| ᠲᠤᠰ ᠣᠨ ᠤ ᠮᠡᠳᠡᠭᠦᠯᠦᠯᠲᠡ ᠶᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ | ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠳᠦᠷᠢᠮ︾᠂ ︽ᠲᠥᠷᠥ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ᠤᠨ ᠮᠡᠳᠡᠭᠡᠯᠡᠯ ᠬᠢᠭᠡᠳ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠤᠨ ᠠᠯᠪᠠᠨ | ᠭᠡᠷ ᠤᠨ ᠬᠡᠪᠯᠡᠨ ᠲᠠᠷᠬᠠᠭᠠᠬᠤ ᠲᠤᠬᠠᠢ ᠮᠡᠳᠡᠭᠳᠡᠯ︾ ︵ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠵᠠᠬᠢᠳᠠᠯ ﹇ | 2011﹈ 30 ᠳ᠋ᠤᠭᠠᠷ ᠲᠣᠭᠠᠲᠤ︶ ᠶᠢ ᠦᠨᠳᠦᠰᠦᠯᠡᠨ ᠲᠤᠭᠤᠷᠪᠢᠪᠠ᠃ ᠪᠦᠭᠦ ᠠᠭᠤᠯᠭ᠎ᠠ ᠳᠤ ᠠᠯᠠᠱᠠ ᠵᠡᠭᠦᠨ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠵᠠᠰᠠᠭ ᠤᠨ ᠣᠷᠳᠣᠨ ᠤ ᠨᠡᠭᠡᠭᠡᠯᠲᠡ ᠲᠠᠢ | ᠮᠡᠳᠡᠭᠡᠯᠡᠯ ᠢ ᠢᠯᠠ ᠲᠣᠳᠣ ᠭᠠᠷᠭᠠᠭᠰᠠᠨ ᠶᠡᠷᠦᠩᠬᠡᠢ ᠪᠠᠶᠢᠳᠠᠯ᠂ ᠵᠠᠰᠠᠭ ᠤᠨ ᠣᠷᠳᠣᠨ ᠤ ᠮᠡᠳᠡᠭᠡᠯᠡᠯ ᠢ | ᠰᠠᠨᠠᠭᠠᠴᠢᠯᠠᠭ᠎ᠠ ᠲᠠᠢ ᠪᠠᠷ ᠢᠯᠠ ᠲᠣᠳᠣ ᠪᠣᠯᠭᠠᠵᠤ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ | ᠲᠣᠳᠣ ᠪᠠᠶᠢᠯᠭᠠᠬᠤ ᠡᠷᠭᠦᠳᠡᠯ ᠢ ᠭᠥᠯᠢᠶᠡᠨ ᠠᠪᠴᠤ᠂ ᠰᠢᠢᠳᠪᠦᠷᠢᠯᠡᠭᠰᠡᠨ ᠪᠠᠶᠢᠳᠠᠯ᠂ ᠵᠠᠰᠠᠭ ᠤᠨ ᠣᠷᠳᠣᠨ ᠤ | ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠵᠠᠰᠠᠭ ᠵᠠᠬᠢᠷᠭᠠᠨ ᠤ ᠳᠠᠭᠢᠨ ᠵᠥᠪᠯᠡᠭᠰᠡᠨ ᠪᠣᠯᠣᠨ ᠵᠠᠰᠠᠭ | ᠵᠠᠬᠢᠷᠭᠠᠨ ᠤ ᠵᠠᠷᠭᠤ ᠶᠢᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠬᠠᠯᠠᠨ ᠰᠠᠶᠢᠵᠢᠷᠠᠭᠤᠯᠤᠭᠰᠠᠨ ᠪᠠᠶᠢᠳᠠᠯ | ᠂ ᠪᠤᠰᠤᠳ ᠮᠡᠳᠡᠭᠡᠯᠡᠬᠦ ᠱᠠᠭᠠᠷᠳᠠᠯᠭ᠎ᠠ ᠲᠠᠢ ᠠᠰᠠᠭᠤᠳᠠᠯ ᠢ ᠪᠠᠭᠲᠠᠭᠠᠨ᠎ᠠ᠃ ᠲᠤᠰ ᠮᠡᠳᠡᠭᠦᠯᠦᠯᠲᠡ ᠳᠤ ᠭᠠᠷᠭᠠᠭᠰᠠᠨ | ᠲᠤᠭ᠎ᠠ ᠪᠠᠷᠢᠮᠲᠠ ᠶᠢ ᠪᠦᠷᠢᠳᠬᠡᠬᠦ ᠬᠤᠭᠤᠴᠠᠭ᠎ᠠ ᠨᠢ 2024 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ | ᠡᠬᠢᠯᠡᠵᠦ᠂ 2024 ᠣᠨ ᠤ 12 ᠳ᠋ᠤᠭᠠᠷ ᠰᠠᠷ᠎ᠠ ᠶᠢᠨ 31 ᠤ ᠡᠳᠦᠷ ᠭᠦᠷᠦᠨ᠎ᠡ᠃ ᠲᠤᠰ ᠵᠢᠯ ᠤᠨ | ᠮᠡᠳᠡᠭᠦᠯᠦᠯᠲᠡ ᠶᠢᠨ ᠴᠠᠬᠢᠮ ᠬᠤᠪᠢᠯᠪᠤᠷᠢ ᠶᠢ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ | ᠫᠤᠷᠲ᠋ᠧᠯ ᠰᠦᠯᠵᠢᠶ᠎ᠡ ︵http : / / www . alszq . gov . cn︶ ᠠᠴᠠ ᠲᠠᠲᠠᠵᠤ ᠠᠪᠬᠤ | ᠪᠣᠯᠣᠮᠵᠢ ᠲᠠᠢ᠃ ᠬᠡᠷᠪᠡ ᠮᠠᠳᠠᠭ ᠲᠠᠢ ᠪᠣᠯ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠭᠡᠷ ᠤᠨ ᠴᠠᠬᠢᠮ ᠵᠠᠰᠠᠭ ᠤᠨ ᠶᠠᠪᠤᠳᠠᠯ ᠤᠨ ᠲᠥᠪ ᠲᠠᠢ ᠬᠠᠷᠢᠯᠴᠠᠭᠠᠷᠠᠢ ︵ᠬᠠᠶ᠋ᠢᠭ᠄ ᠠᠯᠠᠱᠠ ᠵᠡᠭᠦᠨ | ᠬᠤᠰᠢᠭᠤᠨ ᠤ ᠨᠠᠮ ᠵᠠᠰᠠᠭ ᠤᠨ ᠶᠡᠭᠡ ᠠᠰᠠᠷ ᠤᠨ ᠨᠢᠭᠡᠳᠦᠭᠡᠷ ᠠᠰᠠᠷ ᠤᠨ 106 ᠲᠠᠰᠤᠭ᠂ ᠤᠲᠠᠰᠤ᠄ 0483 - | 8118︶᠃ | ᠨᠢᠭᠡ᠂ ᠲᠣᠶᠢᠮᠣ ᠪᠠᠶᠢᠳᠠᠯ | 2024 ᠣᠨ ᠳᠤ᠂ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ ᠤᠨ ᠨᠡᠭᠡᠭᠡᠯᠲᠡ ᠲᠠᠢ ᠮᠡᠳᠡᠭᠡᠯᠡᠯ ᠢ | ᠢᠯᠠ ᠲᠣᠳᠣ ᠪᠠᠶᠢᠯᠭᠠᠬᠤ ᠠᠵᠢᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠵᠢᠴᠢ ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ | ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠤᠱᠯᠠᠭᠤᠯᠵᠤ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠳᠦᠷᠢᠮ︾ ᠢ | ᠴᠢᠩᠭ᠎ᠠ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ | ᠠᠵᠢᠯ ᠤᠨ ᠲᠤᠬᠠᠢ ᠶᠡᠷᠦᠩᠬᠡᠢ ᠱᠠᠭᠠᠷᠳᠠᠯᠭ᠎ᠠ ᠶᠣᠰᠣᠭᠠᠷ᠂ ᠭᠤᠣᠯᠳᠠᠯᠭ᠎ᠠ ᠲᠠᠢ ᠤᠶᠠᠯᠳᠤᠭᠤᠯᠤᠨ᠂ ᠶᠡᠭᠡ ᠲᠠᠯ᠎ᠠ ᠳᠤ | ᠦᠢᠯᠡᠴᠢᠯᠡᠵᠦ᠂ ᠠᠵᠢᠯ ᠤᠨ ᠰᠡᠳᠬᠢᠮᠵᠢ ᠪᠠᠨ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠠᠵᠢᠯ ᠤᠨ ᠠᠷᠭ᠎ᠠ | ᠠᠪᠴᠠᠯ ᠳᠠᠭᠠᠨ ᠰᠢᠨ᠎ᠡ ᠶᠢ ᠡᠭᠦᠳᠴᠦ᠂ ᠠᠵᠢᠯ ᠤᠨ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠵᠠᠰᠠᠭ ᠤᠨ | ᠶᠠᠪᠤᠳᠠᠯ ᠢ ᠢᠯᠠ ᠲᠣᠳᠣ ᠪᠠᠶᠢᠯᠭᠠᠬᠤ ᠳᠦᠷᠢᠮᠵᠢᠭᠦᠯᠬᠦ ᠶᠢ ᠪᠠᠶᠢᠩᠭᠤ ᠶᠢᠨ ᠠᠵᠢᠯᠯᠠᠭᠠᠨ ᠢ ᠪᠦᠭᠦ ᠬᠦᠴᠦᠨ ᠢᠶᠠᠷ | ᠠᠬᠢᠭᠤᠯᠵᠤ᠂ ᠰᠠᠶᠢᠨ ᠦᠷ᠎ᠡ ᠪᠦᠲᠦᠮᠵᠢ ᠣᠯᠪᠠ᠃ | ︵ᠨᠢᠭᠡ︶ ᠰᠠᠨᠠᠭᠠᠴᠢᠯᠠᠭ᠎ᠠ ᠠᠴᠠ ᠪᠠᠨ ᠢᠯᠠ ᠲᠣᠳᠣ ᠪᠣᠯᠭᠠᠭᠰᠠᠨ ᠪᠠᠶᠢᠳᠠᠯ | 2024 ᠣᠨ ᠳᠤ᠂ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ ᠨᠢ ᠵᠠᠰᠠᠭ ᠤᠨ ᠣᠷᠳᠣᠨ ᠤ | ᠰᠦᠯᠵᠢᠶᠡᠨ ᠤ ᠥᠷᠲᠡᠭᠡ ᠶᠢᠨ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠪᠤᠯᠤᠩ ᠢᠶᠠᠷ ᠳᠠᠮᠵᠢᠨ | ᠪᠠᠶᠢᠭᠤᠯᠤᠮᠵᠢ ᠶᠢᠨ ᠡᠭᠦᠷᠭᠡ ᠴᠢᠳᠠᠪᠬᠢ᠂ ᠤᠳᠤᠷᠢᠳᠤᠯᠭ᠎ᠠ ᠶᠢᠨ ᠠᠵᠢᠯ ᠤᠨ ᠬᠤᠪᠢᠶᠠᠷᠢᠯᠠᠯ᠂ ᠡᠳ᠋ ᠤᠨ ᠵᠠᠰᠠᠭ ᠤᠨ | ᠲᠥᠰᠥᠪ᠂ ᠲᠥᠰᠥᠪ ᠤᠨ ᠭᠦᠢᠴᠡᠳᠬᠡᠯ ᠤᠨ ᠮᠡᠳᠡᠭᠡᠯᠡᠯ ᠢ ᠴᠠᠭ ᠲᠤᠬᠠᠢ ᠳᠤᠨᠢ ᠰᠢᠨᠡᠳᠬᠡᠨ ᠲᠡᠭᠦᠯᠳᠡᠷᠵᠢᠭᠦᠯᠵᠦ᠂ | ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠪᠦᠷᠢᠳᠬᠡᠯ ᠵᠡᠷᠭᠡ ᠮᠡᠳᠡᠭᠡᠯᠡᠯ ᠢ ᠢᠯᠠ ᠲᠣᠳᠣ ᠪᠣᠯᠭᠠᠵᠤ᠂ | ᠢᠯᠠ ᠲᠣᠳᠣ ᠪᠣᠯᠭᠠᠬᠤ ᠶᠢ ᠭᠦᠢᠴᠡᠳ ᠢᠯᠠ ᠲᠣᠳᠣ ᠪᠣᠯᠭᠠᠬᠤ ᠶᠢ ᠦᠨᠡᠨᠬᠦ ᠪᠡᠶᠡᠯᠡᠭᠦᠯᠵᠦ᠂ ᠠᠷᠠᠳ ᠢᠷᠭᠡᠨ᠂ | ᠬᠠᠤᠯᠢ ᠶᠢᠨ ᠡᠷᠬᠡᠲᠡᠨ ᠪᠣᠯᠣᠨ ᠪᠤᠰᠤᠳ ᠵᠣᠬᠢᠶᠠᠨ ᠪᠠᠶᠢᠭᠤᠯᠤᠯᠲᠠ ᠶᠢᠨ ᠪᠠᠶᠢᠳᠠᠯ ᠢ ᠮᠡᠳᠡᠬᠦ ᠡᠷᠬᠡ ᠶᠢ ᠭᠦᠢᠴᠡᠳ | ᠪᠠᠲᠤᠯᠠᠪᠠ᠃ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ ᠤᠨ 2024 ᠣᠨ ᠤ ᠲᠥᠰᠥᠪ ᠵᠢᠴᠢ ︽ᠠᠯᠪᠠᠨ ᠤ | ᠭᠤᠷᠪᠠᠨ ᠵᠠᠷᠤᠳᠠᠯ︾᠂ 2024 ᠣᠨ ᠤ ᠲᠥᠰᠥᠪ ᠤᠨ ᠭᠦᠢᠴᠡᠳᠬᠡᠯ ᠤᠨ ᠮᠡᠳᠡᠭᠡᠯᠡᠯ ᠢ ᠴᠠᠭ ᠲᠤᠬᠠᠢ ᠳᠤᠨᠢ | ᠨᠡᠭᠡᠭᠡᠯᠲᠡ ᠲᠠᠢ ᠪᠣᠯᠭᠠᠨ᠎ᠠ᠃ ᠣᠯᠠᠨ ᠨᠡᠶᠢᠲᠡ ᠶᠢᠨ ᠠᠰᠢᠭ ᠲᠤᠰᠠ᠂ ᠣᠯᠠᠨ ᠨᠡᠶᠢᠲᠡ ᠶᠢᠨ ᠡᠷᠬᠡ ᠠᠰᠢᠭ ᠪᠠ | ᠨᠡᠶᠢᠭᠡᠮ ᠤᠨ ᠥᠷᠭᠡᠨ ᠢᠶᠠᠷ ᠠᠩᠬᠠᠷᠴᠤ ᠪᠠᠶᠢᠭ᠎ᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠳᠤ ᠬᠠᠷᠢᠭᠤ ᠣᠯᠭᠤᠬᠤ | ᠪᠢᠴᠢᠭ ᠶᠠᠪᠤᠭᠤᠯᠬᠤ ᠳᠤ ᠬᠤᠯᠪᠣᠭᠳᠠᠬᠤ ᠪᠦᠭᠦ ᠵᠢᠯ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ 15 | ᠬᠤᠪᠢ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ 30 ᠬᠤᠪᠢ ᠶᠢ ᠨᠡᠭᠡᠭᠡᠯᠲᠡ ᠲᠠᠢ ᠭᠦᠢᠴᠡᠳᠬᠡᠪᠡ᠃ | ︵ᠬᠤᠶᠠᠷ︶ ᠡᠷᠭᠦᠳᠡᠯ ᠤᠨ ᠳᠠᠭᠠᠤ ᠢᠯᠠ ᠲᠣᠳᠣ ᠪᠣᠯᠭᠠᠭᠰᠠᠨ ᠲᠤᠬᠠᠢ | ᠡᠷᠭᠦᠳᠡᠯ ᠢ ᠢᠯᠠ ᠲᠣᠳᠣ ᠪᠣᠯᠭᠠᠬᠤ ᠠᠵᠢᠯ ᠢ ᠤᠯᠠᠮ ᠵᠢᠷᠤᠮᠵᠢᠭᠤᠯᠵᠤ᠂ ᠭᠥᠯᠢᠶᠡᠨ ᠠᠪᠴᠤ | ᠰᠢᠢᠳᠪᠦᠷᠢᠯᠡᠬᠦ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠦᠨ᠂ ᠠᠵᠢᠯ ᠤᠨ ᠵᠢᠷᠤᠮᠵᠢᠯ ᠢ ᠪᠦᠷᠢᠨᠰᠢᠭᠦᠯᠦᠨ | ᠲᠡᠭᠦᠯᠳᠡᠷᠵᠢᠭᠦᠯᠵᠦ᠂ ᠭᠥᠯᠢᠶᠡᠨ ᠠᠪᠴᠤ ᠳᠠᠩᠰᠠᠯᠠᠬᠤ᠂ ᠭᠦᠢᠴᠡᠳᠬᠡᠵᠦ ᠣᠯᠭᠤᠬᠤ᠂ ᠪᠠᠶᠢᠴᠠᠭᠠᠬᠤ᠂ ᠬᠠᠷᠢᠭᠤᠯᠲᠠ | ᠣᠯᠭᠤᠬᠤ ᠵᠡᠷᠭᠡ ᠡᠯ᠎ᠡ ᠵᠠᠩᠭᠢᠯᠠᠭ᠎ᠠ ᠶᠢᠨ ᠠᠵᠢᠯ ᠤᠨ ᠪᠠᠷᠢᠮᠵᠢᠶ᠎ᠠ ᠪᠣᠯᠣᠨ ᠬᠠᠷᠢᠭᠤᠴᠠᠯᠭ᠎ᠠ ᠶᠢ ᠲᠣᠳᠣᠷᠬᠠᠶᠢᠯᠠᠬᠤ | ᠬᠡᠷᠡᠭᠲᠡᠢ᠃ 2024 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠤᠯᠲᠠᠯ᠎ᠠ᠂ ᠵᠠᠰᠠᠭ ᠤᠨ ᠣᠷᠳᠣᠨ ᠤ | ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠡᠷᠭᠦᠳᠡᠯ ᠢ ᠨᠡᠶᠢᠲᠡ 4 ᠵᠤᠷᠪᠤᠰ ᠭᠥᠯᠢᠶᠡᠨ ᠠᠪᠴᠤ᠂ | ᠨᠢᠭᠡᠨᠲᠡ 4 ᠵᠤᠷᠪᠤᠰ ᠢ ᠰᠢᠢᠳᠪᠦᠷᠢᠯᠡᠵᠦ ᠳᠠᠭᠤᠰᠬᠠᠪᠠ᠂ ᠰᠢᠢᠳᠪᠦᠷᠢᠯᠡᠭᠡ ᠦᠭᠡᠢ ᠡᠷᠭᠦᠳᠡᠯ ᠪᠠᠶᠢᠬᠤ ᠦᠭᠡᠶ᠃ | ︵ᠭᠤᠷᠪᠠ︶ ᠵᠠᠰᠠᠭ ᠤᠨ ᠣᠷᠳᠣᠨ ᠤ ᠮᠡᠳᠡᠭᠡᠯᠡᠯ ᠤᠨ ᠬᠠᠮᠢᠶᠠᠷᠤᠯᠲᠠ ᠶᠢᠨ ᠲᠤᠬᠠᠢ | ︽2023 ᠣᠨ ᠤ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠤᠨ ᠭᠤᠣᠯᠳᠠᠯᠭ᠎ᠠ ᠶᠢ | ᠬᠡᠪᠯᠡᠨ ᠲᠠᠷᠬᠠᠭᠠᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ᠪᠣᠯᠣᠨ ︽ | 2022 ᠣᠨ ᠤ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠤᠨ ᠭᠤᠣᠯᠳᠠᠯᠭ᠎ᠠ ᠶᠢ ᠬᠡᠪᠯᠡᠨ | ᠲᠠᠷᠬᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠢ ᠢᠯᠠ ᠲᠣᠳᠣ | ᠪᠠᠶᠢᠯᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠮᠡᠳᠡᠭᠳᠡᠯ︾ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ | ᠠᠵᠢᠯ ᠤᠨ ᠪᠠᠶᠢᠷᠢᠯᠠᠭᠤᠯᠤᠯᠲᠠ ᠪᠠᠨ ᠲᠠᠰᠤᠷᠠᠯᠲᠠ ᠤᠶᠢᠭᠡᠢ ᠨᠠᠷᠢᠯᠢᠭᠵᠢᠭᠤᠯᠵᠤ᠂ ᠲᠥᠷᠥ ᠶᠢᠨ ᠪᠣᠳᠣᠯᠭ᠎ᠠ ᠶᠢ | ᠲᠠᠶᠢᠯᠪᠤᠷᠢᠯᠠᠬᠤ ᠠᠵᠢᠯ ᠢ ᠵᠢᠷᠤᠮᠵᠢᠭᠤᠯᠤᠨ᠂ ᠲᠠᠶᠢᠯᠪᠤᠷᠢᠯᠠᠬᠤ ᠠᠭᠤᠯᠭ᠎ᠠ ᠪᠠ ᠭᠡᠯᠪᠡᠷᠢ ᠶᠢ ᠪᠠᠶᠠᠯᠢᠭᠵᠢᠭᠤᠯᠤᠨ᠂ | ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠪᠣᠯᠣᠨ ᠲᠠᠶᠢᠯᠪᠤᠷᠢᠯᠠᠬᠤ ᠶᠢ ᠨᠡᠶᠢᠲᠡᠯᠡᠵᠦ᠂ ᠣᠯᠠᠨ ᠲᠦᠮᠡᠨ ︽ | ᠣᠯᠵᠤ ᠬᠠᠷᠠᠬᠤ᠂ ᠣᠯᠵᠤ ᠰᠣᠨᠣᠰᠬᠤ᠂ ᠣᠯᠵᠤ ᠭᠦᠷᠲᠡᠭᠦ︾ ᠶᠢ ᠦᠨᠡᠨᠬᠦ ᠪᠠᠲᠤᠯᠠᠪᠠ᠃ | ︵ᠳᠥᠷᠪᠡ︶ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ | ᠲᠠᠪᠴᠠᠩ ᠤᠨ ᠪᠠᠶᠢᠭᠤᠯᠤᠯᠲᠠ ᠶᠢᠨ ᠲᠤᠬᠠᠢ | ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠪᠠᠷ ᠵᠠᠰᠠᠭ ᠤᠨ | ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠠᠵᠢᠯ ᠢ ᠶᠠᠪᠤᠭᠳᠠᠭᠤᠯᠵᠤ᠂ ᠨᠡᠭᠡᠭᠡᠯᠲᠡ ᠲᠠᠢ | ᠮᠡᠳᠡᠭᠡᠯᠡᠯ ᠢ ᠢᠯᠠ ᠲᠣᠳᠣ ᠪᠠᠶᠢᠯᠭᠠᠬᠤ ᠬᠡᠪᠰᠢᠭᠰᠡᠨ ᠬᠠᠮᠢᠶᠠᠷᠤᠯᠲᠠ ᠶᠢᠨ ᠲᠣᠭᠲᠠᠴᠠ ᠶᠢ ᠴᠠᠭ ᠲᠤᠬᠠᠢ ᠳᠤᠨᠢ | ᠲᠡᠭᠦᠯᠳᠡᠷᠵᠢᠭᠦᠯᠦᠨ᠂ ᠵᠠᠰᠠᠭ ᠤᠨ ᠶᠠᠪᠤᠳᠠᠯ ᠤᠨ ᠮᠡᠳᠡᠭᠡᠯᠡᠯ ᠢ ᠬᠢᠨᠠᠨ ᠬᠠᠷᠭᠤᠭᠤᠯᠬᠤ᠂ ᠨᠡᠶᠢᠲᠡᠯᠡᠬᠦ ᠪᠠ ᠢᠯᠠ ᠲᠣᠳᠣ | ᠪᠣᠯᠭᠠᠬᠤ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ | ᠲᠣᠳᠣ ᠪᠠᠶᠢᠯᠭᠠᠬᠤ᠂ ᠪᠢᠴᠢᠬᠦ᠂ ᠵᠠᠰᠠᠪᠤᠷᠢ ᠣᠷᠣᠭᠤᠯᠬᠤ᠂ ᠮᠡᠳᠡᠭᠦᠯᠦᠨ ᠬᠦᠷᠭᠡᠬᠦ᠂ ᠬᠢᠨᠠᠨ ᠬᠠᠷᠭᠤᠭᠤᠯᠬᠤ᠂ | ᠨᠡᠶᠢᠲᠡᠯᠡᠬᠦ ᠵᠡᠷᠭᠡ ᠶᠠᠪᠤᠴᠠ ᠶᠢ ᠰᠢᠯᠢᠳᠡᠭᠵᠢᠭᠦᠯᠵᠦ᠂ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ | ᠠᠭᠤᠯᠭ᠎ᠠ ᠶᠢᠨ ᠴᠢᠩᠭ᠎ᠠ ᠨᠢᠮᠪᠠᠢ ᠪᠦᠭᠦ ᠲᠠᠯ᠎ᠠ ᠪᠠᠷ ᠪᠠᠶᠢᠬᠤ ᠶᠢ ᠦᠨᠡᠨᠬᠦ ᠪᠠᠲᠤᠯᠠᠵᠤ᠂ ᠦᠭᠡ ᠥᠭᠦᠯᠡᠪᠦᠷᠢ ᠨᠢ | ᠲᠣᠳᠣᠷᠬᠠᠢ ᠪᠥᠭᠡᠳ ᠣᠨᠣᠪᠴᠢᠲᠠᠢ᠂ ᠢᠯᠠ ᠲᠣᠳᠣ ᠪᠣᠯᠭᠠᠬᠤ ᠶᠠᠪᠤᠴᠠ ᠶᠢ ᠴᠠᠭ ᠲᠤᠬᠠᠢ ᠳᠤᠨᠢ ᠵᠢᠷᠤᠮᠵᠢᠭᠤᠯᠬᠤ | ᠬᠡᠷᠡᠭᠲᠡᠢ᠃ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ ᠪᠠᠷ ᠳᠠᠮᠵᠢᠨ 3111 ᠡᠯ᠎ᠡ ᠲᠥᠷᠥᠯ ᠤᠨ | ᠵᠠᠰᠠᠭ ᠤᠨ ᠶᠠᠪᠤᠳᠠᠯ ᠤᠨ ᠮᠡᠳᠡᠭᠡᠯᠡᠯ ᠢ ᠰᠠᠨᠠᠭᠠᠴᠢᠯᠠᠭ᠎ᠠ ᠲᠠᠢ ᠪᠠᠷ ᠢᠯᠠ ᠲᠣᠳᠣ ᠪᠣᠯᠭᠠᠵᠤ᠂ ᠡᠭᠦᠨ ᠳᠤ ᠲᠥᠷᠥ ᠶᠢᠨ | ᠪᠣᠳᠣᠯᠭ᠎ᠠ ᠶᠢ ᠨᠡᠶᠢᠲᠡᠯᠡᠵᠦ ᠲᠠᠶᠢᠯᠪᠤᠷᠢᠯᠠᠭᠰᠠᠨ ᠨᠢ 52 ᠵᠤᠷᠪᠤᠰ᠂ ᠵᠢᠷᠤᠭ ᠬᠦᠰᠦᠨᠦᠭᠲᠦ᠂ ᠸᠢᠳᠢᠣ᠋ ᠬᠢᠨᠠᠯᠲᠠ ᠵᠡᠷᠭᠡ | ᠣᠯᠠᠨ ᠵᠦᠢᠯ ᠤᠨ ᠲᠠᠶᠢᠯᠪᠤᠷᠢᠯᠠᠬᠤ ᠠᠷᠭ᠎ᠠ ᠮᠠᠶ᠋ᠢᠭ ᠢ ᠬᠡᠷᠡᠭᠯᠡᠭᠰᠡᠨ ᠪᠠᠶᠢᠨ᠎ᠠ᠃ ᠪᠦᠭᠦ ᠵᠢᠯ ᠳᠤ ᠵᠠᠰᠠᠭ ᠤᠨ | ᠣᠷᠳᠣᠨ ᠤ ᠠᠯᠪᠠᠨ ᠮᠡᠳᠡᠭᠡ ᠶᠢ 6 ᠬᠤᠭᠤᠴᠠᠭ᠎ᠠ ᠬᠡᠪᠯᠡᠨ ᠲᠠᠷᠬᠠᠭᠠᠪᠠ᠃ | ︵ᠲᠠᠪᠤ︶ ᠬᠢᠨᠠᠯᠲᠠ᠂ ᠪᠠᠲᠤᠯᠠᠭᠠᠵᠢᠭᠤᠯᠤᠯᠲᠠ ᠶᠢᠨ ᠲᠤᠬᠠᠢ | ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠬᠤᠯᠪᠣᠭᠳᠠᠬᠤ | ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ︽ ᠬᠡᠪ ᠤᠨ ᠪᠠᠶᠢᠳᠠᠯ ᠳᠤ ᠨᠡᠭᠡᠭᠡᠯᠲᠡ ᠲᠠᠢ ᠪᠠᠶᠢᠯᠭᠠᠬᠤ᠂ ᠣᠨᠴᠠᠭᠠᠢ | ᠲᠣᠬᠢᠶᠠᠯᠳᠤᠯ ᠳᠤ ᠬᠠᠭᠠᠯᠲᠠ ᠲᠠᠢᠢ ᠪᠠᠶᠢᠬᠤ︾ ᠪᠠᠷ ᠵᠠᠷᠴᠢᠮ ᠪᠣᠯᠭᠠᠨ᠂ ᠲᠣᠭᠲᠠᠭᠠᠭᠰᠠᠨ ᠴᠠᠭ ᠬᠤᠭᠤᠴᠠᠭᠠᠨ | ᠳᠣᠲᠣᠷ᠎ᠠ ᠬᠠᠤᠯᠢ ᠪᠠᠷ ᠲᠣᠭᠲᠠᠭᠠᠭᠰᠠᠨ ᠢᠯᠠ ᠲᠣᠳᠣ ᠪᠣᠯᠭᠠᠬᠤ ᠮᠡᠳᠡᠭᠡᠯᠡᠯ ᠢ ᠨᠡᠶᠢᠲᠡᠯᠡᠪᠡ᠃ ᠮᠡᠳᠡᠭᠡᠯᠡᠯ | ᠨᠡᠶᠢᠲᠡᠯᠡᠬᠦ ᠠᠴᠠ ᠡᠮᠦᠨ᠎ᠡ ᠬᠢᠨᠠᠨ ᠬᠠᠷᠭᠤᠭᠤᠯᠬᠤ ᠪᠠ ᠨᠢᠭᠤᠴᠠ ᠶᠢ ᠬᠠᠮᠠᠭᠠᠯᠠᠬᠤ ᠶᠢ ᠬᠢᠨᠠᠨ ᠪᠠᠶᠢᠴᠠᠭᠠᠬᠤ ᠶᠢ | ᠴᠢᠬᠤᠯᠠᠴᠢᠯᠠᠵᠤ᠂ ᠵᠠᠰᠠᠭ ᠤᠨ ᠣᠷᠳᠣᠨ ᠤ ᠠᠯᠪᠠᠨ ᠭᠡᠷ ᠤᠨ ᠡᠯ᠎ᠡ ᠲᠥᠷᠥᠯ ᠤᠨ ᠮᠡᠳᠡᠭᠡᠯᠡᠯ ᠢ ᠬᠠᠤᠯᠢ ᠶᠣᠰᠣᠭᠠᠷ | ᠢᠯᠠ ᠲᠣᠳᠣ ᠪᠣᠯᠭᠠᠬᠤ᠂ ᠬᠠᠤᠯᠢ ᠶᠣᠰᠣᠭᠠᠷ ᠨᠢᠭᠤᠴᠠ ᠶᠢ ᠬᠠᠮᠠᠭᠠᠯᠠᠬᠤ ᠶᠢ ᠦᠨᠡᠨᠬᠦ ᠪᠠᠲᠤᠯᠠᠨ᠂ ᠨᠡᠭᠡᠭᠡᠯᠲᠡ ᠲᠠᠢ | ᠮᠡᠳᠡᠭᠡᠯᠡᠯ ᠢ ᠢᠯᠠ ᠲᠣᠳᠣ ᠪᠠᠶᠢᠯᠭᠠᠬᠤ ᠴᠢᠨᠠᠷ ᠴᠢᠨᠰᠠᠭ᠎ᠠ ᠪᠠ ᠬᠢᠷᠢ ᠬᠡᠮᠵᠢᠶ᠎ᠡ ᠶᠢ ᠲᠠᠰᠤᠷᠠᠯᠲᠠ ᠦᠭᠡᠢ | ᠳᠡᠭᠡᠭᠰᠢᠯᠡᠭᠦᠯᠪᠡ᠃ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ ᠲᠣᠭᠲᠠᠮᠠᠯ ᠬᠤᠭᠤᠴᠠᠭ᠎ᠠ ᠲᠠᠢ ᠪᠠᠷ ᠰᠠᠯᠠᠭ᠎ᠠ | ᠮᠥᠴᠢᠷ ᠤᠨ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠵᠦᠭᠯᠡᠭᠦᠷ ᠢ ᠰᠢᠨᠡᠳᠬᠡᠵᠦ᠂ ᠨᠡᠭᠡᠭᠡᠯᠲᠡ ᠲᠠᠢ | ᠮᠡᠳᠡᠭᠡᠯᠡᠯ ᠢ ᠢᠯᠠ ᠲᠣᠳᠣ ᠪᠠᠶᠢᠯᠭᠠᠬᠤ ᠠᠵᠢᠯ ᠤᠨ ᠬᠢᠨᠠᠯᠲᠠ ᠲᠠᠯᠪᠢᠬᠤ ᠰᠠᠯᠠᠭ᠎ᠠ ᠮᠥᠴᠢᠷ ᠤᠨ ᠬᠠᠷᠢᠯᠴᠠᠬᠤ ᠠᠷᠭ᠎ᠠ | ᠮᠠᠶ᠋ᠢᠭ ᠵᠡᠷᠭᠡ ᠶᠢ ᠲᠣᠳᠣᠷᠬᠠᠶᠢᠯᠠᠨ᠂ ᠨᠡᠶᠢᠭᠡᠮ ᠨᠡᠶᠢᠲᠡ ᠶᠢᠨ ᠬᠢᠨᠠᠯᠲᠠ ᠲᠠᠯᠪᠢᠯᠲᠠ ᠶᠢ ᠤᠬᠠᠮᠰᠠᠷ ᠠᠴᠠ ᠪᠠᠨ | ᠬᠦᠯᠢᠶᠡᠵᠦ᠂ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ | ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠪᠠ᠃ | ᠬᠤᠶᠠᠷ᠂ ᠵᠠᠰᠠᠭ ᠤᠨ ᠣᠷᠳᠣᠨ ᠤ ᠮᠡᠳᠡᠭᠡᠯᠡᠯ ᠢ ᠰᠠᠨᠠᠭᠠᠴᠢᠯᠠᠭ᠎ᠠ ᠠᠴᠠ ᠪᠠᠨ ᠢᠯᠠ ᠲᠣᠳᠣ ᠪᠣᠯᠭᠠᠬᠰᠠᠨ | ᠪᠠᠶᠢᠳᠠᠯ | ᠭᠤᠷᠪᠠ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠡᠷᠭᠦᠳᠡᠯ ᠢ | ᠭᠥᠯᠢᠶᠡᠨ ᠠᠪᠴᠤ᠂ ᠰᠢᠢᠳᠪᠦᠷᠢᠯᠡᠭᠰᠡᠨ ᠪᠠᠶᠢᠳᠠᠯ | ᠳᠥᠷᠪᠡ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠵᠠᠰᠠᠭ | ᠵᠠᠬᠢᠷᠭᠠᠨ ᠢᠶᠠᠷ ᠳᠠᠭᠢᠨ ᠵᠥᠪᠯᠡᠭᠰᠡᠨ ᠪᠣᠯᠣᠨ ᠵᠠᠰᠠᠭ ᠵᠠᠬᠢᠷᠭᠠᠨ ᠤ ᠵᠠᠷᠭᠤ ᠶᠢᠨ ᠪᠠᠶᠢᠳᠠᠯ | ᠲᠠᠪᠤ᠂ ᠣᠷᠣᠰᠢᠵᠤ ᠪᠠᠶᠢᠭ᠎ᠠ ᠭᠤᠣᠯ ᠠᠰᠠᠭᠤᠳᠠᠯ ᠵᠢᠴᠢ ᠰᠠᠶᠢᠵᠢᠷᠠᠭᠤᠯᠤᠭᠰᠠᠨ ᠪᠠᠶᠢᠳᠠᠯ | 2024 ᠣᠨ ᠳᠤ᠂ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ ᠤᠨ ᠨᠡᠭᠡᠭᠡᠯᠲᠡ ᠲᠠᠢ ᠮᠡᠳᠡᠭᠡᠯᠡᠯ ᠢ | ᠢᠯᠠ ᠲᠣᠳᠣ ᠪᠠᠶᠢᠯᠭᠠᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠭᠡᠪᠡᠯ᠄ ᠨᠢᠭᠡ ᠳᠤ᠂ ᠨᠡᠭᠡᠭᠡᠯᠲᠡ | ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠠᠵᠢᠯ ᠢ ᠴᠠᠭ ᠲᠤᠬᠠᠢ ᠳᠤᠨᠢ ᠴᠢᠩᠭᠠᠳᠬᠠᠬᠤ ᠴᠢᠬᠤᠯᠠᠲᠠᠢ᠂ | ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠠᠵᠢᠯ ᠢ ᠣᠯᠠᠨ ᠲᠦᠮᠡᠨ ᠤ ᠣᠳᠣᠬᠠᠨ ᠤ ᠬᠡᠷᠡᠭᠴᠡᠭᠡ ᠶᠢ | ᠬᠠᠩᠭᠠᠵᠤ ᠳᠡᠶᠢᠯᠭᠦ ᠦᠭᠡᠢ ᠪᠠᠶᠢᠨ᠎ᠠ᠃ ᠬᠤᠶᠠᠷ ᠲᠤ ᠵᠠᠰᠠᠭ ᠤᠨ ᠣᠷᠳᠣᠨ ᠤ ᠮᠡᠳᠡᠭᠡᠯᠡᠯ ᠢ ᠭᠦᠢᠴᠡᠳᠬᠡᠬᠦ ᠳᠤ | ᠡᠷᠭᠦᠳᠡᠯ ᠢ ᠦᠨᠳᠦᠰᠦᠯᠡᠨ ᠢᠯᠠ ᠲᠣᠳᠣ ᠪᠣᠯᠭᠠᠬᠤ ᠠᠵᠢᠯ ᠤᠨ ᠳᠤᠮᠳᠠ᠂ ᠡᠷᠭᠦᠳᠡᠯ ᠭᠠᠷᠭᠠᠭᠴᠢ ᠯᠤᠭ᠎ᠠ | ᠣᠶᠢᠯᠠᠭᠠᠯᠴᠠᠨ ᠵᠣᠬᠢᠴᠠᠭᠤᠯᠬᠤ ᠪᠠᠷ ᠬᠦᠷᠦᠯᠴᠡᠬᠦ ᠦᠭᠡᠢ ᠪᠠᠶᠢᠨ᠎ᠠ᠃ ᠵᠠᠷᠢᠮ ᠪᠤᠳᠤᠯᠢᠶᠠᠨᠲᠠᠢ ᠡᠷᠭᠦᠳᠡᠯ ᠢ | ᠰᠢᠢᠳᠪᠦᠷᠢᠯᠡᠬᠦ ᠦᠶ᠎ᠡ ᠳᠤ ᠬᠠᠷᠢᠭᠤᠯᠲᠠ ᠨᠢ ᠳᠦᠷᠢᠮᠵᠢᠭᠰᠡᠨ ᠦᠭᠡᠢ ᠪᠠᠶᠢᠳᠠᠯ ᠣᠷᠣᠰᠢᠵᠤ ᠪᠤᠢ᠃ | ᠳᠠᠷᠠᠭᠠᠴᠢ ᠶᠢᠨ ᠠᠯᠬᠤᠮ ᠳᠤ᠂ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ︽ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ | ᠪᠠᠶᠢᠯᠭᠠᠬᠤ ᠳᠦᠷᠢᠮ︾ ᠤᠨ ᠲᠣᠭᠲᠠᠭᠠᠯ ᠶᠣᠰᠣᠭᠠᠷ ᠳᠣᠣᠷᠠᠬᠢ ᠬᠡᠳᠦᠨ ᠵᠦᠢᠯ ᠤᠨ ᠠᠵᠢᠯ ᠢ ᠰᠠᠶᠢᠲᠤᠷ | ᠭᠦᠢᠴᠡᠳᠬᠡᠬᠦ ᠪᠣᠯᠣᠨ᠎ᠠ᠃ ᠨᠢᠭᠡ ᠳᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠶᠢᠨ | ᠤᠳᠤᠷᠢᠳᠤᠯᠭ᠎ᠠ ᠶᠢᠨ ᠵᠣᠬᠢᠶᠠᠨ ᠪᠠᠶᠢᠭᠤᠯᠤᠯᠲᠠ ᠶᠢ ᠤᠯᠠᠮ ᠳᠡᠭᠡᠭᠰᠢᠯᠡᠭᠦᠯᠦᠨ᠎ᠡ᠃ ᠵᠠᠰᠠᠭ ᠤᠨ ᠣᠷᠳᠣᠨ ᠤ | ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ᠂ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ | ᠠᠵᠢᠯ ᠤᠨ ᠴᠢᠬᠤᠯᠠ ᠲᠠᠨᠢᠯᠲᠠ ᠶᠢ ᠴᠢᠩᠭᠠᠷᠠᠭᠤᠯᠵᠤ᠂ ᠪᠣᠳᠠᠲᠠᠢ ᠠᠵᠢᠯᠲᠠᠨ ᠤ ᠦᠢᠯᠡᠴᠢᠯᠡᠭᠡᠨ ᠤ ᠦᠵᠡᠯ ᠤᠬᠠᠮᠰᠠᠷ | ᠪᠣᠯᠣᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠦᠨᠡᠨᠬᠦ ᠨᠡᠮᠡᠭᠳᠡᠭᠰᠡᠨ ᠪᠠᠶᠢᠬᠤ︔ ᠬᠤᠶᠠᠷ ᠲᠤ ᠵᠠᠰᠠᠭ ᠤᠨ | ᠣᠷᠳᠣᠨ ᠤ ᠮᠡᠳᠡᠭᠡᠯᠡᠯ ᠢ ᠡᠷᠡᠮᠡᠯᠵᠡᠯ ᠢᠶᠠᠷ ᠢᠯᠠ ᠲᠣᠳᠣ ᠪᠣᠯᠭᠠᠬᠤ ᠠᠵᠢᠯ ᠤᠨ ᠴᠤᠪᠤᠷᠠᠯ ᠢ ᠤᠯᠠᠮ | ᠨᠠᠷᠢᠯᠢᠭᠵᠢᠭᠤᠯᠵᠤ᠂ ᠳᠣᠲᠣᠭᠠᠳᠤ ᠳᠠᠭᠠᠨ ᠭᠦᠢᠴᠡᠳᠬᠡᠬᠦ ᠳᠡᠰ ᠳᠠᠷᠠᠭᠠᠯᠠᠯ ᠢ ᠵᠢᠷᠤᠮᠵᠢᠭᠤᠯᠤᠨ᠂ ᠡᠷᠭᠦᠳᠡᠯ | ᠭᠠᠷᠭᠠᠭᠴᠢ ᠯᠤᠭ᠎ᠠ ᠣᠶᠢᠯᠠᠭᠠᠯᠴᠠᠨ ᠰᠣᠯᠢᠯᠴᠠᠬᠤ ᠪᠠᠨ ᠴᠢᠩᠭᠠᠳᠬᠠᠵᠤ᠂ ᠮᠠᠳᠠᠭ ᠲᠠᠢ ᠠᠰᠠᠭᠤᠳᠠᠯ ᠢ ᠲᠠᠶᠢᠯᠪᠤᠷᠢᠯᠠᠨ | ᠲᠥᠭᠡᠷᠢᠭᠳᠡᠯ ᠢ ᠠᠯᠳᠠᠷᠠᠭᠠᠬᠤ ᠠᠵᠢᠯ ᠢ ᠰᠠᠶᠢᠲᠤᠷ ᠭᠦᠢᠴᠡᠳᠬᠡᠵᠦ᠂ ᠡᠷᠭᠦᠳᠡᠯ ᠤᠨ ᠳᠠᠭᠠᠤ ᠢᠯᠠ ᠲᠣᠳᠣ ᠪᠣᠯᠭᠠᠬᠤ | ᠠᠵᠢᠯ ᠤᠨ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠵᠢᠷᠭᠤᠭ᠎ᠠ᠂ ᠪᠤᠰᠤᠳ ᠮᠡᠳᠡᠭᠡᠯᠡᠬᠦ ᠱᠠᠭᠠᠷᠳᠠᠯᠭ᠎ᠠ ᠲᠠᠢ ᠠᠰᠠᠭᠤᠳᠠᠯ | ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠲᠠᠢ ᠬᠤᠯᠪᠣᠭᠳᠠᠭᠰᠠᠨ ᠵᠠᠷᠤᠳᠠᠯ ᠬᠤᠷᠢᠶᠠᠭᠰᠠᠨ | ᠪᠠᠶᠢᠳᠠᠯ | 2024 ᠣᠨ ᠳᠤ᠂ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ ᠨᠢ ᠡᠷᠭᠦᠳᠡᠯ ᠶᠣᠰᠣᠭᠠᠷ ᠢᠯᠠ | ᠲᠣᠳᠣ ᠪᠣᠯᠭᠠᠬᠤ ᠵᠦᠢᠯᠡᠰ ᠢ 4 ᠭᠥᠯᠢᠶᠡᠨ ᠠᠪᠴᠤ᠂ ᠮᠡᠳᠡᠭᠡᠯᠡᠯ ᠢ ᠨᠡᠭᠡᠭᠡᠯᠲᠡ ᠲᠠᠢ ᠪᠣᠯᠭᠠᠬᠤ ᠲᠠᠢ ᠬᠤᠯᠪᠣᠭᠳᠠᠬᠤ | ᠬᠤᠷᠢᠶᠠᠮᠵᠢ ᠠᠪᠤᠭ᠎ᠠ ᠦᠭᠡᠢ᠃ | a | |