ᠵᠢᠷᠭᠤᠳᠤᠭᠠᠷ ᠪᠦᠯᠦᠭ ᠬᠤᠰᠢᠭᠤᠨ ᠤ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠤᠨ ᠲᠥᠯᠥᠭᠡᠯᠡᠬᠦ ᠴᠢᠨᠠᠷᠲᠠᠢ ᠤᠯᠠᠮᠵᠢᠯᠠᠨ ᠵᠠᠯᠭᠠᠮᠵᠢᠯᠠᠭᠴᠢ ᠶᠢ ᠮᠡᠳᠡᠭᠦᠯᠬᠦ ᠠᠵᠢᠯ ᠢ ᠥᠷᠨᠢᠭᠦᠯᠬᠦ ᠲᠤᠬᠠᠢ ᠠᠯᠠᠱᠠ ᠵᠡᠭᠦᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠶᠢᠨ ᠮᠡᠳᠡᠭᠳᠡᠯ
ᠨᠡᠶᠢᠲᠡᠯᠡᠭᠰᠡᠨ ᠴᠠᠭ᠄
2024/12/31
     ᠮᠠᠲ᠋ᠧᠷᠢᠶᠠᠯ ᠤᠨ ᠳ᠋ᠤᠭᠠᠷ᠄ 111529210117654554/2024-024900      ᠨᠡᠶᠢᠲᠡᠯᠡᠭᠰᠡᠨ ᠪᠠᠶᠢᠭᠤᠯᠭ᠎ᠠ᠄ ᠠᠯᠠᠱᠠ ᠵᠡᠭᠦᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ      ᠨᠡᠶᠢᠲᠡᠯᠡᠭᠰᠡᠨ ᠬᠡᠯᠪᠡᠷᠢ᠄ ᠰᠠᠨᠠᠭᠠᠴᠢᠯᠠᠭ᠎ᠠ ᠠᠴᠠ ᠪᠠᠨ ᠢᠯᠡ ᠪᠤᠯᠭᠠᠬᠤ      ᠠᠩᠭᠢᠯᠠᠯ᠄ ᠮᠡᠳᠡᠭᠳᠡᠯ      ᠪᠠᠷᠢᠮᠲᠠ ᠪᠢᠴᠢᠭ ᠤᠨ ᠳ᠋ᠤᠭᠠᠷ᠄      ᠪᠠᠲᠤᠯᠠᠭᠳᠠᠭᠰᠠᠨ ᠴᠠᠭ ᠬᠤᠭᠤᠴᠠᠭ᠎ᠠ᠄ 2024-12-30             ᠮᠠᠨ ᠤ ᠬᠤᠰᠢᠭᠤᠨ ᠤ ᠤᠯᠠᠮᠵᠢᠯᠠᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠮᠠᠨ ᠤ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠢ ᠦᠷᠭᠦᠯᠵᠢᠯᠡᠨ ᠪᠦᠲᠦᠮᠵᠢᠲᠡᠢ ᠬᠠᠮᠠᠭᠠᠯᠠᠨ ᠤᠯᠠᠮᠵᠢᠯᠠᠵᠤ᠂ ᠤᠯᠠᠮᠵᠢᠯᠠᠬᠤ ᠠᠵᠢᠯᠯᠠᠭ᠎ᠠ ᠶᠢ ᠵᠣᠷᠢᠭᠵᠢᠭᠤᠯᠤᠨ ᠳᠡᠮᠵᠢᠬᠦ ᠶᠢᠨ ᠲᠥᠯᠥᠭᠡ᠂ ᠠᠯᠠᠱᠠ ᠵᠡᠭᠦᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠠᠴᠠ ᠵᠢᠷᠭᠤᠳᠤᠭᠠᠷ ᠪᠦᠯᠦᠭ ᠬᠤᠰᠢᠭᠤᠨ ᠤ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠤᠨ ᠲᠥᠯᠥᠭᠡᠯᠡᠬᠦ ᠴᠢᠨᠠᠷᠲᠠᠢ ᠠᠵᠢᠯᠯᠠᠭ᠎ᠠ ᠥᠷᠨᠢᠭᠦᠯᠬᠦ ᠪᠠᠷ ᠲᠣᠭᠲᠠᠵᠤ᠂ ᠣᠳᠣ ᠶᠢᠨ ᠬᠠᠮᠢᠶ᠎ᠠ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠪᠡ᠄       ᠨᠢᠭᠡ᠂ ᠮᠡᠳᠡᠭᠦᠯᠬᠦ ᠨᠥᠬᠦᠴᠡᠯ       ︵ᠨᠢᠭᠡ︶ ᠠᠯᠠᠱᠠ ᠵᠡᠭᠦᠨ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠢ ᠪᠣᠯᠪᠠᠰᠤᠷᠠᠩᠭᠤᠢ ᠪᠠᠷ ᠡᠵᠡᠮᠰᠢᠬᠦ ᠶᠢᠨ ᠬᠠᠮᠲᠤ ᠤᠯᠠᠮᠵᠢᠯᠠᠨ ᠵᠠᠯᠭᠠᠮᠵᠢᠯᠠᠨ᠎ᠠ ᠣᠯᠠᠨ ᠵᠢᠯ ︵ᠲᠤᠰ ᠲᠥᠷᠥᠯ ᠤᠨ ᠥᠪ ᠬᠥᠷᠥᠩᠭᠡ ᠶᠢ 15 ᠵᠢᠯ ᠠᠴᠠ ᠳᠡᠭᠡᠭᠰᠢ ᠡᠷᠭᠢᠯᠡᠨ᠎ᠡ︶ ᠨᠢ ᠲᠤᠰ ᠬᠦᠷᠢᠶ᠎ᠡ ᠬᠡᠪᠴᠢᠶᠡᠨ ᠳᠤ ᠲᠥᠯᠥᠭᠡᠯᠡᠬᠦ ᠴᠢᠨᠠᠷ ᠪᠠ ᠨᠡᠯᠢᠶᠡᠳ ᠶᠡᠭᠡ ᠨᠥᠯᠥᠭᠡᠯᠡᠬᠦ ᠬᠦᠴᠦᠨ ᠲᠠᠢ︔       ︵ᠬᠤᠶᠠᠷ︶ ᠲᠤᠰ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠳᠤ ᠭᠤᠣᠯᠯᠠᠬᠤ ᠦᠢᠯᠡᠳᠦᠯ ᠲᠠᠢ ᠪᠠᠶᠢᠵᠤ᠂ ᠤᠯᠠᠮᠵᠢᠯᠠᠨ ᠵᠠᠯᠭᠠᠮᠵᠢᠯᠠᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠦᠨ᠂ ᠵᠠᠯᠭᠠᠮᠵᠢᠯᠠᠬᠤ ᠴᠢᠳᠠᠪᠤᠷᠢᠲᠠᠨ ᠢ ᠬᠥᠮᠥᠵᠢᠭᠦᠯᠦᠨ᠎ᠡ︔       ︵ᠭᠤᠷᠪᠠ︶ ᠤᠯᠠᠮᠵᠢᠯᠠᠨ ᠵᠠᠯᠭᠠᠮᠵᠢᠯᠠᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠬᠦ ᠶᠢᠨ ᠬᠠᠮᠲᠤ ᠰᠣᠶᠣᠯ ᠤᠨ ᠰᠠᠯᠠᠭ᠎ᠠ ᠮᠥᠴᠢᠷ ᠲᠠᠢ ᠬᠠᠮᠵᠢᠯᠴᠠᠨ ᠪᠣᠳᠠᠰ ᠤᠨ ᠪᠤᠰᠤ ᠰᠣᠶᠣᠯ ᠤᠨ ᠥᠪ ᠤᠨ ᠤᠬᠠᠭᠤᠯᠭ᠎ᠠ᠂ ᠦᠵᠡᠭᠦᠯᠦᠯᠭᠡ᠂ ᠤᠯᠠᠮᠵᠢᠯᠠᠬᠤ ᠵᠡᠷᠭᠡ ᠠᠵᠢᠯᠯᠠᠭ᠎ᠠ ᠶᠢ ᠥᠷᠨᠢᠭᠦᠯᠬᠦ ᠬᠡᠷᠡᠭᠲᠡᠢ᠃       ︵ᠳᠥᠷᠪᠡ︶ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠪᠠᠳᠠᠷᠠᠭᠤᠯᠤᠨ᠂ ᠰᠠᠬᠢᠯᠭ᠎ᠠ ᠪᠠᠲᠤ ᠶᠢ ᠵᠢᠷᠤᠮᠯᠠᠨ ᠬᠠᠤᠯᠢ ᠴᠠᠭᠠᠵᠠ ᠶᠢ ᠰᠠᠬᠢᠵᠤ᠂ ᠡᠬᠡ ᠣᠷᠣᠨ ᠢᠶᠠᠨ ᠬᠠᠶᠢᠷᠠᠯᠠᠨ ᠠᠵᠢᠯ ᠦᠢᠯᠡᠰ ᠢᠶᠠᠨ ᠡᠷᠬᠢᠮᠯᠡᠵᠦ᠂ ᠶᠣᠰᠣ ᠮᠣᠷᠠᠯ ᠤᠷᠠᠯᠢᠭ ᠬᠤᠣᠰᠯᠠᠭᠰᠠᠨ ᠪᠠᠶᠢᠬᠤ ᠶᠢ ᠡᠷᠭᠢᠮᠯᠡᠭᠦ ᠬᠡᠷᠡᠭᠲᠡᠢ᠃       ᠬᠤᠶᠠᠷ᠂ ᠮᠡᠳᠡᠭᠦᠯᠬᠦ ᠬᠡᠪᠴᠢᠶ᠎ᠡ       ︵ᠨᠢᠭᠡ︶ ᠠᠯᠠᠱᠠ ᠵᠡᠭᠦᠨ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠥᠷᠥᠯ ᠵᠦᠢᠯ ᠤᠨ ᠭᠠᠷᠴᠠᠭ ᠳᠣᠲᠣᠷᠠᠬᠢ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠤᠯᠠᠮᠵᠢᠯᠠᠨ ᠵᠠᠯᠭᠠᠮᠵᠢᠯᠠᠭᠴᠢ ᠶᠢᠨ ᠲᠥᠷᠥᠯ ᠵᠦᠢᠯ︔       ︵ᠬᠤᠶᠠᠷ︶ ᠬᠡᠰᠡᠭ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠥᠷᠥᠯ ᠵᠦᠢᠯ ᠳᠤ ᠬᠡᠳᠦᠶᠢᠪᠡᠷ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠤᠯᠠᠮᠵᠢᠯᠠᠭᠴᠢ ᠲᠠᠢ ᠪᠣᠯᠤᠭᠰᠠᠨ ᠪᠤᠯᠪᠠᠴᠤ ᠦᠨᠡᠨ ᠬᠦ ᠤᠯᠠᠮᠵᠢᠯᠠᠨ ᠵᠠᠯᠭᠠᠮᠵᠢᠯᠠᠬᠤ ᠠᠵᠢᠯ ᠤᠨ ᠬᠡᠷᠡᠭᠴᠡᠭᠡ ᠠᠴᠠ ᠪᠣᠯᠵᠤ ᠵᠣᠬᠢᠰᠲᠠᠢ ᠪᠠᠷ ᠨᠡᠮᠡᠨ ᠨᠥᠬᠦᠪᠦᠷᠢᠯᠡᠵᠦ ᠪᠣᠯᠣᠨ᠎ᠠ᠃       ︵ᠭᠤᠷᠪᠠ︶ ᠳᠣᠣᠷᠠᠬᠢ ᠪᠠᠶᠢᠳᠠᠯ ᠢ ᠲᠦᠷ ᠲᠠᠨᠢᠯᠴᠠᠭᠤᠯᠬᠤ ᠦᠭᠡᠢ᠄       1. ᠤᠯᠠᠮᠵᠢᠯᠠᠨ ᠵᠠᠯᠭᠠᠮᠵᠢᠯᠠᠬᠤ ᠡᠭᠦᠷᠭᠡ ᠪᠠᠨ ᠭᠦᠢᠴᠡᠳᠬᠡᠬᠦ ᠶᠢᠨ ᠠᠷᠭ᠎ᠠ ᠦᠭᠡᠢ ᠤᠯᠠᠮᠵᠢᠯᠠᠨ ᠵᠠᠯᠭᠠᠮᠵᠢᠯᠠᠭᠴᠢ︔       2. ᠵᠥᠪᠭᠡᠨ ᠪᠣᠳᠠᠰ ᠤᠨ ᠪᠤᠰᠤ ᠰᠣᠶᠣᠯ ᠤᠨ ᠥᠪ ᠤᠨ ᠮᠠᠲ᠋ᠧᠷᠢᠶᠠᠯ ᠢ ᠴᠤᠭᠯᠠᠭᠤᠯᠬᠤ᠂ ᠡᠮᠬᠢᠳᠬᠡᠬᠦ ᠪᠠ ᠰᠤᠳᠤᠯᠭᠠᠲᠠᠳ ᠢ ᠬᠢᠵᠦ ᠪᠠᠶᠢᠨ᠎ᠠ᠃       3. ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠠᠵᠢᠯᠯᠠᠭ᠎ᠠ ᠳᠤ ᠰᠢᠭᠤᠳ ᠣᠷᠤᠯᠴᠠᠬᠤ ᠦᠭᠡᠢ ᠬᠥᠮᠥᠰ᠃       4. ᠵᠠᠰᠠᠭ ᠵᠠᠬᠢᠷᠭᠠᠨ ᠤ ᠪᠠᠶᠢᠭᠤᠯᠤᠯᠭ᠎ᠠ ᠵᠢᠴᠢ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠵᠢᠯᠲᠠᠨ᠃       5. ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠢ ᠪᠠᠶᠢᠳᠠᠯ ᠢ ᠨᠢ ᠦᠵᠡᠵᠦ ᠪᠠᠶᠢᠭᠠᠳ ᠲᠠᠨᠢᠯᠴᠠᠭᠤᠯᠵᠤ ᠪᠣᠯᠣᠨ᠎ᠠ᠃       ᠭᠤᠷᠪᠠ᠂ ᠮᠡᠳᠡᠭᠦᠯᠬᠦ ᠳᠡᠰ ᠳᠠᠷᠠᠭᠠᠯᠠᠯ       ︵ᠨᠢᠭᠡ︶ ᠨᠥᠬᠦᠴᠡᠯ ᠳᠤ ᠨᠡᠶᠢᠴᠡᠬᠦ ᠬᠤᠪᠢ ᠬᠥᠮᠥᠨ ᠠᠯᠠᠱᠠ ᠵᠡᠭᠦᠨ ᠬᠤᠰᠢᠭᠤᠨ ᠤ ᠰᠣᠶᠣᠯ ᠤᠨ ᠣᠷᠳᠣᠨ ︵ᠪᠣᠳᠠᠰ ᠤᠨ ᠪᠤᠰᠤ ᠰᠣᠶᠣᠯ ᠤᠨ ᠥᠪ ᠤᠨ ᠲᠥᠪ︶ ᠲᠤ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠤᠨ ᠲᠥᠯᠥᠭᠡᠯᠡᠬᠦ ᠴᠢᠨᠠᠷᠲᠠᠢ ᠤᠯᠠᠮᠵᠢᠯᠠᠭᠴᠢ ᠪᠠᠷ ᠭᠤᠶᠤᠴᠢᠯᠠᠨ ᠮᠡᠳᠡᠭᠦᠯᠬᠦ ᠶᠢᠨ ᠬᠠᠮᠲᠤ ᠮᠡᠳᠡᠭᠦᠯᠬᠦ ᠨᠥᠬᠦᠴᠡᠯ ᠢ ᠦᠨᠳᠦᠰᠦᠯᠡᠨ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢᠶᠠᠨ ᠬᠠᠩᠭᠠᠵᠤ ᠪᠣᠯᠣᠨ᠎ᠠ᠃       ᠬᠤᠶᠠᠷ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠢᠶᠠᠷ ᠬᠠᠮᠠᠭᠠᠯᠠᠬᠤ ᠨᠢᠭᠡᠴᠡ ᠨᠢ ᠲᠤᠰ ᠲᠥᠷᠥᠯ ᠵᠦᠢᠯ ᠤᠨ ᠲᠥᠯᠥᠭᠡᠯᠡᠬᠦ ᠴᠢᠨᠠᠷᠲᠠᠢ ᠤᠯᠠᠮᠵᠢᠯᠠᠭᠴᠢ ᠶᠢ ᠲᠠᠨᠢᠯᠴᠠᠭᠤᠯᠵᠤ ᠪᠣᠯᠣᠨ᠎ᠠ᠂ ᠭᠡᠬᠦ ᠳᠡᠭᠡᠨ ᠲᠠᠨᠢᠯᠴᠠᠭᠤᠯᠤᠭᠳᠡᠭ᠌ᠴᠢ ᠶᠢᠨ ᠵᠥᠪᠰᠢᠶᠡᠷᠡᠯ ᠢ ᠣᠯᠬᠤ ᠶᠢᠨ ᠬᠠᠮᠲᠤ ᠲᠠᠨᠢᠯᠴᠠᠭᠤᠯᠬᠤ ᠮᠠᠲ᠋ᠧᠷᠢᠶᠠᠯ ᠬᠠᠩᠭᠠᠬᠤ ᠬᠡᠷᠡᠭᠲᠡᠢ       ︵ᠭᠤᠷᠪᠠ︶ ᠠᠯᠠᠱᠠ ᠵᠡᠭᠦᠨ ᠬᠤᠰᠢᠭᠤᠨ ᠤ ᠰᠣᠶᠣᠯ ᠤᠨ ᠣᠷᠳᠣᠨ ︵ᠪᠣᠳᠠᠰ ᠤᠨ ᠪᠤᠰᠤ ᠰᠣᠶᠣᠯ ᠤᠨ ᠥᠪ ᠤᠨ ᠲᠥᠪ︶ ᠭᠤᠶᠤᠴᠢᠯᠠᠯ ᠤᠨ ᠮᠠᠲ᠋ᠧᠷᠢᠶᠠᠯ ᠪᠤᠶᠤ ᠲᠠᠨᠢᠯᠴᠠᠭᠤᠯᠤᠭᠰᠠᠨ ᠮᠠᠲ᠋ᠧᠷᠢᠶᠠᠯ ᠢ ᠣᠯᠣᠭᠰᠠᠨ ᠤ ᠳᠠᠷᠠᠭ᠎ᠠ ᠂ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠬᠢᠨᠠᠨ ᠬᠠᠷᠭᠤᠭᠤᠯᠤᠯᠲᠠ ᠬᠢᠵᠦ᠂ ᠲᠠᠨᠢᠯᠴᠠᠭᠤᠯᠬᠤ ᠨᠡᠷᠡᠰ ᠪᠠ ᠬᠢᠨᠠᠨ ᠬᠠᠷᠭᠤᠭᠤᠯᠤᠭᠰᠠᠨ ᠰᠠᠨᠠᠯ ᠳᠤᠷᠠᠳᠤᠨ᠂ ᠤᠤᠯ ᠤᠨ ᠮᠡᠳᠡᠭᠦᠯᠦᠭᠰᠡᠨ ᠮᠠᠲ᠋ᠧᠷᠢᠶᠠᠯ ᠵᠢᠴᠢ ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠭᠰᠠᠨ ᠰᠠᠨᠠᠯ ᠲᠠᠢ ᠬᠠᠮᠲᠤ ᠬᠤᠰᠢᠭᠤᠨ ᠤ ᠰᠣᠶᠣᠯ ᠪᠠ ᠵᠤᠭᠠᠴᠠᠯ ᠤᠨ ᠲᠣᠪᠴᠢᠶ᠎ᠠ ᠳᠤ ᠮᠡᠳᠡᠭᠦᠯᠦᠨ ᠬᠦᠷᠭᠡᠬᠦ ᠬᠡᠷᠡᠭᠲᠡᠢ᠃       ᠳᠥᠷᠪᠡ᠂ ᠮᠡᠳᠡᠭᠦᠯᠬᠦ ᠮᠠᠲ᠋ᠧᠷᠢᠶᠠᠯ       ︵ᠨᠢᠭᠡ︶ ᠲᠠᠨᠢᠯᠴᠠᠭᠤᠯᠬᠤ ᠰᠠᠨᠠᠯ᠄ ᠠᠯᠠᠱᠠ ᠵᠡᠭᠦᠨ ᠬᠤᠰᠢᠭᠤᠨ ᠤ ᠰᠣᠶᠣᠯ ᠤᠨ ᠣᠷᠳᠣᠨ ︵ᠪᠣᠳᠠᠰ ᠤᠨ ᠪᠤᠰᠤ ᠰᠣᠶᠣᠯ ᠤᠨ ᠥᠪ ᠤᠨ ᠲᠥᠪ︶ ᠲᠤ ᠲᠤᠰ ᠭᠠᠵᠠᠷ ᠣᠷᠣᠨ ᠤ ᠬᠤᠰᠢᠭᠤ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠤᠨ ᠲᠥᠯᠥᠭᠡᠯᠡᠬᠦ ᠴᠢᠨᠠᠷᠲᠠᠢ ᠤᠯᠠᠮᠵᠢᠯᠠᠨ ᠵᠠᠯᠭᠠᠮᠵᠢᠯᠠᠭᠴᠢ ᠶᠢᠨ ᠲᠠᠨᠢᠯᠴᠠᠭᠤᠯᠤᠭᠰᠠᠨ ᠨᠡᠷᠡᠰ ᠪᠠ ᠲᠠᠨᠢᠯᠴᠠᠭᠤᠯᠬᠤ ᠰᠠᠨᠠᠯ ᠢ ᠳᠤᠷᠠᠳᠤᠨ᠎ᠠ︔       ︵ᠬᠤᠶᠠᠷ︶ ᠲᠠᠨᠢᠯᠴᠠᠭᠤᠯᠭ᠎ᠠ ᠶᠢᠨ ᠬᠦᠰᠦᠨᠦᠭᠲᠦ᠄ ᠭᠤᠶᠤᠴᠢᠯᠠᠭᠴᠢ ᠪᠤᠶᠤ  ᠲᠠᠨᠢᠯᠴᠠᠭᠤᠯᠤᠭᠳᠠᠭᠴᠢ ᠶᠢᠨ ᠦᠨᠳᠦᠰᠦᠨ ᠪᠠᠶᠢᠳᠠᠯ᠂ ᠬᠤᠪᠢ ᠬᠥᠮᠥᠨ ᠤ ᠲᠣᠪᠴᠢ ᠨᠠᠮᠲᠠᠷ᠂ ᠤᠯᠠᠮᠵᠢᠯᠠᠨ ᠵᠠᠯᠭᠠᠮᠵᠢᠯᠠᠬᠤ ᠴᠠᠳᠢᠭ ᠵᠢᠴᠢ ᠱᠠᠪᠢ ᠡᠯᠰᠡᠬᠦ ᠤᠷᠠᠯᠢᠭ ᠤᠨ ᠪᠠᠶᠢᠳᠠᠯ᠂ ᠲᠤᠰ ᠲᠥᠷᠥᠯ ᠵᠦᠢᠯ ᠢ ᠬᠠᠮᠠᠭᠠᠯᠠᠨ ᠤᠯᠠᠮᠵᠢᠯᠠᠬᠤ ᠳᠤ ᠦᠵᠡᠭᠦᠯᠦᠭᠰᠡᠨ ᠬᠤᠪᠢ ᠨᠡᠮᠡᠷᠢ᠂ ᠭᠤᠶᠤᠴᠢᠯᠠᠭᠴᠢ ᠪᠤᠶᠤ ᠲᠠᠨᠢᠯᠴᠠᠭᠤᠯᠤᠭᠴᠢ ᠶᠢᠨ ᠤᠷ᠎ᠠ ᠮᠡᠷᠭᠡᠵᠢᠯ ᠤᠨ ᠣᠨᠴᠠᠯᠢᠭ ᠢ ᠲᠤᠰᠬᠠᠭᠰᠠᠨ ᠭᠡᠷᠡᠯ ᠵᠢᠷᠤᠭ᠂ ᠪᠡᠶ᠎ᠡ ᠶᠢᠨ ᠦᠨᠡᠮᠯᠡᠯ ᠤᠨ ᠪᠠᠭᠤᠯᠭᠠᠪᠤᠷᠢ᠂ ᠲᠤᠰ ᠬᠥᠮᠥᠨ ᠤ ᠭᠤᠶᠤᠴᠢᠯᠠᠯ ᠵᠢᠴᠢ ᠡᠷᠬᠡ ᠣᠯᠭᠤᠭᠰᠠᠨ ᠪᠢᠴᠢᠭ᠂ ᠲᠥᠷᠥᠯ ᠵᠦᠢᠯ ᠢ ᠬᠠᠮᠠᠭᠠᠯᠠᠬᠤ ᠨᠢᠭᠡᠴᠡ ᠶᠢᠨ ᠰᠠᠨᠠᠯ᠂ ᠬᠤᠰᠢᠭᠤ ᠳᠡᠰ ᠤᠨ ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠬᠤ ᠵᠥᠪᠯᠡᠯ ᠤᠨ ᠬᠢᠨᠠᠨ ᠲᠣᠭᠲᠠᠭᠠᠬᠤ ᠰᠠᠨᠠᠯ ᠵᠢᠴᠢ ᠰᠢᠯᠭᠠᠷᠠᠭᠤᠯᠤᠯᠲᠠ ᠳᠤ ᠣᠷᠣᠯᠴᠠᠬᠰᠠᠨ ᠲᠤᠰᠬᠠᠢ ᠮᠡᠷᠭᠡᠵᠢᠯᠲᠡᠨ ᠤ ᠨᠡᠷᠡᠰ᠂ ᠬᠤᠰᠢᠭᠤ ᠳᠡᠰ ᠤᠨ ᠰᠣᠶᠣᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠰᠠᠨᠠᠯ ᠵᠡᠷᠭᠡ ᠶᠢ ᠪᠠᠭᠲᠠᠭᠠᠨ᠎ᠠ᠃       ︵ᠭᠤᠷᠪᠠ︶ ᠮᠡᠳᠡᠭᠦᠯᠬᠦ ᠬᠡᠰᠡᠭ᠄ ᠭᠤᠶᠤᠴᠢᠯᠠᠭᠴᠢ ᠪᠤᠶᠤ ᠲᠠᠨᠢᠯᠴᠠᠭᠤᠯᠤᠭᠳᠡᠭ᠌ᠴᠢ ᠶᠢᠨ ᠮᠡᠷᠭᠡᠵᠢᠯ ᠤᠨ ᠬᠢᠷᠢ ᠬᠡᠮᠵᠢᠶ᠎ᠡ ᠶᠢ ᠬᠠᠷᠠᠭᠤᠯᠤᠭᠰᠠᠨ ᠳᠠᠭᠤ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ︵ᠥᠪᠡᠷᠲᠡᠭᠡᠨ ᠵᠠᠰᠠᠬᠤ ᠣᠷᠣᠨ ᠤ ᠳᠡᠰ ᠤᠨ ᠤᠯᠠᠮᠵᠢᠯᠠᠭᠴᠢ ᠶᠢᠨ ᠪᠠᠷᠢᠮᠵᠢᠶ᠎ᠠ ᠶᠣᠰᠣᠭᠠᠷ ᠵᠣᠬᠢᠶᠠᠨ᠎ᠠ︶︔       ︵ᠳᠥᠷᠪᠡ︶ ᠪᠤᠰᠤᠳ ᠮᠠᠲ᠋ᠧᠷᠢᠶᠠᠯ᠄ ᠬᠤᠯᠪᠣᠭᠳᠠᠯ ᠪᠦᠬᠦᠢ ᠭᠤᠶᠤᠴᠢᠯᠠᠭᠴᠢ ᠪᠤᠶᠤ ᠲᠠᠨᠢᠯᠴᠠᠭᠤᠯᠤᠭᠳᠡᠭ᠌ᠴᠢ ᠶᠢᠨ ᠠᠮᠵᠢᠯᠲᠠ ᠶᠢ ᠭᠡᠷᠡᠴᠢᠯᠡᠬᠦ ᠪᠠᠭᠤᠯᠭᠠᠪᠤᠷᠢ ᠵᠡᠷᠭᠡ ᠲᠠᠯ᠎ᠠ ᠶᠢᠨ ᠮᠠᠲ᠋ᠧᠷᠢᠶᠠᠯ ᠢ ᠢᠯᠡᠷᠡᠭᠦᠯᠦᠭᠰᠡᠨ︔ ᠪᠤᠰᠤᠳ ᠭᠤᠶᠤᠴᠢᠯᠠᠭᠴᠢ ᠪᠤᠶᠤ ᠲᠠᠨᠢᠯᠴᠠᠭᠤᠯᠤᠭᠳᠡᠭ᠌ᠴᠢ ᠶᠢᠨ ᠲᠥᠯᠥᠭᠡᠯᠡᠬᠦ ᠴᠢᠨᠠᠷᠲᠠᠢ ᠦᠰᠦᠭ ᠪᠢᠴᠢᠭ᠂ ᠵᠢᠷᠤᠭ ᠪᠤᠶᠤ ᠳᠠᠭᠤ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠵᠡᠷᠭᠡ ᠶᠢ ᠲᠣᠳᠣᠷᠬᠠᠶᠢᠯᠠᠬᠤ ᠳᠤ ᠲᠤᠰᠠᠲᠠᠢ       ᠪᠠᠲᠤᠯᠠᠨ ᠲᠠᠨᠢᠯᠴᠠᠭᠤᠯᠬᠤ ᠨᠥᠬᠦᠴᠡᠯ ᠳᠤ ᠨᠡᠶᠢᠴᠡᠬᠦ ᠭᠤᠶᠤᠴᠢᠯᠠᠭᠴᠢ ᠪᠤᠶᠤ ᠲᠠᠨᠢᠯᠴᠠᠭᠤᠯᠤᠭᠳᠡᠭ᠌ᠴᠢ ᠶᠢᠨ ᠮᠠᠲ᠋ᠧᠷᠢᠶᠠᠯ ᠢ ᠡᠷᠬᠡᠪᠰᠢ A4 ᠴᠠᠭᠠᠰᠤᠨ ᠤ ᠬᠡᠪ ᠪᠠᠷᠢᠮᠵᠢᠶ᠎ᠠ ᠪᠠᠷ ᠳᠡᠪᠲᠡᠷ︵ᠨᠢᠭᠡ ᠭᠡᠯᠪᠡᠷᠢ ᠶᠢᠨ 2 ᠬᠤᠪᠢ︶ ᠳᠡᠪᠲᠡᠷᠯᠡᠬᠦ ᠶᠢᠨ ᠬᠠᠮᠲᠤ᠂ ᠮᠡᠳᠡᠭᠦᠯᠬᠦ ᠮᠠᠲ᠋ᠧᠷᠢᠶᠠᠯ ᠴᠠᠬᠢᠮ ᠲᠣᠪᠬᠢᠮᠠᠯ᠂ ᠴᠠᠬᠢᠮ ᠭᠡᠷᠡᠯ ᠵᠢᠷᠤᠭ ︵JPG ᠭᠡᠯᠪᠡᠷᠢ︶᠂ ᠳᠠᠭᠤ ᠳᠦᠷᠰᠦ ᠶᠢᠨ ᠮᠠᠲ᠋ᠧᠷᠢᠶᠠᠯ ᠤᠨ ᠭᠡᠷᠡᠯᠯᠢᠭ ᠳ᠋ᠢᠰᠺ ︵ᠨᠢᠭᠡ ᠭᠡᠯᠪᠡᠷᠢ ᠶᠢᠨ 2 ᠬᠤᠪᠢ᠂ ᠨᠢᠭᠡ ᠭᠡᠷᠡᠯ ᠳ᠋ᠢᠰᠺ ᠳᠡᠭᠡᠷ᠎ᠡ ᠤᠯᠠᠮᠵᠢᠯᠠᠨ ᠵᠠᠯᠭᠠᠮᠵᠢᠯᠠᠭᠴᠢ ᠶᠢᠨ ᠣᠪᠣᠭ ᠨᠡᠷ᠎ᠡ᠂ ᠲᠥᠷᠥᠯ ᠵᠦᠢᠯ ᠤᠨ ᠲᠥᠷᠥᠯ ᠢᠯᠭᠠᠯ᠂ ᠨᠡᠷᠡᠶᠢᠳᠦᠯ ᠵᠡᠷᠭᠡ ᠶᠢ ᠲᠣᠳᠣᠷᠬᠠᠶᠢᠯᠠᠨ᠎ᠠ᠃ ᠮᠡᠳᠡᠭᠦᠯᠬᠦ ᠮᠠᠲ᠋ᠧᠷᠢᠶᠠᠯ ᠨᠢ ᠭᠤᠶᠤᠴᠢᠯᠠᠨ ᠮᠡᠳᠡᠭᠦᠯᠦᠭᠴᠢ ᠶᠢᠨ ᠴᠢᠳᠠᠮᠠᠭᠠᠢ ᠤᠷ᠎ᠠ ᠮᠡᠷᠭᠡᠵᠢᠯ ᠢ ᠲᠣᠪᠤᠶᠢᠯᠭᠠᠨ᠎ᠠ᠃ ᠡᠯ᠎ᠡ ᠵᠦᠢᠯ ᠤᠨ ᠠᠭᠤᠯᠭ᠎ᠠ ᠶᠢ ᠦᠨᠡᠨ ᠮᠥᠨ ᠢᠶᠠᠷ ᠨᠢ ᠲᠠᠭᠯᠠᠬᠤ ᠬᠡᠷᠡᠭᠲᠡᠢ᠂ ᠵᠢᠱᠢᠶᠡᠯᠡᠪᠡᠯ ᠪᠣᠳᠠᠲᠤ ᠬᠡᠷᠡᠭ ᠢ ᠨᠢᠭᠤᠨ ᠳᠠᠯᠳᠠᠯᠠᠭᠰᠠᠨ᠂ ᠮᠠᠲ᠋ᠧᠷᠢᠶᠠᠯ ᠢ ᠬᠠᠭᠤᠷᠮᠠᠭ ᠢᠶᠠᠷ ᠵᠣᠬᠢᠶᠠᠭᠰᠠᠨ ᠵᠡᠷᠭᠡ ᠪᠠᠶᠢᠳᠠᠯ ᠢ ᠣᠯᠵᠤ ᠮᠡᠳᠡᠪᠡᠯ᠂ ᠰᠣᠩᠭᠤᠭᠳᠠᠭᠰᠠᠨ ᠬᠢᠷᠢ ᠭᠡᠮ ᠢ ᠬᠦᠴᠦᠨ ᠦᠭᠡᠢ ᠪᠤᠯᠭᠠᠬᠤ ᠬᠡᠷᠡᠭᠲᠡᠢ᠃       ᠲᠠᠪᠤ᠂ ᠠᠵᠢᠯ ᠤᠨ ᠱᠠᠭᠠᠷᠳᠠᠯᠭ᠎ᠠ       ︵ᠨᠢᠭᠡ︶ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠳᠤᠷᠢᠳᠤᠯᠭ᠎ᠠ ᠪᠠᠨ ᠴᠢᠩᠭᠠᠳᠬᠠᠨ᠂ ᠨᠠᠷᠢᠨ ᠨᠢᠮᠪᠠᠢ ᠵᠣᠬᠢᠶᠠᠨ ᠪᠠᠶᠢᠭᠤᠯᠬᠤ ᠬᠡᠷᠡᠭᠲᠡᠢ᠃ ᠠᠯᠠᠱᠠ ᠵᠡᠭᠦᠨ ᠬᠤᠰᠢᠭᠤᠨ ᠤ ᠰᠣᠶᠣᠯ ᠤᠨ ᠣᠷᠳᠣᠨ ︵ᠪᠣᠳᠠᠰ ᠤᠨ ᠪᠤᠰᠤ ᠰᠣᠶᠣᠯ ᠤᠨ ᠥᠪ ᠤᠨ ᠲᠥᠪ︶ ᠰᠠᠨᠠᠯ ᠢ ᠥᠷᠭᠡᠨ ᠢᠶᠠᠷ ᠰᠣᠨᠣᠰᠴᠤ᠂ ᠮᠡᠳᠡᠭᠦᠯᠬᠦ᠂ ᠬᠢᠨᠠᠬᠤ᠂ ᠰᠢᠯᠭᠠᠨ ᠰᠣᠩᠭᠤᠬᠤ ᠪᠠ ᠲᠠᠨᠢᠯᠴᠠᠭᠤᠯᠬᠤ ᠠᠵᠢᠯ ᠢ ᠬᠢᠨᠠᠮᠠᠭᠠᠢ ᠵᠣᠬᠢᠶᠠᠨ ᠪᠠᠶᠢᠭᠤᠯᠵᠤ᠂ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠲᠠᠨᠢᠯᠴᠠᠭᠤᠯᠬᠤ ᠠᠵᠢᠯ ᠢ ᠦᠨᠡᠨᠬᠦ ᠰᠠᠶᠢᠲᠤᠷ ᠬᠢᠵᠦ᠂ ᠬᠠᠮᠢᠶ᠎ᠠ ᠪᠦᠬᠦᠢ ᠮᠠᠲ᠋ᠧᠷᠢᠶᠠᠯ ᠢ ᠨᠠᠷᠢᠨ ᠬᠢᠨᠠᠮᠠᠭᠠᠢ ᠪᠡᠯᠡᠳᠬᠡᠵᠦ ᠂ ᠪᠣᠭᠤᠮᠲᠠ ᠶᠢ ᠴᠢᠩᠭ᠎ᠠ ᠠᠳᠬᠤᠵᠤ᠂ ᠲᠠᠨᠢᠯᠴᠠᠭᠤᠯᠬᠤ ᠮᠠᠲ᠋ᠧᠷᠢᠶᠠᠯ ᠤᠨ ᠦᠨᠡᠨ ᠪᠣᠳᠠᠲᠠᠢ ᠨᠠᠶᠢᠳᠠᠪᠤᠷᠢᠲᠠᠢ ᠪᠠᠶᠢᠬᠤ ᠶᠢ ᠪᠠᠲᠤᠯᠠᠬᠤ ᠬᠡᠷᠡᠭᠲᠡᠢ᠃       ︵ᠬᠤᠶᠠᠷ︶ ᠮᠡᠳᠡᠭᠡ ᠵᠠᠩᠭᠢ ᠶᠢ ᠢᠯᠡ ᠪᠤᠯᠭᠠᠬᠤ ᠶᠢ ᠰᠠᠶᠢᠲᠤᠷ ᠬᠢᠵᠦ᠂ ᠮᠡᠳᠡᠭᠳᠡᠬᠦ ᠡᠭᠦᠷᠭᠡ ᠶᠢ ᠭᠦᠢᠴᠡᠳᠬᠡᠨ᠎ᠡ᠃ ᠮᠡᠳᠡᠭᠦᠯᠬᠦ ᠠᠵᠢᠯ ᠤᠨ ᠳᠤᠮᠳᠠ᠂ ᠲᠥᠯᠥᠭᠡᠯᠡᠬᠦ ᠴᠢᠨᠠᠷᠲᠠᠢ ᠵᠠᠯᠭᠠᠮᠵᠢᠯᠠᠭᠴᠢ ᠶᠢᠨ ᠡᠳ᠋ᠯᠡᠬᠦ ᠡᠷᠬᠡ᠂ ᠡᠭᠦᠷᠭᠡᠯᠡᠬᠦ ᠬᠠᠷᠢᠭᠤᠴᠠᠯᠭ᠎ᠠ ᠶᠢ ᠭᠤᠶᠤᠴᠢᠯᠠᠭᠴᠢ ᠳᠤ ᠨᠠᠷᠢᠨ ᠮᠡᠳᠡᠭᠳᠡᠨ᠎ᠡ᠃       ︵ᠭᠤᠷᠪᠠ︶ ᠴᠢᠩᠭ᠎ᠠ ᠬᠢᠨᠠᠵᠤ᠂ ᠮᠠᠲ᠋ᠧᠷᠢᠶᠠᠯ ᠤᠨ ᠴᠢᠨᠠᠷ ᠴᠢᠨᠰᠠᠭ᠎ᠠ ᠶᠢ ᠪᠠᠲᠤᠯᠠᠨ᠂ ᠦᠵᠡᠯ ᠤᠬᠠᠮᠰᠠᠷ ᠤᠨ ᠭᠡᠯᠪᠡᠷᠢ ᠶᠢᠨ ᠪᠣᠭᠤᠮᠲᠠ ᠶᠢ ᠴᠢᠩᠭ᠎ᠠ ᠠᠳᠬᠤᠵᠤ᠂ ᠮᠠᠲ᠋ᠧᠷᠢᠶᠠᠯ ᠤᠨ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ ᠪᠠ ᠰᠢᠨᠵᠢᠯᠡᠬᠦ ᠤᠬᠠᠭᠠᠨᠴᠢ ᠴᠢᠨᠠᠷ ᠢ ᠦᠨᠡᠨᠬᠦ ᠪᠠᠲᠤᠯᠠᠬᠤ ᠬᠡᠷᠡᠭᠲᠡᠢ᠃ ᠮᠡᠳᠡᠭᠦᠯᠬᠦ ᠨᠥᠬᠦᠴᠡᠯ ᠳᠤ ᠨᠡᠶᠢᠴᠡᠬᠦ ᠦᠭᠡᠢ᠂ ᠮᠠᠲ᠋ᠧᠷᠢᠶᠠᠯ ᠨᠢ ᠱᠠᠭᠠᠷᠳᠠᠯᠭ᠎ᠠ ᠳᠤ ᠨᠡᠶᠢᠴᠡᠬᠦ ᠦᠭᠡᠢ᠂ ᠪᠠᠲᠤᠯᠠᠨ ᠲᠠᠨᠢᠯᠴᠠᠭᠤᠯᠤᠭᠰᠠᠨ ᠰᠠᠨᠠᠯ ᠨᠢ ᠴᠢᠭᠯᠡᠭᠦᠯᠬᠦ ᠴᠢᠨᠠᠷ ᠦᠭᠡᠢ ᠪᠦᠭᠦᠨ ᠢ ᠬᠢᠨᠠᠨ ᠲᠣᠭᠲᠠᠭᠠᠬᠤ ᠳᠡᠰ ᠳᠠᠷᠠᠭᠠᠯᠠᠯ ᠳᠤ ᠣᠷᠣᠭᠤᠯᠬᠤ ᠦᠭᠡᠢ᠃       ︵ᠳᠥᠷᠪᠡ︶ ᠲᠠᠨᠢᠯᠴᠠᠭᠤᠯᠤᠭᠰᠠᠨ ᠮᠠᠲ᠋ᠧᠷᠢᠶᠠᠯ ᠢ 2015 ᠣᠨ ᠤ 4 ᠳ᠋ᠦ᠋ᠭᠡᠷ ᠰᠠᠷ᠎ᠠ ᠶᠢᠨ 10 ᠤ ᠡᠳᠦᠷ ᠠᠴᠠ ᠡᠮᠦᠨ᠎ᠡ ᠠᠯᠠᠱᠠ ᠵᠡᠭᠦᠨ ᠬᠤᠰᠢᠭᠤᠨ ᠤ ᠰᠣᠶᠣᠯ ᠤᠨ ᠣᠷᠳᠣᠨ ︵ᠪᠣᠳᠠᠰ ᠤᠨ ᠪᠤᠰᠤ ᠰᠣᠶᠣᠯ ᠤᠨ ᠥᠪ ᠤᠨ ᠲᠥᠪ︶ ᠲᠤ ᠮᠡᠳᠡᠭᠦᠯᠦᠨ ᠬᠦᠷᠭᠡᠵᠦ᠂ ᠴᠠᠬᠢᠮ ᠰᠢᠤᠳᠠᠨ ᠤ ᠬᠠᠶᠢᠷᠴᠠᠭ᠄ azqwhg202@163. com . com︔᠃ ᠪᠠᠲᠤᠯᠠᠨ ᠲᠠᠨᠢᠯᠴᠠᠭᠤᠯᠬᠤ ᠨᠥᠬᠦᠴᠡᠯ ᠳᠤ ᠨᠡᠶᠢᠴᠡᠬᠦ ᠦᠭᠡᠢ᠂ ᠪᠠᠲᠤᠯᠠᠨ ᠲᠠᠨᠢᠯᠴᠠᠭᠤᠯᠤᠭᠰᠠᠨ ᠮᠠᠲ᠋ᠧᠷᠢᠶᠠᠯ ᠨᠢ ᠱᠠᠭᠠᠷᠳᠠᠯᠭ᠎ᠠ ᠳᠤ ᠨᠡᠶᠢᠴᠡᠬᠦ ᠦᠭᠡᠢ᠂ ᠮᠡᠳᠡᠭᠦᠯᠬᠦ ᠴᠠᠭ ᠬᠤᠭᠤᠴᠠᠭ᠎ᠠ ᠠᠴᠠ ᠬᠡᠲᠦᠷᠡᠭᠰᠡᠨ ᠪᠦᠭᠦᠨ ᠢ ᠭᠥᠯᠢᠶᠡᠨ ᠠᠪᠬᠤ ᠦᠭᠡᠢ᠃       ᠬᠠᠷᠢᠯᠴᠠᠬᠤ ᠬᠥᠮᠥᠨ᠄ ᠨᠠᠴᠢᠨ13624738309       ᠴᠠᠩ ᠽᠧ ᠴᠢ 1394830939       ᠳᠠᠭᠠᠯᠳᠤᠭᠤᠯᠤᠯ 1. ᠵᠢᠷᠭᠤᠳᠤᠭᠠᠷ ᠪᠦᠯᠦᠭ ᠬᠤᠰᠢᠭᠤ ᠱᠠᠲᠤᠨ ᠤ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠤᠨ ᠲᠥᠯᠥᠭᠡᠯᠡᠬᠦ ᠴᠢᠨᠠᠷᠲᠠᠢ ᠤᠯᠠᠮᠵᠢᠯᠠᠨ ᠵᠠᠯᠭᠠᠮᠵᠢᠯᠠᠭᠴᠢ ᠶᠢ ᠪᠠᠲᠤᠯᠠᠨ ᠲᠠᠨᠢᠯᠴᠠᠭᠤᠯᠬᠤ ᠬᠦᠰᠦᠨᠦᠭᠲᠦ       ᠸᠢᠴᠠᠲ ᠤᠨ ᠭᠡᠷᠡᠯ ᠵᠢᠷᠤᠭ _20241230095640. png       ᠮᠡᠳᠡᠭᠡ ᠵᠠᠩᠭᠢ ᠶᠢᠨ ᠢᠷᠡᠯᠲᠡ᠄ ᠠᠯᠠᠱᠠ ᠵᠡᠭᠦᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ      
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号