ᠠᠯᠠᠱᠠ ᠠᠶᠢᠮᠠᠭ ᠤᠨ ᠠᠯᠠᠱᠠ ᠵᠡᠭᠦᠨ ᠬᠤᠰᠢᠭᠤᠨ ᠤ ᠠᠯᠠᠱᠠ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ 2024 ᠣᠨ ᠤ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠠᠵᠢᠯ ᠤᠨ ᠣᠨ ᠤ ᠮᠡᠳᠡᠭᠦᠯᠦᠯᠲᠡ
ᠨᠡᠶᠢᠲᠡᠯᠡᠭᠰᠡᠨ ᠴᠠᠭ᠄
2024/12/31
      ᠲᠤᠰ ᠣᠨ ᠤ ᠮᠡᠳᠡᠭᠦᠯᠦᠯᠲᠡ ᠶᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠳᠦᠷᠢᠮ︾᠂ ︽ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠡᠯᠡᠯ ᠬᠢᠭᠡᠳ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠤᠨ ᠠᠯᠪᠠᠨ ᠭᠡᠷ ᠤᠨ ︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠠᠵᠢᠯ ᠤᠨ ᠣᠨ ᠤ ᠮᠡᠳᠡᠭᠦᠯᠦᠯᠲᠡ ᠶᠢᠨ ᠬᠡᠪ ᠵᠠᠭᠪᠤᠷ﹀ ᠢ ᠬᠡᠪᠯᠡᠨ ᠲᠠᠷᠬᠠᠭᠠᠬᠤ ᠲᠤᠬᠠᠢ ᠮᠡᠳᠡᠭᠳᠡᠯ︾ ︵ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠵᠠᠬᠢᠳᠠᠯ ﹇2011﹈ 30 ᠳ᠋ᠤᠭᠠᠷ ᠲᠣᠭᠠᠲᠤ︶  ᠶᠢ ᠦᠨᠳᠦᠰᠦᠯᠡᠨ ᠲᠤᠭᠤᠷᠪᠢᠪᠠ᠃ ᠪᠦᠭᠦ ᠠᠭᠤᠯᠭ᠎ᠠ ᠳᠤ ᠠᠯᠠᠱᠠ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠭᠠᠷᠭᠠᠭᠰᠠᠨ ᠶᠡᠷᠦᠩᠬᠡᠢ ᠪᠠᠶᠢᠳᠠᠯ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠭᠠᠷᠭᠠᠭᠰᠠᠨ ᠡᠷᠭᠦᠳᠡᠯ ᠪᠠ ᠰᠢᠢᠳᠪᠦᠷᠢᠯᠡᠭᠰᠡᠨ ᠪᠠᠶᠢᠳᠠᠯ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠭᠠᠷᠭᠠᠭᠰᠠᠨ ᠵᠠᠰᠠᠭ ᠵᠠᠬᠢᠷᠭᠠᠨ ᠤ ᠳᠠᠭᠢᠨ ᠵᠥᠪᠯᠡᠭᠰᠡᠨ ᠪᠣᠯᠣᠨ ᠵᠠᠰᠠᠭ ᠵᠠᠬᠢᠷᠭᠠᠨ ᠤ ᠵᠠᠷᠭᠤ ᠶᠢᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠬᠠᠯᠠᠨ ᠰᠠᠶᠢᠵᠢᠷᠠᠭᠤᠯᠤᠭᠰᠠᠨ ᠪᠠᠶᠢᠳᠠᠯ᠂ ᠪᠤᠰᠤᠳ ᠮᠡᠳᠡᠭᠡᠯᠡᠬᠦ ᠱᠠᠭᠠᠷᠳᠠᠯᠭ᠎ᠠ ᠲᠠᠢ ᠠᠰᠠᠭᠤᠳᠠᠯ ᠢ ᠪᠠᠭᠲᠠᠭᠠᠨ᠎ᠠ᠃ ᠪᠦᠷᠢᠳᠬᠡᠨ ᠭᠠᠷᠭᠠᠭᠰᠠᠨ ᠲᠤᠭ᠎ᠠ ᠪᠠᠷᠢᠮᠲᠠ ᠶᠢᠨ ᠬᠤᠭᠤᠴᠠᠭ᠎ᠠ ᠨᠢ 2024 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ 2024 ᠣᠨ ᠤ 12 ᠳ᠋ᠤᠭᠠᠷ ᠰᠠᠷ᠎ᠠ ᠶᠢᠨ 31 ᠤ ᠡᠳᠦᠷ ᠭᠦᠷᠦᠨ᠎ᠡ᠃ ᠲᠤᠰ ᠵᠢᠯ ᠤᠨ ᠮᠡᠳᠡᠭᠦᠯᠦᠯᠲᠡ ᠶᠢᠨ ᠴᠠᠬᠢᠮ ᠬᠤᠪᠢᠯᠪᠤᠷᠢ ᠶᠢ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ︵http : / / www . alszq . gov . cn︶  ᠠᠴᠠ ᠲᠠᠲᠠᠵᠤ ᠠᠪᠬᠤ ᠪᠣᠯᠣᠮᠵᠢ ᠲᠠᠢ᠃ ᠲᠤᠰ ᠵᠢᠯ ᠤᠨ ᠮᠡᠳᠡᠭᠦᠯᠦᠯᠲᠡ ᠳᠤ ᠰᠡᠵᠢᠭᠯᠡᠯ ᠲᠠᠢ ᠪᠣᠯ᠂ ᠠᠯᠠᠱᠠ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠲᠠᠢ ᠬᠠᠷᠢᠯᠴᠠᠭᠠᠷᠠᠢ ︵ᠤᠲᠠᠰᠤ᠄ 0483-8225052︶       ᠨᠢᠭᠡ᠂ ᠲᠣᠶᠢᠮᠣ ᠪᠠᠶᠢᠳᠠᠯ       ︵ᠨᠢᠭᠡ︶ ᠰᠠᠨᠠᠭᠠᠴᠢᠯᠠᠭ᠎ᠠ ᠠᠴᠠ ᠪᠠᠨ ᠢᠯᠠ ᠲᠣᠳᠣ ᠪᠣᠯᠭᠠᠭᠰᠠᠨ ᠪᠠᠶᠢᠳᠠᠯ       ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠣᠨ ᠵᠠᠰᠠᠭ ᠤᠨ ᠶᠠᠪᠤᠳᠠᠯ ᠤᠨ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠱᠠᠭᠠᠷᠳᠠᠯᠭ᠎ᠠ ᠶᠢ ᠦᠨᠳᠦᠰᠦᠯᠡᠨ᠂ ᠥᠩᠭᠡᠷᠡᠭᠰᠡᠨ ᠨᠢᠭᠡ ᠵᠢᠯ ᠤᠨ ᠳᠣᠲᠣᠷᠠᠬᠢ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠵᠠᠰᠠᠭ ᠤᠨ ᠶᠠᠪᠤᠳᠠᠯ ᠤᠨ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠠᠵᠢᠯ ᠳᠤ ᠳ᠋ᠦᠩᠨᠡᠯᠲᠡ ᠪᠠ ᠦᠨᠡᠯᠡᠨ ᠵᠢᠱᠢᠯᠲᠡ ᠶᠢ ᠭᠦᠢᠴᠡᠳᠬᠡᠵᠡᠢ᠃ ᠲᠤᠰ ᠮᠡᠳᠡᠭᠦᠯᠦᠯᠲᠡ ᠶᠢᠨ ᠵᠣᠷᠢᠯᠭ᠎ᠠ ᠪᠣᠯ ᠨᠡᠶᠢᠭᠡᠮ ᠨᠡᠶᠢᠲᠡ ᠳᠤ ᠮᠠᠯᠵᠢᠬᠤ ᠲᠠᠷᠢᠶᠠᠯᠠᠬᠤ ᠣᠷᠣᠨ ᠤ ᠲᠣᠪᠴᠢᠶ᠎ᠠ ᠶᠢᠨ ᠵᠠᠰᠠᠭ ᠤᠨ ᠶᠠᠪᠤᠳᠠᠯ ᠤᠨ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠭᠠᠷᠭᠠᠭᠰᠠᠨ ᠪᠠᠶᠢᠳᠠᠯ ᠢ ᠪᠦᠭᠦ ᠲᠠᠯ᠎ᠠ ᠪᠠᠷ᠂ ᠣᠨᠣᠪᠴᠢᠲᠠᠢ ᠲᠠᠨᠢᠯᠴᠠᠭᠤᠯᠵᠤ᠂ ᠵᠠᠰᠠᠭ ᠤᠨ ᠶᠠᠪᠤᠳᠠᠯ ᠤᠨ ᠢᠯᠡ ᠲᠣᠳᠣ ᠶᠢᠨ ᠬᠡᠮᠵᠢᠶ᠎ᠡ ᠶᠢ ᠨᠡᠮᠡᠭᠳᠡᠭᠦᠯᠵᠦ᠂ ᠵᠠᠰᠠᠭ ᠤᠨ ᠣᠷᠳᠣᠨ ᠤ ᠣᠯᠠᠨ ᠨᠡᠶᠢᠲᠡ ᠳᠤ ᠢᠲᠡᠭᠡᠭᠦᠯᠬᠦ ᠬᠦᠴᠦᠨ ᠢ ᠳᠡᠭᠡᠭᠰᠢᠯᠡᠭᠦᠯᠵᠡᠢ᠃ ᠲᠤᠰ ᠵᠢᠯ ᠳᠤ ᠵᠠᠰᠠᠭ ᠤᠨ ᠣᠷᠳᠣᠨ ᠤ ᠮᠡᠳᠡᠭᠡᠯᠡᠯ ᠢ 69 ᠵᠤᠷᠪᠤᠰ ᠢᠯᠡ ᠨᠡᠶᠢᠲᠡᠯᠡᠵᠦ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢᠶᠠᠷ ᠳᠠᠮᠵᠢᠭᠤᠯᠤᠨ 436 ᠵᠤᠷᠪᠤᠰ ᠮᠡᠳᠡᠭᠡᠯᠡᠯ ᠨᠡᠶᠢᠲᠡᠯᠡᠵᠡᠢ᠃       ︵ᠬᠤᠶᠠᠷ︶ ᠡᠷᠭᠦᠳᠡᠯ ᠤᠨ ᠳᠠᠭᠠᠤ ᠢᠯᠠ ᠲᠣᠳᠣ ᠪᠣᠯᠭᠠᠭᠰᠠᠨ ᠲᠤᠬᠠᠢ       ᠢᠯᠠ ᠲᠣᠳᠣ ᠪᠣᠯᠭᠠᠬᠤ ᠠᠭᠤᠯᠭ᠎ᠠ ᠶᠢ ᠤᠯᠠᠮ ᠵᠢᠷᠤᠮᠵᠢᠭᠤᠯᠵᠤ᠂ ᠢᠯᠠ ᠲᠣᠳᠣ ᠪᠣᠯᠭᠠᠬᠤ ᠲᠠᠪᠴᠠᠩ ᠢ ᠲᠡᠭᠦᠯᠳᠡᠷᠵᠢᠭᠦᠯᠦᠨ᠂ ᠢᠯᠠ ᠲᠣᠳᠣ ᠪᠣᠯᠭᠠᠬᠤ ᠳᠦᠷᠢᠮ ᠢ ᠪᠦᠷᠢᠨᠰᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠰᠢᠰᠲ᠋ᠧᠮ ᠤᠨ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠂ ᠣᠯᠠᠨ ᠲᠦᠮᠡᠨ ᠤ ᠪᠠᠶᠢᠳᠠᠯ ᠮᠡᠳᠡᠬᠦ ᠡᠷᠬᠡ᠂ ᠭᠤᠮᠣᠳᠠᠯ ᠲᠣᠭᠠᠴᠢᠬᠤ ᠡᠷᠬᠡ᠂ ᠵᠠᠷᠭᠤᠯᠳᠤᠬᠤ ᠡᠷᠬᠡ ᠶᠢ ᠪᠠᠲᠤᠯᠠᠬᠤ ᠶᠢᠨ ᠲᠤᠰᠠᠳᠠ᠂ ᠲᠣᠭᠲᠠᠭᠠᠭᠰᠠᠨ ᠳᠡᠰ ᠳᠠᠷᠠᠭᠠᠯᠠᠯ ᠤᠨ ᠱᠠᠭᠠᠷᠳᠠᠯᠭ᠎ᠠ ᠶᠣᠰᠣᠭᠠᠷ ᠡᠷᠭᠦᠳᠡᠯ ᠭᠠᠷᠭᠠᠭᠴᠢ ᠳᠤ ᠮᠡᠳᠡᠭᠳᠡᠬᠦ ᠪᠠ ᠬᠠᠷᠢᠭᠤᠯᠲᠠ ᠣᠯᠭᠤᠬᠤ ᠵᠠᠷᠴᠢᠮ ᠢ ᠴᠢᠩᠭ᠎ᠠ ᠵᠢᠷᠤᠮᠯᠠᠨ ᠭᠦᠢᠴᠡᠳᠬᠡᠵᠡᠢ᠃ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠡᠷᠭᠦᠳᠡᠯ ᠢ ᠬᠤᠷᠢᠶᠠᠭ᠎ᠠ ᠦᠭᠡᠢ᠃       ︵ᠭᠤᠷᠪᠠ︶ ᠵᠠᠰᠠᠭ ᠤᠨ ᠣᠷᠳᠣᠨ ᠤ ᠮᠡᠳᠡᠭᠡᠯᠡᠯ ᠤᠨ ᠬᠠᠮᠢᠶᠠᠷᠤᠯᠲᠠ ᠶᠢᠨ ᠲᠤᠬᠠᠢ       ᠲᠤᠰ ᠵᠢᠯ ᠳᠤ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠵᠠᠰᠠᠭ ᠵᠠᠬᠢᠷᠭᠠᠨ ᠢᠶᠠᠷ ᠳᠠᠭᠢᠨ ᠵᠥᠪᠯᠡᠭᠦᠯᠬᠦ ᠬᠡᠷᠡᠭ ᠦᠭᠡᠢ᠂ ᠲᠤᠰ ᠵᠢᠯ ᠳᠤ ᠵᠠᠰᠠᠭ ᠵᠠᠬᠢᠷᠭᠠᠨ ᠤ ᠵᠠᠷᠭᠤ ᠬᠦᠯᠢᠶᠡᠭᠰᠡᠨ ᠬᠡᠷᠡᠭ ᠦᠭᠡᠢ᠃       ︵ᠳᠥᠷᠪᠡ︶ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠲᠠᠪᠴᠠᠩ ᠤᠨ ᠪᠠᠶᠢᠭᠤᠯᠤᠯᠲᠠ ᠶᠢᠨ ᠲᠤᠬᠠᠢ       ᠵᠠᠰᠠᠭ ᠤᠨ ᠣᠷᠳᠣᠨ ᠤ ᠫᠤᠷᠲ᠋ᠧᠯ ᠰᠠᠶᠢᠲ ᠪᠦᠲᠦᠭᠡᠨ ᠪᠠᠶᠢᠭᠤᠯᠤᠯᠲᠠ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠠᠮᠢᠶᠠᠷᠤᠯᠲᠠ ᠶᠢ ᠲᠠᠰᠤᠷᠠᠯᠲᠠ ᠤᠶᠢᠭᠡᠢ ᠴᠢᠩᠭᠠᠳᠬᠠᠵᠤ᠂ ᠲᠠᠷᠢᠶᠠᠯᠠᠩ ᠮᠠᠯ ᠠᠵᠤ ᠠᠬᠤᠢ ᠶᠢᠨ ᠮᠡᠳᠡᠯᠭᠡ ᠶᠢᠨ ᠤᠬᠠᠭᠤᠯᠭ᠎ᠠ ᠶᠢ ᠴᠢᠩᠭᠠᠳᠬᠠᠨ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠭᠦᠢᠴᠡᠳ ᠠᠰᠢᠭᠯᠠᠨ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠵᠢᠴᠢ ᠤᠬᠠᠭᠤᠯᠭ᠎ᠠ ᠬᠥᠮᠦᠵᠢᠯ ᠵᠡᠷᠭᠡ ᠠᠵᠢᠯ ᠢ ᠰᠠᠶᠢᠲᠤᠷ ᠭᠦᠢᠴᠡᠳᠬᠡᠪᠡ᠃ ᠮᠠᠨ ᠤ ᠲᠣᠪᠴᠢᠶ᠎ᠠ ᠶᠢᠨ ᠡᠭᠦᠷᠭᠡ ᠬᠠᠷᠢᠭᠤᠴᠠᠯᠭ᠎ᠠ᠂ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠶᠢ ᠴᠠᠭ ᠲᠤᠬᠠᠢ ᠳᠤᠨᠢ ᠨᠡᠶᠢᠲᠡᠯᠡᠵᠦ᠂ ᠰᠠᠯᠠᠭ᠎ᠠ ᠮᠥᠴᠢᠷ ᠤᠨ ᠪᠢᠴᠢᠭ ᠮᠠᠲ᠋ᠧᠷᠢᠶᠠᠯ ᠢ ᠢᠯᠠ ᠲᠣᠳᠣ ᠪᠣᠯᠭᠠᠬᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠡᠢ᠃ ᠱᠠᠭᠠᠷᠳᠠᠯᠭ᠎ᠠ ᠶᠣᠰᠣᠭᠠᠷ ᠢᠯᠠ ᠲᠣᠳᠣ ᠪᠣᠯᠭᠠᠬᠰᠠᠨ ᠮᠡᠳᠡᠭᠡᠯᠡᠯ ᠢ ᠴᠠᠭ ᠲᠤᠬᠠᠢ ᠳᠤᠨᠢ ᠣᠨᠣᠪᠴᠢᠲᠠᠢ ᠨᠡᠶᠢᠲᠡᠯᠡᠬᠦ ᠶᠢᠨ ᠬᠠᠮᠲᠤ᠂ ᠰᠠᠨᠠᠭᠠᠴᠢᠯᠠᠭ᠎ᠠ ᠲᠠᠢ ᠪᠠᠷ ᠢᠯᠠ ᠲᠣᠳᠣ ᠪᠣᠯᠭᠠᠬᠰᠠᠨ ᠲᠥᠷᠥ ᠶᠢᠨ ᠪᠣᠳᠣᠯᠭ᠎ᠠ ᠶᠢᠨ ᠪᠤᠢ ᠪᠦᠬᠦᠢ ᠪᠢᠴᠢᠭ ᠮᠠᠲ᠋ᠧᠷᠢᠶᠠᠯ ᠢ ᠣᠯᠠᠨ ᠠᠷᠭ᠎ᠠ ᠵᠠᠮ ᠢᠶᠠᠷ ᠪᠠᠭᠤᠯᠭᠠᠨ ᠠᠪᠴᠤ ᠤᠩᠰᠢᠬᠤ ᠳᠤ  ᠵᠣᠷᠢᠭᠤᠯᠵᠠᠢ᠃       ︵ᠲᠠᠪᠤ︶ ᠬᠢᠨᠠᠯᠲᠠ᠂ ᠪᠠᠲᠤᠯᠠᠭᠠᠵᠢᠭᠤᠯᠤᠯᠲᠠ ᠶᠢᠨ ᠲᠤᠬᠠᠢ       ᠤᠳᠤᠷᠢᠳᠤᠯᠭ᠎ᠠ ᠪᠠᠨ ᠴᠢᠩᠭᠠᠳᠬᠠᠨ᠂ ᠲᠠᠨᠢᠯᠲᠠ ᠪᠠᠨ ᠤᠯᠠᠮ ᠳᠡᠭᠡᠭᠰᠢᠯᠡᠭᠦᠯᠵᠦ᠂ ᠡᠯ᠎ᠡ ᠵᠦᠢᠯ ᠤᠨ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠵᠡᠷᠭᠡ ᠠᠵᠢᠯ ᠢ ᠠᠷᠠᠳᠴᠢᠯᠠᠭᠰᠠᠨ ᠤᠯᠤᠰ ᠲᠥᠷᠥ ᠶᠢᠨ ᠪᠠᠶᠢᠭᠤᠯᠤᠯᠲᠠ ᠶᠢ ᠶᠠᠪᠤᠭᠤᠯᠬᠤ ᠪᠠ ᠲᠣᠭᠲᠠᠭᠤᠨ ᠪᠣᠳᠠᠲᠤ ᠶᠠᠪᠤᠳᠠᠯ ᠬᠢᠬᠦ ᠶᠢ ᠪᠠᠷᠢᠮᠲᠠᠯᠠᠵᠠᠢ᠃ ᠨᠢᠭᠡ ᠳᠤ ᠠᠵᠢᠯᠲᠠᠨ ᠢᠶᠠᠨ ᠪᠠᠶᠢᠭᠤᠯᠤᠨ ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠳᠤ ᠲᠣᠬᠢᠷᠠᠭᠤᠯᠤᠯᠲᠠ ᠬᠢᠬᠦ ᠤᠳᠤᠷᠢᠳᠤᠯᠭ᠎ᠠ ᠪᠠᠨ ᠴᠠᠭ ᠲᠤᠬᠠᠢ ᠳᠤᠨᠢ ᠪᠠᠶᠢᠭᠤᠯᠵᠤ᠂ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠢ ᠳᠠᠭᠢᠨ ᠠᠯᠪᠠᠨ ᠭᠡᠷ ᠭᠠᠷᠭᠠᠵᠤ᠂ ᠤᠳᠤᠷᠢᠳᠤᠯᠭ᠎ᠠ ᠪᠡᠶ᠎ᠡ ᠪᠠᠷ ᠢᠶᠠᠨ ᠠᠳᠬᠤᠵᠤ᠂ ᠤᠳᠤᠷᠢᠳᠬᠤ ᠪᠠᠭ ᠤᠨ ᠪᠦᠷᠢᠯᠳᠦᠭᠦᠨ ᠨᠠᠷ ᠬᠠᠮᠵᠢᠯᠴᠠᠨ ᠠᠳᠬᠤᠵᠤ᠂ ᠳᠡᠭᠡᠷ᠎ᠡ ᠳᠣᠣᠷ᠎ᠠ ᠱᠠᠲᠤ ᠬᠠᠮᠲᠤᠷᠠᠨ ᠬᠥᠳᠡᠯᠦᠯᠴᠡᠭᠰᠡᠨ ᠠᠵᠢᠯ ᠤᠨ ᠪᠠᠶᠢᠷᠢᠰᠢᠯ ᠢ ᠪᠤᠢ ᠪᠣᠯᠭᠠᠪᠠ︔ ᠬᠤᠶᠠᠷ ᠲᠤ ᠬᠠᠷᠠᠯᠲᠠ ᠪᠠᠨ ᠲᠣᠳᠣᠷᠬᠠᠶᠢᠯᠠᠵᠤ᠂ ᠠᠷᠭ᠎ᠠ ᠮᠠᠶ᠋ᠢᠭ ᠠᠯᠬᠤᠮ ᠳᠠᠷᠠᠭ᠎ᠠ ᠪᠣᠯᠣᠨ ᠪᠣᠳᠠᠲᠠᠢ ᠱᠠᠭᠠᠷᠳᠠᠯᠭ᠎ᠠ ᠪᠠᠨ ᠲᠣᠳᠣᠷᠬᠠᠶᠢᠯᠠᠵᠤ᠂ ᠡᠨᠡᠬᠦ ᠠᠵᠢᠯ ᠤᠨ ᠤᠷᠤᠭᠰᠢᠲᠠᠢ ᠠᠭᠢᠬᠤ ᠶᠢ ᠦᠨᠡᠨᠬᠦ ᠪᠠᠲᠤᠯᠠᠪᠠ᠃       ᠬᠤᠶᠠᠷ᠂ ᠵᠠᠰᠠᠭ ᠤᠨ ᠣᠷᠳᠣᠨ ᠤ ᠮᠡᠳᠡᠭᠡᠯᠡᠯ ᠢ ᠰᠠᠨᠠᠭᠠᠴᠢᠯᠠᠭ᠎ᠠ ᠠᠴᠠ ᠪᠠᠨ ᠢᠯᠠ ᠲᠣᠳᠣ ᠪᠣᠯᠭᠠᠬᠰᠠᠨ ᠪᠠᠶᠢᠳᠠᠯ       ᠭᠤᠷᠪᠠ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠡᠷᠭᠦᠳᠡᠯ ᠢ ᠭᠥᠯᠢᠶᠡᠨ ᠠᠪᠴᠤ᠂ ᠰᠢᠢᠳᠪᠦᠷᠢᠯᠡᠭᠰᠡᠨ ᠪᠠᠶᠢᠳᠠᠯ       ᠳᠥᠷᠪᠡ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠵᠠᠰᠠᠭ ᠵᠠᠬᠢᠷᠭᠠᠨ ᠢᠶᠠᠷ ᠳᠠᠭᠢᠨ ᠵᠥᠪᠯᠡᠭᠰᠡᠨ ᠪᠣᠯᠣᠨ ᠵᠠᠰᠠᠭ ᠵᠠᠬᠢᠷᠭᠠᠨ ᠤ ᠵᠠᠷᠭᠤ ᠶᠢᠨ ᠪᠠᠶᠢᠳᠠᠯ       ᠲᠠᠪᠤ᠂ ᠣᠷᠣᠰᠢᠵᠤ ᠪᠠᠶᠢᠭ᠎ᠠ ᠭᠤᠣᠯ ᠠᠰᠠᠭᠤᠳᠠᠯ ᠵᠢᠴᠢ ᠰᠠᠶᠢᠵᠢᠷᠠᠭᠤᠯᠤᠭᠰᠠᠨ ᠪᠠᠶᠢᠳᠠᠯ       ︵ᠨᠢᠭᠡ︶ ᠣᠷᠣᠰᠢᠵᠤ ᠪᠠᠶᠢᠭ᠎ᠠ ᠭᠤᠣᠯ ᠠᠰᠠᠭᠤᠳᠠᠯ       ᠨᠢᠭᠡ ᠳᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠴᠢᠨᠠᠷ ᠴᠢᠨᠰᠠᠭ᠎ᠠ ᠨᠢ ᠥᠨᠳᠥᠷ ᠪᠤᠰᠤ ᠪᠠᠶᠢᠨ᠎ᠠ᠃ ᠵᠠᠰᠠᠭ ᠤᠨ ᠶᠠᠪᠤᠳᠠᠯ ᠤᠨ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠦᠶᠡᠰ᠂ ᠠᠭᠤᠯᠭ᠎ᠠ  ᠨᠢ ᠲᠣᠳᠣᠷᠬᠠᠢ ᠦᠭᠡᠢ᠂ ᠲᠣᠭᠠᠴᠢᠯᠲᠠ ᠨᠢ ᠣᠨᠣᠪᠴᠢ ᠦᠭᠡᠢ ᠵᠡᠷᠭᠡ ᠠᠰᠠᠭᠤᠳᠠᠯ ᠣᠷᠣᠰᠢᠵᠤ᠂ ᠵᠠᠰᠠᠭ ᠤᠨ ᠣᠷᠳᠣᠨ ᠤ ᠠᠵᠢᠯ ᠤᠨ ᠲᠤᠬᠠᠢ ᠨᠡᠶᠢᠲᠡ ᠣᠯᠠᠨ ᠤ ᠣᠶᠢᠯᠠᠭᠠᠯᠲᠠ ᠶᠢ ᠨᠥᠯᠥᠭᠡᠯᠡᠵᠦ ᠪᠠᠶᠢᠨ᠎ᠠ᠃ ᠬᠤᠶᠠᠷ ᠲᠤ᠂ ᠣᠯᠠᠨ ᠨᠡᠶᠢᠲᠡ ᠶᠢᠨ ᠣᠷᠤᠯᠴᠠᠯᠭ᠎ᠠ ᠥᠨᠳᠥᠷ ᠪᠢᠰᠢ᠃ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠶᠠᠪᠤᠴᠠ ᠳᠤ᠂ ᠣᠯᠠᠨ ᠨᠡᠶᠢᠲᠡ ᠶᠢᠨ ᠪᠦᠲᠦᠮᠵᠢᠲᠡᠢ ᠣᠷᠤᠯᠴᠠᠬᠤ ᠲᠣᠭᠲᠠᠴᠠ ᠲᠤᠲᠠᠭᠳᠠᠵᠤ᠂ ᠣᠯᠠᠨ ᠨᠡᠶᠢᠲᠡ ᠶᠢᠨ ᠰᠠᠯᠠᠭ᠎ᠠ ᠮᠥᠴᠢᠷ ᠤᠨ ᠠᠵᠢᠯ ᠢ ᠠᠩᠬᠠᠷᠬᠤ ᠬᠡᠮᠵᠢᠶ᠎ᠡ ᠪᠠ ᠣᠷᠤᠯᠴᠠᠬᠤ ᠬᠡᠮᠵᠢᠶ᠎ᠡ ᠶᠢ ᠥᠨᠳᠥᠷ ᠪᠤᠰᠤ ᠪᠣᠯᠭᠠᠵᠠᠢ᠃       ︵ᠬᠤᠶᠠᠷ︶ ᠰᠠᠶᠢᠵᠢᠷᠠᠭᠤᠯᠬᠤ ᠠᠷᠭ᠎ᠠ ᠬᠡᠮᠵᠢᠶ᠎ᠡ       ᠨᠢᠭᠡ ᠳᠤ ᠮᠠᠨ ᠤ ᠲᠣᠪᠴᠢᠶ᠎ᠠ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠴᠢᠨᠠᠷ ᠴᠢᠨᠰᠠᠭ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ ᠢᠯᠠ ᠲᠣᠳᠣ ᠪᠣᠯᠭᠠᠬᠤ ᠮᠡᠳᠡᠭᠡᠯᠡᠯ ᠤᠨ ᠠᠭᠤᠯᠭ᠎ᠠ ᠲᠣᠳᠣᠷᠬᠠᠢ᠂ ᠲᠣᠭᠠᠴᠢᠯᠲᠠ  ᠨᠢ ᠣᠨᠣᠪᠴᠢᠲᠠᠢ ᠪᠠᠶᠢᠬᠤ ᠶᠢ ᠦᠨᠡᠨ ᠬᠦ ᠪᠠᠲᠤᠯᠠᠵᠠᠢ᠃ ᠬᠤᠶᠠᠷ ᠲᠤ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠳᠤ ᠨᠡᠶᠢᠲᠡ ᠣᠯᠠᠨ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠵᠣᠷᠢᠭᠵᠢᠭᠤᠯᠤᠨ ᠣᠷᠣᠯᠴᠠᠭᠤᠯᠵᠤ᠂ ᠰᠠᠨᠠᠯ ᠬᠤᠷᠢᠶᠠᠬᠤ᠂ ᠶᠠᠷᠢᠯᠴᠠᠬᠤ ᠬᠤᠷᠠᠯ ᠵᠡᠷᠭᠡ ᠭᠡᠯᠪᠡᠷᠢ ᠪᠠᠷ ᠳᠠᠮᠵᠢᠭᠤᠯᠤᠨ᠂ ᠨᠡᠶᠢᠲᠡ ᠣᠯᠠᠨ ᠤ ᠰᠠᠨᠠᠯ ᠪᠣᠯᠣᠨ ᠰᠠᠨᠠᠭᠤᠯᠭ᠎ᠠ ᠶᠢ ᠰᠣᠨᠣᠰᠴᠤ᠂ ᠲᠥᠷᠥ ᠶᠢᠨ ᠪᠣᠳᠣᠯᠭ᠎ᠠ ᠶᠢᠨ ᠴᠢᠭᠯᠡᠭᠦᠯᠦᠯᠲᠦ ᠴᠢᠨᠠᠷ ᠪᠣᠯᠣᠨ ᠪᠣᠯᠣᠮᠵᠢᠲᠤ ᠴᠢᠨᠠᠷ ᠢ ᠳᠡᠭᠡᠭᠰᠢᠯᠡᠭᠦᠯᠦᠨ᠎ᠡ᠃       ᠵᠢᠷᠭᠤᠭ᠎ᠠ᠂ ᠪᠤᠰᠤᠳ ᠮᠡᠳᠡᠭᠡᠯᠡᠬᠦ ᠱᠠᠭᠠᠷᠳᠠᠯᠭ᠎ᠠ ᠲᠠᠢ ᠠᠰᠠᠭᠤᠳᠠᠯ       2024 ᠣᠨ ᠳᠤ ᠵᠠᠰᠠᠭ ᠤᠨ ᠣᠷᠳᠣᠨ ᠤ ᠮᠡᠳᠡᠭᠡᠯᠡᠯ ᠢ ᠨᠡᠭᠡᠭᠡᠯᠲᠡ ᠲᠠᠢ ᠪᠣᠯᠭᠠᠬᠤ ᠲᠠᠢ ᠬᠤᠯᠪᠣᠭᠳᠠᠬᠤ ᠬᠤᠷᠢᠶᠠᠮᠵᠢ ᠠᠪᠤᠭ᠎ᠠ ᠦᠭᠡᠢ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号