃ ᠨᠥᠭᠦᠭᠡ ᠲᠠᠯ᠎ᠠ ᠪᠠᠷ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠪ᠂ ᠬᠤᠷᠢᠶᠠᠯᠠᠯ ᠤᠨ ᠣᠷᠣᠵᠤ ᠭᠠᠷᠬᠤ ᠭᠠᠵᠠᠷ᠂ ᠰᠡᠯᠡᠭᠦᠴᠡᠯ ᠤᠨ ᠠᠭᠤᠳᠠᠮ ᠲᠠᠯᠠᠪᠠᠢ ᠵᠡᠷᠭᠡ ᠬᠥᠮᠥᠰ ᠤᠨ ᠣᠷᠣᠵᠤ ᠭᠠᠷᠬᠤ ᠬᠡᠮᠵᠢᠶ᠎ᠡ ᠪᠠᠷ ᠨᠡᠯᠢᠶᠡᠳ ᠶᠡᠭᠡ ᠪᠠᠶᠢᠭ᠎ᠠ ᠭᠠᠵᠠᠷ ᠲᠤ ᠴᠢᠬᠤᠯᠠ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ᠂ ᠨᠡᠶᠢᠭᠡᠮ ᠲᠣᠭᠤᠷᠢᠭ ᠤᠨ ᠮᠡᠳᠡᠭᠳᠡᠯ ᠵᠡᠷᠭᠡ ᠮᠡᠳᠡᠭᠡᠯᠡᠯ ᠢ ᠨᠡᠶᠢᠲᠡᠯᠡᠵᠡᠢ᠃ ᠡᠭᠦᠨ ᠠᠴᠠ ᠭᠠᠳᠠᠨ᠎ᠠ᠂ ᠨᠡᠶᠢᠭᠡᠮ ᠲᠣᠭᠤᠷᠢᠭ ᠤᠨ ᠲᠣᠣᠷ ᠰᠦᠯᠵᠢᠶᠡᠨ ᠤ ᠰᠦᠷᠦᠭᠵᠢᠯ ᠤᠨ ᠬᠦᠴᠦᠨ ᠢ ᠠᠰᠢᠭᠯᠠᠨ᠂ ᠮᠡᠳᠡᠭᠡᠯᠡᠯ ᠢ ᠣᠨᠣᠪᠴᠢᠲᠠᠢ ᠳᠠᠮᠵᠢᠭᠤᠯᠬᠤ ᠶᠢ ᠪᠡᠶᠡᠯᠡᠭᠦᠯᠵᠡᠢ᠃ ᠵᠢᠱᠢᠶᠡᠯᠡᠪᠡᠯ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠠᠰᠠᠨ ᠴᠡᠭᠴᠡᠯᠡᠬᠦ ᠠᠵᠢᠯ ᠤᠨ ᠤᠬᠠᠭᠤᠯᠭ᠎ᠠ ᠶᠢᠨ ᠡᠩᠨᠡᠭᠡ ᠶᠢ ᠪᠠᠶᠢᠭᠤᠯᠵᠤ᠂ ᠤᠬᠠᠭᠤᠯᠭ᠎ᠠ ᠶᠢᠨ ᠮᠠᠲ᠋ᠧᠷᠢᠶᠠᠯ ᠢ 8100 ᠭᠠᠷᠤᠢ ᠬᠤᠪᠢ ᠦᠢᠯᠡᠳᠴᠦ᠂ ᠨᠠᠭᠠᠵᠤ᠂ ᠲᠠᠷᠬᠠᠭᠠᠨ ᠥᠭᠴᠦ᠂ ᠰᠦᠯᠵᠢᠶᠡᠨ ᠳᠣᠣᠷ᠎ᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠠᠷ ᠲᠣᠭᠤᠷᠢᠬᠤ᠂ ᠡᠷᠦᠭᠡ ᠳᠤ ᠬᠦᠷᠴᠦ ᠰᠤᠷᠪᠤᠯᠵᠢᠯᠠᠬᠤ ᠵᠡᠷᠭᠡ ᠭᠡᠯᠪᠡᠷᠢ ᠪᠠᠷ ᠳᠠᠮᠵᠢᠭᠤᠯᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠤᠬᠠᠭᠤᠯᠤᠨ ᠳᠠᠶᠢᠴᠢᠯᠠᠬᠤ ᠠᠵᠢᠯ ᠢ ᠴᠢᠩᠭᠠᠳᠬᠠᠵᠤ᠂ ᠰᠦᠯᠵᠢᠶᠡᠨ ᠳᠡᠭᠡᠷ᠎ᠡ ᠪᠢᠴᠢᠯ ᠮᠡᠳᠡᠭᠡ ᠶᠢᠨ ᠲᠠᠪᠴᠠᠩ ᠢᠶᠠᠷ ᠳᠠᠮᠵᠢᠨ ᠰᠠᠨᠠᠭᠠᠴᠢᠯᠠᠭ᠎ᠠ ᠶᠢᠨ ᠪᠢᠴᠢᠭ ᠨᠡᠶᠢᠲᠡᠯᠡᠵᠦ᠂ ᠠᠵᠢᠯ ᠤᠨ ᠪᠠᠶᠢᠳᠠᠯ ᠵᠡᠷᠭᠡ ᠪᠠᠷ ᠳᠠᠮᠵᠢᠨ ᠰᠠᠭᠤᠭᠠᠯᠢ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠰᠠᠶᠢᠨ ᠰᠠᠶᠢᠬᠠᠨ ᠡᠷᠡᠭᠦᠯ ᠬᠠᠮᠠᠭᠠᠯᠠᠯ ᠤᠨ ᠳᠠᠳᠬᠠᠯ ᠲᠠᠢ ᠪᠤᠯᠭᠠᠵᠤ᠂ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠶᠢ 210 ᠭᠠᠷᠤᠢ ᠤᠳᠠᠭ᠎ᠠ ᠥᠷᠨᠢᠭᠦᠯᠵᠦ᠂ ᠰᠠᠭᠤᠭᠠᠯᠢ ᠠᠷᠠᠳ ᠤᠨ ᠣᠷᠤᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤᠪᠠᠷ ᠰᠠᠬᠢᠨ ᠬᠠᠮᠠᠭᠠᠯᠠᠵᠠᠢ᠃       ︵ᠬᠤᠶᠠᠷ︶ ᠡᠷᠭᠦᠳᠡᠯ ᠤᠨ ᠳᠠᠭᠠᠤ ᠢᠯᠠ ᠲᠣᠳᠣ ᠪᠣᠯᠭᠠᠭᠰᠠᠨ ᠲᠤᠬᠠᠢ᠃ 2024 ᠣᠨ ᠠᠴᠠ ᠨᠠᠰᠢ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠡᠷᠭᠦᠳᠡᠯ ᠢ ᠣᠯᠣᠭᠰᠠᠨ ᠦᠭᠡᠢ᠂ ᠢᠯᠠ ᠲᠣᠳᠣ ᠪᠣᠯᠭᠠᠬᠤ ᠡᠷᠭᠦᠳᠡᠯ ᠢ ᠣᠯᠣᠭᠰᠠᠨ ᠦᠭᠡᠢ᠃       ︵ᠭᠤᠷᠪᠠ︶ ᠵᠠᠰᠠᠭ ᠤᠨ ᠣᠷᠳᠣᠨ ᠤ ᠮᠡᠳᠡᠭᠡᠯᠡᠯ ᠤᠨ ᠬᠠᠮᠢᠶᠠᠷᠤᠯᠲᠠ ᠶᠢᠨ ᠲᠤᠬᠠᠢ       ᠮᠡᠳᠡᠭᠡᠯᠡᠯ ᠨᠡᠶᠢᠲᠡᠯᠡᠬᠦ ᠳᠤ ︽ᠬᠡᠨ ᠭᠤᠣᠯᠴᠢᠯᠠᠨ ᠬᠠᠮᠢᠶᠠᠷᠪᠠᠯ ᠳᠠᠷᠤᠢ ᠬᠠᠷᠢᠭᠤᠴᠠᠬᠤ᠂ ᠬᠡᠨ ᠢᠯᠠ ᠲᠣᠳᠣ ᠪᠣᠯᠭᠠᠪᠠᠯ ᠳᠠᠷᠤᠢ ᠬᠢᠨᠠᠨ ᠪᠠᠶᠢᠴᠠᠭᠠᠬᠤ︾ ᠵᠠᠷᠴᠢᠮ ᠢ ᠵᠢᠷᠤᠮᠯᠠᠨ᠂ ︽ᠭᠤᠷᠪᠠᠨ ᠬᠢᠨᠠᠯᠲᠠ︾ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠩᠬ᠎ᠠ ᠬᠢᠨᠠᠬᠤ ᠳᠤ ᠰᠢᠯᠢᠨ ᠰᠣᠩᠭᠤᠵᠤ ᠡᠮᠬᠢᠳᠬᠡᠭᠡᠳ᠂ ᠳᠠᠭᠢᠨ ᠬᠢᠨᠠᠬᠤ ᠳᠤ ᠡᠷᠴᠢᠮᠲᠡᠢ ᠬᠢᠨᠠᠨ ᠪᠠᠶᠢᠴᠠᠭᠠᠵᠤ᠂ ᠡᠴᠦᠰ ᠤᠨ ᠬᠢᠨᠠᠯᠲᠠ ᠪᠦᠭᠦ ᠲᠠᠯ᠎ᠠ ᠪᠠᠷ ᠠᠳᠬᠤᠵᠠᠢ᠃ ᠮᠡᠳᠡᠭᠡᠯᠡᠯ ᠨᠡᠶᠢᠲᠡᠯᠡᠭᠰᠡᠨ ᠤ ᠳᠠᠷᠠᠭ᠎ᠠ᠂ ᠲᠤᠰᠬᠠᠢ ᠬᠥᠮᠥᠨ ᠲᠣᠬᠢᠷᠠᠭᠤᠯᠤᠨ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠵᠢᠴᠢ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠮᠡᠳᠡᠭᠡᠯᠡᠯ ᠢ ᠲᠣᠭᠲᠠᠮᠠᠯ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠵᠤ᠂ ᠠᠯᠳᠠᠰᠢ ᠠᠰᠠᠭᠤᠳᠠᠯ᠂ ᠬᠦᠴᠦᠨ ᠦᠭᠡᠢ ᠠᠯᠳᠠᠰᠢ ᠬᠡᠯᠬᠢᠶ᠎ᠡ᠂ ᠬᠤᠪᠢ ᠶᠢᠨ ᠨᠢᠭᠤᠴᠠ ᠶᠢᠨ ᠮᠡᠳᠡᠭᠡ ᠵᠠᠩᠭᠢ ᠵᠡᠷᠭᠡ ᠶᠢ ᠣᠯᠵᠤ ᠮᠡᠳᠡᠪᠡᠯ ᠳᠠᠷᠤᠢ ᠲᠦᠷᠭᠡᠨ ᠵᠠᠰᠠᠪᠤᠷᠢ ᠣᠷᠣᠭᠤᠯᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ ᠮᠡᠳᠡᠭᠡᠯᠡᠯ ᠤᠨ ᠵᠢᠷᠦᠮᠵᠢᠯᠲᠡ᠂ ᠪᠠᠷᠢᠮᠵᠢᠶᠠᠵᠢᠯᠲᠠ ᠶᠢᠨ ᠬᠠᠮᠢᠶᠠᠷᠤᠯᠲᠠ ᠶᠢ ᠴᠢᠩᠭᠠᠳᠬᠠᠵᠠᠢ᠃ 2024 ᠣᠨ ᠠᠴᠠ ᠨᠠᠰᠢ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠵᠠᠰᠠᠭ ᠤᠨ ᠣᠷᠳᠣᠨ ᠤ ᠰᠦᠯᠵᠢᠶ᠎ᠡ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢᠶᠠᠷ ᠳᠠᠮᠵᠢᠭᠤᠯᠤᠨ ᠨᠡᠶᠢᠲᠡᠯᠡᠭᠰᠡᠨ ᠮᠡᠳᠡᠭᠡᠯᠡᠯ ᠳᠤ ᠬᠦᠨᠳᠦ ᠬᠡᠴᠡᠭᠦᠦ ᠠᠯᠳᠠᠰᠢ ᠭᠠᠷᠭᠠᠭᠰᠠᠨ ᠦᠭᠡᠢ᠃       ︵ᠳᠥᠷᠪᠡ︶ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠲᠠᠪᠴᠠᠩ ᠤᠨ ᠪᠠᠶᠢᠭᠤᠯᠤᠯᠲᠠ ᠶᠢᠨ ᠲᠤᠬᠠᠢ᠃ ᠵᠠᠰᠠᠭ ᠤᠨ ᠣᠷᠳᠣᠨ ᠤ ᠫᠤᠷᠲ᠋ᠧᠯ ᠰᠦᠯᠵᠢᠶᠡᠨ ᠥᠷᠲᠡᠭᠡ ᠳᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠦᠨᠳᠦᠰᠦᠨ ᠪᠠᠶᠢᠳᠠᠯ᠂ ᠨᠢᠭᠡᠴᠢ ᠶᠢᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠤᠳᠤᠷᠢᠳᠤᠯᠭ᠎ᠠ ᠶᠢᠨ ᠮᠡᠳᠡᠭᠡᠯᠡᠯ ᠢ ᠢᠯᠡ ᠨᠡᠶᠢᠲᠡᠯᠡᠵᠦ᠂ ᠡᠯ᠎ᠡ ᠰᠠᠯᠠᠭ᠎ᠠ ᠮᠥᠴᠢᠷ ᠤᠨ ᠠᠵᠢᠯ ᠤᠨ ᠬᠦᠷᠢᠶ᠎ᠡ ᠬᠡᠪᠴᠢᠶ᠎ᠡ ᠪᠠ ᠡᠷᠬᠡ ᠮᠠᠲᠠᠯ ᠢ ᠲᠣᠳᠣᠷᠬᠠᠶᠢᠯᠠᠨ᠂ ᠰᠠᠭᠤᠭᠠᠯᠢ ᠠᠷᠠᠳ ᠤᠨ ᠠᠵᠢᠯ ᠶᠠᠪᠤᠳᠠᠯ ᠡᠷᠭᠢᠯᠡᠨ ᠯᠠᠪᠯᠠᠬᠤ ᠳᠤ ᠳᠥᠭᠦᠮ ᠦᠵᠡᠭᠦᠯᠵᠡᠢ᠃ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠲᠠᠯ᠎ᠠ ᠪᠠᠷ᠂ ᠸᠢᠴᠠᠲ ᠤᠨ ᠣᠯᠠᠨ ᠨᠡᠶᠢᠲᠡ ᠶᠢᠨ ᠳ᠋ᠦ᠋ᠭᠡᠷ᠂ ᠸᠢᠳᠢᠤ᠋ ᠳᠠᠮᠵᠢᠭᠤᠯᠤᠮᠵᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠡᠯ᠎ᠡ ᠲᠥᠷᠥᠯ ᠤᠨ ᠠᠷᠠᠳ ᠤᠨ ᠠᠮᠢᠳᠤᠷᠠᠯ ᠤᠨ ᠲᠥᠷᠥ ᠶᠢᠨ ᠪᠣᠳᠣᠯᠭ᠎ᠠ ᠶᠢ ᠠᠬᠢᠭᠤᠯᠵᠠᠢ᠃ ᠰᠦᠯᠵᠢᠶᠡᠨ ᠳᠣᠣᠷ᠎ᠠ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠤᠭᠤᠳ ᠢᠯᠡ ᠨᠡᠶᠢᠲᠡᠯᠡᠬᠦ ᠪᠤᠯᠤᠩ᠂ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠬᠡᠷᠡᠮ᠂ ᠲᠤᠬᠠᠶᠢᠯᠠᠭᠰᠠᠨ ᠠᠵᠢᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠪᠤᠯᠤᠩ᠂ ᠨᠡᠶᠢᠭᠡᠮ ᠤᠨ ᠠᠪᠤᠷᠠᠨ ᠲᠤᠰᠠᠯᠠᠬᠤ ᠶᠢᠨ ᠢᠯᠡ ᠨᠡᠶᠢᠲᠡᠯᠡᠬᠦ ᠪᠤᠯᠤᠩ ᠵᠡᠷᠭᠡ ᠠᠴᠢᠶᠠᠯᠠᠪᠤᠷᠢ ᠶᠢ ᠭᠦᠢᠴᠡᠳ ᠠᠰᠢᠭᠯᠠᠨ᠂ ᠡᠯ᠎ᠡ ᠲᠥᠷᠥᠯ ᠤᠨ ᠮᠡᠳᠡᠭᠳᠡᠯ ᠤᠨ ᠮᠡᠳᠡᠭᠡᠯᠡᠯ ᠢ ᠨᠠᠭᠠᠵᠤ᠂ ᠰᠠᠭᠤᠭᠠᠯᠢ ᠠᠷᠠᠳ ᠤᠨ ᠵᠠᠰᠠᠭ ᠤᠨ ᠶᠠᠪᠤᠳᠠᠯ ᠤᠨ ᠮᠡᠳᠡᠭᠡᠯᠡᠯ ᠢ ᠮᠡᠳᠡᠬᠦ ᠡᠷᠬᠡ ᠶᠢ ᠪᠦᠭᠦ ᠬᠦᠴᠦᠨ ᠢᠶᠠᠷ ᠢᠶᠠᠨ ᠪᠠᠲᠤᠯᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠭᠦ ᠶᠢ ᠠᠬᠢᠭᠤᠯᠵᠠᠢ᠃       ︵ᠲᠠᠪᠤ︶ ᠬᠢᠨᠠᠯᠲᠠ᠂ ᠪᠠᠲᠤᠯᠠᠭᠠᠵᠢᠭᠤᠯᠤᠯᠲᠠ ᠶᠢᠨ ᠲᠤᠬᠠᠢ      ᠡᠮᠦᠨ᠎ᠡ ᠲᠣᠭᠤᠷᠢᠯᠲᠠ ᠶᠢᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠳᠤ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠬᠢᠨᠠᠯᠲᠠ ᠲᠠᠯᠪᠢᠯᠲᠠ ᠪᠠᠲᠤᠯᠠᠭ᠎ᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠬᠢᠨᠠᠯᠲᠠ ᠲᠠᠯᠪᠢᠯᠲᠠ ᠪᠠ ᠨᠡᠶᠢᠭᠡᠮ ᠤᠨ ᠬᠢᠨᠠᠯᠲᠠ ᠲᠠᠯᠪᠢᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠥᠷᠨᠢᠭᠦᠯᠦᠭᠰᠡᠨ ᠡᠯ᠎ᠡ ᠲᠥᠷᠥᠯ ᠤᠨ ᠬᠢᠨᠠᠯᠲᠠ ᠲᠠᠯᠪᠢᠯᠲᠠ ᠪᠠᠶᠢᠴᠠᠭᠠᠯᠲᠠ ᠶᠢᠨ ᠠᠵᠢᠯ ᠳᠤ ᠢᠳᠡᠪᠬᠢᠲᠡᠢ ᠬᠠᠮᠵᠢᠯᠴᠠᠵᠠᠢ᠃       ᠬᠤᠶᠠᠷ᠂ ᠵᠠᠰᠠᠭ ᠤᠨ ᠣᠷᠳᠣᠨ ᠤ ᠮᠡᠳᠡᠭᠡᠯᠡᠯ ᠢ ᠰᠠᠨᠠᠭᠠᠴᠢᠯᠠᠭ᠎ᠠ ᠠᠴᠠ ᠪᠠᠨ ᠢᠯᠠ ᠲᠣᠳᠣ ᠪᠣᠯᠭᠠᠬᠰᠠᠨ ᠪᠠᠶᠢᠳᠠᠯ       ᠭᠤᠷᠪᠠ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠡᠷᠭᠦᠳᠡᠯ ᠢ ᠭᠥᠯᠢᠶᠡᠨ ᠠᠪᠴᠤ᠂ ᠰᠢᠢᠳᠪᠦᠷᠢᠯᠡᠭᠰᠡᠨ ᠪᠠᠶᠢᠳᠠᠯ       ᠳᠥᠷᠪᠡ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠵᠠᠰᠠᠭ ᠵᠠᠬᠢᠷᠭᠠᠨ ᠢᠶᠠᠷ ᠳᠠᠭᠢᠨ ᠵᠥᠪᠯᠡᠭᠰᠡᠨ ᠪᠣᠯᠣᠨ ᠵᠠᠰᠠᠭ ᠵᠠᠬᠢᠷᠭᠠᠨ ᠤ ᠵᠠᠷᠭᠤ ᠶᠢᠨ ᠪᠠᠶᠢᠳᠠᠯ       ᠲᠠᠪᠤ᠂ ᠣᠷᠣᠰᠢᠵᠤ ᠪᠠᠶᠢᠭ᠎ᠠ ᠭᠤᠣᠯ ᠠᠰᠠᠭᠤᠳᠠᠯ ᠵᠢᠴᠢ ᠰᠠᠶᠢᠵᠢᠷᠠᠭᠤᠯᠤᠭᠰᠠᠨ ᠪᠠᠶᠢᠳᠠᠯ       ︵ᠨᠢᠭᠡ︶ ᠣᠷᠣᠰᠢᠵᠤ ᠪᠠᠶᠢᠭ᠎ᠠ ᠭᠤᠣᠯ ᠠᠰᠠᠭᠤᠳᠠᠯ       2024 ᠣᠨ ᠤ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠳᠤ ᠣᠷᠣᠰᠢᠵᠤ ᠪᠠᠶᠢᠭ᠎ᠠ ᠭᠤᠣᠯ ᠠᠰᠠᠭᠤᠳᠠᠯ ᠪᠣᠯ᠄ ᠨᠢᠭᠡ ᠳᠤ ᠮᠡᠳᠡᠭᠡᠯᠡᠯ ᠤᠨ ᠠᠭᠤᠯᠭ᠎ᠠ ᠶᠢᠨ ᠲᠠᠯ᠎ᠠ ᠪᠠᠷ᠄ ᠮᠡᠳᠡᠭᠡᠯᠡᠯ ᠤᠨ ᠰᠢᠨᠡᠴᠢᠯᠡᠯᠲᠡ ᠨᠢ ᠵᠠᠷᠢᠮ ᠳᠠᠭᠠᠨ ᠬᠤᠴᠣᠷᠴᠤ ᠪᠠᠶᠢᠭ᠎ᠠ ᠪᠠᠶᠢᠳᠠᠯ ᠣᠷᠣᠰᠢᠵᠤ᠂ ᠠᠭᠤᠯᠭ᠎ᠠ ᠶᠢᠨ ᠬᠦᠴᠦᠨ ᠲᠡᠭᠦᠯᠳᠡᠷ ᠴᠢᠨᠠᠷ ᠪᠣᠯᠣᠨ ᠣᠨᠣᠪᠴᠢᠲᠤ ᠴᠢᠨᠠᠷ ᠭᠦᠢᠴᠡᠳ ᠪᠤᠰᠤ ᠪᠠᠶᠢᠨ᠎ᠠ᠃ ᠬᠤᠶᠠᠷ ᠲᠤ᠂ ᠮᠡᠳᠡᠭᠡᠯᠡᠯ ᠤᠨ ᠲᠠᠶᠢᠯᠤᠮᠵᠢ ᠪᠠ ᠦᠢᠯᠡᠳᠦᠯᠴᠡᠬᠦ ᠲᠠᠯ᠎ᠠ ᠪᠠᠷ᠄ ᠲᠠᠶᠢᠯᠪᠤᠷᠢᠯᠠᠬᠤ ᠭᠡᠯᠪᠡᠷᠢ ᠨᠢ ᠳᠠᠩ ᠴᠤᠯᠭᠤᠢ᠂ ᠬᠠᠷᠢᠯᠴᠠᠨ ᠦᠢᠯᠡᠳᠦᠯᠴᠡᠬᠦ ᠬᠠᠷᠢᠭᠤᠯᠲᠠ ᠨᠢ ᠴᠠᠭ ᠲᠤᠬᠠᠢ ᠳᠠᠭᠠᠨ ᠪᠢᠰᠢ᠂ ᠭᠦᠨᠴᠡ ᠶᠢᠨ ᠬᠡᠮᠵᠢᠶ᠎ᠡ ᠨᠢ ᠬᠦᠷᠦᠯᠴᠡᠬᠦ ᠦᠭᠡᠢ᠃       ︵ᠬᠤᠶᠠᠷ︶ ᠰᠠᠶᠢᠵᠢᠷᠠᠭᠤᠯᠤᠭᠰᠠᠨ ᠪᠠᠶᠢᠳᠠᠯ       ᠳᠠᠷᠠᠭ᠎ᠠ ᠠᠯᠬᠤᠮ ᠳᠤ᠂ ᠡᠮᠦᠨ᠎ᠡ ᠲᠣᠭᠤᠷᠢᠯᠲᠠ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠡᠯ᠎ᠡ ᠵᠦᠢᠯ ᠤᠨ ᠠᠵᠢᠯ ᠢ ᠦᠷᠭᠦᠯᠵᠢᠯᠡᠨ ᠯᠠᠪᠳᠠᠭᠤᠨ ᠪᠠᠲᠤᠲᠠᠢ ᠰᠠᠶᠢᠲᠤᠷ ᠭᠦᠢᠴᠡᠳᠬᠡᠵᠦ᠂ ᠨᠢᠭᠡ ᠳᠤ ᠬᠥᠳᠡᠯᠦᠩᠭᠦᠢ ᠰᠢᠨᠡᠳᠬᠡᠭᠰᠡᠨ ᠠᠵᠢᠯ ᠢ ᠴᠠᠭ ᠲᠤᠬᠠᠢ ᠳᠤᠨᠢ ᠰᠠᠶᠢᠲᠤᠷ ᠭᠦᠢᠴᠡᠳᠬᠡᠵᠦ᠂ ᠮᠡᠳᠡᠭᠡᠯᠡᠯ ᠨᠡᠶᠢᠲᠡᠯᠡᠬᠦ ᠴᠠᠭ ᠤᠨ ᠪᠦᠲᠦᠮᠵᠢᠲᠦ ᠴᠢᠨᠠᠷ ᠢ ᠳᠡᠭᠡᠭᠰᠢᠯᠡᠭᠦᠯᠵᠡᠢ᠃ ᠡᠭᠦᠨ ᠤ ᠬᠠᠮᠲᠤ᠂ ᠪᠣᠭᠤᠮᠲᠠ ᠶᠢ ᠴᠢᠩᠭ᠎ᠠ ᠬᠢᠨᠠᠨ ᠬᠠᠷᠭᠤᠭᠤᠯᠵᠤ ᠠᠭᠤᠯᠭ᠎ᠠ ᠶᠢ ᠨᠡᠶᠢᠲᠡᠯᠡᠬᠦ ᠨᠢ ᠠᠯᠳᠠᠰᠢ ᠭᠠᠷᠬᠤ ᠠᠴᠠ ᠵᠠᠶᠢᠯᠠᠰᠬᠢᠵᠡᠢ᠃ ᠬᠤᠶᠠᠷ ᠲᠤ᠂ ᠰᠢᠨ᠎ᠡ ᠮᠡᠳᠡᠭᠡ ᠵᠠᠩᠭᠢ ᠲᠠᠶᠢᠯᠪᠤᠷᠢᠯᠠᠬᠤ ᠰᠢᠨ᠎ᠡ ᠠᠷᠭ᠎ᠠ ᠮᠠᠶ᠋ᠢᠭ ᠢ ᠰᠦᠪᠡᠭᠴᠢᠯᠡᠨ᠂ ᠰᠠᠭᠤᠭᠠᠯᠢ ᠣᠯᠠᠨ ᠲᠦᠮᠡᠨ ᠳᠤ ᠴᠠᠭ ᠲᠤᠬᠠᠢ ᠳᠤᠨᠢ ᠮᠠᠳᠠᠭ ᠲᠠᠢ ᠠᠰᠠᠭᠤᠳᠠᠯ ᠳᠤ ᠬᠠᠷᠢᠭᠤᠯᠲᠠ ᠥᠭᠴᠡᠢ᠃       ᠵᠢᠷᠭᠤᠭ᠎ᠠ᠂ ᠪᠤᠰᠤᠳ ᠮᠡᠳᠡᠭᠡᠯᠡᠬᠦ ᠱᠠᠭᠠᠷᠳᠠᠯᠭ᠎ᠠ ᠲᠠᠢ ᠠᠰᠠᠭᠤᠳᠠᠯ       2024 ᠣᠨ ᠤ ᠰᠦᠢᠳᠬᠡᠯ ᠬᠤᠷᠢᠶᠠᠭᠰᠠᠨ ᠪᠠᠶᠢᠳᠠᠯ       ᠲᠤᠰ ᠤᠨ ᠳᠤ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠮᠡᠳᠡᠭᠡᠯᠡᠯ ᠢ ᠨᠡᠭᠡᠭᠡᠯᠲᠡ ᠲᠠᠢ ᠪᠣᠯᠭᠠᠬᠤ ᠲᠠᠢ ᠬᠤᠯᠪᠣᠭᠳᠠᠬᠤ ᠬᠤᠷᠢᠶᠠᠮᠵᠢ ᠠᠪᠤᠭ᠎ᠠ ᠦᠭᠡᠢ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号