ᠠᠯᠠᠱᠠ ᠠᠶᠢᠮᠠᠭ ᠤᠨ ᠠᠯᠠᠱᠠ ᠵᠡᠭᠦᠨ ᠬᠤᠰᠢᠭᠤᠨ ᠤ ᠭᠠᠳᠠᠭᠠᠳᠤ ᠶᠠᠪᠤᠳᠠᠯ ᠤᠨ ᠠᠯᠪᠠᠨ ᠭᠡᠷ ᠤᠨ 2024 ᠣᠨ ᠤ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠠᠵᠢᠯ ᠤᠨ ᠣᠨ ᠤ ᠮᠡᠳᠡᠭᠦᠯᠦᠯᠲᠡ
ᠨᠡᠶᠢᠲᠡᠯᠡᠭᠰᠡᠨ ᠴᠠᠭ᠄
2024/12/31
                  ᠲᠤᠰ ᠣᠨ ᠤ ᠮᠡᠳᠡᠭᠦᠯᠦᠯᠲᠡ ᠶᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠳᠦᠷᠢᠮ︾᠂ ︽ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠡᠯᠡᠯ ᠬᠢᠭᠡᠳ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠤᠨ ᠠᠯᠪᠠᠨ ᠭᠡᠷ ᠤᠨ ᠬᠡᠪᠯᠡᠨ ᠲᠠᠷᠬᠠᠭᠠᠬᠤ ᠲᠤᠬᠠᠢ ᠮᠡᠳᠡᠭᠳᠡᠯ︾ ︵ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠵᠠᠬᠢᠳᠠᠯ ﹇2011﹈ 30 ᠳ᠋ᠤᠭᠠᠷ ᠲᠣᠭᠠᠲᠤ︶  ᠶᠢ ᠦᠨᠳᠦᠰᠦᠯᠡᠨ ᠲᠤᠭᠤᠷᠪᠢᠪᠠ᠃ ᠪᠦᠭᠦ ᠠᠭᠤᠯᠭ᠎ᠠ ᠳᠤ ᠠᠯᠠᠱᠠ ᠵᠡᠭᠦᠨ ᠬᠤᠰᠢᠭᠤᠨ ᠤ ᠭᠠᠳᠠᠭᠠᠳᠤ ᠶᠠᠪᠤᠳᠠᠯ ᠤᠨ ᠠᠯᠪᠠᠨ ᠭᠡᠷ ᠤᠨ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠭᠠᠷᠭᠠᠭᠰᠠᠨ ᠶᠡᠷᠦᠩᠬᠡᠢ ᠪᠠᠶᠢᠳᠠᠯ᠂ ᠵᠠᠰᠠᠭ ᠤᠨ ᠣᠷᠳᠣᠨ ᠤ ᠮᠡᠳᠡᠭᠡᠯᠡᠯ ᠢ ᠰᠠᠨᠠᠭᠠᠴᠢᠯᠠᠭ᠎ᠠ ᠲᠠᠢ ᠪᠠᠷ ᠢᠯᠠ ᠲᠣᠳᠣ ᠪᠣᠯᠭᠠᠬᠰᠠᠨ ᠪᠠᠶᠢᠳᠠᠯ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠡᠷᠭᠦᠳᠡᠯ ᠢ ᠭᠥᠯᠢᠶᠡᠨ ᠠᠪᠴᠤ᠂ ᠰᠢᠢᠳᠪᠦᠷᠢᠯᠡᠭᠰᠡᠨ ᠪᠠᠶᠢᠳᠠᠯ᠂ ᠵᠠᠰᠠᠭ ᠤᠨ ᠣᠷᠳᠣᠨ ᠤ ᠨᠡᠭᠡᠭᠡᠯᠲᠡ  ᠲᠠᠢ ᠮᠡᠳᠡᠭᠡᠯᠡᠯ ᠢ ᠢᠯᠠ ᠲᠣᠳᠣ ᠭᠠᠷᠭᠠᠭᠰᠠᠨ ᠵᠠᠰᠠᠭ ᠵᠠᠬᠢᠷᠭᠠᠨ ᠤ ᠳᠠᠭᠢᠨ ᠵᠥᠪᠯᠡᠭᠰᠡᠨ ᠪᠣᠯᠣᠨ ᠵᠠᠰᠠᠭ ᠵᠠᠬᠢᠷᠭᠠᠨ ᠤ ᠵᠠᠷᠭᠤ ᠶᠢᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠬᠠᠯᠠᠨ ᠰᠠᠶᠢᠵᠢᠷᠠᠭᠤᠯᠤᠭᠰᠠᠨ ᠪᠠᠶᠢᠳᠠᠯ᠂ ᠪᠤᠰᠤᠳ ᠮᠡᠳᠡᠭᠡᠯᠡᠬᠦ ᠱᠠᠭᠠᠷᠳᠠᠯᠭ᠎ᠠ ᠲᠠᠢ ᠠᠰᠠᠭᠤᠳᠠᠯ ᠢ ᠪᠠᠭᠲᠠᠭᠠᠨ᠎ᠠ᠃ ᠪᠦᠷᠢᠳᠬᠡᠨ ᠭᠠᠷᠭᠠᠭᠰᠠᠨ ᠲᠤᠭ᠎ᠠ ᠪᠠᠷᠢᠮᠲᠠ ᠶᠢᠨ ᠬᠤᠭᠤᠴᠠᠭ᠎ᠠ ᠨᠢ 2024 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ 2024 ᠣᠨ ᠤ 12 ᠳ᠋ᠤᠭᠠᠷ ᠰᠠᠷ᠎ᠠ ᠶᠢᠨ 31 ᠤ ᠡᠳᠦᠷ ᠭᠦᠷᠦᠨ᠎ᠡ᠃ ᠲᠤᠰ ᠵᠢᠯ ᠤᠨ ᠮᠡᠳᠡᠭᠦᠯᠦᠯᠲᠡ ᠶᠢᠨ ᠴᠠᠬᠢᠮ ᠬᠤᠪᠢᠯᠪᠤᠷᠢ ᠶᠢ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ︵http : / / www . alszq . gov . cn︶  ᠠᠴᠠ ᠲᠠᠲᠠᠵᠤ ᠠᠪᠬᠤ ᠪᠣᠯᠣᠮᠵᠢ ᠲᠠᠢ᠃ ᠬᠡᠷᠪᠡ ᠲᠤᠰ ᠵᠢᠯ ᠤᠨ ᠮᠡᠳᠡᠭᠦᠯᠦᠯᠲᠡ ᠳᠤ ᠰᠡᠵᠢᠭᠯᠡᠯ ᠲᠠᠢ ᠪᠣᠯ᠂ ᠠᠯᠠᠱᠠ ᠵᠡᠭᠦᠨ ᠬᠤᠰᠢᠭᠤᠨ ᠤ ᠭᠠᠳᠠᠭᠠᠳᠤ ᠶᠠᠪᠤᠳᠠᠯ ᠤᠨ ᠠᠯᠪᠠᠨ ᠭᠡᠷ ᠲᠠᠢ ᠬᠠᠷᠢᠯᠴᠠᠭᠠᠷᠠᠢ᠃ ︵ᠠᠯᠪᠠᠨ ᠭᠡᠷ ᠤᠨ ᠤᠲᠠᠰᠤ᠄ 0483-821213︶᠃      ᠨᠢᠭᠡ᠂ ᠶᠡᠷᠦᠩᠬᠡᠢ ᠪᠠᠶᠢᠳᠠᠯ       2024 ᠣᠨ ᠳᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠷᠡᠰ ᠴᠢᠩᠭ᠎ᠠ ᠤᠳᠤᠷᠢᠳᠤᠯᠭ᠎ᠠ ᠳᠣᠣᠷ᠎ᠠ᠂ ᠪᠢ ᠠᠯᠪᠠᠨ ᠭᠡᠷ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠤᠨ ᠲᠣᠬᠢᠷᠠᠭᠤᠯᠤᠯᠲᠠ ᠲᠠᠢ ᠨᠢᠭᠲᠠ ᠤᠶᠠᠯᠳᠤᠭᠤᠯᠤᠨ᠂ ᠮᠡᠳᠡᠭᠡᠯᠡᠯ ᠢ ᠢᠯᠡ ᠨᠡᠶᠢᠲᠡᠯᠡᠬᠦ ᠳᠦᠷᠢᠮ ᠢ ᠡᠷᠴᠢᠮᠲᠡᠢ ᠲᠦᠯᠬᠢᠨ ᠠᠬᠢᠭᠤᠯᠵᠤ᠂ ᠵᠠᠰᠠᠭ ᠤᠨ ᠣᠷᠳᠣᠨ ᠤ ᠮᠡᠳᠡᠭᠡᠯᠡᠯ ᠢ ᠢᠯᠡ ᠨᠡᠶᠢᠲᠡᠯᠡᠬᠦ ᠠᠵᠢᠯ ᠢ ᠯᠠᠪᠳᠠᠭᠤᠨ ᠪᠠᠲᠤᠲᠠᠢ ᠲᠦᠯᠬᠢᠨ ᠠᠬᠢᠭᠤᠯᠪᠠ᠃ ᠲᠤᠰ ᠮᠡᠳᠡᠭᠦᠯᠦᠯᠲᠡ ᠳᠤ ᠭᠠᠷᠭᠠᠭᠰᠠᠨ ᠲᠤᠭ᠎ᠠ ᠪᠠᠷᠢᠮᠲᠠ ᠶᠢ ᠪᠦᠷᠢᠳᠬᠡᠬᠦ ᠬᠤᠭᠤᠴᠠᠭ᠎ᠠ ᠨᠢ 2024 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ᠂ 2024 ᠣᠨ ᠤ 12 ᠳ᠋ᠤᠭᠠᠷ ᠰᠠᠷ᠎ᠠ ᠶᠢᠨ 31 ᠤ ᠡᠳᠦᠷ ᠭᠦᠷᠦᠨ᠎ᠡ᠃       ︵ᠨᠢᠭᠡ︶ ᠰᠠᠨᠠᠭᠠᠴᠢᠯᠠᠭ᠎ᠠ ᠠᠴᠠ ᠪᠠᠨ ᠢᠯᠠ ᠲᠣᠳᠣ ᠪᠣᠯᠭᠠᠭᠰᠠᠨ ᠪᠠᠶᠢᠳᠠᠯ       ᠮᠢᠨᠤ ᠠᠯᠪᠠᠨ ᠭᠡᠷ ︽ᠢᠯᠠ ᠲᠣᠳᠣ ᠪᠣᠯᠭᠠᠬᠤ ᠪᠠᠷ ᠵᠠᠷᠴᠢᠮ ᠪᠤᠯᠭᠠᠵᠤ᠂ ᠢᠯᠠ ᠲᠣᠳᠣ ᠪᠣᠯᠭᠠᠬᠤ ᠦᠭᠡᠢ ᠶᠢ ᠣᠨᠴᠠᠭᠠᠢ ᠪᠠᠶᠢᠳᠠᠯ ᠪᠤᠯᠭᠠᠬᠤ︾ ᠱᠠᠭᠠᠷᠳᠠᠯᠭ᠎ᠠ ᠶᠢ ᠪᠠᠷᠢᠮᠲᠠᠯᠠᠵᠤ᠂ ᠢᠯᠠ ᠲᠣᠳᠣ ᠪᠣᠯᠭᠠᠬᠤ ᠬᠡᠪᠴᠢᠶ᠎ᠡ ᠶᠢ ᠵᠠᠷᠴᠢᠮ ᠳᠡᠭᠡᠷ᠎ᠡ ᠪᠠᠨ ︽ᠳᠦᠷᠢᠮ︾ ᠢ ᠦᠨᠳᠦᠰᠦᠯᠡᠨ ᠲᠣᠭᠲᠠᠭᠠᠵᠤ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠵᠦᠭᠯᠡᠭᠦᠷ ᠪᠣᠯᠣᠨ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠭᠠᠷᠴᠠᠭ ᠢ ᠴᠠᠭ ᠲᠤᠬᠠᠢ ᠳᠤᠨᠢ ᠨᠠᠶᠢᠷᠠᠭᠤᠯᠤᠨ ᠵᠣᠬᠢᠶᠠᠵᠤ᠂ ᠵᠠᠰᠠᠭ ᠤᠨ ᠶᠠᠪᠤᠳᠠᠯ ᠤᠨ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠠᠭᠤᠯᠭ᠎ᠠ ᠶᠢ ᠴᠠᠭ ᠲᠤᠬᠠᠢ ᠳᠤᠨᠢ ᠰᠢᠨᠡᠳᠬᠡᠨ ᠨᠡᠶᠢᠲᠡᠯᠡᠵᠡᠢ ᠃ ᠵᠠᠰᠠᠭ ᠤᠨ ᠣᠷᠳᠣᠨ ᠤ ᠰᠦᠯᠵᠢᠶᠡᠨ ᠤ ᠪᠠᠶᠢᠭᠤᠯᠤᠯᠭ᠎ᠠ ᠶᠢᠨ ᠲᠣᠪᠴᠢ ᠲᠠᠨᠢᠯᠴᠠᠭᠤᠯᠭ᠎ᠠ ᠨᠢ ᠨᠢᠭᠡᠴᠢ ᠶᠢᠨ ᠤᠳᠤᠷᠢᠳᠤᠯᠭ᠎ᠠ ᠶᠢᠨ ᠲᠣᠪᠴᠢ ᠲᠠᠨᠢᠯᠴᠠᠭᠤᠯᠭ᠎ᠠ᠂ ᠭᠡᠷᠡᠯ ᠵᠢᠷᠤᠭ ᠵᠡᠷᠭᠡ ᠮᠡᠳᠡᠭᠡᠯᠡᠯ ᠢ ᠨᠡᠶᠢᠲᠡᠯᠡᠬᠦ ᠶᠢᠨ ᠬᠠᠮᠲᠤ ᠠᠵᠢᠯᠲᠠᠨ ᠤ ᠶᠠᠪᠤᠳᠠᠯ ᠤᠨ ᠬᠤᠪᠢᠷᠠᠯᠲᠠ ᠶᠢ ᠦᠨᠳᠦᠰᠦᠯᠡᠨ ᠮᠡᠳᠡᠭᠡᠯᠡᠯ ᠢ ᠴᠠᠭ ᠲᠤᠬᠠᠢ ᠳᠤᠨᠢ ᠰᠢᠨᠡᠴᠢᠯᠡᠪᠡ︔ ︽ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠨ ᠰᠢᠯᠢᠳᠡᠭᠵᠢᠭᠦᠯᠵᠦ ᠠᠵᠢᠯ ᠤᠨ ᠴᠤᠪᠤᠷᠠᠯ ᠢ ᠰᠢᠯᠢᠳᠡᠭᠵᠢᠭᠦᠯᠬᠦ︾ ᠲᠤᠰᠬᠠᠢ ᠲᠥᠷᠥᠯ ᠤᠨ ᠠᠵᠢᠯᠯᠠᠭ᠎ᠠ ᠶᠢ ᠥᠷᠨᠢᠭᠦᠯᠦᠭᠰᠡᠨ ᠪᠠᠶᠢᠳᠠᠯ ᠢ ᠢᠯᠡ ᠪᠣᠯᠭᠠᠵᠠᠢ᠃ 2024 ᠣᠨ ᠳᠤ᠂ ᠮᠠᠨ ᠤ ᠣᠷᠣᠨ ᠤ ᠠᠯᠪᠠᠨ ᠭᠡᠷ ᠰᠠᠨᠠᠭᠠᠴᠢᠯᠠᠭ᠎ᠠ ᠠᠴᠠ ᠪᠠᠨ ᠮᠡᠳᠡᠭᠳᠡᠯ ᠨᠡᠶᠢᠲᠡᠯᠡᠵᠦ 4 ᠬᠤᠪᠢ ᠠᠯᠪᠠᠨ ᠵᠠᠷ ᠨᠡᠶᠢᠲᠡᠯᠡᠭᠰᠡᠨ ᠪᠠᠶᠢᠨ᠎ᠠ᠃       ︵ᠬᠤᠶᠠᠷ︶ ᠡᠷᠭᠦᠳᠡᠯ ᠤᠨ ᠳᠠᠭᠠᠤ ᠢᠯᠠ ᠲᠣᠳᠣ ᠪᠣᠯᠭᠠᠭᠰᠠᠨ ᠲᠤᠬᠠᠢ       2024 ᠣᠨ ᠳᠤ᠂ ᠮᠠᠨ ᠤ ᠣᠷᠣᠨ ᠤ ᠵᠠᠰᠠᠭ ᠤᠨ ᠣᠷᠳᠣᠨ ᠤ ᠡᠷᠭᠦᠳᠡᠯ ᠶᠣᠰᠣᠭᠠᠷ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠶᠢ ᠣᠯᠵᠤ ᠠᠪᠤᠭ᠎ᠠ ᠦᠭᠡᠢ       ︵ᠭᠤᠷᠪᠠ︶ ᠵᠠᠰᠠᠭ ᠤᠨ ᠣᠷᠳᠣᠨ ᠤ ᠮᠡᠳᠡᠭᠡᠯᠡᠯ ᠤᠨ ᠬᠠᠮᠢᠶᠠᠷᠤᠯᠲᠠ ᠶᠢᠨ ᠲᠤᠬᠠᠢ       2024 ᠣᠨ ᠳᠤ᠂ ᠮᠠᠨ ᠤ ᠣᠷᠣᠨ ᠤ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠢ ᠡᠳᠦᠷ ᠳᠣᠳᠣᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠲᠤᠰᠬᠠᠢ ᠲᠤᠰᠢᠶᠠᠯ ᠲᠠᠢ ᠠᠵᠢᠯᠲᠠᠨ ᠡᠳᠦᠷ ᠳᠣᠳᠣᠮ ᠤᠨ ᠪᠣᠳᠠᠲᠠᠢ ᠠᠵᠢᠯ ᠢ ᠬᠠᠷᠢᠭᠤᠴᠠᠬᠤ ᠶᠢ ᠲᠣᠳᠣᠷᠬᠠᠶᠢᠯᠠᠵᠤ᠂ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠲᠤᠰᠬᠠᠶ᠋ᠢᠵᠢᠯ ᠤᠨ ᠬᠢᠷᠢ ᠬᠡᠮᠵᠢᠶ᠎ᠡ ᠶᠢ ᠴᠢᠷᠮᠠᠶᠢᠨ ᠳᠡᠭᠡᠭᠰᠢᠯᠡᠭᠦᠯᠪᠡ᠃ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠢ ᠪᠦᠭᠦ ᠲᠠᠯ᠎ᠠ ᠪᠠᠷ ᠲᠦᠯᠬᠢᠨ ᠠᠬᠢᠭᠤᠯᠵᠤ᠂ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠵᠠᠰᠠᠭ ᠤᠨ ᠣᠷᠳᠣᠨ ᠤ ᠮᠡᠳᠡᠭᠡᠯᠡᠯ ᠢ ᠰᠠᠨᠠᠭᠠᠴᠢᠯᠠᠭ᠎ᠠ ᠠᠴᠠ ᠪᠠᠨ ᠢᠯᠠ ᠲᠣᠳᠣ ᠪᠣᠯᠭᠠᠬᠤ ᠶᠢᠨ ᠲᠤᠰᠠᠳᠠ᠂ ᠲᠥᠷᠥᠯ ᠬᠤᠪᠢᠶᠠᠨ ᠡᠮᠬᠢᠯᠡᠬᠦ ᠶᠢᠨ ᠬᠠᠮᠲᠤ ᠴᠠᠭ ᠲᠤᠬᠠᠢ ᠳᠤᠨᠢ ᠢᠯᠠ ᠲᠣᠳᠣ ᠪᠣᠯᠭᠠᠵᠠᠢ᠃ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠳᠦᠷᠢᠮ ᠢ ᠴᠢᠩᠭ᠎ᠠ ᠬᠡᠷᠡᠭᠵᠢᠭᠦᠯᠬᠦ ᠶᠢᠨ ᠬᠠᠮᠲᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠵᠢᠴᠢ ᠮᠡᠳᠡᠭᠦᠯᠦᠨ ᠬᠦᠷᠭᠡᠬᠦ ᠠᠵᠢᠯ ᠢ ᠰᠠᠶᠢᠲᠤᠷ ᠭᠦᠢᠴᠡᠳᠬᠡᠵᠦ᠂ ᠵᠠᠰᠠᠭ ᠤᠨ ᠣᠷᠳᠣᠨ ᠤ ᠮᠡᠳᠡᠭᠡᠯᠡᠯ ᠬᠢᠭᠡᠳ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠶᠢᠨ ᠣᠨᠣᠪᠴᠢᠲᠠᠢ᠂ ᠴᠠᠭ ᠲᠤᠬᠠᠢ ᠳᠤᠨᠢ᠂ ᠵᠢᠷᠤᠮᠵᠢᠯ ᠲᠠᠢ ᠪᠠᠶᠢᠬᠤ ᠶᠢ ᠪᠠᠲᠤᠯᠠᠵᠠᠢ᠃       ︵ᠳᠥᠷᠪᠡ︶ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠲᠠᠪᠴᠠᠩ ᠤᠨ ᠪᠠᠶᠢᠭᠤᠯᠤᠯᠲᠠ ᠶᠢᠨ ᠲᠤᠬᠠᠢ       ᠲᠤᠰ ᠵᠢᠯ ᠳᠤ ᠪᠢ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠠᠴᠢᠶᠠᠯᠠᠪᠤᠷᠢ ᠶᠢᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠠᠯᠠᠱᠠ ᠠᠶᠢᠮᠠᠭ ᠤᠨ ᠠᠷᠠᠳ ᠤᠨ ᠵᠠᠰᠠᠭ ᠤᠨ ᠣᠷᠳᠣᠨ ᠤ ᠫᠤᠷᠲ᠋ᠧᠯ ᠰᠦᠯᠵᠢᠶᠡᠨ ᠥᠷᠲᠡᠭᠡ ᠶᠢᠨ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠠᠴᠢᠶᠠᠯᠠᠪᠤᠷᠢ᠂ ᠸᠢᠴᠠᠲ ᠤᠨ ᠣᠯᠠᠨ ᠨᠡᠶᠢᠲᠡ ᠶᠢᠨ ᠳ᠋ᠦ᠋ᠭᠡᠷ᠂ ᠠᠵᠢᠯ ᠤᠨ ᠪᠠᠶᠢᠳᠠᠯ ᠢ ᠥᠷᠭᠡᠨ ᠢᠶᠠᠷ ᠤᠬᠠᠭᠤᠯᠵᠤ᠂ ᠮᠠᠨ ᠤ ᠣᠷᠣᠨ ᠤ ᠡᠷᠭᠢᠯᠡᠭᠰᠡᠨ ᠡᠳᠦᠷ ᠲᠤᠲᠤᠮ ᠤᠨ ᠠᠵᠢᠯ ᠤᠨ ᠠᠬᠢᠴᠠ ᠵᠢᠴᠢ ᠪᠠᠶᠢᠳᠠᠯ ᠢ ᠴᠠᠭ ᠲᠤᠬᠠᠢ ᠳᠤᠨᠢ ᠨᠡᠶᠢᠲᠡᠯᠡᠨ᠂ ᠨᠡᠶᠢᠭᠡᠮ ᠤᠨ ᠥᠷᠭᠡᠨ ᠣᠯᠠᠨ ᠲᠦᠮᠡᠨ ᠳᠤ ᠮᠠᠨ ᠤ ᠣᠷᠣᠨ ᠤ ᠡᠷᠭᠢᠯᠡᠭᠰᠡᠨ ᠪᠠᠶᠢᠳᠠᠯ ᠢ ᠴᠠᠭ ᠲᠤᠬᠠᠢ ᠳᠤᠨᠢ ᠣᠶᠢᠯᠭᠠᠵᠤ ᠴᠢᠳᠠᠬᠤ ᠪᠣᠯᠣᠭᠰᠠᠨ ᠪᠠᠶᠢᠨ᠎ᠠ᠃       ︵ᠲᠠᠪᠤ︶ ᠬᠢᠨᠠᠯᠲᠠ᠂ ᠪᠠᠲᠤᠯᠠᠭᠠᠵᠢᠭᠤᠯᠤᠯᠲᠠ ᠶᠢᠨ ᠲᠤᠬᠠᠢ       ᠪᠢ ᠡᠷᠭᠢᠯᠡᠭᠰᠡᠨ ᠠᠵᠢᠯ ᠤᠨ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠲᠤᠰᠬᠠᠢ ᠲᠤᠰᠢᠶᠠᠯ ᠤᠨ ᠠᠵᠢᠯᠲᠠᠨ ᠲᠣᠭᠲᠠᠭᠠᠵᠤ᠂ ᠠᠵᠢᠯ ᠤᠨ ᠬᠥᠳᠡᠯᠦᠯ ᠪᠠᠶᠢᠳᠠᠯ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠬᠠᠮᠤᠭ ᠤᠨ ᠰᠢᠨ᠎ᠡ ᠮᠡᠳᠡᠭᠡ ᠵᠠᠩᠭᠢ ᠵᠢᠴᠢ ᠪᠤᠰᠤᠳ ᠢᠯᠠ ᠲᠣᠳᠣ ᠪᠣᠯᠭᠠᠬᠤ ᠵᠠᠷᠴᠢᠮ ᠳᠤ ᠨᠡᠶᠢᠴᠡᠬᠦ ᠮᠡᠳᠡᠭᠡᠯᠡᠯ ᠢ ᠴᠠᠭ ᠲᠤᠬᠠᠢ ᠳᠤᠨᠢ ᠢᠯᠠ ᠲᠣᠳᠣ ᠪᠣᠯᠭᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠬᠢᠨᠠᠯᠲᠠ ᠪᠠᠶᠢᠴᠠᠭᠠᠯᠲᠠ ᠥᠷᠨᠢᠭᠦᠯᠵᠦ᠂ ᠠᠰᠠᠭᠤᠳᠠᠯ ᠪᠠᠶᠢᠬᠤ ᠶᠢ ᠣᠯᠵᠤ ᠮᠡᠳᠡᠪᠡᠯ ᠴᠠᠭ ᠲᠤᠬᠠᠢ ᠳᠤᠨᠢ ᠵᠠᠰᠠᠨ ᠴᠡᠭᠴᠡᠯᠡᠵᠡᠢ᠃ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠪᠠ ᠤᠯᠤᠰ ᠤᠨ ᠨᠢᠭᠤᠴᠠ ᠶᠢ ᠬᠠᠮᠠᠭᠠᠯᠠᠬᠤ ᠶᠢᠨ ᠬᠤᠭᠤᠷᠣᠨᠳᠣᠭᠢ ᠬᠠᠷᠢᠴᠠᠭ᠎ᠠ ᠶᠢ ᠲᠣᠬᠢᠲᠠᠢ ᠰᠠᠶᠢᠲᠤᠷ ᠰᠢᠢᠳᠪᠦᠷᠢᠯᠡᠵᠦ ᠂ ᠨᠡᠶᠢᠭᠡᠮ ᠤᠨ ᠬᠠᠯᠠᠮᠵᠢᠯᠠᠵᠤ ᠪᠠᠶᠢᠭ᠎ᠠ ᠵᠦᠢᠯ ᠳᠤ ᠴᠠᠭ ᠲᠤᠬᠠᠢ ᠳᠤᠨᠢ ᠬᠠᠷᠢᠭᠤᠯᠲᠠ ᠥᠭᠴᠦ᠂ ᠣᠯᠠᠨ ᠲᠦᠮᠡᠨ ᠤ ᠬᠢᠨᠠᠯᠲᠠ ᠶᠢ ᠬᠦᠯᠢᠶᠡᠵᠡᠢ᠃       ᠬᠤᠶᠠᠷ᠂ ᠵᠠᠰᠠᠭ ᠤᠨ ᠣᠷᠳᠣᠨ ᠤ ᠮᠡᠳᠡᠭᠡᠯᠡᠯ ᠢ ᠰᠠᠨᠠᠭᠠᠴᠢᠯᠠᠭ᠎ᠠ ᠠᠴᠠ ᠪᠠᠨ ᠢᠯᠠ ᠲᠣᠳᠣ ᠪᠣᠯᠭᠠᠬᠰᠠᠨ ᠪᠠᠶᠢᠳᠠᠯ       ᠭᠤᠷᠪᠠ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠡᠷᠭᠦᠳᠡᠯ ᠢ ᠭᠥᠯᠢᠶᠡᠨ ᠠᠪᠴᠤ᠂ ᠰᠢᠢᠳᠪᠦᠷᠢᠯᠡᠭᠰᠡᠨ ᠪᠠᠶᠢᠳᠠᠯ       ᠳᠥᠷᠪᠡ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠵᠠᠰᠠᠭ ᠵᠠᠬᠢᠷᠭᠠᠨ ᠢᠶᠠᠷ ᠳᠠᠭᠢᠨ ᠵᠥᠪᠯᠡᠭᠰᠡᠨ ᠪᠣᠯᠣᠨ ᠵᠠᠰᠠᠭ ᠵᠠᠬᠢᠷᠭᠠᠨ ᠤ ᠵᠠᠷᠭᠤ ᠶᠢᠨ ᠪᠠᠶᠢᠳᠠᠯ       ᠲᠠᠪᠤ᠂ ᠣᠷᠣᠰᠢᠵᠤ ᠪᠠᠶᠢᠭ᠎ᠠ ᠭᠤᠣᠯ ᠠᠰᠠᠭᠤᠳᠠᠯ ᠵᠢᠴᠢ ᠰᠠᠶᠢᠵᠢᠷᠠᠭᠤᠯᠤᠭᠰᠠᠨ ᠪᠠᠶᠢᠳᠠᠯ       ᠣᠷᠣᠰᠢᠵᠤ ᠪᠠᠶᠢᠭ᠎ᠠ ᠠᠰᠠᠭᠤᠳᠠᠯ ᠭᠡᠪᠡᠯ᠄ ᠨᠢᠭᠡ ᠳᠤ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠵᠢᠷᠤᠮᠵᠢᠯ ᠤᠨ ᠴᠢᠨᠠᠷ ᠪᠣᠯᠣᠨ ᠴᠠᠭ ᠲᠤᠬᠠᠶᠢᠲᠤ ᠴᠢᠨᠠᠷ ᠢ ᠳᠡᠭᠡᠭᠰᠢᠯᠡᠭᠦᠯᠭᠦ ᠴᠢᠬᠤᠯᠠᠲᠠᠢ ᠪᠠᠶᠢᠨ᠎ᠠ ᠬᠤᠶᠠᠷ ᠲᠤ᠂ ᠢᠯᠠ ᠲᠣᠳᠣ ᠪᠣᠯᠭᠠᠬᠤ ᠲᠠᠪᠴᠠᠩ ᠤᠨ ᠲᠡᠭᠡᠭᠡᠪᠦᠷᠢ ᠶᠢᠨ ᠬᠠᠮᠠᠭᠠᠯᠠᠯᠲᠠ ᠶᠢᠨ ᠳᠦᠷᠢᠮ ᠢ ᠬᠡᠷᠡᠭᠵᠢᠭᠦᠯᠦᠭᠰᠡᠨ ᠨᠢ ᠪᠣᠳᠠᠲᠠᠢ ᠪᠢᠰᠢ᠂ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠭᠦ ᠴᠢᠬᠤᠯᠠᠲᠠᠢ ᠪᠠᠶᠢᠨ᠎ᠠ᠃       ᠬᠠᠯᠠᠨ ᠰᠠᠶᠢᠵᠢᠷᠠᠭᠤᠯᠤᠭᠰᠠᠨ ᠪᠠᠶᠢᠳᠠᠯ᠄ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠬᠤᠶᠢᠰᠢᠳᠠ ᠶᠢᠨ ᠵᠠᠰᠠᠭ ᠤᠨ ᠣᠷᠳᠣᠨ ᠢ ᠢᠯᠠ ᠲᠣᠳᠣ ᠪᠣᠯᠭᠠᠬᠤ ᠶᠠᠪᠤᠴᠠ ᠳᠤ᠂ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠵᠢᠷᠤᠮᠵᠢᠬᠰᠠᠨ ᠪᠠᠶᠢᠭᠤᠯᠤᠯᠲᠠ ᠶᠢᠨ ᠱᠠᠭᠠᠷᠳᠠᠯᠭ᠎ᠠ ᠲᠠᠢ ᠬᠠᠷᠢᠴᠠᠭᠤᠯᠵᠤ᠂ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠢ ᠤᠯᠠᠮ ᠵᠢᠷᠤᠮᠵᠢᠭᠤᠯᠤᠨ ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠳᠤ ᠢᠳᠡᠪᠬᠢᠲᠡᠢ ᠪᠠᠷ ᠬᠥᠮᠥᠨ ᠲᠣᠮᠢᠯᠠᠨ ᠣᠷᠣᠯᠴᠠᠭᠤᠯᠵᠤ᠂ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠨᠠᠷᠢᠨ ᠪᠤᠳᠤᠯᠢᠶᠠᠨᠲᠠᠢ ᠠᠵᠢᠯ ᠢ ᠠᠷᠭᠠᠴᠠᠭᠠᠬᠤ ᠴᠢᠳᠠᠪᠤᠷᠢ ᠶᠢ ᠨᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠢᠯᠠ ᠲᠣᠳᠣ ᠪᠣᠯᠭᠠᠬᠤ ᠬᠦᠷᠢᠶ᠎ᠡ ᠬᠡᠪᠴᠢᠶ᠎ᠡ ᠪᠠᠨ ᠤᠯᠠᠮ ᠥᠷᠭᠡᠳᠬᠡᠨ᠂ ᠠᠴᠢᠶᠠᠯᠠᠪᠤᠷᠢ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠢᠯᠠ ᠲᠣᠳᠣ ᠪᠣᠯᠭᠠᠬᠤ ᠠᠭᠤᠯᠭ᠎ᠠ ᠪᠠᠨ ᠥᠷᠭᠡᠳᠬᠡᠵᠦ᠂ ᠦᠨᠡᠨ ᠬᠦ ᠢᠯᠠ ᠲᠣᠳᠣ ᠪᠣᠯᠭᠠᠬᠤ ᠪᠠ ᠪᠦᠭᠦ ᠲᠠᠯ᠎ᠠ ᠪᠠᠷ ᠢᠯᠠ ᠲᠣᠳᠣ ᠪᠣᠯᠭᠠᠵᠠᠢ᠃       ᠵᠢᠷᠭᠤᠭ᠎ᠠ᠂ ᠪᠤᠰᠤᠳ ᠮᠡᠳᠡᠭᠡᠯᠡᠬᠦ ᠱᠠᠭᠠᠷᠳᠠᠯᠭ᠎ᠠ ᠲᠠᠢ ᠠᠰᠠᠭᠤᠳᠠᠯ       2024 ᠣᠨ ᠳᠤ᠂ ᠠᠯᠠᠱᠠ ᠵᠡᠭᠦᠨ ᠬᠤᠰᠢᠭᠤᠨ ᠤ ᠭᠠᠳᠠᠭᠠᠳᠤ ᠶᠠᠪᠤᠳᠠᠯ ᠤᠨ ᠠᠯᠪᠠᠨ ᠭᠡᠷ ᠲᠤ ᠮᠡᠳᠡᠭᠡᠯᠡᠯ ᠢ ᠨᠡᠭᠡᠭᠡᠯᠲᠡ ᠲᠠᠢ ᠪᠣᠯᠭᠠᠬᠤ ᠲᠠᠢ ᠬᠤᠯᠪᠣᠭᠳᠠᠬᠤ ᠬᠤᠷᠢᠶᠠᠮᠵᠢ ᠠᠪᠤᠭ᠎ᠠ ᠦᠭᠡᠢ᠃      
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号