| | ᠳᠤᠮᠳᠠᠳᠤ ᠤᠯᠤᠰ ᠤᠨ ᠡᠪ ᠬᠠᠮᠲᠤ ᠨᠠᠮ ᠤᠨ ᠠᠯᠠᠱᠠ ᠵᠡᠭᠦᠨ ᠬᠤᠰᠢᠭᠤᠨ ᠤ ᠵᠥᠪᠯᠡᠯ ᠤᠨ ︽ᠵᠣᠣ ᠳ᠋ᠧ | ᠹᠧᠩ ᠵᠡᠷᠭᠡ ᠨᠥᠬᠦᠳ ᠤᠨ ᠡᠭᠦᠷᠭᠡ ᠲᠤᠰᠢᠶᠠᠯ ᠢ ᠲᠣᠮᠢᠯᠠᠬᠤ ᠪᠠ ᠪᠠᠭᠤᠯᠭᠠᠬᠤ ᠲᠤᠬᠠᠢ ᠮᠡᠳᠡᠭᠳᠡᠯ︾ ︵ᠠᠯᠠᠱᠠ | ᠵᠡᠭᠦᠨ ᠨᠠᠮ ᠦᠰᠦᠭ ﹇2014﹈ 27 ᠳ᠋ᠤᠭᠠᠷ ᠲᠣᠭᠠᠲᠤ︶ ᠪᠠ ᠠᠯᠠᠱᠠ ᠵᠡᠭᠦᠨ ᠬᠤᠰᠢᠭᠤᠨ ᠤ ᠠᠶᠤᠯ ᠦᠭᠡᠢ | ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ︽ᠠᠶᠤᠯ ᠦᠭᠡᠢ ᠦᠢᠯᠡᠳᠪᠦᠷᠢᠯᠡᠯ ᠤᠨ ︽ᠡᠭᠦᠷᠭᠡ | ᠬᠠᠷᠢᠭᠤᠴᠠᠯᠭ᠎ᠠ ᠶᠢᠨ ᠨᠠᠷᠢᠨ ᠪᠦᠷᠢᠳᠬᠡᠯ︾ ᠪᠠ ︽ᠣᠨ ᠤ ᠡᠭᠦᠷᠭᠡ ᠶᠢᠨ ᠨᠠᠷᠢᠨ ᠪᠦᠷᠢᠳᠬᠡᠯ︾ ᠢ ᠵᠣᠬᠢᠶᠠᠨ | ᠪᠠᠶᠢᠭᠤᠯᠤᠨ ᠲᠣᠭᠲᠠᠭᠠᠬᠤ ᠲᠤᠬᠠᠢ ᠮᠡᠳᠡᠭᠳᠡᠯ︾ ︵ᠠᠯᠠᠱᠠ ᠵᠡᠭᠦᠨ ᠬᠡᠰᠡᠭ ᠤᠨ ᠠᠮᠤᠷ ᠲᠦᠪᠰᠢᠨ ᠤ ᠵᠥᠪᠯᠡᠯ ᠤᠨ | ᠠᠯᠪᠠᠨ ᠲᠠᠷᠬᠠᠭᠠᠭᠰᠠᠨ ﹇2013﹈ 73 ᠳ᠋ᠤᠭᠠᠷ ᠲᠣᠭᠠᠲᠤ︶ ᠶᠢᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ | ᠶᠣᠰᠣᠭᠠᠷ᠂ ᠮᠠᠨ ᠤ ᠵᠥᠪᠯᠡᠯ ᠤᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ | ᠬᠠᠷᠢᠭᠤᠴᠠᠯᠭ᠎ᠠ᠂ ᠡᠭᠦᠷᠭᠡ ᠶᠢ ᠤᠯᠠᠮ ᠢᠯᠭᠠᠷᠠᠭᠤᠯᠵᠤ᠂ ᠣᠳᠣ ᠮᠠᠨ ᠤ ᠵᠥᠪᠯᠡᠯ ᠤᠨ ︽ᠡᠭᠦᠷᠭᠡ | ᠬᠠᠷᠢᠭᠤᠴᠠᠯᠭ᠎ᠠ ᠶᠢᠨ ᠨᠠᠷᠢᠨ ᠪᠦᠷᠢᠳᠬᠡᠯ︾ ᠪᠠ ︽ᠣᠨ ᠤ ᠡᠭᠦᠷᠭᠡ ᠶᠢᠨ ᠨᠠᠷᠢᠨ ᠪᠦᠷᠢᠳᠬᠡᠯ︾ ᠢ ᠳᠣᠣᠷᠠᠬᠢ ᠮᠡᠲᠦ | ᠮᠡᠳᠡᠭᠦᠯᠦᠶ᠎ᠡ᠄ | ᠨᠢᠭᠡ᠂ ᠠᠯᠠᠱᠠ ᠵᠡᠭᠦᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠠᠶᠤᠯ | ᠦᠭᠡᠢ ᠦᠢᠯᠡᠳᠪᠦᠷᠢᠯᠡᠯ ᠤᠨ ᠡᠭᠦᠷᠭᠡ ᠶᠢᠨ ᠨᠠᠷᠢᠨ ᠪᠦᠷᠢᠳᠬᠡᠯ | 1. ᠡᠯ᠎ᠡ ᠬᠠᠮᠢᠶ᠎ᠠ ᠪᠦᠬᠦᠢ ᠠᠵᠤ ᠠᠬᠤᠶᠢᠯᠠᠯ ᠤᠨ ᠠᠶᠤᠯ ᠦᠭᠡᠢ ᠶᠢᠨ ᠬᠠᠮᠢᠶᠠᠷᠤᠯᠲᠠ ᠶᠢ ᠴᠢᠩᠭᠠᠳᠬᠠᠨ᠂ | ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠠᠵᠤ | ᠠᠬᠤᠶᠢᠯᠠᠯ ᠤᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠣᠯᠣᠨ ᠪᠣᠳᠠᠲᠠᠢ ᠡᠵᠡᠮᠳᠡᠭᠴᠢ ᠶᠢ ᠰᠢᠮᠳᠠᠭᠤᠯᠵᠤ | ᠪᠠᠶᠢᠭᠠᠳ ᠠᠵᠢᠯ ᠤᠨ ᠪᠠᠶᠢᠷᠢ ᠳᠤ ᠨᠢ ᠪᠠᠶᠢᠭ᠎ᠠ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ | ᠭᠦᠢᠴᠡᠳᠬᠡᠯᠭᠡᠵᠦ᠂ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠪᠦᠲᠦᠮᠵᠢᠲᠡᠢ ᠥᠷᠨᠢᠬᠦ ᠶᠢ ᠦᠨᠡᠨᠬᠦ ᠪᠠᠲᠤᠯᠠᠬᠤ | ᠬᠡᠷᠡᠭᠲᠡᠢ᠃ | 2. ᠡᠯ᠎ᠡ ᠬᠠᠮᠢᠶ᠎ᠠ ᠪᠦᠬᠦᠢ ᠠᠵᠤ ᠠᠬᠤᠶᠢᠯᠠᠯ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠪᠣᠯᠣᠨ | ᠪᠣᠯᠪᠠᠰᠤᠷᠠᠭᠤᠯᠤᠯ ᠢ ᠴᠢᠩᠭᠠᠳᠬᠠᠵᠤ᠂ ᠬᠠᠮᠢᠶ᠎ᠠ ᠪᠦᠬᠦᠢ ᠠᠵᠢᠯᠯᠠᠭᠴᠢᠳ ᠤᠨ ᠠᠮᠤᠷ ᠲᠦᠪᠰᠢᠨ ᠤ ᠦᠵᠡᠯ ᠤᠬᠠᠮᠰᠠᠷ | ᠪᠣᠯᠣᠨ ᠠᠮᠤᠷ ᠲᠦᠪᠰᠢᠨ ᠤ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠦᠨ᠂ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠴᠢᠳᠠᠪᠤᠷᠢ ᠶᠢ ᠨᠡᠮᠡᠭᠳᠡᠭᠦᠯᠵᠦ᠂ ᠬᠠᠮᠢᠶ᠎ᠠ ᠪᠦᠬᠦᠢ ᠬᠥᠮᠥᠰ ᠱᠠᠭᠠᠷᠳᠠᠯᠭ᠎ᠠ ᠶᠣᠰᠣᠭᠠᠷ | ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠬᠤ ᠬᠡᠷᠡᠭᠲᠡᠢ᠃ | 3. ᠡᠯ᠎ᠡ ᠬᠠᠮᠢᠶ᠎ᠠ ᠪᠦᠬᠦᠢ ᠠᠵᠤ ᠠᠬᠤᠶᠢᠯᠠᠯ ᠤᠨ ᠲᠦᠭᠰᠢᠭᠦᠷᠢ ᠶᠢ ᠦᠨᠡᠯᠡᠨ ᠵᠢᠱᠢᠬᠦ ᠪᠠ ᠬᠠᠮᠢᠶᠠᠷᠤᠨ | ᠡᠵᠡᠮᠳᠡᠬᠦ ᠶᠢ ᠴᠢᠩᠭᠠᠳᠬᠠᠵᠤ᠂ ᠡᠯ᠎ᠡ ᠲᠥᠷᠥᠯ ᠤᠨ ᠠᠮᠤᠷ ᠲᠦᠪᠰᠢᠨ ᠤ ᠳᠠᠯᠳᠠ ᠭᠡᠮ ᠢ ᠪᠦᠭᠦ ᠲᠠᠯ᠎ᠠ ᠪᠠᠷ | ᠵᠢᠭᠰᠠᠭᠠᠨ ᠪᠠᠶᠢᠴᠠᠭᠠᠵᠤ᠂ ᠠᠵᠤ ᠠᠬᠤᠶᠢᠯᠠᠯ ᠤᠨ ᠥᠪᠡᠷ ᠢ ᠪᠠᠨ ᠪᠠᠶᠢᠴᠠᠭᠠᠵᠤ ᠥᠪᠡᠷ ᠲᠡᠭᠡᠨ ᠪᠠᠶᠢᠴᠠᠭᠠᠬᠤ᠂ | ᠠᠵᠢᠯ ᠲᠥᠷᠥᠯ ᠢ ᠵᠢᠭᠰᠠᠭᠠᠨ ᠪᠠᠶᠢᠴᠠᠭᠠᠬᠤ᠂ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠠᠷᠭ᠎ᠠ ᠮᠠᠶ᠋ᠢᠭ | ᠶᠣᠰᠣᠭᠠᠷ᠂ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠬᠠᠮᠢᠶᠠᠷᠤᠨ ᠡᠵᠡᠮᠳᠡᠬᠦ ᠬᠡᠷᠡᠭᠲᠡᠢ᠃ | 4. ᠡᠯ᠎ᠡ ᠬᠠᠮᠢᠶ᠎ᠠ ᠪᠦᠬᠦᠢ ᠠᠵᠤ ᠠᠬᠤᠶᠢᠯᠠᠯ ᠤᠨ ᠣᠨᠴᠠᠭᠠᠢ ᠲᠥᠬᠦᠭᠡᠷᠦᠮᠵᠢ ᠶᠢᠨ ᠬᠠᠮᠢᠶᠠᠷᠤᠯᠲᠠ ᠶᠢ | ᠴᠢᠩᠭᠠᠳᠬᠠᠵᠤ᠂ ᠲᠥᠬᠦᠭᠡᠷᠦᠮᠵᠢ ᠶᠢ ᠪᠠᠶᠢᠴᠠᠭᠠᠨ ᠵᠠᠰᠠᠵᠤ ᠬᠠᠮᠠᠭᠠᠯᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ | ᠣᠨᠴᠠᠭᠠᠢ ᠲᠥᠬᠦᠭᠡᠷᠦᠮᠵᠢ ᠶᠢᠨ ᠬᠡᠪ ᠤᠨ ᠠᠵᠢᠯᠯᠠᠭᠠᠨ ᠪᠠ ᠬᠡᠷᠡᠭᠯᠡᠭᠡᠨ ᠤ ᠠᠮᠤᠷ ᠲᠦᠪᠰᠢᠨ ᠢ ᠦᠨᠡᠨᠬᠦ ᠪᠠᠲᠤᠯᠠᠬᠤ | ᠬᠡᠷᠡᠭᠲᠡᠢ᠃ | 5. ᠡᠯ᠎ᠡ ᠬᠠᠮᠢᠶ᠎ᠠ ᠪᠦᠬᠦᠢ ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ | ᠨᠠᠶᠢᠷᠠᠭᠤᠯᠤᠨ ᠵᠣᠬᠢᠶᠠᠬᠤ ᠪᠠ ᠰᠣᠷᠢᠯᠲᠠ ᠬᠢᠬᠦ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ | ᠴᠢᠳᠠᠪᠤᠷᠢ ᠶᠢ ᠳᠡᠭᠡᠭᠰᠢᠯᠡᠭᠦᠯᠦᠨ᠂ ᠠᠶᠤᠯ ᠦᠭᠡᠢ ᠦᠢᠯᠡᠳᠪᠦᠷᠢᠯᠡᠯ ᠳᠤ ᠪᠠᠲᠤ ᠪᠠᠬᠢ ᠪᠠᠲᠤᠯᠠᠭ᠎ᠠ ᠬᠠᠩᠭᠠᠨ᠎ᠠ᠃ | 6. ᠡᠯ᠎ᠡ ᠬᠠᠮᠢᠶ᠎ᠠ ᠪᠦᠬᠦᠢ ᠠᠵᠤ ᠠᠬᠤᠶᠢᠯᠠᠯ ᠤᠨ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ | ᠲᠥᠬᠦᠭᠡᠷᠦᠮᠵᠢ ᠪᠠ ᠵᠠᠩᠭᠢᠯᠠᠭ᠎ᠠ ᠶᠢᠨ ᠠᠵᠢᠯ ᠤᠨ ᠪᠠᠶᠢᠷᠢ ᠳᠠᠬᠢ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ 24 ᠴᠠᠭ ᠢᠶᠠᠷ ᠲᠣᠭᠤᠷᠢᠨ ᠪᠠᠶᠢᠴᠠᠭᠠᠬᠤ ᠪᠠ ᠵᠢᠵᠢᠭᠦᠷᠯᠡᠬᠦ ᠳᠦᠷᠢᠮ ᠢ ᠬᠡᠷᠡᠭᠵᠢᠭᠦᠯᠵᠦ᠂ ᠠᠮᠤᠷ | ᠲᠦᠪᠰᠢᠨ ᠤ ᠳᠠᠯᠳᠠ ᠭᠡᠮ ᠢ ᠴᠠᠭ ᠲᠤᠬᠠᠢ ᠳᠤᠨᠢ ᠣᠯᠵᠤ ᠮᠡᠳᠡᠬᠦ ᠪᠠ ᠰᠢᠢᠳᠪᠦᠷᠢᠯᠡᠨ᠎ᠡ᠃ | 7. ᠠᠶᠤᠯ ᠦᠭᠡᠢ ᠦᠢᠯᠡᠳᠪᠦᠷᠢᠯᠡᠯ ᠤᠨ ᠴᠢᠭᠯᠡᠯᠲᠡ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ | ᠲᠣᠭᠲᠠᠭᠠᠯ᠂ ᠳᠦᠷᠢᠮ ᠲᠣᠭᠲᠠᠭᠠᠯ ᠤᠨ ᠪᠠᠷᠢᠮᠵᠢᠶ᠎ᠠ ᠵᠡᠷᠭᠡ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠬᠤ | ᠬᠡᠷᠡᠭᠲᠡᠢ᠃ | 8. ᠳᠡᠭᠡᠳᠦ ᠱᠠᠲᠤᠨ ᠤ ᠰᠠᠯᠠᠭ᠎ᠠ ᠮᠥᠴᠢᠷ ᠤᠨ ᠱᠠᠭᠠᠷᠳᠠᠭᠰᠠᠨ ᠵᠢᠭᠰᠠᠭᠠᠨ ᠪᠠᠶᠢᠴᠠᠭᠠᠵᠤ ᠴᠡᠭᠴᠡᠯᠡᠨ | ᠵᠠᠰᠠᠬᠤ ᠭᠤᠣᠯᠳᠠᠯᠭ᠎ᠠ ᠲᠠᠢ ᠠᠭᠤᠯᠭ᠎ᠠ ᠶᠢ ᠪᠠᠶᠢᠩᠭᠤᠵᠢᠭᠤᠯᠤᠨ ᠵᠢᠭᠰᠠᠭᠠᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠵᠤ᠂ ᠨᠢᠭᠡ ᠶᠢ ᠴᠡᠭᠴᠡᠯᠡᠨ ᠰᠠᠶᠢᠵᠢᠷᠠᠭᠤᠯᠵᠤ᠂ ᠳᠠᠯᠳᠠ ᠭᠡᠮ ᠤᠨ ᠡᠬᠡ ᠳᠠᠩᠰᠠ ᠪᠠ ᠨᠣᠮᠧᠷᠯᠠᠬᠤ | ᠠᠵᠢᠯ ᠢ ᠰᠠᠶᠢᠲᠤᠷ ᠭᠦᠢᠴᠡᠳᠬᠡᠵᠦ᠂ ᠳᠠᠯᠳᠠ ᠭᠡᠮ ᠢ ᠴᠡᠭᠴᠡᠯᠡᠨ ᠰᠠᠶᠢᠵᠢᠷᠠᠭᠤᠯᠬᠤ ᠶᠢ ᠲᠤᠶᠢᠯᠪᠤᠷᠢᠲᠠᠢ | ᠨᠠᠶᠢᠳᠠᠪᠤᠷᠢᠵᠢᠭᠤᠯᠬᠤ ᠬᠡᠷᠡᠭᠲᠡᠢ᠃ | 9. ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠬᠤᠰᠢᠭᠤᠨ ᠤ ᠠᠶᠤᠯ ᠦᠭᠡᠢ | ᠦᠢᠯᠡᠳᠪᠦᠷᠢᠯᠡᠯ ᠤᠨ ᠵᠥᠪᠯᠡᠯ ᠠᠴᠠ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠬᠤᠶᠠᠷ᠂ ᠠᠯᠠᠱᠠ ᠵᠡᠭᠦᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ | ᠵᠢᠯᠤᠭᠤᠳᠬᠤ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠵᠢᠴᠢ 2023 ᠣᠨ ᠤ ᠠᠶᠤᠯ ᠦᠭᠡᠢ | ᠦᠢᠯᠡᠳᠪᠦᠷᠢᠯᠡᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠨᠠᠷᠢᠨ ᠪᠦᠷᠢᠳᠬᠡᠯ᠃ | ᠡᠷᠭᠢᠯᠡᠭᠴᠢ ᠶᠧ ᠲᠤᠤ | 1. ᠬᠥᠭᠵᠢᠭᠦᠯᠦᠯᠲᠡ ᠥᠭᠡᠷᠡᠴᠢᠯᠡᠯᠲᠡ ᠶᠢᠨ ᠬᠦᠷᠢᠶ᠎ᠡ ᠴᠠᠷᠠᠭ᠎ᠠ ᠶᠢᠨ ᠠᠮᠤᠷ ᠲᠦᠪᠰᠢᠨ ᠤ ᠠᠵᠢᠯ ᠤᠨ | ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠭᠦᠢᠴᠡᠳᠬᠡᠨ᠎ᠡ᠃ ᠶᠡᠷᠦᠩᠬᠡᠢ ᠱᠦᠵᠢ ᠰᠢ ᠶᠢᠨ ᠫᠢᠩ ᠤᠨ | ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂ | ᠨᠠᠮ ᠤᠨ ᠲᠥᠪ ᠬᠤᠷᠢᠶᠠᠨ ᠤ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠲᠤᠬᠠᠢ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠣᠨ ᠠᠶᠤᠯ ᠦᠭᠡᠢ ᠦᠢᠯᠡᠳᠪᠦᠷᠢᠯᠡᠯ ᠤᠨ ᠴᠢᠭᠯᠡᠯᠲᠡ ᠲᠥᠷᠥ ᠶᠢᠨ ᠪᠣᠳᠣᠯᠭ᠎ᠠ | ᠂ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠵᠣᠬᠢᠶᠠᠨ ᠪᠠᠶᠢᠭᠤᠯᠤᠨ ᠰᠤᠷᠤᠯᠴᠠᠨ ᠲᠤᠤᠱᠯᠠᠭᠤᠯᠵᠤ᠂ | ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠲᠣᠭᠲᠠᠭᠠᠯ ᠢ ᠨᠠᠶᠢᠳᠠᠪᠤᠷᠢᠵᠢᠭᠤᠯᠤᠨ ᠠᠶᠤᠯ ᠦᠭᠡᠢ | ᠦᠢᠯᠡᠳᠪᠦᠷᠢᠯᠡᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠣᠨ ᠵᠢᠭᠠᠪᠤᠷᠢ ᠶᠢᠨ ᠵᠣᠷᠢᠭ ᠰᠠᠨᠠᠭ᠎ᠠ ᠶᠢ | ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠣᠯ ᠪᠤᠯᠭᠠᠬᠰᠠᠨ ᠬᠥᠭᠵᠢᠯᠲᠡ ᠶᠢᠨ | ᠦᠵᠡᠯ ᠰᠠᠨᠠᠭ᠎ᠠ ᠪᠣᠯᠣᠨ ᠰᠢᠨ᠎ᠡ ᠬᠥᠭᠵᠢᠯᠲᠡ ᠶᠢᠨ ᠣᠨᠣᠯᠵᠢᠬᠤᠨ ᠢ ᠦᠢᠯᠡᠳᠦᠯᠭᠡᠵᠢᠭᠦᠯᠦᠨ᠎ᠡ᠃ | 2. ᠬᠥᠭᠵᠢᠭᠦᠯᠦᠯᠲᠡ ᠥᠭᠡᠷᠡᠴᠢᠯᠡᠯᠲᠡ ᠶᠢᠨ ᠬᠦᠷᠢᠶ᠎ᠡ ᠴᠠᠷᠠᠭ᠎ᠠ ᠶᠢᠨ ᠠᠮᠤᠷ ᠲᠦᠪᠰᠢᠨ ᠤ ᠤᠳᠤᠷᠢᠳᠬᠤ | ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠠᠯᠠᠱᠠ ᠵᠡᠭᠦᠨ ᠬᠤᠰᠢᠭᠤᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠶᠢᠨ ᠠᠮᠤᠷ ᠲᠦᠪᠰᠢᠨ ᠦᠢᠯᠡᠳᠪᠦᠷᠢᠯᠡᠯ ᠤᠨ | ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠰᠤᠳᠤᠯᠤᠨ ᠪᠠᠶᠢᠷᠢᠯᠠᠭᠤᠯᠵᠤ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠬᠦᠷᠢᠶ᠎ᠡ ᠴᠠᠷᠠᠭ᠎ᠠ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠰᠢᠰᠲ᠋ᠧᠮᠵᠢ ᠶᠢ | ᠪᠠᠶᠢᠭᠤᠯᠬᠤ ᠶᠢ ᠠᠬᠢᠭᠤᠯᠵᠤ᠂ ᠠᠶᠤᠯᠭᠦᠢ ᠦᠢᠯᠡᠳᠪᠦᠷᠢᠯᠡᠯ ᠤᠨ ᠰᠢᠮᠳᠠᠭᠤᠯᠤᠨ ᠪᠠᠶᠢᠴᠠᠭᠠᠬᠤ ᠵᠡᠷᠭᠡ ᠠᠵᠢᠯ ᠢ | ᠵᠣᠬᠢᠶᠠᠨ ᠪᠠᠶᠢᠭᠤᠯᠤᠨ ᠥᠷᠨᠢᠭᠦᠯᠦᠨ᠎ᠡ᠃ | 3. ᠳᠡᠭᠡᠳᠦ ᠱᠠᠲᠤᠨ ᠤ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠲᠤᠬᠠᠢ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠣᠨ ᠠᠶᠤᠯ ᠦᠭᠡᠢ ᠦᠢᠯᠡᠳᠪᠦᠷᠢᠯᠡᠯ ᠤᠨ ᠴᠢᠭᠯᠡᠯᠲᠡ ᠲᠥᠷᠥ ᠶᠢᠨ ᠪᠣᠳᠣᠯᠭ᠎ᠠ | ᠂ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠵᠣᠬᠢᠶᠠᠨ ᠪᠠᠶᠢᠭᠤᠯᠤᠨ ᠲᠤᠤᠱᠯᠠᠭᠤᠯᠤᠨ | ᠨᠠᠶᠢᠳᠠᠪᠤᠷᠢᠵᠢᠭᠤᠯᠤᠨ᠎ᠠ᠃ | 4. ᠠᠶᠤᠯ ᠦᠭᠡᠢ ᠦᠢᠯᠡᠳᠪᠦᠷᠢᠯᠡᠯ ᠢ ᠪᠦᠭᠦ ᠲᠠᠯ᠎ᠠ ᠶᠢᠨ ᠭᠤᠣᠯᠳᠠᠯᠭ᠎ᠠ ᠲᠠᠢ ᠠᠵᠢᠯ ᠳᠤ ᠣᠷᠣᠭᠤᠯᠵᠤ᠂ | ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠬᠠᠭᠠᠰ ᠵᠢᠯ ᠪᠦᠷᠢ ᠨᠢᠭᠡ ᠤᠳᠠᠭ᠎ᠠ ᠰᠤᠳᠤᠯᠤᠨ᠎ᠠ᠃ ᠴᠢᠬᠤᠯᠠ ᠶᠡᠭᠡ | ᠤᠴᠢᠷ ᠶᠠᠪᠤᠳᠠᠯ ᠲᠣᠬᠢᠶᠠᠯᠳᠤᠪᠠᠯ ᠴᠠᠭ ᠲᠤᠬᠠᠢ ᠳᠤᠨᠢ ᠬᠠᠷᠢᠭᠤ ᠮᠡᠳᠡᠭᠦᠯᠦᠯᠲᠡ ᠰᠣᠨᠣᠰᠴᠤ᠂ ᠰᠢᠢᠳᠪᠦᠷᠢᠯᠡᠬᠦ | ᠲᠣᠭᠲᠠᠭᠠᠯ ᠭᠠᠷᠭᠠᠬᠤ ᠬᠡᠷᠡᠭᠲᠡᠢ᠃ | ᠳᠡᠳ᠋ ᠡᠷᠭᠢᠯᠡᠭᠴᠢ ᠪᠠᠭᠠᠨ᠎ᠠ | 1. ᠶᠡᠷᠦᠩᠬᠡᠢ ᠱᠦᠵᠢ ᠰᠢ ᠶᠢᠨ ᠫᠢᠩ ᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠲᠤᠬᠠᠢ | ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂ ᠨᠠᠮ ᠤᠨ ᠲᠥᠪ ᠬᠤᠷᠢᠶᠠᠨ ᠤ ᠠᠶᠤᠯ ᠦᠭᠡᠢ | ᠦᠢᠯᠡᠳᠪᠦᠷᠢᠯᠡᠯ ᠤᠨ ᠠᠵᠢᠯ ᠤᠨ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠣᠨ ᠠᠶᠤᠯ ᠦᠭᠡᠢ | ᠦᠢᠯᠡᠳᠪᠦᠷᠢᠯᠡᠯ ᠤᠨ ᠴᠢᠭᠯᠡᠯᠲᠡ ᠲᠥᠷᠥ ᠶᠢᠨ ᠪᠣᠳᠣᠯᠭ᠎ᠠ᠂ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ | ᠰᠤᠷᠤᠯᠴᠠᠨ ᠲᠤᠤᠱᠯᠠᠭᠤᠯᠵᠤ᠂ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠲᠣᠭᠲᠠᠭᠠᠯ ᠢ ᠨᠠᠶᠢᠳᠠᠪᠤᠷᠢᠵᠢᠭᠤᠯᠵᠤ | ᠠᠶᠤᠯ ᠦᠭᠡᠢ ᠦᠢᠯᠡᠳᠪᠦᠷᠢᠯᠡᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠣᠨ ᠵᠢᠭᠠᠪᠤᠷᠢ ᠶᠢᠨ | ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ | 2. ᠲᠥᠷᠥ ᠶᠢᠨ ᠪᠣᠳᠣᠯᠭ᠎ᠠ ᠶᠢᠨ ᠴᠢᠨᠠᠷᠲᠠᠢ ᠠᠮᠤ ᠪᠤᠳᠠᠭᠠᠨ ᠤ ᠠᠵᠤ ᠠᠬᠤᠶᠢᠯᠠᠯ ᠪᠣᠯᠣᠨ ᠡᠳ᠋ ᠪᠠᠷᠠᠭ᠎ᠠ | ᠨᠥᠭᠡᠴᠡᠯᠡᠬᠦ ᠵᠡᠷᠭᠡ ᠬᠠᠮᠢᠶ᠎ᠠ ᠪᠦᠬᠦᠢ ᠬᠦᠷᠢᠶᠡᠨ ᠤ ᠠᠶᠤᠯ ᠦᠭᠡᠢ ᠦᠢᠯᠡᠳᠪᠦᠷᠢᠯᠡᠯ ᠤᠨ ᠤᠳᠤᠷᠢᠳᠬᠤ | ᠳᠤᠭᠤᠶᠢᠯᠠᠩ ᠤᠨ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠨ᠎ᠡ᠃ ᠠᠮᠤ ᠪᠤᠳᠠᠭᠠᠨ ᠤ ᠬᠦᠷᠢᠶᠡᠨ ᠳᠠᠬᠢ ᠤᠯᠤᠰ᠂ | ᠥᠪᠡᠷᠲᠡᠭᠡᠨ ᠵᠠᠰᠠᠬᠤ ᠣᠷᠣᠨ᠂ ᠠᠶᠢᠮᠠᠭ᠂ ᠬᠤᠰᠢᠭᠤᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ᠂ | ᠴᠢᠭᠯᠡᠯᠲᠡ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠵᠠᠢ᠃ | ᠠᠶᠤᠯ ᠦᠭᠡᠢ ᠦᠢᠯᠡᠳᠪᠦᠷᠢᠯᠡᠯ ᠤᠨ ᠰᠢᠮᠳᠠᠭᠤᠯᠤᠨ ᠪᠠᠶᠢᠴᠠᠭᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ | ᠥᠷᠨᠢᠭᠦᠯᠵᠦ᠂ ᠬᠤᠪᠢᠳᠠᠨ ᠬᠠᠮᠢᠶᠠᠷᠴᠤ ᠪᠦᠬᠦᠢ ᠬᠡᠪᠴᠢᠶᠡᠨ ᠳᠣᠲᠣᠷᠠᠬᠢ ᠠᠶᠤᠯ ᠦᠭᠡᠢ ᠦᠢᠯᠡᠳᠪᠦᠷᠢᠯᠡᠯ ᠤᠨ | ᠠᠵᠢᠯ ᠳᠤ ᠬᠠᠮᠢᠶ᠎ᠠ ᠪᠦᠬᠦᠢ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠠᠶᠤᠯᠭᠦᠢ | ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠯᠲᠠ ᠳᠠᠯᠳᠠ ᠭᠡᠮ ᠢ ᠵᠢᠭᠰᠠᠭᠠᠨ ᠪᠠᠶᠢᠴᠠᠭᠠᠬᠤ ᠴᠡᠭᠴᠡᠯᠡᠨ | ᠥᠭᠡᠷᠡᠴᠢᠯᠡᠵᠦ ᠨᠠᠶᠢᠳᠠᠪᠤᠷᠢᠵᠢᠭᠤᠯᠤᠭᠰᠠᠨ ᠪᠠᠶᠢᠳᠠᠯ ᠵᠡᠷᠭᠡ ᠠᠵᠢᠯ ᠢ ᠰᠢᠪᠠᠳᠠᠨ ᠨᠠᠶᠢᠳᠠᠪᠤᠷᠢᠵᠢᠭᠤᠯᠤᠶ᠎ᠠ | 3. ᠲᠥᠷᠥ ᠶᠢᠨ ᠪᠣᠳᠣᠯᠭ᠎ᠠ ᠶᠢᠨ ᠴᠢᠨᠠᠷᠲᠠᠢ ᠠᠮᠤ ᠪᠤᠳᠠᠭᠠᠨ ᠤ ᠠᠵᠤ ᠠᠬᠤᠶᠢᠯᠠᠯ ᠪᠣᠯᠣᠨ ᠡᠳ᠋ ᠪᠠᠷᠠᠭ᠎ᠠ | ᠨᠥᠭᠡᠴᠡᠯᠡᠬᠦ ᠬᠥᠮᠥᠷᠭᠡ ᠶᠢ ᠵᠢᠯᠣᠭᠤᠳᠤᠨ ᠠᠶᠤᠯ ᠦᠭᠡᠢ ᠦᠢᠯᠡᠳᠪᠦᠷᠢᠯᠡᠯ ᠤᠨ ᠠᠳᠡᠯ ᠤᠨ ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ ᠲᠥᠰᠥᠯ ᠢ ᠨᠠᠶᠢᠷᠠᠭᠤᠯᠤᠨ ᠵᠣᠬᠢᠶᠠᠬᠤ ᠵᠢᠴᠢ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ | ᠠᠵᠢᠯ ᠢ ᠥᠷᠨᠢᠭᠦᠯᠵᠦ᠂ ᠠᠳᠡᠯ ᠠᠴᠠ ᠵᠠᠪᠳᠤᠨ ᠠᠪᠤᠷᠠᠬᠤ ᠪᠠ ᠪᠠᠶᠢᠴᠠᠭᠠᠨ ᠰᠢᠢᠳᠪᠦᠷᠢᠯᠡᠬᠦ ᠶᠢ ᠬᠠᠤᠯᠢ ᠶᠣᠰᠣᠭᠠᠷ | ᠵᠣᠬᠢᠶᠠᠨ ᠪᠠᠶᠢᠭᠤᠯᠬᠤ ᠪᠤᠶᠤ ᠣᠷᠣᠯᠴᠠᠵᠤ᠂ ᠠᠳᠡᠯ ᠢ ᠰᠡᠷᠭᠡᠶᠢᠯᠡᠬᠦ ᠪᠠ ᠴᠡᠭᠴᠡᠯᠡᠨ ᠰᠠᠶᠢᠵᠢᠷᠠᠭᠤᠯᠬᠤ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠬᠢᠨᠠᠨ ᠪᠠᠶᠢᠴᠠᠭᠠᠨ᠎ᠠ᠃ | ᠳᠡᠳ᠋ ᠡᠷᠭᠢᠯᠡᠭᠴᠢ ᠯᠢ ᠵᠦᠩ ᠮᠣᠣ | 1. ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠪᠠ ᠰᠢᠨ᠎ᠡ | ᠬᠥᠭᠵᠢᠯᠲᠡ ᠶᠢᠨ ᠣᠨᠣᠯᠵᠢᠬᠤᠨ ᠢ ᠦᠢᠯᠡᠳᠦᠯᠭᠡᠵᠢᠭᠦᠯᠵᠦ᠂ ᠪᠠᠶᠢᠭᠤᠯᠵᠤ ᠪᠠᠶᠢᠭ᠎ᠠ ᠰᠢᠨ᠎ᠡ ᠡᠨᠧᠷᠭᠢ ᠶᠢᠨ ᠠᠵᠤ | ᠠᠬᠤᠶᠢᠯᠠᠯ᠂ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢ ᠬᠤᠯᠠ ᠳᠠᠮᠵᠢᠭᠤᠯᠬᠤ ᠬᠤᠭᠤᠯᠠᠢ ᠶᠢᠨ ᠬᠠᠮᠢᠶ᠎ᠠ | ᠪᠦᠬᠦᠢ ᠠᠵᠤ ᠠᠬᠤᠶᠢᠯᠠᠯ ᠢ ᠵᠣᠬᠢᠶᠠᠨ ᠪᠠᠶᠢᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠠᠶᠤᠯ ᠦᠭᠡᠢ | ᠦᠢᠯᠡᠳᠪᠦᠷᠢᠯᠡᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂ ᠨᠠᠮ ᠤᠨ | ᠲᠥᠪ ᠬᠤᠷᠢᠶ᠎ᠠ ᠶᠢᠨ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠪᠠ ᠠᠶᠤᠯ ᠦᠭᠡᠢ ᠦᠢᠯᠡᠳᠪᠦᠷᠢᠯᠡᠯ ᠤᠨ ᠴᠢᠭᠯᠡᠯᠲᠡ ᠲᠥᠷᠥ ᠶᠢᠨ ᠪᠣᠳᠣᠯᠭ᠎ᠠ᠂ ᠤᠯᠤᠰ ᠤᠨ | ᠬᠠᠤᠯᠢ ᠴᠠᠭᠠᠵᠠ ᠬᠠᠤᠯᠢ ᠲᠣᠭᠲᠠᠭᠠᠯ ᠢ ᠰᠤᠷᠤᠯᠴᠠᠨ ᠲᠤᠤᠱᠯᠠᠭᠤᠯᠵᠤ᠂ ᠵᠠᠰᠠᠭ ᠤᠨ ᠣᠷᠳᠣᠨ ᠤ ᠬᠤᠯᠪᠣᠭᠳᠠᠯ | ᠪᠦᠬᠦᠢ ᠲᠣᠭᠲᠠᠭᠠᠯ ᠢ ᠨᠠᠶᠢᠳᠠᠪᠤᠷᠢᠵᠢᠭᠤᠯᠤᠨ ᠠᠶᠤᠯ ᠦᠭᠡᠢ ᠦᠢᠯᠡᠳᠪᠦᠷᠢᠯᠡᠯ ᠤᠨ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠪᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ | 2. ᠪᠠᠶᠢᠭᠤᠯᠵᠤ ᠪᠠᠶᠢᠭ᠎ᠠ ᠰᠢᠨ᠎ᠡ ᠡᠨᠧᠷᠭᠢ᠂ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢᠨ | ᠤᠷᠲᠤ ᠳᠠᠮᠵᠢᠭᠤᠯᠬᠤ ᠬᠤᠭᠤᠯᠠᠢ ᠶᠢᠨ ᠬᠠᠮᠢᠶ᠎ᠠ ᠪᠦᠬᠦᠢ ᠬᠦᠷᠢᠶ᠎ᠡ ᠴᠠᠷᠠᠭ᠎ᠠ ᠶᠢᠨ ᠠᠶᠤᠯ ᠦᠭᠡᠢ ᠦᠢᠯᠡᠳᠪᠦᠷᠢᠯᠡᠯ ᠤᠨ | ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠠᠯᠠᠱᠠ ᠵᠡᠭᠦᠨ ᠬᠤᠰᠢᠭᠤᠨ ᠤ | ᠪᠠᠶᠢᠭᠤᠯᠵᠤ ᠪᠠᠶᠢᠭ᠎ᠠ ᠰᠢᠨ᠎ᠡ ᠡᠨᠧᠷᠭᠢ᠂ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢᠨ ᠤᠷᠲᠤ | ᠳᠠᠮᠵᠢᠭᠤᠯᠬᠤ ᠬᠤᠭᠤᠯᠠᠢ ᠶᠢᠨ ᠬᠠᠮᠢᠶ᠎ᠠ ᠪᠦᠬᠦᠢ ᠬᠦᠷᠢᠶ᠎ᠡ ᠴᠠᠷᠠᠭ᠎ᠠ ᠶᠢᠨ ᠠᠶᠤᠯ ᠦᠭᠡᠢ ᠦᠢᠯᠡᠳᠪᠦᠷᠢᠯᠡᠯ ᠤᠨ | ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠ ᠰᠤᠳᠤᠯᠤᠨ ᠪᠠᠶᠢᠷᠢᠯᠠᠭᠤᠯᠵᠤ᠂ ᠪᠠᠶᠢᠭᠤᠯᠵᠤ ᠪᠠᠶᠢᠭ᠎ᠠ ᠰᠢᠨ᠎ᠡ | ᠡᠨᠧᠷᠭᠢ᠂ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢᠨ ᠤᠷᠲᠤ ᠳᠠᠮᠵᠢᠭᠤᠯᠬᠤ ᠬᠤᠭᠤᠯᠠᠢ ᠶᠢᠨ ᠬᠠᠮᠢᠶ᠎ᠠ | ᠪᠦᠬᠦᠢ ᠬᠦᠷᠢᠶ᠎ᠡ ᠴᠠᠷᠠᠭ᠎ᠠ ᠶᠢᠨ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠰᠢᠰᠲ᠋ᠧᠮᠵᠢ ᠶᠢ | ᠪᠠᠶᠢᠭᠤᠯᠬᠤ ᠶᠢ ᠠᠬᠢᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠰᠢᠮᠳᠠᠭᠤᠯᠤᠨ ᠪᠠᠶᠢᠴᠠᠭᠠᠬᠤ ᠵᠡᠷᠭᠡ ᠠᠵᠢᠯ ᠢ | ᠵᠣᠬᠢᠶᠠᠨ ᠪᠠᠶᠢᠭᠤᠯᠤᠨ ᠥᠷᠨᠢᠭᠦᠯᠵᠦ᠂ ᠬᠤᠪᠢᠳᠠᠨ ᠬᠠᠮᠢᠶᠠᠷᠬᠤ ᠬᠦᠷᠢᠶ᠎ᠡ ᠬᠡᠪᠴᠢᠶᠡᠨ ᠳᠠᠬᠢ ᠠᠶᠤᠯ ᠦᠭᠡᠢ | ᠦᠢᠯᠡᠳᠪᠦᠷᠢᠯᠡᠯ ᠤᠨ ᠠᠵᠢᠯ ᠳᠤ ᠬᠠᠮᠢᠶ᠎ᠠ ᠪᠦᠬᠦᠢ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | 3. ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶ᠎ᠠ᠂ | ᠵᠠᠬᠢᠷᠭ᠎ᠠ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠳᠡᠭᠡᠳᠦ ᠱᠠᠲᠤᠨ ᠤ ᠰᠠᠯᠠᠭ᠎ᠠ ᠮᠥᠴᠢᠷ ᠤᠨ | ᠪᠠᠶᠢᠭᠤᠯᠵᠤ ᠪᠠᠶᠢᠭ᠎ᠠ ᠰᠢᠨ᠎ᠡ ᠡᠨᠧᠷᠭᠢ᠂ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢ ᠬᠤᠯᠠ | ᠳᠠᠮᠵᠢᠭᠤᠯᠬᠤ ᠬᠤᠭᠤᠯᠠᠢ ᠶᠢᠨ ᠬᠠᠮᠢᠶ᠎ᠠ ᠪᠦᠬᠦᠢ ᠬᠦᠷᠢᠶ᠎ᠡ ᠴᠠᠷᠠᠭ᠎ᠠ ᠶᠢᠨ ᠠᠮᠤᠷ ᠲᠦᠪᠰᠢᠨ ᠤ ᠲᠤᠬᠠᠢ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ᠂ ᠴᠢᠭᠯᠡᠯᠲᠡ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠢ | ᠲᠤᠤᠱᠯᠠᠭᠤᠯᠤᠨ ᠬᠡᠷᠡᠭᠵᠢᠭᠦᠯᠦᠨ᠎ᠡ᠃ ᠪᠠᠶᠢᠭᠤᠯᠵᠤ ᠪᠠᠶᠢᠭ᠎ᠠ ᠰᠢᠨ᠎ᠡ ᠡᠨᠧᠷᠭᠢ ᠶᠢᠨ ᠠᠵᠤ ᠠᠬᠤᠶᠢᠯᠠᠯ᠂ ᠴᠢᠯᠠᠭᠤᠨ | ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢ ᠬᠤᠯᠠ ᠳᠠᠮᠵᠢᠭᠤᠯᠬᠤ ᠬᠤᠭᠤᠯᠠᠢ ᠶᠢᠨ ᠬᠠᠮᠢᠶ᠎ᠠ ᠪᠦᠬᠦᠢ ᠠᠵᠤ | ᠠᠬᠤᠶᠢᠯᠠᠯ ᠢ ᠵᠣᠬᠢᠶᠠᠨ ᠪᠠᠶᠢᠭᠤᠯᠤᠨ ᠳᠡᠭᠡᠳᠦ ᠱᠠᠲᠤᠨ ᠤ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠠᠶᠤᠯ ᠦᠭᠡᠢ ᠦᠢᠯᠡᠳᠪᠦᠷᠢᠯᠡᠯ ᠤᠨ ᠴᠢᠭᠯᠡᠯᠲᠡ ᠲᠥᠷᠥ ᠶᠢᠨ | ᠪᠣᠳᠣᠯᠭ᠎ᠠ᠂ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠬᠢᠨᠠᠮᠠᠭᠠᠢ ᠲᠤᠤᠱᠯᠠᠭᠤᠯᠤᠨ | ᠨᠠᠶᠢᠳᠠᠪᠤᠷᠢᠵᠢᠭᠤᠯᠤᠨ᠎ᠠ᠃ | 4. ᠪᠠᠶᠢᠭᠤᠯᠵᠤ ᠪᠠᠶᠢᠭ᠎ᠠ ᠰᠢᠨ᠎ᠡ ᠡᠨᠧᠷᠭᠢ᠂ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢ ᠬᠤᠯᠠ | ᠳᠠᠮᠵᠢᠭᠤᠯᠬᠤ ᠬᠤᠭᠤᠯᠠᠢ ᠶᠢᠨ ᠬᠠᠮᠢᠶ᠎ᠠ ᠪᠦᠬᠦᠢ ᠬᠦᠷᠢᠶ᠎ᠡ ᠴᠠᠷᠠᠭ᠎ᠠ ᠶᠢᠨ ᠠᠶᠤᠯ ᠦᠭᠡᠢ ᠦᠢᠯᠡᠳᠪᠦᠷᠢᠯᠡᠯ ᠤᠨ | ᠲᠤᠰᠬᠠᠢ ᠴᠡᠭᠴᠡᠯᠡᠨ ᠵᠠᠰᠠᠬᠤ᠂ ᠳᠠᠯᠳᠠ ᠭᠡᠮ ᠢ ᠵᠢᠭᠰᠠᠭᠠᠨ ᠪᠠᠶᠢᠴᠠᠭᠠᠬᠤ᠂ ᠴᠡᠭᠴᠡᠯᠡᠨ ᠥᠭᠡᠷᠡᠴᠢᠯᠡᠵᠦ | ᠨᠠᠶᠢᠳᠠᠪᠤᠷᠢᠵᠢᠭᠤᠯᠤᠭᠰᠠᠨ ᠪᠠᠶᠢᠳᠠᠯ ᠵᠡᠷᠭᠡ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | 5. ᠪᠠᠶᠢᠭᠤᠯᠵᠤ ᠪᠠᠶᠢᠭ᠎ᠠ ᠰᠢᠨ᠎ᠡ ᠡᠨᠧᠷᠭᠢ᠂ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢᠨ | ᠬᠤᠯᠠ ᠳᠠᠮᠵᠢᠭᠤᠯᠬᠤ ᠬᠤᠭᠤᠯᠠᠢ ᠶᠢᠨ ᠬᠠᠮᠢᠶ᠎ᠠ ᠪᠦᠬᠦᠢ ᠠᠵᠤ ᠠᠬᠤᠶᠢᠯᠠᠯ ᠢ ᠵᠢᠯᠤᠭᠤᠳᠴᠤ ᠪᠠᠶᠢᠭᠠᠳ ᠠᠶᠤᠯ ᠦᠭᠡᠢ | ᠦᠢᠯᠡᠳᠪᠦᠷᠢᠯᠡᠯ ᠤᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠨᠠᠶᠢᠷᠠᠭᠤᠯᠤᠨ ᠵᠣᠬᠢᠶᠠᠬᠤ | ᠵᠢᠴᠢ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠬᠢᠬᠦ ᠠᠵᠢᠯ ᠢ ᠥᠷᠨᠢᠭᠦᠯᠵᠦ᠂ ᠠᠳᠡᠯ ᠢ ᠠᠶᠤᠯ ᠠᠴᠠ ᠠᠪᠤᠷᠠᠨ | ᠲᠤᠰᠠᠯᠠᠬᠤ ᠪᠠ ᠪᠠᠶᠢᠴᠠᠭᠠᠨ ᠰᠢᠢᠳᠪᠦᠷᠢᠯᠡᠬᠦ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠬᠤ ᠪᠤᠶᠤ ᠣᠷᠣᠯᠴᠠᠵᠤ᠂ | ᠠᠳᠡᠯ ᠢ ᠰᠡᠷᠭᠡᠶᠢᠯᠡᠬᠦ ᠪᠠ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠪᠠᠶᠢᠭ᠎ᠠ | ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ᠎ᠠ᠃ | ᠭᠤᠷᠪᠠ᠂ ᠲᠠᠰᠤᠭ ᠲᠠᠰᠤᠭ ᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠬᠠᠷᠢᠭᠤᠴᠠᠯᠭ᠎ᠠ ᠶᠢᠨ | ᠨᠠᠷᠢᠨ ᠪᠦᠷᠢᠳᠬᠡᠯ | ᠨᠡᠶᠢᠲᠡᠯᠢᠭ ᠡᠭᠦᠷᠭᠡ | 1. ᠡᠭᠦᠷᠭᠡ ᠬᠠᠷᠢᠭᠤᠴᠠᠯᠭ᠎ᠠ ᠶᠢᠨ ᠨᠠᠷᠢᠨ ᠪᠦᠷᠢᠳᠬᠡᠯ ᠲᠠᠢ ᠬᠠᠷᠢᠴᠠᠭᠤᠯᠵᠤ ᠪᠠᠶᠢᠭᠠᠳ ᠰᠠᠷ᠎ᠠ ᠪᠦᠷᠢ | ᠠᠳᠠᠭ ᠲᠠᠭᠠᠨ ᠨᠢᠭᠡ ᠤᠳᠠᠭ᠎ᠠ ᠰᠢᠮᠳᠠᠭᠤᠯᠤᠨ ᠪᠠᠶᠢᠴᠠᠭᠠᠬᠤ ᠠᠵᠢᠯ ᠥᠷᠨᠢᠭᠦᠯᠬᠦ ᠬᠡᠷᠡᠭᠲᠡᠢ᠃ | 2. ᠬᠥᠭᠵᠢᠭᠦᠯᠦᠯᠲᠡ ᠥᠭᠡᠷᠡᠴᠢᠯᠡᠯᠲᠡ ᠶᠢᠨ ᠬᠡᠪᠴᠢᠶᠡᠨ ᠳᠣᠲᠣᠷᠠᠬᠢ ᠠᠶᠤᠯ ᠦᠭᠡᠢ ᠦᠢᠯᠡᠳᠪᠦᠷᠢᠯᠡᠯ ᠤᠨ | ᠠᠵᠢᠯ ᠤᠨ ᠲᠤᠬᠠᠢ ᠨᠠᠮ ᠤᠨ ᠬᠤᠷᠢᠶᠠᠨ ᠤ ᠤᠳᠤᠷᠢᠳᠤᠯᠭ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠴᠢᠩᠭ᠎ᠠ | ᠨᠠᠶᠢᠳᠠᠪᠤᠷᠢᠵᠢᠭᠤᠯᠬᠤ ᠶᠢᠨ ᠬᠠᠮᠲᠤ ᠱᠠᠭᠠᠷᠳᠠᠯᠭ᠎ᠠ ᠶᠣᠰᠣᠭᠠᠷ ᠰᠢᠮᠳᠠᠭᠤᠯᠤᠨ ᠪᠠᠶᠢᠴᠠᠭᠠᠭᠰᠠᠨ ᠪᠠᠶᠢᠳᠠᠯ ᠢᠶᠠᠨ ᠳᠡᠭᠡᠭᠰᠢ | ᠮᠡᠳᠡᠭᠦᠯᠦᠨ᠎ᠡ᠃ | 3. ᠬᠥᠭᠵᠢᠭᠦᠯᠦᠯᠲᠡ ᠥᠭᠡᠷᠡᠴᠢᠯᠡᠯᠲᠡ ᠶᠢᠨ ᠬᠦᠷᠢᠶᠡᠨ ᠳᠠᠬᠢ ᠠᠶᠤᠯ ᠦᠭᠡᠢ ᠦᠢᠯᠡᠳᠪᠦᠷᠢᠯᠡᠯ ᠤᠨ ᠬᠠᠮᠢᠶ᠎ᠠ | ᠪᠦᠬᠦᠢ ᠭᠡᠨᠡᠳᠲᠡ ᠶᠢᠨ ᠬᠡᠷᠡᠭ ᠢ ᠰᠡᠷᠡᠮᠵᠢᠯᠡᠭᠦᠯᠭᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ | ᠬᠠᠷᠢᠭᠤᠴᠠᠨ᠎ᠠ᠃ | ᠠᠯᠪᠠᠨ ᠭᠡᠷ | 1. ᠲᠣᠪᠴᠢᠶᠠᠨ ᠳᠠᠬᠢ ᠠᠵᠢᠯᠯᠠᠬᠤ ᠭᠠᠵᠠᠷ ᠤᠨ ᠤᠰᠤ ᠴᠠᠭᠢᠯᠭᠠᠨ ᠬᠡᠷᠡᠭᠯᠡᠬᠦ᠂ ᠭᠠᠯ ᠤᠨᠲᠠᠷᠠᠭᠠᠬᠤ | ᠪᠡᠯᠡᠳᠬᠡᠮᠵᠢ ᠳᠤ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠯᠲᠠ ᠬᠢᠵᠦ᠂ ᠪᠠᠶᠠᠷ ᠳᠤᠷᠠᠰᠬᠠᠯ ᠤᠨ ᠡᠳᠦᠷ ᠲᠤ | ᠤᠰᠤ ᠴᠠᠭᠢᠯᠭᠠᠨ ᠲᠠᠰᠤᠯᠵᠤ ᠴᠠᠭᠢᠯᠭᠠᠨ ᠵᠣᠭᠰᠤᠭᠠᠬᠤ ᠵᠢᠴᠢ ᠭᠠᠯ ᠰᠡᠷᠭᠡᠶᠢᠯᠡᠬᠦ ᠪᠠ ᠬᠤᠯᠠᠭᠠᠶᠢᠯᠠᠬᠤ ᠠᠴᠠ | ᠰᠡᠷᠭᠡᠶᠢᠯᠡᠬᠦ ᠠᠵᠢᠯ ᠢ ᠰᠠᠶᠢᠲᠤᠷ ᠬᠢᠨ᠎ᠡ᠃ | 2. ᠠᠯᠠᠱᠠ ᠵᠡᠭᠦᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠰᠦᠯᠵᠢᠶᠡᠨ | ᠥᠷᠲᠡᠭᠡ᠂ ᠸᠢᠴᠠᠲ ᠴᠠᠬᠢᠮ ᠲᠠᠪᠴᠠᠩ ᠵᠡᠷᠭᠡ ᠵᠠᠭᠤᠴᠢᠯᠠᠭᠤᠷ ᠤᠨ ᠲᠠᠪᠴᠠᠩ ᠳᠤ ︽ᠠᠶᠤᠯ ᠦᠭᠡᠢ | ᠦᠢᠯᠡᠳᠪᠦᠷᠢᠯᠡᠯ ᠤᠨ ᠲᠤᠰᠬᠠᠢ ᠪᠤᠯᠤᠩ︾ ᠢ ᠨᠡᠭᠡᠭᠡᠨ ᠡᠷᠭᠢᠯᠡᠵᠦ᠂ ᠠᠶᠤᠯ ᠦᠭᠡᠢ ᠦᠢᠯᠡᠳᠪᠦᠷᠢᠯᠡᠯ ᠤᠨ ᠬᠠᠮᠢᠶ᠎ᠠ | ᠪᠦᠬᠦᠢ ᠲᠥᠷᠥ ᠶᠢᠨ ᠪᠣᠳᠣᠯᠭ᠎ᠠ᠂ ᠠᠵᠢᠯᠯᠠᠭ᠎ᠠ ᠶᠢ ᠥᠷᠨᠢᠭᠦᠯᠦᠨ ᠤᠬᠠᠭᠤᠯᠤᠨ ᠮᠡᠳᠡᠭᠡᠯᠡᠬᠦ ᠶᠢ ᠬᠠᠮᠵᠢᠯᠴᠠᠨ | ᠥᠷᠨᠢᠭᠦᠯᠦᠨ᠎ᠡ᠃ | 3. ᠭᠤᠣᠯ ᠳᠤᠭᠤᠶᠢᠯᠠᠩ᠂ ᠲᠥᠪᠯᠡᠷᠡᠭᠦᠯᠦᠨ ᠰᠤᠷᠤᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ | ᠲᠥᠪ᠂ ᠥᠪᠡᠷᠲᠡᠭᠡᠨ ᠵᠠᠰᠠᠬᠤ ᠣᠷᠣᠨ᠂ ᠠᠶᠢᠮᠠᠭ᠂ ᠬᠤᠰᠢᠭᠤᠨ ᠤ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ | ᠬᠤᠷᠠᠯᠳᠤᠭᠠᠨ ᠤ ᠵᠣᠷᠢᠭ ᠰᠠᠨᠠᠭ᠎ᠠ ᠪᠣᠯᠣᠨ ᠡᠭᠦᠷᠭᠡ ᠶᠢ ᠴᠠᠭ ᠲᠤᠬᠠᠢ ᠳᠤᠨᠢ ᠤᠯᠠᠮᠵᠢᠯᠠᠨ ᠲᠤᠤᠱᠯᠠᠭᠤᠯᠤᠨ᠎ᠠ᠃ | 4. ᠬᠥᠭᠵᠢᠭᠦᠯᠦᠯᠲᠡ ᠥᠭᠡᠷᠡᠴᠢᠯᠡᠯᠲᠡ ᠶᠢᠨ ᠬᠦᠷᠢᠶᠡᠨ ᠳᠠᠬᠢ ᠠᠶᠤᠯ ᠦᠭᠡᠢ ᠦᠢᠯᠡᠳᠪᠦᠷᠢᠯᠡᠯ ᠤᠨ | ᠠᠵᠢᠯ ᠤᠨ ᠬᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠬᠤᠷᠠᠯᠳᠤᠭᠤᠯᠵᠤ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠬᠦᠷᠢᠶᠡᠨ ᠳᠠᠬᠢ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠰᠤᠳᠤᠯᠤᠨ | ᠪᠠᠶᠢᠷᠢᠯᠠᠭᠤᠯᠵᠤ᠂ ᠲᠣᠪᠣᠶᠢᠮ᠎ᠠ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠬᠦ ᠵᠡᠷᠭᠡ ᠪᠣᠯᠣᠨ᠎ᠠ᠃ | | 5. ᠺᠠᠳ᠋ᠷ ᠠᠵᠢᠯᠲᠠᠨ ᠠᠵᠢᠯᠴᠢᠨ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ ᠪᠠᠶᠢᠭᠠᠳ | ᠪᠠᠶᠢᠭᠤᠯᠵᠤ ᠪᠠᠶᠢᠭ᠎ᠠ ᠰᠢᠨ᠎ᠡ ᠡᠨᠧᠷᠭᠢ᠂ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢ ᠬᠤᠯᠠ ᠬᠦᠷᠭᠡᠬᠦ | ᠬᠤᠭᠤᠯᠠᠢ᠂ ᠠᠮᠤ ᠪᠤᠳᠠᠭ᠎ᠠ ᠵᠡᠷᠭᠡ ᠠᠵᠢᠯ ᠲᠥᠷᠥᠯ ᠤᠨ ᠬᠦᠷᠢᠶ᠎ᠡ ᠬᠡᠪᠴᠢᠶᠡᠨ ᠤ ᠬᠠᠮᠢᠶ᠎ᠠ ᠪᠦᠬᠦᠢ ᠬᠠᠤᠯᠢ ᠴᠠᠭᠠᠵᠠ | ᠬᠠᠤᠯᠢ ᠲᠣᠭᠲᠠᠭᠠᠯ ᠢ ᠰᠤᠷᠤᠯᠴᠠᠭᠤᠯᠤᠨ᠎ᠠ᠃ | 6. ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯ ᠦᠭᠡᠢ ᠦᠢᠯᠡᠳᠪᠦᠷᠢᠯᠡᠯ ᠤᠨ ᠺᠣᠮᠢᠰ ᠤᠨ ︽15 | ᠵᠤᠷᠪᠤᠰ ᠬᠠᠲᠠᠭᠤ ᠠᠷᠭ᠎ᠠ ᠬᠡᠮᠵᠢᠶ᠎ᠡ︾᠂ ᠥᠪᠡᠷᠲᠡᠭᠡᠨ ᠵᠠᠰᠠᠬᠤ ᠣᠷᠣᠨ ᠤ ᠠᠶᠤᠯ ᠦᠭᠡᠢ ᠦᠢᠯᠡᠳᠪᠦᠷᠢᠯᠡᠯ ᠤᠨ | ᠺᠣᠮᠢᠰ ᠤᠨ ᠠᠶᠤᠯ ᠦᠭᠡᠢ ᠦᠢᠯᠡᠳᠪᠦᠷᠢᠯᠡᠯ ᠤᠨ ︽53 ᠵᠤᠷᠪᠤᠰ ᠪᠣᠳᠠᠲᠠᠢ ᠠᠷᠭ᠎ᠠ ᠬᠡᠮᠵᠢᠶ᠎ᠡ︾ ᠪᠣᠯᠣᠨ ᠠᠯᠠᠱᠠ | ᠠᠶᠢᠮᠠᠭ ᠤᠨ ᠠᠶᠤᠯ ᠦᠭᠡᠢ ᠦᠢᠯᠡᠳᠪᠦᠷᠢᠯᠡᠯ ᠤᠨ ᠺᠣᠮᠢᠰ ᠤᠨ ︽107 ᠵᠤᠷᠪᠤᠰ ᠠᠷᠭ᠎ᠠ ᠬᠡᠮᠵᠢᠶ᠎ᠡ︾ ᠶᠢᠨ | ᠨᠠᠶᠢᠳᠠᠪᠤᠷᠢᠵᠢᠭᠤᠯᠤᠯᠲᠠ ᠶᠢ ᠵᠣᠬᠢᠶᠠᠨ ᠪᠠᠶᠢᠭᠤᠯᠤᠨ ᠲᠦᠯᠬᠢᠨ ᠠᠬᠢᠭᠤᠯᠤᠨ᠎ᠠ᠃ | 7. ᠳᠡᠭᠡᠳᠦ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠢᠳᠡᠪᠬᠢᠲᠡᠢ ᠬᠠᠮᠵᠢᠯᠴᠠᠨ ︽ᠠᠶᠤᠯ | ᠦᠭᠡᠢ ᠦᠢᠯᠡᠳᠪᠦᠷᠢᠯᠡᠯ ᠤᠨ ᠰᠠᠷ᠎ᠠ︾ ᠵᠡᠷᠭᠡ ᠠᠶᠤᠯ ᠦᠭᠡᠢ ᠦᠢᠯᠡᠳᠪᠦᠷᠢᠯᠡᠯ ᠤᠨ ᠲᠤᠰᠬᠠᠢ ᠰᠡᠳᠦᠪᠲᠦ | ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠰᠠᠶᠢᠲᠤᠷ ᠬᠢᠨ᠎ᠡ᠃ | 8. ᠺᠠᠳ᠋ᠷ ᠠᠵᠢᠯᠲᠠᠨ ᠠᠵᠢᠯᠴᠢᠳ ᠢ ᠵᠣᠬᠢᠶᠠᠨ ᠪᠠᠶᠢᠭᠤᠯᠤᠨ ᠠᠶᠤᠯ ᠦᠭᠡᠢ ᠦᠢᠯᠡᠳᠪᠦᠷᠢᠯᠡᠯ ᠤᠨ ᠭᠠᠯ | ᠤᠨᠲᠠᠷᠠᠭᠠᠬᠤ ᠪᠣᠯᠪᠠᠰᠤᠷᠠᠭᠤᠯᠤᠯ ᠳᠤ ᠣᠷᠣᠯᠴᠠᠭᠤᠯᠬᠤ ᠬᠡᠷᠡᠭᠲᠡᠢ᠃ | 9. ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠬᠤᠰᠢᠭᠤ ᠠᠶᠤᠯ ᠦᠭᠡᠢ | ᠦᠢᠯᠡᠳᠪᠦᠷᠢᠯᠡᠯ ᠤᠨ ᠵᠥᠪᠯᠡᠯ ᠪᠣᠯᠣᠨ ᠨᠠᠮ ᠤᠨ ᠤᠳᠤᠷᠢᠳᠬᠤ ᠳᠤᠭᠤᠶᠢᠯᠠᠩ ᠠᠴᠠ ᠲᠤᠰᠢᠶᠠᠭᠰᠠᠨ ᠠᠶᠤᠯ ᠦᠭᠡᠢ | ᠦᠢᠯᠡᠳᠪᠦᠷᠢᠯᠡᠯ ᠤᠨ ᠪᠤᠰᠤᠳ ᠵᠦᠢᠯ ᠤᠳ ᠢ ᠪᠡᠶᠡᠯᠡᠭᠦᠯᠦᠨ᠎ᠡ᠃ | ᠡᠨᠧᠷᠭᠢ ᠶᠢᠨ ᠰᠤᠷᠪᠤᠯᠵᠢ ᠶᠢᠨ ᠲᠠᠰᠤᠭ | ᠭᠤᠣᠯᠳᠠᠭᠤ ᠪᠠᠶᠢᠭᠤᠯᠵᠤ ᠪᠠᠶᠢᠭ᠎ᠠ ᠰᠢᠨ᠎ᠡ ᠡᠨᠧᠷᠭᠢ ᠴᠠᠭᠢᠯᠭᠠᠨ ᠬᠦᠴᠦᠨ ᠤ ᠢᠨᠵᠧᠨᠧᠷᠢᠩ ︵ᠲᠥᠷᠥᠯ | ᠵᠦᠢᠯ︶ ᠤᠨ ᠲᠣᠣᠷ ᠲᠤ ᠨᠡᠶᠢᠯᠡᠭᠦᠯᠦᠨ ᠴᠠᠭᠢᠯᠭᠠᠨ ᠭᠠᠷᠭᠠᠬᠤ ᠠᠴᠠ ᠡᠮᠦᠨᠡᠬᠢ ᠠᠶᠤᠯ ᠦᠭᠡᠢ ᠦᠢᠯᠡᠳᠪᠦᠷᠢᠯᠡᠯ ᠳᠤ | ᠬᠢᠨᠠᠯᠲᠠ ᠲᠠᠯᠪᠢᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠣᠯᠣᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ | ᠬᠡᠢ ᠶᠢ ᠬᠤᠯᠠ ᠳᠠᠮᠵᠢᠭᠤᠯᠬᠤ ᠬᠤᠭᠤᠯᠠᠢ ᠶᠢᠨ ᠠᠶᠤᠯ ᠦᠭᠡᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ | ᠡᠭᠦᠷᠭᠡ ᠬᠠᠷᠢᠭᠤᠴᠠᠯᠭ᠎ᠠ ᠶᠢ ᠬᠠᠷᠢᠭᠤᠴᠠᠨ᠎ᠠ᠃ | ᠠᠮᠤ ᠪᠤᠳᠠᠭ᠎ᠠ ᠪᠣᠯᠣᠨ ᠡᠳ᠋ ᠪᠠᠷᠠᠭ᠎ᠠ ᠨᠥᠭᠡᠴᠡᠯᠡᠬᠦ ᠲᠠᠰᠤᠭ | ᠲᠥᠷᠥ ᠶᠢᠨ ᠪᠣᠳᠣᠯᠭ᠎ᠠ ᠶᠢᠨ ᠴᠢᠨᠠᠷᠲᠠᠢ ᠠᠮᠤ ᠪᠤᠳᠠᠭᠠᠨ ᠤ ᠠᠵᠤ ᠠᠬᠤᠶᠢᠯᠠᠯ ᠤᠨ ᠬᠥᠮᠥᠷᠭᠡᠯᠡᠨ | ᠬᠠᠳᠠᠭᠠᠯᠠᠬᠤ ᠶᠢᠨ ᠠᠶᠤᠯ ᠦᠭᠡᠢ ᠪᠠ ᠠᠶᠤᠯ ᠦᠭᠡᠢ ᠦᠢᠯᠡᠳᠪᠦᠷᠢᠯᠡᠯ ᠪᠠ ᠡᠳ᠋ ᠪᠠᠷᠠᠭ᠎ᠠ ᠨᠥᠭᠡᠴᠡᠯᠡᠬᠦ ᠳᠤ ᠬᠢᠨᠠᠯᠲᠠ | ᠲᠠᠯᠪᠢᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠬᠠᠷᠢᠭᠤᠴᠠᠨ᠎ᠠ᠃ | | | | |