| | | 发布日期:2025 - 01-1416 : 57 | | ᠲᠤᠰ ᠣᠨ ᠤ ᠮᠡᠳᠡᠭᠦᠯᠦᠯᠲᠡ ᠶᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ | ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠳᠦᠷᠢᠮ︾᠂ ︽ᠲᠥᠷᠥ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ᠤᠨ ᠮᠡᠳᠡᠭᠡᠯᠡᠯ ᠬᠢᠭᠡᠳ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠤᠨ ᠠᠯᠪᠠᠨ | ᠭᠡᠷ ᠤᠨ ᠬᠡᠪᠯᠡᠨ ᠲᠠᠷᠬᠠᠭᠠᠬᠤ ᠲᠤᠬᠠᠢ ᠮᠡᠳᠡᠭᠳᠡᠯ︾ ︵ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠵᠠᠬᠢᠳᠠᠯ ﹇ | 2011﹈ 30 ᠳ᠋ᠤᠭᠠᠷ ᠲᠣᠭᠠᠲᠤ︶ ᠶᠢ ᠦᠨᠳᠦᠰᠦᠯᠡᠨ ᠲᠤᠭᠤᠷᠪᠢᠪᠠ᠃ ᠪᠦᠭᠦ ᠠᠭᠤᠯᠭ᠎ᠠ ᠳᠤ ᠠᠯᠠᠱᠠ ᠵᠡᠭᠦᠨ | ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ | ᠲᠣᠳᠣ ᠭᠠᠷᠭᠠᠭᠰᠠᠨ ᠶᠡᠷᠦᠩᠬᠡᠢ ᠪᠠᠶᠢᠳᠠᠯ᠂ ᠵᠠᠰᠠᠭ ᠤᠨ ᠣᠷᠳᠣᠨ ᠤ ᠮᠡᠳᠡᠭᠡᠯᠡᠯ ᠤᠨ ᠪᠠᠶᠢᠳᠠᠯ ᠢ | ᠰᠠᠨᠠᠭᠠᠴᠢᠯᠠᠭ᠎ᠠ ᠠᠴᠠ ᠪᠠᠨ ᠢᠯᠠ ᠲᠣᠳᠣ ᠪᠣᠯᠭᠠᠵᠤ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ | ᠲᠣᠳᠣ ᠪᠠᠶᠢᠯᠭᠠᠬᠤ ᠡᠷᠭᠦᠳᠡᠯ ᠤᠨ ᠪᠠᠶᠢᠳᠠᠯ ᠢ ᠭᠥᠯᠢᠶᠡᠨ ᠠᠪᠴᠤ᠂ ᠰᠢᠢᠳᠪᠦᠷᠢᠯᠡᠭᠰᠡᠨ᠂ ᠵᠠᠰᠠᠭ ᠤᠨ ᠣᠷᠳᠣᠨ ᠤ | ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠭᠠᠷᠭᠠᠭᠰᠠᠨ ᠵᠠᠰᠠᠭ ᠵᠠᠬᠢᠷᠭᠠᠨ ᠤ ᠳᠠᠭᠢᠨ ᠵᠥᠪᠯᠡᠭᠰᠡᠨ ᠪᠣᠯᠣᠨ ᠵᠠᠰᠠᠭ | ᠵᠠᠬᠢᠷᠭᠠᠨ ᠤ ᠵᠠᠷᠭᠤ ᠶᠢᠨ ᠪᠠᠶᠢᠳᠠᠯ᠂ ᠣᠷᠣᠰᠢᠵᠤ ᠪᠠᠶᠢᠭ᠎ᠠ ᠭᠤᠣᠯ ᠠᠰᠠᠭᠤᠳᠠᠯ ᠵᠢᠴᠢ ᠬᠠᠯᠠᠨ ᠰᠠᠶᠢᠵᠢᠷᠠᠭᠤᠯᠤᠭᠰᠠᠨ | ᠪᠠᠶᠢᠳᠠᠯ᠂ ᠪᠤᠰᠤᠳ ᠮᠡᠳᠡᠭᠡᠯᠡᠬᠦ ᠱᠠᠭᠠᠷᠳᠠᠯᠭ᠎ᠠ ᠲᠠᠢ ᠠᠰᠠᠭᠤᠳᠠᠯ ᠢ ᠪᠠᠭᠲᠠᠭᠠᠨ᠎ᠠ᠃ ᠪᠦᠷᠢᠳᠬᠡᠨ ᠭᠠᠷᠭᠠᠭᠰᠠᠨ ᠲᠤᠭ᠎ᠠ | ᠪᠠᠷᠢᠮᠲᠠ ᠶᠢᠨ ᠬᠤᠭᠤᠴᠠᠭ᠎ᠠ ᠨᠢ 2024 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ 12 ᠳ᠋ᠤᠭᠠᠷ | ᠰᠠᠷ᠎ᠠ ᠶᠢᠨ 31 ᠤ ᠡᠳᠦᠷ ᠪᠤᠯᠲᠠᠯ᠎ᠠ ᠪᠣᠯᠣᠨ᠎ᠠ᠃ ᠲᠤᠰ ᠵᠢᠯ ᠤᠨ ᠮᠡᠳᠡᠭᠦᠯᠦᠯᠲᠡ ᠶᠢᠨ ᠴᠠᠬᠢᠮ ᠬᠤᠪᠢᠯᠪᠤᠷᠢ ᠶᠢ | ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ︵http : / / www . alszq | . gov . cn︶ ᠠᠴᠠ ᠲᠠᠲᠠᠵᠤ ᠠᠪᠬᠤ ᠪᠣᠯᠣᠮᠵᠢ ᠲᠠᠢ᠃ ᠬᠡᠷᠪᠡ ᠲᠤᠰ ᠵᠢᠯ ᠤᠨ ᠮᠡᠳᠡᠭᠦᠯᠦᠯᠲᠡ ᠳᠤ | ᠰᠡᠵᠢᠭᠯᠡᠯ ᠲᠠᠢ ᠪᠣᠯ᠂ ᠠᠯᠠᠱᠠ ᠵᠡᠭᠦᠨ ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ ᠲᠠᠢ ᠬᠠᠷᠢᠯᠴᠠᠭᠠᠷᠠᠢ ︵ | ᠤᠲᠠᠰᠤ᠄ 0483 - 822549︶᠃ | ᠨᠢᠭᠡ᠂ ᠲᠣᠶᠢᠮᠣ ᠪᠠᠶᠢᠳᠠᠯ | 2024 ᠣᠨ ᠳᠤ᠂ ᠠᠯᠠᠱᠠ ᠵᠡᠭᠦᠨ ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ ᠰᠢ ᠶᠢᠨ ᠫᠢᠩ | ᠶᠡᠷᠦᠩᠬᠡᠢ ᠱᠦᠵᠢ ᠶᠢᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ | ᠪᠠᠲᠤ ᠪᠠᠬᠢ ᠴᠣᠭᠴᠠᠯᠠᠬᠤ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠱᠤᠭᠤᠮ᠂ | ᠮᠥᠨᠴᠦ ᠦᠨᠳᠦᠰᠦᠲᠡᠨ ᠤ ᠭᠠᠵᠠᠷ ᠣᠷᠣᠨ ᠤ ᠡᠯ᠎ᠡ ᠲᠥᠷᠥᠯ ᠤᠨ ᠠᠵᠢᠯ ᠤᠨ ᠭᠤᠣᠯ ᠱᠤᠭᠤᠮ︾ ᠤᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠴᠢᠮᠲᠡᠢ ᠲᠤᠤᠱᠯᠠᠭᠤᠯᠤᠨ ᠨᠠᠶᠢᠳᠠᠪᠤᠷᠢᠵᠢᠭᠤᠯᠪᠠ᠃ ᠢᠯᠠ ᠲᠣᠳᠣ | ᠪᠣᠯᠭᠠᠬᠤ ᠪᠠᠷ ᠵᠠᠷᠴᠢᠮ ᠪᠣᠯᠭᠠᠨ᠂ ᠢᠯᠠ ᠲᠣᠳᠣ ᠪᠣᠯᠭᠠᠬᠤ ᠦᠭᠡᠢ ᠪᠠᠶᠢᠬᠤ ᠶᠢ ᠣᠨᠴᠠᠭᠠᠢ ᠪᠠᠶᠢᠳᠠᠯ ᠢ ᠪᠠᠷᠢᠮᠲᠠᠯᠠᠵᠤ᠂ | ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ᠂ ᠸᠢᠴᠠᠲ ᠲᠠᠪᠴᠠᠩ ᠵᠢᠴᠢ ᠣᠯᠠᠨ ᠵᠠᠭᠤᠴᠢ ᠳᠤ ᠦᠢᠯᠡᠴᠢᠯᠡᠬᠦ ᠠᠷᠭ᠎ᠠ | ᠵᠠᠮ ᠢᠶᠠᠷ ᠳᠠᠮᠵᠢᠭᠤᠯᠤᠨ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠡᠷᠴᠢᠮ ᠢ | ᠴᠢᠩᠭᠠᠷᠠᠭᠤᠯᠤᠨ᠂ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠲᠠᠪᠴᠠᠩ ᠤᠨ ᠴᠢᠳᠠᠮᠵᠢ ᠶᠢ ᠲᠠᠰᠤᠷᠠᠯᠲᠠ | ᠦᠭᠡᠢ ᠪᠠᠳᠠᠷᠠᠭᠤᠯᠵᠤ᠂ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠢ ᠯᠠᠪᠳᠠᠭᠤᠨ ᠪᠠᠲᠤᠲᠠᠢ | ᠥᠷᠨᠢᠭᠦᠯᠵᠡᠢ᠃ | ︵ᠨᠢᠭᠡ︶ ᠰᠠᠨᠠᠭᠠᠴᠢᠯᠠᠭ᠎ᠠ ᠠᠴᠠ ᠪᠠᠨ ᠢᠯᠠ ᠲᠣᠳᠣ ᠪᠣᠯᠭᠠᠬᠰᠠᠨ ᠪᠠᠶᠢᠳᠠᠯ | ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠵᠦᠭᠯᠡᠭᠦᠷ ᠪᠣᠯᠣᠨ ᠣᠨ ᠤ | ᠮᠡᠳᠡᠭᠦᠯᠦᠯᠲᠡ᠂ ᠲᠣᠶᠢᠮᠣ ᠮᠡᠳᠡᠭᠡᠯᠡᠯ᠂ ᠬᠠᠤᠯᠢ ᠲᠣᠭᠲᠠᠭᠠᠯ ᠤᠨ ᠪᠢᠴᠢᠭ ᠮᠠᠲ᠋ᠧᠷᠢᠶᠠᠯ᠂ ᠮᠡᠳᠡᠭᠳᠡᠯ ᠤᠨ ᠠᠯᠪᠠᠨ ᠵᠠᠷ᠂ | ᠠᠵᠢᠯ ᠤᠨ ᠪᠠᠶᠢᠳᠠᠯ᠂ ᠰᠠᠯᠠᠭ᠎ᠠ ᠮᠥᠴᠢᠷ ᠤᠨ ᠪᠢᠴᠢᠭ ᠮᠠᠲ᠋ᠧᠷᠢᠶᠠᠯ᠂ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ | ᠵᠡᠷᠭᠡ ᠦᠨᠳᠦᠰᠦᠨ ᠠᠭᠤᠯᠭ᠎ᠠ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠠᠵᠢᠯ ᠢ | ᠰᠠᠨᠠᠭᠠᠴᠢᠯᠠᠭ᠎ᠠ ᠠᠴᠠ ᠪᠠᠨ ᠰᠠᠶᠢᠲᠤᠷ ᠭᠦᠢᠴᠡᠳᠬᠡᠪᠡ᠃ 2024 ᠣᠨ ᠳᠤ᠂ ᠮᠠᠨ ᠤ ᠲᠣᠪᠴᠢᠶ᠎ᠠ ᠨᠠᠷᠢᠨ ᠬᠢᠨᠠᠮᠠᠭᠠᠢ | ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠪᠠ ︽ᠠᠯᠠᠱᠠ ᠵᠡᠭᠦᠨ ᠬᠤᠰᠢᠭᠤᠨ ᠤ | ᠤᠰᠤᠨ ᠤ ᠶᠠᠪᠤᠳᠠᠯ ᠤᠨ ᠲᠣᠪᠴᠢᠶ᠎ᠠ︾ ᠶᠢᠨ ᠸᠢᠴᠠᠲ ᠤᠨ ᠲᠠᠪᠴᠠᠩ ᠳᠡᠭᠡᠷ᠎ᠡ ᠲᠦᠰᠢᠭᠯᠡᠨ᠂ ᠫᠤᠷᠲ᠋ᠧᠯ ᠰᠠᠶᠢᠲ ᠲᠤ | ᠡᠯ᠎ᠡ ᠲᠥᠷᠥᠯ ᠤᠨ ᠮᠡᠳᠡᠭᠡ ᠵᠠᠩᠭᠢ 78 ᠵᠤᠷᠪᠤᠰ ᠨᠡᠶᠢᠲᠡᠯᠡᠵᠦ᠂ ᠸᠢᠴᠠᠲ ᠤᠨ ᠲᠠᠪᠴᠠᠩ ᠡᠯ᠎ᠡ ᠲᠥᠷᠥᠯ ᠤᠨ | ᠮᠡᠳᠡᠭᠡ ᠵᠠᠩᠭᠢ 315 ᠵᠤᠷᠪᠤᠰ ᠨᠡᠶᠢᠲᠡᠯᠡᠵᠡᠢ᠃ | ︵ᠬᠤᠶᠠᠷ︶ ᠡᠷᠭᠦᠳᠡᠯ ᠤᠨ ᠳᠠᠭᠠᠤ ᠢᠯᠠ ᠲᠣᠳᠣ ᠪᠣᠯᠭᠠᠬᠰᠠᠨ ᠪᠠᠶᠢᠳᠠᠯ | ᠲᠤᠰ ᠵᠢᠯ ᠳᠤ᠂ ᠮᠠᠨ ᠤ ᠲᠣᠪᠴᠢᠶ᠎ᠠ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ | ᠪᠠᠶᠢᠯᠭᠠᠬᠤ ᠡᠷᠭᠦᠳᠡᠯ ᠢ ᠣᠯᠣᠭᠰᠠᠨ ᠦᠭᠡᠢ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ | ᠪᠠᠶᠢᠯᠭᠠᠬᠤ ᠡᠷᠭᠦᠳᠡᠯ ᠠᠴᠠ ᠪᠣᠯᠵᠤ ᠡᠭᠦᠰᠦᠭᠰᠡᠨ ᠵᠠᠰᠠᠭ ᠵᠠᠬᠢᠷᠭᠠᠨ ᠢᠶᠠᠷ ᠳᠠᠭᠢᠨ ᠵᠥᠪᠯᠡᠭᠦᠯᠬᠦ ᠪᠠ ᠵᠠᠰᠠᠭ | ᠵᠠᠬᠢᠷᠭᠠᠨ ᠤ ᠵᠠᠷᠭᠤ ᠡᠭᠦᠰᠬᠡᠭᠰᠡᠨ ᠦᠭᠡᠢ᠃ | ︵ᠭᠤᠷᠪᠠ︶ ᠮᠡᠳᠡᠭᠡᠯᠡᠯ ᠤᠨ ᠬᠠᠮᠢᠶᠠᠷᠤᠯᠲᠠ ᠶᠢᠨ ᠪᠠᠶᠢᠳᠠᠯ | ᠵᠠᠰᠠᠭ ᠤᠨ ᠣᠷᠳᠣᠨ ᠤ ᠮᠡᠳᠡᠭᠡᠯᠡᠯ ᠢ ᠢᠯᠡ ᠨᠡᠶᠢᠲᠡᠯᠡᠬᠦ ᠲᠠᠪᠴᠠᠩ ᠳᠡᠭᠡᠷ᠎ᠡ ᠨᠡᠶᠢᠲᠡᠯᠡᠭᠰᠡᠨ ᠫᠷᠣᠬᠷᠠᠮ ᠢ | ᠨᠠᠷᠢᠨ ᠡᠮᠬᠢᠯᠡᠵᠦ᠂ ᠨᠡᠶᠢᠲᠡᠯᠡᠬᠦ ᠠᠴᠠ ᠡᠮᠦᠨ᠎ᠡ ᠬᠢᠨᠠᠬᠤ᠂ ᠨᠡᠶᠢᠲᠡᠯᠡᠭᠰᠡᠨ ᠤ ᠳᠠᠷᠠᠭ᠎ᠠ ᠰᠢᠨᠡᠳᠬᠡᠬᠦ ᠵᠢᠴᠢ ᠪᠢᠴᠢᠭ | ᠮᠠᠲ᠋ᠧᠷᠢᠶᠠᠯ ᠤᠨ ᠪᠦᠲᠦᠮᠵᠢᠲᠦ ᠴᠢᠨᠠᠷᠲᠠᠢ ᠬᠠᠮᠢᠶᠠᠷᠤᠯᠲᠠ ᠶᠢ ᠴᠢᠩᠭ᠎ᠠ ᠠᠳᠬᠤᠵᠠᠢ᠃ ᠠᠯᠪᠠᠨ ᠪᠢᠴᠢᠭ ᠵᠢᠴᠢ | ᠰᠦᠯᠵᠢᠶᠡᠨ ᠤ ᠥᠷᠲᠡᠭᠡ ᠶᠢᠨ ᠮᠡᠳᠡᠭᠡᠯᠡᠯ ᠢ ᠴᠥᠮ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠬᠤ ᠬᠡᠪᠴᠢᠶᠡᠨ ᠳᠤ | ᠣᠷᠣᠭᠤᠯᠵᠤ᠂ ᠪᠢᠴᠢᠭ ᠮᠠᠲ᠋ᠧᠷᠢᠶᠠᠯ ᠲᠤᠭᠤᠷᠪᠢᠨ ᠪᠢᠴᠢᠭᠰᠡᠳ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠ | ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠴᠢᠩᠭ᠎ᠠ ᠠᠳᠬᠤᠵᠤ᠂ ᠪᠢᠴᠢᠭ ᠮᠠᠲ᠋ᠧᠷᠢᠶᠠᠯ ᠢ ᠨᠢᠭᠡ ᠬᠢᠨᠠᠵᠤ᠂ | ᠨᠢᠭᠤᠴᠠ ᠶᠢ ᠬᠠᠮᠠᠭᠠᠯᠠᠬᠤ ᠲᠣᠭᠲᠠᠭᠠᠯ ᠢ ᠴᠢᠩᠭ᠎ᠠ ᠵᠢᠷᠤᠮᠯᠠᠵᠤ᠂ ᠲᠤᠰ ᠤᠨ ᠳᠤ ᠨᠢᠭᠤᠴᠠ ᠶᠢ ᠵᠠᠳᠠᠷᠠᠭᠤᠯᠤᠭᠰᠠᠨ | ᠪᠠᠶᠢᠳᠠᠯ ᠭᠠᠷᠤᠭᠰᠠᠨ ᠦᠭᠡᠢ᠃ | ︵ᠳᠥᠷᠪᠡ︶ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ | ᠲᠠᠪᠴᠠᠩ ᠤᠨ ᠪᠠᠶᠢᠭᠤᠯᠤᠯᠲᠠ ᠶᠢᠨ ᠲᠤᠬᠠᠢ | ᠵᠠᠰᠠᠭ ᠤᠨ ᠭᠠᠵᠠᠷ ᠤᠨ ᠮᠡᠳᠡᠭᠡᠯᠡᠯ ᠢ ᠢᠯᠡ ᠪᠠᠶᠢᠯᠭᠠᠬᠤ ᠲᠠᠪᠴᠠᠩ ᠤᠨ ᠪᠦᠲᠦᠭᠡᠨ ᠪᠠᠶᠢᠭᠤᠯᠤᠯᠲᠠ ᠶᠢᠨ | ᠪᠠᠶᠢᠳᠠᠯ᠃ ᠨᠢᠭᠡ ᠳᠤ᠂ ᠫᠤᠷᠲ᠋ᠧᠯ ᠰᠠᠶᠢᠲ ᠪᠦᠲᠦᠭᠡᠨ ᠪᠠᠶᠢᠭᠤᠯᠤᠯᠲᠠ ᠶᠢ ᠳᠦᠷᠢᠮᠵᠢᠭᠦᠯᠵᠡᠢ᠃ ᠵᠠᠰᠠᠭ ᠤᠨ | ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠲᠠᠪᠴᠠᠩ ᠢ ᠤᠯᠠᠮ ᠰᠢᠯᠢᠳᠡᠭᠵᠢᠭᠦᠯᠵᠦ᠂ | ᠮᠡᠳᠡᠭᠡᠯᠡᠯ ᠨᠡᠶᠢᠲᠡᠯᠡᠬᠦ ᠶᠢᠨ ᠰᠠᠨᠠᠭᠠᠴᠢᠯᠠᠭᠠᠲᠤ ᠴᠢᠨᠠᠷ ᠪᠣᠯᠣᠨ ᠪᠣᠳᠠᠲᠤ ᠪᠦᠲᠦᠮᠵᠢᠲᠦ ᠴᠢᠨᠠᠷ ᠢ ᠴᠢᠩᠭᠠᠳᠬᠠᠨ᠂ ᠡᠯ᠎ᠡ | ᠲᠥᠷᠥᠯ ᠤᠨ ᠵᠠᠰᠠᠭ ᠤᠨ ᠣᠷᠳᠣᠨ ᠤ ᠮᠡᠳᠡᠭᠡᠯᠡᠯ ᠢ ᠴᠠᠭ ᠲᠤᠬᠠᠢ ᠳᠤᠨᠢ᠂ ᠪᠦᠭᠦ ᠲᠠᠯ᠎ᠠ ᠪᠠᠷ᠂ ᠣᠨᠣᠪᠴᠢᠲᠠᠢ | ᠰᠠᠨᠠᠭᠠᠴᠢᠯᠠᠭ᠎ᠠ ᠠᠴᠠ ᠪᠠᠨ ᠢᠯᠠ ᠲᠣᠳᠣ ᠪᠣᠯᠭᠠᠵᠠᠢ᠃ ᠬᠤᠶᠠᠷ ᠲᠤ ᠵᠠᠰᠠᠭ ᠤᠨ ᠶᠠᠪᠤᠳᠠᠯ ᠤᠨ ᠰᠢᠨ᠎ᠡ | ᠵᠠᠭᠤᠴᠢᠯᠠᠭᠤᠷ ᠤᠨ ᠬᠠᠮᠢᠶᠠᠷᠤᠯᠲᠠ ᠶᠢ ᠴᠢᠩᠭᠠᠳᠬᠠᠵᠠᠢ᠃ ᠸᠢᠴᠠᠲ ᠤᠨ ᠲᠠᠪᠴᠠᠩ ᠤᠨ ᠡᠳᠦᠷ ᠲᠤᠲᠤᠮ ᠤᠨ | ᠡᠵᠡᠩᠨᠡᠯᠲᠡ ᠬᠠᠮᠠᠭᠠᠯᠠᠯᠲᠠ ᠶᠢ ᠴᠢᠩᠭᠠᠳᠬᠠᠵᠤ᠂ ᠥᠨᠳᠥᠷ ᠳᠠᠪᠲᠠᠮᠵᠢ ᠶᠢᠨ ᠰᠢᠨᠡᠴᠢᠯᠡᠯᠲᠡ ᠬᠢᠬᠦ ᠶᠢ ᠪᠠᠷᠢᠮᠲᠠᠯᠠᠨ᠂ | ᠠᠭᠤᠯᠭ᠎ᠠ ᠶᠢ ᠨᠢ ᠴᠢᠩᠭ᠎ᠠ ᠡᠵᠡᠮᠳᠡᠵᠦ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠨᠥᠯᠥᠭᠡᠯᠡᠬᠦ | ᠬᠦᠴᠦᠨ ᠢ ᠲᠠᠰᠤᠷᠠᠯᠲᠠ ᠤᠶᠢᠭᠡᠢ ᠥᠷᠭᠡᠳᠬᠡᠵᠡᠢ᠃ | ︵ᠲᠠᠪᠤ︶ ᠬᠢᠨᠠᠯᠲᠠ᠂ ᠪᠠᠲᠤᠯᠠᠭᠠᠵᠢᠭᠤᠯᠤᠯᠲᠠ ᠶᠢᠨ ᠲᠤᠬᠠᠢ | ᠮᠠᠨ ᠤ ᠲᠣᠪᠴᠢᠶ᠎ᠠ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ | ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ | ᠢᠯᠠ ᠲᠣᠳᠣ ᠪᠠᠶᠢᠯᠭᠠᠬᠤ ᠠᠵᠢᠯ ᠢ ᠪᠤᠰᠤᠳ ᠲᠤᠬᠠᠶᠢᠯᠠᠭᠰᠠᠨ ᠠᠵᠢᠯ ᠯᠤᠭ᠎ᠠ ᠬᠠᠮᠲᠤ ᠳᠤᠨᠢ ᠪᠠᠶᠢᠷᠢᠯᠠᠭᠤᠯᠵᠤ᠂ | ᠬᠠᠮᠲᠤ ᠳᠤᠨᠢ ᠨᠠᠶᠢᠳᠠᠪᠤᠷᠢᠵᠢᠭᠤᠯᠵᠤ᠂ ᠬᠠᠮᠲᠤ ᠳᠤᠨᠢ ᠲᠦᠯᠬᠢᠨ ᠠᠬᠢᠭᠤᠯᠬᠤ ᠶᠢ ᠪᠠᠷᠢᠮᠲᠠᠯᠠᠨ᠂ ᠵᠠᠰᠠᠭ ᠤᠨ | ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠠᠵᠢᠯ ᠤᠨ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠶᠢ ᠦᠷᠭᠦᠯᠵᠢᠯᠡᠨ ᠴᠢᠩᠭᠠᠳᠬᠠᠵᠤ᠂ ᠲᠣᠪᠴᠢᠶᠠᠨ ᠤ ᠪᠠᠶᠢᠭᠤᠯᠭ᠎ᠠ ᠶᠢᠨ ᠵᠠᠰᠠᠭ ᠤᠨ ᠶᠠᠪᠤᠳᠠᠯ ᠤᠨ | ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠠᠵᠢᠯ ᠤᠨ ᠤᠳᠤᠷᠢᠳᠬᠤ ᠳᠤᠭᠤᠶᠢᠯᠠᠩ ᠢ ᠴᠠᠭ ᠲᠤᠬᠠᠢ | ᠳᠤᠨᠢ ᠲᠣᠬᠢᠷᠠᠭᠤᠯᠤᠨ ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠤᠨ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ | ᠪᠠᠶᠢᠯᠭᠠᠬᠤ ᠡᠯ᠎ᠡ ᠵᠦᠢᠯ ᠤᠨ ᠠᠵᠢᠯ ᠤᠨ ᠦᠷᠭᠦᠯᠵᠢᠯᠡᠬᠦ ᠴᠢᠨᠠᠷ ᠪᠠ ᠲᠣᠭᠲᠠᠪᠤᠷᠢᠲᠤ ᠴᠢᠨᠠᠷ ᠢ ᠪᠠᠲᠤᠯᠠᠪᠠ᠃ | ᠡᠭᠦᠨ ᠤ ᠬᠠᠮᠲᠤ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠠᠵᠢᠯ ᠤᠨ | ᠳᠤᠮᠳᠠᠬᠢ ᠲᠣᠪᠴᠢᠶᠠᠨ ᠤ ᠠᠯᠪᠠᠨ ᠭᠡᠷ ᠤᠨ ᠠᠬᠢᠭᠤᠯᠬᠤ᠂ ᠵᠢᠯᠤᠭᠤᠳᠬᠤ᠂ ᠵᠣᠬᠢᠴᠠᠭᠤᠯᠬᠤ᠂ ᠬᠢᠨᠠᠯᠲᠠ ᠲᠠᠯᠪᠢᠬᠤ | ᠡᠭᠦᠷᠭᠡ ᠴᠢᠳᠠᠪᠤᠷᠢ ᠶᠢ ᠢᠳᠡᠪᠬᠢᠲᠡᠢ ᠪᠠᠳᠠᠷᠠᠭᠤᠯᠵᠤ᠂ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠴᠠᠭ | ᠲᠤᠬᠠᠢ ᠳᠤᠨᠢ ᠪᠦᠲᠦᠮᠵᠢᠲᠡᠢ ᠪᠠᠶᠢᠯᠭᠠᠬᠤ ᠶᠢ ᠦᠨᠡᠨᠬᠦ ᠪᠠᠲᠤᠯᠠᠪᠠ᠃ ᠪᠦᠭᠦ ᠵᠢᠯ ᠳᠤ ᠨᠢᠭᠤᠴᠠ ᠶᠢ ᠵᠠᠳᠠᠷᠠᠭᠤᠯᠤᠭᠰᠠᠨ | ᠬᠡᠷᠡᠭ ᠭᠠᠷᠤᠭᠰᠠᠨ ᠦᠭᠡᠢ᠃ | ᠬᠤᠶᠠᠷ᠂ ᠵᠠᠰᠠᠭ ᠤᠨ ᠣᠷᠳᠣᠨ ᠤ ᠮᠡᠳᠡᠭᠡᠯᠡᠯ ᠢ ᠰᠠᠨᠠᠭᠠᠴᠢᠯᠠᠭ᠎ᠠ ᠠᠴᠠ ᠪᠠᠨ ᠢᠯᠠ ᠲᠣᠳᠣ ᠪᠣᠯᠭᠠᠬᠰᠠᠨ | ᠪᠠᠶᠢᠳᠠᠯ | ᠭᠤᠷᠪᠠ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠡᠷᠭᠦᠳᠡᠯ ᠢ | ᠭᠥᠯᠢᠶᠡᠨ ᠠᠪᠴᠤ᠂ ᠰᠢᠢᠳᠪᠦᠷᠢᠯᠡᠭᠰᠡᠨ ᠪᠠᠶᠢᠳᠠᠯ | ᠳᠥᠷᠪᠡ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠵᠠᠰᠠᠭ | ᠵᠠᠬᠢᠷᠭᠠᠨ ᠢᠶᠠᠷ ᠳᠠᠭᠢᠨ ᠵᠥᠪᠯᠡᠭᠰᠡᠨ ᠪᠣᠯᠣᠨ ᠵᠠᠰᠠᠭ ᠵᠠᠬᠢᠷᠭᠠᠨ ᠤ ᠵᠠᠷᠭᠤ ᠶᠢᠨ ᠪᠠᠶᠢᠳᠠᠯ | | ᠲᠠᠪᠤ᠂ ᠣᠷᠣᠰᠢᠵᠤ ᠪᠠᠶᠢᠭ᠎ᠠ ᠭᠤᠣᠯ ᠠᠰᠠᠭᠤᠳᠠᠯ ᠵᠢᠴᠢ ᠰᠠᠶᠢᠵᠢᠷᠠᠭᠤᠯᠤᠭᠰᠠᠨ ᠪᠠᠶᠢᠳᠠᠯ | ︵ᠨᠢᠭᠡ︶ ᠭᠤᠣᠯ ᠠᠰᠠᠭᠤᠳᠠᠯ | 2024 ᠣᠨ ᠳᠤ᠂ ᠠᠯᠠᠱᠠ ᠵᠡᠭᠦᠨ ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ ᠶᠢᠨ ᠨᠡᠭᠡᠭᠡᠯᠲᠡ | ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠠᠵᠢᠯ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠯᠠᠮᠵᠢᠯᠠᠯ | ᠳᠡᠮᠵᠢᠯᠭᠡ ᠳᠣᠣᠷ᠎ᠠ᠂ ᠵᠣᠬᠢᠬᠤ ᠦᠷ᠎ᠡ ᠪᠦᠲᠦᠮᠵᠢ ᠣᠯᠵᠤ᠂ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ | ᠡᠯ᠎ᠡ ᠵᠦᠢᠯ ᠤᠨ ᠡᠭᠦᠷᠭᠡ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠤᠭᠰᠠᠨ ᠪᠤᠯᠪᠠᠴᠤ ᠳᠡᠭᠡᠳᠦ ᠱᠠᠲᠤᠨ ᠤ | ᠱᠠᠭᠠᠷᠳᠠᠯᠭ᠎ᠠ ᠪᠠ ᠣᠯᠠᠨ ᠨᠡᠶᠢᠲᠡ ᠶᠢᠨ ᠬᠡᠷᠡᠭᠴᠡᠭᠡ ᠱᠠᠭᠠᠷᠳᠠᠯᠭ᠎ᠠ ᠲᠠᠢ ᠬᠠᠷᠢᠴᠠᠭᠤᠯᠪᠠᠯ ᠪᠠᠰᠠ ᠵᠣᠬᠢᠬᠤ | ᠵᠥᠷᠢᠶ᠎ᠡ ᠲᠠᠢ ᠪᠠᠶᠢᠵᠤ᠂ ᠭᠤᠣᠯᠳᠠᠭᠤ᠄ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠲᠥᠷᠥᠯ ᠭᠡᠯᠪᠡᠷᠢ | ᠵᠢᠴᠢ ᠠᠭᠤᠯᠭ᠎ᠠ ᠶᠢᠨ ᠪᠦᠷᠬᠦᠯᠲᠡ ᠨᠢ ᠪᠦᠭᠦ ᠲᠠᠯ᠎ᠠ ᠪᠠᠷ ᠬᠦᠷᠦᠯᠴᠡᠬᠦ ᠦᠭᠡᠢ ᠪᠠᠶᠢᠬᠤ︔ ᠨᠡᠭᠡᠭᠡᠯᠲᠡ ᠲᠠᠢ | ᠮᠡᠳᠡᠭᠡᠯᠡᠯ ᠢ ᠢᠯᠠ ᠲᠣᠳᠣ ᠪᠠᠶᠢᠯᠭᠠᠬᠤ ᠠᠷᠭ᠎ᠠ ᠵᠠᠮ ᠨᠢ ᠡᠯᠪᠡᠭ ᠪᠠᠶᠠᠯᠢᠭ ᠪᠤᠰᠤ ᠣᠯᠠᠨ ᠡᠰᠢ ᠲᠠᠢ ᠪᠠᠶᠢᠬᠤ︔ | ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠶᠢᠨ ᠪᠦᠲᠦᠮᠵᠢᠲᠦ ᠴᠢᠨᠠᠷ ᠢ ᠤᠯᠠᠮ ᠴᠢᠩᠭᠠᠳᠬᠠᠬᠤ | ᠴᠢᠬᠤᠯᠠᠲᠠᠢ ᠵᠡᠷᠭᠡ ᠠᠰᠠᠭᠤᠳᠠᠯ ᠤᠳ ᠣᠷᠣᠰᠢᠵᠤ ᠪᠤᠢ᠃ | ︵ᠬᠤᠶᠠᠷ︶ ᠰᠠᠶᠢᠵᠢᠷᠠᠭᠤᠯᠤᠭᠰᠠᠨ ᠪᠠᠶᠢᠳᠠᠯ | ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠪᠢᠳᠡ ᠳᠣᠣᠷᠠᠬᠢ ᠬᠡᠳᠦᠨ | ᠲᠠᠯ᠎ᠠ ᠪᠠᠷ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠠᠵᠢᠯ ᠢ ᠤᠯᠠᠮ ᠴᠢᠩᠭᠠᠳᠬᠠᠬᠤ ᠪᠣᠯᠣᠨ᠎ᠠ᠃ | ᠨᠢᠭᠡ ᠳᠤ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠨᠡᠭᠡᠭᠡᠯᠲᠡ ᠲᠠᠢ | ᠮᠡᠳᠡᠭᠡᠯᠡᠯ ᠢ ᠢᠯᠠ ᠲᠣᠳᠣ ᠪᠠᠶᠢᠯᠭᠠᠬᠤ ᠳᠦᠷᠢᠮ︾ ᠢ ᠦᠷᠭᠦᠯᠵᠢᠯᠡᠨ ᠬᠢᠨᠠᠮᠠᠭᠠᠢ ᠲᠤᠤᠱᠯᠠᠭᠤᠯᠵᠤ᠂ ᠡᠯ᠎ᠡ ᠵᠦᠢᠯ ᠤᠨ | ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠠᠷᠭ᠎ᠠ ᠬᠡᠮᠵᠢᠶ᠎ᠡ ᠶᠢ ᠨᠠᠷᠢᠨ ᠠᠳᠬᠤᠵᠤ ᠪᠣᠳᠠᠲᠠᠢ ᠠᠳᠬᠤᠨ | ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠠᠵᠢᠯ ᠤᠨ ᠶᠠᠰᠤ ᠴᠢᠨᠠᠷ ᠪᠣᠯᠣᠨ | ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠬᠤᠶᠠᠷ ᠲᠤ ᠤᠰᠤᠨ ᠤ ᠶᠠᠪᠤᠳᠠᠯ ᠤᠨ ᠠᠵᠢᠯ ᠤᠨ | ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠣᠯᠠᠨ ᠲᠦᠮᠡᠨ ᠤ ᠠᠩᠬᠠᠷᠴᠤ ᠪᠠᠶᠢᠭ᠎ᠠ ᠶᠠᠪᠤᠳᠠᠯ᠂ ᠣᠯᠠᠨ ᠲᠦᠮᠡᠨ ᠤ | ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠭᠰᠠᠨ ᠶᠠᠪᠤᠳᠠᠯ ᠤᠨ ᠲᠣᠭᠤᠷᠢᠨ ᠳᠤ᠂ ᠢᠯᠠ ᠲᠣᠳᠣ ᠪᠣᠯᠭᠠᠬᠤ | ᠠᠭᠤᠯᠭ᠎ᠠ ᠪᠣᠯᠣᠨ ᠠᠷᠭ᠎ᠠ ᠮᠠᠶ᠋ᠢᠭ ᠢ ᠬᠢᠨᠠᠮᠠᠭᠠᠢ ᠡᠮᠬᠢᠯᠡᠨ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠨᠡᠭᠡᠭᠡᠯᠲᠡ | ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠠᠵᠢᠯ ᠢ ᠳᠦᠷᠢᠮᠵᠢᠭᠦᠯᠬᠦ᠂ ᠪᠠᠷᠢᠮᠵᠢᠶᠠᠵᠢᠭᠤᠯᠬᠤ ᠬᠢᠷᠢ ᠬᠡᠮᠵᠢᠶ᠎ᠡ ᠶᠢ | ᠲᠠᠰᠤᠷᠠᠯᠲᠠ ᠦᠭᠡᠢ ᠳᠡᠭᠡᠭᠰᠢᠯᠡᠭᠦᠯᠪᠡ᠃ ᠭᠤᠷᠪᠠ ᠳᠤ ᠮᠡᠳᠡᠭᠡᠯᠡᠯ ᠨᠡᠶᠢᠲᠡᠯᠡᠬᠦ ᠠᠷᠭ᠎ᠠ ᠵᠠᠮ ᠢ ᠰᠠᠭᠠᠳ ᠦᠭᠡᠢ | ᠨᠠᠪᠲᠠᠷᠡᠭᠦᠯᠵᠦ᠂ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ᠂ ᠸᠢᠴᠠᠲ ᠲᠠᠪᠴᠠᠩ ᠵᠡᠷᠭᠡ ᠡᠯ᠎ᠡ ᠲᠥᠷᠥᠯ ᠤᠨ | ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠢᠯᠠ ᠲᠣᠳᠣ ᠪᠣᠯᠭᠠᠬᠤ ᠶᠣᠰᠣᠲᠠᠢ ᠵᠠᠰᠠᠭ ᠤᠨ | ᠣᠷᠳᠣᠨ ᠤ ᠮᠡᠳᠡᠭᠡᠯᠡᠯ ᠢ ᠴᠠᠭ ᠲᠤᠬᠠᠢ ᠳᠤᠨᠢ᠂ ᠣᠨᠣᠪᠴᠢᠲᠠᠢ᠂ ᠪᠦᠲᠦᠮᠵᠢᠲᠡᠢ ᠨᠡᠶᠢᠲᠡᠯᠡᠨ᠂ ᠵᠠᠰᠠᠭ ᠤᠨ | ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠶᠢᠨ ᠬᠠᠮᠤᠷᠬᠤ ᠬᠡᠪᠴᠢᠶ᠎ᠡ ᠶᠢ ᠲᠠᠰᠤᠷᠠᠯᠲᠠ | ᠦᠭᠡᠢ ᠥᠷᠭᠡᠳᠬᠡᠵᠡᠢ᠃ | ᠵᠢᠷᠭᠤᠭ᠎ᠠ᠂ ᠪᠤᠰᠤᠳ ᠮᠡᠳᠡᠭᠡᠯᠡᠬᠦ ᠱᠠᠭᠠᠷᠳᠠᠯᠭ᠎ᠠ ᠲᠠᠢ ᠠᠰᠠᠭᠤᠳᠠᠯ | ᠲᠤᠰ ᠵᠢᠯ ᠳᠤ ᠮᠡᠳᠡᠭᠡᠯᠡᠯ ᠢ ᠢᠯᠡ ᠲᠣᠳᠣ ᠪᠣᠯᠭᠠᠬᠤ ᠲᠠᠢ ᠬᠤᠯᠪᠣᠭᠳᠠᠬᠤ ᠬᠤᠷᠢᠶᠠᠮᠵᠢ ᠠᠪᠤᠭ᠎ᠠ ᠦᠭᠡᠢ᠃ | |