| ᠮᠠᠲ᠋ᠧᠷᠢᠶᠠᠯ ᠤᠨ ᠳ᠋ᠤᠭᠠᠷ᠄ 11152921011765439 E / 2024 -02480 | ᠨᠡᠶᠢᠲᠡᠯᠡᠭᠰᠡᠨ ᠪᠠᠶᠢᠭᠤᠯᠭ᠎ᠠ᠄ ᠠᠯᠠᠱᠠ ᠵᠡᠭᠦᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ | ᠨᠡᠶᠢᠲᠡᠯᠡᠭᠰᠡᠨ ᠬᠡᠯᠪᠡᠷᠢ᠄ ᠰᠠᠨᠠᠭᠠᠴᠢᠯᠠᠭ᠎ᠠ ᠠᠴᠠ ᠪᠠᠨ ᠢᠯᠡ ᠪᠤᠯᠭᠠᠬᠤ | ᠠᠩᠭᠢᠯᠠᠯ᠄ ᠮᠡᠳᠡᠭᠳᠡᠯ | ᠪᠠᠷᠢᠮᠲᠠ ᠪᠢᠴᠢᠭ ᠤᠨ ᠳ᠋ᠤᠭᠠᠷ᠄ | ᠪᠠᠲᠤᠯᠠᠭᠳᠠᠭᠰᠠᠨ ᠴᠠᠭ ᠬᠤᠭᠤᠴᠠᠭ᠎ᠠ᠄ 2024-12-27 | | | ᠮᠠᠨ ᠤ ᠲᠣᠪᠴᠢᠶ᠎ᠠ ᠦᠨ᠎ᠡ ᠯᠠᠪᠯᠠᠬᠤ ᠭᠡᠯᠪᠡᠷᠢ ᠪᠠᠷ ᠬᠢᠵᠠᠭᠠᠷᠯᠠᠭᠰᠠᠨ ᠬᠡᠮᠵᠢᠶᠡᠨ ᠠᠴᠠ ᠳᠣᠷᠣᠭᠰᠢᠬᠢ | ᠲᠥᠷᠥᠯ ᠵᠦᠢᠯ ᠢ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠶᠢ ᠢᠯᠡ ᠪᠠᠷ ᠰᠣᠩᠭᠤᠨ | ᠭᠠᠷᠭᠠᠵᠤ ᠪᠣᠯᠣᠨ᠎ᠠ᠃ | ᠨᠢᠭᠡ᠂ ᠲᠥᠷᠥᠯ ᠵᠦᠢᠯ ᠤᠨ ᠲᠣᠶᠢᠮᠣ ᠥᠭᠦᠯᠡᠯᠲᠡ | 1.1 ᠲᠥᠷᠥᠯ ᠵᠦᠢᠯ ᠤᠨ ᠨᠡᠷᠡᠶᠢᠳᠦᠯ᠄ ᠠᠯᠠᠱᠠ ᠠᠶᠢᠮᠠᠭ ᠤᠨ ᠠᠯᠠᠱᠠ ᠵᠡᠭᠦᠨ ᠬᠤᠰᠢᠭᠤᠨ ᠤ ᠭᠠᠵᠠᠷ | ᠰᠢᠷᠣᠢ ᠲᠠᠲᠠᠪᠤᠷᠢᠯᠠᠬᠤ ᠬᠡᠰᠡᠭᠯᠡᠵᠦ ᠨᠡᠭᠡᠭᠡᠨ ᠠᠰᠢᠭᠯᠠᠬᠤ ᠲᠥᠰᠥᠯ ᠤᠨ ᠲᠣᠬᠢᠷᠠᠭᠤᠯᠤᠯᠲᠠ ᠪᠠ ᠰᠢᠨ᠎ᠡ ᠨᠢᠭᠡ | ᠡᠭᠡᠯᠵᠢ ᠶᠢᠨ ︵2025— 2026 ᠣᠨ︶ ᠲᠥᠰᠥᠯ ᠨᠠᠶᠢᠷᠠᠭᠤᠯᠤᠨ ᠵᠣᠬᠢᠶᠠᠬᠤ ᠲᠥᠷᠥᠯ ᠵᠦᠢᠯ | ᠦᠢᠯᠡᠴᠢᠯᠡᠬᠦ ᠭᠠᠵᠠᠷ᠄ ᠠᠯᠠᠱᠠ ᠵᠡᠭᠦᠨ ᠬᠤᠰᠢᠭᠤ | ᠬᠤᠳᠠᠯᠳᠤᠨ ᠠᠪᠬᠤ ᠦᠢᠯᠡᠴᠢᠯᠡᠭᠡᠨ ᠤ ᠠᠭᠤᠯᠭ᠎ᠠ᠄ ᠠᠯᠠᠱᠠ ᠠᠶᠢᠮᠠᠭ ᠤᠨ ᠠᠯᠠᠱᠠ ᠵᠡᠭᠦᠨ ᠬᠤᠰᠢᠭᠤᠨ ᠤ | ᠭᠠᠵᠠᠷ ᠰᠢᠷᠣᠢ ᠲᠠᠲᠠᠪᠤᠷᠢᠯᠠᠬᠤ ᠪᠦᠷᠢᠯᠳᠦᠭᠦᠨ ᠬᠡᠰᠡᠭ ᠢ ᠨᠡᠭᠡᠭᠡᠨ ᠬᠥᠭᠵᠢᠭᠦᠯᠬᠦ ᠲᠥᠰᠥᠯ ᠤᠨ ᠲᠣᠬᠢᠷᠠᠭᠤᠯᠤᠯᠲᠠ ᠪᠠ | ᠰᠢᠨ᠎ᠡ ᠨᠢᠭᠡᠨ ᠡᠭᠡᠯᠵᠢ ᠶᠢᠨ ︵2025— 2026 ᠣᠨ︶ ᠤ ᠲᠥᠰᠥᠯ ᠢ ᠨᠠᠶᠢᠷᠠᠭᠤᠯᠤᠨ ᠵᠣᠬᠢᠶᠠᠨ᠎ᠠ᠃ | ᠲᠥᠰᠥᠯ ᠤᠨ ᠲᠥᠰᠥᠪ᠄ 45ᠲᠦᠮᠡᠨ ᠲᠥᠭᠦᠷᠢᠭ | 1.2 ᠲᠥᠷᠥᠯ ᠵᠦᠢᠯ ᠤᠨ ᠨᠡᠷᠡᠶᠢᠳᠦᠯ᠄ ᠠᠯᠠᠱᠠ ᠵᠡᠭᠦᠨ ᠬᠤᠰᠢᠭᠤᠨ ᠤ ᠪᠦᠭᠦ ᠠᠷᠠᠳ ᠤᠨ ᠥᠮᠴᠢᠯᠡᠯᠲᠦ | ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠲᠣᠳᠣᠯᠠᠨ ᠪᠠᠶᠢᠴᠠᠭᠠᠬᠤ ᠲᠥᠷᠥᠯ ᠵᠦᠢᠯ | ᠦᠢᠯᠡᠴᠢᠯᠡᠬᠦ ᠭᠠᠵᠠᠷ᠄ ᠠᠯᠠᠱᠠ ᠵᠡᠭᠦᠨ ᠬᠤᠰᠢᠭᠤ | ᠬᠤᠳᠠᠯᠳᠤᠨ ᠠᠪᠬᠤ ᠦᠢᠯᠡᠴᠢᠯᠡᠭᠡᠨ ᠤ ᠠᠭᠤᠯᠭ᠎ᠠ᠄ ᠲᠤᠰ ᠤᠳᠠᠭᠠᠨ ᠤ ᠡᠳ᠋ ᠬᠥᠷᠥᠩᠭᠡ ᠶᠢ ᠪᠠᠶᠢᠴᠠᠭᠠᠨ | ᠲᠣᠳᠣᠷᠬᠠᠶᠢᠯᠠᠬᠤ ᠬᠡᠪᠴᠢᠶᠡᠨ ᠳᠤ ᠪᠦᠭᠦ ᠠᠷᠠᠳ ᠤᠨ ᠥᠮᠴᠢᠯᠡᠯ ᠤᠨ ᠭᠠᠵᠠᠷ ᠰᠢᠷᠣᠢ᠂ ᠠᠭᠤᠷᠬᠠᠢ ᠶᠢᠨ ᠭᠠᠷᠤᠯᠲᠠ᠂ | ᠣᠢ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ ᠵᠡᠷᠭᠡ 5 ᠲᠥᠷᠥᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ | ᠬᠥᠷᠥᠩᠭᠡ ᠪᠠᠭᠲᠠᠨ᠎ᠠ᠃ ᠣᠳᠣ ᠪᠠᠶᠢᠭ᠎ᠠ ᠡᠯ᠎ᠡ ᠲᠥᠷᠥᠯ ᠤᠨ ᠪᠠᠶᠢᠴᠠᠭᠠᠯᠲᠠ ᠶᠢᠨ ᠦᠷ᠎ᠡ ᠪᠦᠲᠦᠭᠡᠯ ᠢ ᠠᠰᠢᠭᠯᠠᠵᠤ᠂ | ᠲᠤᠰ ᠬᠠᠷᠢᠶᠠᠨ ᠳᠠᠬᠢ ᠭᠠᠵᠠᠷ ᠰᠢᠷᠣᠢ᠂ ᠠᠭᠤᠷᠬᠠᠢ ᠶᠢᠨ ᠡᠬᠢ ᠪᠠᠶᠠᠯᠢᠭ ᠤᠨ ᠪᠣᠳᠠᠲᠤ ᠪᠣᠳᠠᠰ ᠤᠨ ᠬᠡᠮᠵᠢᠶ᠎ᠡ ᠶᠢ | ᠪᠠᠶᠢᠴᠠᠭᠠᠨ ᠲᠣᠳᠣᠷᠬᠠᠶᠢᠯᠠᠵᠤ᠂ ᠪᠣᠳᠠᠲᠤ ᠪᠣᠳᠠᠰ ᠤᠨ ᠬᠡᠮᠵᠢᠶᠡᠨ ᠤ ᠵᠢᠷᠤᠭ ᠤᠨ ᠳᠠᠪᠬᠤᠷᠭ᠎ᠠ ᠶᠢ ᠪᠦᠷᠢᠯᠳᠦᠭᠦᠯᠦᠨ᠎ᠡ︔ | ᠠᠷᠠᠳ ᠨᠡᠶᠢᠲᠡ ᠶᠢᠨ ᠥᠮᠴᠢᠯᠡᠯ ᠤᠨ ᠣᠢ ᠰᠢᠭᠤᠢ᠂ ᠨᠤᠲᠤᠭ ᠪᠡᠯᠴᠢᠭᠡᠷ ᠪᠠ ᠨᠤᠭᠤ ᠭᠠᠵᠠᠷ ᠤᠨ ᠡᠬᠢ ᠪᠠᠶᠠᠯᠢᠭ | ᠡᠳ᠋ ᠬᠥᠷᠥᠩᠭᠡ ᠶᠢ ᠪᠠᠶᠢᠴᠠᠭᠠᠨ ᠲᠣᠳᠣᠯᠠᠬᠤ ᠳᠤ ᠬᠡᠷᠡᠭᠰᠡᠬᠦ ᠲᠤᠭ᠎ᠠ ᠪᠠᠷᠢᠮᠲᠠ ᠶᠢ ᠨᠥᠬᠦᠪᠦᠷᠢᠯᠡᠬᠦ︔ ᠪᠦᠭᠦ | ᠲᠠᠯ᠎ᠠ ᠪᠠᠷ ᠢᠯᠭᠠᠷᠠᠭᠤᠯᠤᠨ ᠪᠠᠶᠢᠴᠠᠭᠠᠭᠰᠠᠨ ᠰᠠᠭᠤᠷᠢᠨ ᠳᠡᠭᠡᠷ᠎ᠡ᠂ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ | ᠤᠯᠤᠰ ᠤᠨ ᠥᠮᠴᠢᠯᠡᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ᠂ ᠠᠭᠤᠷᠬᠠᠢ ᠶᠢᠨ ᠭᠠᠷᠤᠯᠲᠠ ᠶᠢᠨ | ᠡᠬᠢ ᠪᠠᠶᠠᠯᠢᠭ ᠤᠨ ᠡᠳ᠋ ᠬᠥᠷᠥᠩᠭᠡ ᠶᠢ ᠬᠡᠷᠡᠭᠯᠡᠭᠰᠡᠨ ᠡᠷᠬᠡ ᠶᠢᠨ ᠪᠠᠶᠢᠳᠠᠯ ᠢ ᠢᠯᠭᠠᠷᠠᠭᠤᠯᠤᠨ ᠪᠠᠶᠢᠴᠠᠭᠠᠬᠤ ᠠᠵᠢᠯ ᠢ | ᠪᠡᠶᠡᠯᠡᠭᠦᠯᠦᠨ᠎ᠡ︔ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠦᠨ᠎ᠡ ᠬᠠᠩᠰᠢ ᠶᠢᠨ ᠰᠢᠰᠲ᠋ᠧᠮᠵᠢ ᠶᠢᠨ | ᠪᠠᠶᠢᠭᠤᠯᠤᠯᠲᠠ ᠪᠣᠯᠣᠨ ᠰᠢᠨᠡᠳᠬᠡᠬᠦ ᠳᠤ ᠬᠡᠷᠡᠭᠰᠡᠬᠦ ᠰᠠᠭᠤᠷᠢ ᠮᠠᠲ᠋ᠧᠷᠢᠶᠠᠯ ᠢ ᠴᠤᠭᠯᠠᠭᠤᠯᠤᠨ᠂ ᠲᠤᠰ ᠵᠠᠰᠠᠭ | ᠵᠠᠬᠢᠷᠭᠠᠨ ᠤ ᠣᠷᠣᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠵᠡᠷᠭᠡ ᠡᠳ᠋ ᠬᠥᠷᠥᠩᠭᠡ ᠶᠢᠨ | ᠢᠯᠭᠠᠷᠠᠭᠤᠯᠤᠨ ᠪᠠᠶᠢᠴᠠᠭᠠᠬᠤ ᠦᠨ᠎ᠡ ᠬᠠᠩᠰᠢ ᠶᠢ ᠰᠢᠨᠡᠳᠬᠡᠬᠦ ᠬᠡᠷᠡᠭᠲᠡᠢ᠃ | ᠲᠥᠰᠥᠯ ᠤᠨ ᠲᠥᠰᠥᠪ᠄ 59 ᠲᠦᠮᠡᠨ ᠲᠥᠭᠦᠷᠢᠭ | 1.3 ᠲᠥᠷᠥᠯ ᠵᠦᠢᠯ ᠤᠨ ᠨᠡᠷᠡᠶᠢᠳᠦᠯ᠄ ᠪᠠᠶᠠᠨᠬᠤᠲᠠ ᠪᠠᠯᠭᠠᠰᠤ ᠵᠢᠴᠢ ᠪᠤᠰᠤᠳ 10 ᠰᠤᠮᠤ ᠪᠠᠯᠭᠠᠰᠤ ᠶᠢᠨ | ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠪᠠᠷᠢᠮᠵᠢᠶᠠᠲᠤ ᠭᠠᠵᠠᠷ ᠤᠨ ᠦᠨ᠎ᠡ ᠶᠢ | ᠰᠢᠨᠡᠳᠬᠡᠬᠦ ᠠᠵᠢᠯ | ᠦᠢᠯᠡᠴᠢᠯᠡᠬᠦ ᠭᠠᠵᠠᠷ᠄ ᠠᠯᠠᠱᠠ ᠵᠡᠭᠦᠨ ᠬᠤᠰᠢᠭᠤ | ᠬᠤᠳᠠᠯᠳᠤᠨ ᠠᠪᠬᠤ ᠦᠢᠯᠡᠴᠢᠯᠡᠭᠡᠨ ᠤ ᠠᠭᠤᠯᠭ᠎ᠠ᠄ ᠪᠠᠶᠠᠨᠬᠤᠲᠠ ᠪᠠᠯᠭᠠᠰᠤ ᠵᠢᠴᠢ ᠪᠤᠰᠤᠳ 10 ᠰᠤᠮᠤ | ᠪᠠᠯᠭᠠᠰᠤᠨ ᠤ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠦᠨᠳᠦᠰᠦᠨ | ᠪᠠᠷᠢᠮᠵᠢᠶᠠᠲᠤ ᠭᠠᠵᠠᠷ ᠤᠨ ᠦᠨ᠎ᠡ ᠶᠢ ᠰᠢᠨᠡᠳᠬᠡᠬᠦ ᠠᠵᠢᠯ ᠤᠨ ᠦᠢᠯᠡᠴᠢᠯᠡᠭᠡ | ᠲᠥᠰᠥᠯ ᠤᠨ ᠲᠥᠰᠥᠪ᠄ 55ᠲᠦᠮᠡᠨ ᠲᠥᠭᠦᠷᠢᠭ | ᠬᠤᠶᠠᠷ᠂ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠨᠢ ᠦᠨ᠎ᠡ ᠯᠠᠪᠯᠠᠬᠤ ᠳᠤ | ᠳᠠᠭᠠᠵᠤ ᠪᠦᠬᠦᠢ ᠪᠢᠴᠢᠭ ᠮᠠᠲ᠋ᠧᠷᠢᠶᠠᠯ ᠤᠨ ᠪᠦᠷᠢᠯᠳᠦᠯ | ᠳᠠᠭᠠᠭᠠᠴᠢᠯᠠᠯᠲᠠ ᠳᠤ ᠣᠷᠣᠭᠴᠢ ᠶᠢᠨ ᠨᠠᠶᠢᠷᠠᠭᠤᠯᠤᠨ ᠵᠣᠬᠢᠶᠠᠭᠰᠠᠨ ᠳᠠᠭᠠᠯ ᠮᠠᠲ᠋ᠧᠷᠢᠶᠠᠯ ᠳᠤ ᠪᠠᠭᠲᠠᠬᠤ | ᠪᠤᠯᠪᠠᠴᠤ ᠳᠣᠣᠷᠠᠬᠢ ᠠᠭᠤᠯᠭ᠎ᠠ ᠨᠤᠭᠤᠳ ᠢ ᠳᠤᠲᠠᠭᠤ ᠦᠭᠡᠢ᠄ | 1. ᠬᠦᠴᠦᠨ ᠲᠠᠢ ᠡᠵᠡᠩᠨᠡᠯᠲᠡ ᠶᠢᠨ ᠦᠨᠡᠮᠯᠡᠯ ᠤᠨ ᠪᠠᠭᠤᠯᠭᠠᠪᠤᠷᠢ ︵ᠺᠤᠮᠫᠠᠨᠢ ᠶᠢᠨ ᠲᠠᠮᠠᠭ᠎ᠠ ᠶᠢ ᠳᠠᠷᠤ︶︔ | 2. ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠪᠡᠶ᠎ᠡ ᠶᠢᠨ ᠦᠨᠡᠮᠯᠡᠯ ᠤᠨ ᠪᠠᠭᠤᠯᠭᠠᠪᠤᠷᠢ ︵ | ᠺᠤᠮᠫᠠᠨᠢ ᠶᠢᠨ ᠲᠠᠮᠠᠭ᠎ᠠ ᠶᠢ ᠳᠠᠷᠤᠨ᠎ᠠ︶︔ | 3. ᠡᠵᠡᠩᠨᠡᠯᠲᠡ ᠶᠢᠨ ᠠᠵᠢᠯᠯᠠᠭ᠎ᠠ ᠳᠤᠮᠳᠠ ᠣᠶᠢᠷ᠎ᠠ ᠶᠢᠨ ᠭᠤᠷᠪᠠᠨ ᠵᠢᠯ ᠳᠤ ᠬᠦᠨᠳᠦ ᠶᠡᠭᠡ ᠬᠠᠤᠯᠢ ᠠᠴᠠ | ᠵᠥᠷᠢᠴᠡᠭᠰᠡᠨ ᠲᠡᠮᠳᠡᠭᠯᠡᠯ ᠦᠭᠡᠢ ᠭᠡᠳᠡᠭ ᠢ ᠪᠢᠴᠢᠭ ᠢᠶᠠᠷ ᠲᠣᠳᠣᠷᠬᠠᠶᠢᠯᠠᠭᠰᠠᠨ ᠤᠭ ᠮᠠᠲ᠋ᠧᠷᠢᠶᠠᠯ ︵ᠥᠪᠡᠷᠲᠡᠭᠡᠨ | ᠢᠯᠡᠷᠬᠡᠶᠢᠯᠡᠯᠲᠡ︶︔ | 4. ᠥᠷᠢᠰᠦᠯᠳᠦᠭᠡᠨ ᠤ ᠦᠨ᠎ᠡ ᠮᠡᠳᠡᠭᠦᠯᠬᠦ ᠬᠦᠰᠦᠨᠦᠭᠲᠦ ︵ᠭᠤᠷᠪᠠᠨ ᠬᠤᠳᠠᠯᠳᠤᠨ ᠠᠪᠬᠤ ᠵᠦᠢᠯᠡᠰ ᠢ | ᠰᠠᠯᠭᠠᠵᠤ ᠦᠨ᠎ᠡ ᠮᠡᠳᠡᠭᠦᠯᠦᠨ᠎ᠡ︶; | ᠳᠡᠭᠡᠷᠡᠬᠢ ᠮᠠᠲ᠋ᠧᠷᠢᠶᠠᠯ ᠢ ᠪᠢᠲᠡᠭᠦᠮᠵᠢᠯᠡᠭᠡᠳ ᠬᠦᠷᠭᠡᠭᠰᠡᠨ ᠤ ᠳᠠᠷᠠᠭ᠎ᠠ ᠮᠠᠲ᠋ᠧᠷᠢᠶᠠᠯ ᠨᠢ ᠪᠦᠷᠢᠨ ᠪᠤᠰᠤ ᠪᠤᠶᠤ | ᠬᠦᠴᠦᠨ ᠦᠭᠡᠢ ᠪᠣᠯ ᠮᠡᠳᠡᠷᠡᠵᠦ ᠪᠤᠯᠬᠤ ᠦᠭᠡᠢ᠃ | ᠭᠤᠷᠪᠠ᠂ ᠬᠤᠳᠠᠯᠳᠤᠨ ᠠᠪᠬᠤ ᠦᠨ᠎ᠡ ᠯᠠᠪᠯᠠᠬᠤ ᠳᠤ ᠳᠠᠭᠠᠵᠤ ᠥᠭᠬᠦ ᠪᠢᠴᠢᠭ ᠮᠠᠲ᠋ᠧᠷᠢᠶᠠᠯ ᠢ ᠲᠤᠰᠢᠶᠠᠬᠤ | ᠡᠴᠦᠰ ᠤᠨ ᠴᠠᠭ ᠬᠤᠭᠤᠴᠠᠭ᠎ᠠ ᠵᠢᠴᠢ ᠲᠤᠰᠢᠶᠠᠬᠤ ᠭᠠᠵᠠᠷ | ᠴᠠᠭ᠄ 2025 ᠣᠨ ᠤ 1 ᠰᠠᠷ᠎ᠠ ᠶᠢᠨ 3 ᠤ ᠡᠳᠦᠷ ᠤᠨ 18 ᠴᠠᠭ ᠠᠴᠠ ᠡᠮᠦᠨ᠎ᠡ | ᠭᠠᠵᠠᠷ᠄ ᠠᠯᠠᠱᠠ ᠵᠡᠭᠦᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠭᠤᠷᠪᠠᠳᠤᠭᠠᠷ | ᠳᠠᠪᠬᠤᠷᠭ᠎ᠠ ᠶᠢᠨ 306 ᠲᠠᠰᠤᠭ | ᠳᠥᠷᠪᠡ᠂ ᠬᠠᠷᠢᠯᠴᠠᠬᠤ ᠠᠷᠭ᠎ᠠ ᠮᠠᠶ᠋ᠢᠭ | ᠬᠤᠳᠠᠯᠳᠤᠨ ᠠᠪᠤᠭᠴᠢ᠄ ᠠᠯᠠᠱᠠ ᠵᠡᠭᠦᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ | ᠬᠠᠷᠢᠯᠴᠠᠬᠤ ᠬᠥᠮᠥᠨ᠄ ᠶᠠᠩ ᠵᠧᠨ ᠬᠤᠸᠠ ᠵᠢᠶᠠᠩ ᠹᠧᠩ | ᠬᠠᠷᠢᠯᠴᠠᠬᠤ ᠤᠲᠠᠰᠤ᠄ 0483-8229658᠂ 0483 -8229725 | 2014 ᠣᠨ ᠤ 12 ᠰᠠᠷ᠎ᠠ ᠶᠢᠨ 27 ᠤ ᠡᠳᠦᠷ | | |