︽ᠠᠯᠠᠱᠠ ᠵᠡᠭᠦᠨ ᠬᠤᠰᠢᠭᠤᠨ ᠤ ᠨᠠᠢᠮᠠᠳᠤᠭᠠᠷ ᠬᠡᠦᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠥᠷᠥᠰᠥ ᠰᠢᠷᠣᠢ ᠶᠢ ᠬᠠᠮᠠᠭᠠᠯᠠᠬᠤ ᠲᠥᠰᠥᠯ ᠤᠨ ᠮᠡᠳᠡᠭᠦᠯᠦᠯᠲᠡ ᠶᠢᠨ ᠬᠦᠰᠦᠨᠦᠭᠲᠦ︾ ᠵᠠᠰᠠᠭ ᠵᠠᠬᠢᠷᠭᠠᠨ ᠤ ᠵᠥᠪᠰᠢᠶᠡᠷᠡᠯ ᠢ ᠵᠥᠪᠰᠢᠶᠡᠷᠡᠬᠦ ᠲᠤᠬᠠᠢ ᠠᠯᠠᠱᠠ ᠵᠡᠭᠦᠨ ᠬᠤᠰᠢᠭᠤᠨ ᠤ ᠤᠰᠤᠨ ᠠᠰᠢᠭᠯᠠᠯᠲᠠ ᠶᠢᠨ ᠶᠠᠪᠤᠳᠠᠯ ᠤᠨ ᠲᠣᠪᠴᠢᠶ᠎ᠠ ᠶᠢᠨ ᠲᠣᠭᠲᠠᠭᠠᠯ ᠤᠨ ᠪᠢᠴᠢᠭ
ᠨᠡᠶᠢᠲᠡᠯᠡᠭᠰᠡᠨ ᠴᠠᠭ᠄
2024/12/31
  ᠠᠯᠠᠱᠠ ᠵᠡᠭᠦᠨ ᠬᠤᠰᠢᠭᠤᠨ ᠤ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ :       ᠲᠠᠨ ᠤ ᠪᠠᠶᠢᠭᠤᠯᠤᠯᠭ᠎ᠠ ᠠᠯᠠᠱᠠ ᠵᠡᠭᠦᠨ ᠬᠤᠰᠢᠭᠤᠨ ᠤ ᠨᠠᠢᠮᠠᠳᠤᠭᠠᠷ ᠬᠡᠦᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠥᠷᠥᠰᠥ ᠰᠢᠷᠣᠢ ᠬᠠᠮᠠᠭᠠᠯᠠᠬᠤ ᠲᠥᠰᠥᠯ ᠢ ᠬᠢᠨᠠᠨ ᠵᠥᠪᠰᠢᠶᠡᠷᠡᠭᠦᠯᠬᠦ ᠭᠤᠶᠤᠴᠢᠯᠠᠯ ᠤᠨ ᠮᠠᠲ᠋ᠧᠷᠢᠶᠠᠯ ᠢ ᠨᠢᠭᠡᠨᠲᠡ ᠬᠤᠷᠢᠶᠠᠵᠤ ᠠᠪᠴᠠᠢ᠃ ᠲᠤᠰ ᠭᠤᠶᠤᠴᠢᠯᠠᠯ ᠨᠢ ᠬᠠᠤᠯᠢ ᠳᠤ ᠲᠣᠭᠲᠠᠭᠠᠭᠰᠠᠨ ᠨᠥᠬᠦᠴᠡᠯ ᠳᠤ ᠨᠡᠶᠢᠴᠡᠵᠦ᠂ ︽ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠥᠷᠥᠰᠥ ᠰᠢᠷᠣᠢ ᠶᠢ ᠬᠠᠮᠠᠭᠠᠯᠠᠬᠤ ᠲᠥᠰᠥᠯ ᠤᠨ ᠬᠠᠮᠢᠶᠠᠷᠤᠯᠲᠠ ᠶᠢᠨ ᠠᠷᠭ᠎ᠠ︾ ︵ᠤᠰᠤᠨ ᠠᠰᠢᠭᠯᠠᠯᠲᠠ ᠶᠢᠨ ᠶᠠᠮᠤᠨ ᠤ ᠵᠠᠷᠯᠢᠭ 53 ᠳ᠋ᠤᠭᠠᠷ ᠲᠣᠭᠠᠲᠤ︶ ᠪᠠ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠤᠯᠠᠮ ᠭᠦᠨᠵᠡᠭᠡᠶᠢᠷᠡᠭᠦᠯᠵᠦ ᠬᠥᠷᠥᠰᠥ ᠰᠢᠷᠣᠢ ᠶᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢ ᠪᠦᠭᠦ ᠲᠠᠯ᠎ᠠ ᠪᠠᠷ ᠴᠢᠩᠭᠠᠳᠬᠠᠬᠤ ᠲᠤᠬᠠᠢ ᠤᠰᠤᠨ ᠠᠰᠢᠭᠯᠠᠯᠲᠠ ᠶᠢᠨ ᠶᠠᠮᠤᠨ ᠤ ᠰᠠᠨᠠᠯ︾ ︵ᠤᠰᠤ ᠬᠠᠮᠠᠭᠠᠯᠠᠬᠤ ﹇2019﹈ 160 ᠳ᠋ᠤᠭᠠᠷ ᠲᠣᠭᠠᠲᠤ︶ ᠶᠢ ᠦᠨᠳᠦᠰᠦᠯᠡᠨ᠂ ᠡᠳᠦᠭᠡ ᠵᠠᠰᠠᠭ ᠵᠠᠬᠢᠷᠭᠠᠨ ᠤ ᠵᠥᠪᠰᠢᠶᠡᠷᠡᠯ ᠣᠯᠭᠤᠬᠤ ᠪᠠᠷ ᠲᠣᠭᠲᠠᠪᠠ᠃       ᠲᠠᠨ ᠤ ᠨᠢᠭᠡᠴᠢ ᠨᠦᠭᠦᠳ ᠬᠥᠷᠥᠰᠥ ᠰᠢᠷᠣᠢ ᠶᠢ ᠬᠠᠮᠠᠭᠠᠯᠠᠬᠤ ᠬᠠᠮᠢᠶᠠᠷᠤᠯᠲᠠ ᠪᠠᠨ ᠴᠢᠩᠭᠠᠳᠬᠠᠵᠤ᠂ ᠠᠮᠢ ᠠᠬᠤᠢ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ ᠠᠮᠠᠯᠠᠯᠲᠠ ᠪᠠᠨ ᠴᠢᠩᠭ᠎ᠠ ᠭᠦᠢᠴᠡᠳᠬᠡᠵᠦ᠂ ᠵᠥᠪᠰᠢᠶᠡᠷᠡᠭᠰᠡᠨ ᠬᠥᠷᠥᠰᠥ ᠰᠢᠷᠣᠢ ᠶᠢ ᠬᠠᠮᠠᠭᠠᠯᠠᠬᠤ ᠲᠥᠰᠥᠯ ᠤᠨ ᠶᠣᠰᠣᠭᠠᠷ ᠬᠥᠷᠥᠰᠥ ᠰᠢᠷᠣᠢ ᠶᠢ ᠬᠠᠮᠠᠭᠠᠯᠠᠬᠤ ᠠᠵᠢᠯ ᠢᠶᠠᠨ ᠥᠷᠨᠢᠭᠦᠯᠵᠦ᠂ ᠬᠥᠷᠥᠰᠥ ᠰᠢᠷᠣᠢ ᠶᠢ ᠬᠠᠮᠠᠭᠠᠯᠠᠬᠤ ᠬᠠᠮᠢᠶ᠎ᠠ ᠪᠦᠬᠦᠢ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号