| | ᠲᠤᠰ ᠣᠨ ᠤ ᠮᠡᠳᠡᠭᠦᠯᠦᠯᠲᠡ ᠶᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ | ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠳᠦᠷᠢᠮ︾᠂ ︽ᠲᠥᠷᠥ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ᠤᠨ ᠮᠡᠳᠡᠭᠡᠯᠡᠯ ᠬᠢᠭᠡᠳ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠤᠨ ᠠᠯᠪᠠᠨ | ᠭᠡᠷ ᠤᠨ ︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠨᠡᠭᠡᠭᠡᠯᠲᠡ ᠲᠠᠢ | ᠮᠡᠳᠡᠭᠡᠯᠡᠯ ᠢ ᠢᠯᠠ ᠲᠣᠳᠣ ᠪᠠᠶᠢᠯᠭᠠᠬᠤ ᠠᠵᠢᠯ ᠤᠨ ᠣᠨ ᠤ ᠮᠡᠳᠡᠭᠦᠯᠦᠯᠲᠡ ᠶᠢᠨ ᠬᠡᠪ ᠵᠠᠭᠪᠤᠷ﹀ ᠢ ᠬᠡᠪᠯᠡᠨ | ᠲᠠᠷᠬᠠᠭᠠᠬᠤ ᠲᠤᠬᠠᠢ ᠮᠡᠳᠡᠭᠳᠡᠯ︾ ︵ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠵᠠᠬᠢᠳᠠᠯ ﹇2021﹈ 30 | ᠳ᠋ᠤᠭᠠᠷ ᠲᠣᠭᠠᠲᠤ︶ ᠶᠢ ᠦᠨᠳᠦᠰᠦᠯᠡᠨ ᠲᠤᠭᠤᠷᠪᠢᠪᠠ᠃ ᠪᠦᠭᠦ ᠠᠭᠤᠯᠭ᠎ᠠ ᠳᠤ ᠠᠯᠠᠱᠠ ᠵᠡᠭᠦᠨ ᠬᠤᠰᠢᠭᠤᠨ ᠤ | ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠶᠢᠨ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ | ᠭᠠᠷᠭᠠᠭᠰᠠᠨ ᠶᠡᠷᠦᠩᠬᠡᠢ ᠪᠠᠶᠢᠳᠠᠯ᠂ ᠵᠠᠰᠠᠭ ᠤᠨ ᠣᠷᠳᠣᠨ ᠤ ᠮᠡᠳᠡᠭᠡᠯᠡᠯ ᠢ ᠰᠠᠨᠠᠭᠠᠴᠢᠯᠠᠭ᠎ᠠ ᠲᠠᠢ ᠪᠠᠷ ᠢᠯᠠ ᠲᠣᠳᠣ | ᠪᠣᠯᠭᠠᠵᠤ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠡᠷᠭᠦᠳᠡᠯ ᠢ | ᠣᠯᠣᠭᠰᠠᠨ ᠪᠠ ᠰᠢᠢᠳᠪᠦᠷᠢᠯᠡᠭᠰᠡᠨ ᠪᠠᠶᠢᠳᠠᠯ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ | ᠪᠠᠶᠢᠯᠭᠠᠬᠤ ᠵᠠᠰᠠᠭ ᠵᠠᠬᠢᠷᠭᠠᠨ ᠤ ᠳᠠᠭᠢᠨ ᠵᠥᠪᠯᠡᠭᠰᠡᠨ ᠪᠣᠯᠣᠨ ᠵᠠᠰᠠᠭ ᠵᠠᠬᠢᠷᠭᠠᠨ ᠤ ᠵᠠᠷᠭᠤ ᠶᠢᠨ ᠪᠠᠶᠢᠳᠠᠯ᠂ | ᠣᠷᠣᠰᠢᠵᠤ ᠪᠠᠶᠢᠭ᠎ᠠ ᠠᠰᠠᠭᠤᠳᠠᠯ ᠵᠢᠴᠢ ᠬᠠᠯᠠᠨ ᠰᠠᠶᠢᠵᠢᠷᠠᠭᠤᠯᠤᠭᠰᠠᠨ ᠪᠠᠶᠢᠳᠠᠯ ᠵᠡᠷᠭᠡ ᠲᠠᠪᠤᠨ ᠵᠦᠢᠯ ᠢ ᠪᠠᠭᠲᠠᠭᠠᠵᠠᠢ | ᠃ ᠪᠦᠷᠢᠳᠬᠡᠨ ᠭᠠᠷᠭᠠᠭᠰᠠᠨ ᠲᠤᠭ᠎ᠠ ᠪᠠᠷᠢᠮᠲᠠ ᠶᠢᠨ ᠬᠤᠭᠤᠴᠠᠭ᠎ᠠ ᠨᠢ 2024 ᠣᠨ ᠤ 1 ᠳ᠋ᠦ᠋ᠭᠡᠷ ᠰᠠᠷ᠎ᠠ ᠶᠢᠨ 1 ᠤ | ᠡᠳᠦᠷ ᠠᠴᠠ 2024 ᠣᠨ ᠤ 12 ᠳ᠋ᠤᠭᠠᠷ ᠰᠠᠷ᠎ᠠ ᠶᠢᠨ 31 ᠤ ᠡᠳᠦᠷ ᠭᠦᠷᠦᠨ᠎ᠡ᠃ ᠲᠤᠰ ᠵᠢᠯ ᠤᠨ | ᠮᠡᠳᠡᠭᠦᠯᠦᠯᠲᠡ ᠶᠢᠨ ᠴᠠᠬᠢᠮ ᠬᠤᠪᠢᠯᠪᠤᠷᠢ ᠶᠢ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠫᠤᠷᠲ᠋ᠧᠯ | ᠰᠦᠯᠵᠢᠶ᠎ᠡ ︵http : / / www . alszq . gov . cn︶ ᠠᠴᠠ ᠲᠠᠲᠠᠵᠤ ᠠᠪᠬᠤ ᠪᠣᠯᠣᠮᠵᠢ ᠲᠠᠢ᠃ | ᠬᠡᠷᠪᠡ ᠲᠤᠰ ᠵᠢᠯ ᠤᠨ ᠮᠡᠳᠡᠭᠦᠯᠦᠯᠲᠡ ᠳᠤ ᠮᠠᠳᠠᠭ ᠲᠠᠢ ᠪᠠᠶᠢᠪᠠᠯ᠂ ᠠᠯᠠᠱᠠ ᠵᠡᠭᠦᠨ ᠬᠤᠰᠢᠭᠤᠨ ᠤ ᠰᠣᠶᠣᠯ ᠪᠠ | ᠵᠢᠭᠤᠯᠴᠢᠯᠠᠯ ᠤᠨ ᠲᠣᠪᠴᠢᠶ᠎ᠠ ᠲᠠᠢ ᠬᠠᠷᠢᠯᠴᠠᠭᠠᠷᠠᠢ ︵ᠤᠲᠠᠰᠤ᠄ 0483 - 8222195︶᠃ | ᠨᠢᠭᠡ᠂ ᠲᠣᠶᠢᠮᠣ ᠪᠠᠶᠢᠳᠠᠯ | 2024 ᠣᠨ ᠳᠤ᠂ ᠮᠠᠨ ᠤ ᠲᠣᠪᠴᠢᠶ᠎ᠠ ᠲᠤᠬᠠᠶᠢᠯᠠᠭᠰᠠᠨ ᠠᠵᠢᠯ ᠤᠨ ᠭᠤᠣᠯᠯᠠᠨ ᠬᠠᠮᠢᠶᠠᠷᠬᠤ ᠰᠠᠯᠠᠭ᠎ᠠ | ᠮᠥᠴᠢᠷ ᠤᠨ ᠵᠢᠯᠣᠭᠤᠳᠤᠯᠭ᠎ᠠ ᠳᠣᠣᠷ᠎ᠠ᠂ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ᠂ ᠬᠤᠰᠢᠭᠤ | ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ | ᠬᠡᠷᠡᠭᠵᠢᠭᠦᠯᠵᠦ᠂ ᠵᠠᠰᠠᠭ ᠤᠨ ᠣᠷᠳᠣᠨ ᠤ ᠫᠤᠷᠲ᠋ᠧᠯ ᠰᠠᠶᠢᠲ ᠲᠤ ᠲᠦᠰᠢᠭᠯᠡᠨ᠂ ᠠᠵᠢᠯ ᠤᠨ ᠰᠠᠭᠤᠷᠢ ᠪᠠᠨ | ᠪᠠᠲᠤᠳᠬᠠᠵᠤ᠂ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠴᠢᠨᠠᠷ ᠴᠢᠨᠰᠠᠭ᠎ᠠ ᠪᠠ ᠪᠣᠳᠠᠲᠤ ᠦᠷ᠎ᠡ | ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠪᠦᠭᠦ ᠬᠤᠰᠢᠭᠤᠨ ᠤ ᠰᠣᠶᠣᠯ ᠪᠠ ᠵᠢᠭᠤᠯᠴᠢᠯᠠᠯ ᠤᠨ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠦᠢᠯᠡᠴᠢᠯᠡᠭᠦᠯᠵᠡᠢ᠃ | ᠰᠠᠨᠠᠭᠠᠴᠢᠯᠠᠭ᠎ᠠ ᠠᠴᠠ ᠪᠠᠨ ᠢᠯᠠ ᠲᠣᠳᠣ ᠪᠣᠯᠭᠠᠬᠤ | ᠰᠣᠶᠣᠯ ᠵᠢᠭᠤᠯᠴᠢᠯᠠᠯ ᠢ ᠠᠭᠤᠰᠤᠯᠴᠠᠭᠤᠯᠬᠤ ᠴᠢᠨᠠᠷ ᠰᠠᠶᠢᠲᠠᠢ ᠬᠥᠭᠵᠢᠭᠦᠯᠬᠦ ᠲᠣᠭᠤᠷᠢᠨ ᠳᠤ᠂ ᠲᠥᠪ | ᠭᠤᠣᠯᠴᠢ᠂ ᠡᠷᠬᠡ ᠲᠡᠭᠰᠢ᠂ ᠬᠠᠤᠯᠢ ᠶᠣᠰᠣᠨ ᠳᠤ ᠨᠡᠶᠢᠴᠡᠬᠦ᠂ ᠠᠷᠠᠳ ᠲᠤ ᠳᠥᠭᠦᠮ ᠦᠵᠡᠭᠦᠯᠭᠦ ᠵᠠᠷᠴᠢᠮ ᠢ | ᠵᠢᠷᠤᠮᠯᠠᠵᠤ᠂ ᠰᠠᠯᠠᠭ᠎ᠠ ᠮᠥᠴᠢᠷ ᠤᠨ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠴᠢᠨᠠᠷ ᠴᠢᠨᠰᠠᠭ᠎ᠠ ᠶᠢ | ᠲᠠᠰᠤᠷᠠᠯᠲᠠ ᠦᠭᠡᠢ ᠳᠡᠭᠡᠭᠰᠢᠯᠡᠭᠦᠯᠦᠨ᠂ ᠰᠢᠨᠡᠳᠬᠡᠬᠦ ᠰᠠᠯᠠᠭ᠎ᠠ ᠮᠥᠴᠢᠷ ᠤᠨ ᠪᠢᠴᠢᠭ ᠮᠠᠲ᠋ᠧᠷᠢᠶᠠᠯ᠂ ᠲᠥᠷᠥ ᠶᠢᠨ | ᠪᠣᠳᠣᠯᠭ᠎ᠠ ᠬᠠᠤᠯᠢ ᠲᠣᠭᠲᠠᠭᠠᠯ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠰᠠᠨᠠᠭᠤᠯᠭ᠎ᠠ ᠰᠠᠨᠠᠯ ᠳᠤᠷᠠᠳᠤᠯᠭ᠎ᠠ ᠵᠡᠷᠭᠡ | ᠮᠡᠳᠡᠭᠡᠯᠡᠯ ᠢ ᠴᠠᠭ ᠲᠤᠬᠠᠢ ᠳᠤᠨᠢ ᠨᠡᠶᠢᠲᠡᠯᠡᠨ᠂ ᠨᠡᠶᠢᠲᠡ 164 ᠵᠤᠷᠪᠤᠰ ᠮᠡᠳᠡᠭᠡᠯᠡᠯ ᠢ ᠰᠠᠨᠠᠭᠠᠴᠢᠯᠠᠭ᠎ᠠ ᠠᠴᠠ ᠪᠠᠨ | ᠢᠯᠡ ᠲᠣᠳᠣ ᠪᠣᠯᠭᠠᠵᠠᠢ᠃ ᠠᠯᠪᠠᠨ ᠤ ᠲᠠᠯ᠎ᠠ ᠶᠢᠨ ᠸᠢᠴᠠᠲ ᠤᠨ ᠳᠠᠮᠵᠢᠭᠤᠯᠤᠨ ᠬᠦᠷᠭᠡᠬᠦ ᠮᠡᠳᠡᠭᠡᠯᠡᠯ ᠤᠨ | ᠸᠢᠴᠠᠲ ᠤᠨ ᠲᠠᠪᠴᠠᠩ 1446 ᠵᠤᠷᠪᠤᠰ ᠨᠡᠶᠢᠲᠡᠯᠡᠵᠦ᠂ ᠲᠢᠭ᠋ ᠲᠤᠭ ᠤᠨ ᠨᠡᠶᠢᠲᠡᠯᠡᠭᠰᠡᠨ ᠲᠤᠭ᠎ᠠ ᠨᠢ 79 ᠵᠤᠷᠪᠤᠰ | ᠪᠤᠢ᠂ ᠬᠠᠨᠳᠤᠭᠰᠠᠨ ᠬᠡᠮᠵᠢᠶ᠎ᠡ ᠨᠢ 686107 ᠤᠳᠠᠭ᠎ᠠ ᠪᠤᠢ᠃ ᠠᠵᠢᠯ ᠲᠥᠷᠥᠯ ᠤᠨ ᠬᠠᠤᠯᠢ ᠲᠣᠭᠲᠠᠭᠠᠯ᠂ | ᠰᠣᠶᠣᠯ ᠵᠢᠭᠤᠯᠴᠢᠯᠠᠯ ᠤᠨ ᠮᠡᠳᠡᠯᠭᠡ᠂ ᠦᠢᠯᠡᠴᠢᠯᠡᠭᠡ ᠶᠢ ᠰᠢᠯᠢᠳᠡᠭᠵᠢᠭᠦᠯᠬᠦ ᠵᠡᠷᠭᠡ ᠣᠯᠠᠨ ᠨᠡᠶᠢᠲᠡ ᠶᠢᠨ ᠠᠵᠤ | ᠠᠬᠤᠶᠢᠯᠠᠯ ᠤᠨ ᠦᠢᠯᠡᠳᠪᠦᠷᠢᠯᠡᠯ ᠠᠮᠢᠳᠤᠷᠠᠯ ᠯᠤᠭ᠎ᠠ ᠨᠢᠭᠲᠠ ᠬᠤᠯᠪᠤᠭ᠎ᠠ ᠲᠠᠢ ᠲᠥᠷᠥ ᠶᠢᠨ ᠪᠣᠳᠣᠯᠭ᠎ᠠ ᠶᠢᠨ | ᠵᠦᠢᠯᠡᠰ ᠤᠨ ᠲᠣᠭᠤᠷᠢᠨ ᠳᠤ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠲᠦᠷᠦᠭᠦᠯᠡᠨ ᠤᠬᠠᠭᠤᠯᠤᠨ ᠶᠠᠷᠢᠬᠤ | ᠂ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠤ ᠮᠠᠳᠠᠭ ᠲᠠᠢ ᠠᠰᠠᠭᠤᠳᠠᠯ ᠢ ᠬᠠᠷᠢᠭᠤᠯᠤᠨ ᠠᠪᠬᠤ ᠠᠷᠭ᠎ᠠ | ᠮᠠᠶ᠋ᠢᠭ ᠢᠶᠠᠷ ᠣᠯᠠᠨ ᠨᠡᠶᠢᠲᠡ ᠶᠢᠨ ᠠᠩᠬᠠᠷᠴᠤ ᠪᠦᠬᠦᠢ ᠬᠠᠯᠠᠮᠰᠢᠯ ᠠᠰᠠᠭᠤᠳᠠᠯ ᠳᠤ ᠰᠠᠨᠠᠭᠠᠴᠢᠯᠠᠭ᠎ᠠ ᠠᠴᠠ ᠪᠠᠨ | ᠬᠠᠷᠢᠭᠤᠯᠲᠠ ᠥᠭᠴᠡᠢ᠃ | ︵ᠬᠤᠶᠠᠷ︶ ᠡᠷᠭᠦᠳᠡᠯ ᠤᠨ ᠳᠠᠭᠠᠤ ᠢᠯᠠ ᠲᠣᠳᠣ ᠪᠣᠯᠭᠠᠭᠰᠠᠨ ᠲᠤᠬᠠᠢ | ᠲᠤᠰ ᠤᠨ ᠳᠤ ᠡᠷᠭᠦᠳᠡᠯ ᠤᠨ ᠳᠠᠭᠠᠤ ᠢᠯᠠ ᠲᠣᠳᠣ ᠪᠣᠯᠭᠠᠬᠤ ᠵᠦᠢᠯᠡᠰ ᠢ ᠬᠤᠷᠢᠶᠠᠵᠤ ᠣᠯᠣᠭᠰᠠᠨ ᠦᠭᠡᠢ᠃ | | ︵ᠭᠤᠷᠪᠠ︶ ᠵᠠᠰᠠᠭ ᠤᠨ ᠣᠷᠳᠣᠨ ᠤ ᠮᠡᠳᠡᠭᠡᠯᠡᠯ ᠤᠨ ᠬᠠᠮᠢᠶᠠᠷᠤᠯᠲᠠ ᠶᠢᠨ ᠲᠤᠬᠠᠢ | ᠠᠭᠤᠯᠭ᠎ᠠ ᠶᠢᠨ ᠬᠠᠮᠢᠶᠠᠷᠤᠯᠲᠠ ᠪᠠᠨ ᠤᠯᠠᠮ ᠴᠢᠩᠭᠠᠳᠬᠠᠵᠤ᠂ ᠵᠠᠰᠠᠭ ᠤᠨ ᠣᠷᠳᠣᠨ ᠤ ᠮᠡᠳᠡᠭᠡᠯᠡᠯ ᠤᠨ | ᠣᠨᠣᠪᠴᠢᠲᠠᠢ ᠪᠠᠶᠢᠬᠤ ᠶᠢ ᠦᠨᠡᠨᠬᠦ ᠪᠠᠲᠤᠯᠠᠪᠠ᠃ ᠲᠣᠪᠴᠢᠶ᠎ᠠ ᠨᠢ ᠡᠯ᠎ᠡ ᠬᠤᠶᠠᠳᠤᠭᠠᠷ ᠳᠡᠰ ᠤᠨ ᠨᠢᠭᠡᠴᠢ᠂ | ᠪᠠᠶᠢᠭᠤᠯᠤᠯᠭ᠎ᠠ ᠶᠢᠨ ᠡᠯ᠎ᠡ ᠬᠤᠪᠢ ᠣᠷᠣᠭᠤᠯᠤᠭᠰᠠᠨ ᠲᠠᠰᠤᠭ ᠤᠨ ᠢᠯᠠ ᠲᠣᠳᠣ ᠪᠣᠯᠭᠠᠬᠰᠠᠨ ᠵᠠᠰᠠᠭ ᠤᠨ | ᠣᠷᠳᠣᠨ ᠤ ᠮᠡᠳᠡᠭᠡᠯᠡᠯ ᠢ ︽ᠬᠡᠨ ᠭᠤᠣᠯᠴᠢᠯᠠᠨ ᠬᠠᠮᠢᠶᠠᠷᠪᠠᠯ ᠳᠠᠷᠤᠢ ᠬᠠᠷᠢᠭᠤᠴᠠᠬᠤ᠂ ᠬᠡᠨ ᠢᠯᠠ ᠲᠣᠳᠣ ᠪᠣᠯᠭᠠᠪᠠᠯ | ᠳᠠᠷᠤᠢ ᠬᠢᠨᠠᠨ ᠪᠠᠶᠢᠴᠠᠭᠠᠬᠤ︾ ᠵᠠᠷᠴᠢᠮ ᠤᠨ ᠶᠣᠰᠣᠭᠠᠷ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ | ︽ᠠᠭᠤᠯᠭ᠎ᠠ ᠬᠠᠷᠢᠭᠤᠴᠠᠬᠤ ᠳᠦᠷᠢᠮ︾ ᠢ ᠬᠡᠷᠡᠭᠵᠢᠭᠦᠯᠦᠨ᠂ ᠮᠡᠳᠡᠭᠡᠯᠡᠯ ᠤᠨ ᠪᠣᠭᠤᠮᠲᠠ ᠶᠢ ᠠᠳᠬᠤᠬᠤ᠂ ᠬᠢᠨᠠᠨ | ᠬᠠᠷᠭᠤᠭᠤᠯᠬᠤ᠂ ᠨᠠᠶᠢᠷᠠᠭᠤᠯᠬᠤ᠂ ᠨᠡᠶᠢᠲᠡᠯᠡᠬᠦ ᠠᠵᠢᠯ ᠢ ᠰᠠᠶᠢᠲᠤᠷ ᠭᠦᠢᠴᠡᠳᠬᠡᠵᠦ᠂ ᠮᠡᠳᠡᠭᠡᠯᠡᠯ ᠤᠨ ᠠᠭᠤᠯᠭ᠎ᠠ ᠶᠢᠨ | ᠦᠨᠡᠨ ᠪᠣᠳᠠᠲᠠᠢ ᠪᠥᠭᠡᠳ ᠪᠦᠲᠦᠮᠵᠢᠲᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | ︵ᠳᠥᠷᠪᠡ︶ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ | ᠲᠠᠪᠴᠠᠩ ᠤᠨ ᠪᠠᠶᠢᠭᠤᠯᠤᠯᠲᠠ ᠶᠢᠨ ᠲᠤᠬᠠᠢ | ᠰᠠᠯᠠᠭ᠎ᠠ ᠮᠥᠴᠢᠷ ᠤᠨ ᠮᠡᠳᠡᠭᠡᠯᠡᠯ ᠤᠨ ᠠᠷᠠᠳ ᠣᠯᠠᠨ ᠤ ᠦᠢᠯᠡᠳᠪᠦᠷᠢᠯᠡᠯ᠂ ᠠᠮᠢᠳᠤᠷᠠᠯ ᠪᠣᠯᠣᠨ | ᠨᠡᠶᠢᠭᠡᠮ ᠤᠨ ᠠᠵᠢᠯᠯᠠᠭ᠎ᠠ ᠳᠤ ᠦᠢᠯᠡᠴᠢᠯᠡᠬᠦ ᠦᠢᠯᠡᠳᠦᠯ ᠢ ᠭᠦᠢᠴᠡᠳ ᠪᠠᠳᠠᠷᠠᠭᠤᠯᠪᠠ᠃ ᠰᠠᠯᠠᠭ᠎ᠠ ᠮᠥᠴᠢᠷ ᠤᠨ | ᠬᠦᠷᠢᠶᠡᠨ ᠤ ᠮᠡᠳᠡᠭᠡᠯᠡᠯ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠰᠣᠶᠣᠯ ᠵᠢᠭᠤᠯᠴᠢᠯᠠᠯ ᠤᠨ ᠮᠡᠳᠡᠭᠡᠯᠡᠯ ᠢ ᠴᠠᠭ | ᠲᠤᠬᠠᠢ ᠳᠤᠨᠢ ᠨᠡᠶᠢᠲᠡᠯᠡᠵᠦ᠂ ᠰᠢᠨᠡᠴᠢᠯᠡᠪᠡ᠃ ᠰᠦᠯᠵᠢᠶᠡᠨ ᠳᠡᠭᠡᠷ᠎ᠡ ᠲᠥᠷᠥ ᠶᠢᠨ ᠪᠣᠳᠣᠯᠭ᠎ᠠ ᠶᠢᠨ ᠴᠢᠨᠠᠷᠲᠠᠢ ᠪᠢᠴᠢᠭ | ᠮᠠᠲ᠋ᠧᠷᠢᠶᠠᠯ᠂ ᠰᠠᠯᠠᠭ᠎ᠠ ᠮᠥᠴᠢᠷ ᠤᠨ ᠪᠢᠴᠢᠭ ᠮᠠᠲ᠋ᠧᠷᠢᠶᠠᠯ᠂ ᠬᠠᠤᠯᠢ ᠴᠠᠭᠠᠵᠠ ᠬᠠᠤᠯᠢ ᠲᠣᠭᠲᠠᠭᠠᠯ ᠢ ᠲᠠᠷᠬᠠᠭᠠᠵᠤ | ᠪᠠᠭᠤᠯᠭᠠᠨ ᠠᠪᠬᠤ ᠴᠢᠳᠠᠮᠵᠢ ᠶᠢ ᠪᠦᠭᠦᠨ ᠢ ᠪᠡᠶᠡᠯᠡᠭᠦᠯᠪᠡ᠃ | ︵ᠲᠠᠪᠤ︶ ᠬᠢᠨᠠᠯᠲᠠ᠂ ᠪᠠᠲᠤᠯᠠᠭᠠᠵᠢᠭᠤᠯᠤᠯᠲᠠ ᠶᠢᠨ ᠲᠤᠬᠠᠢ | ᠬᠢᠨᠠᠯᠲᠠ ᠲᠠᠯᠪᠢᠵᠤ ᠪᠠᠶᠢᠴᠠᠭᠠᠬᠤ ᠶᠢ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠤᠨ ᠪᠦᠭᠦ | ᠶᠠᠪᠤᠴᠠ ᠳᠤ ᠲᠤᠤᠱᠯᠠᠭᠤᠯᠬᠤ ᠶᠢ ᠪᠠᠷᠢᠮᠲᠠᠯᠠᠨ᠂ ᠥᠪᠡᠷ ᠢᠶᠠᠨ ᠪᠠᠶᠢᠴᠠᠭᠠᠵᠤ ᠥᠪᠡᠷ ᠲᠡᠭᠡᠨ ᠵᠠᠯᠠᠷᠠᠭᠤᠯᠬᠤ ᠪᠠ | ᠲᠤᠬᠠᠶᠢᠯᠠᠭᠰᠠᠨ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠪᠠᠶᠢᠴᠠᠭᠠᠬᠤ ᠶᠢ ᠬᠠᠷᠢᠯᠴᠠᠨ | ᠤᠶᠠᠯᠳᠤᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠬᠤ ᠪᠠ ᠲᠣᠭᠲᠠᠮᠠᠯ ᠪᠤᠰᠤ ᠬᠤᠭᠤᠴᠠᠭ᠎ᠠ ᠲᠠᠢ ᠪᠠᠷ | ᠰᠤᠭᠤᠴᠢᠨ ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠬᠤ ᠵᠡᠷᠭᠡ ᠣᠯᠠᠨ ᠵᠦᠢᠯ ᠤᠨ ᠭᠡᠯᠪᠡᠷᠢ ᠮᠠᠶ᠋ᠢᠭ ᠢᠶᠠᠷ | ᠳᠠᠮᠵᠢᠭᠤᠯᠤᠨ᠂ ᠠᠰᠠᠭᠤᠳᠠᠯ ᠢ ᠴᠠᠭ ᠲᠤᠬᠠᠢ ᠳᠤᠨᠢ ᠣᠯᠵᠤ ᠮᠡᠳᠡᠬᠦ ᠪᠠ ᠰᠢᠢᠳᠪᠦᠷᠢᠯᠡᠪᠡ᠃ ᠪᠦᠭᠦ ᠵᠢᠯ ᠳᠤ ᠡᠯ᠎ᠡ | ᠲᠥᠷᠥᠯ ᠤᠨ ᠥᠪᠡᠷ ᠢ ᠪᠠᠨ 16 ᠤᠳᠠᠭ᠎ᠠ ᠪᠠᠶᠢᠴᠠᠭᠠᠬᠤ ᠠᠵᠢᠯ ᠢ ᠥᠷᠨᠢᠭᠦᠯᠵᠦ᠂ ᠴᠡᠭᠴᠡᠯᠡᠨ ᠰᠠᠶᠢᠵᠢᠷᠠᠭᠤᠯᠤᠭᠰᠠᠨ | ᠮᠡᠳᠡᠭᠦᠯᠦᠯᠲᠡ ᠠᠯᠳᠠᠰᠢ᠂ ᠬᠡᠯᠬᠢᠶᠡᠰᠦ᠂ ᠲᠠᠰᠤᠯᠳᠠᠯ ᠵᠡᠷᠭᠡ ᠠᠰᠠᠭᠤᠳᠠᠯ 79︔ ᠡᠮᠦᠨ᠎ᠡ ᠭᠤᠷᠪᠠᠨ ᠵᠢᠯ ᠳᠤ | ᠮᠡᠳᠡᠭᠳᠡᠬᠦ᠂ ᠠᠯᠪᠠᠨ ᠵᠠᠷ ᠨᠡᠶᠢᠲᠡᠯᠡᠬᠦ᠂ ᠰᠠᠯᠠᠭ᠎ᠠ ᠮᠥᠴᠢᠷ ᠤᠳ 2 ᠤᠳᠠᠭ᠎ᠠ ᠰᠢᠭᠤᠷᠬᠠᠢ ᠮᠡᠳᠡᠭᠡᠯᠡᠯ ᠢ | ᠢᠯᠭᠠᠷᠠᠭᠤᠯᠵᠤ᠂ 92 ᠵᠤᠷᠪᠤᠰ ᠮᠡᠳᠡᠭᠡᠯᠡᠯ ᠢ ᠭᠠᠷᠭᠠᠵᠠᠢ᠃ | ᠬᠤᠶᠠᠷ᠂ ᠵᠠᠰᠠᠭ ᠤᠨ ᠣᠷᠳᠣᠨ ᠤ ᠮᠡᠳᠡᠭᠡᠯᠡᠯ ᠢ ᠰᠠᠨᠠᠭᠠᠴᠢᠯᠠᠭ᠎ᠠ ᠠᠴᠠ ᠪᠠᠨ ᠢᠯᠠ ᠲᠣᠳᠣ ᠪᠣᠯᠭᠠᠬᠰᠠᠨ | ᠪᠠᠶᠢᠳᠠᠯ | ᠭᠤᠷᠪᠠ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠡᠷᠭᠦᠳᠡᠯ ᠢ | ᠭᠥᠯᠢᠶᠡᠨ ᠠᠪᠴᠤ᠂ ᠰᠢᠢᠳᠪᠦᠷᠢᠯᠡᠭᠰᠡᠨ ᠪᠠᠶᠢᠳᠠᠯ | ᠳᠥᠷᠪᠡ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠵᠠᠰᠠᠭ | ᠵᠠᠬᠢᠷᠭᠠᠨ ᠢᠶᠠᠷ ᠳᠠᠭᠢᠨ ᠵᠥᠪᠯᠡᠭᠰᠡᠨ ᠪᠣᠯᠣᠨ ᠵᠠᠰᠠᠭ ᠵᠠᠬᠢᠷᠭᠠᠨ ᠤ ᠵᠠᠷᠭᠤ ᠶᠢᠨ ᠪᠠᠶᠢᠳᠠᠯ | ᠲᠠᠪᠤ᠂ ᠣᠷᠣᠰᠢᠵᠤ ᠪᠠᠶᠢᠭ᠎ᠠ ᠭᠤᠣᠯ ᠠᠰᠠᠭᠤᠳᠠᠯ ᠵᠢᠴᠢ ᠰᠠᠶᠢᠵᠢᠷᠠᠭᠤᠯᠤᠭᠰᠠᠨ ᠪᠠᠶᠢᠳᠠᠯ | ᠣᠷᠣᠰᠢᠵᠤ ᠪᠠᠶᠢᠭ᠎ᠠ ᠭᠤᠣᠯ ᠠᠰᠠᠭᠤᠳᠠᠯ ᠭᠡᠪᠡᠯ᠄ ᠨᠢᠭᠡ ᠳᠤ ᠬᠡᠰᠡᠭ ᠲᠠᠰᠤᠭ ᠨᠢ ᠡᠳᠦᠷ ᠳᠣᠳᠣᠮ ᠤᠨ | ᠲᠤᠬᠠᠶᠢᠯᠠᠭᠰᠠᠨ ᠠᠵᠢᠯ ᠳᠠᠭᠠᠨ ᠶᠠᠭᠠᠷᠠᠵᠤ᠂ ᠮᠡᠳᠡᠭᠡ ᠵᠠᠩᠭᠢ ᠮᠡᠳᠡᠭᠦᠯᠦᠨ ᠬᠦᠷᠭᠡᠬᠦ ᠶᠢᠨ ᠴᠠᠭ ᠤᠨ ᠴᠢᠨᠠᠷ ᠴᠢᠩᠭ᠎ᠠ | ᠪᠤᠰᠤ ᠪᠠᠶᠢᠨ᠎ᠠ᠃ ᠬᠤᠶᠠᠷ ᠲᠤ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠶᠢ | ᠵᠣᠬᠢᠴᠠᠭᠤᠯᠤᠨ ᠨᠡᠶᠢᠲᠡᠯᠡᠬᠦ ᠲᠣᠭᠲᠠᠴᠠ ᠵᠢᠴᠢ ᠬᠢᠨᠠᠯᠲᠠ ᠲᠠᠯᠪᠢᠵᠤ ᠪᠠᠶᠢᠴᠠᠭᠠᠬᠤ ᠲᠣᠭᠲᠠᠴᠠ ᠶᠢ | ᠨᠠᠶᠢᠳᠠᠪᠤᠷᠢᠵᠢᠭᠤᠯᠬᠤ ᠶᠠᠪᠤᠳᠠᠯ ᠢ ᠪᠠᠰᠠ ᠤᠯᠠᠮ ᠴᠢᠩᠭᠠᠳᠬᠠᠬᠤ ᠴᠢᠬᠤᠯᠠ ᠲᠠᠢ ᠪᠠᠶᠢᠨ᠎ᠠ᠃ | ᠬᠠᠯᠠᠨ ᠰᠠᠶᠢᠵᠢᠷᠠᠭᠤᠯᠤᠭᠰᠠᠨ ᠪᠠᠶᠢᠳᠠᠯ᠄ ᠨᠢᠭᠡ ᠳᠤ ᠲᠤᠬᠠᠶᠢᠯᠠᠭᠰᠠᠨ ᠠᠵᠢᠯ ᠤᠨ ᠰᠤᠷᠭᠠᠯᠲᠠ ᠶᠢ | ᠴᠢᠩᠭᠠᠷᠠᠭᠤᠯᠵᠤ᠂ ᠡᠯ᠎ᠡ ᠲᠠᠰᠤᠭ ᠲᠠᠰᠤᠭ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠢ | ᠃ ᠮᠡᠳᠡᠭᠡᠯᠡᠯ ᠢ ᠴᠠᠭ ᠲᠤᠬᠠᠢ ᠳᠤᠨᠢ ᠥᠨᠳᠥᠷ ᠦᠷ᠎ᠡ ᠪᠦᠲᠦᠮᠵᠢᠲᠡᠢ ᠪᠠᠷ ᠢᠯᠠ ᠲᠣᠳᠣ ᠪᠣᠯᠭᠠᠵᠤ᠂ ᠰᠣᠶᠣᠯ | ᠵᠢᠭᠤᠯᠴᠢᠯᠠᠯ ᠤᠨ ᠲᠥᠷᠥᠯ ᠤᠨ ᠮᠡᠳᠡᠭᠡᠯᠡᠯ ᠤᠨ ᠠᠯᠪᠠᠨ ᠵᠠᠷ ᠢ ᠰᠠᠨᠠᠭᠠᠴᠢᠯᠠᠭ᠎ᠠ ᠠᠴᠠ ᠪᠠᠨ ᠨᠡᠭᠡᠭᠡᠯᠲᠡ ᠲᠠᠢ ᠪᠣᠯᠭᠠᠨ᠎ᠠ | ᠃ ᠬᠤᠶᠠᠷ ᠲᠤ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠠᠭᠤᠯᠭ᠎ᠠ ᠶᠢ | ᠢᠳᠡᠪᠬᠢᠲᠡᠢ ᠭᠦᠨᠵᠡᠭᠡᠶᠢᠷᠡᠭᠦᠯᠵᠦ᠂ ᠢᠯᠠ ᠲᠣᠳᠣ ᠪᠣᠯᠭᠠᠬᠤ ᠠᠷᠭ᠎ᠠ ᠵᠠᠮ ᠢ ᠥᠷᠭᠡᠳᠬᠡᠨ᠂ ᠢᠯᠠ ᠲᠣᠳᠣ ᠪᠣᠯᠭᠠᠬᠤ | ᠦᠢᠯᠡᠴᠢᠯᠡᠭᠡᠨ ᠢ ᠰᠢᠯᠢᠳᠡᠭᠵᠢᠭᠦᠯᠵᠦ᠂ ᠢᠯᠠ ᠲᠣᠳᠣ ᠪᠣᠯᠭᠠᠬᠤ ᠭᠡᠯᠪᠡᠷᠢ ᠮᠠᠶ᠋ᠢᠭ ᠤᠨ ᠰᠢᠨ᠎ᠡ ᠶᠢ ᠡᠭᠦᠳᠴᠦ᠂ ᠰᠢᠨ᠎ᠡ | ᠵᠠᠭᠤᠴᠢᠯᠠᠭᠤᠷ ᠢ ᠠᠮᠢᠳᠤᠯᠢᠭ ᠢᠶᠠᠷ ᠬᠡᠷᠡᠭᠯᠡᠨ᠂ ᠣᠯᠠᠨ ᠲᠦᠮᠡᠨ ᠤ ᠴᠠᠭ ᠲᠤᠬᠠᠢ ᠳᠠᠭᠠᠨ᠂ ᠳᠥᠭᠦᠮ ᠳᠥᠲᠡ | ᠮᠡᠳᠡᠭᠡ ᠵᠠᠩᠭᠢ ᠣᠯᠬᠤ ᠳᠤ ᠳᠥᠭᠦᠮ ᠦᠵᠡᠭᠦᠯᠭᠦ ᠬᠡᠷᠡᠭᠲᠡᠢ᠃ | ᠵᠢᠷᠭᠤᠭ᠎ᠠ᠂ ᠪᠤᠰᠤᠳ ᠮᠡᠳᠡᠭᠡᠯᠡᠬᠦ ᠱᠠᠭᠠᠷᠳᠠᠯᠭ᠎ᠠ ᠲᠠᠢ ᠠᠰᠠᠭᠤᠳᠠᠯ | 2024 ᠣᠨ ᠳᠤ᠂ ᠮᠠᠨ ᠤ ᠲᠣᠪᠴᠢᠶ᠎ᠠ ᠮᠡᠳᠡᠭᠡᠯᠡᠯ ᠢ ᠨᠡᠭᠡᠭᠡᠯᠲᠡ ᠲᠠᠢ ᠪᠣᠯᠭᠠᠬᠤ ᠲᠠᠢ ᠬᠤᠯᠪᠣᠭᠳᠠᠬᠤ | ᠬᠤᠷᠢᠶᠠᠮᠵᠢ ᠠᠪᠤᠭ᠎ᠠ ᠦᠭᠡᠢ᠃ | |