| | | ᠠᠯᠠᠱᠠ ᠠᠶᠢᠮᠠᠭ ᠤᠨ ᠹᠦ᠋ ᠲᠠᠢ ᡁᠢ ᠵᠢᠶᠠᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠬᠠᠷᠢᠭᠤᠴᠠᠯᠭᠠᠲᠤ | ᠺᠤᠮᠫᠠᠨᠢ᠄ | ᠲᠠᠨ ᠤ ᠺᠤᠮᠫᠠᠨᠢ ︽ᠠᠯᠠᠱᠠ ᠠᠶᠢᠮᠠᠭ ᠤᠨ ᠹᠦ᠋ ᠲᠠᠢ ᠺᠠᠯᠼ ᠤᠨ ᠬᠢᠮᠢ ᠶᠢᠨ ᠠᠵᠤ ᠦᠢᠯᠡᠳᠪᠦᠷᠢ ᠶᠢᠨ | ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢᠨ ᠵᠢᠯ ᠳᠤ 2 ᠲᠦᠮᠡᠨ ᠲᠤᠨ ᠾᠯᠣᠷᠲᠤ ᠺᠠᠯᠼ ᠤᠨ ᠦᠢᠯᠡᠳᠪᠦᠷᠢᠯᠡᠯ ᠤᠨ | ᠱᠤᠭᠤᠮ ᠤᠨ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠤᠨ ᠤᠰᠤ ᠬᠥᠷᠥᠰᠥ ᠶᠢ ᠬᠠᠮᠠᠭᠠᠯᠠᠬᠤ ᠲᠥᠰᠥᠯ | ︾ ᠢ ᠬᠢᠨᠠᠨ ᠵᠥᠪᠰᠢᠶᠡᠷᠡᠭᠦᠯᠬᠦ ᠭᠤᠶᠤᠴᠢᠯᠠᠯ ᠤᠨ ᠮᠠᠲ᠋ᠧᠷᠢᠶᠠᠯ ᠢ ᠨᠡᠶᠢᠲᠡᠯᠡᠵᠡᠢ᠃ ᠲᠤᠰ ᠭᠤᠶᠤᠴᠢᠯᠠᠯ ᠨᠢ ᠬᠠᠤᠯᠢ ᠳᠤ | ᠲᠣᠭᠲᠠᠭᠠᠭᠰᠠᠨ ᠨᠥᠬᠦᠴᠡᠯ ᠳᠤ ᠨᠡᠶᠢᠴᠡᠵᠦ᠂ ︽ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠬᠥᠷᠥᠰᠥ ᠰᠢᠷᠣᠢ ᠶᠢ ᠬᠠᠮᠠᠭᠠᠯᠠᠬᠤ ᠲᠥᠰᠥᠯ ᠤᠨ ᠬᠠᠮᠢᠶᠠᠷᠤᠯᠲᠠ ᠶᠢᠨ ᠠᠷᠭ᠎ᠠ︾ ︵ᠤᠰᠤᠨ | ᠠᠰᠢᠭᠯᠠᠯᠲᠠ ᠶᠢᠨ ᠶᠠᠮᠤᠨ ᠤ ᠵᠠᠷᠯᠢᠭ 53 ᠳ᠋ᠤᠭᠠᠷ ᠲᠣᠭᠠᠲᠤ︶ ᠪᠠ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠤᠯᠠᠮ ᠭᠦᠨᠵᠡᠭᠡᠶᠢᠷᠡᠭᠦᠯᠵᠦ ᠬᠥᠷᠥᠰᠥ ᠰᠢᠷᠣᠢ ᠶᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢ | ᠪᠦᠭᠦ ᠲᠠᠯ᠎ᠠ ᠪᠠᠷ ᠴᠢᠩᠭᠠᠳᠬᠠᠬᠤ ᠲᠤᠬᠠᠢ ᠤᠰᠤᠨ ᠠᠰᠢᠭᠯᠠᠯᠲᠠ ᠶᠢᠨ ᠶᠠᠮᠤᠨ ᠤ ᠰᠠᠨᠠᠯ︾ ︵ᠤᠰᠤ ᠬᠠᠮᠠᠭᠠᠯᠠᠬᠤ ﹇ | 2019﹈ 160 ᠳ᠋ᠤᠭᠠᠷ ᠲᠣᠭᠠᠲᠤ︶ ᠶᠢ ᠦᠨᠳᠦᠰᠦᠯᠡᠨ᠂ ᠡᠳᠦᠭᠡ ᠵᠠᠰᠠᠭ ᠵᠠᠬᠢᠷᠭᠠᠨ ᠤ ᠵᠥᠪᠰᠢᠶᠡᠷᠡᠯ | ᠣᠯᠭᠤᠬᠤ ᠪᠠᠷ ᠲᠣᠭᠲᠠᠪᠠ᠃ | ᠲᠠᠨ ᠤ ᠺᠤᠮᠫᠠᠨᠢ ᠤᠰᠤ ᠰᠢᠷᠣᠢ ᠶᠢ ᠬᠠᠮᠠᠭᠠᠯᠠᠬᠤ ᠬᠠᠮᠢᠶᠠᠷᠤᠯᠲᠠ ᠪᠠᠨ ᠴᠢᠩᠭᠠᠳᠬᠠᠵᠤ᠂ ᠠᠮᠢ ᠠᠬᠤᠢ ᠶᠢᠨ | ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠠᠮᠠᠯᠠᠯᠲᠠ ᠪᠠᠨ ᠴᠢᠩᠭ᠎ᠠ ᠭᠦᠢᠴᠡᠳᠬᠡᠵᠦ᠂ ᠵᠥᠪᠰᠢᠶᠡᠷᠡᠭᠰᠡᠨ ᠤᠰᠤ | ᠰᠢᠷᠣᠢ ᠶᠢ ᠬᠠᠮᠠᠭᠠᠯᠠᠬᠤ ᠲᠥᠰᠥᠯ ᠶᠣᠰᠣᠭᠠᠷ ᠬᠥᠷᠥᠰᠥ ᠰᠢᠷᠣᠢ ᠶᠢ ᠬᠠᠮᠠᠭᠠᠯᠠᠬᠤ ᠠᠵᠢᠯ ᠢᠶᠠᠨ ᠥᠷᠨᠢᠭᠦᠯᠵᠦ᠂ | ᠬᠥᠷᠥᠰᠥ ᠰᠢᠷᠣᠢ ᠶᠢ ᠬᠠᠮᠠᠭᠠᠯᠠᠬᠤ ᠬᠠᠮᠢᠶ᠎ᠠ ᠪᠦᠬᠦᠢ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠬᠡᠷᠡᠭᠲᠡᠢ᠃ |