| ᠲᠤᠰ ᠣᠨ ᠤ ᠮᠡᠳᠡᠭᠦᠯᠦᠯᠲᠡ ᠶᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ | ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠳᠦᠷᠢᠮ︾᠂ ︽ᠲᠥᠷᠥ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ᠤᠨ ᠮᠡᠳᠡᠭᠡᠯᠡᠯ ᠬᠢᠭᠡᠳ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠤᠨ ᠠᠯᠪᠠᠨ | ᠭᠡᠷ ᠤᠨ ᠬᠡᠪᠯᠡᠨ ᠲᠠᠷᠬᠠᠭᠠᠬᠤ ᠲᠤᠬᠠᠢ ᠮᠡᠳᠡᠭᠳᠡᠯ︾ ︵ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠵᠠᠬᠢᠳᠠᠯ ﹇ | 2011﹈ 30 ᠳ᠋ᠤᠭᠠᠷ ᠲᠣᠭᠠᠲᠤ︶ ᠶᠢ ᠦᠨᠳᠦᠰᠦᠯᠡᠨ ᠲᠤᠭᠤᠷᠪᠢᠪᠠ᠃ ᠪᠦᠭᠦ ᠠᠭᠤᠯᠭ᠎ᠠ ᠳᠤ ᠠᠯᠠᠱᠠ ᠵᠡᠭᠦᠨ | ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠠᠰᠠᠭ ᠤᠨ ᠣᠷᠳᠣᠨ ᠤ ᠨᠡᠭᠡᠭᠡᠯᠲᠡ ᠲᠠᠢ | ᠮᠡᠳᠡᠭᠡᠯᠡᠯ ᠢ ᠢᠯᠠ ᠲᠣᠳᠣ ᠭᠠᠷᠭᠠᠭᠰᠠᠨ ᠶᠡᠷᠦᠩᠬᠡᠢ ᠪᠠᠶᠢᠳᠠᠯ᠂ ᠵᠠᠰᠠᠭ ᠤᠨ ᠣᠷᠳᠣᠨ ᠤ ᠮᠡᠳᠡᠭᠡᠯᠡᠯ ᠢ | ᠰᠠᠨᠠᠭᠠᠴᠢᠯᠠᠭ᠎ᠠ ᠲᠠᠢ ᠪᠠᠷ ᠢᠯᠠ ᠲᠣᠳᠣ ᠪᠣᠯᠭᠠᠵᠤ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ | ᠲᠣᠳᠣ ᠪᠠᠶᠢᠯᠭᠠᠬᠤ ᠡᠷᠭᠦᠳᠡᠯ ᠢ ᠬᠤᠷᠢᠶᠠᠨ ᠠᠪᠬᠤ ᠪᠠ ᠰᠢᠢᠳᠪᠦᠷᠢᠯᠡᠵᠦ᠂ ᠵᠠᠰᠠᠭ ᠤᠨ ᠣᠷᠳᠣᠨ ᠤ ᠨᠡᠭᠡᠭᠡᠯᠲᠡ ᠲᠠᠢ | ᠮᠡᠳᠡᠭᠡᠯᠡᠯ ᠢ ᠢᠯᠠ ᠲᠣᠳᠣ ᠪᠠᠶᠢᠯᠭᠠᠬᠤ ᠵᠠᠰᠠᠭ ᠵᠠᠬᠢᠷᠭᠠᠨ ᠤ ᠳᠠᠭᠢᠨ ᠵᠥᠪᠯᠡᠭᠰᠡᠨ ᠪᠣᠯᠣᠨ ᠵᠠᠰᠠᠭ ᠵᠠᠬᠢᠷᠭᠠᠨ ᠤ | ᠵᠠᠷᠭᠤ ᠶᠢᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠬᠠᠯᠠᠨ ᠰᠠᠶᠢᠵᠢᠷᠠᠭᠤᠯᠤᠭᠰᠠᠨ ᠪᠠᠶᠢᠳᠠᠯ᠂ ᠪᠤᠰᠤᠳ | ᠮᠡᠳᠡᠭᠡᠯᠡᠬᠦ ᠱᠠᠭᠠᠷᠳᠠᠯᠭ᠎ᠠ ᠲᠠᠢ ᠠᠰᠠᠭᠤᠳᠠᠯ ᠢ ᠪᠠᠭᠲᠠᠭᠠᠨ᠎ᠠ᠃ ᠪᠦᠷᠢᠳᠬᠡᠨ ᠭᠠᠷᠭᠠᠭᠰᠠᠨ ᠲᠤᠭ᠎ᠠ ᠪᠠᠷᠢᠮᠲᠠ ᠶᠢᠨ | ᠬᠤᠭᠤᠴᠠᠭ᠎ᠠ ᠨᠢ 2024 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ 2024 ᠣᠨ ᠤ 12 ᠳ᠋ᠤᠭᠠᠷ | ᠰᠠᠷ᠎ᠠ ᠶᠢᠨ 31 ᠤ ᠡᠳᠦᠷ ᠭᠦᠷᠦᠨ᠎ᠡ᠃ ᠲᠤᠰ ᠵᠢᠯ ᠤᠨ ᠮᠡᠳᠡᠭᠦᠯᠦᠯᠲᠡ ᠶᠢᠨ ᠴᠠᠬᠢᠮ ᠬᠤᠪᠢᠯᠪᠤᠷᠢ ᠶᠢ ᠠᠯᠠᠱᠠ | ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ︵http : / / www . | alszq . gov . cn︶ ᠠᠴᠠ ᠲᠠᠲᠠᠵᠤ ᠠᠪᠬᠤ ᠪᠣᠯᠣᠮᠵᠢ ᠲᠠᠢ᠃ ᠬᠡᠷᠪᠡ ᠲᠤᠰ ᠣᠨ ᠤ ᠮᠡᠳᠡᠭᠦᠯᠦᠯᠲᠡ ᠳᠤ | ᠮᠠᠳᠠᠭ ᠲᠠᠢ ᠪᠠᠶᠢᠪᠠᠯ᠂ ᠠᠯᠠᠱᠠ ᠵᠡᠭᠦᠨ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ | ᠠᠯᠪᠠᠨ ᠭᠡᠷ ᠲᠠᠢ ᠬᠠᠷᠢᠯᠴᠠᠭᠠᠷᠠᠢ ︵ᠤᠲᠠᠰᠤ᠄ 0483 - 8229927︶᠃ | ᠨᠢᠭᠡ᠂ ᠲᠣᠶᠢᠮᠣ ᠪᠠᠶᠢᠳᠠᠯ | ︵ᠨᠢᠭᠡ︶ ᠰᠠᠨᠠᠭᠠᠴᠢᠯᠠᠭ᠎ᠠ ᠠᠴᠠ ᠪᠠᠨ ᠢᠯᠠ ᠲᠣᠳᠣ ᠪᠣᠯᠭᠠᠬᠰᠠᠨ ᠪᠠᠶᠢᠳᠠᠯ᠃ ᠮᠠᠨ ᠤ ᠬᠤᠷᠢᠶ᠎ᠠ ᠨᠡᠭᠡᠭᠡᠯᠲᠡ | ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠰᠠᠯᠠᠭ᠎ᠠ ᠮᠥᠴᠢᠷ ᠤᠨ | ᠮᠡᠳᠡᠭᠡᠯᠡᠯ ᠤᠨ ᠢᠯᠡ ᠲᠣᠳᠣ ᠶᠢᠨ ᠬᠡᠮᠵᠢᠶ᠎ᠡ ᠶᠢ ᠴᠢᠩᠭᠠᠳᠬᠠᠵᠤ᠂ ᠬᠠᠤᠯᠢ ᠳᠤ ᠲᠣᠭᠲᠠᠭᠠᠭᠰᠠᠨ | ᠰᠠᠨᠠᠭᠠᠴᠢᠯᠠᠭ᠎ᠠ ᠠᠴᠠ ᠪᠠᠨ ᠢᠯᠠ ᠲᠣᠳᠣ ᠪᠣᠯᠭᠠᠬᠤ ᠠᠭᠤᠯᠭ᠎ᠠ ᠵᠢᠴᠢ ᠮᠠᠨ ᠤ ᠵᠥᠪᠯᠡᠯ ᠤᠨ ᠡᠭᠦᠷᠭᠡ ᠴᠢᠳᠠᠪᠤᠷᠢ ᠪᠠ | ᠠᠵᠢᠯ ᠤᠨ ᠪᠣᠳᠠᠲᠤ ᠪᠠᠶᠢᠳᠠᠯ ᠢ ᠦᠨᠳᠦᠰᠦᠯᠡᠨ᠂ ᠪᠦᠭᠦ ᠵᠢᠯ ᠳᠤ ᠫᠤᠷᠲ᠋ᠧᠯ ᠰᠦᠯᠵᠢᠶ᠎ᠡ ᠪᠠᠷ ᠳᠠᠮᠵᠢᠨ ᠡᠯ᠎ᠡ | ᠲᠥᠷᠥᠯ ᠤᠨ ᠮᠡᠳᠡᠭᠡᠯᠡᠯ ᠢ ᠰᠠᠨᠠᠭᠠᠴᠢᠯᠠᠭ᠎ᠠ ᠠᠴᠠ ᠪᠠᠨ ᠢᠯᠠ ᠲᠣᠳᠣ ᠪᠣᠯᠭᠠᠵᠤ᠂ ᠭᠤᠣᠯᠳᠠᠭᠤ 2024 ᠣᠨ ᠤ | ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠶᠢᠳᠠᠯ᠂ ᠵᠠᠰᠠᠭ ᠵᠠᠬᠢᠷᠭ᠎ᠠ ᠠᠵᠢᠯ | ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ ᠭᠠᠷᠴᠠᠭ ᠤᠨ ᠨᠠᠷᠢᠨ ᠬᠠᠭᠤᠳᠠᠰᠤ ᠵᠢᠴᠢ ᠠᠮᠤ ᠪᠤᠳᠠᠭᠠᠨ ᠤ | ᠬᠦᠷᠢᠶ᠎ᠡ ᠬᠡᠪᠴᠢᠶᠡᠨ ᠳᠠᠬᠢ ᠠᠵᠢᠯ ᠢ ᠬᠢᠨᠠᠨ ᠪᠠᠶᠢᠴᠠᠭᠠᠬᠤ᠂ ᠦᠨᠡᠨᠴᠢ ᠢᠲᠡᠭᠡᠮᠵᠢ ᠶᠢᠨ ᠪᠦᠲᠦᠭᠡᠨ | ᠪᠠᠶᠢᠭᠤᠯᠤᠯᠲᠠ ᠶᠢᠨ ᠠᠵᠢᠯ ᠤᠨ ᠦᠷ᠎ᠡ ᠪᠦᠲᠦᠮᠵᠢ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠡᠷᠭᠡ ᠡᠯ᠎ᠡ | ᠲᠥᠷᠥᠯ ᠤᠨ ᠠᠵᠢᠯ ᠤᠨ ᠰᠢᠭᠤᠷᠬᠠᠢ ᠮᠡᠳᠡᠭᠡᠯᠡᠯ ᠢ ᠪᠠᠭᠲᠠᠭᠠᠨ᠎ᠠ᠃ 2024 ᠣᠨ ᠳᠤ ᠵᠠᠰᠠᠭ ᠤᠨ ᠣᠷᠳᠣᠨ ᠤ | ᠮᠡᠳᠡᠭᠡᠯᠡᠯ ᠢ 37 ᠵᠤᠷᠪᠤᠰ ᠢ ᠢᠯᠡ ᠲᠣᠳᠣ ᠪᠣᠯᠭᠠᠵᠠᠢ᠃ | ︵ᠬᠤᠶᠠᠷ︶ ᠡᠷᠭᠦᠳᠡᠯ ᠤᠨ ᠳᠠᠭᠠᠤ ᠢᠯᠠ ᠲᠣᠳᠣ ᠪᠣᠯᠭᠠᠭᠰᠠᠨ ᠲᠤᠬᠠᠢ᠃ ᠵᠠᠰᠠᠭ ᠤᠨ ᠣᠷᠳᠣᠨ ᠤ | ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ | ᠡᠷᠭᠦᠳᠡᠯ ᠢ ᠢᠯᠠ ᠲᠣᠳᠣ ᠪᠣᠯᠭᠠᠬᠤ ᠠᠵᠢᠯ ᠤᠨ ᠳᠡᠰ ᠳᠠᠷᠠᠭᠠᠯᠠᠯ ᠢ ᠴᠢᠩᠭ᠎ᠠ ᠵᠢᠷᠤᠮᠯᠠᠨ ᠠᠷᠠᠳ ᠢᠷᠭᠡᠨ᠂ | ᠬᠠᠤᠯᠢ ᠶᠢᠨ ᠡᠷᠬᠡᠲᠡᠨ ᠪᠣᠯᠣᠨ ᠪᠤᠰᠤᠳ ᠵᠣᠬᠢᠶᠠᠨ ᠪᠠᠶᠢᠭᠤᠯᠤᠯᠲᠠ ᠶᠢᠨ ᠮᠡᠳᠡᠭᠡᠯᠡᠯ ᠤᠨ ᠭᠤᠮᠣᠳᠠᠯ ᠱᠠᠭᠠᠷᠳᠠᠯᠭ᠎ᠠ ᠳᠤ | ᠢᠳᠡᠪᠬᠢᠲᠡᠢ ᠬᠠᠷᠢᠭᠤ ᠥᠭᠴᠦ᠂ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠪᠠᠷ ᠨᠠᠶᠢᠳᠠᠪᠤᠷᠢᠵᠢᠭᠤᠯᠤᠯᠲᠠ ᠶᠢ | ᠠᠬᠢᠭᠤᠯᠤᠨ᠂ ᠵᠢᠷᠤᠮᠵᠢᠯ ᠢ ᠠᠬᠢᠭᠤᠯᠵᠤ᠂ ᠦᠢᠯᠡᠴᠢᠯᠡᠭᠡ ᠶᠢ ᠠᠬᠢᠭᠤᠯᠵᠠᠢ᠃ 2024 ᠣᠨ ᠳᠤ᠂ ᠨᠡᠭᠡᠭᠡᠯᠲᠡ ᠲᠠᠢ | ᠮᠡᠳᠡᠭᠡᠯᠡᠯ ᠢ ᠢᠯᠠ ᠲᠣᠳᠣ ᠪᠠᠶᠢᠯᠭᠠᠬᠤ ᠡᠷᠭᠦᠳᠡᠯ ᠢ ᠨᠡᠶᠢᠲᠡ 1 ᠬᠤᠪᠢ ᠭᠥᠯᠢᠶᠡᠨ ᠠᠪᠴᠤ ᠰᠢᠢᠳᠪᠦᠷᠢᠯᠡᠨ᠂ | ᠵᠢᠷᠤᠮᠵᠢᠬᠰᠠᠨ ᠳᠡᠰ ᠳᠠᠷᠠᠭᠠᠯᠠᠯ ᠤᠨ ᠶᠣᠰᠣᠭᠠᠷ᠂ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠰᠠᠨᠠᠯ ᠬᠤᠷᠢᠶᠠᠬᠤ ᠶᠢᠨ | ᠬᠠᠮᠲᠤ ᠡᠷᠭᠦᠳᠡᠯ ᠢ ᠣᠯᠣᠭᠰᠠᠨ ᠡᠳᠦᠷ ᠠᠴᠠ ᠡᠬᠢᠯᠡᠨ 15 ᠡᠳᠦᠷ ᠤᠨ ᠳᠣᠲᠣᠷ᠎ᠠ ᠬᠠᠷᠢᠭᠤᠯᠲᠠ ᠥᠭᠴᠡᠢ᠃ | ︵ᠭᠤᠷᠪᠠ︶ ᠵᠠᠰᠠᠭ ᠤᠨ ᠣᠷᠳᠣᠨ ᠤ ᠮᠡᠳᠡᠭᠡᠯᠡᠯ ᠤᠨ ᠬᠠᠮᠢᠶᠠᠷᠤᠯᠲᠠ ᠶᠢᠨ ᠲᠤᠬᠠᠢ᠃ ᠪᠦᠭᠦ ᠭᠡᠰᠢᠭᠦᠳ ᠤᠨ | ᠮᠡᠳᠡᠭᠡᠯᠡᠯ ᠤᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠬᠠᠮᠢᠶᠠᠷᠤᠯᠲᠠ ᠶᠢᠨ ᠵᠠᠭᠪᠤᠷ ᠢ ᠪᠦᠷᠢᠨᠰᠢᠭᠦᠯᠦᠨ | ᠲᠡᠭᠦᠯᠳᠡᠷᠵᠢᠭᠦᠯᠵᠦ᠂ ᠮᠡᠳᠡᠭᠡᠯᠡᠯ ᠨᠡᠶᠢᠲᠡᠯᠡᠬᠦ ᠠᠴᠠ ᠡᠮᠦᠨ᠎ᠡ ᠢᠯᠠ ᠲᠣᠳᠣ ᠪᠣᠯᠭᠠᠬᠤ ᠰᠢᠨᠵᠢ ᠴᠢᠨᠠᠷ ᠢ ᠲᠣᠭᠲᠠᠭᠠᠨ᠎ᠠ᠃ | ᠮᠡᠳᠡᠭᠡᠯᠡᠯ ᠨᠡᠶᠢᠲᠡᠯᠡᠬᠦ᠂ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠬᠤ᠂ ᠢᠯᠡ ᠮᠡᠳᠡᠭᠡ ᠵᠠᠩᠭᠢ | ᠲᠣᠳᠣᠷᠬᠠᠶᠢᠯᠠᠬᠤ ᠶᠢ ᠵᠢᠷᠤᠮᠵᠢᠭᠤᠯᠬᠤ᠂ ᠠᠭᠤᠯᠭ᠎ᠠ ᠨᠢ ᠣᠨᠣᠪᠴᠢᠲᠠᠢ ᠪᠠᠶᠢᠬᠤ ᠶᠢ ᠦᠨᠡᠨᠬᠦ ᠪᠠᠲᠤᠯᠠᠵᠤ᠂ | ᠨᠢᠭᠤᠴᠠ ᠶᠢ ᠵᠠᠳᠠᠷᠠᠭᠤᠯᠤᠭᠰᠠᠨ ᠬᠡᠷᠡᠭ ᠶᠠᠪᠤᠳᠠᠯ ᠭᠠᠷᠤᠭ᠎ᠠ ᠦᠭᠡᠢ᠃ | ︵ᠳᠥᠷᠪᠡ︶ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ | ᠲᠠᠪᠴᠠᠩ ᠤᠨ ᠪᠠᠶᠢᠭᠤᠯᠤᠯᠲᠠ ᠶᠢᠨ ᠲᠤᠬᠠᠢ᠃ ︽ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ | ︾ ᠰᠦᠯᠵᠢᠶ᠎ᠡ ᠪᠠᠷ ᠲᠦᠰᠢᠭ ᠪᠤᠯᠭᠠᠵᠤ᠂ ᠰᠠᠯᠠᠭ᠎ᠠ ᠮᠥᠴᠢᠷ ᠤᠨ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ | ᠪᠠᠶᠢᠯᠭᠠᠬᠤ᠂ ᠰᠠᠯᠠᠭ᠎ᠠ ᠮᠥᠴᠢᠷ ᠤᠨ ᠰᠢᠭᠤᠷᠬᠠᠢ ᠮᠡᠳᠡᠭᠡᠯᠡᠯ᠂ ᠴᠢᠬᠤᠯᠠ ᠶᠡᠭᠡ ᠲᠥᠷᠥᠯ ᠵᠦᠢᠯ ᠢ ᠪᠦᠲᠦᠭᠡᠨ | ᠪᠠᠶᠢᠭᠤᠯᠬᠤ᠂ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ ᠵᠡᠷᠭᠡ ᠬᠡᠪᠯᠡᠯ ᠤᠨ | ᠬᠡᠰᠡᠭ ᠤᠨ ᠮᠡᠳᠡᠭᠡᠯᠡᠯ ᠢ ᠴᠠᠭ ᠲᠤᠬᠠᠢ ᠳᠤᠨᠢ ᠰᠢᠨᠡᠳᠬᠡᠵᠦ᠂ ᠫᠤᠷᠲ᠋ᠧᠯ ᠰᠠᠶᠢᠲ ᠪᠠᠶᠢᠭᠤᠯᠤᠯᠲᠠ ᠶᠢ ᠦᠷᠭᠦᠯᠵᠢᠯᠡᠨ | ᠰᠠᠶᠢᠲᠤᠷ ᠠᠳᠬᠤᠵᠤ᠂ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ | ᠪᠠ ᠵᠠᠰᠠᠭ ᠵᠠᠬᠢᠷᠭ᠎ᠠ ᠪᠠ ᠠᠷᠠᠳ ᠬᠠᠷᠢᠯᠴᠠᠨ ᠬᠥᠳᠡᠯᠦᠯᠴᠡᠬᠦ ᠠᠷᠭ᠎ᠠ ᠵᠠᠮ ᠢ ᠤᠯᠠᠮ ᠥᠷᠭᠡᠳᠬᠡᠵᠡᠢ᠃ ᠥᠪᠥᠷ | ᠮᠣᠩᠭᠤᠯ ᠤᠨ ᠶᠢᠨ ᠬᠥᠷᠥᠩᠭᠡ ᠣᠷᠣᠭᠤᠯᠤᠯᠲᠠ ᠶᠢᠨ ᠲᠥᠰᠥᠯ ᠤᠨ ᠠᠵᠢᠯ ᠤᠨ ᠵᠥᠪᠯᠡᠬᠦ ᠶᠢ ᠬᠢᠨᠠᠨ ᠵᠥᠪᠰᠢᠶᠡᠷᠡᠬᠦ | ᠲᠠᠩᠬᠢᠮ ︵http : / / nmg . tzxm . gov . cn /︶ ᠤᠨ ᠲᠤᠬᠠᠢ ᠢᠯᠡ ᠨᠡᠶᠢᠲᠡᠯᠡᠬᠦ ᠠᠵᠢᠯ ᠢ | ᠴᠠᠭ ᠲᠤᠬᠠᠢ ᠳᠤ ᠨᠢ ᠭᠦᠢᠴᠡᠳᠬᠡᠵᠡᠢ᠃ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ | ᠳᠠᠩᠰᠠᠯᠠᠯ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠣᠯᠣᠮᠵᠢᠲᠤ ᠰᠤᠳᠤᠯᠤᠯ ᠤᠨ | ᠮᠡᠳᠡᠭᠦᠯᠦᠯᠲᠡ ᠶᠢ ᠬᠢᠨᠠᠨ ᠵᠥᠪᠰᠢᠶᠡᠷᠡᠬᠦ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ | ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢ ᠬᠢᠨᠠᠨ ᠵᠥᠪᠰᠢᠶᠡᠷᠡᠬᠦ᠂ ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠶᠢᠨ ᠲᠥᠷᠥᠯ ᠵᠦᠢᠯ ᠤᠨ ᠰᠠᠨᠠᠭᠤᠯᠭ᠎ᠠ ᠶᠢᠨ ᠪᠢᠴᠢᠭ ᠢ ᠬᠢᠨᠠᠨ ᠵᠥᠪᠰᠢᠶᠡᠷᠡᠬᠦ᠂ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠡᠨᠧᠷᠭᠢ ᠠᠷᠪᠢᠯᠠᠬᠤ ᠶᠢᠨ ᠬᠢᠨᠠᠨ ᠪᠠᠶᠢᠴᠠᠭᠠᠬᠤ | ᠵᠡᠷᠭᠡ ᠭᠠᠷᠳᠠᠮ ᠢ ᠭᠦᠢᠴᠡᠳᠬᠡᠵᠦ ᠣᠯᠭᠤᠬᠤ ᠴᠤᠪᠤᠷᠠᠯ ᠬᠢᠭᠡᠳ ᠠᠷᠭ᠎ᠠ ᠨᠢ ᠴᠥᠮ ᠮᠥᠩᠬᠡ ᠰᠤᠪᠠᠭ APP ᠠᠴᠠ | ᠡᠬᠢᠯᠡᠨ ᠠᠪᠴᠤ ᠬᠡᠷᠡᠭᠵᠢᠭᠦᠯᠵᠡᠢ᠃ | ︵ᠲᠠᠪᠤ︶ ᠬᠢᠨᠠᠯᠲᠠ᠂ ᠪᠠᠲᠤᠯᠠᠭᠠᠵᠢᠭᠤᠯᠤᠯᠲᠠ ᠶᠢᠨ ᠲᠤᠬᠠᠢ ᠬᠡᠷᠡᠭᠲᠡᠢ᠃ ᠡᠯ᠎ᠡ ᠵᠦᠢᠯ ᠤᠨ ᠳᠦᠷᠢᠮ ᠢ | ᠪᠠᠶᠢᠭᠤᠯᠤᠨ ᠲᠡᠭᠦᠯᠳᠡᠷᠵᠢᠭᠦᠯᠵᠡᠢ᠃ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠵᠢᠷᠤᠮᠵᠢᠯ ᠤᠨ ᠱᠠᠭᠠᠷᠳᠠᠯᠭ᠎ᠠ | ᠶᠣᠰᠣᠭᠠᠷ᠂ ᠮᠠᠨ ᠤ ᠵᠥᠪᠯᠡᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠵᠠᠰᠠᠭ ᠤᠨ ᠣᠷᠳᠣᠨ ᠤ ᠨᠡᠭᠡᠭᠡᠯᠲᠡ | ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠶᠢᠨ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠯᠲᠠ᠂ ᠮᠡᠳᠡᠭᠡᠯᠡᠯ ᠢ | ᠬᠦᠷᠭᠡᠨ ᠲᠤᠰᠢᠶᠠᠬᠤ᠂ ᠲᠤᠭ᠎ᠠ ᠪᠦᠷᠢᠳᠬᠡᠯ ᠤᠨ ᠮᠡᠳᠡᠭᠦᠯᠦᠨ ᠬᠦᠷᠭᠡᠬᠦ ᠵᠡᠷᠭᠡ ᠪᠣᠳᠠᠲᠠᠢ ᠠᠵᠢᠯ ᠢ ᠵᠢᠷᠤᠮᠵᠢᠭᠤᠯᠬᠤ | ᠬᠡᠷᠡᠭᠲᠡᠢ᠃ ᠤᠳᠤᠷᠢᠳᠤᠯᠭ᠎ᠠ ᠬᠠᠷᠢᠭᠤᠴᠠᠬᠤ ᠳᠦᠷᠢᠮ ᠢ ᠬᠡᠷᠡᠭᠵᠢᠭᠦᠯᠦᠨ᠂ ᠵᠠᠰᠠᠭ ᠤᠨ ᠶᠠᠪᠤᠳᠠᠯ ᠢ ᠢᠯᠠ ᠲᠣᠳᠣ | ᠪᠠᠶᠢᠯᠭᠠᠬᠤ ᠠᠵᠢᠯ ᠢ ᠣᠨ ᠤ ᠠᠵᠢᠯ ᠤᠨ ᠬᠠᠷᠠᠯᠲᠠ ᠳᠠᠭᠠᠨ ᠣᠷᠣᠭᠤᠯᠵᠤ᠂ ᠵᠠᠰᠠᠭ ᠤᠨ ᠣᠷᠳᠣᠨ ᠤ ᠨᠡᠭᠡᠭᠡᠯᠲᠡ ᠲᠠᠢ | ᠮᠡᠳᠡᠭᠡᠯᠡᠯ ᠢ ᠢᠯᠠ ᠲᠣᠳᠣ ᠪᠠᠶᠢᠯᠭᠠᠬᠤ ᠠᠵᠢᠯ ᠢ ᠨᠢᠭᠡᠳᠦᠯᠲᠡᠢ ᠲᠣᠬᠢᠷᠠᠭᠤᠯᠤᠨ᠂ ᠪᠠᠶᠢᠷᠢᠯᠠᠭᠤᠯᠬᠤ ᠪᠠ ᠪᠠᠶᠢᠴᠠᠭᠠᠵᠤ᠂ | ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠠᠵᠢᠯ ᠢ ᠳᠦᠷᠢᠮᠵᠢᠭᠰᠡᠨ᠂ | ᠵᠢᠷᠤᠮᠵᠢᠬᠰᠠᠨ ᠵᠠᠮ ᠢᠶᠠᠷ ᠵᠠᠮᠨᠠᠬᠤ ᠶᠢ ᠠᠬᠢᠭᠤᠯᠵᠠᠢ᠃ | ᠬᠤᠶᠠᠷ᠂ ᠵᠠᠰᠠᠭ ᠤᠨ ᠣᠷᠳᠣᠨ ᠤ ᠮᠡᠳᠡᠭᠡᠯᠡᠯ ᠢ ᠰᠠᠨᠠᠭᠠᠴᠢᠯᠠᠭ᠎ᠠ ᠠᠴᠠ ᠪᠠᠨ ᠢᠯᠠ ᠲᠣᠳᠣ ᠪᠣᠯᠭᠠᠬᠰᠠᠨ | ᠪᠠᠶᠢᠳᠠᠯ | ᠭᠤᠷᠪᠠ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠡᠷᠭᠦᠳᠡᠯ ᠢ | ᠭᠥᠯᠢᠶᠡᠨ ᠠᠪᠴᠤ᠂ ᠰᠢᠢᠳᠪᠦᠷᠢᠯᠡᠭᠰᠡᠨ ᠪᠠᠶᠢᠳᠠᠯ | ᠳᠥᠷᠪᠡ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠵᠠᠰᠠᠭ | ᠵᠠᠬᠢᠷᠭᠠᠨ ᠢᠶᠠᠷ ᠳᠠᠭᠢᠨ ᠵᠥᠪᠯᠡᠭᠰᠡᠨ ᠪᠣᠯᠣᠨ ᠵᠠᠰᠠᠭ ᠵᠠᠬᠢᠷᠭᠠᠨ ᠤ ᠵᠠᠷᠭᠤ ᠶᠢᠨ ᠪᠠᠶᠢᠳᠠᠯ | | ᠲᠠᠪᠤ᠂ ᠣᠷᠣᠰᠢᠵᠤ ᠪᠠᠶᠢᠭ᠎ᠠ ᠭᠤᠣᠯ ᠠᠰᠠᠭᠤᠳᠠᠯ ᠵᠢᠴᠢ ᠰᠠᠶᠢᠵᠢᠷᠠᠭᠤᠯᠤᠭᠰᠠᠨ ᠪᠠᠶᠢᠳᠠᠯ | ︵ᠨᠢᠭᠡ︶ ᠣᠷᠣᠰᠢᠵᠤ ᠪᠠᠶᠢᠭ᠎ᠠ ᠠᠰᠠᠭᠤᠳᠠᠯ | 2024 ᠣᠨ ᠳᠤ᠂ ᠮᠠᠨ ᠤ ᠵᠥᠪᠯᠡᠯ ᠤᠨ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠡᠮᠬᠢ | ᠵᠢᠷᠤᠮ ᠲᠠᠢ ᠶᠠᠪᠤᠭᠳᠠᠭᠰᠠᠨ ᠪᠤᠯᠪᠠᠴᠤ ᠮᠡᠳᠡᠭᠡᠯᠡᠯ ᠢ ᠴᠠᠭ ᠲᠤᠬᠠᠢ ᠳᠤᠨᠢ ᠰᠢᠨᠡᠳᠬᠡᠭᠰᠡᠨ ᠦᠭᠡᠢ᠂ ᠡᠬᠡ ᠪᠢᠴᠢᠭ ᠲᠤ | ᠬᠡᠰᠡᠭ ᠦᠭᠡ ᠥᠭᠦᠯᠡᠪᠦᠷᠢ ᠨᠢ ᠠᠯᠳᠠᠰᠢ᠂ ᠡᠯ᠎ᠡ ᠶᠠᠷᠢᠶᠠᠨ ᠤ ᠡᠬᠡ ᠪᠢᠴᠢᠭ ᠬᠠᠩᠭᠠᠭᠰᠠᠨ ᠲᠤᠭ᠎ᠠ ᠬᠡᠮᠵᠢᠶ᠎ᠡ ᠨᠢ | ᠨᠡᠯᠢᠶᠡᠳ ᠴᠥᠭᠡᠨ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ | ︵ᠬᠤᠶᠠᠷ︶ ᠰᠠᠶᠢᠵᠢᠷᠠᠭᠤᠯᠤᠭᠰᠠᠨ ᠪᠠᠶᠢᠳᠠᠯ | ᠨᠢᠭᠡ ᠳᠤ ᠺᠠᠳ᠋ᠷ ᠠᠵᠢᠯᠲᠠᠨ ᠠᠵᠢᠯᠴᠢᠳ ᠤᠨ ᠳᠤᠮᠳᠠ ᠵᠠᠰᠠᠭ ᠤᠨ ᠶᠠᠪᠤᠳᠠᠯ ᠢ ᠢᠯᠠ ᠲᠣᠳᠣ | ᠪᠠᠶᠢᠯᠭᠠᠬᠤ ᠶᠢᠨ ᠤᠬᠠᠭᠤᠯᠭ᠎ᠠ ᠰᠤᠷᠤᠯᠴᠠᠯᠭ᠎ᠠ᠂ ᠪᠣᠯᠪᠠᠰᠤᠷᠠᠭᠤᠯᠤᠯ ᠬᠥᠮᠦᠵᠢᠯ ᠢ ᠦᠷᠭᠦᠯᠵᠢᠯᠡᠨ ᠴᠢᠩᠭᠠᠳᠬᠠᠵᠤ᠂ | ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠶᠢᠨ ᠠᠴᠢ ᠬᠤᠯᠪᠣᠭᠳᠠᠯ ᠢ ᠨᠡᠩ ᠢᠯᠡᠭᠦᠦ ᠣᠶᠢᠯᠠᠭᠠᠵᠤ᠂ | ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠶᠢ ᠰᠠᠶᠢᠲᠤᠷ ᠠᠳᠬᠤᠬᠤ ᠬᠠᠷᠢᠭᠤᠴᠠᠯᠭᠠᠲᠤ ᠰᠡᠳᠬᠢᠯᠭᠡ ᠪᠠ | ᠤᠬᠠᠮᠰᠠᠷᠲᠤ ᠴᠢᠨᠠᠷ ᠢᠶᠠᠨ ᠤᠯᠠᠮ ᠨᠡᠮᠡᠭᠳᠡᠭᠦᠯᠵᠦ᠂ ᠠᠵᠢᠯ ᠤᠨ ᠰᠤᠷᠲᠠᠯ ᠢᠶᠠᠨ ᠨᠡᠩ ᠰᠠᠶᠢᠲᠤᠷ ᠬᠤᠪᠢᠷᠠᠭᠤᠯᠵᠠᠢ᠃ | ᠬᠤᠶᠠᠷ ᠲᠤ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠨᠡᠭᠡᠭᠡᠯᠲᠡ ᠲᠠᠢ | ᠮᠡᠳᠡᠭᠡᠯᠡᠯ ᠢ ᠢᠯᠠ ᠲᠣᠳᠣ ᠪᠠᠶᠢᠯᠭᠠᠬᠤ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠷᠭᠦᠯᠵᠢᠯᠡᠨ | ᠰᠤᠷᠤᠯᠴᠠᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨᠠᠬᠢ ᠡᠯ᠎ᠡ ᠲᠥᠷᠥᠯ ᠤᠨ ᠪᠣᠯᠪᠠᠰᠤᠷᠠᠭᠤᠯᠤᠯ ᠳᠤ | ᠢᠳᠡᠪᠬᠢᠲᠡᠢ ᠪᠠᠷ ᠣᠷᠣᠯᠴᠠᠨ᠂ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠦᠵᠡᠯ ᠤᠬᠠᠮᠰᠠᠷ ᠬᠢᠭᠡᠳ | ᠴᠢᠳᠠᠪᠤᠷᠢ ᠶᠢ ᠨᠢ ᠢᠯᠡᠷᠬᠡᠢ ᠳᠡᠭᠡᠭᠰᠢᠯᠡᠭᠦᠯᠵᠡᠢ᠃ | ᠵᠢᠷᠭᠤᠭ᠎ᠠ᠂ ᠪᠤᠰᠤᠳ ᠮᠡᠳᠡᠭᠡᠯᠡᠬᠦ ᠱᠠᠭᠠᠷᠳᠠᠯᠭ᠎ᠠ ᠲᠠᠢ ᠠᠰᠠᠭᠤᠳᠠᠯ | 2024 ᠣᠨ ᠳᠤ᠂ ᠠᠯᠠᠱᠠ ᠵᠡᠭᠦᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ | ᠮᠡᠳᠡᠭᠡᠯᠡᠯ ᠢ ᠨᠡᠭᠡᠭᠡᠯᠲᠡ ᠲᠠᠢ ᠪᠣᠯᠭᠠᠬᠤ ᠲᠠᠢ ᠬᠤᠯᠪᠣᠭᠳᠠᠬᠤ ᠬᠤᠷᠢᠶᠠᠮᠵᠢ ᠠᠪᠤᠭ᠎ᠠ ᠦᠭᠡᠢ ᠪᠠᠶᠢᠳᠠᠯ ᠭᠠᠷᠤᠭᠰᠠᠨ | ᠦᠭᠡᠢ᠃ | |