| | ᠲᠤᠰ ᠣᠨ ᠤ ᠮᠡᠳᠡᠭᠦᠯᠦᠯᠲᠡ ᠶᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ | ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠳᠦᠷᠢᠮ︾᠂ ︽ᠲᠥᠷᠥ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ᠤᠨ ᠮᠡᠳᠡᠭᠡᠯᠡᠯ ᠬᠢᠭᠡᠳ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠤᠨ ᠠᠯᠪᠠᠨ | ᠭᠡᠷ ᠤᠨ ᠬᠡᠪᠯᠡᠨ ᠲᠠᠷᠬᠠᠭᠠᠬᠤ ᠲᠤᠬᠠᠢ ᠮᠡᠳᠡᠭᠳᠡᠯ︾ ︵ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠵᠠᠬᠢᠳᠠᠯ ﹇ | 2011﹈ 30 ᠳ᠋ᠤᠭᠠᠷ ᠲᠣᠭᠠᠲᠤ︶ ᠶᠢ ᠦᠨᠳᠦᠰᠦᠯᠡᠨ ᠲᠤᠭᠤᠷᠪᠢᠪᠠ᠃ ᠪᠦᠭᠦ ᠠᠭᠤᠯᠭ᠎ᠠ ᠳᠤ ᠠᠯᠠᠱᠠ ᠵᠡᠭᠦᠨ | ᠬᠤᠰᠢᠭᠤᠨ ᠤ ᠠᠵᠤ ᠦᠢᠯᠡᠳᠪᠦᠷᠢ ᠬᠤᠳᠠᠯᠳᠤᠭᠠᠨ ᠤ ᠶᠠᠪᠤᠳᠠᠯ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ | ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠭᠠᠷᠭᠠᠭᠰᠠᠨ ᠶᠡᠷᠦᠩᠬᠡᠢ ᠪᠠᠶᠢᠳᠠᠯ᠂ ᠵᠠᠰᠠᠭ ᠤᠨ | ᠣᠷᠳᠣᠨ ᠤ ᠮᠡᠳᠡᠭᠡᠯᠡᠯ ᠢ ᠰᠠᠨᠠᠭᠠᠴᠢᠯᠠᠭ᠎ᠠ ᠠᠴᠠ ᠪᠠᠨ ᠢᠯᠠ ᠲᠣᠳᠣ ᠪᠣᠯᠭᠠᠵᠤ᠂ ᠵᠠᠰᠠᠭ ᠤᠨ ᠣᠷᠳᠣᠨ ᠤ ᠨᠡᠭᠡᠭᠡᠯᠲᠡ | ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠡᠷᠭᠦᠳᠡᠯ ᠤᠨ ᠪᠠᠶᠢᠳᠠᠯ ᠢ ᠭᠥᠯᠢᠶᠡᠨ ᠠᠪᠤᠭᠰᠠᠨ ᠪᠠ ᠰᠢᠢᠳᠪᠦᠷᠢᠯᠡᠵᠦ᠂ | ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠵᠠᠰᠠᠭ ᠵᠠᠬᠢᠷᠭᠠᠨ ᠤ ᠳᠠᠭᠢᠨ | ᠵᠥᠪᠯᠡᠭᠰᠡᠨ ᠪᠣᠯᠣᠨ ᠵᠠᠰᠠᠭ ᠵᠠᠬᠢᠷᠭᠠᠨ ᠤ ᠵᠠᠷᠭᠤ ᠶᠢᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠬᠠᠯᠠᠨ | ᠰᠠᠶᠢᠵᠢᠷᠠᠭᠤᠯᠤᠭᠰᠠᠨ ᠪᠠᠶᠢᠳᠠᠯ᠂ ᠪᠤᠰᠤᠳ ᠮᠡᠳᠡᠭᠡᠯᠡᠬᠦ ᠱᠠᠭᠠᠷᠳᠠᠯᠭ᠎ᠠ ᠲᠠᠢ ᠠᠰᠠᠭᠤᠳᠠᠯ ᠢ ᠪᠠᠭᠲᠠᠭᠠᠨ᠎ᠠ᠃ ᠪᠦᠷᠢᠳᠬᠡᠨ | ᠭᠠᠷᠭᠠᠭᠰᠠᠨ ᠲᠤᠭ᠎ᠠ ᠪᠠᠷᠢᠮᠲᠠ ᠶᠢᠨ ᠬᠤᠭᠤᠴᠠᠭ᠎ᠠ ᠨᠢ 2024 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ | 2024 ᠣᠨ ᠤ 12 ᠳ᠋ᠤᠭᠠᠷ ᠰᠠᠷ᠎ᠠ ᠶᠢᠨ 31 ᠤ ᠡᠳᠦᠷ ᠭᠦᠷᠦᠨ᠎ᠡ᠃ ᠲᠤᠰ ᠵᠢᠯ ᠤᠨ ᠮᠡᠳᠡᠭᠦᠯᠦᠯᠲᠡ ᠶᠢᠨ ᠴᠠᠬᠢᠮ | ᠬᠤᠪᠢᠯᠪᠤᠷᠢ ᠶᠢ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ︵http | : / / www . alszq . gov . cn︶ ᠠᠴᠠ ᠲᠠᠲᠠᠵᠤ ᠠᠪᠬᠤ ᠪᠣᠯᠣᠮᠵᠢ ᠲᠠᠢ᠃ ᠬᠡᠷᠪᠡ ᠲᠤᠰ ᠵᠢᠯ ᠤᠨ | ᠮᠡᠳᠡᠭᠦᠯᠦᠯᠲᠡ ᠳᠤ ᠰᠡᠵᠢᠭᠯᠡᠯ ᠲᠠᠢ ᠪᠠᠶᠢᠪᠠᠯ᠂ ᠠᠯᠠᠱᠠ ᠵᠡᠭᠦᠨ ᠬᠤᠰᠢᠭᠤᠨ ᠤ ᠠᠵᠤ ᠦᠢᠯᠡᠳᠪᠦᠷᠢ ᠬᠤᠳᠠᠯᠳᠤᠭᠠᠨ ᠤ | ᠶᠠᠪᠤᠳᠠᠯ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠲᠠᠢ ᠬᠠᠷᠢᠯᠴᠠᠭᠠᠷᠠᠢ ︵ᠤᠲᠠᠰᠤ᠄ 0483822045︶᠃ | ᠨᠢᠭᠡ᠂ ᠲᠣᠶᠢᠮᠣ ᠪᠠᠶᠢᠳᠠᠯ | ︵ᠨᠢᠭᠡ︶ ᠰᠠᠨᠠᠭᠠᠴᠢᠯᠠᠭ᠎ᠠ ᠠᠴᠠ ᠪᠠᠨ ᠢᠯᠠ ᠲᠣᠳᠣ ᠪᠣᠯᠭᠠᠭᠰᠠᠨ ᠪᠠᠶᠢᠳᠠᠯ | 2024 ᠣᠨ ᠳᠤ ᠠᠯᠠᠱᠠ ᠵᠡᠭᠦᠨ ᠬᠤᠰᠢᠭᠤᠨ ᠤ ᠠᠵᠤ ᠦᠢᠯᠡᠳᠪᠦᠷᠢ ᠮᠡᠳᠡᠭᠡᠯᠡᠯ ᠤᠨ ᠲᠣᠪᠴᠢᠶ᠎ᠠ | ᠰᠠᠨᠠᠭᠠᠴᠢᠯᠠᠭ᠎ᠠ ᠠᠴᠠ 127 ᠵᠤᠷᠪᠤᠰ ᠵᠠᠰᠠᠭ ᠤᠨ ᠣᠷᠳᠣᠨ ᠤ ᠮᠡᠳᠡᠭᠡᠯᠡᠯ ᠢ ᠢᠯᠠ ᠲᠣᠳᠣ ᠪᠣᠯᠭᠠᠵᠤ᠂ ᠡᠭᠦᠨ ᠳᠤ | 28 ᠵᠤᠷᠪᠤᠰ ᠮᠡᠳᠡᠭᠳᠡᠯ ᠢᠯᠡ ᠨᠡᠶᠢᠲᠡᠯᠡᠵᠦ᠂ 5 ᠵᠤᠷᠪᠤᠰ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ 3 ᠵᠤᠷᠪᠤᠰ | ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ᠂ 7 ᠵᠤᠷᠪᠤᠰ ︽ᠬᠤᠣᠰ ᠲᠠᠰᠢᠷᠠᠮ︾ ᠢ ᠢᠯᠡ | ᠨᠡᠶᠢᠲᠡᠯᠡᠵᠦ᠂ ᠠᠵᠢᠯ ᠤᠨ ᠪᠠᠶᠢᠳᠠᠯ 81 ᠵᠤᠷᠪᠤᠰ᠂ ᠭᠤᠷᠪᠠᠨ ᠠᠯᠪᠠᠨ ᠵᠠᠷᠤᠳᠠᠯ 3 ᠵᠤᠷᠪᠤᠰ ᠪᠤᠢ᠃ | ︵ᠬᠤᠶᠠᠷ︶ ᠡᠷᠭᠦᠳᠡᠯ ᠤᠨ ᠳᠠᠭᠠᠤ ᠢᠯᠠ ᠲᠣᠳᠣ ᠪᠣᠯᠭᠠᠭᠰᠠᠨ ᠲᠤᠬᠠᠢ | 2024 ᠣᠨ ᠳᠤ ᠠᠯᠠᠱᠠ ᠵᠡᠭᠦᠨ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠣᠪᠴᠢᠶ᠎ᠠ ᠡᠷᠭᠦᠳᠡᠯ ᠶᠣᠰᠣᠭᠠᠷ ᠢᠯᠠ ᠲᠣᠳᠣ ᠪᠣᠯᠭᠠᠬᠰᠠᠨ ᠵᠦᠢᠯᠡᠰ ᠢ ᠣᠯᠣᠭᠰᠠᠨ ᠦᠭᠡᠢ᠃ | ︵ᠭᠤᠷᠪᠠ︶ ᠵᠠᠰᠠᠭ ᠤᠨ ᠣᠷᠳᠣᠨ ᠤ ᠮᠡᠳᠡᠭᠡᠯᠡᠯ ᠤᠨ ᠬᠠᠮᠢᠶᠠᠷᠤᠯᠲᠠ ᠶᠢᠨ ᠲᠤᠬᠠᠢ | ᠨᠢᠭᠡ ᠳᠤ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠤᠨ ᠤᠳᠤᠷᠢᠳᠬᠤ ᠳᠤᠭᠤᠶᠢᠯᠠᠩ ᠢ | ᠪᠠᠶᠢᠭᠤᠯᠤᠨ ᠪᠦᠷᠢᠨᠰᠭᠦᠯᠵᠡᠢ᠃ ᠲᠣᠪᠴᠢᠶ᠎ᠠ ᠶᠢᠨ ᠭᠤᠣᠯ ᠤᠳᠤᠷᠢᠳᠤᠯᠭ᠎ᠠ ᠳᠤᠭᠤᠶᠢᠯᠠᠩ ᠤᠨ ᠳᠠᠷᠤᠭ᠎ᠠ ᠶᠢᠨ | ᠲᠤᠰᠢᠶᠠᠯ ᠢ ᠡᠭᠦᠷᠭᠡᠯᠡᠵᠦ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠳᠤᠭᠤᠶᠢᠯᠠᠩ ᠤᠨ ᠳᠡᠳ᠋ ᠳᠠᠷᠤᠭ᠎ᠠ ᠶᠢᠨ | ᠲᠤᠰᠢᠶᠠᠯ ᠢ ᠡᠭᠦᠷᠭᠡᠯᠡᠵᠦ᠂ ᠲᠣᠪᠴᠢᠶᠠᠨ ᠤ ᠡᠯ᠎ᠡ ᠰᠠᠯᠠᠭ᠎ᠠ ᠲᠠᠰᠤᠭ᠂ ᠡᠯ᠎ᠡ ᠬᠤᠶᠠᠳᠤᠭᠠᠷ ᠳᠡᠰ ᠤᠨ ᠨᠢᠭᠡᠴᠢ ᠶᠢᠨ | ᠬᠠᠷᠢᠭᠤᠴᠠᠯᠭᠠᠲᠠᠨ ᠠᠴᠠ ᠪᠦᠷᠢᠯᠳᠦᠭᠦᠨ ᠪᠤᠯᠭᠠᠬᠰᠠᠨ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠤᠨ | ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠲᠣᠪᠴᠢᠶᠠᠨ ᠤ ᠪᠠᠶᠢᠭᠤᠯᠤᠯᠭ᠎ᠠ ᠶᠢᠨ ᠠᠯᠪᠠᠨ ᠭᠡᠷ ᠠᠴᠠ ᠵᠠᠰᠠᠭ ᠤᠨ | ᠶᠠᠪᠤᠳᠠᠯ ᠢ ᠢᠯᠠ ᠲᠣᠳᠣ ᠪᠠᠶᠢᠯᠭᠠᠬᠤ ᠡᠳᠦᠷ ᠲᠤᠲᠤᠮ ᠤᠨ ᠵᠣᠬᠢᠴᠠᠭᠤᠯᠬᠤ᠂ ᠬᠠᠷᠢᠯᠴᠠᠬᠤ᠂ ᠢᠯᠠ ᠲᠣᠳᠣ | ᠪᠣᠯᠭᠠᠬᠤ ᠠᠵᠢᠯ ᠢ ᠬᠠᠷᠢᠭᠤᠴᠠᠪᠠ᠃ ᠲᠣᠪᠴᠢᠶᠠᠨ ᠤ ᠭᠤᠣᠯ ᠬᠠᠷᠢᠭᠤᠴᠠᠯᠭᠠᠲᠠᠨ ᠲᠤᠰᠬᠠᠢ ᠰᠡᠳᠦᠪᠲᠦ ᠬᠤᠷᠠᠯ | ᠬᠤᠷᠠᠯᠳᠤᠭᠤᠯᠵᠤ᠂ ᠣᠨ ᠤ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠢ ᠪᠠᠶᠢᠷᠢᠯᠠᠭᠤᠯᠪᠠ᠃ | ᠬᠤᠶᠠᠷ ᠲᠤ ᠳᠦᠷᠢᠮ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠵᠠᠰᠠᠭ ᠤᠨ ᠣᠷᠳᠣᠨ ᠤ ᠨᠡᠭᠡᠭᠡᠯᠲᠡ ᠲᠠᠢ | ᠮᠡᠳᠡᠭᠡᠯᠡᠯ ᠢ ᠢᠯᠠ ᠲᠣᠳᠣ ᠪᠠᠶᠢᠯᠭᠠᠬᠤ ᠠᠵᠢᠯ ᠢ ᠵᠢᠷᠤᠮᠵᠢᠭᠤᠯᠪᠠ᠃ ᠠᠯᠠᠱᠠ ᠵᠡᠭᠦᠨ ᠬᠤᠰᠢᠭᠤᠨ ᠤ ᠠᠵᠤ | ᠦᠢᠯᠡᠳᠪᠦᠷᠢ ᠮᠡᠳᠡᠭᠡᠯᠡᠯ ᠤᠨ ᠲᠣᠪᠴᠢᠶ᠎ᠠ ᠶᠢᠨ ︽ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ | ᠲᠣᠳᠣ ᠪᠠᠶᠢᠯᠭᠠᠬᠤ ᠶᠢᠨ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠬᠤ ᠳᠦᠷᠢᠮ︾᠂ ︽ᠲᠥᠷᠥ ᠶᠢᠨ | ᠪᠣᠳᠣᠯᠭ᠎ᠠ ᠶᠢ ᠲᠠᠶᠢᠯᠪᠤᠷᠢᠯᠠᠬᠤ ᠳᠦᠷᠢᠮ︾᠂ ︽ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠮᠡᠳᠡᠭᠡᠯᠡᠯ | ᠨᠡᠶᠢᠲᠡᠯᠡᠬᠦ ᠶᠢ ᠬᠢᠨᠠᠨ ᠬᠠᠷᠭᠤᠭᠤᠯᠬᠤ ᠬᠠᠮᠢᠶᠠᠷᠤᠯᠲᠠ ᠶᠢᠨ ᠳᠦᠷᠢᠮ︾ ᠵᠡᠷᠭᠡ ᠳᠦᠷᠢᠮ ᠢ ᠪᠠᠶᠢᠭᠤᠯᠤᠨ | ᠪᠦᠷᠢᠨᠰᠭᠦᠯᠵᠡᠢ᠃ ᠬᠢᠨᠠᠨ ᠬᠠᠷᠭᠤᠭᠤᠯᠵᠤ ᠵᠥᠪᠰᠢᠶᠡᠷᠡᠭᠦᠯᠦᠭᠰᠡᠨ ᠦᠭᠡᠢ ᠮᠡᠳᠡᠭᠡ ᠵᠠᠩᠭᠢ ᠪᠦᠭᠦᠨ ᠢ ᠭᠠᠳᠠᠭᠰᠢ | ᠨᠡᠶᠢᠲᠡᠯᠡᠵᠦ ᠪᠤᠯᠬᠤ ᠦᠭᠡᠢ᠂ ᠠᠵᠢᠯ ᠤᠨ ᠳᠡᠰ ᠳᠠᠷᠠᠭᠠᠯᠠᠯ ᠠᠴᠠ ᠠᠵᠢᠯ ᠤᠨ ᠪᠠᠶᠢᠷᠢ ᠶᠢᠨ ᠬᠠᠷᠢᠭᠤᠴᠠᠯᠭ᠎ᠠ | ᠭᠦᠷᠲᠡᠯ᠎ᠡ ᠲᠣᠳᠣᠷᠬᠠᠢ ᠲᠣᠭᠲᠠᠭᠠᠯ ᠭᠠᠷᠭᠠᠵᠤ᠂ ᠠᠵᠢᠯ ᠤᠨ ᠳᠡᠰ ᠳᠠᠷᠠᠭᠠᠯᠠᠯ ᠪᠣᠯᠣᠨ ᠬᠠᠤᠯᠢ ᠶᠣᠰᠣᠭᠠᠷ ᠵᠠᠰᠠᠭ | ᠶᠠᠪᠤᠭᠤᠯᠬᠤ ᠦᠢᠯᠡ ᠠᠵᠢᠯᠯᠠᠭ᠎ᠠ ᠶᠢ ᠨᠡᠯᠢᠶᠡᠳ ᠰᠠᠶᠢᠨ ᠵᠢᠷᠤᠮᠵᠢᠭᠤᠯᠵᠤ᠂ ᠠᠵᠢᠯ ᠤᠨ ᠦᠷ᠎ᠡ ᠪᠦᠲᠦᠮᠵᠢ ᠪᠠᠨ | ᠳᠡᠭᠡᠭᠰᠢᠯᠡᠭᠦᠯᠪᠡ᠃ | ︵ᠳᠥᠷᠪᠡ︶ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ | ᠲᠠᠪᠴᠠᠩ ᠤᠨ ᠪᠠᠶᠢᠭᠤᠯᠤᠯᠲᠠ ᠶᠢᠨ ᠲᠤᠬᠠᠢ | ᠵᠠᠰᠠᠭ ᠤᠨ ᠣᠷᠳᠣᠨ ᠤ ᠰᠦᠯᠵᠢᠶ᠎ᠡ᠂ ᠸᠢᠴᠠᠲ ᠲᠠᠪᠴᠠᠩ ᠵᠡᠷᠭᠡ ᠠᠷᠭ᠎ᠠ ᠵᠠᠮ ᠢᠶᠠᠷ ᠳᠠᠮᠵᠢᠭᠤᠯᠤᠨ | ᠵᠠᠰᠠᠭ ᠤᠨ ᠣᠷᠳᠣᠨ ᠤ ᠮᠡᠳᠡᠭᠡᠯᠡᠯ ᠨᠡᠶᠢᠲᠡᠯᠡᠬᠦ ᠶᠢ ᠵᠢᠷᠤᠮᠵᠢᠭᠤᠯᠵᠤ᠂ ᠵᠠᠰᠠᠭ ᠤᠨ ᠣᠷᠳᠣᠨ ᠤ ᠠᠵᠢᠯ ᠤᠨ ᠢᠯᠡ | ᠲᠣᠳᠣ ᠶᠢᠨ ᠬᠡᠮᠵᠢᠶ᠎ᠡ ᠶᠢ ᠦᠨᠡᠨᠬᠦ ᠴᠢᠩᠭᠠᠷᠠᠭᠤᠯᠤᠨ᠂ ᠲᠤᠭ᠎ᠠ ᠪᠠᠷᠢᠮᠲᠠ ᠶᠢᠨ ᠠᠳᠠᠯᠢ ᠢᠷᠡᠯᠲᠡ ᠶᠢ ᠪᠦᠲᠦᠮᠵᠢᠲᠡᠢ | ᠪᠠᠲᠤᠯᠠᠵᠤ᠂ ᠵᠠᠰᠠᠭ ᠤᠨ ᠣᠷᠳᠣᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠭᠦ ᠶᠢᠨ | ᠬᠠᠮᠲᠤ ᠳᠡᠭᠡᠳᠦ ᠱᠠᠲᠤ᠂ ᠲᠤᠰ ᠱᠠᠲᠤᠨ ᠤ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ | ᠢᠯᠠ ᠲᠣᠳᠣ ᠪᠣᠯᠭᠠᠬᠤ ᠡᠷᠴᠢᠮ ᠢ ᠨᠡᠮᠡᠭᠳᠡᠭᠦᠯᠬᠦ ᠶᠢᠨ ᠬᠠᠮᠲᠤ ᠣᠯᠠᠨ ᠵᠦᠢᠯ ᠤᠨ ᠭᠡᠯᠪᠡᠷᠢ ᠪᠠᠷ ᠲᠠᠶᠢᠯᠪᠤᠷᠢᠯᠠᠵᠤ | ᠲᠣᠳᠣᠷᠬᠠᠶᠢᠯᠠᠪᠠ᠃ ᠡᠨᠡ ᠵᠢᠯ ᠠᠴᠠ ᠨᠠᠰᠢ᠂ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ | ᠰᠦᠯᠵᠢᠶᠡᠨ ᠳᠡᠭᠡᠷ᠎ᠡ 127 ᠵᠤᠷᠪᠤᠰ ᠮᠡᠳᠡᠭᠡᠯᠡᠯ ᠨᠡᠶᠢᠲᠡᠯᠡᠵᠦ᠂ ᠸᠢᠴᠠᠲ ᠤᠨ ᠲᠠᠪᠴᠠᠩ 600 ᠭᠠᠷᠤᠢ ᠵᠤᠷᠪᠤᠰ | ᠮᠡᠳᠡᠭᠡᠯᠡᠯ ᠨᠡᠶᠢᠲᠡᠯᠡᠵᠡᠢ᠃ | ︵ᠲᠠᠪᠤ︶ ᠬᠢᠨᠠᠯᠲᠠ᠂ ᠪᠠᠲᠤᠯᠠᠭᠠᠵᠢᠭᠤᠯᠤᠯᠲᠠ ᠶᠢᠨ ᠲᠤᠬᠠᠢ | ᠨᠢᠭᠡ ᠳᠤ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠪᠠ᠃ ᠳᠡᠭᠡᠳᠦ ᠱᠠᠲᠤᠨ ᠤ ᠵᠣᠬᠢᠶᠠᠨ ᠪᠠᠶᠢᠭᠤᠯᠤᠯᠲᠠ ᠶᠢᠨ ᠲᠤᠬᠠᠶᠢᠯᠠᠭᠰᠠᠨ | ᠠᠵᠢᠯ ᠤᠨ ᠪᠣᠯᠪᠠᠰᠤᠷᠠᠯ ᠳᠤ ᠣᠷᠤᠯᠴᠠᠬᠤ ᠪᠤᠶᠤ ᠪᠤᠰᠤᠳ ᠨᠢᠭᠡᠴᠢ ᠶᠢᠨ ᠲᠤᠷᠰᠢᠯᠭ᠎ᠠ ᠪᠠ ᠠᠷᠭ᠎ᠠ ᠪᠠᠷᠢᠯ ᠢ | ᠰᠠᠨᠠᠭᠠᠴᠢᠯᠠᠭ᠎ᠠ ᠠᠴᠠ ᠪᠠᠨ ᠰᠤᠷᠤᠯᠴᠠᠬᠤ ᠵᠡᠷᠭᠡ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ᠂ ᠬᠠᠮᠢᠶ᠎ᠠ | ᠪᠦᠬᠦᠢ ᠠᠵᠢᠯᠲᠠᠨ ᠤ ᠬᠡᠪ ᠴᠢᠨᠠᠷ ᠢ ᠬᠥᠮᠥᠵᠢᠭᠦᠯᠬᠦ ᠪᠠ ᠳᠠᠪᠲᠠᠨ ᠪᠤᠯᠪᠠᠰᠤᠷᠠᠭᠤᠯᠬᠤ ᠶᠢ ᠴᠢᠩᠭᠠᠳᠬᠠᠵᠤ᠂ | ᠠᠵᠢᠯᠲᠠᠨ ᠤ ᠴᠢᠳᠠᠪᠤᠷᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠪᠡ᠃ ᠬᠤᠶᠠᠷ ᠲᠤ ᠬᠢᠨᠠᠯᠲᠠ ᠲᠠᠯᠪᠢᠬᠤ ᠪᠠᠨ | ᠴᠢᠩᠭᠠᠳᠬᠠᠨ᠂ ᠤᠷᠲᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠪᠠ᠃ | ᠰᠠᠨᠠᠭᠠᠴᠢᠯᠠᠭ᠎ᠠ ᠠᠴᠠ ᠪᠠᠨ ᠢᠯᠠ ᠲᠣᠳᠣ ᠪᠣᠯᠭᠠᠬᠤ ᠶᠢ ᠤᠯᠠᠮ ᠴᠢᠩᠭᠠᠳᠬᠠᠬᠤ ᠶᠢᠨ ᠬᠠᠮᠲᠤ ᠺᠠᠳ᠋ᠷ ᠠᠵᠢᠯᠲᠠᠨ | ᠠᠵᠢᠯᠴᠢᠨ ᠢ ᠵᠣᠷᠢᠭᠵᠢᠭᠤᠯᠤᠨ ᠵᠠᠰᠠᠭ ᠤᠨ ᠣᠷᠳᠣᠨ ᠤ ᠢᠯᠡ ᠮᠡᠳᠡᠭᠡᠯᠡᠯ ᠨᠡᠶᠢᠲᠡᠯᠡᠬᠦ ᠠᠵᠢᠯ ᠳᠤ ᠢᠳᠡᠪᠬᠢᠲᠡᠢ | ᠣᠷᠣᠯᠴᠠᠭᠤᠯᠵᠤ᠂ ᠵᠠᠰᠠᠭ ᠤᠨ ᠣᠷᠳᠣᠨ᠂ ᠨᠡᠶᠢᠭᠡᠮ ᠪᠠ ᠣᠯᠠᠨ ᠲᠦᠮᠡᠨ ᠳᠤ ᠨᠡᠩ ᠰᠠᠶᠢᠲᠤᠷ ᠦᠢᠯᠡᠴᠢᠯᠡᠭᠦᠯᠪᠡ᠃ | ᠬᠤᠶᠠᠷ᠂ ᠵᠠᠰᠠᠭ ᠤᠨ ᠣᠷᠳᠣᠨ ᠤ ᠮᠡᠳᠡᠭᠡᠯᠡᠯ ᠢ ᠰᠠᠨᠠᠭᠠᠴᠢᠯᠠᠭ᠎ᠠ ᠠᠴᠠ ᠪᠠᠨ ᠢᠯᠠ ᠲᠣᠳᠣ ᠪᠣᠯᠭᠠᠬᠰᠠᠨ | ᠪᠠᠶᠢᠳᠠᠯ | ᠭᠤᠷᠪᠠ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠡᠷᠭᠦᠳᠡᠯ ᠢ | ᠭᠥᠯᠢᠶᠡᠨ ᠠᠪᠴᠤ᠂ ᠰᠢᠢᠳᠪᠦᠷᠢᠯᠡᠭᠰᠡᠨ ᠪᠠᠶᠢᠳᠠᠯ | ᠳᠥᠷᠪᠡ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠵᠠᠰᠠᠭ | ᠵᠠᠬᠢᠷᠭᠠᠨ ᠢᠶᠠᠷ ᠳᠠᠭᠢᠨ ᠵᠥᠪᠯᠡᠭᠰᠡᠨ ᠪᠣᠯᠣᠨ ᠵᠠᠰᠠᠭ ᠵᠠᠬᠢᠷᠭᠠᠨ ᠤ ᠵᠠᠷᠭᠤ ᠶᠢᠨ ᠪᠠᠶᠢᠳᠠᠯ | ᠲᠠᠪᠤ᠂ ᠣᠷᠣᠰᠢᠵᠤ ᠪᠠᠶᠢᠭ᠎ᠠ ᠭᠤᠣᠯ ᠠᠰᠠᠭᠤᠳᠠᠯ ᠵᠢᠴᠢ ᠰᠠᠶᠢᠵᠢᠷᠠᠭᠤᠯᠤᠭᠰᠠᠨ ᠪᠠᠶᠢᠳᠠᠯ | 2024 ᠣᠨ ᠳᠤ ᠠᠵᠤ ᠦᠢᠯᠡᠳᠪᠦᠷᠢ᠂ ᠮᠡᠳᠡᠭᠡ ᠵᠠᠩᠭᠢᠵᠢᠯᠲᠠ ᠶᠢᠨ ᠵᠠᠰᠠᠭ ᠤᠨ ᠶᠠᠪᠤᠳᠠᠯ ᠤᠨ ᠨᠡᠭᠡᠭᠡᠯᠲᠡ | ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠠᠵᠢᠯ ᠵᠣᠬᠢᠬᠤ ᠦᠷ᠎ᠡ ᠪᠦᠲᠦᠮᠵᠢ ᠣᠯᠣᠭᠰᠠᠨ ᠪᠤᠯᠪᠠᠴᠤ᠂ | ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠭᠡᠯᠪᠡᠷᠢ ᠳᠠᠩ ᠴᠤᠯᠭᠤᠢ᠂ ᠡᠷᠴᠢᠮ ᠰᠤᠯᠠ᠂ ᠢᠯᠠ ᠲᠣᠳᠣ ᠪᠣᠯᠭᠠᠬᠤ | ᠲᠠᠪᠴᠠᠩ ᠤᠨ ᠠᠵᠢᠯᠯᠠᠭ᠎ᠠ ᠶᠢ ᠬᠠᠮᠠᠭᠠᠯᠠᠬᠤ ᠳᠦᠷᠢᠮ ᠢ ᠬᠡᠷᠡᠭᠵᠢᠭᠦᠯᠦᠭᠰᠡᠨ ᠨᠢ ᠪᠣᠳᠠᠲᠠᠢ ᠪᠢᠰᠢ᠂ ᠠᠵᠢᠯᠲᠠᠨ ᠤ | ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠭᠦ ᠴᠢᠬᠤᠯᠠᠲᠠᠢ ᠵᠡᠷᠭᠡ ᠠᠰᠠᠭᠤᠳᠠᠯ ᠮᠥᠨ ᠯᠡ ᠣᠷᠣᠰᠢᠵᠤ | ᠪᠤᠢ᠃ ᠳᠡᠭᠡᠷᠡᠬᠢ ᠠᠰᠠᠭᠤᠳᠠᠯ ᠢ 2025 ᠣᠨ ᠤ ᠠᠵᠢᠯ ᠤᠨ ᠳᠤᠮᠳᠠ ᠦᠷᠭᠦᠯᠵᠢᠯᠡᠨ ᠰᠠᠶᠢᠵᠢᠷᠠᠭᠤᠯᠤᠨ᠎ᠠ᠂ | ᠪᠣᠳᠠᠲᠠᠢ ᠠᠷᠭ᠎ᠠ ᠬᠡᠮᠵᠢᠶ᠎ᠡ ᠨᠢ ᠳᠠᠷᠠᠭᠠᠬᠢ ᠬᠡᠳᠦᠨ ᠲᠠᠯ᠎ᠠ ᠪᠠᠷ᠄ | ᠨᠢᠭᠡ ᠳᠤ᠂ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ ᠶᠢᠨ ᠬᠠᠷᠢᠭᠤ ᠣᠯᠭᠤᠬᠤ ᠠᠵᠢᠯ ᠢ | ᠴᠢᠩᠭᠠᠳᠬᠠᠨ᠎ᠠ᠃ ᠭᠤᠣᠯ ᠬᠠᠷᠢᠭᠤᠴᠠᠯᠭᠠᠲᠠᠨ ᠤ ︽ᠨᠢᠭᠡᠳᠦᠭᠡᠷ ᠲᠠᠶᠢᠯᠪᠤᠷᠢᠯᠠᠬᠤ ᠬᠥᠮᠥᠨ︾ ᠨᠢ ᠡᠭᠦᠷᠭᠡ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠠᠶᠢᠯᠪᠤᠷᠢᠯᠠᠬᠤ ᠤᠯᠠᠮᠵᠢᠯᠠᠨ ᠲᠠᠷᠬᠠᠭᠠᠬᠤ ᠭᠡᠯᠪᠡᠷᠢ ᠶᠢᠨ ᠰᠢᠨ᠎ᠡ ᠶᠢ | ᠡᠭᠦᠳᠦᠨ᠂ ᠪᠣᠳᠠᠲᠤ ᠪᠠᠶᠢᠳᠠᠯ ᠢ ᠦᠨᠳᠦᠰᠦᠯᠡᠨ ᠵᠢᠷᠤᠭᠲᠤ ᠬᠦᠰᠦᠨᠦᠭᠲᠦ ᠶᠢᠨ ᠵᠢᠷᠤᠭᠲᠤ ᠲᠠᠶᠢᠯᠪᠤᠷᠢ᠂ ᠬᠡᠷᠡᠭ ᠤᠨ | ᠵᠢᠱᠢᠶ᠎ᠡ ᠶᠢᠨ ᠲᠣᠳᠣᠷᠬᠠᠶᠢᠯᠠᠯ ᠵᠡᠷᠭᠡ ᠠᠷᠭ᠎ᠠ ᠮᠠᠶ᠋ᠢᠭ ᠢ ᠬᠡᠷᠡᠭᠯᠡᠨ ᠲᠠᠶᠢᠯᠪᠤᠷᠢᠯᠠᠬᠤ ᠠᠵᠢᠯ ᠥᠷᠨᠢᠭᠦᠯᠵᠦ᠂ | ᠣᠯᠣᠯᠴᠠᠭ᠎ᠠ ᠪᠠᠨ ᠨᠡᠮᠡᠭᠳᠡᠭᠦᠯᠦᠨ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠬᠤ ᠬᠡᠷᠡᠭᠲᠡᠢ᠃ ᠰᠠᠷ᠎ᠠ ᠪᠦᠷᠢ ᠣᠯᠠᠨ | ᠲᠦᠮᠡᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠢ ᠸᠢᠴᠠᠲ ᠤᠨ ᠲᠠᠪᠴᠠᠩ ᠢᠶᠠᠷ ᠳᠠᠮᠵᠢᠭᠤᠯᠤᠨ | ᠲᠥᠪᠯᠡᠷᠡᠩᠭᠦᠢ ᠲᠠᠶᠢᠯᠪᠤᠷᠢᠯᠠᠵᠤ ᠬᠦᠷᠭᠡᠵᠡᠢ᠃ | ᠬᠤᠶᠠᠷ ᠲᠤ ᠢᠯᠠ ᠲᠣᠳᠣ ᠪᠣᠯᠭᠠᠬᠤ ᠲᠠᠪᠴᠠᠩ ᠢ ᠵᠢᠷᠤᠮᠵᠢᠭᠤᠯᠤᠨ ᠪᠠᠶᠢᠭᠤᠯᠬᠤ ᠶᠢ ᠠᠬᠢᠭᠤᠯᠤᠨ᠎ᠠ᠃ | ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠶᠢ ᠪᠠᠷᠢᠮᠵᠢᠶᠠᠵᠢᠭᠤᠯᠬᠤ ᠪᠠ | ᠵᠢᠷᠤᠮᠵᠢᠭᠤᠯᠬᠤ ᠲᠤᠷᠰᠢᠯᠲᠠ ᠶᠢᠨ ᠨᠢᠭᠡᠴᠢ ᠶᠢᠨ ᠪᠠᠶᠢᠭᠤᠯᠤᠯᠲᠠ ᠪᠠᠷ ᠲᠣᠭᠢᠶᠠᠯ ᠪᠣᠯᠭᠠᠨ᠂ ᠵᠠᠰᠠᠭ ᠤᠨ ᠶᠠᠪᠤᠳᠠᠯ ᠢ | ᠢᠯᠠ ᠲᠣᠳᠣ ᠪᠠᠶᠢᠯᠭᠠᠬᠤ ᠪᠦᠷᠢᠨ ᠲᠥᠬᠦᠷ ᠠᠵᠢᠯ ᠤᠨ ᠴᠤᠪᠤᠷᠠᠯ ᠢ ᠦᠷᠭᠦᠯᠵᠢᠯᠡᠨ ᠵᠢᠷᠤᠮᠵᠢᠭᠤᠯᠵᠤ᠂ ᠨᠡᠶᠢᠲᠡᠯᠡᠬᠦ᠂ | ᠲᠠᠶᠢᠯᠪᠤᠷᠢᠯᠠᠬᠤ᠂ ᠬᠠᠷᠢᠭᠤ ᠣᠯᠭᠤᠬᠤ ᠶᠢ ᠡᠮᠬᠢ ᠵᠢᠷᠤᠮ ᠲᠠᠢ ᠵᠣᠯᠭᠠᠭᠤᠯᠬᠤ ᠠᠵᠢᠯ ᠤᠨ ᠪᠠᠶᠢᠷᠢᠰᠢᠯ ᠢ ᠴᠣᠭᠴᠠᠯᠠᠨ᠂ | ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠲᠠᠪᠴᠠᠩ ᠤᠨ ᠵᠢᠷᠤᠮᠵᠢᠭᠤᠯᠬᠤ ᠶᠢ ᠠᠬᠢᠭᠤᠯᠤᠨ᠎ᠠ᠃ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠢᠩᠬᠢᠮ᠂ ᠠᠷᠠᠳ ᠲᠤ ᠳᠥᠭᠦᠮ ᠦᠵᠡᠭᠦᠯᠭᠦ ᠦᠢᠯᠡᠴᠢᠯᠡᠭᠡᠨ ᠤ ᠲᠥᠪ ᠵᠡᠷᠭᠡ | ᠭᠠᠵᠠᠷ ᠲᠠᠯᠠᠪᠤᠷ ᠲᠤ ᠲᠡᠮᠳᠡᠭ ᠨᠢ ᠲᠣᠳᠣᠷᠬᠠᠢ᠂ ᠬᠡᠷᠡᠭᠯᠡᠬᠦ ᠳᠤ ᠳᠥᠭᠦᠮ ᠢᠯᠠ ᠲᠣᠳᠣ ᠪᠣᠯᠭᠠᠬᠤ ᠲᠤᠰᠬᠠᠢ | ᠲᠣᠭᠤᠷᠢᠭ ᠪᠠᠶᠢᠭᠤᠯᠵᠤ᠂ ᠮᠡᠳᠡᠭᠡᠯᠡᠯ ᠤᠨ ᠪᠠᠶᠢᠴᠠᠭᠠᠨ ᠯᠠᠪᠯᠠᠬᠤ᠂ ᠢᠯᠡ ᠭᠤᠶᠤᠴᠢᠯᠠᠬᠤ᠂ ᠬᠡᠷᠡᠭ ᠡᠷᠭᠢᠯᠡᠭᠦᠭᠦ | ᠯᠠᠪᠯᠠᠯᠭ᠎ᠠ ᠣᠯᠭᠤᠬᠤ ᠬᠠᠷᠢᠭᠤᠯᠲᠠ ᠣᠯᠭᠤᠬᠤ ᠵᠡᠷᠭᠡ ᠦᠢᠯᠡᠴᠢᠯᠡᠭᠡᠨ ᠬᠠᠩᠭᠠᠬᠤ ᠬᠡᠷᠡᠭᠲᠡᠢ᠃ | ᠭᠤᠷᠪᠠ ᠳᠤ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯᠲᠠᠨ ᠤ ᠲᠤᠬᠠᠶᠢᠯᠠᠭᠰᠠᠨ ᠠᠵᠢᠯ ᠤᠨ | ᠴᠢᠳᠠᠪᠤᠷᠢ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠠᠵᠢᠯᠲᠠᠨ ᠲᠣᠮᠢᠯᠠᠨ ᠵᠠᠰᠠᠭ ᠤᠨ ᠶᠠᠪᠤᠳᠠᠯ ᠢ ᠢᠯᠠ ᠲᠣᠳᠣ | ᠪᠠᠶᠢᠯᠭᠠᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠳᠤ ᠣᠷᠣᠯᠴᠠᠭᠤᠯᠵᠤ᠂ ᠲᠣᠭᠲᠠᠮᠠᠯ | ᠬᠤᠭᠤᠴᠠᠭ᠎ᠠ ᠲᠠᠢ ᠪᠠᠷ ᠰᠤᠷᠤᠯᠴᠠᠬᠤ ᠪᠠ ᠰᠢᠯᠭᠠᠯᠲᠠ ᠶᠢ ᠵᠣᠬᠢᠶᠠᠨ ᠪᠠᠶᠢᠭᠤᠯᠵᠤ᠂ ᠪᠣᠳᠠᠲᠠᠢ ᠳᠤ ᠣᠶᠢᠷᠠᠲᠤᠭᠤᠯᠬᠤ | ᠪᠣᠳᠠᠲᠠᠢ ᠰᠣᠷᠢᠯᠲᠠ ᠶᠢᠨ ᠰᠣᠷᠢᠯᠲᠠ ᠶᠢ ᠵᠣᠬᠢᠶᠠᠨ ᠪᠠᠶᠢᠭᠤᠯᠤᠨ᠂ ᠠᠵᠢᠯᠲᠠᠳ ᠤᠨ ᠵᠠᠰᠠᠭ ᠤᠨ ᠶᠠᠪᠤᠳᠠᠯ ᠢ ᠢᠯᠠ | ᠲᠣᠳᠣ ᠪᠠᠶᠢᠯᠭᠠᠬᠤ ᠨᠠᠷᠢᠨ ᠪᠤᠳᠤᠯᠢᠶᠠᠨᠲᠠᠢ ᠠᠵᠢᠯ ᠢ ᠠᠷᠭᠠᠴᠠᠭᠠᠬᠤ ᠴᠢᠳᠠᠪᠤᠷᠢ ᠶᠢ ᠲᠠᠰᠤᠷᠠᠯᠲᠠ ᠦᠭᠡᠢ | ᠳᠡᠭᠡᠭᠰᠢᠯᠡᠭᠦᠯᠦᠨ᠎ᠡ᠃ | ᠵᠢᠷᠭᠤᠭ᠎ᠠ᠂ ᠪᠤᠰᠤᠳ ᠮᠡᠳᠡᠭᠡᠯᠡᠬᠦ ᠱᠠᠭᠠᠷᠳᠠᠯᠭ᠎ᠠ ᠲᠠᠢ ᠠᠰᠠᠭᠤᠳᠠᠯ | 2024 ᠣᠨ ᠳᠤ ᠮᠡᠳᠡᠭᠡᠯᠡᠯ ᠢ ᠨᠡᠭᠡᠭᠡᠯᠲᠡ ᠲᠠᠢ ᠪᠣᠯᠭᠠᠬᠤ ᠲᠠᠢ ᠬᠤᠯᠪᠣᠭᠳᠠᠬᠤ ᠬᠤᠷᠢᠶᠠᠮᠵᠢ ᠠᠪᠤᠭ᠎ᠠ | ᠦᠭᠡᠢ᠃ | | |