ᠠᠯᠠᠱᠠ ᠵᠡᠭᠦᠨ ᠬᠤᠰᠢᠭᠤᠨ ᠤ ᠠᠵᠤ ᠦᠢᠯᠡᠳᠪᠦᠷᠢ ᠬᠤᠳᠠᠯᠳᠤᠭᠠᠨ ᠤ ᠶᠠᠪᠤᠳᠠᠯ ᠪᠠ ᠴᠢᠮᠡᠭᠡ ᠵᠠᠩᠭᠢᠴᠢᠯᠠᠯᠲᠠ ᠶᠢᠨ ᠲᠣᠪᠴᠢᠶ᠎ᠠ ᠶᠢᠨ 2024 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠳ᠋ᠦᠩᠨᠡᠯᠲᠡ ᠶᠢᠨ ᠮᠡᠳᠡᠭᠦᠯᠦᠯᠲᠡ
ᠨᠡᠶᠢᠲᠡᠯᠡᠭᠰᠡᠨ ᠴᠠᠭ᠄
2024/12/31
     ᠮᠠᠲ᠋ᠧᠷᠢᠶᠠᠯ ᠤᠨ ᠳ᠋ᠤᠭᠠᠷ᠄ 11152921011764938 G/ 2024 -02506      ᠨᠡᠶᠢᠲᠡᠯᠡᠭᠰᠡᠨ ᠪᠠᠶᠢᠭᠤᠯᠤᠮᠵᠢ᠄ ᠠᠯᠠᠱᠠ ᠵᠡᠭᠦᠨ ᠬᠤᠰᠢᠭᠤᠨ ᠤ ᠠᠵᠤ ᠦᠢᠯᠡᠳᠪᠦᠷᠢ ᠬᠤᠳᠠᠯᠳᠤᠭᠠᠨ ᠤ ᠶᠠᠪᠤᠳᠠᠯ ᠪᠠ ᠴᠢᠮᠡᠭᠡ ᠵᠠᠩᠭᠢᠴᠢᠯᠠᠯᠲᠠ ᠶᠢᠨ ᠲᠣᠪᠴᠢᠶ᠎ᠠ      ᠨᠡᠶᠢᠲᠡᠯᠡᠭᠰᠡᠨ ᠬᠡᠯᠪᠡᠷᠢ᠄ ᠰᠠᠨᠠᠭᠠᠴᠢᠯᠠᠭ᠎ᠠ ᠠᠴᠠ ᠪᠠᠨ ᠢᠯᠡ ᠨᠡᠶᠢᠲᠡᠯᠡᠪᠡ       ︽ᠳᠤᠮᠳᠠᠳᠤ ᠤᠯᠤᠰ ᠤᠨ ᠡᠪ ᠬᠠᠮᠲᠤ ᠨᠠᠮ ᠤᠨ ᠠᠯᠠᠱᠠ ᠵᠡᠭᠦᠨ ᠬᠤᠰᠢᠭᠤᠨ ᠤ ᠬᠤᠷᠢᠶ᠎ᠠ ᠪᠦᠭᠦ ᠲᠠᠯ᠎ᠠ ᠪᠠᠷ ᠬᠠᠤᠯᠢ ᠶᠣᠰᠣᠭᠠᠷ ᠬᠤᠰᠢᠭᠤ ᠵᠠᠰᠠᠬᠤ ᠵᠥᠪᠯᠡᠯ ᠤᠨ ᠬᠡᠪᠯᠡᠨ ᠲᠠᠷᠬᠠᠭᠠᠭᠰᠠᠨ ᠮᠡᠳᠡᠭᠳᠡᠯ︾ ᠢ ᠦᠨᠳᠦᠰᠦᠯᠡᠪᠡᠯ᠂ ᠠᠯᠠᠱᠠ ᠵᠡᠭᠦᠨ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠪᠠ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠬᠠᠨᠳᠤᠭᠤᠯᠤᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠴᠢᠮᠲᠡᠢ ᠰᠤᠷᠤᠯᠴᠠᠨ ᠲᠤᠤᠱᠯᠠᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠠᠵᠢᠯ ᠤᠨ ᠡᠭᠦᠷᠭᠡ ᠴᠢᠳᠠᠪᠬᠢ ᠪᠠᠨ ᠤᠯᠠᠮ ᠭᠦᠢᠴᠡᠳᠬᠡᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ ᠡᠷᠴᠢᠮᠲᠡᠢ ᠥᠷᠨᠢᠭᠦᠯᠵᠦ᠂ ᠡᠳᠦᠭᠡ 2024 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠪᠠᠶᠢᠳᠠᠯ ᠢ ᠳᠠᠷᠠᠭᠠᠬᠢ ᠬᠡᠳᠦᠨ ᠲᠠᠯ᠎ᠠ ᠪᠠᠷ ᠳ᠋ᠦᠩᠨᠡᠪᠡ᠃       ᠨᠢᠭᠡ᠂ ᠠᠵᠢᠯ ᠥᠷᠨᠢᠭᠦᠯᠦᠭᠰᠡᠨ ᠪᠠᠶᠢᠳᠠᠯ ᠵᠢᠴᠢ ᠦᠷ᠎ᠡ ᠪᠦᠲᠦᠮᠵᠢ       ︵ᠨᠢᠭᠡ︶ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ᠃ ᠨᠢᠭᠡ ᠳᠤ ᠤᠳᠤᠷᠢᠳᠬᠤ ᠪᠠᠶᠢᠭᠤᠯᠤᠮᠵᠢ ᠶᠢ ᠪᠠᠶᠢᠭᠤᠯᠪᠠ ᠃ ᠠᠯᠠᠱᠠ ᠵᠡᠭᠦᠨ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠨᠢ ︽ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠤ ᠬᠠᠤᠯᠢᠵᠢᠯ ᠤᠨ ᠪᠠᠶᠢᠭᠤᠯᠤᠯᠲᠠ ᠶᠢ ᠠᠬᠢᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠲᠣᠭᠲᠠᠭᠠᠯ︾ ᠢ ᠴᠢᠩᠭ᠎ᠠ ᠬᠡᠷᠡᠭᠵᠢᠭᠦᠯᠵᠦ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠬᠤ ᠶᠢ ᠴᠢᠬᠤᠯᠠ ᠡᠭᠦᠷᠭᠡ ᠪᠣᠯᠭᠠᠨ ᠠᠳᠬᠤᠵᠤ ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠤᠨ ᠲᠡᠭᠦᠯᠳᠡᠷᠵᠢᠭᠦᠯᠵᠦ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠤᠳᠤᠷᠢᠳᠤᠯᠭ᠎ᠠ ᠶᠢ ᠴᠢᠩᠭᠠᠳᠬᠠᠵᠤ᠂ ᠭᠤᠣᠯ ᠤᠳᠤᠷᠢᠳᠤᠯᠭ᠎ᠠ ᠨᠢᠭᠡᠳᠦᠯᠲᠡᠢ ᠲᠥᠯᠥᠪᠵᠢᠭᠦᠯᠦᠨ ᠠᠳᠬᠤᠵᠤ᠂ ᠬᠤᠪᠢᠶᠠᠨ ᠬᠠᠮᠢᠶᠠᠷᠬᠤ ᠤᠳᠤᠷᠢᠳᠤᠯᠭ᠎ᠠ ᠪᠣᠳᠠᠲᠠᠢ ᠠᠳᠬᠤᠵᠤ᠂ ᠡᠯ᠎ᠡ ᠬᠠᠮᠢᠶ᠎ᠠ ᠪᠦᠬᠦᠢ ᠲᠠᠰᠤᠭ ᠬᠠᠮᠵᠢᠯᠴᠠᠨ ᠠᠳᠬᠤᠬᠤ ᠠᠵᠢᠯ ᠤᠨ ᠪᠠᠶᠢᠳᠠᠯ ᠢ ᠪᠦᠷᠢᠯᠳᠦᠭᠦᠯᠬᠦ ᠶᠢᠨ ᠬᠠᠮᠲᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ ᠬᠠᠷᠠᠯᠲᠠ ᠦᠷ᠎ᠡ ᠪᠦᠲᠦᠮᠵᠢ ᠶᠢ ᠰᠢᠯᠭᠠᠨ ᠬᠢᠨᠠᠬᠤ ᠳᠤ ᠣᠷᠣᠭᠤᠯᠵᠤ᠂ ᠠᠳᠠᠯᠢ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ ᠭᠤᠣᠯᠳᠠᠯᠭ᠎ᠠ ᠲᠠᠢ ᠠᠵᠢᠯ ᠢ ᠬᠠᠮᠲᠤ  ᠳᠤᠨᠢ ᠲᠥᠯᠥᠪᠯᠡᠵᠦ᠂ ᠬᠠᠮᠲᠤ ᠳᠤᠨᠢ ᠪᠠᠶᠢᠷᠢᠯᠠᠭᠤᠯᠵᠤ᠂ ᠬᠠᠮᠲᠤ ᠳᠤᠨᠢ ᠨᠠᠶᠢᠳᠠᠪᠤᠷᠢᠵᠢᠭᠤᠯᠵᠤ᠂ ᠬᠠᠮᠲᠤ ᠪᠠᠷ ᠰᠢᠯᠭᠠᠨ ᠬᠢᠨᠠᠨ᠎ᠠ᠃ ᠬᠤᠶᠠᠷ ᠲᠤ ᠠᠵᠢᠯ ᠤᠨ ᠲᠥᠯᠥᠪᠯᠡᠭᠡ ᠲᠣᠭᠲᠠᠭᠠᠨ᠎ᠠ᠃ ︽ᠠᠯᠠᠱᠠ ᠵᠡᠭᠦᠨ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ 2024 ᠣᠨ ᠤ ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠲᠥᠯᠥᠪᠯᠡᠭᠡ︾᠂ ︽ᠠᠯᠠᠱᠠ ᠵᠡᠭᠦᠨ ᠬᠤᠰᠢᠭᠤᠨ ᠤ ᠠᠵᠤ ᠦᠢᠯᠡᠳᠪᠦᠷᠢ ᠬᠤᠳᠠᠯᠳᠤᠭᠠᠨ ᠤ ᠶᠠᠪᠤᠳᠠᠯ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ 2024 ᠣᠨ ᠤ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠨᠠᠷᠢᠨ ᠪᠦᠷᠢᠳᠬᠡᠯ︾᠂ ︽ᠠᠯᠠᠱᠠ ᠵᠡᠭᠦᠨ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ 2024 ᠣᠨ ᠤ ᠬᠠᠤᠯᠢ ᠲᠦᠭᠡᠮᠡᠯᠵᠢᠭᠦᠯᠬᠦ ᠠᠵᠢᠯ ᠤᠨ ᠴᠢᠬᠤᠯᠠ ᠵᠦᠢᠯ︾ ᠵᠡᠷᠭᠡ ᠪᠢᠴᠢᠭ ᠮᠠᠲ᠋ᠧᠷᠢᠶᠠᠯ ᠢ ᠲᠣᠭᠲᠠᠭᠠᠵᠤ᠂ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠨ᠂ ᠪᠦᠭᠦ ᠲᠠᠯ᠎ᠠ ᠶᠢᠨ ᠠᠵᠢᠯ ᠤᠨ ᠬᠠᠷᠠᠯᠲᠠ ᠶᠢ ᠲᠣᠳᠣᠷᠬᠠᠶᠢᠯᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ᠂ ᠬᠠᠤᠯᠢ ᠲᠦᠭᠡᠮᠡᠯᠵᠢᠭᠦᠯᠬᠦ ᠬᠠᠤᠯᠢ ᠶᠣᠰᠣᠭᠠᠷ ᠵᠠᠰᠠᠬᠤ ᠵᠡᠷᠭᠡ ᠠᠵᠢᠯ ᠤᠨ ᠪᠠᠶᠢᠷᠢᠯᠠᠭᠤᠯᠤᠯᠲᠠ ᠪᠠ ᠪᠠᠶᠢᠷᠢᠯᠠᠭᠤᠯᠤᠯᠲᠠ ᠶᠢᠨ ᠬᠤᠷᠠᠯ ᠪᠠ ᠠᠵᠢᠯ ᠤᠨ ᠠᠬᠢᠭᠤᠯᠬᠤ ᠬᠤᠷᠠᠯ ᠢ ᠬᠤᠷᠠᠯᠳᠤᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠠᠵᠢᠯ ᠤᠨ ᠨᠠᠶᠢᠳᠠᠪᠤᠷᠢᠵᠢᠭᠤᠯᠤᠯᠲᠠ ᠶᠢᠨ ᠨᠠᠷᠢᠨ ᠳᠦᠷᠢᠮ ᠢ ᠨᠠᠷᠢᠨ ᠲᠣᠳᠣᠷᠬᠠᠢ ᠪᠣᠯᠭᠠᠪᠠ᠃ ᠭᠤᠷᠪᠠ ᠳᠤ᠂ ᠣᠨᠣᠯ ᠤᠨ ᠭᠤᠣᠯ ᠳᠤᠭᠤᠶᠢᠯᠠᠩ ᠤᠨ ᠬᠠᠤᠯᠢ ᠰᠤᠷᠬᠤ ᠳᠦᠷᠢᠮ ᠢ ᠪᠠᠶᠢᠭᠤᠯᠤᠨ᠎ᠠ᠃ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠤᠨ ᠭᠤᠣᠯ ᠳᠤᠭᠤᠶᠢᠯᠠᠩ ᠤᠨ ᠰᠤᠷᠤᠯᠴᠠᠬᠤ ᠴᠢᠬᠤᠯᠠ ᠠᠭᠤᠯᠭ᠎ᠠ ᠪᠤᠯᠭᠠᠵᠤ᠂ ᠡᠨᠡ ᠵᠢᠯ ᠠᠴᠠ ᠨᠠᠰᠢ᠂ ᠣᠨᠣᠯ ᠤᠨ ᠭᠤᠣᠯ ᠳᠤᠭᠤᠶᠢᠯᠠᠩ ᠤᠨ ᠰᠤᠷᠤᠯᠴᠠᠬᠤ ᠬᠠᠤᠯᠢ ᠶᠢ 11 ᠤᠳᠠᠭ᠎ᠠ ᠥᠷᠨᠢᠭᠦᠯᠵᠦ᠂ ᠤᠳᠤᠷᠢᠳᠬᠤ ᠺᠠᠳ᠋ᠷ ᠲᠦᠷᠦᠭᠦᠯᠡᠨ ᠬᠠᠤᠯᠢ ᠶᠢ ᠭᠦᠨᠳᠦᠳᠭᠡᠵᠦ ᠬᠠᠤᠯᠢ ᠶᠢ ᠰᠤᠷᠴᠤ ᠬᠠᠤᠯᠢ ᠶᠢ ᠵᠢᠷᠤᠮᠯᠠᠵᠤ ᠬᠠᠤᠯᠢ ᠶᠢ ᠬᠡᠷᠡᠭᠯᠡᠬᠦ ᠠᠵᠢᠯ ᠢ ᠤᠯᠠᠮ ᠠᠬᠢᠭᠤᠯᠪᠠ᠃       ︵ᠬᠤᠶᠠᠷ︶ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠡᠷᠴᠢᠮᠲᠡᠢ ᠠᠬᠢᠭᠤᠯᠤᠨ᠎ᠠ᠃ ᠨᠢᠭᠡ ᠳᠤ᠂ ᠡᠷᠬᠡ ᠬᠠᠷᠢᠭᠤᠴᠠᠯᠭ᠎ᠠ ᠶᠢᠨ ᠨᠠᠷᠢᠨ ᠪᠦᠷᠢᠳᠬᠡᠯ ᠶᠢ ᠬᠥᠳᠡᠯᠦᠩᠭᠦᠢ ᠪᠠᠷ ᠲᠣᠬᠢᠷᠠᠭᠤᠯᠵᠤ᠂ 2 ᠲᠥᠷᠥᠯ ᠤᠨ ᠵᠠᠰᠠᠭ ᠵᠠᠬᠢᠷᠭᠠᠨ ᠤ ᠬᠢᠨᠠᠯᠲᠠ ᠪᠠᠶᠢᠴᠠᠭᠠᠯᠲᠠ ᠶᠢᠨ ᠵᠦᠢᠯ ᠢ ᠨᠡᠶᠢᠯᠡᠭᠦᠯᠦᠨ 1 ᠵᠤᠷᠪᠤᠰ ᠪᠣᠯᠭᠠᠵᠠᠢ᠃ ᠲᠣᠬᠢᠷᠠᠭᠤᠯᠤᠯᠲᠠ ᠬᠢᠬᠦ ᠪᠠᠷ ᠳᠠᠮᠵᠢᠨ᠂ ᠮᠠᠨ ᠤ ᠲᠣᠪᠴᠢᠶ᠎ᠠ ᠶᠢᠨ ᠡᠷᠬᠡ ᠬᠠᠷᠢᠭᠤᠴᠠᠯᠭ᠎ᠠ ᠶᠢᠨ ᠨᠠᠷᠢᠨ ᠪᠦᠷᠢᠳᠬᠡᠯ 134 ᠵᠦᠢᠯ᠂ ᠵᠠᠰᠠᠭ ᠵᠠᠬᠢᠷᠭᠠᠨ ᠤ ᠵᠥᠪᠰᠢᠶᠡᠷᠡᠯ 1 ᠵᠦᠢᠯ᠂ ᠵᠠᠰᠠᠭ ᠵᠠᠬᠢᠷᠭᠠᠨ ᠤ ᠰᠢᠢᠳᠬᠡᠯ 107 ᠵᠦᠢᠯ᠂ ᠵᠠᠰᠠᠭ ᠵᠠᠬᠢᠷᠭᠠᠨ ᠤ ᠬᠢᠨᠠᠯᠲᠠ ᠪᠠᠶᠢᠴᠠᠭᠠᠯᠲᠠ 21 ᠵᠦᠢᠯ᠂ ᠵᠠᠰᠠᠭ ᠵᠠᠬᠢᠷᠭᠠᠨ ᠤ 5 ᠵᠦᠢᠯ ᠢ ᠪᠦᠷᠢᠳᠬᠡᠨ ᠳᠡᠩᠰᠡᠯᠡᠪᠡ᠃ ᠬᠤᠶᠠᠷ ᠲᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠪᠦᠭᠦ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠬᠤ ᠪᠠᠷ ᠦᠨᠳᠦᠰᠦ ᠪᠣᠯᠭᠠᠨ᠂ ᠦᠨᠡᠨᠴᠢ ᠢᠲᠡᠭᠡᠮᠵᠢᠲᠡᠢ ᠠᠵᠤ ᠠᠬᠤᠶᠢᠯᠠᠯ ᠳᠤ ᠲᠥᠷᠥ ᠶᠢᠨ ᠪᠣᠳᠣᠯᠭ᠎ᠠ ᠶᠢᠨ ᠬᠡᠯᠪᠡᠶᠢᠬᠦ ᠡᠷᠴᠢᠮ ᠢᠶᠠᠨ ᠴᠢᠩᠭᠠᠷᠠᠭᠤᠯᠵᠤ᠂ ᠢᠲᠡᠭᠡᠮᠵᠢ ᠠᠯᠳᠠᠭᠰᠠᠨ ᠠᠵᠤ ᠠᠬᠤᠶᠢᠯᠠᠯ ᠢ ᠬᠠᠷ᠎ᠠ ᠳᠠᠩᠰᠠᠨ ᠳᠤ ᠣᠷᠣᠭᠤᠯᠤᠨ᠂ ᠵᠠᠰᠠᠭ ᠵᠠᠬᠢᠷᠭᠠᠨ ᠤ ᠤᠴᠢᠷ ᠶᠠᠪᠤᠳᠠᠯ ᠢ ᠰᠢᠢᠳᠪᠦᠷᠢᠯᠡᠬᠦ ᠳᠡᠭᠡᠨ ᠢᠲᠡᠭᠡᠯ ᠠᠯᠳᠠᠭᠰᠠᠨ ᠠᠵᠤ ᠠᠬᠤᠶᠢᠯᠠᠯ ᠢ ᠴᠥᠮ ᠵᠥᠪᠰᠢᠶᠡᠷᠡᠨ ᠣᠷᠣᠭᠤᠯᠵᠤ ᠪᠤᠯᠬᠤ ᠦᠭᠡᠢ᠃ ᠡᠨᠡ ᠵᠢᠯ ᠠᠴᠠ ᠨᠠᠰᠢ᠂ ᠨᠡᠶᠢᠲᠡ 14 ᠬᠤᠪᠢ ᠦᠨᠡᠨᠴᠢ ᠢᠲᠡᠭᠡᠮᠵᠢ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢ ᠲᠠᠨᠢᠯᠴᠠᠭᠤᠯᠵᠤ᠂ ᠲᠠᠪᠴᠠᠩ ᠢᠶᠠᠷ ᠳᠠᠮᠵᠢᠨ ᠦᠨᠡᠨᠴᠢ ᠢᠲᠡᠭᠡᠮᠵᠢ ᠶᠢᠨ ᠰᠠᠨᠠᠭᠠᠴᠢᠯᠠᠭ᠎ᠠ ᠶᠢᠨ ᠪᠢᠴᠢᠭ ᠢ 1 ᠤᠳᠠᠭ᠎ᠠ ᠨᠡᠶᠢᠲᠡᠯᠡᠵᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠰᠤᠷᠭᠠᠯᠲᠠ ᠶᠢ 3 ᠤᠳᠠᠭ᠎ᠠ ᠥᠷᠨᠢᠭᠦᠯᠵᠦ᠂ ᠠᠵᠤ ᠠᠬᠤᠶᠢᠯᠠᠯ᠂ ᠣᠯᠠᠨ ᠴᠢᠳᠠᠮᠵᠢᠲᠤ ᠪᠡᠶ᠎ᠡ ᠶᠢᠨ ᠲᠠᠮᠢᠷ ᠤᠨ ᠲᠠᠯᠠᠪᠠᠢ ᠳᠤ ᠭᠦᠨᠵᠡᠭᠡᠶᠢᠷᠡᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠤᠬᠠᠭᠤᠯᠭ᠎ᠠ ᠶᠢ 4 ᠤᠳᠠᠭ᠎ᠠ ᠥᠷᠨᠢᠭᠦᠯᠪᠡ᠃       ︵ᠭᠤᠷᠪᠠ︶ ᠬᠠᠤᠯᠢ ᠪᠠᠷ ᠵᠠᠰᠠᠬᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ᠃ ᠠᠯᠠᠱᠠ ᠵᠡᠭᠦᠨ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠ ᠪᠠᠭ᠎ᠠ ᠠᠵᠤ ᠠᠬᠤᠶᠢᠯᠠᠯ ᠤᠨ ᠬᠥᠭᠵᠢᠯᠲᠡ ᠶᠢᠨ ᠲᠤᠬᠠᠢ ᠴᠢᠬᠤᠯᠠ ᠵᠢᠭᠠᠪᠤᠷᠢ ᠵᠢᠴᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠤᠮᠳᠠ ᠪᠠᠭ᠎ᠠ ᠠᠵᠤ ᠠᠬᠤᠶᠢᠯᠠᠯ ᠢ ᠠᠬᠢᠭᠤᠯᠬᠤ ᠬᠠᠤᠯᠢ ︾᠂ ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠤᠯᠠᠮ ᠳᠡᠮᠵᠢᠬᠦ ᠲᠤᠬᠠᠢ ᠠᠷᠭ᠎ᠠ ᠪᠠᠷᠢᠯ︾ ᠵᠡᠷᠭᠡ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠡᠷᠴᠢᠮᠲᠡᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠳᠤ ᠬᠠᠷᠠᠭᠠᠯᠵᠠᠯ ᠦᠵᠡᠭᠦᠯᠭᠦ ᠲᠥᠷᠥ ᠶᠢᠨ ᠪᠣᠳᠣᠯᠭ᠎ᠠ ᠪᠠᠷ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠤᠯᠠᠮ ᠳᠡᠭᠡᠭᠰᠢᠯᠡᠭᠦᠯᠦᠨ᠎ᠡ᠃ ᠨᠢᠭᠡ ᠳᠤ ᠠᠵᠤ ᠠᠬᠤᠶᠢᠯᠠᠯ ᠳᠤ ᠬᠠᠷᠠᠭᠠᠯᠵᠠᠯ ᠦᠵᠡᠭᠦᠯᠭᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠨ᠎ᠠ᠃ ᠸᠢᠴᠠᠲ ᠤᠨ ᠲᠠᠪᠴᠠᠩ ᠵᠡᠷᠭᠡ ᠰᠢᠨ᠎ᠡ ᠵᠠᠭᠤᠴᠢᠯᠠᠭᠤᠷ ᠤᠨ ᠠᠷᠭ᠎ᠠ ᠵᠠᠮ ᠢ ᠠᠰᠢᠭᠯᠠᠵᠤ ᠪᠦᠭᠦ ᠬᠤᠰᠢᠭᠤᠨ ᠤ 150 ᠭᠠᠷᠤᠢ ᠡᠷᠦᠭᠡ ᠳᠤᠮᠳᠠ ᠪᠠᠭ᠎ᠠ ᠠᠵᠤ ᠠᠬᠤᠶᠢᠯᠠᠯ ᠳᠤ ᠲᠣᠮᠣ ᠬᠡᠪᠴᠢᠶᠡᠨ ᠤ ᠲᠥᠬᠦᠭᠡᠷᠦᠮᠵᠢ ᠶᠢ ᠬᠠᠭᠤᠴᠢᠨ ᠢᠶᠠᠷ ᠰᠢᠨ᠎ᠡ ᠶᠢ ᠰᠣᠯᠢᠬᠤ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠢ ᠬᠥᠭᠵᠢᠭᠦᠯᠬᠦ ᠲᠤᠰᠬᠠᠢ ᠪᠡᠯᠡ ᠮᠥᠩᠭᠦ ᠭᠤᠶᠤᠴᠢᠯᠠᠨ ᠮᠡᠳᠡᠭᠦᠯᠬᠦ ᠵᠡᠷᠭᠡ ᠠᠵᠤ ᠠᠬᠤᠶᠢᠯᠠᠯ ᠳᠤ ᠬᠠᠷᠠᠭᠠᠯᠵᠠᠯ ᠦᠵᠡᠭᠦᠯᠭᠦ ᠲᠥᠷᠥ ᠶᠢᠨ ᠪᠣᠳᠣᠯᠭ᠎ᠠ ᠶᠢ ᠤᠬᠠᠭᠤᠯᠪᠠ᠃ ᠬᠤᠶᠠᠷ ᠲᠤ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠥᠪᠡᠷᠲᠡᠭᠡᠨ ᠵᠠᠰᠠᠬᠤ ᠣᠷᠣᠨ ᠤ ᠲᠤᠰᠬᠠᠢ ᠪᠠ ᠨᠠᠷᠢᠯᠢᠭ ᠪᠥᠭᠡᠳ ᠥᠪᠡᠷᠮᠢᠴᠡ ᠰᠢᠨ᠎ᠡ᠂ ᠰᠢᠨ᠎ᠡ ᠶᠢ ᠡᠭᠦᠳᠬᠦ ᠭᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ ᠢᠳᠡᠪᠬᠢᠲᠡᠢ ᠪᠠᠷ ᠭᠤᠶᠤᠴᠢᠯᠠᠨ ᠮᠡᠳᠡᠭᠦᠯᠦᠨ᠎ᠡ᠃ ᠠᠯᠠᠱᠠ ᠠᠶᠢᠮᠠᠭ ᠤᠨ ᠪᠧᠢ ᠳ᠋ᠧᠦ ᠰᠢᠨ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠮᠧᠬᠠᠨᠢᠭ ᠤᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠵᠡᠷᠭᠡ 5 ᠠᠵᠤ ᠠᠬᠤᠶᠢᠯᠠᠯ ᠢ ᠵᠣᠬᠢᠶᠠᠨ ᠪᠠᠶᠢᠭᠤᠯᠤᠨ᠂ 2024 ᠣᠨ ᠤ ᠥᠪᠡᠷᠲᠡᠭᠡᠨ ᠵᠠᠰᠠᠬᠤ ᠣᠷᠣᠨ ᠤ ᠰᠢᠨ᠎ᠡ ᠶᠢ ᠡᠭᠦᠳᠬᠦ ᠭᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠢ ᠭᠤᠶᠤᠴᠢᠯᠠᠨ ᠮᠡᠳᠡᠭᠦᠯᠬᠦ ᠠᠵᠢᠯ ᠢ ᠪᠡᠶᠡᠯᠡᠭᠦᠯᠵᠦ᠂ ᠡᠭᠦᠨ ᠳᠤ ᠠᠯᠠᠱᠠ ᠠᠶᠢᠮᠠᠭ ᠤᠨ ᠪᠧᠢ ᠳ᠋ᠧᠦ ᠰᠢᠨ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠮᠧᠬᠠᠨᠢᠭ ᠤᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠨᠢ 2024 ᠣᠨ ᠤ ᠥᠪᠡᠷᠲᠡᠭᠡᠨ ᠵᠠᠰᠠᠬᠤ ᠣᠷᠣᠨ ᠤ ᠰᠢᠨ᠎ᠡ ᠶᠢ ᠡᠭᠦᠳᠬᠦ ᠭᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠢᠶᠠᠷ ᠲᠣᠭᠲᠠᠭᠠᠭᠳᠠᠪᠠ᠃ ᠭᠤᠷᠪᠠ ᠳᠤ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠵᠠᠬᠢᠷᠭ᠎ᠠ ᠶᠢᠨ ᠬᠠᠷᠢᠭᠤ ᠲᠤᠰᠬᠠᠭᠰᠠᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠳᠤᠮᠳᠠ ᠵᠢᠵᠢᠭ ᠠᠵᠤ ᠠᠬᠤᠶᠢᠯᠠᠯ ᠤᠨ ᠥᠷᠢ ᠥᠭᠴᠡᠭᠡ ᠶᠢᠨ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠪᠦᠭᠦ ᠲᠠᠯ᠎ᠠ ᠪᠠᠷ ᠬᠢᠨᠠᠨ ᠪᠠᠶᠢᠴᠠᠭᠠᠵᠤ᠂ ᠢᠯᠡᠴᠢᠯᠡᠨ ᠮᠡᠳᠡᠭᠦᠯᠦᠭᠰᠡᠨ ᠰᠦᠪᠡᠭᠴᠢ ᠶᠢ ᠦᠨᠳᠦᠰᠦᠯᠡᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠳᠤᠮᠳᠠ ᠵᠢᠵᠢᠭ ᠠᠵᠤ ᠠᠬᠤᠶᠢᠯᠠᠯ ᠤᠨ ᠥᠷᠢ ᠥᠭᠴᠡᠭᠡ ᠶᠢᠨ ᠪᠠᠶᠢᠳᠠᠯ ᠢ ᠬᠢᠨᠠᠨ ᠪᠠᠶᠢᠴᠠᠭᠠᠵᠤ᠂ ᠥᠷᠢᠲᠦᠵᠦ ᠪᠠᠶᠢᠭ᠎ᠠ ᠨᠢᠭᠡᠴᠢ ᠶᠢ ᠵᠣᠭᠤᠰ ᠪᠤᠴᠠᠭᠠᠬᠤ ᠲᠥᠯᠥᠪᠯᠡᠭᠡ ᠪᠠᠨ ᠴᠠᠭ ᠲᠤᠬᠠᠢ ᠳᠤᠨᠢ ᠲᠣᠭᠲᠠᠭᠠᠵᠤ᠂ ᠵᠣᠭᠤᠰ ᠢ ᠴᠠᠭ ᠲᠤᠬᠠᠢ ᠳᠤᠨᠢ ᠪᠤᠴᠠᠭᠠᠬᠤ ᠬᠡᠷᠡᠭᠲᠡᠢ ᠭᠡᠵᠦ ᠱᠠᠭᠠᠷᠳᠠᠬᠤ ᠬᠡᠷᠡᠭᠲᠡᠢ᠃ ᠡᠨᠡ ᠵᠢᠯ ᠠᠴᠠ ᠨᠠᠰᠢ᠂ ᠬᠤᠯᠪᠣᠭᠳᠠᠯ ᠪᠦᠬᠦᠢ ᠵᠠᠭᠠᠯᠳᠤᠯᠭ᠎ᠠ ᠶᠢᠨ ᠥᠷᠢ ᠰᠢᠷᠢ ᠶᠢᠨ ᠠᠰᠠᠭᠤᠳᠠᠯ ᠤᠨ ᠲᠤᠬᠠᠢ ᠪᠢᠴᠢᠭ ᠮᠠᠲ᠋ᠧᠷᠢᠶᠠᠯ ᠢ 15 ᠤᠳᠠᠭ᠎ᠠ ᠬᠠᠷᠭᠤᠭᠤᠯᠤᠨ ᠪᠠᠶᠢᠴᠠᠭᠠᠵᠤ᠂ ᠵᠣᠭᠤᠰ ᠥᠷᠢᠲᠦᠵᠦ ᠪᠠᠶᠢᠭ᠎ᠠ 11 ᠭᠤᠣᠯ ᠴᠣᠭᠴᠠ ᠶᠢᠨ ᠨᠢᠭᠡᠴᠢ ᠶᠢ ᠱᠠᠭᠠᠷᠳᠠᠨ ᠵᠣᠭᠤᠰ ᠪᠤᠴᠠᠭᠠᠬᠤ ᠲᠥᠯᠥᠪᠯᠡᠭᠡ ᠲᠣᠭᠲᠠᠭᠠᠯᠭᠠᠵᠤ᠂ 2024 ᠣᠨ ᠤ ᠥᠷᠢ ᠰᠢᠷᠢ ᠢᠯᠭᠠᠷᠠᠭᠤᠯᠤᠨ ᠵᠠᠭᠠᠯᠳᠤᠬᠤ ᠢᠯᠡᠴᠢᠯᠡᠨ ᠮᠡᠳᠡᠭᠦᠯᠬᠦ ᠡᠬᠡ ᠳᠠᠩᠰᠠ ᠶᠢ ᠡᠮᠬᠢᠯᠡᠨ ᠲᠢᠭᠯᠡᠵᠦ᠂ ᠥᠷᠢ ᠲᠥᠯᠥᠬᠦ ᠠᠵᠢᠯ ᠢ ᠵᠣᠬᠢᠴᠠᠭᠤᠯᠬᠤ 4 ᠤᠳᠠᠭ᠎ᠠ ᠬᠤᠷᠠᠯᠳᠤᠭᠤᠯᠪᠠ᠃       ︵ᠳᠥᠷᠪᠡ︶ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠴᠢᠩᠳᠠᠯᠠᠵᠤ᠂ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠲᠦᠯᠬᠢᠨ ᠠᠬᠢᠭᠤᠯᠬᠤ ᠬᠡᠷᠡᠭᠲᠡᠢ᠃ ᠨᠢᠭᠡ ᠳᠤ ︽ᠬᠤᠶᠠᠷ ᠢ ᠰᠤᠭᠤᠴᠢᠵᠤ ᠨᠢᠭᠡ ᠶᠢ ᠨᠡᠭᠡᠭᠡᠯᠲᠡ ᠲᠠᠢ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠳᠬᠠᠨ᠎ᠠ᠃ ᠬᠤᠰᠢᠭᠤᠨ ᠤ ᠠᠵᠤ ᠦᠢᠯᠡᠳᠪᠦᠷᠢ ᠰᠤᠷᠠᠭ ᠵᠠᠩᠭᠢᠴᠢᠯᠠᠯᠲᠠ ᠶᠢᠨ ᠲᠣᠪᠴᠢᠶᠠᠨ ᠤ ᠬᠢᠨᠠᠯᠲᠠ ᠲᠠᠯᠪᠢᠵᠤ ᠪᠠᠶᠢᠴᠠᠭᠠᠬᠤ ᠵᠠᠰᠠᠭ ᠵᠠᠬᠢᠷᠭᠠᠨ ᠤ ᠡᠷᠬᠡ ᠶᠢᠨ ᠬᠤᠪᠢᠷᠠᠯᠲᠠ ᠶᠢ ᠦᠨᠳᠦᠰᠦᠯᠡᠨ᠂ ᠴᠠᠭ ᠲᠤᠬᠠᠢ ᠳᠤᠨᠢ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ - ᠬᠤᠣᠰ ᠲᠠᠰᠢᠷᠠᠮ ᠰᠢᠰᠲ᠋ᠧᠮ ᠢᠶᠠᠷ ᠰᠤᠭᠤᠴᠢᠨ ᠪᠠᠶᠢᠴᠠᠭᠠᠬᠤ ᠵᠦᠢᠯᠡᠰ ᠤᠨ ᠨᠠᠷᠢᠨ ᠪᠦᠷᠢᠳᠬᠡᠯ᠂ ᠬᠠᠤᠯᠢ ᠬᠡᠷᠡᠭᠵᠢᠭᠦᠯᠦᠭᠴᠢ ᠶᠢᠨ ᠨᠡᠷᠡᠰ ᠤᠨ ᠬᠥᠮᠥᠷᠭᠡ᠂ ᠮᠠᠰᠢᠨ ᠤ ᠲᠠᠰᠢᠷᠠᠮ ᠢᠶᠠᠷ ᠪᠠᠶᠢᠴᠠᠭᠠᠬᠤ ᠡᠲᠡᠭᠡᠳ ᠤᠨ ᠨᠡᠷᠡᠰ ᠤᠨ ᠬᠥᠮᠥᠷᠭᠡ ᠵᠡᠷᠭᠡ ᠶᠢ ᠬᠡᠷᠡᠭᠵᠢᠭᠦᠯᠵᠦ᠂ ᠰᠤᠭᠤᠴᠢᠨ ᠪᠠᠶᠢᠴᠠᠭᠠᠬᠤ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠵᠦ᠂ ︽ᠠᠯᠠᠱᠠ ᠵᠡᠭᠦᠨ ᠬᠤᠰᠢᠭᠤᠨ ᠤ ᠠᠵᠤ ᠦᠢᠯᠡᠳᠪᠦᠷᠢ ᠬᠤᠳᠠᠯᠳᠤᠭᠠᠨ ᠤ ᠶᠠᠪᠤᠳᠠᠯ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠢᠲᠡᠭᠡᠮᠵᠢ ᠶᠢ ᠳᠡᠰ ᠬᠤᠪᠢᠶᠠᠨ ᠬᠢᠨᠠᠨ ᠬᠠᠮᠢᠶᠠᠷᠬᠤ ᠳᠦᠷᠢᠮ︾ ᠢ ᠲᠣᠭᠲᠠᠭᠠᠨ ᠲᠠᠷᠬᠠᠭᠠᠵᠤ᠂ ᠠᠯᠠᠱᠠ ᠵᠡᠭᠦᠨ ᠬᠤᠰᠢᠭᠤᠨ ᠤ ᠠᠵᠤ ᠦᠢᠯᠡᠳᠪᠦᠷᠢ ᠰᠤᠷᠠᠭ ᠵᠠᠩᠭᠢ ᠶᠢᠨ ᠲᠣᠪᠴᠢᠶ᠎ᠠ ᠶᠢᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠶᠢᠨ ᠠᠵᠤ ᠠᠬᠤᠶᠢᠯᠠᠯ ᠳᠤ ᠢᠲᠡᠭᠡᠮᠵᠢ ᠶᠢᠨ ᠳᠡᠰ ᠬᠤᠪᠢᠶᠠᠨ ᠲᠥᠷᠥᠯ ᠬᠤᠪᠢᠶᠠᠨ ᠬᠢᠨᠠᠨ ᠬᠠᠮᠢᠶᠠᠷᠬᠤ ᠶᠢ ᠬᠡᠷᠡᠭᠵᠢᠭᠦᠯᠦᠨ᠎ᠡ᠃ ᠣᠳᠣᠬᠠᠨ ᠪᠤᠯᠲᠠᠯ᠎ᠠ᠂ ᠠᠷᠠᠳ ᠤᠨ ᠬᠡᠷᠡᠭᠯᠡᠭᠡᠨ ᠤ ᠳᠡᠯᠪᠡᠴᠢᠬᠦ᠂ ᠴᠠᠭᠢᠯᠭᠠᠨ ᠬᠦᠴᠦᠨ᠂ ᠨᠡᠭᠦᠷᠡᠰᠦ᠂ ᠬᠤᠳᠠᠯᠳᠤᠭᠠᠨ ᠤ ᠶᠠᠪᠤᠳᠠᠯ᠂ ᠳᠠᠪᠤᠰᠤᠨ ᠤ ᠦᠢᠯᠡᠰ᠂ ᠡᠨᠧᠷᠭᠢ ᠠᠷᠪᠢᠯᠠᠬᠤ ᠵᠡᠷᠭᠡ ︽ᠬᠤᠣᠰ ᠲᠠᠰᠢᠷᠠᠮ︾ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ 35 ᠤᠳᠠᠭ᠎ᠠ ᠥᠷᠨᠢᠭᠦᠯᠪᠡ᠃ ᠬᠤᠶᠠᠷ ᠲᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ ᠵᠦᠢᠯ ᠤᠨ ᠳᠦᠷᠢᠮ︾ ᠢ ᠪᠦᠭᠦ ᠲᠠᠯ᠎ᠠ ᠪᠠᠷ ᠶᠠᠪᠤᠭᠤᠯᠬᠤ ᠬᠡᠷᠡᠭᠲᠡᠢ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠳ ᠲᠤ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠬᠤ ᠪᠠ ᠬᠢᠷᠢ ᠭᠡᠮ ᠤᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠵᠦ᠂ ᠠᠵᠤ ᠦᠢᠯᠡᠳᠪᠦᠷᠢ ᠪᠠ ᠢᠲᠡᠭᠡᠮᠵᠢ ᠶᠢᠨ ᠬᠦᠷᠢᠶᠡᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠡᠰ ᠳᠠᠷᠠᠭᠠᠯᠠᠯ ᠢ ᠴᠢᠩᠭ᠎ᠠ ᠵᠢᠷᠤᠮᠵᠢᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠣᠳᠠᠲᠠᠢ ᠴᠤᠪᠤᠷᠠᠯ ᠢ ᠲᠣᠳᠣᠷᠬᠠᠶᠢᠯᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠵᠦ᠂ ᠬᠠᠤᠯᠢ ᠬᠡᠷᠡᠭᠵᠢᠭᠦᠯᠬᠦ ᠠᠵᠢᠯ ᠳᠤ ᠠᠷᠠᠳ ᠣᠯᠠᠨ ᠤ ᠬᠠᠨᠤᠮᠵᠢᠲᠠᠢ ᠪᠠᠶᠢᠬᠤ ᠬᠡᠮᠵᠢᠶ᠎ᠡ ᠶᠢ ᠲᠠᠰᠤᠷᠠᠯᠲᠠ ᠤᠶᠢᠭᠡᠢ ᠳᠡᠭᠡᠭᠰᠢᠯᠡᠭᠦᠯᠭᠦ ᠬᠡᠷᠡᠭᠲᠡᠢ᠃ ᠭᠤᠷᠪᠠ ᠳᠤ ᠬᠠᠤᠯᠢ ᠬᠡᠷᠡᠭᠵᠢᠭᠦᠯᠦᠯᠲᠡ ᠶᠢᠨ ᠵᠢᠷᠤᠮᠵᠢᠭᠤᠯᠤᠯᠲᠠ ᠶᠢᠨ ᠬᠢᠷᠢ ᠲᠦᠪᠰᠢᠨ ᠤ ᠲᠤᠰᠬᠠᠢ ᠠᠵᠢᠯᠯᠠᠭ᠎ᠠ ᠶᠢ ᠥᠷᠨᠢᠭᠦᠯᠦᠨ᠎ᠡ᠃ ︽ᠠᠯᠠᠱᠠ ᠵᠡᠭᠦᠨ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠨᠢ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ ᠬᠠᠤᠯᠢ ᠬᠡᠷᠡᠭᠵᠢᠭᠦᠯᠦᠯᠲᠡ ᠶᠢᠨ ᠳᠦᠷᠢᠮᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠭᠦ ᠲᠤᠰᠬᠠᠢ ᠲᠥᠷᠥᠯ ᠤᠨ ᠠᠵᠢᠯᠯᠠᠭ᠎ᠠ ᠶᠢᠨ ᠲᠥᠰᠥᠯ︾ ᠢ ᠲᠣᠭᠲᠠᠭᠠᠨ᠂ ᠴᠠᠭ ᠲᠤᠬᠠᠢ  ᠳᠤᠨᠢ ᠲᠣᠬᠢᠷᠠᠭᠤᠯᠤᠨ ᠪᠠᠶᠢᠷᠢᠯᠠᠭᠤᠯᠵᠤ᠂ ᠣᠨᠣᠯ ᠤᠨ ᠬᠥᠮᠦᠵᠢᠯ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ᠂ ᠪᠣᠳᠠᠲᠤ ᠲᠡᠶᠢᠨ ᠤ ᠪᠣᠯᠪᠠᠰᠤᠷᠠᠯ ᠢ ᠤᠶᠠᠯᠳᠤᠭᠤᠯᠬᠤ ᠶᠢ ᠪᠠᠷᠢᠮᠲᠠᠯᠠᠵᠤ᠂ ᠶᠡᠭᠡ ᠰᠤᠷᠤᠯᠴᠠᠯᠭ᠎ᠠ ᠶᠡᠭᠡ ᠪᠣᠯᠪᠠᠰᠤᠷᠠᠯ ᠢ ᠦᠷᠭᠦᠯᠵᠢᠯᠡᠨ ᠪᠠᠬᠢᠵᠢᠭᠦᠯᠬᠦ ᠪᠠ ᠭᠦᠨᠵᠡᠭᠡᠶᠢᠷᠡᠭᠦᠯᠵᠦ᠂ ᠶᠡᠭᠡ ᠪᠣᠯᠪᠠᠰᠤᠷᠠᠯ ᠬᠢᠬᠦ ᠶᠢ ᠯᠠᠪᠳᠠᠭᠤᠨ ᠪᠠᠲᠤᠲᠠᠢ ᠥᠷᠨᠢᠭᠦᠯᠦᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠣᠨᠣᠯ ᠤᠨ ᠬᠢᠷᠢ ᠲᠦᠪᠰᠢᠨ ᠪᠠ ᠪᠣᠳᠠᠲᠠᠢ ᠠᠵᠢᠯᠯᠠᠬᠤ ᠴᠢᠳᠠᠪᠤᠷᠢ ᠶᠢ ᠬᠤᠣᠰ ᠳᠡᠭᠡᠭᠰᠢᠯᠡᠯᠲᠡ ᠲᠠᠢ ᠪᠣᠯᠭᠠᠨ᠎ᠠ᠃       ︵ᠲᠠᠪᠤ︶ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠣᠭᠲᠠᠴᠠ ᠶᠢ ᠪᠦᠷᠢᠨᠰᠢᠭᠦᠯᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠦᠢᠯᠡ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠢ᠃ ᠨᠢᠭᠡ ᠳᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠦᠢᠯᠡ ᠠᠵᠢᠯᠯᠠᠭ᠎ᠠ ᠶᠢ ᠵᠢᠷᠤᠮᠵᠢᠭᠤᠯᠤᠨ᠎ᠠ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠴᠢᠬᠤᠯᠠ ᠶᠡᠭᠡ ᠶᠠᠪᠤᠳᠠᠯ᠂ ᠴᠢᠬᠤᠯᠠ ᠶᠡᠭᠡ ᠠᠰᠠᠭᠤᠳᠠᠯ᠂ ᠴᠢᠬᠤᠯᠠ ᠠᠵᠢᠯ ᠤᠨ ᠬᠠᠮᠲᠤ ᠪᠠᠷ ᠰᠤᠳᠤᠯᠤᠨ ᠲᠣᠭᠲᠠᠭᠠᠬᠤ ᠶᠢ ᠪᠠᠷᠢᠮᠲᠠᠯᠠᠨ᠂ ᠨᠠᠮ ᠤᠨ ᠭᠡᠰᠢᠭᠦᠨ ᠺᠠᠳ᠋ᠷ ᠣᠷᠤᠯᠴᠠᠬᠤ ᠪᠠ ᠤᠳᠤᠷᠢᠳᠬᠤ ᠲᠣᠭᠲᠠᠭᠠᠯ ᠢ ᠬᠠᠷᠢᠯᠴᠠᠨ ᠤᠶᠠᠯᠳᠤᠭᠤᠯᠤᠭᠰᠠᠨ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠣᠭᠲᠠᠴᠠ ᠶᠢ ᠪᠤᠢ ᠪᠤᠯᠭᠠᠵᠤ᠂ ᠰᠢᠨᠵᠢᠯᠡᠬᠦ ᠤᠬᠠᠭᠠᠨᠴᠢ᠂ ᠠᠷᠠᠳᠴᠢᠯᠠᠯ ᠲᠠᠢ ᠪᠠ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ ᠃ ᠣᠳᠣ ᠪᠤᠯᠲᠠᠯ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ 32 ᠤᠳᠠᠭ᠎ᠠ ᠬᠤᠷᠠᠯᠳᠤᠭᠤᠯᠵᠤ᠂ ᠴᠢᠬᠤᠯᠠ ᠶᠡᠭᠡ ᠬᠡᠷᠡᠭ ᠶᠠᠪᠤᠳᠠᠯ ᠢ 60 ᠭᠠᠷᠤᠢ ᠬᠤᠪᠢ ᠬᠠᠮᠲᠤ ᠪᠠᠷ ᠰᠤᠳᠤᠯᠤᠨ ᠲᠣᠭᠲᠠᠭᠠᠪᠠ᠃ ᠬᠤᠶᠠᠷ ᠲᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠲᠣᠭᠲᠠᠭᠠᠬᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠳᠦᠷᠢᠮ ᠪᠠ ᠳᠠᠩᠰᠠᠯᠠᠭᠤᠯᠬᠤ ᠳᠤ ᠬᠢᠨᠠᠯᠲᠠ ᠲᠠᠯᠪᠢᠬᠤ ᠠᠷᠭ᠎ᠠ︾ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠲᠣᠭᠲᠠᠭᠠᠬᠤ ᠳᠡᠰ ᠳᠠᠷᠠᠭᠠᠯᠠᠯ ᠤᠨ ᠳᠦᠷᠢᠮ ᠢ ᠴᠢᠩᠭᠠᠳᠬᠠᠨ᠂ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ᠂ ᠳᠠᠩᠰᠠᠯᠠᠭᠤᠯᠬᠤ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠬᠤᠰᠢᠭᠤ ᠬᠠᠤᠯᠢ ᠴᠠᠭᠠᠵᠠ ᠶᠢᠨ ᠲᠣᠪᠴᠢᠶ᠎ᠠ ᠯᠤᠭ᠎ᠠ ᠢᠳᠡᠪᠬᠢᠲᠡᠢ ᠬᠠᠮᠵᠢᠯᠴᠠᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠪᠦᠭᠦ ᠲᠠᠯ᠎ᠠ ᠶᠢᠨ ᠨᠠᠷᠢᠨ ᠬᠠᠭᠤᠳᠠᠰᠤ ᠶᠢᠨ ᠠᠵᠢᠯ ᠢ ᠰᠠᠶᠢᠲᠤᠷ ᠭᠦᠢᠴᠡᠳᠬᠡᠨ᠎ᠡ᠃       ︵ᠵᠢᠷᠭᠤᠭ᠎ᠠ︶ ᠵᠠᠰᠠᠭ ᠵᠠᠬᠢᠷᠭᠠᠨ ᠤ ᠡᠷᠬᠡ ᠶᠢ ᠬᠢᠵᠠᠭᠠᠷᠯᠠᠬᠤ ᠪᠠ ᠬᠢᠨᠠᠯᠲᠠ ᠲᠠᠯᠪᠢᠬᠤ ᠶᠢ ᠴᠢᠩᠭᠠᠳᠬᠠᠨ᠎ᠠ᠃ ᠵᠠᠰᠠᠭ ᠤᠨ ᠶᠠᠪᠤᠳᠠᠯ ᠢ ᠨᠡᠭᠡᠭᠡᠯᠲᠡ ᠲᠠᠢ ᠪᠣᠯᠭᠠᠬᠤ ᠶᠢ ᠰᠠᠨᠠᠭᠠᠴᠢᠯᠠᠭ᠎ᠠ ᠠᠴᠠ ᠪᠠᠨ ᠨᠠᠶᠢᠳᠠᠪᠤᠷᠢᠵᠢᠭᠤᠯᠤᠨ᠎ᠠ᠃ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ ᠨᠢ ᠵᠠᠰᠠᠭ ᠤᠨ ᠶᠠᠪᠤᠳᠠᠯ ᠤᠨ ᠮᠡᠳᠡᠭᠡᠯᠡᠯ ᠢ ᠨᠡᠭᠡᠭᠡᠯᠲᠡ ᠲᠠᠢ ᠪᠣᠯᠭᠠᠬᠤ ᠳᠦᠷᠢᠮ ᠢ ᠴᠢᠩᠭ᠎ᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ᠂ ᠣᠯᠠᠨ ᠲᠦᠮᠡᠨ ᠤ ᠥᠷᠭᠡᠨ ᠢᠶᠠᠷ ᠮᠡᠳᠡᠬᠦ ᠴᠢᠬᠤᠯᠠᠲᠠᠢ ᠵᠦᠢᠯᠡᠰ ᠪᠠ ᠲᠣᠭᠲᠠᠭᠠᠯ ᠶᠣᠰᠣᠭᠠᠷ ᠨᠡᠭᠡᠭᠡᠯᠲᠡ ᠲᠠᠢ ᠪᠣᠯᠭᠠᠬᠤ ᠴᠢᠬᠤᠯᠠᠲᠠᠢ ᠪᠤᠰᠤᠳ ᠬᠡᠷᠡᠭ ᠶᠠᠪᠤᠳᠠᠯ ᠪᠦᠭᠦᠨ ᠢ ᠴᠥᠮ ᠵᠠᠰᠠᠭ ᠤᠨ ᠣᠷᠳᠣᠨ ᠤ ᠰᠦᠯᠵᠢᠶᠡᠨ ᠥᠷᠲᠡᠭᠡ᠂ ᠸᠢᠴᠠᠲ ᠤᠨ ᠲᠠᠪᠴᠠᠩ᠂ ᠲᠣᠪᠴᠢᠶ᠎ᠠ ᠪᠠᠶᠢᠭᠤᠯᠭ᠎ᠠ ᠶᠢᠨ ᠴᠠᠭᠢᠯᠭᠠᠨ ᠳᠡᠯᠭᠡᠴᠡ᠂ ᠢᠯᠡ ᠪᠤᠯᠤᠩ ᠵᠡᠷᠭᠡ ᠭᠡᠯᠪᠡᠷᠢ ᠪᠠᠷ ᠳᠠᠮᠵᠢᠭᠤᠯᠤᠨ᠂ ᠬᠠᠤᠯᠢ ᠶᠣᠰᠣᠭᠠᠷ ᠴᠠᠭ ᠲᠤᠬᠠᠢ ᠳᠤᠨᠢ ᠵᠥᠪ ᠣᠨᠣᠪᠴᠢᠲᠠᠢ ᠪᠠᠷ ᠨᠡᠶᠢᠭᠡᠮ ᠨᠡᠶᠢᠲᠡ ᠳᠤ ᠢᠯᠡ ᠪᠣᠯᠭᠠᠨ᠎ᠠ᠃ ᠣᠳᠣᠬᠠᠨ ᠪᠤᠯᠲᠠᠯ᠎ᠠ᠂ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠳᠡᠭᠡᠷ᠎ᠡ 90 ᠭᠠᠷᠤᠢ ᠮᠡᠳᠡᠭᠡᠯᠡᠯ ᠨᠡᠶᠢᠲᠡᠯᠡᠵᠦ᠂ ᠸᠢᠴᠠᠲ ᠳᠡᠭᠡᠷ᠎ᠡ 400 ᠭᠠᠷᠤᠢ ᠮᠡᠳᠡᠭᠡᠯᠡᠯ ᠨᠡᠶᠢᠲᠡᠯᠡᠪᠡ᠃      ᠳᠣᠯᠤᠭ᠎ᠠ ︽ᠬᠡᠨ ᠬᠠᠤᠯᠢ ᠬᠡᠷᠡᠭᠵᠢᠭᠦᠯᠪᠡᠯ ᠲᠡᠷᠡ ᠬᠠᠤᠯᠢ ᠲᠦᠭᠡᠮᠡᠯᠵᠢᠭᠦᠯᠬᠦ︾ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠳᠦᠷᠢᠮ ᠢ ᠤᠯᠠᠮ ᠨᠠᠶᠢᠳᠠᠪᠤᠷᠢᠵᠢᠭᠤᠯᠬᠤ ᠬᠡᠷᠡᠭᠲᠡᠢ᠃ ᠨᠢᠭᠡ ᠳᠤ᠂ ︽ᠠᠯᠠᠱᠠ ᠵᠡᠭᠦᠨ ᠬᠤᠰᠢᠭᠤᠨ ᠤ ᠠᠵᠤ ᠦᠢᠯᠡᠳᠪᠦᠷᠢ ᠰᠤᠷᠠᠭ ᠵᠠᠩᠭᠢ ᠶᠢᠨ ᠲᠣᠪᠴᠢᠶ᠎ᠠ ᠶᠢᠨ 2024 ᠣᠨ ᠤ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠨᠠᠷᠢᠨ ᠪᠦᠷᠢᠳᠬᠡᠯ︾ ᠶᠢ ᠲᠣᠭᠲᠠᠭᠠᠵᠤ᠂ ᠬᠠᠤᠯᠢ ᠲᠦᠭᠡᠮᠡᠯᠵᠢᠭᠦᠯᠬᠦ ᠴᠠᠭ᠂ ᠬᠠᠤᠯᠢ ᠲᠦᠭᠡᠮᠡᠯᠵᠢᠭᠦᠯᠬᠦ ᠠᠭᠤᠯᠭ᠎ᠠ᠂ ᠬᠠᠤᠯᠢ ᠲᠦᠭᠡᠮᠡᠯᠵᠢᠭᠦᠯᠬᠦ ᠭᠤᠣᠯ ᠡᠲᠡᠭᠡᠳ᠂ ᠬᠠᠤᠯᠢ ᠲᠦᠭᠡᠮᠡᠯᠵᠢᠭᠦᠯᠬᠦ ᠭᠡᠯᠪᠡᠷᠢ᠂ ᠬᠠᠷᠢᠭᠤᠴᠠᠯᠭ᠎ᠠ ᠶᠢᠨ ᠰᠠᠯᠠᠭ᠎ᠠ ᠲᠠᠰᠤᠭ ᠢ ᠲᠣᠳᠣᠷᠬᠠᠶᠢᠯᠠᠵᠤ᠂ ᠪᠦᠭᠦ ᠲᠠᠯ᠎ᠠ ᠪᠠᠷ ᠪᠠᠶᠢᠭᠤᠯᠭ᠎ᠠ ᠨᠢᠭᠡᠴᠢ ᠶᠢᠨ ᠢᠶᠠᠨ ᠲᠤᠰᠬᠠᠢ ᠮᠡᠷᠭᠡᠵᠢᠯ ᠤᠨ ᠴᠢᠨᠠᠷᠲᠠᠢ ᠬᠠᠤᠯᠢ ᠳᠦᠷᠢᠮ ᠢ ᠰᠤᠷᠤᠯᠴᠠᠨ ᠤᠬᠠᠭᠤᠯᠵᠤ ᠲᠦᠭᠡᠮᠡᠯᠵᠢᠭᠦᠯᠬᠦ ᠶᠢ ᠠᠬᠢᠭᠤᠯᠤᠨ᠎ᠠ᠃ ᠬᠤᠶᠠᠷ ᠲᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠳ ᠬᠡᠷᠡᠭ ᠢᠶᠠᠷ ᠬᠠᠤᠯᠢ ᠲᠠᠶᠢᠯᠪᠤᠷᠢᠯᠠᠬᠤ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠵᠦ ᠪᠠᠶᠢᠴᠠᠭᠠᠬᠤ ᠶᠠᠪᠤᠴᠠ ᠳᠤ᠂ ᠠᠶᠦᠯᠭᠦᠢ ᠦᠢᠯᠡᠳᠪᠦᠷᠢᠯᠡᠯ ᠤᠨ ᠰᠠᠷ᠎ᠠ ᠶᠢᠨ ᠤᠬᠠᠭᠤᠯᠭ᠎ᠠ ᠶᠢᠨ ᠦᠶ᠎ᠡ ᠳᠤ ᠳᠡᠷᠭᠡᠳᠡᠬᠢ ᠬᠡᠷᠡᠭ ᠤᠨ ᠵᠢᠱᠢᠶ᠎ᠡ ᠪᠠᠷ ᠬᠠᠤᠯᠢ ᠲᠠᠶᠢᠯᠪᠤᠷᠢᠯᠠᠵᠤ ᠶᠣᠰᠣ ᠬᠡᠯᠡᠬᠦ ᠶᠢ ᠭᠦᠢᠴᠡᠳ ᠠᠰᠢᠭᠯᠠᠨ᠂ ᠪᠦᠭᠦ ᠶᠠᠪᠤᠴᠠ ᠪᠠᠷ ᠶᠣᠰᠣ ᠲᠠᠶᠢᠯᠪᠤᠷᠢᠯᠠᠬᠤ ᠮᠠᠶ᠋ᠢᠭ ᠢᠶᠠᠷ ᠬᠠᠤᠯᠢ ᠬᠡᠷᠡᠭᠵᠢᠭᠦᠯᠬᠦ ᠶᠢ ᠶᠠᠪᠤᠭᠤᠯᠵᠤ᠂ ᠬᠠᠤᠯᠢ ᠲᠦᠭᠡᠮᠡᠯᠵᠢᠭᠦᠯᠬᠦ ᠠᠵᠢᠯ ᠢ ᠬᠠᠤᠯᠢ ᠬᠡᠷᠡᠭᠵᠢᠭᠦᠯᠬᠦ ᠠᠵᠢᠯᠯᠠᠭ᠎ᠠ ᠶᠢᠨ ᠪᠦᠭᠦ ᠶᠠᠪᠤᠴᠠ ᠳᠤ ᠠᠭᠤᠰᠤᠯᠴᠠᠭᠤᠯᠬᠤ ᠬᠡᠷᠡᠭᠲᠡᠢ᠃ ᠠᠵᠢᠯ ᠲᠥᠷᠥᠯ ᠤᠨ ᠬᠠᠮᠢᠶᠠᠷᠤᠯᠲᠠ ᠶᠢ ᠴᠢᠩᠭᠠᠳᠬᠠᠵᠤ᠂ ᠠᠵᠤ ᠦᠢᠯᠡᠰ ᠤᠨ ᠥᠨᠳᠥᠷ ᠴᠢᠨᠠᠷ ᠴᠢᠨᠰᠠᠭ᠎ᠠ ᠲᠠᠢ ᠬᠥᠭᠵᠢᠯᠲᠡ ᠶᠢ ᠠᠬᠢᠭᠤᠯᠤᠶ᠎ᠠ᠃       ︵ᠨᠠᠢᠮᠠ︶ ᠪᠦᠭᠦ ᠠᠵᠢᠯᠲᠠᠨ ᠤ ᠬᠠᠤᠯᠢ ᠪᠠᠷ ᠵᠠᠰᠠᠬᠤ ᠰᠡᠳᠬᠢᠬᠦᠢ ᠪᠣᠯᠣᠨ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠢᠭᠡ ᠳᠤ ᠲᠥᠪᠯᠡᠷᠡᠭᠦᠯᠦᠨ ᠰᠤᠷᠤᠯᠴᠠᠬᠤ ᠳᠦᠷᠢᠮ ᠢ ᠨᠠᠶᠢᠳᠠᠪᠤᠷᠢᠵᠢᠭᠤᠯᠤᠨ᠎ᠠ᠃ ᠺᠠᠳ᠋ᠷ ᠠᠵᠢᠯᠲᠠᠨ ᠢ ᠵᠣᠬᠢᠶᠠᠨ ᠪᠠᠶᠢᠭᠤᠯᠤᠨ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠵᠢᠴᠢ ︽ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢ ᠠᠬᠢᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠲᠣᠭᠲᠠᠭᠠᠯ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠰᠤᠷᠤᠯᠴᠠᠭᠤᠯᠵᠤ᠂ ᠲᠥᠪᠯᠡᠷᠡᠭᠦᠯᠦᠨ ᠬᠠᠤᠯᠢ ᠴᠠᠭᠠᠵᠠ ᠶᠢ 30 ᠭᠠᠷᠤᠢ ᠤᠳᠠᠭ᠎ᠠ ᠥᠷᠨᠢᠭᠦᠯᠪᠡ᠃ ᠬᠤᠶᠠᠷ ᠲᠤ᠂ ︽2024 ᠣᠨ ᠤ ᠤᠳᠤᠷᠢᠳᠬᠤ ᠺᠠᠳ᠋ᠷ ᠤᠨ ᠮᠡᠳᠡᠪᠡᠰᠦ ᠵᠣᠬᠢᠬᠤ ᠬᠠᠤᠯᠢ ᠴᠠᠭᠠᠵᠠ ᠬᠠᠤᠯᠢ ᠳᠦᠷᠢᠮ ᠤᠨ ᠨᠠᠷᠢᠨ ᠪᠦᠷᠢᠳᠬᠡᠯ︾ ᠶᠢ ᠲᠣᠭᠲᠠᠭᠠᠵᠤ᠂ ᠨᠠᠷᠢᠨ ᠪᠦᠷᠢᠳᠬᠡᠯ ᠶᠢᠨ ᠠᠭᠤᠯᠭ᠎ᠠ ᠶᠣᠰᠣᠭᠠᠷ᠂ ᠤᠳᠤᠷᠢᠳᠬᠤ ᠺᠠᠳ᠋ᠷ ᠢ ᠵᠣᠬᠢᠶᠠᠨ ᠪᠠᠶᠢᠭᠤᠯᠵᠤ ᠬᠠᠤᠯᠢ ᠴᠠᠭᠠᠵᠠ ᠶᠢᠨ ᠮᠡᠳᠡᠯᠭᠡ ᠶᠢ ᠰᠤᠷᠤᠯᠴᠠᠭᠤᠯᠤᠨ᠎ᠠ᠃ ᠭᠤᠷᠪᠠ ᠳᠤ 2024 ᠰᠢᠨ᠎ᠡ ᠪᠠᠷ ᠨᠡᠮᠡᠭᠳᠡᠭᠦᠯᠬᠦ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠰᠢᠯᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠲᠡ 7 ᠬᠥᠮᠥᠨ ᠣᠷᠣᠯᠴᠠᠨ᠂ ᠪᠦᠭᠦᠨ ᠢ ᠰᠢᠯᠭᠠᠯᠲᠠ ᠪᠠᠷ ᠳᠡᠮᠵᠢᠵᠦ᠂ ᠠᠯᠠᠱᠠ ᠵᠡᠭᠦᠨ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠦᠴᠦᠨ ᠢ ᠪᠦᠲᠦᠮᠵᠢᠲᠡᠢ ᠳᠡᠭᠡᠭᠰᠢᠯᠡᠭᠦᠯᠪᠡ᠃       ᠬᠤᠶᠠᠷ᠂ ᠣᠷᠣᠰᠢᠵᠤ ᠪᠠᠶᠢᠭ᠎ᠠ ᠠᠰᠠᠭᠤᠳᠠᠯ       ᠠᠯᠠᠱᠠ ᠵᠡᠭᠦᠨ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠬᠡᠳᠦᠶᠢᠪᠡᠷ ᠵᠣᠬᠢᠬᠤ ᠦᠷ᠎ᠡ ᠪᠦᠲᠦᠮᠵᠢ ᠣᠯᠣᠭᠰᠠᠨ ᠪᠤᠯᠪᠠᠴᠤ ᠮᠥᠨ ᠬᠦ ᠡᠳᠦᠢ ᠲᠡᠳᠦᠢ ᠠᠰᠠᠭᠤᠳᠠᠯ ᠣᠷᠣᠰᠢᠵᠤ ᠪᠠᠶᠢᠨ᠎ᠠ᠄ ᠨᠢᠭᠡ ᠳᠤ᠂ ᠪᠠᠶᠢᠭᠤᠯᠤᠯᠭ᠎ᠠ ᠨᠢᠭᠡᠴᠢ ᠶᠢᠨ ᠬᠠᠤᠯᠢ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠶᠢᠨ ᠠᠭᠤᠯᠭ᠎ᠠ ᠣᠯᠠᠨ᠂ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠬᠡᠪᠴᠢᠶ᠎ᠡ ᠣᠯᠠᠨ ᠲᠠᠯ᠎ᠠ ᠥᠷᠭᠡᠨ᠂ ᠬᠠᠤᠯᠢ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠶᠢ ᠪᠦᠭᠦᠨ ᠢ ᠬᠠᠮᠤᠷᠬᠤ ᠳᠤ ᠬᠦᠴᠢᠷᠲᠡᠢ᠂ ᠠᠵᠢᠯᠲᠠᠨ ᠲᠤᠲᠠᠭᠳᠠᠵᠤ᠂ ᠬᠠᠤᠯᠢ ᠬᠡᠷᠡᠭᠵᠢᠭᠦᠯᠬᠦ ᠡᠩᠨᠡᠭᠡ ᠶᠢᠨ ᠬᠦᠴᠦᠨ ᠨᠡᠯᠢᠶᠡᠳ ᠪᠠᠭᠤᠷᠠᠢ᠂ ᠲᠤᠬᠠᠶᠢᠯᠠᠭᠰᠠᠨ ᠠᠵᠢᠯ ᠤᠨ ᠮᠡᠳᠡᠯᠭᠡ ᠶᠢ ᠪᠠᠰᠠ ᠴᠢᠩᠭᠠᠳᠬᠠᠬᠤ ᠴᠢᠬᠤᠯᠠᠲᠠᠢ ᠪᠠᠶᠢᠨ᠎ᠠ᠃ ᠬᠤᠶᠠᠷ ᠲᠤ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠪᠣᠯᠣᠨ ᠬᠢᠷᠢ ᠬᠡᠮᠵᠢᠶ᠎ᠡ ᠶᠢ ᠤᠯᠠᠮ ᠳᠡᠭᠡᠭᠰᠢᠯᠡᠭᠦᠯᠭᠦ ᠴᠢᠬᠤᠯᠠ ᠲᠠᠢ ᠪᠠᠶᠢᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠳ ᠤᠨ ᠬᠠᠤᠯᠢ ᠬᠡᠷᠡᠭᠵᠢᠭᠦᠯᠬᠦ ᠴᠢᠳᠠᠪᠤᠷᠢ ᠬᠦᠷᠦᠯᠴᠡᠬᠦ ᠦᠭᠡᠢ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠰᠠᠭᠤᠷᠢ᠂ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠯᠠᠪᠳᠠᠭᠤᠨ ᠪᠠᠲᠤᠲᠠᠢ ᠪᠤᠰᠤ ᠪᠠᠶᠢᠵᠤ᠂ ᠬᠠᠤᠯᠢ ᠪᠠᠷ ᠵᠠᠰᠠᠬᠤ ᠦᠵᠡᠯ ᠤᠬᠠᠮᠰᠠᠷ ᠢ ᠳᠡᠭᠡᠭᠰᠢᠯᠡᠭᠦᠯᠭᠦ ᠴᠢᠬᠤᠯᠠ ᠲᠠᠢ ᠪᠠᠶᠢᠨ᠎ᠠ᠃       ᠭᠤᠷᠪᠠ᠂ ᠳᠠᠷᠠᠭᠠᠴᠢ ᠶᠢᠨ ᠠᠯᠬᠤᠮ ᠤᠨ ᠠᠵᠢᠯ       ᠨᠢᠭᠡ ᠳᠤ᠂ ᠬᠠᠤᠯᠢ ᠪᠠᠷ ᠵᠠᠰᠠᠬᠤ ᠤᠬᠠᠭᠤᠯᠭ᠎ᠠ ᠪᠠ ᠰᠤᠷᠤᠯᠴᠠᠯᠭ᠎ᠠ ᠶᠢᠨ ᠠᠵᠢᠯ ᠢ ᠦᠷᠭᠦᠯᠵᠢᠯᠡᠨ ᠰᠠᠶᠢᠲᠤᠷ ᠭᠦᠢᠴᠡᠳᠬᠡᠨ᠎ᠡ᠃ ᠬᠠᠤᠯᠢ ᠶᠣᠰᠣᠭᠠᠷ ᠵᠠᠰᠠᠭ ᠶᠠᠪᠤᠭᠤᠯᠬᠤ ᠤᠬᠠᠭᠤᠯᠭ᠎ᠠ ᠬᠥᠮᠦᠵᠢᠯ ᠢ ᠪᠦᠭᠦ ᠲᠠᠯ᠎ᠠ ᠪᠠᠷ ᠴᠢᠩᠭᠠᠳᠬᠠᠵᠤ᠂ ᠬᠠᠤᠯᠢ ᠳᠦᠷᠢᠮ ᠤᠨ ᠤᠬᠠᠭᠤᠯᠭ᠎ᠠ ᠶᠢᠨ ᠡᠳᠦᠷ᠂ ᠤᠬᠠᠭᠤᠯᠭ᠎ᠠ ᠶᠢᠨ ᠭᠠᠷᠠᠭ᠂ ᠤᠬᠠᠭᠤᠯᠭ᠎ᠠ ᠶᠢᠨ ᠰᠠᠷ᠎ᠠ ᠵᠡᠷᠭᠡ ᠭᠡᠯᠪᠡᠷᠢ ᠮᠠᠶ᠋ᠢᠭ ᠨᠢ ᠣᠯᠠᠨ ᠶᠠᠩᠵᠤ ᠪᠦᠬᠦᠢ ᠬᠠᠤᠯᠢ ᠲᠦᠭᠡᠮᠡᠯᠵᠢᠭᠦᠯᠬᠦ ᠭᠤᠣᠯ ᠰᠡᠳᠦᠪᠲᠦ ᠬᠥᠮᠦᠵᠢᠯ ᠢ ᠭᠦᠢᠴᠡᠳ ᠠᠰᠢᠭᠯᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠬᠥᠮᠥᠰ ᠤᠨ ᠰᠡᠳᠬᠢᠯ ᠳᠤ ᠭᠦᠨ ᠰᠠᠭᠤᠭᠳᠠᠭᠤᠯᠬᠤ ᠬᠡᠷᠡᠭᠲᠡᠢ᠃ ᠬᠤᠶᠠᠷ ᠲᠤ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠬᠦᠴᠦᠯᠡᠨ ᠵᠢᠷᠤᠮᠵᠢᠭᠤᠯᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ ᠵᠦᠢᠯ ᠤᠨ ᠳᠦᠷᠢᠮ︾ ᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠯᠤᠭ᠎ᠠ ᠬᠤᠯᠪᠣᠭᠳᠠᠬᠤ ᠬᠠᠤᠯᠢ ᠴᠠᠭᠠᠵᠠ ᠲᠥᠷᠥ ᠶᠢᠨ ᠪᠣᠳᠣᠯᠭ᠎ᠠ ᠶᠢᠨ ᠦᠨᠳᠦᠰᠦᠯᠡᠯ᠂ ᠠᠵᠢᠯ ᠶᠠᠪᠤᠳᠠᠯ ᠭᠦᠢᠴᠡᠳᠬᠡᠬᠦ ᠴᠤᠪᠤᠷᠠᠯ ᠵᠢᠴᠢ ᠪᠣᠳᠠᠲᠠᠢ ᠦᠷ᠎ᠡ ᠳ᠋ᠦᠩ ᠢ ᠴᠠᠭ ᠲᠤᠬᠠᠢ ᠳᠤᠨᠢ ᠢᠯᠡ ᠪᠣᠯᠭᠠᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠦᠭᠦ ᠶᠠᠪᠤᠴᠠ ᠶᠢ ᠪᠤᠴᠠᠭᠠᠨ ᠮᠥᠷᠳᠡᠵᠦ ᠬᠠᠮᠢᠶᠠᠷᠬᠤ ᠶᠢ ᠪᠡᠶᠡᠯᠡᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢᠨ ᠲᠣᠩᠭᠠᠴᠠ ᠶᠢ ᠨᠡᠮᠡᠭᠳᠡᠭᠦᠯᠬᠦ ᠬᠡᠷᠡᠭᠲᠡᠢ᠃ ᠬᠠᠤᠯᠢ ᠬᠡᠷᠡᠭᠵᠢᠭᠦᠯᠬᠦ ᠬᠦᠴᠦᠨ ᠢ ᠲᠡᠭᠦᠯᠳᠡᠷᠵᠢᠭᠦᠯᠬᠦ᠂ ᠲᠤᠬᠠᠶᠢᠯᠠᠭᠰᠠᠨ ᠠᠵᠢᠯ ᠤᠨ ᠰᠤᠷᠭᠠᠯᠲᠠ ᠶᠢ ᠴᠢᠩᠭᠠᠷᠠᠭᠤᠯᠬᠤ᠂ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠵᠢᠷᠤᠮᠵᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠴᠢᠳᠠᠪᠤᠷᠢ ᠶᠢᠨ ᠬᠢᠷᠢ ᠬᠡᠮᠵᠢᠶ᠎ᠡ ᠶᠢ ᠲᠠᠰᠤᠷᠠᠯᠲᠠ ᠤᠶᠢᠭᠡᠢ ᠳᠡᠭᠡᠭᠰᠢᠯᠡᠭᠦᠯᠭᠦ ᠬᠡᠷᠡᠭᠲᠡᠢ᠃       2024 ᠣᠨ ᠤ 11ᠳ᠋ᠦ᠋ᠭᠡᠷ ᠰᠠᠷ᠎ᠠ ᠶᠢᠨ 5 ᠤ ᠡᠳᠦᠷ            
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号