| | | ᠲᠤᠰ ᠣᠨ ᠤ ᠮᠡᠳᠡᠭᠦᠯᠦᠯᠲᠡ ᠶᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ | ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠳᠦᠷᠢᠮ︾᠂ ︽ᠲᠥᠷᠥ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ᠤᠨ ᠮᠡᠳᠡᠭᠡᠯᠡᠯ ᠬᠢᠭᠡᠳ ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠤᠨ ᠠᠯᠪᠠᠨ | ᠭᠡᠷ ᠤᠨ ᠬᠡᠪᠯᠡᠨ ᠲᠠᠷᠬᠠᠭᠠᠬᠤ ᠲᠤᠬᠠᠢ ᠮᠡᠳᠡᠭᠳᠡᠯ︾ ︵ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠵᠠᠬᠢᠳᠠᠯ ﹇ | 2011﹈ 30 ᠳ᠋ᠤᠭᠠᠷ ᠲᠣᠭᠠᠲᠤ︶ ᠶᠢ ᠦᠨᠳᠦᠰᠦᠯᠡᠨ ᠲᠤᠭᠤᠷᠪᠢᠪᠠ᠃ ᠪᠦᠭᠦ ᠠᠭᠤᠯᠭ᠎ᠠ ᠳᠤ ᠠᠯᠠᠱᠠ ᠵᠡᠭᠦᠨ | ᠬᠤᠰᠢᠭᠤᠨ ᠤ ᠬᠢᠨᠠᠨ ᠪᠤᠳᠣᠬᠤ ᠲᠣᠪᠴᠢᠶ᠎ᠠ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ | ᠭᠠᠷᠭᠠᠭᠰᠠᠨ ᠶᠡᠷᠦᠩᠬᠡᠢ ᠪᠠᠶᠢᠳᠠᠯ᠂ ᠵᠠᠰᠠᠭ ᠤᠨ ᠣᠷᠳᠣᠨ ᠤ ᠮᠡᠳᠡᠭᠡᠯᠡᠯ ᠤᠨ ᠪᠠᠶᠢᠳᠠᠯ ᠢ ᠰᠠᠨᠠᠭᠠᠴᠢᠯᠠᠭ᠎ᠠ ᠠᠴᠠ ᠪᠠᠨ | ᠢᠯᠠ ᠲᠣᠳᠣ ᠪᠣᠯᠭᠠᠵᠤ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ | ᠡᠷᠭᠦᠳᠡᠯ ᠢ ᠭᠥᠯᠢᠶᠡᠨ ᠠᠪᠴᠤ᠂ ᠰᠢᠢᠳᠪᠦᠷᠢᠯᠡᠭᠰᠡᠨ ᠪᠠᠶᠢᠳᠠᠯ᠂ ᠵᠠᠰᠠᠭ ᠤᠨ ᠣᠷᠳᠣᠨ ᠤ ᠨᠡᠭᠡᠭᠡᠯᠲᠡ ᠲᠠᠢ | ᠮᠡᠳᠡᠭᠡᠯᠡᠯ ᠢ ᠢᠯᠠ ᠲᠣᠳᠣ ᠭᠠᠷᠭᠠᠭᠰᠠᠨ ᠵᠠᠰᠠᠭ ᠵᠠᠬᠢᠷᠭᠠᠨ ᠤ ᠳᠠᠭᠢᠨ ᠵᠥᠪᠯᠡᠭᠰᠡᠨ ᠪᠣᠯᠣᠨ ᠵᠠᠰᠠᠭ ᠵᠠᠬᠢᠷᠭᠠᠨ ᠤ | ᠵᠠᠷᠭᠤ ᠶᠢᠨ ᠪᠠᠶᠢᠳᠠᠯ᠂ ᠣᠷᠣᠰᠢᠵᠤ ᠪᠠᠶᠢᠭ᠎ᠠ ᠭᠤᠣᠯ ᠠᠰᠠᠭᠤᠳᠠᠯ ᠵᠢᠴᠢ ᠬᠠᠯᠠᠨ ᠰᠠᠶᠢᠵᠢᠷᠠᠭᠤᠯᠤᠭᠰᠠᠨ ᠪᠠᠶᠢᠳᠠᠯ᠂ | ᠪᠤᠰᠤᠳ ᠮᠡᠳᠡᠭᠡᠯᠡᠬᠦ ᠱᠠᠭᠠᠷᠳᠠᠯᠭ᠎ᠠ ᠲᠠᠢ ᠠᠰᠠᠭᠤᠳᠠᠯ ᠢ ᠪᠠᠭᠲᠠᠭᠠᠨ᠎ᠠ᠃ ᠪᠦᠷᠢᠳᠬᠡᠨ ᠭᠠᠷᠭᠠᠭᠰᠠᠨ ᠲᠤᠭ᠎ᠠ | ᠪᠠᠷᠢᠮᠲᠠ ᠶᠢᠨ ᠬᠤᠭᠤᠴᠠᠭ᠎ᠠ ᠨᠢ 2024 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ 12 ᠳ᠋ᠤᠭᠠᠷ | ᠰᠠᠷ᠎ᠠ ᠶᠢᠨ 31 ᠤ ᠡᠳᠦᠷ ᠪᠤᠯᠲᠠᠯ᠎ᠠ ᠪᠣᠯᠣᠨ᠎ᠠ᠃ ᠲᠤᠰ ᠵᠢᠯ ᠤᠨ ᠮᠡᠳᠡᠭᠦᠯᠦᠯᠲᠡ ᠶᠢᠨ ᠴᠠᠬᠢᠮ ᠬᠤᠪᠢᠯᠪᠤᠷᠢ ᠶᠢ | ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ︵http : / / www . | alszq . gov . cn︶ ᠠᠴᠠ ᠲᠠᠲᠠᠵᠤ ᠠᠪᠬᠤ ᠪᠣᠯᠣᠮᠵᠢ ᠲᠠᠢ᠃ ᠬᠡᠷᠪᠡ ᠲᠤᠰ ᠵᠢᠯ ᠤᠨ ᠮᠡᠳᠡᠭᠦᠯᠦᠯᠲᠡ ᠳᠤ | ᠮᠠᠳᠠᠭ ᠲᠠᠢ ᠪᠠᠶᠢᠪᠠᠯ᠂ ᠠᠯᠠᠱᠠ ᠵᠡᠭᠦᠨ ᠬᠤᠰᠢᠭᠤᠨ ᠤ ᠬᠢᠨᠠᠨ ᠪᠤᠳᠣᠬᠤ ᠲᠣᠪᠴᠢᠶ᠎ᠠ ᠲᠠᠢ ᠬᠠᠷᠢᠯᠴᠠᠭᠠᠷᠠᠢ ︵ᠤᠲᠠᠰᠤ | ᠄ 0483 - 8222715︶᠃ | ᠨᠢᠭᠡ᠂ ᠲᠣᠶᠢᠮᠣ ᠪᠠᠶᠢᠳᠠᠯ | ︵ᠨᠢᠭᠡ︶ ᠰᠠᠨᠠᠭᠠᠴᠢᠯᠠᠭ᠎ᠠ ᠠᠴᠠ ᠪᠠᠨ ᠢᠯᠠ ᠲᠣᠳᠣ ᠪᠣᠯᠭᠠᠬᠰᠠᠨ ᠪᠠᠶᠢᠳᠠᠯ | ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠵᠦᠭᠯᠡᠭᠦᠷ ᠪᠣᠯᠣᠨ ᠣᠨ ᠤ | ᠮᠡᠳᠡᠭᠦᠯᠦᠯᠲᠡ᠂ ᠲᠣᠶᠢᠮᠣ ᠮᠡᠳᠡᠭᠡᠯᠡᠯ᠂ ᠬᠠᠤᠯᠢ ᠲᠣᠭᠲᠠᠭᠠᠯ ᠤᠨ ᠪᠢᠴᠢᠭ ᠮᠠᠲ᠋ᠧᠷᠢᠶᠠᠯ᠂ ᠮᠡᠳᠡᠭᠳᠡᠯ ᠤᠨ ᠠᠯᠪᠠᠨ ᠵᠠᠷ᠂ | ᠠᠵᠢᠯ ᠤᠨ ᠪᠠᠶᠢᠳᠠᠯ᠂ ᠰᠠᠯᠠᠭ᠎ᠠ ᠮᠥᠴᠢᠷ ᠤᠨ ᠪᠢᠴᠢᠭ ᠮᠠᠲ᠋ᠧᠷᠢᠶᠠᠯ᠂ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ | ᠵᠡᠷᠭᠡ ᠦᠨᠳᠦᠰᠦᠨ ᠠᠭᠤᠯᠭ᠎ᠠ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠠᠵᠢᠯ ᠢ | ᠰᠠᠨᠠᠭᠠᠴᠢᠯᠠᠭ᠎ᠠ ᠠᠴᠠ ᠪᠠᠨ ᠰᠠᠶᠢᠲᠤᠷ ᠭᠦᠢᠴᠡᠳᠬᠡᠪᠡ᠃ 2024 ᠣᠨ ᠳᠤ᠂ ᠠᠯᠠᠱᠠ ᠵᠡᠭᠦᠨ ᠬᠤᠰᠢᠭᠤᠨ ᠤ ᠬᠢᠨᠠᠨ | ᠪᠤᠳᠣᠬᠤ ᠲᠣᠪᠴᠢᠶ᠎ᠠ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠪᠠ ︽ | ᠠᠯᠠᠱᠠ ᠵᠡᠭᠦᠨ ᠬᠤᠰᠢᠭᠤᠨ ᠤ ᠬᠢᠨᠠᠨ ᠪᠤᠳᠣᠬᠤ ᠲᠣᠪᠴᠢᠶ᠎ᠠ︾ ᠶᠢᠨ ᠸᠢᠴᠠᠲ ᠤᠨ ᠲᠠᠪᠴᠠᠩ ᠳᠡᠭᠡᠷ᠎ᠡ᠂ ᠠᠯᠠᠱᠠ | ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠪᠠᠷ ᠳᠠᠮᠵᠢᠨ ᠡᠯ᠎ᠡ ᠲᠥᠷᠥᠯ ᠤᠨ | ᠮᠡᠳᠡᠭᠡᠯᠡᠯ ᠢ ᠰᠠᠨᠠᠭᠠᠴᠢᠯᠠᠭ᠎ᠠ ᠠᠴᠠ ᠪᠠᠨ 9 ᠵᠤᠷᠪᠤᠰ ᠨᠡᠶᠢᠲᠡᠯᠡᠵᠦ᠂ ᠵᠢᠷᠭᠢᠶ᠎ᠡ ᠶᠢᠨ ᠣᠯᠠᠨ ᠨᠡᠶᠢᠲᠡ ᠳᠤ ᠳᠤ300 | ᠭᠠᠷᠤᠢ ᠬᠤᠪᠢ ᠡᠯ᠎ᠡ ᠲᠥᠷᠥᠯ ᠤᠨ ᠮᠡᠳᠡᠭᠡᠯᠡᠯ ᠢ ᠨᠡᠶᠢᠲᠡᠯᠡᠵᠦ᠂ ᠡᠭᠦᠨ ᠳᠤ ᠵᠠᠰᠠᠭ ᠤᠨ ᠶᠠᠪᠤᠳᠠᠯ ᠤᠨ ᠰᠢᠭᠤᠷᠬᠠᠢ | ᠮᠡᠳᠡᠭᠡᠯᠡᠯ 32 ᠬᠤᠪᠢ ᠪᠠᠶᠢᠵᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶ᠎ᠠ᠂ | ᠬᠤᠰᠢᠭᠤᠨ ᠤ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠵᠠᠰᠠᠭ ᠤᠨ ᠶᠠᠪᠤᠳᠠᠯ ᠤᠨ ᠮᠡᠳᠡᠭᠡᠯᠡᠯ ᠢ 200 ᠭᠠᠷᠤᠢ | ᠬᠤᠪᠢ ᠰᠢᠯᠵᠢᠭᠦᠯᠦᠨ ᠨᠡᠶᠢᠲᠡᠯᠡᠵᠡᠢ᠃ | ︵ᠬᠤᠶᠠᠷ︶ ᠡᠷᠭᠦᠳᠡᠯ ᠤᠨ ᠳᠠᠭᠠᠤ ᠢᠯᠠ ᠲᠣᠳᠣ ᠪᠣᠯᠭᠠᠬᠰᠠᠨ ᠪᠠᠶᠢᠳᠠᠯ | ᠠᠯᠠᠱᠠ ᠵᠡᠭᠦᠨ ᠬᠤᠰᠢᠭᠤᠨ ᠤ ᠬᠢᠨᠠᠨ ᠪᠤᠳᠣᠬᠤ ᠲᠣᠪᠴᠢᠶ᠎ᠠ 2024 ᠣᠨ ᠳᠤ ᠵᠠᠰᠠᠭ ᠤᠨ ᠣᠷᠳᠣᠨ ᠤ | ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠡᠷᠭᠦᠳᠡᠯ ᠢ ᠣᠯᠣᠭᠰᠠᠨ ᠦᠭᠡᠢ᠂ ᠢᠯᠠ ᠲᠣᠳᠣ ᠪᠣᠯᠭᠠᠬᠤ | ᠡᠷᠭᠦᠳᠡᠯ ᠦᠭᠡᠢ ᠪᠠᠶᠢᠳᠠᠯ᠃ | ︵ᠭᠤᠷᠪᠠ︶ ᠮᠡᠳᠡᠭᠡᠯᠡᠯ ᠤᠨ ᠬᠠᠮᠢᠶᠠᠷᠤᠯᠲᠠ ᠶᠢᠨ ᠪᠠᠶᠢᠳᠠᠯ | ︽ᠬᠡᠨ ᠭᠤᠣᠯᠴᠢᠯᠠᠨ ᠬᠠᠮᠢᠶᠠᠷᠪᠠᠯ ᠳᠠᠷᠤᠢ ᠬᠠᠷᠢᠭᠤᠴᠠᠬᠤ᠂ ᠬᠡᠨ ᠢᠯᠠ ᠲᠣᠳᠣ ᠪᠣᠯᠭᠠᠪᠠᠯ ᠳᠠᠷᠤᠢ ᠬᠢᠨᠠᠨ | ᠪᠠᠶᠢᠴᠠᠭᠠᠬᠤ︾ ᠵᠠᠷᠴᠢᠮ ᠢ ᠴᠢᠩᠭ᠎ᠠ ᠵᠢᠷᠤᠮᠯᠠᠨ᠂ ᠡᠭᠦᠷᠭᠡ ᠬᠠᠷᠢᠭᠤᠴᠠᠯᠭ᠎ᠠ ᠪᠠᠨ ᠦᠨᠡᠨᠬᠦ ᠰᠠᠶᠢᠲᠤᠷ ᠭᠦᠢᠴᠡᠳᠬᠡᠵᠦ᠂ | ᠲᠤᠰᠬᠠᠢ ᠬᠥᠮᠥᠨ ᠬᠠᠷᠢᠭᠤᠴᠠᠬᠤ ᠶᠢ ᠲᠣᠳᠣᠷᠬᠠᠶᠢᠯᠠᠨ᠂ ᠰᠢᠨᠡᠳᠬᠡᠬᠦ ᠮᠡᠳᠡᠭᠡᠯᠡᠯ ᠢ ᠪᠦᠭᠦ ᠲᠠᠯ᠎ᠠ ᠪᠠᠷ᠂ ᠴᠠᠭ ᠲᠤᠬᠠᠢ | ᠳᠤᠨᠢ᠂ ᠣᠨᠣᠪᠴᠢᠲᠠᠢ ᠨᠡᠶᠢᠲᠡᠯᠡᠪᠡ᠃ | ︵ᠳᠥᠷᠪᠡ︶ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ | ᠲᠠᠪᠴᠠᠩ ᠤᠨ ᠪᠠᠶᠢᠭᠤᠯᠤᠯᠲᠠ ᠶᠢᠨ ᠲᠤᠬᠠᠢ | ︽ᠭᠤᠣᠯ ᠤᠳᠤᠷᠢᠳᠤᠯᠭ᠎ᠠ ᠪᠡᠶ᠎ᠡ ᠪᠠᠷ ᠢᠶᠠᠨ ᠠᠳᠬᠤᠵᠤ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ | ᠪᠣᠳᠠᠲᠠᠢ ᠠᠳᠬᠤᠨ᠂ ᠲᠤᠰᠬᠠᠢ ᠪᠠᠶᠢᠭᠤᠯᠤᠮᠵᠢ ᠨᠠᠶᠢᠳᠠᠪᠤᠷᠢᠵᠢᠭᠤᠯᠤᠯᠲᠠ ᠶᠢ ᠠᠳᠬᠤᠬᠤ︾ ᠠᠵᠢᠯ ᠤᠨ ᠱᠠᠭᠠᠷᠳᠠᠯᠭ᠎ᠠ | ᠶᠣᠰᠣᠭᠠᠷ᠂ ᠬᠠᠷᠢᠭᠤᠴᠠᠯᠭ᠎ᠠ ᠶᠢᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠲᠤᠰᠬᠠᠢ ᠬᠥᠮᠥᠨ ᠲᠣᠬᠢᠷᠠᠭᠤᠯᠤᠨ | ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠠᠵᠢᠯ ᠢ ᠬᠠᠷᠢᠭᠤᠴᠠᠨ ᠴᠤᠭᠯᠠᠭᠤᠯᠬᠤ᠂ ᠬᠢᠨᠠᠬᠤ ᠪᠠ | ᠨᠡᠶᠢᠲᠡᠯᠡᠬᠦ ᠶᠢ ᠬᠠᠷᠢᠭᠤᠴᠠᠭᠤᠯᠵᠤ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ | ᠠᠵᠢᠯ ᠤᠨ ᠤᠷᠤᠭᠰᠢᠲᠠᠢ ᠶᠠᠪᠤᠭᠳᠠᠬᠤ ᠶᠢ ᠲᠦᠯᠬᠢᠨ ᠠᠬᠢᠭᠤᠯᠬᠤ ᠳᠤ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ | ᠬᠠᠩᠭᠠᠭᠰᠠᠨ ᠪᠠᠶᠢᠨ᠎ᠠ᠃ | ︵ᠲᠠᠪᠤ︶ ᠬᠢᠨᠠᠯᠲᠠ᠂ ᠪᠠᠲᠤᠯᠠᠭᠠᠵᠢᠭᠤᠯᠤᠯᠲᠠ ᠶᠢᠨ ᠲᠤᠬᠠᠢ | ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠶᠣᠰᠣᠭᠠᠷ᠂ ᠵᠠᠰᠠᠭ ᠤᠨ ᠶᠠᠪᠤᠳᠠᠯ ᠢ ᠢᠯᠠ ᠲᠣᠳᠣ ᠪᠠᠶᠢᠯᠭᠠᠬᠤ | ᠠᠵᠢᠯ ᠢ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠵᠢᠴᠢ ᠠᠵᠢᠯᠲᠠᠨ ᠢ ᠲᠣᠭᠲᠠᠭᠠᠵᠤ᠂ ᠵᠠᠰᠠᠭ ᠤᠨ | ᠶᠠᠪᠤᠳᠠᠯ ᠢ ᠢᠯᠠ ᠲᠣᠳᠣ ᠪᠠᠶᠢᠯᠭᠠᠬᠤ ᠠᠵᠢᠯ ᠢ ᠲᠤᠰᠬᠠᠢ ᠬᠥᠮᠥᠨ ᠲᠣᠭᠲᠠᠭᠠᠨ ᠬᠠᠷᠢᠭᠤᠴᠠᠭᠤᠯᠵᠤ᠂ | ᠬᠠᠷᠢᠭᠤᠴᠠᠯᠭ᠎ᠠ ᠶᠢ ᠲᠣᠳᠣᠷᠬᠠᠶᠢᠯᠠᠨ᠂ ᠠᠵᠢᠯ ᠢᠶᠠᠨ ᠬᠤᠪᠢᠶᠠᠷᠢᠯᠠᠵᠤ᠂ ᠵᠠᠰᠠᠭ ᠤᠨ ᠶᠠᠪᠤᠳᠠᠯ ᠢ ᠢᠯᠠ ᠲᠣᠳᠣ | ᠪᠠᠶᠢᠯᠭᠠᠬᠤ ᠠᠵᠢᠯ ᠤᠨ ᠡᠳᠦᠷ ᠳᠣᠳᠣᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠵᠠᠰᠠᠭ ᠤᠨ ᠶᠠᠪᠤᠳᠠᠯ ᠢ | ᠢᠯᠠ ᠲᠣᠳᠣ ᠪᠠᠶᠢᠯᠭᠠᠬᠤ ᠠᠵᠢᠯ ᠤᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ | ᠂ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠬᠢᠷᠢ ᠬᠡᠮᠵᠢᠶ᠎ᠡ ᠪᠣᠯᠣᠨ ᠦᠷ᠎ᠡ ᠪᠦᠲᠦᠮᠵᠢ ᠶᠢ | ᠳᠡᠭᠡᠭᠰᠢᠯᠡᠭᠦᠯᠪᠡ᠃ | ᠬᠤᠶᠠᠷ᠂ ᠵᠠᠰᠠᠭ ᠤᠨ ᠣᠷᠳᠣᠨ ᠤ ᠮᠡᠳᠡᠭᠡᠯᠡᠯ ᠢ ᠰᠠᠨᠠᠭᠠᠴᠢᠯᠠᠭ᠎ᠠ ᠠᠴᠠ ᠪᠠᠨ ᠢᠯᠠ ᠲᠣᠳᠣ ᠪᠣᠯᠭᠠᠬᠰᠠᠨ | ᠪᠠᠶᠢᠳᠠᠯ | ᠭᠤᠷᠪᠠ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠡᠷᠭᠦᠳᠡᠯ ᠢ | ᠭᠥᠯᠢᠶᠡᠨ ᠠᠪᠴᠤ᠂ ᠰᠢᠢᠳᠪᠦᠷᠢᠯᠡᠭᠰᠡᠨ ᠪᠠᠶᠢᠳᠠᠯ | ᠳᠥᠷᠪᠡ᠂ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠵᠠᠰᠠᠭ | ᠵᠠᠬᠢᠷᠭᠠᠨ ᠢᠶᠠᠷ ᠳᠠᠭᠢᠨ ᠵᠥᠪᠯᠡᠭᠰᠡᠨ ᠪᠣᠯᠣᠨ ᠵᠠᠰᠠᠭ ᠵᠠᠬᠢᠷᠭᠠᠨ ᠤ ᠵᠠᠷᠭᠤ ᠶᠢᠨ ᠪᠠᠶᠢᠳᠠᠯ | | ᠲᠠᠪᠤ᠂ ᠣᠷᠣᠰᠢᠵᠤ ᠪᠠᠶᠢᠭ᠎ᠠ ᠭᠤᠣᠯ ᠠᠰᠠᠭᠤᠳᠠᠯ ᠵᠢᠴᠢ ᠰᠠᠶᠢᠵᠢᠷᠠᠭᠤᠯᠤᠭᠰᠠᠨ ᠪᠠᠶᠢᠳᠠᠯ | ᠣᠷᠣᠰᠢᠵᠤ ᠪᠠᠶᠢᠭ᠎ᠠ ᠭᠤᠣᠯ ᠠᠰᠠᠭᠤᠳᠠᠯ᠄ 2024 ᠣᠨ ᠳᠤ᠂ ᠠᠯᠠᠱᠠ ᠵᠡᠭᠦᠨ ᠬᠤᠰᠢᠭᠤᠨ ᠤ ᠬᠢᠨᠠᠨ | ᠪᠤᠳᠣᠬᠤ ᠲᠣᠪᠴᠢᠶ᠎ᠠ ᠵᠠᠰᠠᠭ ᠤᠨ ᠣᠷᠳᠣᠨ ᠤ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ ᠪᠠᠶᠢᠯᠭᠠᠬᠤ ᠡᠯ᠎ᠡ | ᠵᠦᠢᠯ ᠤᠨ ᠠᠵᠢᠯ ᠤᠨ ᠡᠭᠦᠷᠭᠡ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠤᠭᠰᠠᠨ ᠪᠤᠯᠪᠠᠴᠤ ᠮᠡᠳᠡᠭᠡᠯᠡᠯ ᠤᠨ | ᠰᠢᠨᠡᠳᠬᠡᠯ ᠢ ᠴᠠᠭ ᠲᠤᠬᠠᠢ ᠳᠤᠨᠢ ᠳᠡᠭᠡᠭᠰᠢᠯᠡᠭᠦᠯᠭᠦ ᠴᠢᠬᠤᠯᠠᠲᠠᠢ᠂ ᠨᠡᠭᠡᠭᠡᠯᠲᠡ ᠲᠠᠢ ᠮᠡᠳᠡᠭᠡᠯᠡᠯ ᠢ ᠢᠯᠠ ᠲᠣᠳᠣ | ᠪᠠᠶᠢᠯᠭᠠᠬᠤ ᠲᠥᠷᠥᠯ ᠭᠡᠯᠪᠡᠷᠢ ᠪᠠ ᠬᠠᠮᠤᠷᠬᠤ ᠬᠡᠪᠴᠢᠶ᠎ᠡ ᠥᠷᠭᠡᠨ ᠪᠤᠰᠤ ᠠᠰᠠᠭᠤᠳᠠᠯ ᠣᠷᠣᠰᠢᠵᠤ ᠪᠠᠶᠢᠨ᠎ᠠ᠃ | ᠰᠠᠶᠢᠵᠢᠷᠠᠭᠤᠯᠤᠭᠰᠠᠨ ᠪᠠᠶᠢᠳᠠᠯ᠄ ᠨᠢᠭᠡ ᠳᠤ ᠮᠡᠳᠡᠭᠡᠯᠡᠯ ᠨᠡᠶᠢᠲᠡᠯᠡᠬᠦ ᠶᠢᠨ ᠨᠢᠭᠤᠴᠠ ᠶᠢ ᠬᠠᠮᠠᠭᠠᠯᠠᠬᠤ ᠬᠢᠨᠠᠨ | ᠬᠠᠷᠭᠤᠭᠤᠯᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠠᠢ︔ ᠬᠤᠶᠠᠷ ᠲᠤ ᠲᠤᠬᠠᠶᠢᠯᠠᠭᠰᠠᠨ ᠠᠵᠢᠯ ᠤᠨ | ᠰᠤᠷᠭᠠᠯᠲᠠ ᠶᠢ ᠴᠢᠩᠭᠠᠷᠠᠭᠤᠯᠵᠤ᠂ ᠰᠠᠯᠠᠭ᠎ᠠ ᠮᠥᠴᠢᠷ ᠤᠳ ᠤᠨ ᠨᠡᠪᠲᠡᠷᠡᠯᠴᠡᠭᠡ ᠬᠠᠮᠵᠢᠯᠴᠠᠭ᠎ᠠ ᠪᠠᠨ ᠴᠢᠩᠭᠠᠳᠬᠠᠨ᠂ | ᠡᠯ᠎ᠡ ᠲᠥᠷᠥᠯ ᠤᠨ ᠮᠡᠳᠡᠭᠡᠯᠡᠯ ᠢ ᠴᠠᠭ ᠲᠤᠬᠠᠢ ᠳᠤᠨᠢ ᠢᠯᠠ ᠲᠣᠳᠣ ᠪᠣᠯᠭᠠᠵᠤ᠂ ᠢᠯᠠ ᠲᠣᠳᠣ ᠪᠣᠯᠭᠠᠬᠤ | ᠠᠭᠤᠯᠭ᠎ᠠ ᠶᠢ ᠪᠠᠶᠠᠯᠢᠭᠵᠢᠭᠤᠯᠤᠨ᠂ ᠢᠯᠠ ᠲᠣᠳᠣ ᠪᠣᠯᠭᠠᠬᠤ ᠮᠡᠳᠡᠭᠡᠯᠡᠯ ᠤᠨ ᠬᠠᠮᠤᠷᠬᠤ ᠬᠡᠪᠴᠢᠶ᠎ᠡ ᠶᠢ ᠨᠡᠮᠡᠭᠳᠡᠭᠦᠯᠵᠡᠢ᠃ | | ᠵᠢᠷᠭᠤᠭ᠎ᠠ᠂ ᠪᠤᠰᠤᠳ ᠮᠡᠳᠡᠭᠡᠯᠡᠬᠦ ᠱᠠᠭᠠᠷᠳᠠᠯᠭ᠎ᠠ ᠲᠠᠢ ᠠᠰᠠᠭᠤᠳᠠᠯ | 2024 ᠣᠨ ᠳᠤ᠂ ᠠᠯᠠᠱᠠ ᠵᠡᠭᠦᠨ ᠬᠤᠰᠢᠭᠤᠨ ᠤ ᠬᠢᠨᠠᠨ ᠪᠤᠳᠣᠬᠤ ᠲᠣᠪᠴᠢᠶ᠎ᠠ ᠮᠡᠳᠡᠭᠡᠯᠡᠯ ᠢ ᠢᠯᠡ | ᠲᠣᠳᠣ ᠪᠣᠯᠭᠠᠬᠤ ᠲᠠᠢ ᠬᠤᠯᠪᠣᠭᠳᠠᠬᠤ ᠬᠤᠷᠢᠶᠠᠮᠵᠢ ᠠᠪᠤᠭ᠎ᠠ ᠦᠭᠡᠢ᠃ |