| ᠲᠣᠪᠴᠢᠶᠠᠨ ᠤ ᠡᠯ᠎ᠡ ᠠᠯᠪᠠᠨ ᠭᠡᠷ᠄ | ᠪᠦᠭᠦ ᠬᠠᠤᠯᠢ ᠬᠡᠷᠡᠭᠵᠢᠭᠦᠯᠬᠦ ᠠᠵᠢᠯᠲᠠᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤᠮᠳᠠᠬᠢ | ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠭᠦᠢᠴᠡᠳ ᠳᠠᠶᠢᠴᠢᠯᠠᠨ ᠬᠠᠮᠠᠭᠠᠯᠠᠵᠤ᠂ | ᠠᠯᠳᠠᠰᠢ ᠶᠢ ᠨᠢ ᠪᠠᠭᠲᠠᠭᠠᠬᠤ ᠪᠠ ᠠᠯᠳᠠᠰᠢ ᠶᠢ ᠨᠢ ᠵᠠᠯᠠᠷᠠᠭᠤᠯᠬᠤ ᠳᠡᠰ ᠳᠠᠷᠠᠭᠠᠯᠠᠯ ᠪᠠ ᠱᠠᠭᠠᠷᠳᠠᠯᠭ᠎ᠠ ᠶᠢ ᠤᠯᠠᠮ | ᠵᠢᠷᠤᠮᠵᠢᠭᠤᠯᠵᠤ᠂ᠠᠯᠳᠠᠰᠢ ᠶᠢ ᠨᠢ ᠠᠭᠤᠴᠢᠯᠠᠬᠤ ᠪᠠ ᠠᠯᠳᠠᠰᠢ ᠶᠢ ᠨᠢ ᠵᠠᠯᠠᠷᠠᠭᠤᠯᠬᠤ ᠲᠣᠭᠲᠠᠴᠠ ᠶᠢ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠲᠦᠯᠬᠢᠨ ᠠᠬᠢᠭᠤᠯᠬᠤ ᠶᠢᠨ ᠲᠤᠰᠠᠳᠠ᠂ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠠᠯᠠᠱᠠ ᠵᠡᠭᠦᠨ | ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ | ᠠᠯᠠᠱᠠ ᠵᠡᠭᠦᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠶᠢᠨ ᠲᠤᠰᠢᠶᠠᠯ ᠢᠶᠠᠨ ᠭᠦᠢᠴᠡᠳᠬᠡᠭᠰᠡᠨ ᠪᠠᠶᠢᠳᠠᠯ ᠳᠤ ᠬᠠᠷᠢᠭᠤᠴᠠᠯᠭ᠎ᠠ ᠠᠴᠠ ᠬᠡᠯᠲᠦᠷᠢᠭᠦᠯᠬᠦ ᠪᠠ | ᠠᠯᠳᠠᠰᠢ ᠶᠢ ᠨᠢ ᠠᠭᠤᠴᠢᠯᠠᠨ ᠪᠠᠭᠲᠠᠭᠠᠵᠤ ᠠᠯᠳᠠᠰᠢ ᠶᠢ ᠨᠢ ᠵᠠᠯᠠᠷᠠᠭᠤᠯᠬᠤ ᠠᠷᠭ᠎ᠠ ︵ᠲᠤᠷᠰᠢᠨ ᠬᠡᠷᠡᠭᠵᠢᠭᠦᠯᠬᠦ︶︾ | ᠶᠢ ᠲᠣᠭᠲᠠᠭᠠᠵᠤ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠴᠢᠩᠭ᠎ᠠ ᠲᠤᠤᠱᠯᠠᠭᠤᠯᠤᠨ | ᠨᠠᠶᠢᠳᠠᠪᠤᠷᠢᠵᠢᠭᠤᠯᠲᠤᠭᠠᠢ᠃ | ᠠᠯᠠᠱᠠ ᠵᠡᠭᠦᠨ ᠬᠤᠰᠢᠭᠤᠨ ᠤ ᠵᠠᠮ ᠬᠠᠷᠢᠯᠴᠠᠭᠠᠨ ᠤ ᠵᠥᠭᠡᠭᠡᠪᠦᠷᠢ ᠶᠢᠨ ᠲᠣᠪᠴᠢᠶ᠎ᠠ | 2024 ᠣᠨ ᠤ 9 ᠰᠠᠷ᠎ᠠ ᠶᠢᠨ 24 ᠤ ᠡᠳᠦᠷ | | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠲᠤᠰᠢᠶᠠᠯ ᠢᠶᠠᠨ ᠭᠦᠢᠴᠡᠳᠬᠡᠭᠰᠡᠨ ᠪᠠᠶᠢᠳᠠᠯ ᠳᠤ | ᠬᠠᠷᠢᠭᠤᠴᠠᠯᠭ᠎ᠠ ᠠᠴᠠ ᠬᠡᠯᠲᠦᠷᠢᠭᠦᠯᠬᠦ ᠪᠠ ᠠᠯᠳᠠᠰᠢ ᠶᠢ ᠨᠢ ᠠᠭᠤᠴᠢᠯᠠᠨ ᠪᠠᠭᠲᠠᠭᠠᠵᠤ ᠠᠯᠳᠠᠰᠢ ᠶᠢ ᠨᠢ ᠵᠠᠯᠠᠷᠠᠭᠤᠯᠬᠤ | ᠠᠷᠭ᠎ᠠ ︵ᠲᠤᠷᠰᠢᠨ ᠬᠡᠷᠡᠭᠵᠢᠭᠦᠯᠬᠦ︶ | | | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠠᠯᠠᠱᠠ ᠵᠡᠭᠦᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠪᠦᠭᠦ ᠬᠠᠤᠯᠢ | ᠬᠡᠷᠡᠭᠵᠢᠭᠦᠯᠬᠦ ᠠᠵᠢᠯᠲᠠᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤᠮᠳᠠᠬᠢ ᠢᠳᠡᠪᠬᠢᠵᠢᠯ᠂ ᠰᠠᠨᠠᠭᠠᠴᠢᠯᠠᠭᠠᠲᠤ | ᠴᠢᠨᠠᠷ᠂ ᠪᠦᠲᠦᠭᠡᠯᠴᠢ ᠴᠢᠨᠠᠷ ᠢ ᠭᠦᠢᠴᠡᠳ ᠳᠠᠶᠢᠴᠢᠯᠠᠨ ᠬᠠᠮᠠᠭᠠᠯᠠᠵᠤ᠂ᠠᠯᠳᠠᠰᠢ ᠶᠢ ᠨᠢ ᠠᠭᠤᠴᠢᠯᠠᠨ ᠠᠯᠳᠠᠰᠢ ᠶᠢ ᠨᠢ | ᠵᠠᠯᠠᠷᠠᠭᠤᠯᠬᠤ ᠳᠡᠰ ᠳᠠᠷᠠᠭᠠᠯᠠᠯ ᠪᠠ ᠱᠠᠭᠠᠷᠳᠠᠯᠭ᠎ᠠ ᠶᠢ ᠤᠯᠠᠮ ᠵᠢᠷᠤᠮᠵᠢᠭᠤᠯᠵᠤ᠂ᠠᠯᠳᠠᠰᠢ ᠶᠢ ᠨᠢ ᠠᠭᠤᠴᠢᠯᠠᠨ | ᠠᠯᠳᠠᠰᠢ ᠶᠢ ᠨᠢ ᠵᠠᠯᠠᠷᠠᠭᠤᠯᠬᠤ ᠲᠣᠭᠲᠠᠴᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠲᠦᠯᠬᠢᠨ | ᠠᠬᠢᠭᠤᠯᠬᠤ ᠶᠢᠨ ᠲᠤᠰᠠᠳᠠ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ | ᠲᠣᠭᠲᠠᠭᠠᠯ ᠢ ᠦᠨᠳᠦᠰᠦᠯᠡᠨ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠰ ᠬᠡᠷᠡᠭᠵᠢᠭᠦᠯᠬᠦ | ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠤᠰ ᠠᠷᠭ᠎ᠠ ᠠᠯᠠᠱᠠ ᠵᠡᠭᠦᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠣᠪᠴᠢᠶ᠎ᠠ ᠶᠢᠨ ᠪᠦᠭᠦ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠪᠠ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠲᠤᠰᠠᠯᠠᠬᠤ ᠠᠵᠢᠯᠲᠠᠨ ᠳᠤ ᠲᠣᠬᠢᠷᠠᠨ᠎ᠠ᠃ | ᠭᠤᠷᠪᠠᠳᠤᠭᠠᠷ ᠵᠦᠢᠯ ᠠᠯᠳᠠᠰᠢ ᠶᠢ ᠨᠢ ᠠᠭᠤᠴᠢᠯᠠᠨ ᠪᠠᠭᠲᠠᠭᠠᠵᠤ ᠵᠠᠯᠠᠷᠠᠭᠤᠯᠬᠤ ᠳᠤ ᠡᠭᠦᠷᠭᠡ | ᠬᠠᠷᠢᠭᠤᠴᠠᠯᠭ᠎ᠠ ᠶᠢ ᠬᠠᠤᠯᠢ ᠪᠠᠷ ᠲᠣᠭᠲᠠᠭᠠᠬᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠣᠯ | ᠬᠠᠷᠢᠭᠤᠴᠠᠯᠭ᠎ᠠ ᠨᠡᠬᠡᠮᠵᠢᠯᠡᠬᠦ᠂ ᠬᠠᠷᠢᠭᠤᠴᠠᠯᠭ᠎ᠠ ᠪᠠᠨ ᠠᠯᠳᠠᠭᠰᠠᠨ ᠪᠣᠯ ᠬᠠᠷᠢᠭᠤᠴᠠᠯᠭ᠎ᠠ ᠨᠡᠬᠡᠮᠵᠢᠯᠡᠬᠦ᠂ ᠠᠯᠳᠠᠰᠢ ᠶᠢ | ᠨᠢ ᠪᠠᠭᠠᠰᠬᠠᠬᠤ᠂ ᠠᠯᠳᠠᠰᠢ ᠪᠠᠶᠢᠪᠠᠯ ᠵᠠᠪᠠᠯ ᠵᠠᠯᠠᠷᠠᠭᠤᠯᠬᠤ᠂ ᠲᠥᠪ ᠭᠤᠣᠯᠴᠢ ᠪᠠᠶᠢᠬᠤ ᠵᠠᠷᠴᠢᠮ ᠢ ᠪᠠᠷᠢᠮᠲᠠᠯᠠᠵᠤ᠂ | ᠪᠣᠳᠠᠲᠤ ᠶᠠᠪᠤᠳᠠᠯ ᠨᠢ ᠲᠣᠳᠣᠷᠬᠠᠢ᠂ ᠭᠡᠷᠡᠴᠢ ᠪᠠᠷᠢᠮᠲᠠ ᠨᠢ ᠦᠨᠡᠨ ᠪᠣᠳᠠᠲᠠᠢ᠂ ᠵᠢᠷᠤᠮ ᠨᠢ ᠬᠠᠤᠯᠢ ᠳᠤ ᠨᠡᠶᠢᠴᠡᠭᠰᠡᠨ | ᠂ ᠴᠢᠨᠠᠷ ᠲᠣᠭᠲᠠᠭᠠᠭᠰᠠᠨ ᠨᠢ ᠣᠨᠣᠪᠴᠢᠲᠠᠢ᠂ ᠰᠢᠢᠳᠪᠦᠷᠢᠯᠡᠭᠰᠡᠨ ᠨᠢ ᠲᠣᠬᠢᠷᠠᠮᠵᠢᠲᠠᠢ ᠪᠠᠶᠢᠬᠤ ᠬᠡᠷᠡᠭᠲᠡᠢ᠃ | ᠳᠥᠷᠪᠡᠳᠦᠭᠡᠷ ᠵᠦᠢᠯ ᠬᠠᠤᠯᠢ ᠬᠡᠷᠡᠭᠵᠢᠭᠦᠯᠬᠦ ᠠᠵᠢᠯᠲᠠᠨ ᠪᠣᠯᠣᠨ ᠲᠤᠰᠠᠯᠠᠬᠤ ᠠᠵᠢᠯᠲᠠᠨ ᠬᠠᠤᠯᠢ ᠪᠠᠷ | ᠲᠣᠭᠲᠠᠭᠠᠭᠰᠠᠨ ᠡᠭᠦᠷᠭᠡ ᠬᠠᠷᠢᠭᠤᠴᠠᠯᠭ᠎ᠠ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠣᠯᠣᠨ ᠡᠷᠭᠢᠯᠡᠭᠰᠡᠨ | ᠠᠵᠢᠯ ᠤᠨ ᠱᠠᠭᠠᠷᠳᠠᠯᠭ᠎ᠠ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ᠂ ᠬᠠᠤᠯᠢ | ᠴᠠᠭᠠᠵᠠ ᠶᠢᠨ ᠲᠣᠭᠲᠠᠭᠠᠯ᠂ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ᠂ ᠡᠷᠭᠢᠯᠡᠭᠰᠡᠨ ᠠᠵᠢᠯ ᠤᠨ ᠱᠠᠭᠠᠷᠳᠠᠯᠭ᠎ᠠ | ᠪᠠᠶᠢᠬᠤ ᠦᠭᠡᠢ ᠪᠤᠶᠤ ᠪᠤᠰᠤᠳᠴᠢ ᠬᠦᠴᠦᠨ ᠵᠦᠢᠯ᠂ ᠲᠥᠰᠥᠭᠡᠯᠡᠬᠦᠶ᠎ᠡ ᠪᠡᠷᠬᠡ ᠬᠦᠴᠦᠨ ᠵᠦᠢᠯ ᠠᠴᠠ ᠪᠣᠯᠵᠤ | ᠵᠣᠬᠢᠬᠤ ᠬᠤᠬᠢᠷᠠᠯ ᠪᠤᠶᠤ ᠮᠠᠭᠤ ᠨᠥᠯᠥᠭᠡ ᠭᠠᠷᠭᠠᠭᠰᠠᠨ ᠪᠥᠭᠡᠳ ᠴᠠᠭ ᠲᠤᠬᠠᠢ ᠳᠤᠨᠢ ᠵᠠᠯᠠᠷᠠᠭᠤᠯᠤᠨ ᠵᠠᠯᠠᠷᠠᠭᠤᠯᠵᠤ᠂ | ᠬᠤᠯᠪᠣᠭᠳᠠᠯ ᠪᠦᠬᠦᠢ ᠲᠣᠭᠲᠠᠭᠠᠯ ᠪᠣᠯᠣᠨ ᠳᠡᠰ ᠳᠠᠷᠠᠭᠠᠯᠠᠯ ᠤᠨ ᠶᠣᠰᠣᠭᠠᠷ ᠠᠯᠳᠠᠰᠢ ᠪᠠᠨ ᠬᠦᠯᠢᠶᠡᠬᠦ ᠬᠡᠷᠡᠭᠲᠡᠢ᠃ | ᠬᠤᠶᠠᠳᠤᠭᠠᠷ ᠪᠦᠯᠦᠭ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ | ᠲᠠᠪᠤᠳᠤᠭᠠᠷ ᠵᠦᠢᠯ ᠬᠠᠤᠯᠢ ᠬᠡᠷᠡᠭᠵᠢᠭᠦᠯᠬᠦ ᠠᠵᠢᠯᠲᠠᠨ ᠪᠣᠯᠣᠨ ᠲᠤᠰᠠᠯᠠᠬᠤ ᠠᠵᠢᠯᠲᠠᠨ ᠬᠠᠤᠯᠢ ᠪᠠᠷ | ᠲᠣᠭᠲᠠᠭᠠᠭᠰᠠᠨ ᠡᠭᠦᠷᠭᠡ ᠬᠠᠷᠢᠭᠤᠴᠠᠯᠭ᠎ᠠ᠂ ᠬᠠᠤᠯᠢ ᠪᠠᠷ ᠲᠣᠭᠲᠠᠭᠠᠭᠰᠠᠨ ᠳᠡᠰ ᠳᠠᠷᠠᠭᠠᠯᠠᠯ ᠤᠨ ᠶᠣᠰᠣᠭᠠᠷ ᠵᠠᠰᠠᠭ | ᠵᠠᠬᠢᠷᠭᠠᠨ ᠤ ᠰᠢᠢᠳᠬᠡᠯ ᠲᠣᠷᠭᠠᠭᠤᠯᠢ ᠵᠢᠴᠢ ᠲᠡᠭᠦᠨ ᠯᠦᠭᠡ ᠬᠠᠷᠢᠯᠴᠠᠨ ᠲᠣᠬᠢᠷᠠᠯᠴᠠᠭᠰᠠᠨ ᠵᠠᠰᠠᠭ ᠵᠠᠬᠢᠷᠭᠠᠨ ᠤ | ᠠᠯᠪᠠᠳᠠᠯᠭ᠎ᠠ ᠪᠣᠯᠣᠨ ᠵᠠᠰᠠᠭ ᠵᠠᠬᠢᠷᠭᠠᠨ ᠤ ᠪᠠᠶᠢᠴᠠᠭᠠᠯᠲᠠ ᠶᠢᠨ ᠡᠭᠦᠷᠭᠡ ᠬᠠᠷᠢᠭᠤᠴᠠᠯᠭ᠎ᠠ ᠶᠢ ᠴᠢᠩᠭ᠎ᠠ ᠭᠦᠢᠴᠡᠳᠬᠡᠬᠦ | ᠬᠡᠷᠡᠭᠲᠡᠢ᠃ | ᠵᠢᠷᠭᠤᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠡᠷᠬᠡ ᠪᠠ | ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠷᠢᠨ ᠬᠠᠭᠤᠳᠠᠰᠤ ᠶᠢᠨ | ᠱᠠᠭᠠᠷᠳᠠᠯᠭ᠎ᠠ ᠶᠣᠰᠣᠭᠠᠷ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ ᠴᠢᠩᠭ᠎ᠠ ᠭᠦᠢᠴᠡᠳᠬᠡᠨ᠎ᠡ᠃ | ᠳᠣᠯᠣᠳᠤᠭᠠᠷ ᠵᠦᠢᠯ ᠬᠠᠤᠯᠢ ᠬᠡᠷᠡᠭᠵᠢᠭᠦᠯᠬᠦ ᠠᠵᠢᠯᠲᠠᠨ ᠪᠣᠯᠣᠨ ᠲᠤᠰᠠᠯᠠᠬᠤ ᠠᠵᠢᠯᠲᠠᠨ ᠵᠠᠰᠠᠭ ᠵᠠᠬᠢᠷᠭᠠᠨ ᠤ | ᠵᠥᠪᠰᠢᠶᠡᠷᠡᠯ᠂ ᠵᠠᠰᠠᠭ ᠵᠠᠬᠢᠷᠭᠠᠨ ᠤ ᠪᠠᠶᠢᠴᠠᠭᠠᠯᠲᠠ ᠵᠡᠷᠭᠡ ᠬᠠᠤᠯᠢ ᠬᠡᠷᠡᠭᠵᠢᠭᠦᠯᠬᠦ ᠠᠵᠢᠯ ᠤᠨ ᠳᠤᠮᠳᠠ ᠬᠠᠤᠯᠢ | ᠶᠣᠰᠣᠭᠠᠷ ᠪᠠᠶᠢᠴᠠᠭᠠᠯᠲᠠ ᠬᠢᠵᠦ ᠭᠡᠷᠡᠴᠢ ᠠᠪᠴᠤ᠂ ᠪᠦᠷᠢᠨ ᠪᠦᠲᠦᠨ ᠭᠡᠷᠡᠴᠢ ᠪᠠᠷᠢᠮᠲᠠ ᠶᠢᠨ ᠬᠡᠯᠬᠢᠶ᠎ᠡ ᠶᠢ ᠪᠤᠢ | ᠪᠤᠯᠭᠠᠵᠤ᠂ ᠬᠡᠷᠡᠭ ᠢ ᠴᠢᠩᠭ᠎ᠠ ᠬᠢᠨᠠᠨ ᠪᠠᠶᠢᠴᠠᠭᠠᠬᠤ ᠪᠠᠷ ᠳᠠᠮᠵᠢᠨ᠂ ᠬᠠᠤᠯᠢ ᠶᠣᠰᠣᠭᠠᠷ ᠵᠣᠬᠢᠰᠲᠠᠢ ᠬᠠᠤᠯᠢ | ᠬᠡᠷᠡᠭᠵᠢᠭᠦᠯᠬᠦ ᠲᠣᠭᠲᠠᠭᠠᠯ ᠭᠠᠷᠭᠠᠬᠤ ᠬᠡᠷᠡᠭᠲᠡᠢ᠃ | ᠨᠠᠢᠮᠠᠳᠤᠭᠠᠷ ᠵᠦᠢᠯ ᠬᠠᠤᠯᠢ ᠬᠡᠷᠡᠭᠵᠢᠭᠦᠯᠬᠦ ᠠᠵᠢᠯᠲᠠᠨ ᠪᠣᠯᠣᠨ ᠲᠤᠰᠠᠯᠠᠬᠤ ᠠᠵᠢᠯᠲᠠᠨ ᠵᠠᠰᠠᠭ ᠵᠠᠬᠢᠷᠭᠠᠨ ᠤ | ᠲᠠᠰᠤᠯᠤᠯᠲᠠ ᠶᠢᠨ ᠦᠨᠳᠦᠰᠦᠨ ᠪᠠᠷᠢᠮᠵᠢᠶ᠎ᠠ᠂ ᠬᠠᠤᠯᠢ ᠬᠡᠷᠡᠭᠵᠢᠭᠦᠯᠬᠦ ᠪᠦᠭᠦ ᠶᠠᠪᠤᠴᠠ ᠶᠢ ᠲᠡᠮᠳᠡᠭᠯᠡᠬᠦ ᠳᠦᠷᠢᠮ᠂ | ᠬᠠᠤᠯᠢ ᠬᠡᠷᠡᠭᠵᠢᠭᠦᠯᠦᠯᠲᠡ ᠶᠢ ᠢᠯᠡ ᠨᠡᠶᠢᠲᠡᠯᠡᠬᠦ ᠲᠤᠬᠠᠢ ᠳᠦᠷᠢᠮ᠂ ᠬᠠᠤᠯᠢ ᠬᠡᠷᠡᠭᠵᠢᠭᠦᠯᠬᠦ ᠴᠢᠬᠤᠯᠠ ᠶᠡᠭᠡ | ᠲᠣᠭᠲᠠᠭᠠᠯ ᠤᠨ ᠬᠠᠤᠯᠢ ᠳᠦᠷᠢᠮ ᠢ ᠬᠢᠨᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠤᠯᠢ ᠴᠠᠭᠠᠵᠠ ᠳᠤ | ᠲᠣᠭᠲᠠᠭᠠᠭᠰᠠᠨ ᠳᠡᠰ ᠳᠠᠷᠠᠭᠠᠯᠠᠯ᠂ ᠠᠷᠭ᠎ᠠ ᠮᠠᠶ᠋ᠢᠭ᠂ ᠴᠠᠭ ᠬᠤᠭᠤᠴᠠᠭ᠎ᠠ ᠶᠣᠰᠣᠭᠠᠷ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠵᠦ᠂ ᠵᠠᠰᠠᠭ ᠵᠠᠬᠢᠷᠭᠠᠨ ᠢᠶᠠᠷ ᠰᠢᠢᠳᠭᠡᠨ ᠲᠣᠷᠭᠠᠬᠤ᠂ ᠵᠠᠰᠠᠭ ᠵᠠᠬᠢᠷᠭᠠᠨ ᠢᠶᠠᠷ ᠠᠯᠪᠠᠳᠠᠬᠤ ᠵᠡᠷᠭᠡ ᠵᠠᠰᠠᠭ | ᠵᠠᠬᠢᠷᠭᠠᠨ ᠤ ᠦᠢᠯᠡ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠢ᠃ | ᠶᠢᠰᠦᠳᠦᠭᠡᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠪᠠ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠶᠢᠨ ᠲᠤᠰᠠᠯᠠᠬᠤ ᠠᠵᠢᠯᠲᠠᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ᠂ ᠳᠣᠣᠷᠠᠬᠢ | ᠪᠠᠶᠢᠳᠠᠯ ᠳᠤ ᠨᠡᠶᠢᠴᠡᠭᠰᠡᠨ ᠪᠠᠶᠢᠪᠠᠯ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠢᠶᠠᠷ ᠦᠨᠡᠮᠰᠢᠬᠦ ᠬᠡᠷᠡᠭᠲᠡᠢ᠄ | ︵ᠨᠢᠭᠡ︶ ᠬᠠᠤᠯᠢ ᠳᠤ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ᠂ ᠬᠠᠤᠯᠢ ᠳᠤ ᠲᠣᠭᠲᠠᠭᠠᠭᠰᠠᠨ ᠳᠡᠰ | ᠳᠠᠷᠠᠭᠠᠯᠠᠯ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠪᠠᠨ ᠨᠢᠭᠡᠨᠲᠡ ᠭᠦᠢᠴᠡᠳᠬᠡᠭᠰᠡᠨ︔ | ︵ᠬᠤᠶᠠᠷ︶ ᠵᠠᠰᠠᠭ ᠵᠠᠬᠢᠷᠭᠠᠨ ᠤ ᠬᠠᠷᠢᠴᠠᠩᠭᠤᠢ ᠬᠥᠮᠥᠨ ᠭᠡᠷᠡᠴᠢ ᠪᠠᠷᠢᠮᠲᠠ ᠶᠢ ᠨᠢᠭᠤᠨ ᠳᠠᠯᠳᠠᠯᠠᠭᠰᠠᠨ᠂ | ᠬᠠᠭᠤᠷᠮᠠᠭᠯᠠᠨ ᠵᠣᠬᠢᠶᠠᠭᠰᠠᠨ᠂ ᠤᠰᠠᠳᠬᠠᠨ ᠰᠦᠢᠳᠬᠡᠭᠰᠡᠨ ᠪᠤᠶᠤ ᠬᠤᠳᠠᠯ ᠬᠠᠭᠤᠷᠮᠠᠭ ᠮᠠᠲ᠋ᠧᠷᠢᠶᠠᠯ | ᠬᠠᠩᠭᠠᠭᠰᠠᠨ ᠠᠴᠠ ᠪᠣᠯᠵᠤ ᠬᠠᠤᠯᠢ ᠶᠢ ᠠᠯᠳᠠᠰᠢ ᠬᠡᠷᠡᠭᠵᠢᠭᠦᠯᠬᠦ ᠲᠣᠭᠲᠠᠭᠠᠯ ᠭᠠᠷᠭᠠᠭᠰᠠᠨ ᠪᠤᠶᠤ ᠬᠡᠷᠡᠭ ᠤᠨ | ᠪᠠᠶᠢᠴᠠᠭᠠᠯᠲᠠ ᠠᠴᠠ ᠵᠠᠶᠢᠯᠠᠭᠰᠠᠨ ᠠᠴᠠ ᠪᠣᠯᠵᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠴᠠᠭ | ᠲᠤᠬᠠᠢ ᠳᠤᠨᠢ ᠭᠠᠷᠭᠠᠵᠤ ᠳᠡᠶᠢᠯᠭᠦ ᠦᠭᠡᠢ ᠪᠣᠯᠤᠭᠰᠠᠨ︔ | ︵ᠭᠤᠷᠪᠠ︶ ᠲᠤᠬᠠᠢ ᠶᠢᠨ ᠬᠥᠮᠥᠨ ᠪᠠᠶᠢᠴᠠᠭᠠᠨ ᠪᠢᠲᠡᠭᠦᠮᠵᠢᠯᠡᠭᠰᠡᠨ᠂ ᠳᠠᠷᠤᠵᠤ ᠠᠪᠤᠭᠰᠠᠨ ᠡᠳ᠋ ᠪᠣᠳᠠᠰ ᠢ | ᠲᠤᠬᠠᠢ ᠶᠢᠨ ᠬᠥᠮᠥᠨ ᠨᠢ ᠳᠤᠷ᠎ᠠ ᠪᠠᠷ ᠢᠶᠠᠨ ᠨᠢᠭᠤᠵᠤ ᠳᠠᠯᠳᠠᠯᠠᠭᠰᠠᠨ᠂ ᠰᠢᠯᠵᠢᠭᠦᠯᠦᠭᠰᠡᠨ᠂ ᠬᠤᠳᠠᠯᠳᠤᠭᠰᠠᠨ᠂ | ᠡᠪᠳᠡᠵᠦ ᠰᠦᠢᠳᠬᠡᠭᠰᠡᠨ ᠤᠴᠢᠷ ᠠᠴᠠ ᠬᠤᠣᠷ ᠤᠷᠰᠢᠭ ᠲᠠᠲᠠᠭᠰᠠᠨ︔ | ︵ᠳᠥᠷᠪᠡ︶ ᠤᠷᠢᠳᠴᠢᠯᠠᠨ ᠮᠡᠳᠡᠵᠦ ᠳᠡᠶᠢᠯᠭᠦ ᠦᠭᠡᠢ᠂ ᠵᠠᠶᠢᠯᠠᠰᠬᠢᠵᠦ ᠳᠡᠶᠢᠯᠭᠦ ᠦᠭᠡᠢ ᠪᠤᠶᠤ ᠢᠯᠠᠨ | ᠳᠠᠪᠠᠵᠤ ᠳᠡᠶᠢᠯᠭᠦ ᠦᠭᠡᠢ ᠵᠡᠷᠭᠡ ᠳᠠᠪᠠᠭᠳᠠᠰᠢ ᠦᠭᠡᠢ ᠬᠦᠴᠦᠨ ᠵᠦᠢᠯ ᠠᠴᠠ ᠪᠣᠯᠵᠤ᠂ ᠬᠠᠤᠯᠢ ᠬᠡᠷᠡᠭᠵᠢᠭᠦᠯᠬᠦ | ᠰᠠᠯᠠᠭ᠎ᠠ ᠮᠥᠴᠢᠷ ᠵᠢᠴᠢ ᠲᠡᠭᠦᠨ ᠤ ᠬᠠᠤᠯᠢ ᠬᠡᠷᠡᠭᠵᠢᠭᠦᠯᠬᠦ ᠠᠵᠢᠯᠲᠠᠨ ᠬᠠᠤᠯᠢ ᠶᠣᠰᠣᠭᠠᠷ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠵᠦ ᠳᠡᠶᠢᠯᠭᠦ ᠦᠭᠡᠢ ᠪᠣᠯᠤᠭᠰᠠᠨ︔ | ︵ᠲᠠᠪᠤ︶ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠠᠯᠳᠠᠰᠢ ᠪᠤᠶᠤ ᠵᠦᠢ ᠵᠣᠬᠢᠰ ᠦᠭᠡᠢ | ᠵᠠᠰᠠᠭ ᠵᠠᠬᠢᠷᠭᠠᠨ ᠤ ᠠᠵᠢᠯᠯᠠᠭ᠎ᠠ ᠠᠴᠠ ᠪᠣᠯᠵᠤ ᠠᠯᠳᠠᠰᠢ ᠮᠠᠭᠠᠳᠯᠠᠯᠲᠠ ᠭᠠᠷᠭᠠᠭᠰᠠᠨ ᠪᠤᠶᠤ ᠰᠢᠢᠳᠪᠦᠷᠢᠯᠡᠭᠰᠡᠨ︔ | ︵ᠵᠢᠷᠭᠤᠭ᠎ᠠ︶ ᠪᠠᠷᠢᠮᠵᠢᠶ᠎ᠠ ᠨᠢ ᠳᠤᠲᠠᠭᠤ ᠪᠣᠯᠤᠭᠰᠠᠨ ᠪᠤᠶᠤ ᠣᠳᠣ ᠪᠠᠶᠢᠭ᠎ᠠ ᠰᠢᠨᠵᠢᠯᠡᠬᠦ ᠤᠬᠠᠭᠠᠨ | ᠮᠡᠷᠭᠡᠵᠢᠯ ᠤᠨ ᠬᠢᠷᠢ ᠬᠡᠮᠵᠢᠶᠡᠨ ᠤ ᠬᠢᠵᠠᠭᠠᠷᠯᠠᠯ ᠠᠴᠠ ᠪᠣᠯᠵᠤ ᠣᠷᠣᠰᠢᠵᠤ ᠪᠠᠶᠢᠭ᠎ᠠ ᠠᠰᠠᠭᠤᠳᠠᠯ ᠢ ᠣᠯᠵᠤ ᠮᠡᠳᠡᠵᠦ | ᠳᠡᠶᠢᠯᠭᠦ ᠦᠭᠡᠢ ᠠᠴᠠ ᠪᠣᠯᠵᠤ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠬᠠᠤᠯᠢ ᠪᠠᠷ ᠲᠣᠭᠲᠠᠭᠠᠭᠰᠠᠨ | ᠴᠢᠨᠠᠷ ᠦᠭᠡᠢ ᠪᠤᠯᠭᠠᠬᠰᠠᠨ︔ | ︵ᠳᠣᠯᠤᠭ᠎ᠠ︶ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ | ᠰᠢᠢᠳᠪᠦᠷᠢᠯᠡᠭᠰᠡᠨ ᠪᠠ ᠵᠠᠷᠯᠢᠭᠳᠠᠨ ᠵᠠᠯᠠᠷᠠᠭᠤᠯᠤᠯᠲᠠ ᠬᠢᠭᠰᠡᠨ᠂ ᠴᠡᠭᠴᠡᠯᠡᠨ ᠥᠭᠡᠷᠡᠴᠢᠯᠡᠬᠦ ᠬᠤᠭᠤᠴᠠᠭᠠᠨ ᠳᠤ | ᠴᠡᠭᠴᠡᠯᠡᠨ ᠥᠭᠡᠷᠡᠴᠢᠯᠡᠬᠦ ᠱᠠᠭᠠᠷᠳᠠᠯᠭ᠎ᠠ ᠶᠢ ᠭᠦᠢᠴᠡᠳᠬᠡᠭᠰᠡᠨ ᠦᠭᠡᠢ ᠠᠴᠠ ᠪᠣᠯᠵᠤ ᠠᠳᠡᠯ ᠭᠠᠷᠭᠠᠭᠰᠠᠨ︔ | ︵ᠨᠠᠢᠮᠠ︶ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠨᠢᠭᠡᠨᠲᠡ ᠬᠠᠤᠯᠢ ᠶᠣᠰᠣᠭᠠᠷ ᠪᠠᠶᠢᠴᠠᠭᠠᠭᠰᠠᠨ ᠪᠠ | ᠵᠠᠷᠯᠢᠭᠳᠠᠨ ᠵᠠᠯᠠᠷᠠᠭᠤᠯᠤᠭᠠᠳ᠂ ᠬᠠᠤᠯᠢ ᠴᠠᠭᠠᠵᠠ ᠶᠢᠨ ᠵᠢᠷᠤᠮ ᠶᠣᠰᠣᠭᠠᠷ ᠭᠦᠢᠴᠡᠳᠬᠡᠭᠰᠡᠨ ᠪᠤᠶᠤ ᠰᠢᠯᠵᠢᠭᠦᠯᠦᠨ | ᠬᠦᠷᠭᠡᠬᠦ ᠶᠠᠪᠤᠴᠠ ᠳᠤ ᠠᠳᠡᠯ ᠭᠠᠷᠤᠭᠰᠠᠨ︔ | ︵ᠶᠢᠰᠦ︶ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠪᠡᠯ ᠦᠯᠦ ᠵᠣᠬᠢᠬᠤ ᠪᠤᠰᠤᠳ ᠪᠠᠶᠢᠳᠠᠯ᠃ | ᠭᠤᠷᠪᠠᠳᠤᠭᠠᠷ ᠪᠦᠯᠦᠭ ᠠᠯᠳᠠᠰᠢ ᠶᠢ ᠨᠢ ᠠᠭᠤᠴᠢᠯᠠᠨ ᠪᠠᠭᠲᠠᠭᠠᠬᠤ ᠪᠠ ᠵᠠᠯᠠᠷᠠᠭᠤᠯᠬᠤ | ᠠᠷᠪᠠᠳᠤᠭᠠᠷ ᠵᠦᠢᠯ ᠠᠯᠳᠠᠰᠢ ᠶᠢ ᠨᠢ ᠠᠭᠤᠴᠢᠯᠠᠨ ᠪᠠᠭᠲᠠᠭᠠᠵᠤ ᠵᠠᠯᠠᠷᠠᠭᠤᠯᠬᠤ ᠳᠤ ︽ᠭᠤᠷᠪᠠ ᠶᠢ ᠢᠯᠭᠠᠬᠤ | ︾ ᠶᠢ ᠪᠠᠷᠢᠮᠲᠠᠯᠠᠵᠤ᠂ ᠪᠤᠰᠤᠳᠴᠢ ᠪᠥᠭᠡᠳ ᠲᠥᠪ ᠭᠤᠣᠯᠴᠢ ᠪᠠᠷ ᠦᠨᠡᠯᠡᠬᠦ ᠬᠡᠷᠡᠭᠲᠡᠢ᠃ ᠬᠠᠤᠯᠢ ᠬᠡᠷᠡᠭᠵᠢᠭᠦᠯᠬᠦ | ᠠᠵᠢᠯᠲᠠᠨ ᠪᠣᠯᠣᠨ ᠲᠤᠰᠠᠯᠠᠬᠤ ᠠᠵᠢᠯᠲᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠳᠣᠣᠷ᠎ᠠ | ᠵᠢᠭᠰᠠᠭᠠᠭᠰᠠᠨ ᠪᠠᠶᠢᠳᠠᠯ ᠤᠳ ᠤᠨ ᠨᠢᠭᠡᠨ ᠳᠤᠨᠢ ᠨᠡᠶᠢᠴᠡᠭᠰᠡᠨ ᠪᠠᠶᠢᠪᠠᠯ᠂ ᠬᠥᠩᠭᠡᠨ ᠢᠶᠠᠷ ᠰᠢᠢᠳᠪᠦᠷᠢᠯᠡᠬᠦ᠂ | ᠬᠥᠩᠭᠡᠷᠡᠭᠦᠯᠦᠨ ᠰᠢᠢᠳᠪᠦᠷᠢᠯᠡᠬᠦ ᠪᠤᠶᠤ ᠬᠠᠷᠢᠭᠤᠴᠠᠯᠭ᠎ᠠ ᠬᠡᠯᠲᠦᠷᠢᠭᠦᠯᠬᠦ ᠬᠡᠷᠡᠭᠲᠡᠢ᠄ | ︵ᠨᠢᠭᠡ︶ ᠳᠡᠭᠡᠳᠦ ᠱᠠᠲᠤᠨ ᠤ ᠵᠢᠭᠠᠪᠤᠷᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠲᠤᠤᠱᠯᠠᠭᠤᠯᠤᠨ ᠬᠡᠷᠡᠭᠵᠢᠭᠦᠯᠵᠦ᠂ ᠬᠥᠭᠵᠢᠯᠲᠡ ᠶᠢ ᠲᠦᠯᠬᠢᠨ ᠠᠬᠢᠭᠤᠯᠬᠤ᠂ ᠪᠡᠷᠬᠡ ᠰᠡᠳᠦᠪ ᠢ ᠰᠢᠢᠳᠪᠦᠷᠢᠯᠡᠨ᠂ | ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠰᠢᠢᠳᠪᠦᠷᠢᠯᠡᠬᠦ ᠶᠢᠨ ᠲᠥᠯᠥᠭᠡ ᠵᠣᠷᠢᠭᠲᠠᠢ ᠪᠠᠷ ᠬᠠᠶᠢᠨ ᠰᠦᠪᠡᠭᠴᠢᠯᠡᠵᠦ᠂ | ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠨ ᠬᠡᠷᠡᠭᠵᠢᠭᠦᠯᠦᠭᠡᠳ ᠠᠯᠳᠠᠰᠢ ᠭᠠᠷᠭᠠᠭᠰᠠᠨ︔ | ︵ᠬᠤᠶᠠᠷ︶ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠪᠠᠶᠢᠭᠤᠯᠤᠯ ᠲᠣᠭᠲᠠᠴᠠ ᠶᠢᠨ | ᠰᠢᠨ᠎ᠡ ᠶᠢ ᠡᠭᠦᠳᠬᠦ ᠶᠢ ᠠᠬᠢᠭᠤᠯᠬᠤ ᠳᠤᠮᠳᠠ᠂ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠨ᠂ ᠬᠡᠪ ᠤᠨ | ᠵᠤᠷᠰᠢᠯ ᠢ ᠳᠠᠪᠠᠵᠤ᠂ ᠬᠠᠶᠢᠨ ᠰᠦᠪᠡᠭᠴᠢᠯᠡᠬᠦ ᠴᠢᠨᠠᠷᠲᠠᠢ ᠠᠯᠳᠠᠰᠢ ᠭᠠᠷᠭᠠᠭᠰᠠᠨ ᠪᠤᠶᠤ ᠵᠢᠱᠢᠭᠰᠡᠨ ᠦᠷ᠎ᠡ ᠳ᠋ᠦᠩ ᠳᠤ | ᠦᠯᠦ ᠭᠦᠷᠦᠭᠰᠡᠨ︔ | ︵ᠭᠤᠷᠪᠠ︶ ᠪᠦᠲᠦᠭᠡᠯᠴᠢ ᠴᠢᠨᠠᠷᠲᠠᠢ ᠪᠠᠷ ᠠᠵᠢᠯ ᠢᠶᠠᠨ ᠥᠷᠨᠢᠭᠦᠯᠬᠦ ᠳᠤᠮᠳᠠ᠂ ᠤᠯᠤᠰ ᠤᠨ ᠲᠥᠷᠥ ᠶᠢᠨ | ᠪᠣᠳᠣᠯᠭ᠎ᠠ ᠶᠢᠨ ᠲᠣᠬᠢᠷᠠᠭᠤᠯᠤᠯᠲᠠ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠬᠢᠷᠠᠭᠤᠯᠤᠯᠲᠠ᠂ ᠳᠡᠭᠡᠳᠦ | ᠱᠠᠲᠤᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠤ ᠬᠤᠪᠢᠷᠠᠯᠲᠠ ᠭᠠᠷᠤᠭᠰᠠᠨ ᠪᠤᠶᠤ ᠲᠥᠷᠥ ᠶᠢᠨ | ᠪᠣᠳᠣᠯᠭ᠎ᠠ ᠶᠢᠨ ᠵᠠᠭᠠᠭ ᠨᠢ ᠲᠣᠳᠣᠷᠬᠠᠢ ᠦᠭᠡᠢ᠂ ᠪᠤᠰᠤᠳᠴᠢ ᠨᠥᠬᠦᠴᠡᠯ ᠤᠨ ᠬᠢᠵᠠᠭᠠᠷᠯᠠᠯ ᠢ ᠬᠦᠯᠢᠶᠡᠭᠰᠡᠨ ᠠᠴᠠ | ᠪᠣᠯᠵᠤ ᠠᠯᠳᠠᠰᠢ ᠭᠠᠷᠭᠠᠭᠰᠠᠨ ᠪᠤᠶᠤ ᠵᠥᠷᠢᠶ᠎ᠡ ᠭᠠᠷᠤᠭᠰᠠᠨ︔ | ︵ᠳᠥᠷᠪᠡ︶ ᠬᠠᠤᠯᠢ ᠬᠡᠷᠡᠭᠵᠢᠭᠦᠯᠬᠦ ᠶᠠᠪᠤᠴᠠ ᠳᠤ᠂ ᠬᠠᠤᠯᠢ ᠬᠡᠷᠡᠭᠵᠢᠭᠦᠯᠬᠦ ᠠᠶᠤᠯ ᠲᠦᠭᠰᠢᠭᠦᠷᠢ ᠶᠢ | ᠰᠡᠷᠭᠡᠶᠢᠯᠡᠬᠦ ᠶᠢᠨ ᠲᠥᠯᠥᠭᠡ᠂ ᠴᠠᠭ ᠲᠤᠬᠠᠢ ᠳᠤᠨᠢ ᠡᠷᠡᠰ ᠰᠢᠭᠤᠷᠬᠠᠢ᠂ ᠡᠰᠡᠷᠭᠦᠴᠡᠰᠢ ᠦᠭᠡᠢ ᠬᠦᠴᠦᠨ ᠪᠤᠶᠤ | ᠤᠷᠢᠳᠴᠢᠯᠠᠨ ᠮᠡᠳᠡᠵᠦ ᠦᠯᠦ ᠴᠢᠳᠠᠬᠤ ᠰᠢᠯᠲᠠᠭᠠᠨ ᠠᠴᠠ ᠪᠣᠯᠵᠤ ᠠᠯᠳᠠᠰᠢ ᠭᠠᠷᠭᠠᠭᠰᠠᠨ ᠪᠤᠶᠤ ᠠᠳᠡᠭᠦᠥ | ᠭᠠᠷᠭᠠᠭᠰᠠᠨ︔ | ︵ᠲᠠᠪᠤ︶ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠥᠷᠨᠢᠭᠦᠯᠬᠦ ᠳᠤᠮᠳᠠ ᠬᠠᠤᠯᠢ ᠬᠡᠷᠡᠭᠵᠢᠭᠦᠯᠬᠦ | ᠡᠲᠡᠭᠡᠳ ᠪᠠᠶᠢᠳᠠᠯ ᠢᠶᠠᠨ ᠵᠣᠷᠢᠭᠤᠳᠠ ᠨᠢᠭᠤᠨ ᠳᠠᠯᠳᠠᠯᠠᠭᠰᠠᠨ ᠪᠤᠶᠤ ᠦᠨᠡᠨ ᠪᠣᠳᠠᠲᠠᠢ ᠪᠠᠷ ᠲᠤᠰᠬᠠᠭᠰᠠᠨ | ᠦᠭᠡᠢ ᠠᠴᠠ ᠪᠣᠯᠵᠤ ᠨᠢᠭᠤᠭᠳᠠᠮᠠᠯ ᠠᠰᠠᠭᠤᠳᠠᠯ ᠢ ᠴᠠᠭ ᠲᠤᠬᠠᠢ ᠳᠤᠨᠢ ᠣᠯᠵᠤ ᠮᠡᠳᠡᠭᠰᠡᠨ ᠦᠭᠡᠢ︔ | ︵ᠵᠢᠷᠭᠤᠭ᠎ᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠬᠠᠤᠯᠢ ᠶᠣᠰᠣᠭᠠᠷ ᠥᠷᠨᠢᠭᠦᠯᠬᠦ ᠳᠤᠮᠳᠠ | ᠂ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠬᠠᠷᠢᠴᠠᠩᠭᠤᠢ ᠬᠥᠮᠥᠨ ᠤ ᠪᠡᠶᠡᠴᠢ ᠲᠠᠯ᠎ᠠ ᠠᠴᠠ ᠵᠣᠷᠢᠭᠤᠳᠠ | ᠬᠠᠤᠯᠢ ᠠᠴᠠ ᠵᠥᠷᠢᠴᠡᠨ᠂ ᠬᠠᠤᠯᠢ ᠬᠡᠷᠡᠭᠵᠢᠭᠦᠯᠬᠦ ᠠᠵᠢᠯᠲᠠᠨ ᠨᠢᠭᠡᠨᠲᠡ ᠬᠠᠤᠯᠢ ᠪᠠᠷ ᠲᠣᠭᠲᠠᠭᠠᠭᠰᠠᠨ ᠠᠷᠭ᠎ᠠ | ᠬᠡᠮᠵᠢᠶ᠎ᠡ ᠠᠪᠤᠭᠰᠠᠨ ᠪᠤᠯᠪᠠᠴᠤ ᠮᠥᠨ ᠬᠦ ᠠᠳᠡᠯ ᠭᠠᠷᠭᠠᠭᠰᠠᠨ︔ | ︵ᠳᠣᠯᠤᠭ᠎ᠠ︶ ᠬᠠᠤᠯᠢ ᠬᠡᠷᠡᠭᠵᠢᠭᠦᠯᠬᠦ ᠵᠥᠷᠢᠴᠡᠯ ᠢ ᠰᠢᠢᠳᠪᠦᠷᠢᠯᠡᠬᠦ ᠶᠠᠪᠤᠴᠠ ᠳᠤ ᠬᠠᠷᠰᠢ ᠰᠠᠭᠠᠳ ᠢ | ᠵᠣᠷᠢᠭᠲᠠᠢ ᠪᠠᠷ ᠠᠷᠢᠯᠭᠠᠵᠤ᠂ ᠤᠤᠯ ᠤᠨ ᠠᠰᠢᠭ ᠲᠤᠰᠠ ᠳᠤ ᠬᠠᠯᠳᠠᠵᠤ᠂ ᠠᠯᠳᠠᠰᠢ ᠭᠠᠷᠭᠠᠭᠰᠠᠨ ᠪᠤᠶᠤ ᠵᠥᠷᠢᠶ᠎ᠡ | ᠭᠠᠷᠭᠠᠭᠰᠠᠨ︔ | ︵ᠨᠠᠢᠮᠠ︶ ᠬᠠᠷᠢᠭᠤᠴᠠᠯᠭ᠎ᠠ ᠠᠴᠠ ᠬᠡᠯᠲᠦᠷᠢᠭᠦᠯᠵᠦ ᠪᠤᠯᠬᠤ ᠪᠤᠰᠤᠳ ᠪᠠᠶᠢᠳᠠᠯ᠃ | ᠳᠡᠭᠡᠷ᠎ᠡ ᠳᠤᠷᠠᠳᠤᠭᠰᠠᠨ ᠪᠠᠶᠢᠳᠠᠯ ᠤᠨ ᠨᠢᠭᠡ ᠨᠢ ᠪᠠᠶᠢᠬᠤ ᠶᠢᠨ ᠬᠠᠮᠲᠤ ᠳᠣᠣᠷᠠᠬᠢ ᠨᠥᠬᠦᠴᠡᠯ ᠳᠤ | ᠨᠡᠶᠢᠴᠡᠭᠰᠡᠨ ᠪᠠᠶᠢᠪᠠᠯ᠂ ᠬᠠᠮᠢᠶ᠎ᠠ ᠪᠦᠬᠦᠢ ᠬᠠᠤᠯᠢ ᠬᠡᠷᠡᠭᠵᠢᠭᠦᠯᠬᠦ ᠪᠠᠶᠢᠭᠤᠯᠤᠮᠵᠢ ᠵᠢᠴᠢ ᠬᠠᠤᠯᠢ ᠬᠡᠷᠡᠭᠵᠢᠭᠦᠯᠬᠦ | ᠠᠵᠢᠯᠲᠠᠳ ᠤᠨ ᠬᠠᠷᠢᠭᠤᠴᠠᠯᠭ᠎ᠠ ᠶᠢ ᠬᠡᠯᠲᠦᠷᠢᠭᠦᠯᠵᠦ ᠪᠣᠯᠣᠨ᠎ᠠ᠄ | ︵ᠨᠢᠭᠡ︶ ᠬᠠᠤᠯᠢ ᠳᠤ ᠲᠣᠳᠣᠷᠬᠠᠢ ᠵᠠᠷᠯᠢᠭᠳᠠᠨ ᠴᠠᠭᠠᠵᠠᠯᠠᠭᠰᠠᠨ ᠦᠭᠡᠢ ᠪᠠᠶᠢᠬᠤ︔ | ︵ᠬᠤᠶᠠᠷ︶ ᠬᠦᠨᠳᠦ ᠶᠡᠭᠡ ᠬᠤᠬᠢᠷᠠᠯ ᠪᠠ ᠬᠦᠨᠳᠦ ᠨᠣᠴᠢᠲᠠᠢ ᠮᠠᠭᠤ ᠨᠥᠯᠥᠭᠡ ᠭᠠᠷᠭᠠᠭᠰᠠᠨ ᠦᠭᠡᠢ︔ | ︵ᠭᠤᠷᠪᠠ︶ ᠢᠳᠡᠪᠬᠢ ᠰᠠᠨᠠᠭᠠᠴᠢᠯᠭ᠎ᠠ ᠲᠠᠢ ᠪᠠᠷ ᠮᠠᠭᠤ ᠨᠥᠯᠥᠭᠡ ᠶᠢ ᠠᠷᠢᠯᠭᠠᠵᠤ᠂ ᠬᠤᠬᠢᠷᠠᠯ ᠢ | ᠡᠭᠡᠭᠦᠯᠦᠭᠰᠡᠨ᠃ | ᠠᠷᠪᠠᠨ ᠨᠢᠭᠡᠳᠦᠭᠡᠷ ᠵᠦᠢᠯ ᠬᠠᠤᠯᠢ ᠬᠡᠷᠡᠭᠵᠢᠭᠦᠯᠬᠦ ᠠᠵᠢᠯᠲᠠᠨ ᠪᠣᠯᠣᠨ ᠲᠤᠰᠠᠯᠠᠬᠤ ᠠᠵᠢᠯᠲᠠᠨ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡᠨ ᠳᠤᠨᠢ | ᠨᠡᠶᠢᠴᠡᠭᠰᠡᠨ ᠪᠠᠶᠢᠪᠠᠯ ᠬᠠᠷᠢᠭᠤᠴᠠᠯᠭ᠎ᠠ ᠶᠢ ᠨᠢ ᠬᠥᠩᠭᠡᠷᠡᠭᠦᠯᠬᠦ ᠪᠤᠶᠤ ᠬᠥᠩᠭᠡᠷᠡᠭᠦᠯᠵᠦ ᠪᠣᠯᠣᠨ᠎ᠠ᠄ | ︵ᠨᠢᠭᠡ︶ ᠰᠠᠨᠠᠭᠠᠴᠢᠯᠠᠭ᠎ᠠ ᠠᠴᠠ ᠪᠠᠨ ᠠᠷᠭ᠎ᠠ ᠬᠡᠮᠵᠢᠶ᠎ᠡ ᠠᠪᠴᠤ ᠪᠠᠶᠢᠭᠠᠳ ᠬᠤᠬᠢᠷᠠᠯ ᠠᠴᠠ ᠪᠦᠲᠦᠮᠵᠢᠲᠡᠢ | ᠵᠠᠶᠢᠯᠠᠭᠰᠠᠨ ᠪᠤᠶᠤ ᠨᠥᠯᠥᠭᠡ ᠠᠴᠠ ᠡᠭᠡᠭᠦᠯᠦᠨ ᠠᠪᠤᠭᠰᠠᠨ︔ | ︵ᠬᠤᠶᠠᠷ︶ ᠬᠠᠷᠢᠭᠤᠴᠠᠯᠭ᠎ᠠ ᠠᠰᠠᠭᠤᠵᠤ ᠪᠠᠶᠢᠴᠠᠭᠠᠬᠤ ᠶᠢ ᠢᠳᠡᠪᠬᠢᠲᠡᠢ ᠬᠠᠮᠵᠢᠯᠴᠠᠬᠤ ᠶᠢᠨ ᠬᠠᠮᠲᠤ᠂ | ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠭᠰᠡᠨ︔ | ︵ᠭᠤᠷᠪᠠ︶ ᠬᠠᠤᠯᠢ ᠶᠣᠰᠣᠭᠠᠷ ᠬᠠᠷᠢᠭᠤᠴᠠᠯᠭ᠎ᠠ ᠶᠢ ᠨᠢ ᠬᠥᠩᠭᠡᠷᠡᠭᠦᠯᠵᠦ᠂ ᠬᠥᠩᠭᠡᠷᠡᠭᠦᠯᠵᠦ ᠪᠤᠯᠬᠤ | ᠪᠤᠰᠤᠳ ᠬᠠᠷᠢᠭᠤᠴᠠᠯᠭ᠎ᠠ ᠨᠡᠬᠡᠮᠵᠢᠯᠡᠵᠦ ᠪᠤᠯᠬᠤ᠃ | ᠠᠷᠪᠠᠨ ᠬᠤᠶᠠᠳᠤᠭᠠᠷ ᠵᠦᠢᠯ ᠬᠠᠤᠯᠢ ᠬᠡᠷᠡᠭᠵᠢᠭᠦᠯᠬᠦ ᠠᠵᠢᠯᠲᠠᠨ ᠪᠣᠯᠣᠨ ᠲᠤᠰᠠᠯᠠᠬᠤ ᠠᠵᠢᠯᠲᠠᠨ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠬᠠᠤᠯᠢ ᠪᠠᠷ ᠲᠣᠭᠲᠠᠭᠠᠭᠰᠠᠨ ᠡᠷᠬᠡ ᠲᠤᠰᠢᠶᠠᠯ ᠢᠶᠠᠨ | ᠳᠤᠷ᠎ᠠ ᠪᠠᠷ ᠢᠶᠠᠨ ᠬᠡᠷᠡᠭᠯᠡᠵᠦ᠂ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ | ᠦᠭᠡᠢ ᠠᠴᠠ ᠪᠣᠯᠵᠤ ᠠᠷᠠᠳ ᠢᠷᠭᠡᠨ᠂ ᠬᠠᠤᠯᠢ ᠶᠢᠨ ᠡᠷᠬᠡᠲᠡᠨ ᠪᠣᠯᠣᠨ ᠪᠤᠰᠤᠳ ᠵᠣᠬᠢᠶᠠᠨ ᠪᠠᠶᠢᠭᠤᠯᠤᠯᠲᠠ ᠶᠢᠨ | ᠬᠠᠤᠯᠢ ᠶᠣᠰᠣᠨ ᠤ ᠡᠷᠬᠡ ᠠᠰᠢᠭ ᠲᠤ ᠬᠤᠬᠢᠷᠠᠯ ᠤᠴᠠᠷᠠᠭᠤᠯᠵᠤ᠂ ᠮᠠᠭᠤ ᠦᠷ᠎ᠡ ᠨᠥᠯᠥᠭᠡ ᠭᠠᠷᠭᠠᠭᠰᠠᠨ ᠪᠣᠯ | ᠠᠯᠳᠠᠰᠢ ᠪᠠᠨ ᠠᠭᠤᠴᠢᠯᠠᠬᠤ ᠦᠭᠡᠢ᠃ | ᠠᠷᠪᠠᠨ ᠭᠤᠷᠪᠠᠳᠤᠭᠠᠷ ᠵᠦᠢᠯ ᠠᠭᠤᠴᠢᠯᠠᠬᠤ ᠨᠢ ᠬᠠᠷᠢᠭᠤᠴᠠᠯᠭ᠎ᠠ ᠠᠴᠠ ᠬᠡᠯᠲᠦᠷᠢᠭᠦᠯᠬᠦ ᠶᠢ ᠮᠠᠭᠠᠳᠯᠠᠨ | ᠲᠣᠭᠲᠠᠭᠠᠬᠤ ᠠᠵᠢᠯ ᠢ ᠡᠬᠢᠯᠡᠭᠦᠯᠬᠦ ᠪᠠ ᠬᠢᠬᠦ ᠳᠤ ᠠᠯᠠᠱᠠ ᠵᠡᠭᠦᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠠᠴᠠ ᠨᠢᠭᠡᠳᠦᠯᠲᠡᠢ ᠤᠳᠤᠷᠢᠳᠴᠤ᠂ ᠲᠣᠪᠴᠢᠶ᠎ᠠ ᠶᠢᠨ | ᠨᠠᠮ ᠤᠨ ᠤᠳᠤᠷᠢᠳᠬᠤ ᠳᠤᠭᠤᠶᠢᠯᠠᠩ ᠠᠴᠠ ᠪᠣᠳᠠᠲᠠᠢ ᠤᠶᠠᠯᠳᠤᠭᠤᠯᠤᠨ ᠪᠡᠶᠡᠴᠢ᠂ ᠪᠤᠰᠤᠳᠴᠢ ᠨᠥᠬᠦᠴᠡᠯ᠂ ᠳᠡᠰ | ᠳᠠᠷᠠᠭᠠᠯᠠᠯ ᠤᠨ ᠠᠷᠭ᠎ᠠ᠂ ᠰᠢᠨᠵᠢ ᠴᠢᠨᠠᠷ ᠤᠨ ᠬᠡᠮᠵᠢᠶ᠎ᠡ᠂ ᠦᠷ᠎ᠡ ᠳ᠋ᠦᠩ ᠤᠨ ᠨᠥᠯᠥᠭᠡ ᠵᠢᠴᠢ ᠬᠤᠬᠢᠷᠠᠯ ᠢ ᠡᠭᠡᠭᠦᠯᠦᠨ | ᠠᠪᠴᠢᠷᠠᠭᠰᠠᠨ ᠵᠡᠷᠭᠡ ᠪᠠᠶᠢᠳᠠᠯ ᠲᠠᠢ ᠤᠶᠠᠯᠳᠤᠭᠤᠯᠵᠤ ᠶᠡᠷᠦᠩᠬᠡᠶᠢᠯᠡᠨ ᠵᠠᠳᠠᠯᠤᠨ ᠰᠤᠳᠤᠯᠵᠤ᠂ ᠲᠥᠷᠥ ᠶᠢᠨ | ᠪᠣᠳᠣᠯᠭ᠎ᠠ ᠶᠢᠨ ᠵᠠᠭᠠᠭ ᠢ ᠣᠨᠣᠪᠴᠢᠲᠠᠢ ᠡᠵᠡᠮᠰᠢᠵᠦ᠂ ᠴᠠᠭ ᠲᠤᠬᠠᠢ ᠳᠤᠨᠢ ᠮᠠᠭᠠᠳᠯᠠᠨ ᠲᠣᠭᠲᠠᠭᠠᠭᠰᠠᠨ ᠳ᠋ᠦᠩᠨᠡᠯᠲᠡ | ᠭᠠᠷᠭᠠᠬᠤ ᠬᠡᠷᠡᠭᠲᠡᠢ᠃ ᠠᠭᠤᠴᠢᠯᠠᠪᠠᠰᠤ ᠵᠣᠬᠢᠬᠤ ᠶᠢ ᠨᠢ ᠵᠣᠷᠢᠭᠲᠠᠢ ᠠᠭᠤᠴᠢᠯᠠᠵᠤ᠂ ᠠᠭᠤᠴᠢᠯᠠᠪᠠᠰᠤ ᠵᠣᠬᠢᠬᠤ | ᠦᠭᠡᠢ ᠶᠢ ᠨᠢ ᠤᠭᠲᠤ ᠠᠭᠤᠴᠢᠯᠠᠬᠤ ᠦᠭᠡᠢ᠃ ᠬᠤᠪᠢ ᠬᠥᠮᠥᠨ ᠪᠠᠰᠠ ᠪᠠᠶᠢᠭᠤᠯᠭ᠎ᠠ ᠨᠢᠭᠡᠴᠢ ᠳᠤ ᠰᠢᠭᠤᠳ | ᠠᠯᠳᠠᠰᠢ ᠶᠢ ᠨᠢ ᠮᠠᠭᠠᠳᠯᠠᠨ ᠲᠣᠭᠲᠠᠭᠠᠯᠭᠠᠬᠤ ᠭᠤᠶᠤᠴᠢᠯᠠᠯ ᠭᠠᠷᠭᠠᠵᠤ ᠪᠣᠯᠣᠨ᠎ᠠ᠃ ᠨᠢᠭᠡᠴᠡ ᠪᠠᠶᠢᠴᠠᠭᠠᠨ ᠬᠢᠨᠠᠨ | ᠬᠠᠷᠭᠤᠭᠤᠯᠤᠭᠰᠠᠨ ᠤ ᠳᠠᠷᠠᠭ᠎ᠠ᠂ ᠠᠯᠳᠠᠰᠢ ᠡᠰᠡᠬᠦ ᠶᠢᠨ ᠲᠤᠬᠠᠢ ᠦᠨᠡᠮᠰᠢᠭᠰᠡᠨ ᠳ᠋ᠦᠩᠨᠡᠯᠲᠡ ᠶᠢ ᠴᠠᠭ ᠲᠤᠬᠠᠢ ᠳᠤᠨᠢ | ᠭᠠᠷᠭᠠᠬᠤ ᠬᠡᠷᠡᠭᠲᠡᠢ᠃ ᠠᠯᠳᠠᠰᠢ ᠶᠢᠨ ᠠᠭᠤᠯᠭ᠎ᠠ ᠶᠢ ᠨᠢ ᠲᠣᠭᠲᠠᠭᠠᠭᠰᠠᠨ ᠤ ᠳᠠᠷᠠᠭ᠎ᠠ᠂ 7 ᠡᠳᠦᠷ ᠤᠨ ᠳᠣᠲᠣᠷ᠎ᠠ | ᠬᠠᠮᠢᠶ᠎ᠠ ᠪᠦᠬᠦᠢ ᠨᠢᠭᠡᠴᠡ ᠵᠢᠴᠢ ᠲᠤᠬᠠᠶᠢᠲᠠᠢ ᠬᠥᠮᠥᠨ ᠳᠤ ᠮᠡᠳᠡᠭᠳᠡᠵᠦ᠂ ᠶᠡᠷᠦᠩᠬᠡᠢ ᠳᠡᠭᠡᠨ ᠵᠣᠬᠢᠬᠤ ᠬᠡᠪᠴᠢᠶᠡᠨ | ᠳᠣᠲᠣᠷ᠎ᠠ ᠢᠯᠡ ᠪᠤᠯᠭᠠᠬᠤ ᠬᠡᠷᠡᠭᠲᠡᠢ᠃ | ᠠᠷᠪᠠᠨ ᠳᠥᠷᠪᠡᠳᠦᠭᠡᠷ ᠵᠦᠢᠯ ᠰᠤᠳᠤᠯᠬᠤ ᠪᠠᠷ ᠳᠠᠮᠵᠢᠭᠠᠳ ᠬᠠᠤᠯᠢ ᠬᠡᠷᠡᠭᠵᠢᠭᠦᠯᠬᠦ ᠠᠵᠢᠯᠲᠠᠨ ᠪᠣᠯᠣᠨ | ᠲᠤᠰᠠᠯᠠᠬᠤ ᠠᠵᠢᠯᠲᠠᠨ ᠳᠤ ᠠᠯᠳᠠᠰᠢ ᠣᠶᠢᠯᠠᠭᠠᠯᠲᠠ ᠥᠭᠴᠦ ᠪᠠᠶᠢᠪᠠᠯ᠂ ᠬᠠᠤᠯᠢ ᠬᠡᠷᠡᠭᠵᠢᠭᠦᠯᠬᠦ ᠠᠯᠳᠠᠰᠢ | ᠮᠠᠭᠠᠳᠯᠠᠯᠲᠠ ᠬᠢᠬᠦ ᠦᠭᠡᠢ᠃ | ᠠᠷᠪᠠᠨ ᠲᠠᠪᠤᠳᠤᠭᠠᠷ ᠵᠦᠢᠯ ᠠᠯᠳᠠᠰᠢ ᠪᠠᠶᠢᠪᠠᠯ ᠵᠠᠪᠠᠯ ᠵᠠᠯᠠᠷᠠᠭᠤᠯᠬᠤ᠂ ᠠᠯᠳᠠᠰᠢ ᠪᠠᠶᠢᠪᠠᠯ ᠵᠠᠪᠠᠯ | ᠵᠠᠯᠠᠷᠠᠭᠤᠯᠬᠤ ᠶᠢ ᠪᠠᠷᠢᠮᠲᠠᠯᠠᠵᠤ᠂ ᠬᠠᠷᠢᠭᠤᠴᠠᠯᠭ᠎ᠠ ᠬᠡᠯᠡᠯᠴᠡᠬᠦ ᠪᠠᠶᠢᠭᠤᠯᠤᠮᠵᠢ ᠠᠴᠠ ᠠᠯᠳᠠᠰᠢ ᠪᠠᠶᠢᠪᠠᠯ | ᠬᠠᠷᠢᠭᠤᠴᠠᠯᠭ᠎ᠠ ᠠᠴᠠ ᠬᠡᠯᠲᠦᠷᠢᠭᠦᠯᠬᠦ ᠲᠣᠭᠲᠠᠭᠠᠯ ᠭᠠᠷᠭᠠᠬᠤ ᠶᠢᠨ ᠬᠠᠮᠲᠤ ᠠᠯᠳᠠᠰᠢ ᠵᠠᠯᠠᠷᠠᠭᠤᠯᠬᠤ ᠳᠡᠰ | ᠳᠠᠷᠠᠭᠠᠯᠠᠯ ᠢᠶᠠᠨ ᠴᠠᠭ ᠲᠤᠬᠠᠢ ᠳᠤᠨᠢ ᠡᠬᠢᠯᠡᠭᠦᠯᠬᠦ ᠬᠡᠷᠡᠭᠲᠡᠢ᠃ | ᠠᠷᠪᠠᠨ ᠵᠢᠷᠭᠤᠳᠤᠭᠠᠷ ᠵᠦᠢᠯ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠢ᠂ ᠬᠠᠷᠢᠭᠤᠴᠠᠯᠭ᠎ᠠ | ᠦᠭᠡᠢ ᠡᠲᠡᠭᠡᠳ ᠠᠴᠠ ᠠᠯᠳᠠᠰᠢ ᠶᠢ ᠨᠢ ᠵᠠᠯᠠᠷᠠᠭᠤᠯᠬᠤ ᠤᠴᠢᠷ ᠰᠢᠯᠲᠠᠭᠠᠨ ᠢᠶᠠᠨ ᠲᠣᠳᠣᠷᠬᠠᠶᠢᠯᠠᠵᠤ᠂ ᠠᠯᠳᠠᠰᠢ ᠪᠠᠨ | ᠵᠠᠯᠠᠷᠠᠭᠤᠯᠬᠤ ᠵᠦᠢᠯ ᠢ ᠲᠣᠳᠣᠷᠬᠠᠢ ᠳᠤᠷᠠᠳᠤᠨ᠂ ᠠᠯᠳᠠᠰᠢ ᠶᠢ ᠨᠢ ᠵᠠᠯᠠᠷᠠᠭᠤᠯᠬᠤ ᠱᠠᠭᠠᠷᠳᠠᠯᠭ᠎ᠠ ᠪᠤᠶᠤ ᠰᠠᠨᠠᠭᠤᠯᠭ᠎ᠠ | ᠳᠤᠷᠠᠳᠴᠤ᠂ ᠬᠤᠭᠤᠴᠠᠭ᠎ᠠ ᠬᠢᠵᠠᠭᠠᠷᠯᠠᠨ ᠠᠰᠠᠭᠤᠳᠠᠯ ᠢ ᠵᠠᠯᠠᠷᠠᠭᠤᠯᠬᠤ᠂ ᠠᠵᠢᠯ ᠢᠶᠠᠨ ᠰᠠᠶᠢᠵᠢᠷᠠᠭᠤᠯᠬᠤ ᠶᠢ | ᠱᠠᠭᠠᠷᠳᠠᠬᠤ ᠬᠡᠷᠡᠭᠲᠡᠢ᠃ ᠡᠭᠦᠨ ᠤ ᠬᠠᠮᠲᠤ᠂ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ | ᠲᠠᠰᠤᠭ ᠪᠤᠶᠤ ᠬᠤᠪᠢ ᠬᠥᠮᠥᠨ ᠢ ᠰᠢᠮᠳᠠᠭᠤᠯᠤᠨ ᠵᠢᠯᠤᠭᠤᠳᠴᠤ ᠰᠢᠯᠲᠠᠭᠠᠨ ᠢ ᠨᠢ ᠬᠢᠨᠠᠮᠠᠭᠠᠢ ᠵᠠᠳᠠᠯᠵᠤ᠂ ᠭᠦᠨᠵᠡᠭᠡᠢ | ᠰᠤᠷᠭᠠᠮᠵᠢ ᠠᠪᠤᠭᠤᠯᠵᠤ᠂ ᠳᠦᠷᠢᠮ ᠢ ᠲᠡᠭᠦᠯᠳᠡᠷᠵᠢᠭᠦᠯᠦᠨ᠂ ᠲᠣᠭᠲᠠᠴᠠ ᠶᠢ ᠨᠢ ᠪᠦᠷᠢᠨᠰᠢᠭᠦᠯᠵᠦ᠂ ᠠᠳᠠᠯᠢᠪᠲᠤᠷ | ᠠᠯᠳᠠᠰᠢ ᠳᠠᠭᠢᠵᠤ ᠭᠠᠷᠬᠤ ᠶᠢ ᠰᠡᠷᠭᠡᠶᠢᠯᠡᠨ ᠬᠤᠷᠢᠭᠯᠠᠬᠤ ᠬᠡᠷᠡᠭᠲᠡᠢ᠃ ᠵᠠᠯᠠᠷᠠᠭᠤᠯᠭᠠᠬᠰᠠᠳ ᠵᠠᠯᠠᠷᠠᠭᠤᠯᠤᠯᠲᠠ ᠪᠠᠨ | ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠣᠨᠴᠠᠭᠠᠢ ᠪᠠᠶᠢᠳᠠᠯ ᠠᠴᠠ ᠪᠣᠯᠵᠤ ᠲᠣᠭᠲᠠᠭᠰᠠᠨ | ᠬᠤᠭᠤᠴᠠᠭᠠᠨ ᠳᠤ ᠪᠡᠶᠡᠯᠡᠭᠦᠯᠬᠦ ᠳᠤ ᠬᠦᠴᠢᠷᠲᠡᠢ ᠪᠠᠶᠢᠪᠠᠯ᠂ ᠴᠡᠭᠴᠡᠯᠡᠨ ᠰᠠᠶᠢᠵᠢᠷᠠᠭᠤᠯᠬᠤ ᠬᠤᠭᠤᠴᠠᠭ᠎ᠠ ᠶᠢ ᠵᠣᠬᠢᠬᠤ | ᠬᠡᠮᠵᠢᠶ᠎ᠡ ᠪᠠᠷ ᠤᠷᠲᠤᠳᠬᠠᠬᠤ ᠪᠠᠷ ᠭᠤᠶᠤᠴᠢᠯᠠᠵᠤ ᠪᠣᠯᠣᠨ᠎ᠠ᠃ | ᠠᠷᠪᠠᠨ ᠳᠣᠯᠣᠳᠤᠭᠠᠷ ᠵᠦᠢᠯ ᠵᠣᠬᠢᠰᠲᠠᠢ ᠠᠷᠭ᠎ᠠ ᠮᠠᠶ᠋ᠢᠭ ᠠᠪᠴᠤ᠂ ᠠᠯᠳᠠᠰᠢ ᠵᠠᠯᠠᠷᠠᠭᠤᠯᠤᠭᠰᠠᠨ | ᠡᠲᠡᠭᠡᠳ ᠤᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠮᠥᠷᠳᠡᠨ ᠣᠶᠢᠯᠠᠭᠠᠬᠤ ᠬᠡᠷᠡᠭᠲᠡᠢ᠃ ᠠᠳᠠᠯᠢ | ᠲᠥᠷᠥᠯ ᠤᠨ ᠠᠰᠠᠭᠤᠳᠠᠯ ᠣᠯᠠᠨᠲᠠ ᠭᠠᠷᠤᠭᠰᠠᠨ ᠪᠤᠶᠤ ᠠᠳᠠᠯᠢ ᠨᠢᠭᠡᠨ ᠬᠦᠷᠢᠶᠡᠨ ᠳᠤ ᠲᠥᠪᠯᠡᠷᠡᠵᠦ ᠭᠠᠷᠤᠭᠰᠠᠨ | ᠠᠮᠠᠷᠬᠠᠨ ᠠᠯᠳᠠᠰᠢ ᠭᠠᠷᠭᠠᠭᠰᠠᠨ ᠪᠠᠶᠢᠳᠠᠯ ᠳᠤ ᠴᠢᠭᠯᠡᠭᠦᠯᠦᠨ ᠰᠤᠳᠤᠯᠤᠨ ᠵᠠᠳᠠᠯᠵᠤ᠂ ᠠᠮᠠᠷᠬᠠᠨ ᠪᠤᠷᠤᠭᠤᠳᠠᠬᠤ | ᠲᠦᠭᠰᠢᠭᠦᠷᠢ ᠶᠢᠨ ᠴᠡᠭ ᠪᠠ ᠠᠰᠠᠭᠤᠳᠠᠯ ᠤᠨ ᠵᠠᠩᠭᠢᠯᠠᠭ᠎ᠠ ᠶᠢ ᠡᠷᠢᠵᠦ ᠣᠯᠬᠤ ᠶᠢᠨ ᠬᠠᠮᠲᠤ ᠰᠡᠷᠡᠮᠵᠢᠯᠡᠭᠦᠯᠦᠨ | ᠰᠠᠨᠠᠭᠤᠯᠵᠤ᠂ ᠠᠳᠠᠯᠢᠪᠲᠤᠷ ᠠᠯᠳᠠᠰᠢ ᠪᠠ ᠠᠰᠠᠭᠤᠳᠠᠯ ᠳᠠᠭᠢᠨ ᠳᠠᠪᠲᠠᠨ ᠭᠠᠷᠬᠤ ᠶᠢ ᠰᠡᠷᠭᠡᠶᠢᠯᠡᠬᠦ ᠬᠡᠷᠡᠭᠲᠡᠢ᠃ | ᠠᠷᠪᠠᠨ ᠨᠠᠢᠮᠠᠳᠤᠭᠠᠷ ᠵᠦᠢᠯ ᠵᠠᠬᠢᠳᠠᠯ ᠰᠤᠷᠪᠤᠯᠵᠢᠯᠠᠯ ᠤᠨ ᠢᠯᠡᠴᠢᠯᠡᠨ ᠮᠡᠳᠡᠭᠦᠯᠬᠦ ᠳᠤ ᠵᠥᠪ ᠢᠶᠠᠷ ᠬᠠᠨᠳᠤᠵᠤ᠂ | ᠵᠠᠬᠢᠳᠠᠯ ᠰᠤᠷᠪᠤᠯᠵᠢᠯᠠᠯ ᠤᠨ ᠢᠯᠡᠴᠢᠯᠡᠨ ᠮᠡᠳᠡᠭᠦᠯᠬᠦ ᠶᠠᠪᠤᠴᠠ ᠳᠤ ᠪᠠᠶᠢᠴᠠᠭᠠᠭᠰᠠᠨ ᠨᠢ ᠦᠨᠡᠨ ᠪᠣᠳᠠᠲᠠᠢ ᠪᠤᠰᠤ᠂ | ᠪᠠᠶᠢᠴᠠᠭᠠᠭᠰᠠᠨ ᠪᠣᠳᠠᠲᠠᠢ ᠪᠠᠷᠢᠮᠲᠠ ᠦᠭᠡᠢ ᠪᠤᠶᠤ ᠦᠨᠡᠮᠰᠢᠭᠦᠯᠦᠭᠡᠳ ᠬᠠᠷᠢᠭᠤᠴᠠᠯᠭ᠎ᠠ ᠠᠴᠠ ᠬᠡᠯᠲᠦᠷᠢᠭᠦᠯᠬᠦ ᠪᠠᠶᠢᠳᠠᠯ | ᠨᠢ ᠦᠨᠡᠨ ᠨᠡᠷ᠎ᠡ ᠪᠠᠷ ᠢᠯᠡᠴᠢᠯᠡᠨ ᠮᠡᠳᠡᠭᠦᠯᠦᠭᠰᠡᠨ ᠪᠣᠯ ᠲᠣᠭᠲᠠᠭᠠᠯ ᠶᠣᠰᠣᠭᠠᠷ ᠢᠯᠡᠴᠢᠯᠡᠨ ᠮᠡᠳᠡᠭᠦᠯᠦᠭᠴᠢ ᠳᠤ | ᠦᠷ᠎ᠡ ᠳ᠋ᠦᠩ ᠢ ᠨᠢ ᠬᠠᠷᠢᠭᠤ ᠲᠤᠰᠬᠠᠬᠤ ᠬᠡᠷᠡᠭᠲᠡᠢ︔ ᠨᠡᠷ᠎ᠡ ᠪᠤᠷᠤᠭᠤᠯᠠᠭᠰᠠᠨ ᠢᠯᠡᠴᠢᠯᠡᠨ ᠮᠡᠳᠡᠭᠦᠯᠦᠭᠰᠡᠨ ᠪᠠᠶᠢᠪᠠᠯ | ᠵᠣᠬᠢᠬᠤ ᠬᠡᠮᠵᠢᠶᠡᠨ ᠳᠤ ᠪᠠᠶᠢᠳᠠᠯ ᠢ ᠲᠣᠳᠣᠷᠬᠠᠶᠢᠯᠠᠵᠤ᠃ ᠪᠠᠶᠢᠴᠠᠭᠠᠨ ᠪᠠᠶᠢᠴᠠᠭᠠᠬᠤ ᠪᠠᠷ ᠳᠠᠮᠵᠢᠨ ᠮᠠᠭᠤ | ᠰᠠᠨᠠᠭ᠎ᠠ ᠲᠠᠢ ᠪᠠᠷ ᠰᠢᠷᠬᠠᠲᠤᠭᠰᠠᠨ᠂ ᠭᠦᠳᠬᠡᠨ ᠭᠦᠵᠢᠷᠯᠡᠭᠰᠡᠨ ᠵᠢᠴᠢ ᠮᠠᠭᠤ ᠰᠠᠨᠠᠭ᠎ᠠ ᠲᠠᠢ ᠪᠠᠷ ᠤᠬᠠᠭᠤᠯᠤᠭᠰᠠᠨ ᠪᠠ | ᠭᠦᠳᠬᠡᠭᠰᠡᠨ ᠬᠠᠤᠯᠢ ᠬᠡᠷᠡᠭᠵᠢᠭᠦᠯᠬᠦ ᠠᠵᠢᠯᠲᠠᠨ ᠢ ᠴᠠᠭ ᠲᠤᠬᠠᠢ ᠳᠤᠨᠢ ᠵᠣᠬᠢᠰᠲᠠᠢ ᠠᠷᠭ᠎ᠠ ᠮᠠᠶ᠋ᠢᠭ ᠢᠶᠠᠷ | ᠳᠠᠮᠵᠢᠭᠤᠯᠤᠨ ᠵᠣᠬᠢᠬᠤ ᠬᠡᠪᠴᠢᠶᠡᠨ ᠳᠤ ᠲᠡᠳᠡᠨ ᠤ ᠵᠥᠪ ᠨᠡᠷ᠎ᠡ ᠶᠢ ᠲᠣᠳᠣᠷᠬᠠᠶᠢᠯᠠᠨ ᠥᠭᠴᠦ᠂ ᠡᠰᠡᠷᠭᠦ ᠲᠠᠯ᠎ᠠ ᠶᠢᠨ | ᠨᠥᠯᠥᠭᠡ ᠶᠢ ᠨᠢ ᠠᠷᠢᠯᠭᠠᠵᠤ᠂ ᠬᠠᠷᠢᠭᠤᠴᠠᠯᠭ᠎ᠠ ᠡᠭᠦᠷᠭᠡᠯᠡᠵᠦ᠂ ᠠᠵᠢᠯ ᠬᠢᠵᠦ ᠠᠳᠠᠯ ᠦᠢᠯᠡᠰ ᠪᠣᠰᠬᠠᠬᠤ | ᠺᠠᠳ᠋ᠷᠴᠤᠳ ᠤᠨ ᠲᠦᠰᠢᠭ ᠲᠤᠯᠭᠠᠭᠤᠷᠢ ᠬᠦᠴᠦᠨ ᠪᠣᠯᠭᠠᠨ᠎ᠠ᠃ | ᠠᠷᠪᠠ ᠶᠢᠰᠦᠳᠦᠭᠡᠷ ᠵᠦᠢᠯ ᠲᠤᠰ ᠳᠦᠷᠢᠮ ᠢ ᠬᠡᠪᠯᠡᠨ ᠲᠠᠷᠬᠠᠭᠠᠭᠰᠠᠨ ᠡᠳᠦᠷ ᠠᠴᠠ ᠡᠬᠢᠯᠡᠨ | ᠬᠡᠷᠡᠭᠵᠢᠭᠦᠯᠦᠨ᠎ᠡ᠃ | | |